2017 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤᠯᠤᠰ ᠤᠨ ᠣᠷᠣᠨ ᠤ ᠰᠤᠷᠤᠭᠴᠢ ᠶᠢ ᠲᠤᠰᠠᠯᠠᠨ ᠲᠡᠳᠬᠦᠬᠦ ᠡᠯ᠎ᠡ ᠵᠦᠢᠯ ᠤᠨ ᠲᠦᠷᠦ ᠶᠢᠨ | ᠪᠤᠲᠤᠯᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ︽ᠨᠢᠭᠡ ᠰᠤᠷᠤᠭᠴᠢ ᠶᠢ | ᠴᠤ ᠭᠡᠷ ᠪᠦᠯᠢ ᠶᠢᠨ ᠠᠮᠢᠳᠤᠷᠠᠯ ᠨᠢ ᠬᠦᠴᠢᠷᠲᠡᠶ ᠠᠴᠠ ᠪᠤᠯᠵᠤ ᠰᠤᠷᠤᠯᠭ᠎ᠠ ᠠᠯᠳᠠᠭᠤᠯᠬᠤ ᠦᠬᠡᠢ ᠪᠠᠶᠢᠬᠤ︾ ᠪᠠᠷ | ᠬᠠᠷᠠᠯᠲᠠ ᠪᠣᠯᠭᠠᠵᠤ᠂ ᠭᠡᠷ ᠪᠦᠯᠢ ᠶᠢᠨ ᠠᠵᠤ ᠠᠮᠢᠳᠤᠷᠠᠯ ᠨᠢ ᠬᠦᠴᠢᠷᠳᠡᠯᠲᠡᠶ ᠰᠤᠷᠤᠭᠴᠢ ᠶᠢ ᠲᠤᠰᠠᠯᠠᠨ ᠲᠡᠳᠬᠦᠬᠦ | ᠳᠦᠷᠦ ᠶᠢᠨ ᠪᠤᠳᠤᠯᠭ᠎ᠠ ᠶᠢᠨ ᠰᠢᠰᠲ᠋ᠧᠮᠵᠢ ᠪᠠᠨ ᠲᠡᠰᠤᠷᠠᠯᠳᠠ ᠥᠭᠡᠢ ᠪᠦᠷᠢᠨᠰᠢᠭᠦᠯᠦᠨ ᠲᠡᠭᠦᠯᠳᠡᠷᠵᠢᠭᠦᠯᠪᠡ᠃ | ᠣᠳᠣᠬᠠᠨ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠨᠢᠭᠡᠨᠲᠡ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ︵ᠣᠷᠣᠨ ᠨᠤᠲᠤᠭ ᠲᠤ ᠤᠷᠢᠳᠠᠪᠠᠷ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠱᠠᠩᠨᠠᠨ | ᠨᠦᠬᠦᠪᠦᠷᠢᠯᠡᠬᠦ︶᠂ ᠠᠯᠪᠠᠨ ᠵᠢᠷᠤᠮ ᠤᠨ ᠰᠤᠷᠭᠠᠨ ᠬᠥᠮᠦᠵᠢᠯ ︵︽ᠬᠤᠶᠠᠷ ᠢ ᠬᠡᠯᠲᠦᠷᠢᠭᠦᠯᠵᠦ ᠨᠢᠭᠡ ᠶᠢ | ᠨᠥᠬᠦᠪᠥᠷᠢᠯᠡᠬᠦ︾᠂ ᠰᠢᠮ᠎ᠡ ᠲᠡᠵᠢᠭᠡᠯ ᠢ ᠰᠠᠶᠢᠵᠢᠷᠠᠭᠤᠯᠬᠤ︶᠂ ᠡᠩ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠭᠠᠨ ᠬᠥᠮᠦᠵᠢᠯ ︵︽ᠬᠤᠶᠠᠷ ᠢ ᠬᠡᠯᠲᠦᠷᠢᠭᠦᠯᠵᠦ ᠨᠢᠭᠡ ᠶᠢ ᠨᠦᠬᠦᠪᠦᠷᠢᠯᠡᠨ ᠨᠢᠭᠡ ᠶᠢ | ᠲᠤᠰᠠᠯᠠᠬᠤ︾ ᠪᠠᠷ ᠭᠤᠣᠯ ᠪᠣᠯᠭᠠᠵᠤ᠂ ᠰᠤᠷᠭᠠᠭᠤᠯᠢ ᠪᠣᠯᠣᠨ ᠨᠡᠶᠢᠭᠡᠮ ᠤᠨ ᠲᠤᠰᠠᠯᠠᠮᠵᠢ ᠪᠠᠷ ᠨᠦᠬᠦᠪᠦᠷᠢ ᠪᠣᠯᠭᠠᠬᠤ︶᠂ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ︵︽ᠬᠤᠶᠠᠷ ᠢ ᠬᠡᠯᠲᠦᠷᠢᠭᠦᠯᠵᠦ ᠨᠢᠭᠡ ᠶᠢ | ᠨᠦᠬᠦᠪᠦᠷᠢᠯᠡᠨ ᠨᠢᠭᠡ ᠶᠢ ᠲᠤᠰᠠᠯᠠᠬᠤ︾ ᠪᠠᠷ ᠭᠤᠣᠯ ᠪᠣᠯᠭᠠᠵᠤ᠂ ᠠᠵᠢᠯ ᠤᠨ ᠪᠠᠶᠢᠷᠢ ᠳᠤ ᠳᠠᠳᠤᠯᠭ᠎ᠠ ᠬᠢᠬᠦ᠂ | ᠰᠤᠷᠭᠠᠭᠤᠯᠢ ᠪᠣᠯᠣᠨ ᠨᠡᠶᠢᠭᠡᠮ ᠤᠨ ᠲᠤᠰᠠᠯᠠᠮᠵᠢ ᠪᠠᠷ ᠬᠠᠪᠰᠤᠷᠤᠮᠵᠢ ᠪᠣᠯᠭᠠᠬᠤ︶᠂ ᠳᠡᠭᠡᠳᠦ ᠵᠡᠷᠭᠡ ᠶᠢᠨ ᠰᠤᠷᠭᠠᠨ | ᠬᠥᠮᠦᠵᠢᠯ ᠪᠣᠯᠣᠨ ᠰᠣᠳᠤᠯᠬᠤ ᠰᠤᠷᠤᠭᠴᠢ ᠶᠢᠨ ᠰᠤᠷᠭᠠᠨ ᠬᠥᠮᠦᠵᠢᠯ ︵ᠱᠠᠩᠨᠠᠯ᠂ ᠵᠢᠭᠡᠯᠡᠯᠭᠡ᠂ ᠲᠤᠰᠠᠯᠠᠮᠵᠢ᠂ | ᠨᠦᠬᠦᠪᠦᠷᠢ᠂ ᠬᠠᠰᠤᠬᠤ᠂ ᠬᠡᠯᠲᠦᠷᠢᠭᠦᠯᠬᠦ᠂ ᠠᠵᠢᠯ ᠢᠶᠠᠷ ᠰᠤᠷᠤᠯᠭ᠎ᠠ ᠲᠡᠳᠬᠦᠬᠦ᠂ ᠰᠢᠨ᠎ᠡ ᠰᠤᠷᠤᠭᠴᠢ ᠶᠢᠨ | ᠰᠤᠷᠭᠠᠭᠤᠯᠢ ᠳᠤ ᠣᠷᠣᠬᠤ ᠰᠢᠯᠤᠭᠤᠨ ᠵᠠᠮ ᠵᠡᠷᠭᠡ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠬᠦ︶ | ᠵᠡᠷᠭᠡ ᠡᠯ᠎ᠡ ᠰᠤᠷᠭᠠᠨ ᠬᠥᠮᠦᠵᠢᠯ ᠤᠨ ᠱᠠᠲᠤᠨ ᠳᠠᠬᠢ ᠰᠤᠷᠤᠭᠴᠢ ᠶᠢ ᠲᠤᠰᠠᠯᠠᠨ ᠲᠡᠳᠬᠦᠬᠦ ᠳᠦᠷᠦ ᠶᠢᠨ | ᠪᠤᠳᠤᠯᠭ᠎ᠠ ᠶᠢᠨ ᠰᠢᠰᠲ᠋ᠧᠮᠵᠢ ᠶᠢ ᠪᠠᠶᠢᠭᠤᠯᠪᠠ᠃ | ᠡᠳᠦᠭᠡ᠂ ᠥᠪᠡᠷᠲᠡᠭᠡᠨ ᠵᠠᠰᠠᠬᠤ ᠣᠷᠣᠨ ᠤ ᠰᠤᠷᠤᠭᠴᠢ ᠶᠢ ᠲᠤᠰᠠᠯᠠᠨ ᠲᠡᠳᠬᠦᠬᠦ ᠳᠦᠷᠦ ᠶᠢᠨ | ᠪᠤᠳᠤᠯᠭ᠎ᠠ ᠶᠢᠨ ᠰᠢᠰᠲ᠋ᠧᠮᠵᠢ ᠨᠢ ᠨᠡᠩ ᠥᠨᠳᠥᠷ ᠬᠢᠷᠢ ᠲᠦᠪᠰᠢᠨ ᠳᠤ ︽ᠭᠤᠷᠪᠠ ᠶᠢ ᠪᠦᠷᠢᠨ ᠪᠥᠷᠬᠦᠭᠦᠯᠬᠦ︾ ᠶᠢ | ᠪᠡᠶᠡᠯᠡᠭᠦᠯᠪᠡ᠂ ᠲᠤᠬᠠᠶᠢᠯᠠᠪᠠᠯ ᠪᠤᠢ ᠪᠦᠬᠦᠢ ᠰᠤᠷᠤᠯᠭ᠎ᠠ ᠶᠢᠨ ᠱᠠᠲᠤ ᠶᠢ ᠪᠦᠷᠢᠨ ᠪᠦᠷᠬᠦᠭᠦᠯᠪᠡ᠂ ᠠᠯᠪᠠᠨ ᠠᠴᠠ | ᠡᠷᠬᠢᠯᠡᠭᠰᠡᠨ ᠬᠢᠭᠡᠳ ᠠᠷᠠᠳ ᠠᠴᠠ ᠡᠷᠬᠢᠯᠡᠭᠰᠡᠨ ᠰᠤᠷᠭᠠᠭᠤᠯᠢ ᠨᠤᠭᠤᠳ ᠢ ᠪᠦᠷᠢᠨ ᠪᠦᠷᠬᠦᠭᠦᠯᠪᠡ᠂ ᠭᠡᠷ ᠪᠦᠯᠢ ᠶᠢᠨ | ᠠᠵᠤ ᠠᠮᠢᠳᠤᠷᠠᠯ ᠨᠢ ᠬᠦᠴᠢᠷᠳᠡᠯᠲᠡᠢ ᠰᠤᠷᠤᠭᠴᠢ ᠶᠢ ᠪᠦᠷᠢᠨ ᠪᠦᠷᠬᠦᠭᠦᠯᠪᠡ᠃ ᠡᠨᠡ ᠵᠢᠯ ᠠᠴᠠ ᠣᠳᠣ ᠪᠣᠯᠲᠠᠯ᠎ᠠ᠂ | ᠡᠯ᠎ᠡ ᠱᠠᠲᠤᠨ ᠤ ᠡᠳ᠋ ᠤᠨ ᠵᠠᠰᠠᠭ ᠠᠴᠠ ᠨᠡᠶᠢᠲᠡ 49.8 ᠳ᠋ᠥᠩᠰᠢᠭᠤᠷ ᠲᠥᠭᠦᠷᠢᠭ ᠣᠷᠣᠭᠤᠯᠵᠤ᠂ ᠲᠤᠰᠠᠯᠠᠨ | ᠲᠡᠳᠬᠦᠭᠰᠡᠨ ᠰᠤᠷᠤᠭᠴᠢ ᠨᠢ 484.8 ᠬᠥᠮᠦᠨ ᠤᠳᠠᠭ᠎ᠠ ᠳᠤ ᠬᠦᠷᠴᠡᠶ᠃ | ᠡᠩ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠳᠤ᠂ ᠲᠤᠰᠠᠯᠠᠨ ᠲᠡᠳᠬᠦᠬᠦ ᠪᠡᠯᠡ ᠮᠥᠩᠭᠦ ᠶᠢ ᠨᠡᠶᠢᠲᠡ | 14.3 ᠳ᠋ᠥᠩᠰᠢᠭᠤᠷ ᠲᠦᠭᠦᠷᠢᠭ ᠨᠠᠶᠢᠳᠠᠪᠤᠷᠢᠵᠢᠭᠤᠯᠵᠤ᠂ ᠠᠰᠢᠭ ᠬᠦᠷᠲᠡᠭᠡᠭᠰᠡᠨ ᠰᠤᠷᠤᠭᠴᠢ ᠨᠢ 19.1 ᠲᠦᠮᠡᠨ | ᠬᠥᠮᠦᠨ ᠤᠳᠠᠭ᠎ᠠ ᠳᠤ ᠬᠦᠷᠴᠡᠶ᠃ ᠡᠭᠦᠨ ᠳᠤ᠂ ᠰᠣᠳᠤᠯᠬᠤ ᠰᠤᠷᠤᠭᠴᠢ ᠶᠢᠨ ᠰᠤᠷᠭᠠᠨ ᠬᠥᠮᠦᠵᠢᠯ ᠳᠤ᠄ ᠲᠤᠰᠠᠯᠠᠨ | ᠲᠡᠳᠬᠦᠬᠦ ᠪᠡᠯᠡ ᠮᠥᠩᠭᠦ ᠶᠢ ᠨᠡᠶᠢᠲᠡ 2 ᠳ᠋ᠥᠩᠰᠢᠭᠤᠷ ᠲᠦᠭᠦᠷᠢᠭ ᠨᠠᠶᠢᠳᠠᠪᠤᠷᠢᠵᠢᠭᠤᠯᠵᠤ᠂ ᠠᠰᠢᠭ ᠬᠦᠷᠲᠡᠭᠡᠭᠰᠡᠨ | ᠰᠤᠷᠤᠭᠴᠢ ᠨᠢ 2.3 ᠲᠦᠮᠡᠨ ᠬᠥᠮᠦᠨ ᠤᠳᠠᠭ᠎ᠠ ᠳᠤ ᠬᠦᠷᠴᠡᠶ᠃ ᠰᠣᠳᠤᠯᠬᠤ ᠰᠤᠷᠤᠭᠴᠢ ᠶᠢᠨ ᠤᠯᠤᠰ ᠤᠨ | ᠰᠤᠷᠤᠯᠭ᠎ᠠ ᠶᠢᠨ ᠱᠠᠩᠨᠠᠯ ᠤᠨ ᠮᠥᠩᠭᠦ ᠶᠢ 866 ᠲᠦᠮᠡᠨ ᠲᠥᠭᠦᠷᠢᠭ ᠨᠠᠶᠢᠳᠠᠪᠤᠷᠢᠵᠢᠭᠤᠯᠵᠤ᠂ 42 ᠨᠡᠷᠡᠰ | ᠳ᠋ᠣᠺᠲ᠋ᠣᠷᠠᠨᠲ ᠰᠣᠳᠤᠯᠬᠤ ᠰᠤᠷᠤᠭᠴᠢ᠂ 372 ᠨᠡᠷᠡᠰ ᠠᠰᠫᠢᠷᠠᠨᠲ ᠰᠣᠳᠤᠯᠬᠤ ᠰᠤᠷᠤᠭᠴᠢ ᠶᠢ ᠲᠤᠰᠠᠯᠠᠨ | ᠲᠡᠳᠬᠦᠪᠡ︔ ᠰᠣᠳᠤᠯᠬᠤ ᠰᠤᠷᠤᠭᠴᠢ ᠶᠢᠨ ᠥᠪᠡᠷᠲᠡᠭᠡᠨ ᠵᠠᠰᠠᠬᠤ ᠣᠷᠣᠨ ᠤ ᠰᠤᠷᠤᠯᠭ᠎ᠠ ᠶᠢᠨ ᠱᠠᠩᠨᠠᠯ ᠤᠨ ᠮᠥᠩᠭᠦ | ᠶᠢ 550 ᠲᠦᠮᠡᠨ ᠲᠥᠭᠦᠷᠢᠭ ᠨᠠᠶᠢᠳᠠᠪᠤᠷᠢᠵᠢᠭᠤᠯᠵᠤ᠂ 100 ᠨᠡᠷᠡᠰ ᠳ᠋ᠣᠺᠲ᠋ᠣᠷᠠᠨᠲ ᠰᠣᠳᠤᠯᠬᠤ ᠰᠤᠷᠤᠭᠴᠢ᠂ | 350 ᠨᠡᠷᠡᠰ ᠠᠰᠫᠢᠷᠠᠨᠲ ᠰᠣᠳᠤᠯᠬᠤ ᠰᠤᠷᠤᠭᠴᠢ ᠶᠢ ᠲᠤᠰᠠᠯᠠᠨ ᠲᠡᠳᠬᠦᠪᠡ︔ ᠰᠣᠳᠤᠯᠬᠤ ᠰᠤᠷᠤᠭᠴᠢ ᠶᠢᠨ | ᠥᠪᠡᠷᠲᠡᠭᠡᠨ ᠵᠠᠰᠠᠬᠤ ᠣᠷᠣᠨ ᠤ ᠰᠤᠷᠤᠯᠭ᠎ᠠ ᠶᠢᠨ ᠬᠦᠬᠢᠭᠦᠯᠦᠯ ᠤᠨ ᠱᠠᠩᠨᠠᠯ ᠤᠨ ᠮᠥᠩᠭᠦ ᠶᠢ 5001 ᠲᠦᠮᠡᠨ | ᠲᠥᠭᠦᠷᠢᠭ ᠨᠠᠶᠢᠳᠠᠪᠤᠷᠢᠵᠢᠭᠤᠯᠵᠤ᠂ 747 ᠨᠡᠷᠡᠰ ᠳ᠋ᠣᠺᠲ᠋ᠣᠷᠠᠨᠲ ᠰᠣᠳᠤᠯᠬᠤ ᠰᠤᠷᠤᠭᠴᠢ᠂ 5318 ᠨᠡᠷᠡᠰ | ᠠᠰᠫᠢᠷᠠᠨᠲ ᠰᠣᠳᠤᠯᠬᠤ ᠰᠤᠷᠤᠭᠴᠢ ᠶᠢ ᠲᠤᠰᠠᠯᠠᠨ ᠲᠡᠳᠬᠦᠪᠡ︔ ᠰᠣᠳᠤᠯᠬᠤ ᠰᠤᠷᠤᠭᠴᠢ ᠶᠢᠨ ᠤᠯᠤᠰ ᠤᠨ | ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢ 1.35 ᠳ᠋ᠥᠩᠰᠢᠭᠤᠷ ᠲᠥᠭᠦᠷᠢᠭ ᠨᠠᠶᠢᠳᠠᠪᠤᠷᠢᠵᠢᠭᠤᠯᠵᠤ᠂ 741 | ᠨᠡᠷᠡᠰ ᠳ᠋ᠣᠺᠲ᠋ᠣᠷᠠᠨᠲ ᠰᠣᠳᠤᠯᠬᠤ ᠰᠤᠷᠤᠭᠴᠢ᠂ 15675 ᠨᠡᠷᠡᠰ ᠠᠰᠫᠢᠷᠠᠨᠲ ᠰᠣᠳᠤᠯᠬᠤ ᠰᠤᠷᠤᠭᠴᠢ ᠶᠢ | ᠲᠤᠰᠠᠯᠠᠨ ᠲᠡᠳᠬᠦᠪᠡ᠃ ᠡᠩ ᠤᠨ ᠵᠢᠩᠬᠢᠨᠢ᠂ ᠲᠤᠰᠬᠠᠶ ᠮᠡᠷᠭᠡᠵᠢᠯ ᠤᠨ ᠠᠩᠬᠢ ᠶᠢᠨ ᠰᠤᠷᠭᠠᠨ ᠬᠥᠮᠦᠵᠢᠯ ᠳᠤ᠄ | ᠲᠤᠰᠠᠯᠠᠨ ᠲᠡᠳᠬᠦᠬᠦ ᠪᠡᠯᠡ ᠮᠥᠩᠭᠦ ᠶᠢ ᠨᠡᠶᠢᠲᠡ 12.3 ᠳ᠋ᠥᠩᠰᠢᠭᠤᠷ ᠲᠦᠭᠦᠷᠢᠭ ᠨᠠᠶᠢᠳᠠᠪᠤᠷᠢᠵᠢᠭᠤᠯᠵᠤ᠂ ᠠᠰᠢᠭ | ᠬᠦᠷᠲᠡᠭᠡᠭᠰᠡᠨ ᠰᠤᠷᠤᠭᠴᠢ ᠨᠢ 16.8 ᠲᠦᠮᠡᠨ ᠬᠥᠮᠦᠨ ᠤᠳᠠᠭ᠎ᠠ ᠳᠤ ᠬᠦᠷᠴᠡᠶ᠃ ᠡᠩ ᠤᠨ ᠶᠡᠭᠡ ᠳᠡᠭᠡᠳᠦ | ᠰᠤᠷᠭᠠᠭᠤᠯᠢ ᠶᠢᠨ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ᠂ ᠤᠯᠤᠰ ᠤᠨ ᠰᠤᠷᠤᠯᠭ᠎ᠠ ᠶᠢᠨ | ᠤᠷᠮᠠᠰᠢᠭᠤᠯᠤᠯ ᠤᠨ ᠱᠠᠩᠨᠠᠯ ᠤᠨ ᠮᠥᠩᠭᠦ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢ 4.35 | ᠳ᠋ᠥᠩᠰᠢᠭᠤᠷ ᠲᠥᠭᠦᠷᠢᠭ ᠨᠠᠶᠢᠳᠠᠪᠤᠷᠢᠵᠢᠭᠤᠯᠵᠤ᠂ ᠱᠠᠩᠨᠠᠨ ᠬᠦᠬᠢᠭᠦᠯᠵᠦ᠂ ᠲᠡᠳᠬᠦᠨ ᠲᠤᠰᠠᠯᠠᠭᠰᠠᠨ ᠰᠤᠷᠤᠭᠴᠢ ᠨᠢ | 13.76 ᠲᠦᠮᠡᠨ ᠬᠥᠮᠦᠨ ᠤᠳᠠᠭ᠎ᠠ ᠳᠤ ᠬᠦᠷᠴᠡᠢ︔ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠪᠠᠲᠤᠯᠠᠭᠠᠲᠤ | ᠡᠷᠦᠬᠡ ᠶᠢᠨ ᠦᠷ᠎ᠡ ᠬᠡᠦᠬᠡᠳ᠂ ᠥᠨᠥᠴᠢᠨ ᠬᠡᠦᠬᠡᠳ ᠪᠣᠯᠣᠨ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ | ᠶᠠᠳᠠᠭᠤ ᠬᠦᠴᠢᠷᠳᠡᠯᠲᠡᠢ ᠭᠡᠷ ᠪᠦᠯᠢ ᠶᠢᠨ ᠦᠷ᠎ᠡ ᠬᠡᠦᠬᠡᠳ ᠤᠨ ᠡᠩ ᠤᠨ ᠶᠡᠭᠡ ᠳᠡᠭᠡᠳᠦ ᠰᠤᠷᠭᠠᠭᠤᠯᠢ ᠳᠤ ᠰᠢᠨ᠎ᠡ ᠪᠠᠷ | ᠰᠢᠯᠭᠠᠨ ᠣᠷᠤᠭᠰᠠᠨ ᠰᠤᠷᠤᠭᠴᠢᠳ ᠲᠤ ᠲᠤᠰᠠᠯᠠᠨ ᠲᠡᠳᠬᠦᠬᠦ ᠪᠡᠯᠡ ᠮᠥᠩᠭᠦ ᠶᠢ 7.82 ᠳ᠋ᠥᠩᠰᠢᠭᠤᠷ ᠲᠥᠭᠦᠷᠢᠭ | ᠨᠠᠶᠢᠳᠠᠪᠤᠷᠢᠵᠢᠭᠤᠯᠵᠤ᠂ 27993 ᠨᠡᠷᠡᠰ ᠰᠤᠷᠤᠭᠴᠢ ᠳᠤ ᠠᠰᠢᠭ ᠬᠦᠷᠲᠡᠭᠡᠪᠡ ︵ᠡᠭᠦᠨ ᠳᠤ ᠵᠠᠷᠢᠮ ᠠᠶᠢᠮᠠᠭ | ᠬᠤᠳᠡ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠭᠡᠷ ᠪᠦᠯᠢ ᠶᠢᠨ ᠠᠵᠤ ᠠᠮᠢᠳᠤᠷᠠᠯ ᠨᠢ ᠬᠦᠴᠢᠷᠳᠡᠯᠲᠡᠶ | ᠣᠶᠤᠲᠠᠨ ᠢ ᠲᠤᠰᠠᠯᠠᠬᠤ ᠪᠡᠯᠡ ᠮᠥᠩᠭᠦ 0.33 ᠳ᠋ᠥᠩᠰᠢᠭᠤᠷ ᠲᠥᠭᠦᠷᠢᠭ ᠨᠠᠶᠢᠳᠠᠪᠤᠷᠢᠵᠢᠭᠤᠯᠵᠤ᠂ 6595 ᠨᠡᠷᠡᠰ | ᠰᠤᠷᠤᠭᠴᠢ ᠶᠢ ᠲᠤᠰᠠᠯᠠᠨ ᠲᠡᠳᠬᠦᠪᠡ︶︔ ᠴᠡᠷᠢᠭ ᠲᠤ ᠡᠯᠰᠡᠭᠳᠡᠭᠰᠡᠨ ᠰᠤᠷᠤᠭᠴᠢ᠂ ᠴᠡᠷᠢᠭ ᠤᠨ ᠳᠠᠷᠤᠭ᠎ᠠ ᠪᠠᠷ | ᠰᠢᠭᠤᠳ ᠡᠯᠰᠡᠭᠳᠡᠭᠰᠡᠨ ᠰᠤᠷᠤᠭᠴᠢ ᠶᠢᠨ ᠰᠤᠷᠤᠯᠭ᠎ᠠ ᠶᠢᠨ ᠰᠦᠢᠳᠬᠡᠯ ᠢ ᠨᠦᠬᠦᠪᠦᠷᠢᠯᠡᠬᠦ᠂ ᠰᠤᠷᠤᠯᠭ᠎ᠠ ᠲᠡᠳᠬᠦᠬᠦ | ᠵᠢᠭᠡᠯᠡᠯᠭᠡ ᠶᠢ ᠣᠷᠣᠯᠠᠨ ᠳᠥᠯᠥᠬᠦ ᠵᠢᠴᠢ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠰᠤᠷᠤᠯᠭ᠎ᠠ ᠶᠢᠨ ᠰᠦᠢᠳᠬᠡᠯ | ᠳᠤ 1003 ᠲᠦᠮᠡᠨ ᠲᠥᠭᠦᠷᠢᠭ ᠲᠤᠰᠠᠯᠠᠨ ᠲᠡᠳᠬᠦᠵᠦ᠂ 2738 ᠨᠡᠷᠡᠰ ᠰᠤᠷᠤᠭᠴᠢ ᠶᠢ ᠲᠤᠰᠠᠯᠠᠨ ᠲᠡᠳᠬᠦᠪᠡ᠃ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ᠂ ᠲᠤᠰᠠᠯᠠᠨ ᠲᠡᠳᠬᠦᠬᠦ ᠪᠡᠯᠡ | ᠮᠥᠩᠭᠦ ᠶᠢ ᠨᠡᠶᠢᠲᠡ 6.84 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠵᠤ᠂ ᠠᠰᠢᠭ ᠬᠦᠷᠲᠡᠭᠡᠭᠰᠡᠨ ᠰᠤᠷᠤᠭᠴᠢ | ᠨᠢ 42.5 ᠲᠦᠮᠡᠨ ᠬᠥᠮᠦᠨ ᠤᠳᠠᠭ᠎ᠠ ᠳᠤ ᠬᠦᠷᠪᠡ᠃ ᠡᠭᠦᠨ ᠳᠤ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ | ᠮᠥᠩᠭᠦ ᠶᠢ 2.15 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠵᠤ᠂ ᠠᠰᠢᠭ ᠬᠦᠷᠲᠡᠭᠡᠭᠰᠡᠨ ᠰᠤᠷᠤᠭᠴᠢ ᠨᠢ 12. | 3 ᠲᠦᠮᠡᠨ ᠬᠥᠮᠦᠨ ᠤᠳᠠᠭ᠎ᠠ ᠳᠤ ᠬᠦᠷᠴᠡᠢ︔ ︽ᠬᠤᠶᠠᠷ ᠢ ᠬᠡᠯᠲᠦᠷᠢᠭᠦᠯᠬᠦ︾ ᠪᠡᠯᠡ ᠮᠥᠩᠭᠦ ᠶᠢ 3.92 | ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠵᠤ᠂ ᠲᠡᠳᠬᠦᠨ ᠲᠤᠰᠠᠯᠠᠭᠰᠠᠨ ᠰᠤᠷᠤᠭᠴᠢ ᠨᠢ 17.3 ᠲᠦᠮᠡ ᠳᠤ | ᠬᠦᠷᠴᠦ᠂ ᠪᠠᠶᠢᠷᠢ ᠳᠤ ᠰᠠᠭᠤᠭ᠎ᠠ ᠰᠤᠷᠤᠭᠴᠢᠳ ᠲᠤ ᠪᠠᠶᠢᠷᠢ ᠶᠢᠨ ᠰᠦᠶᠳᠬᠡᠯ ᠤᠨ ᠪᠡᠯᠡ ᠮᠥᠩᠭᠦ 0.69 | ᠳ᠋ᠦᠩᠰᠢᠭᠤᠷ ᠲᠥᠭᠦᠷᠢᠭ ᠨᠦᠬᠦᠪᠦᠷᠢᠯᠡᠵᠦ᠂12.4 ᠲᠦᠮᠡᠨ ᠰᠤᠷᠤᠭᠴᠢ ᠶᠢ ᠲᠡᠳᠬᠦᠨ ᠲᠤᠰᠠᠯᠠᠵᠠᠢ︔ ᠣᠷᠣᠨ | ᠨᠤᠲᠤᠭ ᠤᠨ ᠵᠠᠰᠠᠭ ᠤᠨ ᠣᠷᠳᠣᠨ ᠤ ᠲᠤᠰᠠᠯᠠᠨ ᠲᠡᠳᠬᠦᠬᠦ ᠲᠦᠷᠦᠯ ᠵᠦᠢᠯ ᠳᠤ 810 ᠲᠦᠮᠡᠨ ᠲᠥᠭᠦᠷᠢᠭ ᠤᠨ | ᠪᠡᠯᠡ ᠮᠥᠩᠭᠦ ᠨᠠᠢᠳᠠᠪᠤᠷᠢᠵᠢᠭᠤᠯᠵᠤ᠂ 5112 ᠬᠥᠮᠦᠨ ᠰᠤᠷᠤᠭᠴᠢ ᠶᠢ ᠲᠤᠰᠠᠯᠠᠨ ᠲᠡᠳᠬᠦᠵᠡᠢ᠂ ᠡᠭᠦᠨ ᠳᠤ | 2211 ᠨᠡᠷᠡᠰ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠭᠡᠷ ᠪᠦᠯᠢ ᠶᠢᠨ ᠠᠵᠤ ᠠᠮᠢᠳᠤᠷᠠᠯ ᠨᠢ | ᠬᠦᠴᠢᠷᠳᠡᠯᠲᠡᠶ ᠰᠤᠷᠤᠭᠴᠢᠳ ᠲᠤ ᠲᠤᠰᠠᠯᠠᠨ ᠲᠡᠳᠬᠦᠬᠦ ᠪᠡᠯᠡ ᠮᠥᠩᠭᠦ ᠶᠢ 537 ᠲᠦᠮᠡᠨ ᠲᠦᠬᠦᠷᠢᠭ | ᠨᠠᠶᠢᠳᠠᠪᠤᠷᠢᠵᠢᠭᠤᠯᠪᠠ᠃ | ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠳᠤ᠂ ᠨᠡᠶᠢᠲᠡ 14.27 | ᠳ᠋ᠦᠩᠰᠢᠭᠤᠷ ᠲᠦᠬᠦᠷᠢᠭ ᠤᠨ ᠲᠤᠰᠠᠯᠠᠨ ᠲᠡᠳᠬᠦᠬᠦ ᠪᠡᠯᠡ ᠮᠦᠩᠭᠦ ᠶᠢ ᠨᠠᠶᠢᠳᠠᠪᠤᠷᠢᠵᠢᠭᠤᠯᠵᠤ᠂ ᠠᠰᠢᠭ | ᠬᠦᠷᠲᠡᠭᠡᠭᠰᠡᠨ ᠰᠤᠷᠤᠭᠴᠢ ᠨᠢ 65.6 ᠲᠦᠮᠡᠨ ᠬᠥᠮᠦᠨ ᠤᠳᠠᠭ᠎ᠠ ᠳᠤ ᠬᠦᠷᠪᠡ᠃ ᠪᠦᠭᠦ ᠵᠢᠯ ᠳᠤ ᠭᠡᠷ ᠪᠦᠯᠢ ᠶᠢᠨ | ᠠᠵᠦ ᠠᠮᠢᠳᠦᠷᠠᠯ ᠨᠢ ᠬᠦᠴᠢᠷᠳᠡᠯᠲᠡᠶ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ 13.5 ᠲᠦᠮᠡᠨ | ᠰᠤᠷᠤᠬᠴᠢ ᠳᠤ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ 2.7 ᠳ᠋ᠦᠩᠰᠢᠭᠤᠷ ᠲᠥᠭᠦᠷᠢᠭ ᠤᠯᠭᠤᠵᠠᠢ᠃ | ᠦᠪᠡᠷᠲᠡᠭᠡᠨ ᠵᠠᠰᠠᠬᠤ ᠤᠷᠤᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ︽ᠬᠤᠶᠠᠷ ᠢ | ᠬᠡᠯᠲᠦᠷᠢᠭᠦᠯᠬᠦ︾ ᠲᠥᠷᠥ ᠶᠢᠨ ᠪᠤᠳᠤᠯᠭ᠎ᠠ ᠶᠢᠨ ᠬᠠᠷᠠᠭᠠᠯᠵᠠᠯ ᠬᠦᠷᠲᠡᠬᠦ ᠰᠤᠷᠤᠭᠴᠢ 44.9 ᠲᠦᠮᠡᠨ ᠬᠥᠮᠦᠨ | ᠪᠠᠶᠢᠵᠤ᠂ 10.6 ᠳ᠋ᠦᠩᠰᠢᠭᠤᠷ ᠲᠦᠬᠦᠷᠢᠭ ᠤᠨ ᠪᠡᠯᠡ ᠮᠥᠩᠭᠦ ᠨᠠᠶᠢᠳᠠᠪᠤᠷᠢᠵᠢᠭᠤᠯᠪᠠ ︵ᠮᠣᠩᠭᠤᠯ ᠢᠶᠠᠷ | ᠬᠢᠴᠢᠶᠡᠯᠯᠡᠵᠦ ᠪᠠᠶᠢᠭ᠎ᠠ ᠰᠤᠷᠤᠭᠴᠢ ᠶᠢᠨ ︽ᠬᠢᠴᠢᠶᠡᠯ ᠤᠨ ᠪᠢᠴᠢᠭ ᠤᠨ ᠰᠦᠶᠳᠬᠡᠯ ᠢ ᠬᠡᠯᠲᠦᠷᠢᠭᠦᠯᠬᠦ︾ ᠪᠡᠯᠡ | ᠮᠦᠩᠭᠦ ᠪᠠᠭᠲᠠᠬᠤ ᠦᠬᠡᠢ︶᠃ ᠬᠤᠶᠠᠷ ᠬᠡᠯᠡ ᠪᠠᠷ ᠬᠢᠴᠢᠶᠡᠯᠯᠡᠬᠦ ︵ᠮᠣᠩᠭᠤᠯ ᠬᠡᠯᠡ ᠪᠠᠷ ᠬᠢᠴᠢᠶᠡᠯᠡᠬᠦ ᠪᠠ | ᠰᠣᠯᠣᠩᠭᠤᠰ ᠬᠡᠯᠡ ᠪᠠᠷ ᠬᠢᠴᠢᠶᠡᠯᠡᠬᠦ︶ ᠰᠤᠷᠤᠭᠴᠢ ᠳᠤ ᠠᠮᠢᠳᠤᠷᠠᠯ ᠤᠨ ᠵᠠᠷᠤᠳᠠᠯ ᠤᠨ ᠨᠥᠬᠦᠪᠥᠷᠢ ᠪᠡᠯᠡ ᠮᠥᠩᠭᠦ ᠶᠢ | 0.71 ᠳ᠋ᠦᠩᠰᠢᠭᠤᠷ ᠲᠥᠭᠦᠷᠢᠭ ᠤᠯᠭᠤᠵᠤ᠂ 3.7 ᠲᠦᠮᠡᠨ ᠰᠤᠷᠤᠭᠴᠢ ᠳᠤ ᠠᠰᠢᠭ ᠬᠦᠷᠲᠡᠭᠡᠵᠡᠢ︔ ᠣᠷᠣᠨ | ᠨᠤᠲᠤᠭ ᠤᠨ ᠵᠠᠰᠠᠭ ᠤᠨ ᠣᠷᠳᠣᠨ ᠤ ᠲᠤᠰᠠᠯᠠᠨ ᠲᠡᠳᠬᠦᠬᠦ ᠲᠥᠷᠥᠯ ᠵᠦᠢᠯ ᠳᠤ 2572 ᠲᠦᠮᠡᠨ ᠲᠦᠬᠦᠷᠢᠭ ᠤᠨ | ᠪᠡᠯᠡ ᠮᠥᠩᠭᠦ ᠨᠠᠢᠳᠠᠪᠤᠷᠢᠵᠢᠭᠤᠯᠵᠤ᠂ 35081 ᠰᠤᠷᠤᠭᠴᠢ ᠶᠢ ᠲᠡᠳᠬᠦᠨ ᠲᠤᠰᠠᠯᠠᠵᠠᠢ᠂ ᠡᠭᠦᠨ ᠳᠤ ᠳᠠᠩᠰᠠ | ᠡᠪᠬᠡᠮᠡᠯ ᠪᠠᠶᠢᠭᠤᠯᠤᠨ ᠺᠠᠷᠲ ᠠᠪᠤᠭᠰᠠᠨ ᠭᠡᠷ ᠪᠦᠯᠢ ᠶᠢᠨ ᠠᠵᠦ ᠠᠮᠢᠳᠤᠷᠠᠯ ᠨᠢ ᠬᠦᠴᠢᠷᠳᠡᠯᠲᠡᠶ 5100 | ᠰᠤᠷᠤᠭᠴᠢᠳ ᠲᠤ ᠲᠤᠰᠠᠯᠠᠨ ᠲᠡᠳᠬᠦᠬᠦ ᠪᠡᠯᠡ ᠮᠥᠩᠭᠦ 1206 ᠲᠦᠮᠡᠨ ᠲᠦᠬᠦᠷᠢᠭ ᠨᠠᠶᠢᠳᠠᠪᠤᠷᠢᠵᠢᠭᠤᠯᠪᠠ᠃ | ᠠᠯᠪᠠᠨ ᠵᠢᠷᠤᠮ ᠤᠨ ᠬᠥᠮᠦᠵᠢᠯ ᠳᠤ᠂ ᠨᠡᠶᠢᠲᠡ 12.9 ᠳ᠋ᠦᠩᠰᠢᠭᠤᠷ ᠲᠦᠬᠦᠷᠢᠭ ᠤᠨ ᠪᠡᠯᠡ ᠮᠦᠩᠭᠦ | ᠨᠠᠶᠢᠳᠠᠪᠤᠷᠢᠵᠢᠭᠤᠯᠵᠤ᠂ ᠠᠰᠢᠭ ᠬᠦᠷᠲᠡᠭᠡᠭᠰᠡᠨ ᠰᠤᠷᠤᠭᠴᠢ ᠨᠢ 343.5 ᠲᠦᠮᠡᠨ ᠬᠥᠮᠦᠨ ᠤᠳᠠᠭ᠎ᠠ ᠳᠤ ᠬᠦᠷᠪᠡ᠃ | ᠡᠭᠦᠨ ᠳᠤ᠂ ᠪᠠᠶᠢᠷᠢ ᠳᠤ ᠰᠠᠭᠤᠭ᠎ᠠ ᠰᠤᠷᠤᠭᠴᠢᠳ ︵ᠬᠤᠶᠠᠷ ᠬᠡᠯᠡ ᠪᠠᠷ ᠬᠢᠴᠢᠶᠡᠯᠯᠡᠬᠦ ᠪᠠᠶᠢᠷᠢ ᠳᠤ ᠰᠠᠭᠤᠭ᠎ᠠ | ᠰᠤᠷᠤᠭᠴᠢ ᠪᠠᠭᠲᠠᠨ᠎ᠠ︶ ᠲᠤ ᠠᠮᠢᠳᠤᠷᠠᠯ ᠤᠨ ᠵᠠᠷᠤᠳᠠᠯ ᠤᠨ ᠪᠡᠯᠡ ᠮᠥᠩᠭᠦ 5.34 ᠳ᠋ᠦᠩᠰᠢᠭᠤᠷ ᠲᠥᠭᠦᠷᠢᠭ | ᠨᠦᠬᠦᠪᠦᠷᠢᠯᠡᠵᠦ᠂ ᠠᠰᠢᠭ ᠬᠦᠷᠲᠡᠭᠡᠭᠰᠡᠨ ᠰᠤᠷᠤᠭᠴᠢ ᠨᠢ 44.6 ᠲᠦᠮᠡᠨ ᠬᠥᠮᠦᠨ ᠤᠳᠠᠭ᠎ᠠ ᠳᠤ ᠬᠦᠷᠴᠡᠢ︔ 3. | 96 ᠳ᠋ᠦᠩᠰᠢᠭᠤᠷ ᠲᠥᠭᠦᠷᠢᠭ ᠪᠡᠯᠡ ᠮᠥᠩᠭᠦ ᠤᠷᠤᠭᠤᠯᠤᠨ ᠰᠤᠷᠭᠠᠭᠤᠯᠢ ᠳᠤ ᠰᠤᠷᠤᠯᠴᠠᠵᠤ ᠪᠠᠶᠢᠭ᠎ᠠ 195.1 | ᠲᠦᠮᠡᠨ ᠰᠤᠷᠤᠭᠴᠢᠳ ᠲᠤ ᠲᠦᠯᠦᠪᠦᠷᠢ ᠦᠭᠡᠢ ᠰᠤᠷᠬᠤ ᠪᠢᠴᠢᠭ ᠣᠯᠭᠤᠵᠤ᠂ ᠪᠠᠶᠢᠷᠢ ᠳᠤ ᠰᠠᠭᠤᠭ᠎ᠠ | ᠰᠤᠷᠤᠭᠴᠢᠳ ᠠᠴᠠ ᠪᠠᠶᠢᠷᠢ ᠶᠢᠨ ᠰᠦᠶᠳᠬᠡᠯ ᠥᠯᠥ ᠬᠤᠷᠢᠶᠠᠬᠤ ᠪᠡᠯᠡ ᠮᠥᠩᠭᠦ 0.6 ᠳ᠋ᠦᠩᠰᠢᠭᠤᠷ ᠲᠥᠭᠦᠷᠢᠭ | ᠨᠠᠶᠢᠳᠠᠪᠤᠷᠢᠵᠢᠭᠤᠯᠵᠤ᠂ 53.8 ᠲᠦᠮᠡᠨ ᠰᠤᠷᠤᠭᠴᠢ ᠳᠤ ᠠᠰᠢᠭ ᠬᠦᠷᠲᠡᠭᠡᠵᠡᠢ︔ ᠤᠯᠤᠰ ᠤᠨ ᠳᠡᠰ ᠤᠨ 31 | ᠶᠠᠳᠠᠭᠤ ᠬᠤᠰᠢᠭᠤ ᠰᠢᠶᠠᠨ ᠤ ︽ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ︾ ᠳᠤ ᠨᠡᠶᠢᠲᠡ 2.3 | ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠨᠠᠶᠢᠳᠠᠪᠤᠷᠢᠵᠢᠭᠤᠯᠵᠤ᠂ ᠰᠤᠷᠤᠭᠴᠢᠳ ᠲᠤ 28.3 ᠲᠦᠮᠡ ᠬᠥᠮᠦᠨ | ᠤᠳᠠᠭ᠎ᠠ ᠠᠰᠢᠭ ᠬᠦᠷᠲᠡᠭᠡᠵᠡᠢ︔ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠠᠯᠠᠨ ᠲᠡᠳᠬᠦᠬᠦ ᠲᠥᠷᠥᠯ | ᠵᠦᠢᠯ ᠳᠤ 6619 ᠲᠦᠮᠡᠨ ᠲᠦᠬᠦᠷᠢᠭ ᠤᠨ ᠪᠡᠯᠡ ᠮᠥᠩᠭᠦ ᠨᠠᠢᠳᠠᠪᠤᠷᠢᠵᠢᠭᠤᠯᠵᠤ᠂ ᠲᠡᠳᠬᠦᠨ ᠲᠤᠰᠠᠯᠠᠭᠰᠠᠨ | ᠰᠤᠷᠤᠭᠴᠢ ᠨᠢ 21.7 ᠲᠦᠮᠡᠨ ᠬᠥᠮᠦᠨ ᠤᠳᠠᠭ᠎ᠠ ᠳᠤ ᠬᠦᠷᠴᠡᠢ᠂ ᠡᠭᠦᠨ ᠳᠤ ᠳᠠᠩᠰᠠ ᠡᠪᠬᠡᠮᠡᠯ ᠪᠠᠶᠢᠭᠤᠯᠤᠨ | ᠺᠠᠷᠲ ᠠᠪᠤᠭᠰᠠᠨ ᠭᠡᠷ ᠪᠦᠯᠢ ᠶᠢᠨ ᠠᠵᠦ ᠠᠮᠢᠳᠤᠷᠠᠯ ᠨᠢ ᠬᠦᠴᠢᠷᠳᠡᠯᠲᠡᠶ 18286 ᠰᠤᠷᠤᠭᠴᠢᠳ ᠲᠤ ᠲᠤᠰᠠᠯᠠᠨ | ᠲᠡᠳᠬᠦᠬᠦ ᠪᠡᠯᠡ ᠮᠥᠩᠭᠦ ᠶᠢ2382 ᠲᠦᠮᠡᠨ ᠲᠦᠬᠦᠷᠢᠭ ᠨᠠᠶᠢᠳᠠᠪᠤᠷᠢᠵᠢᠭᠤᠯᠪᠠ᠃ | ᠰᠤᠷᠭᠠᠭᠤᠯᠢ ᠶᠢᠨ ᠨᠠᠰᠤᠨ ᠠᠴᠠ ᠡᠮᠦᠨᠡᠬᠢ ᠬᠥᠮᠦᠵᠢᠯ ᠳᠤ᠂ ᠨᠡᠶᠢᠲᠡ 1.54 ᠳ᠋ᠦᠩᠰᠢᠭᠤᠷ ᠲᠦᠬᠦᠷᠢᠭ ᠤᠨ | ᠪᠡᠯᠡ ᠮᠦᠩᠭᠦ ᠨᠠᠶᠢᠳᠠᠪᠤᠷᠢᠵᠢᠭᠤᠯᠵᠤ᠂ ᠬᠤᠶᠠᠷ ᠬᠡᠯᠡ ᠪᠠᠷ ᠬᠢᠴᠢᠶᠡᠯᠯᠡᠬᠦ ᠬᠡᠦᠬᠡᠳ᠂ ᠬᠤᠳᠠ ᠬᠥᠳᠡᠭᠡ ᠶᠢᠨ ᠨᠠᠭᠠᠳᠤ | ᠵᠠᠬ᠎ᠠ ᠶᠢᠨ ᠪᠠᠲᠤᠯᠠᠭ᠎ᠠ ᠬᠥᠷᠳᠡᠵᠤ ᠪᠠᠶᠢᠭ᠎ᠠ ᠭᠡᠷ ᠪᠦᠯᠢ ᠶᠢᠨ ᠬᠡᠦᠬᠡᠳ᠂ ᠥᠨᠥᠴᠢᠨ ᠬᠡᠦᠬᠡᠳ᠂ ᠵᠡᠮᠳᠡᠭ ᠬᠡᠦᠬᠡᠳ | ᠨᠡᠶᠢᠲᠡ 14 ᠲᠦᠮᠡᠨ ᠨᠡᠷᠡᠰ ᠢ ᠲᠡᠳᠬᠦᠨ ᠲᠤᠰᠠᠯᠠᠪᠠ᠃ |