ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠲᠢᠩᠬᠢᠮ ᠰᠤᠷᠤᠭᠴᠢᠳ ᠢ ᠲᠤᠰᠠᠯᠠᠨ ᠲᠡᠳᠬᠦᠬᠦ ᠳᠦᠷᠦ ᠶᠢᠨ ᠪᠤᠳᠤᠯᠭ᠎ᠠ ᠶᠢᠨ ᠯᠠᠪᠯᠠᠯᠭ᠎ᠠ ᠠᠪᠬᠤ ᠵᠢᠴᠢ ᠭᠤᠮᠤᠳᠠᠯ ᠲᠤᠭᠠᠴᠠᠬᠤ ᠠᠷᠭ᠎ᠠ ᠵᠠᠮ ᠢ ᠨᠡᠶᠢᠲᠡᠯᠡᠪᠡ
ᠨᠡᠶᠢᠲᠡᠯᠡᠭᠰᠡᠨ ᠴᠠᠭ᠄
2017/12/28
     2017 ᠣᠨ ᠪᠣᠯ ᠰᠤᠷᠭᠠᠨ ᠬᠥᠮᠦᠵᠢᠯ ᠤᠨ ᠶᠠᠮᠤᠨ᠂ ᠡᠳ᠋ ᠤᠨ ᠵᠠᠰᠠᠭ ᠤᠨ ᠶᠠᠮᠤᠨ ᠤ ᠲᠣᠭᠲᠠᠭᠠᠭᠰᠠᠨ ︽ᠪᠦᠭᠦ ᠤᠯᠤᠰ ᠤᠨ ᠰᠤᠷᠤᠭᠴᠢ ᠶᠢ ᠲᠤᠰᠠᠯᠠᠨ ᠲᠡᠳᠬᠦᠬᠦ ᠶᠢ ᠳᠦᠷᠢᠮᠵᠢᠭᠦᠯᠦᠨ ᠬᠠᠮᠢᠶᠠᠷᠬᠤ ᠤᠨ︾ ᠶᠤᠮ᠂ ᠪᠦᠬᠦ ᠣᠷᠣᠨ ᠤ ᠡᠯ᠎ᠡ ᠭᠠᠵᠠᠷ ᠤᠨ ᠰᠤᠷᠭᠠᠭᠤᠯᠢ ᠨᠤᠭᠤᠳ ᠴᠥᠮ ︽ᠬᠠᠮᠢᠶᠠᠷᠤᠯᠲᠠ ᠶᠢᠨ ᠲᠦᠷᠢᠮ ᠢ ᠳᠦᠷᠢᠮᠵᠢᠭᠦᠯᠬᠦ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠳᠦᠷᠢᠮᠵᠢᠭᠦᠯᠬᠦ᠂ ᠲᠤᠰᠠᠯᠠᠨ ᠲᠡᠳᠬᠦᠬᠦ ᠳᠡᠰ ᠳᠠᠷᠠᠭᠠᠯᠠᠯ ᠢ ᠳᠦᠷᠢᠮᠵᠢᠭᠦᠯᠬᠦ᠂ ᠪᠡᠯᠡ ᠮᠥᠩᠭᠦ ᠶᠢᠨ ᠬᠠᠮᠢᠶᠠᠷᠤᠯᠲᠠ ᠶᠢ ᠳᠦᠷᠢᠮᠵᠢᠭᠦᠯᠬᠦ᠂ ᠰᠤᠷᠠᠭ ᠵᠠᠩᠭᠢ ᠶᠢᠨ ᠬᠠᠮᠢᠶᠠᠷᠤᠯᠲᠠ ᠶᠢ ᠳᠦᠷᠢᠮᠵᠢᠭᠦᠯᠬᠦ᠂ ᠪᠠᠶᠢᠭᠤᠯᠤᠮᠵᠢ ᠶᠢᠨ ᠡᠩᠨᠡᠭᠡᠨ ᠤ ᠪᠠᠶᠢᠭᠤᠯᠤᠯᠲᠠ ᠶᠢ ᠳᠦᠷᠢᠮᠵᠢᠭᠦᠯᠬᠦ︾ ᠵᠡᠷᠭᠡ 6 ᠲᠠᠯ᠎ᠠ ᠪᠠᠷ ᠰᠤᠷᠤᠭᠴᠢ ᠶᠢ ᠲᠤᠰᠠᠯᠠᠨ ᠲᠡᠳᠬᠦᠬᠦ ᠬᠠᠮᠢᠶᠠᠷᠤᠯᠲᠠ ᠶᠢᠨ ᠠᠵᠢᠯ ᠢ ᠳᠦᠷᠢᠮᠵᠢᠭᠦᠯᠪᠡ᠃ ᠲᠦᠷᠦ ᠶᠢᠨ ᠪᠤᠳᠤᠯᠭ᠎ᠠ ᠶᠢ ᠬᠤᠪᠢᠷᠠᠭᠤᠯᠤᠭᠰᠠᠨ᠂ ᠭᠠᠵᠢᠭᠤ ᠬᠡᠷᠡᠭᠵᠢᠭᠦᠯᠦᠭᠰᠡᠨ ᠵᠡᠷᠭᠡ ᠠᠰᠠᠭᠤᠳᠠᠯ ᠢ ᠭᠤᠤᠯᠳᠠᠯᠭ᠎ᠠ ᠲᠠᠢ ᠢᠯᠭᠠᠷᠠᠭᠤᠯᠤᠨ ᠰᠢᠢᠳᠪᠦᠷᠢᠯᠡᠵᠦ᠂ ᠲᠤᠰᠠᠯᠠᠨ ᠲᠡᠳᠬᠦᠬᠦ ᠬᠠᠮᠢᠶᠠᠷᠤᠯᠲᠠ ᠶᠢᠨ ᠠᠵᠢᠯᠳᠠᠨ ᠤ ᠬᠠᠷᠢᠭᠤᠴᠠᠯᠭᠠᠲᠤ ᠤᠬᠠᠮᠰᠠᠷ᠂ ᠶᠣᠰᠣ ᠳᠦᠷᠢᠮ ᠤᠨ ᠤᠬᠠᠮᠰᠠᠷ᠂ ᠦᠢᠯᠡᠴᠢᠯᠡᠭᠡᠨ ᠤ ᠤᠬᠠᠮᠰᠠᠷ ᠪᠣᠯᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠲᠦᠷᠦ ᠶᠢᠨ ᠪᠤᠳᠤᠯᠭ᠎ᠠ ᠶᠢ ᠨᠡᠩ ᠰᠠᠶᠢᠨ ᠬᠡᠷᠡᠭᠵᠢᠭᠦᠯᠬᠦ ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠣᠷᠴᠢᠮᠬᠠᠨ ᠲᠦᠷᠦ ᠶᠢᠨ ᠪᠤᠳᠤᠯᠭ᠎ᠠ ᠶᠢᠨ ᠯᠠᠪᠯᠠᠯᠭ᠎ᠠ ᠬᠢᠬᠦ ᠪᠠ ᠠᠰᠠᠭᠤᠳᠠᠯ ᠢ ᠵᠠᠭᠠᠯᠳᠤᠬᠤ ᠠᠷᠭ᠎ᠠ ᠵᠠᠮ ᠢ ᠨᠡᠶᠢᠭᠡᠮ ᠳᠤ ᠨᠡᠶᠢᠲᠡᠯᠡᠪᠡ᠃      ᠥᠷᠭᠡᠨ ᠤᠯᠠᠨ ᠲᠦᠮᠡᠨ ᠤ ᠳᠦᠷᠦ ᠶᠢᠨ ᠪᠤᠳᠤᠯᠭ᠎ᠠ ᠶᠢᠨ ᠯᠠᠪᠯᠠᠯᠭ᠎ᠠ ᠬᠢᠬᠦ ᠪᠠ ᠵᠠᠬᠢᠳᠠᠯ ᠰᠤᠷᠪᠤᠯᠵᠢᠯᠠᠯ ᠬᠢᠬᠦ ᠠᠷᠭ᠎ᠠ ᠵᠠᠮ ᠢ ᠰᠢᠯᠤᠭᠤᠳᠬᠠᠨ᠂ ᠥᠷᠭᠡᠨ ᠤᠯᠠᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠵᠢᠴᠢ ᠭᠡᠷ ᠤᠨ ᠠᠬᠠᠮᠠᠳ ᠤᠨ ᠰᠤᠷᠤᠭᠴᠢᠳ ᠢ ᠲᠤᠰᠠᠯᠠᠨ ᠲᠡᠳᠬᠦᠬᠦ ᠲᠦᠷᠦ ᠶᠢᠨ ᠪᠤᠳᠤᠯᠭ᠎ᠠ ᠶᠢ ᠣᠶᠢᠯᠠᠭᠠᠬᠤ ᠳᠤ ᠳᠥᠭᠦᠮ ᠦᠵᠡᠭᠦᠯᠵᠦ᠂ ᠲᠤᠰᠠᠯᠠᠨ ᠲᠡᠳᠬᠦᠬᠦ ᠲᠦᠷᠦ ᠶᠢᠨ ᠪᠤᠲᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠬᠤ ᠥᠭᠡᠢ ᠪᠠᠶᠢᠬᠤ ᠵᠡᠷᠭᠡ ᠠᠰᠠᠭᠤᠳᠠᠯ ᠢ ᠲᠤᠰᠬᠠᠯᠭᠠᠬᠤ ᠶᠢᠨ ᠲᠦᠯᠦᠭᠡ᠂ ᠰᠤᠷᠭᠠᠨ ᠬᠥᠮᠦᠵᠢᠯ ᠤᠨ ᠶᠠᠮᠤᠨ ᠵᠢᠯ ᠲᠤᠵᠢ ᠬᠢᠨᠠᠯᠲᠠ ᠲᠠᠯᠪᠢᠬᠤ ᠢᠯᠡᠴᠢᠯᠡᠨ ᠮᠡᠳᠡᠭᠦᠯᠬᠦ ᠨᠢᠭᠡᠳᠦᠯᠲᠡᠢ ᠳ᠋ᠢᠶᠠᠩᠬᠤᠸᠠ᠄ 010 — 66092315᠂ 66093315 ᠲᠤᠬᠢᠷᠠᠭᠤᠯᠵᠠᠢ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠵᠢᠯ ᠲᠤᠵᠢ ᠨᠢᠭᠡᠳᠦᠯᠲᠡᠶ ᠬᠢᠨᠠᠯᠲᠠ ᠲᠠᠯᠪᠢᠬᠤ ᠢᠯᠡᠴᠢᠯᠡᠨ ᠮᠡᠳᠡᠭᠦᠯᠬᠦ ᠨᠢᠭᠡᠳᠦᠯᠲᠡᠢ ᠳ᠋ᠢᠶᠠᠩᠬᠤᠸᠠ᠄ 0471 — 2856208᠂ 2856911 ᠲᠤᠬᠢᠷᠠᠭᠤᠯᠵᠠᠢ᠃ ᠵᠢᠯ ᠪᠦᠷᠢ ᠶᠢᠨ ᠶᠡᠭᠡ ᠳᠡᠭᠡᠳᠦ ᠰᠤᠷᠭᠠᠭᠤᠯᠢ ᠶᠢᠨ ᠰᠢᠨ᠎ᠡ ᠰᠤᠷᠤᠭᠴᠢᠳ ᠤᠨ ᠰᠤᠷᠭᠠᠭᠤᠯᠢ ᠳᠤ ᠣᠷᠣᠬᠤ ᠬᠤᠭᠤᠴᠠᠭᠠᠨ ᠳᠤ ᠪᠠᠰᠠ ᠲᠤᠰᠬᠠᠶᠢᠯᠠᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠢ ᠲᠤᠰᠠᠯᠠᠨ ᠲᠡᠳᠬᠦᠬᠦ ᠠᠵᠢᠯ ᠤᠨ ᠰᠢᠭᠤᠳ ᠳ᠋ᠢᠶᠠᠩᠬᠤᠸᠠ᠄ 0471 — 2856209 ᠨᠡᠭᠡᠭᠡᠵᠡᠢ᠃ ᠡᠭᠦᠨ ᠤ ᠵᠡᠷᠭᠡᠴᠡᠭᠡᠪᠡᠷ᠂ ᠰᠤᠷᠭᠠᠨ ᠬᠥᠮᠦᠵᠢᠯ ᠤᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠠᠰᠠ ᠫᠤᠷᠲ᠋ᠠᠯ ᠰᠦᠯᠵᠢᠶᠡᠨ ᠳᠤ ᠪᠠᠶᠢᠭᠤᠯᠤᠭᠰᠠᠨ ᠳᠦᠷᠦ ᠶᠢᠨ ᠪᠤᠳᠤᠯᠭ᠎ᠠ ᠶᠢᠨ ᠯᠠᠪᠯᠠᠯᠭ᠎ᠠ ᠶᠢᠨ ᠲᠤᠰᠬᠠᠶ ᠪᠤᠯᠤᠩ ᠢᠶᠠᠷ ᠳᠠᠮᠵᠢᠨ ᠬᠤᠯᠪᠣᠭᠳᠠᠯ ᠪᠦᠬᠦᠢ ᠯᠠᠪᠯᠠᠯᠭ᠎ᠠ ᠳᠤ ᠬᠠᠷᠢᠭᠤ ᠦᠭᠬᠦ ᠪᠤᠯᠤᠭᠰᠠᠨ ᠪᠦᠭᠡᠳ ᠰᠤᠷᠤᠭᠴᠢᠳ ᠪᠣᠯᠤᠨ ᠭᠡᠷ ᠤᠨ ᠠᠬᠠᠮᠠᠳ ᠴᠤ ᠵᠠᠬᠢᠳᠠᠯ ᠤᠨ ᠬᠡᠯᠪᠡᠷᠢ ᠪᠠᠷ ᠲᠤᠰᠠᠯᠠᠨ ᠲᠡᠳᠬᠦᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠰᠡᠨ ᠬᠤᠯᠪᠣᠭᠳᠠᠯ ᠪᠦᠬᠦᠢ ᠠᠰᠠᠭᠤᠳᠠᠯ ᠢ ᠲᠤᠰᠬᠠᠵᠤ ᠪᠤᠯᠬᠤ ᠪᠤᠯᠭᠠᠵᠠᠢ᠃ ᠰᠤᠷᠭᠠᠭᠤᠯᠢ ᠳᠤ ᠪᠠᠶᠢᠭ᠎ᠠ ᠰᠤᠷᠤᠭᠴᠢᠳ ᠰᠤᠷᠭᠠᠭᠤᠯᠢ ᠶᠢᠨ ᠲᠤᠰᠠᠯᠠᠨ ᠲᠡᠳᠬᠦᠬᠦ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠣᠴᠢᠵᠤ ᠯᠠᠪᠯᠠᠨ ᠠᠰᠠᠭᠤᠬᠤ ᠵᠢᠴᠢ ᠭᠠᠷᠳᠠᠮ ᠭᠦᠢᠴᠡᠳᠬᠡᠵᠦ ᠪᠤᠯᠬᠤ ᠪᠤᠯᠭᠠᠵᠠᠢ᠃ ᠡᠭᠦᠨ ᠠᠴᠠ ᠭᠠᠳᠠᠨ᠎ᠠ᠂ ᠤᠯᠤᠰ ᠤᠨ ᠨᠡᠭᠡᠭᠡᠨ ᠬᠦᠭᠵᠢᠭᠦᠯᠬᠦ ᠪᠠᠩᠬᠢ ᠪᠦᠬᠦ ᠲᠤᠵᠢ 95593 ᠰᠢᠭᠤᠳ ᠳ᠋ᠢᠶᠠᠩᠬᠤᠸᠠ ᠨᠡᠭᠡᠭᠡᠵᠦ᠂ ᠤᠯᠤᠰ ᠤᠨ ᠨᠡᠭᠡᠭᠡᠨ ᠬᠦᠭᠵᠢᠭᠦᠯᠬᠦ ᠪᠠᠩᠬᠢ ᠶᠢᠨ ᠰᠤᠷᠤᠯᠭ᠎ᠠ ᠲᠡᠳᠬᠦᠬᠦ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠤᠶᠢᠯᠭᠠᠬᠤ ᠰᠠᠨᠠᠭᠠᠲᠠᠢ ᠰᠤᠷᠤᠭᠴᠢ ᠤᠲᠠᠰᠤ ᠪᠠᠷ ᠯᠠᠪᠯᠠᠵᠤ ᠪᠤᠯᠬᠤ ᠪᠤᠯᠭᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号