ᠪᠥ᠋ ᠰᠢᠶᠤᠤ ᠯᠢᠨ ᠰᠢᠨ᠎ᠠ ᠪᠠᠷᠭᠤ ᠵᠡᠬᠦᠨ ᠬᠤᠰᠢᠭᠤᠨ ᠳᠤ ᠮᠠᠯᠵᠢᠬᠤ ᠤᠷᠤᠨ ᠤ ᠠᠵᠢᠯ ᠢ ᠪᠠᠶᠢᠴᠠᠭᠠᠨ ᠰᠤᠳᠤᠯᠬᠤ ᠳᠠᠭᠠᠨ ᠠᠵᠤ ᠦᠢᠯᠡᠰ ᠢᠶᠠᠷ ᠳᠠᠭᠠᠭᠤᠯᠬᠤ ᠶᠢ ᠲᠤᠪᠤᠶᠢᠯᠭᠠᠵᠦ ᠮᠠᠯᠴᠢᠳ ᠤᠨ ᠤᠷᠤᠯᠭ᠎ᠠ ᠪᠠᠨ ᠨᠡᠮᠡᠭᠳᠡᠬᠦᠯᠦᠨ ᠴᠢᠨᠡᠭᠡᠯᠢᠭᠵᠢᠬᠦ ᠶᠢ ᠲᠠᠶᠢᠴᠢᠯᠠᠬᠤ ᠭᠡᠷᠡᠭᠲᠡᠢ ᠭᠡᠵᠦ ᠴᠢᠬᠤᠯᠠᠴᠢᠯᠠᠵᠠᠢ
ᠨᠡᠶᠢᠲᠡᠯᠡᠭᠰᠡᠨ ᠴᠠᠭ᠄
2017/12/25
      ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠬᠦᠯᠦᠨ ᠪᠤᠶᠢᠷ ᠬᠤᠳᠠ ᠶᠢᠨ ᠰᠢᠨ᠎ᠠ ᠪᠠᠷᠠᠭᠤ ᠵᠡᠬᠦᠨ ᠬᠤᠰᠢᠭᠤᠨ ᠳᠤ ᠮᠠᠯᠵᠢᠬᠤ ᠤᠷᠤᠨ ᠤ ᠠᠵᠢᠯ ᠢ ᠪᠠᠶᠢᠴᠠᠭᠠᠨ ᠰᠤᠳᠤᠯᠬᠤ ᠳᠠᠭᠠᠨ᠂ ᠠᠵᠤ ᠦᠢᠯᠡᠰ ᠢᠶᠠᠷ ᠳᠠᠭᠠᠭᠤᠯᠬᠤ ᠶᠢ ᠲᠤᠪᠤᠶᠢᠯᠭᠠᠵᠦ ᠮᠠᠯᠴᠢᠳ ᠤᠨ ᠤᠷᠤᠯᠭ᠎ᠠ ᠪᠠᠨ ᠨᠡᠮᠡᠭᠳᠡᠬᠦᠯᠦᠨ ᠴᠢᠨᠡᠭᠡᠯᠢᠭᠵᠢᠬᠦ ᠶᠢ ᠲᠠᠶᠢᠴᠢᠯᠠᠬᠤ ᠭᠡᠷᠡᠭᠲᠡᠢ ᠭᠡᠵᠦ ᠴᠢᠬᠤᠯᠠᠴᠢᠯᠠᠪᠠ᠃      ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠨᠢᠭᠡᠳᠦᠮᠡᠯ ᠹᠷᠤᠨᠲ ᠎ ᠤᠨ ᠭᠡᠯᠳᠡᠰ ᠤᠨ ᠳᠠᠷᠤᠭ᠎ᠠ ᠸᠠᠩ ᠯᠢ ᠰᠢᠶᠠ ᠪᠠᠷ᠎ᠠ ᠪᠤᠯᠵᠦ ᠪᠠᠶᠢᠴᠠᠭᠠᠨ ᠰᠤᠳᠤᠯᠵᠠᠢ᠃      ᠰᠢᠨ᠎ᠠ ᠪᠠᠷᠭᠤ ᠵᠡᠬᠦᠨ ᠬᠤᠰᠢᠭᠤ ᠪᠤᠯ ᠦᠪᠡᠷᠲᠡᠭᠡᠨ ᠵᠠᠰᠠᠬᠤ ᠤᠷᠤᠨ ᠤ ᠲᠡᠰ ᠤᠨ ᠶᠠᠳᠠᠭᠤ ᠬᠦᠴᠢᠷᠳᠡᠯᠳᠠᠢ ᠬᠤᠰᠢᠭᠤ ᠪᠤᠯᠤᠨ᠎ᠠ᠂ ᠲᠤᠬᠠᠢ ᠶᠢᠨ ᠭᠠᠵᠠᠷ ᠤᠨ ᠮᠠᠯᠴᠢᠳ ᠤᠨ ᠦᠢᠯᠡᠳᠪᠤᠷᠢᠯᠡᠯ ᠠᠮᠢᠳᠤᠷᠠᠯ ᠤᠨ ᠪᠠᠶᠢᠳᠠᠯ ᠬᠢᠷᠢ ᠵᠡᠷᠭᠡ ᠪᠠᠶᠢᠭ᠎ᠠ ᠪᠤᠯ︖ ᠡᠨᠡ ᠲᠤᠬᠠᠢ ᠪᠦ᠋ ᠰᠢᠶᠤᠤ ᠯᠢᠨ ᠮᠠᠰᠢ ᠶᠡᠭᠡ ᠬᠠᠯᠠᠮᠵᠢᠯᠠᠵᠦ ᠪᠠᠶᠢᠯ᠎ᠠ᠃ ᠰᠢᠨᠡᠪᠤᠯᠠᠭ ᠰᠤᠮᠤ ᠶᠢᠨ ᠤᠯᠠᠨᠨᠠᠭᠤᠷ ᠭᠠᠴᠠᠭ᠎ᠠ ᠶᠢᠨ ᠮᠠᠯᠴᠢᠨ ᠰᠧᠷᠡᠩᠳᠤᠷᠵᠢ ᠪᠠ ᠬᠦᠨᠨᠠᠭᠤᠷ ᠭᠠᠴᠠᠭ᠎ᠠ ᠶᠢᠨ ᠮᠠᠯᠴᠢᠨ ᠡᠷᠳᠡᠨᠢᠪᠠᠭᠠᠳᠤᠷ ᠤᠨ ᠳᠤ᠂ ᠪᠦ᠋ ᠰᠢᠶᠤᠤ ᠯᠢᠨ ᠭᠡᠷ ᠳᠤᠳᠤᠷᠠᠬᠢ ᠠᠮᠢᠳᠤᠷᠠᠯ ᠤᠨ ᠭᠡᠷᠡᠭᠰᠡᠯ ᠢ ᠨᠢ ᠨᠠᠷᠢᠨ ᠪᠠᠶᠢᠴᠠᠭᠠᠨ ᠦᠵᠡᠵᠦ᠂ ᠳᠡᠳᠡᠨ ᠤ ᠦᠢᠯᠡᠳᠪᠤᠷᠢᠯᠡᠯ ᠠᠮᠢᠳᠤᠷᠠᠯ ᠵᠢᠴᠢ ᠲᠤᠬᠠᠢ ᠶᠢᠨ ᠭᠠᠵᠠᠷ ᠤᠨ ᠬᠠᠪᠰᠤᠷᠴᠦ ᠲᠡᠳᠬᠦᠭᠰᠡᠨ ᠪᠠᠶᠢᠳᠠᠯ ᠢ ᠤᠶᠢᠯᠠᠭᠠᠵᠠᠢ᠃ ᠲᠤᠰ ᠬᠤᠶᠠᠷ ᠡᠷᠦᠭᠡ ᠦᠩᠭᠡᠷᠡᠭᠰᠡᠨ ᠳᠤ ᠴᠦᠮ ᠳᠠᠩᠰᠠᠯᠠᠵᠦ ᠺᠠᠷᠲᠯᠠᠭᠰᠠᠨ ᠶᠠᠳᠠᠭᠤ ᠬᠦᠴᠢᠷᠳᠡᠯᠳᠠᠢ ᠡᠷᠦᠭᠡ ᠪᠠᠶᠢᠵᠦ᠂ ᠡᠯ᠎ᠠ ᠲᠠᠯ᠎ᠠ ᠶᠢᠨ ᠬᠠᠯᠠᠮᠵᠢᠯᠠᠯ ᠳᠡᠮᠵᠢᠯᠭᠡ ᠪᠠᠷ ᠤᠳᠤ ᠴᠦᠮ ᠶᠠᠳᠠᠭᠤ ᠠᠴᠠ ᠠᠩᠬᠢᠵᠢᠷᠠᠭᠰᠠᠨ ᠢ ᠰᠤᠨᠤᠰᠤᠭᠠᠳ ᠪᠦ᠋ ᠰᠢᠶᠤᠤ ᠯᠢᠨ ᠮᠠᠰᠢ ᠶᠡᠭᠡ ᠪᠠᠶᠠᠷᠯᠠᠪᠠ᠃ ᠪᠦ᠋ ᠰᠢᠶᠤᠤ ᠯᠢᠨ ᠵᠢᠭᠠᠬᠤ ᠳᠠᠭᠠᠨ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠪᠤᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠶᠢᠨ ᠬᠤᠷᠢᠭ᠎ᠠ ᠱᠤᠭᠤᠮ ᠤᠨ ᠡᠬᠦᠷᠭᠡ ᠮᠦᠨ᠂ ᠪᠢᠳᠡ ᠵᠠᠪᠡᠯ ᠠᠩᠬᠠᠷᠤᠯ ᠢᠶᠠᠨ ᠨᠡᠩ ᠢᠯᠡᠬᠦᠦ ᠲᠦᠪᠯᠡᠷᠡᠬᠦᠯᠤᠨ ᠣᠨᠣᠪᠴᠢᠲᠠᠢ ᠠᠴᠠ ᠤᠨᠤᠪᠴᠢᠳᠠᠢ ᠪᠠᠶᠢᠵᠤ᠂ ᠬᠦᠴᠦ ᠪᠠᠨ ᠲᠦᠪᠯᠡᠷᠡᠬᠦᠯᠦᠨ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠲᠠᠶᠢᠯᠠᠯᠳᠤᠭᠠᠨ ᠢ ᠰᠠᠶᠢᠳᠤᠷ ᠬᠢᠵᠦ᠂ ᠲᠦᠢᠯ ᠤᠨ ᠣᠨᠣᠪᠴᠢᠲᠠᠢ ᠪᠠᠷ ᠶᠠᠳᠠᠭᠤ ᠶᠢ ᠳᠡᠳᠬᠦᠬᠦ᠂ ᠲᠦᠢᠯ ᠤᠨ ᠣᠨᠣᠪᠴᠢᠲᠠᠢ ᠪᠠᠷ ᠶᠠᠳᠠᠭᠤ ᠠᠴᠠ ᠠᠩᠬᠢᠵᠢᠷᠠᠭᠤᠯᠬᠤ ᠡᠯ᠎ᠠ ᠵᠤᠶᠢᠯ ᠤᠨ ᠲᠦᠷᠦ ᠶᠢᠨ ᠪᠤᠳᠤᠯᠭ᠎ᠠ ᠶᠢᠨ ᠠᠷᠭ᠎ᠠ ᠭᠡᠮᠵᠢᠶ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠦ᠂ ᠶᠠᠳᠠᠭᠤ ᠬᠦᠴᠢᠷᠳᠡᠯᠳᠠᠢ ᠬᠦᠮᠦᠨ ᠠᠮᠠ ᠪᠠ ᠶᠠᠳᠠᠭᠤ ᠬᠦᠴᠢᠷᠳᠡᠯᠳᠠᠢ ᠭᠠᠵᠠᠷ ᠤᠷᠤᠨ ᠢ ᠪᠦᠬᠦ ᠤᠯᠤᠰ ᠲᠠᠢ ᠬᠠᠮᠳᠤᠪᠡᠷ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠳᠤ ᠲᠠᠪᠰᠢᠨ ᠣᠷᠤᠭᠤᠯᠬᠤ ᠶᠢ ᠪᠠᠳᠤᠯᠠᠬᠤ ᠭᠡᠷᠡᠭᠲᠡᠢ ᠭᠡᠵᠡᠢ᠃      ᠪᠦ᠋ ᠰᠢᠶᠤᠤ ᠯᠢᠨ ᠪᠠᠰᠠ ᠬᠦᠯᠦᠨ ᠪᠤᠶᠢᠷ ᠬᠤᠳᠠ᠂ ᠰᠢᠨ᠎ᠠ ᠪᠠᠷᠭᠤ ᠵᠡᠬᠦᠨ ᠬᠤᠰᠢᠭᠤ ᠵᠢᠴᠢ ᠬᠤᠯᠪᠤᠭᠳᠠᠯ ᠪᠦᠬᠦᠢ ᠰᠤᠮᠤ᠂ ᠭᠠᠴᠠᠭ᠎ᠠ ᠶᠢᠨ ᠬᠠᠷᠢᠭᠤᠴᠠᠯᠭᠠᠳᠠᠨ ᠤ ᠮᠠᠯ ᠤᠨᠤᠭ᠎ᠠ ᠶᠢ ᠳᠡᠵᠢᠭᠡᠨ ᠦᠷᠡᠵᠢᠬᠦᠯᠬᠦ᠂ ᠨᠤᠳᠤᠭ ᠪᠡᠯᠴᠢᠭᠡᠷ ᠤᠨ ᠡᠵᠡᠩᠨᠡᠯᠳᠡ ᠶᠢᠨ ᠡᠷᠬᠡ ᠶᠢ ᠰᠢᠯᠵᠢᠬᠦᠯᠬᠦ᠂ ᠠᠵᠤ ᠦᠢᠯᠡᠰ ᠤᠨ ᠬᠦᠭᠵᠢᠯᠳᠠ ᠵᠢᠴᠢ ᠠᠷᠠᠳ ᠤᠨ ᠠᠮᠢᠳᠤᠷᠠᠯ ᠤᠨ ᠪᠠᠳᠤᠯᠠᠭ᠎ᠠ ᠵᠡᠷᠭᠡ ᠲᠡᠯ᠎ᠠ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠤᠨᠤᠰᠴᠠᠢ᠃ ᠪᠦ᠋ ᠰᠢᠶᠤᠤ ᠯᠢᠨ ᠴᠢᠬᠤᠯᠠᠴᠢᠯᠠᠭᠰᠠᠨ ᠨᠢ᠂ ᠲᠤᠬᠠᠢ ᠶᠢᠨ ᠭᠠᠵᠠᠷ ᠤᠨ ᠡᠬᠢ ᠪᠠᠶᠠᠯᠢᠭ ᠤᠨ ᠲᠠᠪᠠᠭᠤᠯᠢᠭ ᠢ ᠬᠦᠢᠴᠡᠳ ᠪᠠᠳᠠᠷᠠᠭᠤᠯᠵᠦ᠂ ᠤᠯᠤᠰ ᠪᠠ ᠦᠪᠡᠷᠲᠡᠭᠡᠨ ᠵᠠᠰᠠᠬᠤ ᠤᠷᠤᠨ ᠤ ᠮᠠᠯᠵᠢᠬᠤ ᠤᠷᠤᠨ ᠤ ᠬᠦᠭᠵᠢᠯᠳᠠ ᠶᠢ ᠳᠡᠳᠬᠦᠨ ᠳᠡᠮᠵᠢᠬᠦ᠂ ᠮᠠᠯᠴᠢᠳ ᠎ ᠤᠨ ᠤᠷᠤᠯᠭ᠎ᠠ ᠶᠢᠨ ᠨᠡᠮᠡᠭᠳᠡᠯ ᠢ ᠠᠬᠢᠭᠤᠯᠬᠤ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠶᠢ ᠰᠠᠶᠢᠳᠤᠷ ᠨᠠᠶᠢᠳᠠᠪᠤᠷᠢᠵᠢᠭᠤᠯᠵᠦ᠂ ᠮᠠᠯᠵᠢᠬᠤ ᠤᠷᠤᠨ ᠪᠠ ᠮᠠᠯᠴᠢᠳ ᠤᠨ ᠲᠤᠰ ᠪᠡᠶ᠎ᠠ ᠶᠢᠨ ᠬᠦᠭᠵᠢᠯᠳᠠ ᠶᠢᠨ ᠴᠢᠳᠠᠪᠤᠷᠢ ᠶᠢ ᠳᠠᠰᠤᠷᠠᠯᠳᠠ ᠦᠭᠡᠢ ᠲᠠᠬᠡᠭᠰᠢᠯᠡᠬᠦᠯᠦᠨ ᠮᠠᠯᠵᠢᠬᠤ ᠤᠷᠤᠨ ᠤ ᠠᠵᠤ ᠠᠬᠤᠢ ᠨᠡᠶᠢᠭᠡᠮ ᠤᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠠᠬᠢᠭᠤᠯᠬᠤ ᠭᠡᠷᠡᠭᠲᠡᠢ ᠭᠡᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号