ᠤᠶᠢᠷ᠎ᠠ ᠶᠢᠨ ᠵᠢᠯ ᠤᠳ ᠲᠤ ᠥᠪᠥᠷ ᠮᠣᠩᠭᠤᠯ ᠰᠤᠷᠤᠭᠴᠢ ᠶᠢ ᠲᠤᠰᠠᠯᠠᠨ ᠲᠡᠳᠬᠦᠬᠦ ᠳᠦᠷᠦ ᠶᠢᠨ | ᠪᠤᠳᠤᠯᠭ᠎ᠠ ᠶᠢᠨ ᠰᠢᠰᠲ᠋ᠧᠮᠵᠢ ᠪᠠᠨ ᠲᠠᠰᠤᠷᠠᠯᠳᠠ ᠦᠭᠡᠢ ᠪᠥᠷᠢᠨᠰᠢᠭᠦᠯᠵᠦ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ ᠠᠴᠠ ᠰᠤᠳᠤᠯᠬᠤ ᠰᠤᠷᠤᠭᠴᠢ ᠶᠢᠨ ᠰᠤᠷᠭᠠᠨ ᠬᠥᠮᠦᠵᠢᠯ ᠤᠨ ᠱᠠᠲᠤ ᠬᠦᠷᠲᠡᠯᠡᠬᠢ ︽ | ᠬᠡᠯᠬᠢᠶᠡᠵᠢᠭᠰᠡᠨ︾ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠵᠤ᠂ ︽ᠭᠤᠷᠪᠠ ᠶᠢ ᠪᠦᠷᠢᠨ ᠪᠥᠷᠬᠦᠭᠦᠯᠬᠦ︾ | ᠶᠢ ᠪᠡᠶᠡᠯᠡᠭᠦᠯᠪᠡ᠂ ᠲᠤᠬᠠᠶᠢᠯᠠᠪᠠᠯ ᠪᠤᠢ ᠪᠦᠬᠦᠢ ᠰᠤᠷᠤᠯᠭ᠎ᠠ ᠶᠢᠨ ᠱᠠᠲᠤ ᠶᠢ ᠪᠦᠷᠢᠨ ᠪᠦᠷᠬᠦᠭᠦᠯᠪᠡ᠂ ᠠᠯᠪᠠᠨ ᠠᠴᠠ | ᠡᠷᠬᠢᠯᠡᠭᠰᠡᠨ ᠬᠢᠭᠡᠳ ᠠᠷᠠᠳ ᠠᠴᠠ ᠡᠷᠬᠢᠯᠡᠭᠰᠡᠨ ᠰᠤᠷᠭᠠᠭᠤᠯᠢ ᠨᠤᠭᠤᠳ ᠢ ᠪᠦᠷᠢᠨ ᠪᠦᠷᠬᠦᠭᠦᠯᠪᠡ᠂ ᠭᠡᠷ ᠪᠦᠯᠢ ᠶᠢᠨ | ᠠᠵᠤ ᠠᠮᠢᠳᠤᠷᠠᠯ ᠨᠢ ᠬᠦᠴᠢᠷᠳᠡᠯᠲᠡᠢ ᠰᠤᠷᠤᠭᠴᠢ ᠶᠢ ᠪᠦᠷᠢᠨ ᠪᠦᠷᠬᠦᠭᠦᠯᠪᠡ᠃ 2007 ᠣᠨ ᠠᠴᠠ 2017 ᠣᠨ | ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠠᠯᠠᠨ ᠲᠡᠳᠬᠦᠭᠰᠡᠨ ᠡᠯ᠎ᠡ ᠱᠠᠲᠤᠨ ᠤ ᠡᠯ᠎ᠡ | ᠲᠥᠷᠥᠯ ᠤᠨ ᠰᠤᠷᠤᠭᠴᠢᠳ 4436 ᠲᠦᠮᠡᠨ ᠬᠦᠮᠦᠨ ᠤᠳᠠᠭ᠎ᠠ ᠳᠤ ᠬᠦᠷᠴᠦ᠂ ᠲᠤᠰᠠᠯᠠᠨ ᠲᠡᠳᠬᠦᠭᠰᠡᠨᠮᠦ᠋ᠩᠭᠦ ᠨᠢ | 350 ᠳ᠋ᠦᠩᠰᠢᠭᠤᠷ ᠲᠥᠭᠦᠷᠢᠭ ᠢ ᠳᠠᠪᠠᠵᠠᠢ᠃ |