ᠥᠪᠥᠷ ᠮᠣᠩᠭᠤᠯ ᠤᠨ ᠬᠢᠯᠢ ᠪᠠᠷ ᠣᠷᠣᠵᠣ ᠭᠠᠷᠬᠤ ᠠᠦ᠋ᠲ᠋ᠣ᠋ ᠲᠤᠰᠠᠯᠠᠮᠵᠢ ᠶᠢᠨ ᠦᠢᠯᠡᠴᠢᠯᠡᠭᠡᠨ ᠨᠢ ᠡᠳᠦᠷ ᠰᠦᠨᠢ ᠦᠭᠡᠢ ᠠᠵᠢᠯᠯᠠᠬᠤ ᠪᠣᠯᠪᠠ
ᠨᠡᠶᠢᠲᠡᠯᠡᠭᠰᠡᠨ ᠴᠠᠭ᠄
2017/12/27
      ᠣᠳᠣᠬᠠᠨ ᠪᠣᠯᠲᠠᠯ᠎ᠠ᠂ ᠪᠥᠬᠦ ᠣᠷᠣᠨ ᠤ 12 ᠠᠶᠢᠮᠠᠭ ᠬᠤᠲᠠ ᠪᠣᠯᠤᠨ ᠮᠠᠨᠵᠤᠤᠷ ᠬᠤᠳᠠ᠂ ᠡᠷᠢᠶᠡᠨ ᠬᠤᠲᠠ ᠨᠢ ᠬᠢᠯᠢ ᠪᠠᠷ ᠣᠷᠣᠵᠣ ᠭᠠᠷᠬᠤ 24 ᠴᠠᠭ ᠤᠨ ᠠᠦ᠋ᠲ᠋ᠣ᠋ ᠲᠤᠰᠠᠯᠠᠮᠵᠢ ᠶᠢᠨ ᠦᠢᠯᠡᠴᠢᠯᠡᠭᠡᠨ ᠢ ᠪᠦᠷᠢᠨ ᠪᠦᠷᠬᠦᠭᠦᠯᠪᠡ᠃      ᠭᠤᠶᠤᠴᠢᠯᠠᠭᠴᠢ ᠦᠨᠡᠮᠯᠡᠯ ᠭᠦᠢᠴᠡᠳᠬᠡᠬᠦ ᠠᠦ᠋ᠲ᠋ᠣ᠋ ᠮᠠᠰᠢᠨ᠂ ᠦᠨᠡᠮᠯᠡᠯ ᠣᠯᠭᠤᠬᠤ ᠠᠦ᠋ᠲ᠋ᠣ᠋ ᠮᠠᠰᠢᠨ ᠢᠶᠠᠷ ᠳᠠᠮᠵᠢᠨ ᠬᠢᠯᠢ ᠪᠠᠷ ᠣᠷᠣᠵᠤ ᠭᠠᠷᠬᠤ ᠦᠨᠡᠮᠯᠡᠯ ᠤᠨ ᠴᠣᠬᠤᠳᠠᠯ ᠪᠣᠯᠣᠨ ᠦᠨᠡᠮᠯᠡᠯ ᠠᠪᠬᠤ ᠲᠤᠬᠠᠶᠢᠯᠠᠭᠰᠠᠨ ᠠᠵᠢᠯ ᠢ ᠬᠡᠵᠢᠶ᠎ᠡ ᠴᠦ ᠭᠦᠢᠴᠡᠳᠬᠡᠵᠦ ᠴᠢᠳᠠᠬᠤ ᠪᠦᠭᠡᠳ ᠬᠡᠳᠦᠢ ᠳᠤ ᠬᠦᠷᠦᠭᠰᠡᠨ ᠴᠦ ᠪᠠᠷᠢᠨ ᠳᠣᠣᠷ᠎ᠠ ᠨᠢ ᠭᠦᠢᠴᠡᠳᠬᠡᠵᠦ ᠴᠢᠳᠠᠨ᠎ᠠ᠃ ᠡᠭᠦᠨ ᠠᠴᠠ ᠭᠠᠳᠠᠨ᠎ᠠ᠂ ᠪᠦᠬᠦ ᠣᠷᠣᠨ ᠤ ᠬᠤᠰᠢᠭᠤ ᠰᠢᠶᠠᠨ ᠤ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠬᠢᠯᠢ ᠪᠠᠷ ᠣᠷᠣᠵᠤ ᠭᠠᠷᠬᠤ ᠦᠨᠡᠮᠯᠡᠯ ᠭᠦᠢᠴᠡᠳᠬᠡᠬᠦ ᠴᠣᠩᠬᠤᠪᠴᠢ ᠶᠢ ᠪᠦᠷᠢᠨ ᠪᠦᠷᠬᠦᠭᠦᠯᠵᠦ᠂ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠣᠷᠣᠵᠣ ᠭᠠᠷᠬᠤ ᠶᠢ ᠭᠥᠯᠢᠶᠡᠨ ᠠᠪᠬᠤ ᠲᠠᠩᠬᠢᠮ ᠪᠠᠰᠠ ︽ᠪᠠᠴᠢᠮ ᠶᠠᠪᠤᠳᠠᠯ ᠢ ᠪᠠᠴᠢᠮ ᠰᠢᠶᠳᠪᠦᠷᠢᠯᠡᠬᠦ︾ ᠪᠠ ︽ᠰᠢᠯᠤᠭᠤᠨ ᠵᠠᠮ︾᠎ ᠢ ᠨᠡᠬᠡᠬᠡᠵᠦ᠂ ︽ᠥᠲᠡᠭᠦᠰ᠂ ᠳᠣᠷᠣᠢ ᠪᠠᠭᠤᠷᠠᠶ᠂ ᠡᠪᠡᠳᠴᠢᠲᠡᠨ᠂ ᠵᠡᠷᠡᠮᠳᠡᠭ᠂ ᠵᠢᠷᠮᠦᠰᠦᠨ︾ ᠵᠢᠴᠢ ᠭᠠᠳᠠᠭᠠᠳᠤ ᠳᠤ ᠭᠠᠷᠴᠤ ᠡᠮᠴᠢᠯᠡᠭᠦᠯᠬᠦ᠂ ᠣᠷᠣᠰᠢᠭᠤᠯᠭ᠎ᠠ ᠳᠤ ᠣᠷᠤᠯᠴᠠᠬᠤ ᠵᠡᠷᠭᠡ ᠣᠨᠴᠠᠭᠠᠶ ᠪᠠᠶᠢᠳᠠᠯ ᠲᠠᠢ ᠤᠯᠠᠨ ᠲᠦᠮᠡᠨ ᠎ ᠳᠤ ᠤᠷᠢᠳᠠᠪᠠᠷ ᠦᠨᠡᠮᠯᠡᠯ ᠭᠦᠢᠴᠡᠳᠬᠡᠯᠭᠡᠬᠦ ᠦᠢᠯᠡᠴᠢᠯᠡᠭᠡ ᠬᠠᠩᠭᠠᠵᠦ ᠪᠠᠶᠢᠨ᠎ᠠ᠃ ︽ᠨᠢᠭᠡ ᠴᠣᠩᠬᠤᠪᠴᠢ︾᠎ ᠪᠠᠷ ᠬᠦᠯᠢᠶᠡᠨ ᠠᠪᠴᠤ ᠵᠠᠷᠤᠳᠠᠯ ᠲᠤᠰᠢᠶᠠᠯᠭᠠᠬᠤ ᠵᠠᠭᠪᠤᠷ᠂ ︽ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠣᠷᠣᠵᠤ ᠭᠠᠷᠬᠤ︾ ᠠᠯᠪᠠᠨ ᠤ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠢᠶᠠᠷ ᠪᠣᠯᠵᠣᠬᠤ ᠴᠢᠳᠠᠮᠵᠢ ᠵᠢᠴᠢ ᠠᠷᠠᠳ ᠲᠤ ᠳᠥᠭᠦᠮ ᠦᠵᠡᠭᠦᠯᠦᠨ ᠠᠰᠢᠭ ᠬᠦᠷᠲᠡᠭᠡᠬᠦ ᠦᠢᠯᠡᠴᠢᠯᠡᠭᠡᠨ ᠤ ᠪᠤᠰᠤᠳ ᠣᠯᠠᠨ ᠵᠦᠢᠯ ᠤᠨ ᠠᠷᠭ᠎ᠠ ᠬᠡᠮᠵᠢᠶ᠎ᠡ ᠨᠡᠶᠢᠲᠡᠯᠡᠭᠳᠡᠬᠦ ᠶᠢ ᠳᠠᠭᠠᠯᠳᠤᠨ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠣᠷᠣᠵᠤ ᠭᠠᠷᠬᠤ ᠲᠤᠬᠠᠶᠢᠯᠠᠭᠰᠠᠨ ᠠᠵᠢᠯ ᠲᠦᠢᠯ ᠤᠨ ᠶᠡᠭᠡ ᠪᠠᠷ ᠰᠢᠯᠢᠳᠡᠭᠵᠢᠵᠦ᠂ ᠬᠢᠯᠢ ᠪᠠᠷ ᠣᠷᠣᠵᠤ ᠭᠠᠷᠬᠤ ᠴᠣᠩᠬᠤᠪᠴᠢ ᠶᠢᠨ ᠦᠢᠯᠡᠴᠢᠯᠡᠭᠡᠨ ᠤ ᠲᠠᠭᠠᠰᠢᠶᠠᠯ ᠤᠨ ᠨᠣᠷᠮ᠎ᠠ ᠨᠢ 95᠎ ᠳᠤ ᠬᠦᠷᠴᠡᠢ ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号