ᠥᠪᠥᠷ ᠮᠣᠩᠭᠤᠯ 2000 ᠲᠦᠮᠡᠨ ᠲᠥᠭᠦᠷᠢᠭ ᠢᠶᠠᠷ 7 ᠲᠥᠷᠥᠯ ᠤᠨ ᠣᠯᠠᠨ ᠨᠡᠶᠢᠲᠡ ᠶᠢᠨ ᠦᠢᠯᠡᠴᠢᠯᠡᠭᠡ ᠶᠢ ᠬᠤᠳᠠᠯᠳᠤᠨ ᠠᠪᠤᠪᠠ
ᠨᠡᠶᠢᠲᠡᠯᠡᠭᠰᠡᠨ ᠴᠠᠭ᠄
2017/12/26
      ᠠᠷᠠᠳ ᠤᠨ ᠶᠠᠪᠤᠳᠠᠯ ᠤᠨ ᠰᠢᠰᠲ᠋ᠧᠮ ᠤᠨ ᠨᠡᠶᠢᠭᠡᠮ ᠤᠨ ᠬᠦᠴᠦᠨ ᠠᠴᠠ ᠦᠢᠯᠡᠴᠢᠯᠡᠭᠡ ᠬᠤᠳᠠᠯᠳᠤᠨ ᠠᠪᠬᠤ ᠪᠠᠶᠢᠭᠤᠯᠤᠯ ᠤᠨ ᠲᠣᠭᠲᠠᠴᠠ ᠶᠢ ᠪᠥᠷᠢᠨᠰᠢᠬᠦᠯᠥᠨ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡ ᠶᠢ ᠤᠯᠠᠮ ᠨᠢᠭᠡ ᠠᠯᠬᠤᠮ ᠰᠠᠶᠢᠵᠢᠷᠠᠭᠤᠯᠬᠤ ᠶᠢᠨ ᠲᠤᠯᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ 2000 ᠲᠦᠮᠡᠨ ᠲᠥᠭᠦᠷᠢᠭ ᠤᠷᠤᠭᠤᠯᠵᠤ ᠨᠡᠶᠢᠭᠡᠮ ᠤᠨ ᠬᠦᠴᠦᠨ ᠠᠴᠠ 7 ᠲᠥᠷᠥᠯ ᠤᠨ ᠣᠯᠠᠨ ᠨᠡᠶᠢᠲᠡ ᠶᠢᠨ ᠦᠢᠯᠡᠴᠢᠯᠡᠭᠡ ᠶᠢ ᠬᠤᠳᠠᠯᠳᠤᠨ ᠠᠪᠴᠤ᠂ ᠵᠢᠱᠢᠯᠲᠡ ᠪᠠᠷ 5.5 ᠲᠦᠮᠡᠨ ᠬᠥᠮᠦᠨ ᠳᠤ ᠠᠰᠢᠭ ᠬᠦᠷᠲᠡᠭᠡᠬᠦ ᠪᠤᠯᠤᠨ᠎ᠠ᠃ ᠬᠤᠳᠠᠯᠳᠤᠨ ᠠᠪᠤᠭᠰᠠᠨ 7 ᠲᠥᠷᠥᠯ ᠤᠨ ᠦᠢᠯᠡᠴᠢᠯᠡᠭᠡ ᠳᠤ᠄ ᠨᠡᠶᠢᠭᠡᠮ ᠲᠣᠭᠤᠷᠢᠭ ᠤᠨ ᠦᠳᠡᠭᠦᠰ ᠲᠤ ᠰᠠᠭᠤᠷᠢᠰᠢᠯ ᠳᠤᠨᠢ ᠬᠦᠷᠲᠡᠭᠡᠬᠦ ᠠᠰᠠᠷᠠᠮᠵᠢ ᠶᠢᠨ ᠦᠢᠯᠡᠴᠢᠯᠡᠭᠡ᠂ ᠭᠤᠤᠯᠳᠠᠭᠤ ᠬᠡᠰᠡᠭ ᠨᠡᠶᠢᠭᠡᠮ ᠲᠣᠭᠤᠷᠢᠭ ᠤᠨ 65 ᠨᠠᠰᠤᠨ ᠠᠴᠠ ᠳᠡᠭᠡᠭᠰᠢᠬᠢ ᠭᠠᠭᠴᠠ ᠬᠡᠦᠬᠡᠳ ᠢᠶᠠᠨ ᠠᠯᠳᠠᠭᠰᠠᠨ᠂ ᠦᠷ᠎ᠡ ᠬᠡᠤᠭᠡᠳ ᠨᠢ ᠭᠠᠳᠠᠭᠰᠢ ᠭᠠᠷᠤᠭᠰᠠᠨ᠂ ᠭᠠᠭᠴᠠ ᠪᠡᠶ᠎ᠡ ᠦᠳᠡᠭᠦᠰ ᠲᠤ ᠡᠳᠦᠷ ᠲᠣᠲᠣᠮ ᠤᠨ ᠬᠠᠷᠠᠭᠠᠯᠵᠠᠯ᠂ ᠬᠡᠷ ᠠᠬᠤᠶ ᠶᠢᠨ ᠦᠢᠯᠡᠴᠢᠯᠡᠭᠡ᠂ ᠡᠷᠡᠭᠦᠯᠵᠢᠯ ᠰᠤᠪᠢᠯᠠᠯᠲᠠ ᠵᠡᠷᠭᠡ ᠦᠢᠯᠡᠴᠢᠯᠡᠭᠡ ᠬᠠᠨᠭ᠍ᠭᠠᠬᠤ︔ ᠨᠡᠶᠢᠭᠡᠮ ᠲᠣᠭᠤᠷᠢᠭ ᠤᠨ ᠨᠡᠶᠢᠭᠡᠮ ᠤᠨ ᠠᠵᠢᠯ ᠤᠨ ᠦᠢᠯᠡᠴᠢᠯᠡᠭᠡ᠂ ᠭᠤᠤᠯᠳᠠᠭᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠭᠡᠷ ᠪᠦᠯᠢ ᠶᠢᠨ ᠰᠤᠷᠭᠠᠨ ᠬᠥᠮᠦᠵᠢᠯ᠂ ᠰᠡᠳᠬᠢᠴᠡ ᠶᠢᠨ ᠡᠷᠡᠭᠦᠯ ᠮᠡᠨᠳᠦ᠂ ᠰᠡᠳᠬᠢᠴᠡ ᠶᠢᠨ ᠲᠤᠰᠠᠯᠠᠮᠵᠢ ᠵᠡᠷᠭᠡ ᠦᠢᠯᠡᠴᠢᠯᠡᠭᠡ ᠬᠠᠩᠭᠠᠵᠤ᠂ ᠭᠡᠷ ᠪᠦᠯᠢ ᠶᠢᠨ ᠡᠶ᠎ᠡ ᠵᠣᠬᠢᠴᠠᠯ ᠢ ᠠᠬᠢᠭᠤᠯᠤᠨ᠂ ᠨᠡᠶᠢᠭᠡᠮ ᠲᠣᠭᠤᠷᠢᠭ ᠤᠨ ᠪᠥᠳᠥᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ︔ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠪᠴᠢᠬᠦᠯᠦᠬᠦᠷ ᠤᠨ ᠰᠠᠭᠤᠷᠢᠨ ᠭᠠᠵᠠᠷ ᠤᠨ ᠦᠢᠯᠡᠴᠢᠯᠡᠭᠡ᠂ ᠭᠤᠤᠯᠳᠠᠭᠤ ᠡᠯ᠎ᠡ ᠨᠡᠪᠴᠢᠬᠦᠯᠦᠬᠦᠷ ᠤᠨ ᠰᠠᠭᠤᠷᠢᠨ ᠭᠠᠵᠠᠷ ︵ᠨᠡᠪᠴᠢᠬᠦᠯᠬᠦ ᠬᠦᠷᠢᠶᠡᠯᠡᠩ︶᠎ ᠲᠤ ᠴᠢᠳᠠᠮᠵᠢ ᠶᠢᠨ ᠪᠠᠶᠢᠭᠤᠯᠤᠯᠲᠠ ᠬᠠᠨᠭ᠍ᠭᠠᠵᠤ᠂ ᠨᠡᠪᠴᠢᠭᠦᠯᠬᠦ ᠬᠦᠷᠢᠶᠡᠯᠡᠩ ᠤᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ︔ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠠᠩᠰᠠᠯᠠᠬᠤ ᠬᠠᠮᠢᠶᠠᠷᠬᠤ ᠳᠤ ᠲᠤᠰᠠᠯᠠᠬᠤ ᠦᠢᠯᠡᠴᠢᠯᠡᠭᠡ᠂ ᠲᠤᠬᠠᠶᠢᠯᠠᠪᠠᠯ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠠᠩᠰᠠᠯᠠᠬᠤ ᠠᠵᠢᠯ ᠳᠤ ᠲᠤᠬᠠᠶᠢᠯᠠᠭᠰᠠᠨ ᠠᠵᠢᠯ ᠤᠨ ᠯᠠᠪᠯᠠᠯᠭ᠎ᠠ᠂ ᠳᠠᠩᠰᠠ ᠡᠪᠬᠡᠮᠡᠯ ᠤᠨ ᠬᠠᠮᠢᠶᠠᠷᠤᠯᠲᠠ᠂ ᠲᠤᠬᠠᠶ ᠶᠢᠨ ᠭᠠᠵᠠᠷ ᠤᠨ ᠬᠢᠨᠠᠨ ᠪᠠᠶᠢᠴᠠᠭᠠᠯᠲᠠ ᠵᠡᠷᠭᠡ ᠲᠤᠰᠠᠯᠠᠬᠤ ᠦᠢᠯᠡᠴᠢᠯᠡᠭᠡ ᠬᠠᠨᠭ᠍ᠭᠠᠵᠤ᠂ ᠳᠠᠩᠰᠠᠯᠠᠬᠤ ᠪᠠ ᠬᠠᠮᠢᠶᠠᠷᠬᠤ ᠬᠢᠷᠢ ᠲᠦᠪᠰᠢᠨ ᠢ ᠳᠡᠭᠡᠭᠰᠢᠯᠡᠬᠦᠯᠬᠦ︔ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠵᠡᠷᠭᠡ ᠳᠡᠰ ᠢ ᠦᠨᠡᠯᠡᠨ ᠵᠢᠱᠢᠬᠦ ᠦᠢᠯᠡᠴᠢᠯᠡᠭᠡ᠂ ᠲᠤᠬᠠᠶᠢᠯᠠᠪᠠᠯ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠳᠠᠩᠰᠠᠯᠠᠭᠰᠠᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠵᠡᠷᠭᠡ ᠳᠡᠰ ᠢ ᠦᠨᠡᠯᠡᠨ ᠵᠢᠱᠢᠬᠦ ᠪᠠ ᠪᠣᠳᠠᠲᠠᠶ ᠭᠠᠵᠠᠷ ᠲᠤᠨᠢ ᠬᠦᠷᠴᠦ ᠰᠢᠨᠵᠢᠯᠡᠨ ᠪᠠᠶᠢᠴᠠᠭᠠᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠡᠷᠡᠭᠦᠯ ᠪᠥᠭᠡᠳ ᠡᠮᠬᠢ ᠵᠢᠷᠤᠮ ᠲᠠᠢ ᠬᠦᠭᠵᠢᠬᠦ ᠶᠢ ᠬᠥᠲᠥᠯᠥᠨ ᠵᠢᠯᠤᠭᠤᠳᠬᠤ︔ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠢᠯᠳᠠᠨ ᠤ ᠪᠣᠯᠪᠠᠰᠤᠷᠠᠭᠤᠯᠤᠯ ᠤᠨ ᠦᠢᠯᠡᠴᠢᠯᠡᠭᠡ᠂ ᠲᠤᠬᠠᠶᠢᠯᠠᠪᠠᠯ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ᠂ ᠲᠤᠰᠬᠠᠶ ᠲᠤᠰᠢᠶᠠᠯᠲᠤ ᠠᠵᠢᠯᠳᠠᠨ᠂ ᠰᠢᠨ᠎ᠡ ᠪᠠᠷ ᠠᠵᠢᠯ ᠳᠤ ᠭᠠᠷᠤᠭᠰᠠᠨ ᠠᠵᠢᠯᠳᠠᠨ ᠢ ᠪᠤᠯᠪᠠᠰᠤᠷᠠᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠴᠢᠳᠠᠪᠤᠷᠢᠲᠠᠨ ᠤ ᠡᠩᠨᠡᠭᠡ ᠶᠢ ᠠᠵᠢᠯ ᠮᠡᠷᠭᠡᠵᠢᠬᠦᠯᠬᠦ ᠪᠠ ᠲᠤᠰᠬᠠᠶᠢᠵᠢᠭᠤᠯᠬᠤ ᠬᠢᠷᠢ ᠲᠦᠪᠰᠢᠨ ᠢ ᠳᠡᠭᠡᠭᠰᠢᠯᠡᠬᠦᠯᠬᠦ︔ ᠬᠤᠳᠠᠯᠳᠤᠨ ᠠᠪᠬᠤ ᠦᠢᠯᠡᠴᠢᠯᠡᠭᠡ ᠶᠢ ᠦᠨᠡᠯᠡᠨ ᠵᠢᠱᠢᠵᠦ ᠰᠢᠯᠭᠠᠨ ᠬᠤᠷᠢᠶᠠᠬᠤ ᠦᠢᠯᠡᠴᠢᠯᠡᠭᠡ᠂ ᠲᠤᠬᠠᠶᠢᠯᠠᠪᠠᠯ ᠬᠦᠯᠢᠶᠡᠨ ᠠᠪᠴᠤ ᠳᠠᠭᠠᠭᠠᠴᠢᠯᠠᠬᠤ ᠭᠤᠣᠯ ᠴᠣᠭᠴᠠ ᠶᠢᠨ ᠭᠡᠷ᠎ᠡ ᠳᠤ ᠪᠣᠯᠵᠣᠨ ᠲᠣᠭᠲᠠᠭᠰᠠᠨ ᠪᠠᠶᠢᠳᠠᠯ ᠳᠤ ᠠᠮᠵᠢᠯᠲᠠ ᠪᠦᠲᠦᠮᠵᠢ ᠶᠢᠨ ᠦᠨᠡᠯᠡᠯᠲᠡ ᠬᠢᠵᠤ᠂ ᠦᠢᠯᠡᠴᠢᠯᠡᠭᠡ ᠬᠤᠳᠠᠯᠳᠤᠨ ᠠᠪᠬᠤ ᠳᠤ ᠬᠡᠷᠡᠭ ᠤᠨ ᠳᠤᠮᠳᠠ ᠪᠠ ᠬᠡᠷᠡᠭ ᠤᠨ ᠳᠠᠷᠠᠭ᠎ᠠ ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠤᠳᠠᠯᠳᠤᠨ ᠠᠪᠤᠭᠰᠠᠨ ᠦᠢᠯᠡᠴᠢᠯᠡᠭᠡᠨ ᠤ ᠶᠠᠰᠤ ᠴᠢᠨᠠᠷ ᠢ ᠪᠠᠲᠤᠯᠠᠬᠤ ᠵᠡᠷᠭᠡ ᠪᠠᠭᠲᠠᠨ᠎ᠠ᠃      ᠲᠠᠨᠢᠯᠴᠠᠭᠤᠯᠤᠭᠰᠠᠨ ᠢᠶᠠᠷ᠂ ᠡᠨᠡ ᠤᠳᠠᠭ᠎ᠠ ᠶᠢᠨ ᠦᠢᠯᠡᠴᠢᠯᠡᠭᠡᠨ ᠤ ᠦᠶᠡᠯᠡᠯ ᠤᠨ ᠬᠤᠭᠤᠴᠠᠭ᠎ᠠ ᠨᠢ 2018 ᠤᠨ ᠤ 1 ᠳ᠋ᠤᠭᠡᠷ ᠰᠠᠷ᠎ᠠ ᠶᠢᠨ 1᠎ ᠤ ᠡᠳᠦᠷ — 5 ᠳ᠋ᠤᠭᠠᠷ ᠰᠠᠷ᠎ᠠ ᠶᠢᠨ 31᠎ ᠤ ᠡᠳᠦᠷ ᠪᠤᠯᠤᠨ᠎ᠠ᠂ ᠨᠡᠶᠢᠲᠡ 116 ᠨᠡᠶᠢᠭᠡᠮ ᠤᠨ ᠵᠣᠬᠢᠶᠠᠨ ᠪᠠᠶᠢᠭᠤᠯᠤᠯᠲᠠ᠂ 2 ᠬᠢᠨᠠᠨ ᠪᠣᠳᠣᠬᠤ ᠪᠠᠶᠢᠭᠤᠯᠤᠮᠵᠢ ᠦᠢᠯᠡᠴᠢᠯᠡᠭᠡᠨ ᠤ ᠲᠥᠷᠥᠯ ᠵᠦᠢᠯ ᠢ ᠵᠠᠯᠭᠠᠨ ᠠᠪᠴᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号