12 ᠳ᠋ᠤᠭᠠᠷ ᠰᠠᠷ᠎ᠠ ᠶᠢᠨ 26 ᠤ ᠡᠳᠦᠷ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︽ | ᠠᠵᠤ ᠠᠬᠤᠶᠢᠯᠠᠯ ᠤᠨ ᠬᠢᠯᠢ ᠶᠢᠨ ᠭᠠᠳᠠᠨ᠎ᠠ ᠪᠡᠯᠡ ᠣᠷᠣᠭᠤᠯᠬᠤ ᠶᠢ ᠬᠠᠮᠢᠶᠠᠷᠬᠤ ᠠᠷᠭ᠎ᠠ︾ ︵ᠤᠯᠤᠰ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠵᠠᠷᠯᠢᠭ 11 ᠳ᠋ᠦ᠋ᠭᠡᠷ ᠲᠣᠭᠠᠲᠤ᠂ ᠳᠣᠷᠣᠭᠰᠢ ︽ᠰᠢᠨ᠎ᠡ | ᠠᠷᠭ᠎ᠠ︾ ᠭᠡᠵᠦ ᠲᠣᠪᠴᠢᠯᠠᠨ᠎ᠠ︶ ᠶᠢ ᠨᠡᠶᠢᠲᠡᠯᠡᠪᠡ᠃ ᠰᠢᠨ᠎ᠡ ᠠᠷᠭ᠎ᠠ ᠶᠢ 2018 ᠣᠨ ᠤ 3 ᠳ᠋ᠤᠭᠠᠷ ᠰᠠᠷ᠎ᠠ ᠶᠢᠨ | 1 ᠤ ᠡᠳᠦᠷ ᠠᠴᠠ ᠡᠬᠢᠯᠡᠨ ᠬᠡᠷᠡᠭᠵᠢᠭᠦᠯᠵᠦ᠂ ᠲᠤᠬᠠᠢ ᠶᠢᠨ ᠴᠠᠭ ᠲᠤ ᠨᠢ ︽ᠬᠢᠯᠢ ᠶᠢᠨ ᠭᠠᠳᠠᠨ᠎ᠠ ᠪᠡᠯᠡ | ᠣᠷᠣᠭᠤᠯᠬᠤ ᠲᠥᠷᠥᠯ ᠵᠦᠢᠯ ᠢ ᠬᠠᠷᠭᠤᠭᠤᠯᠤᠨ ᠵᠥᠪᠰᠢᠶᠡᠷᠡᠬᠦ ᠪᠠ ᠪᠦᠷᠢᠳᠬᠡᠨ ᠳᠠᠩᠰᠠᠯᠠᠬᠤ ᠶᠢ ᠬᠠᠮᠢᠶᠠᠷᠬᠤ ᠠᠷᠭ᠎ᠠ | ︾ ︵ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠵᠠᠷᠯᠢᠭ 9 ᠳ᠋ᠦ᠋ᠭᠡᠷ ᠲᠣᠭᠠᠲᠤ︶ ᠶᠢ | ᠵᠡᠷᠭᠡ ᠳᠤ ᠨᠢ ᠬᠦᠴᠦᠨ ᠦᠭᠡᠢ ᠪᠣᠯᠭᠠᠵᠠᠢ᠃ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠠᠯᠠᠮᠵᠢᠯᠠᠵᠤ ᠪᠠᠶᠢᠭ᠎ᠠ | ᠭᠤᠣᠯ ᠠᠰᠠᠭᠤᠳᠠᠯ ᠳᠤ ᠬᠠᠨᠳᠤᠭᠤᠯᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ | ᠬᠤᠯᠪᠣᠭᠳᠠᠯ ᠪᠦᠬᠦᠢ ᠬᠠᠷᠢᠭᠤᠴᠠᠯᠭᠠᠲᠠᠨ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠤᠭᠰᠠᠨ ᠪᠠᠶᠢᠨ᠎ᠠ᠃ | ᠠᠰᠠᠭᠤᠯᠲᠠ᠄ ᠶᠠᠭᠤᠨ ᠳᠤ ᠰᠢᠨ᠎ᠡ ᠠᠷᠭ᠎ᠠ ᠶᠢ ᠨᠡᠶᠢᠲᠡᠯᠡᠬᠦ ᠬᠡᠷᠡᠭᠲᠡᠢ ᠪᠣᠢ︖ | ᠬᠠᠷᠢᠭᠤᠯᠲᠠ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠨᠡᠭᠡᠭᠡᠯᠲᠡᠳᠦ ᠬᠡᠯᠪᠡᠷᠢ ᠶᠢᠨ ᠠᠵᠤ ᠠᠬᠤᠢ ᠶᠢᠨ ᠰᠢᠨ᠎ᠡ | ᠪᠠᠶᠢᠭᠤᠯᠤᠯ ᠢ ᠪᠠᠶᠢᠭᠤᠯᠵᠤ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠲᠤᠬᠠᠢ ᠶᠡᠷᠦᠩᠬᠡᠢ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠬᠢᠯᠢ ᠶᠢᠨ ᠭᠠᠳᠠᠨ᠎ᠠ | ᠪᠡᠯᠡ ᠣᠷᠣᠭᠤᠯᠬᠤ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠪᠦᠬᠦ ᠲᠠᠯ᠎ᠠ ᠪᠠᠷ | ᠭᠦᠢᠴᠡᠳᠬᠡᠵᠦ᠂ ︽ᠨᠢᠭᠡ ᠪᠦᠰᠡ ᠨᠢᠭᠡ ᠵᠠᠮ︾ ᠤᠨ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠨ᠂ ᠬᠢᠯᠢ ᠶᠢᠨ | ᠭᠠᠳᠠᠨ᠎ᠠ ᠪᠡᠯᠡ ᠣᠷᠣᠭᠤᠯᠬᠤ ᠬᠦᠷᠢᠶ᠎ᠡ ᠴᠠᠷᠠᠭ᠎ᠠ ᠳᠠᠬᠢ ᠵᠠᠰᠠᠭ ᠢ ᠴᠣᠮᠬᠠᠳᠬᠠᠵᠤ ᠡᠷᠬᠡ ᠶᠢ ᠳᠣᠷᠣᠭᠰᠢ ᠪᠠᠭᠤᠯᠭᠠᠬᠤ᠂ | ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠢ | ᠠᠬᠢᠭᠤᠯᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠢᠯᠢ ᠶᠢᠨ ᠭᠠᠳᠠᠨ᠎ᠠ ᠪᠡᠯᠡ ᠣᠷᠣᠭᠤᠯᠬᠤ ᠠᠷᠭ᠎ᠠ | ᠬᠡᠯᠪᠡᠷᠢ ᠶᠢ ᠳᠡᠮᠵᠢᠵᠦ᠂ ᠣᠯᠠᠨ ᠤᠯᠤᠰ ᠤᠨ ᠦᠢᠯᠡᠳᠪᠦᠷᠢᠯᠡᠬᠦ ᠴᠢᠳᠠᠯ ᠤᠨ ᠬᠠᠮᠲᠤᠷᠠᠯᠴᠠᠭ᠎ᠠ ᠶᠢ ᠠᠬᠢᠭᠤᠯᠤᠨ᠂ | ᠪᠦᠬᠦ ᠳᠡᠯᠡᠬᠡᠢ ᠳᠤ ᠬᠠᠨᠳᠤᠭᠤᠯᠤᠭᠰᠠᠨ ᠠᠷᠠᠯᠵᠢᠶ᠎ᠠ᠂ ᠪᠡᠯᠡ ᠣᠷᠤᠯᠠᠭᠤᠯᠤᠯᠲᠠ ᠲᠣᠬᠢᠷᠠᠭᠤᠯᠤᠯᠲᠠ᠂ ᠦᠢᠯᠡᠳᠪᠦᠷᠢᠯᠡᠯ᠂ | ᠦᠢᠯᠡᠴᠢᠯᠡᠭᠡ ᠶᠢᠨ ᠰᠦᠯᠵᠢᠶ᠎ᠡ ᠶᠢ ᠪᠦᠷᠢᠯᠳᠦᠭᠦᠯᠬᠦ ᠶᠢ ᠠᠬᠢᠭᠤᠯᠵᠤ᠂ ᠣᠯᠠᠨ ᠤᠯᠤᠰ ᠤᠨ ᠠᠵᠤ ᠠᠬᠤᠢ ᠶᠢᠨ | ᠬᠠᠮᠲᠤᠷᠠᠯᠴᠠᠭ᠎ᠠ ᠪᠠ ᠥᠷᠢᠰᠦᠯᠳᠦᠭᠡᠨ ᠤ ᠰᠢᠨ᠎ᠡ ᠳᠠᠪᠠᠭᠤᠯᠢᠭ ᠢ ᠲᠦᠷᠭᠡᠳᠬᠡᠨ ᠪᠣᠢ ᠪᠣᠯᠭᠠᠭᠰᠠᠨ ᠪᠠᠶᠢᠨ᠎ᠠ᠃ | 2014 ᠣᠨ ᠤ 4 ᠳ᠋ᠦ᠋ᠭᠡᠷ ᠰᠠᠷ᠎ᠠ ᠳᠤ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ | ᠨᠡᠶᠢᠲᠡᠯᠡᠭᠰᠡᠨ 9 ᠳ᠋ᠦ᠋ᠭᠡᠷ ᠲᠣᠭᠠᠲᠤ ᠵᠠᠷᠯᠢᠭ ᠨᠢ᠂ ᠬᠢᠯᠢ ᠶᠢᠨ ᠭᠠᠳᠠᠨ᠎ᠠ ᠪᠡᠯᠡ ᠣᠷᠣᠭᠤᠯᠬᠤ ᠶᠢ ᠬᠠᠮᠢᠶᠠᠷᠬᠤ ᠠᠷᠭ᠎ᠠ | ᠬᠡᠯᠪᠡᠷᠢ ᠶᠢ ᠲᠥᠷᠥᠯ ᠵᠦᠢᠯ ᠳᠠᠷᠠᠭᠠᠯᠠᠨ ᠬᠠᠷᠭᠤᠭᠤᠯᠤᠨ ᠵᠥᠪᠰᠢᠶᠡᠷᠡᠵᠦ ᠪᠠᠶᠢᠭᠰᠠᠨ ᠢ ᠪᠦᠷᠢᠳᠬᠡᠨ ᠳᠠᠩᠰᠠᠯᠠᠬᠤ ᠪᠠᠷ | ᠭᠤᠣᠯ ᠪᠣᠯᠭᠠᠵᠤ᠂ ᠬᠠᠷᠭᠤᠭᠤᠯᠤᠨ ᠵᠥᠪᠰᠢᠶᠡᠷᠡᠬᠦ ᠪᠠᠷ ᠲᠤᠰᠠᠯᠠᠮᠵᠢ ᠪᠣᠯᠭᠠᠬᠤ ᠪᠠᠷ ᠥᠭᠡᠷᠡᠴᠢᠯᠡᠵᠦ᠂ ᠬᠢᠯᠢ ᠶᠢᠨ | ᠭᠠᠳᠠᠨ᠎ᠠ ᠪᠡᠯᠡ ᠣᠷᠣᠭᠤᠯᠤᠨ ᠬᠥᠭᠵᠢᠭᠦᠯᠬᠦ ᠶᠢ ᠠᠬᠢᠭᠤᠯᠬᠤ ᠪᠠ ᠵᠢᠷᠤᠮᠵᠢᠭᠤᠯᠬᠤ ᠳᠤ ᠴᠢᠬᠤᠯᠠ ᠦᠢᠯᠡᠳᠦᠯ | ᠦᠵᠡᠭᠦᠯᠪᠡ᠃ ᠡᠭᠦᠨ ᠤ ᠬᠠᠮᠲᠤ᠂ ᠬᠢᠯᠢ ᠶᠢᠨ ᠭᠠᠳᠠᠨᠠᠬᠢ ᠪᠡᠯᠡ ᠣᠷᠤᠯᠠᠭᠤᠯᠤᠯᠲᠠ ᠬᠥᠭᠵᠢᠯᠲᠡ ᠳᠤ ᠵᠠᠷᠢᠮ ᠰᠢᠨ᠎ᠡ | ᠠᠰᠠᠭᠤᠳᠠᠯ ᠢᠯᠡᠷᠡᠵᠦ᠂ ᠠᠵᠤ ᠠᠬᠤᠶᠢᠯᠠᠯ ᠴᠤ ᠵᠠᠷᠢᠮ ᠰᠢᠨ᠎ᠡ ᠬᠦᠰᠡᠯ ᠱᠠᠭᠠᠷᠳᠠᠯᠭ᠎ᠠ ᠳᠤᠷᠠᠳᠤᠭᠰᠠᠨ ᠪᠣᠯᠬᠤᠷ᠂ | ᠬᠠᠮᠢᠶᠠᠷᠤᠯᠲᠠ ᠶᠢᠨ ᠳᠦᠷᠢᠮ ᠳᠤ ᠥᠭᠡᠷᠡᠴᠢᠯᠡᠯᠲᠡ ᠬᠢᠬᠦ ᠴᠢᠬᠤᠯᠠᠲᠠᠢ ᠪᠣᠯᠵᠠᠢ᠃ ᠵᠢᠱᠢᠶᠡᠯᠡᠪᠡᠯ᠂ ᠳᠦᠷᠢᠮ ᠤᠨ | ᠴᠢᠨᠠᠷᠲᠠᠢ ᠰᠣᠯᠢᠯᠴᠠᠭᠠᠨ ᠤ ᠥᠪᠡᠷ ᠤᠨ ᠥᠷᠲᠡᠭ ᠢ ᠬᠡᠷᠬᠢᠨ ᠪᠠᠭᠤᠷᠠᠭᠤᠯᠵᠤ᠂ ᠠᠵᠤ ᠠᠬᠤᠶᠢᠯᠠᠯ ᠤᠨ ᠬᠢᠯᠢ ᠶᠢᠨ | ᠭᠠᠳᠠᠨ᠎ᠠ ᠪᠡᠯᠡ ᠣᠷᠣᠭᠤᠯᠬᠤ ᠳᠤ ᠤᠯᠠᠮ ᠨᠢᠭᠡ ᠠᠯᠬᠤᠮ ᠳᠥᠭᠦᠮ ᠦᠵᠡᠭᠦᠯᠬᠦ︔ ᠣᠳᠣ ᠶᠢᠨ ᠬᠡᠷᠡᠭᠵᠢᠭᠦᠯᠵᠦ | ᠪᠠᠶᠢᠭ᠎ᠠ ᠬᠠᠮᠢᠶᠠᠷᠤᠯᠲᠠ ᠶᠢᠨ ᠳᠦᠷᠢᠮ ᠤᠨ ᠳᠤᠲᠠᠭᠤᠳᠠᠯ ᠢ ᠬᠡᠷᠬᠢᠨ ᠨᠥᠬᠦᠪᠦᠷᠢᠯᠡᠵᠦ᠂ ᠠᠵᠤ ᠠᠬᠤᠶᠢᠯᠠᠯ ᠤᠨ | ᠬᠢᠯᠢ ᠶᠢᠨ ᠭᠠᠳᠠᠨ᠎ᠠ ᠪᠡᠯᠡ ᠣᠷᠣᠭᠤᠯᠬᠤ ᠶᠢ ᠤᠯᠠᠮ ᠨᠢᠭᠡ ᠠᠯᠬᠤᠮ ᠵᠢᠷᠤᠮᠵᠢᠭᠤᠯᠬᠤ︔ ᠣᠯᠠᠨ ᠨᠡᠶᠢᠲᠡ ᠶᠢᠨ | ᠦᠢᠯᠡᠴᠢᠯᠡᠭᠡ ᠶᠢᠨ ᠶᠠᠰᠤ ᠴᠢᠨᠠᠷ ᠢ ᠬᠡᠷᠬᠢᠨ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠬᠢᠯᠢ ᠶᠢᠨ ᠭᠠᠳᠠᠨ᠎ᠠ ᠪᠡᠯᠡ | ᠣᠷᠣᠭᠤᠯᠬᠤ ᠳᠤ ᠤᠯᠠᠮ ᠨᠢᠭᠡ ᠠᠯᠬᠤᠮ ᠦᠢᠯᠡᠴᠢᠯᠡᠬᠦ ᠭᠡᠬᠦ ᠮᠡᠲᠦ᠃ | ᠰᠢᠨ᠎ᠡ ᠠᠰᠠᠭᠤᠳᠠᠯ ᠰᠢᠨ᠎ᠡ ᠬᠦᠰᠡᠯ ᠱᠠᠭᠠᠷᠳᠠᠯᠭ᠎ᠠ ᠳᠤ ᠬᠠᠨᠳᠤᠭᠤᠯᠤᠨ᠂ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠤᠨ ᠬᠢᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ | ᠨᠠᠶᠢᠳᠠᠪᠤᠷᠢᠵᠢᠭᠤᠯᠤᠨ᠂ ᠪᠦᠬᠦ ᠲᠠᠯ᠎ᠠ ᠪᠠᠷ ᠨᠡᠭᠡᠭᠡᠯᠲᠡ ᠬᠢᠬᠦ ᠰᠢᠨ᠎ᠡ ᠪᠠᠶᠢᠷᠢᠯᠠᠭᠤᠯᠤᠯᠲᠠ ᠶᠢᠨ ᠪᠦᠷᠢᠯᠳᠦᠯ ᠢ | ᠠᠬᠢᠭᠤᠯᠵᠤ᠂ ᠭᠠᠳᠠᠭᠠᠳᠤ ᠳᠤ ᠪᠡᠯᠡ ᠣᠷᠣᠭᠤᠯᠬᠤ ᠠᠷᠭ᠎ᠠ ᠬᠡᠯᠪᠡᠷᠢ ᠶᠢ ᠰᠢᠨᠡᠴᠢᠯᠡᠬᠦ ᠱᠠᠭᠠᠷᠳᠠᠯᠭ᠎ᠠ ᠶᠣᠰᠣᠭᠠᠷ᠂ | ᠬᠢᠯᠢ ᠶᠢᠨ ᠭᠠᠳᠠᠨ᠎ᠠ ᠪᠡᠯᠡ ᠣᠷᠣᠭᠤᠯᠤᠨ ᠬᠥᠭᠵᠢᠭᠦᠯᠬᠦ ᠱᠠᠭᠠᠷᠳᠠᠯᠭ᠎ᠠ ᠲᠠᠢ ᠨᠡᠶᠢᠴᠡᠭᠦᠯᠦᠨ᠂ ᠬᠢᠯᠢ ᠶᠢᠨ ᠭᠠᠳᠠᠨ᠎ᠠ | ᠪᠡᠯᠡ ᠣᠷᠣᠭᠤᠯᠬᠤ ᠶᠢ ᠬᠠᠮᠢᠶᠠᠷᠬᠤ ᠦᠢᠯᠡᠳᠦᠯᠭᠡ ᠪᠠᠨ ᠳ᠋ᠦᠩᠨᠡᠨ᠂ ᠡᠯ᠎ᠡ ᠡᠲᠡᠭᠡᠳ ᠤᠨ ᠬᠢᠨ ᠤ ᠰᠠᠨᠠᠯ | ᠰᠠᠨᠠᠭᠤᠯᠭ᠎ᠠ ᠶᠢ ᠥᠷᠭᠡᠨ ᠢᠶᠠᠷ ᠰᠢᠩᠭᠡᠭᠡᠨ ᠠᠪᠴᠤ᠂ 9 ᠳ᠋ᠦ᠋ᠭᠡᠷ ᠲᠣᠭᠠᠲᠤ ᠵᠠᠷᠯᠢᠭ ᠤᠨ ᠰᠠᠭᠤᠷᠢᠨ ᠳᠡᠭᠡᠷ᠎ᠡ ᠰᠢᠨ᠎ᠡ | ᠠᠷᠭ᠎ᠠ ᠶᠢ ᠪᠦᠷᠢᠯᠳᠦᠭᠦᠯᠪᠡ᠃ ᠰᠢᠨ᠎ᠡ ᠠᠷᠭ᠎ᠠ ᠨᠢ ᠬᠢᠯᠢ ᠶᠢᠨ ᠭᠠᠳᠠᠨ᠎ᠠ ᠪᠡᠯᠡ ᠣᠷᠣᠭᠤᠯᠬᠤ ᠶᠢ ᠬᠠᠮᠢᠶᠠᠷᠬᠤ ᠰᠠᠭᠤᠷᠢ | ᠴᠢᠨᠠᠷᠲᠠᠢ ᠳᠦᠷᠢᠮ ᠪᠣᠯᠣᠭᠰᠠᠨ ᠤ ᠬᠤᠪᠢ ᠳᠤ᠂ ︽ᠴᠢᠯᠦᠭᠡᠲᠡᠢ ᠪᠠᠶᠢᠯᠭᠠᠬᠤ ᠬᠢᠨᠠᠨ ᠬᠠᠮᠢᠶᠠᠷᠬᠤ ᠪᠦᠲᠦᠮᠵᠢᠲᠡᠢ | ᠦᠢᠯᠡᠴᠢᠯᠡᠬᠦ︾ ᠭᠤᠷᠪᠠᠨ ᠲᠠᠯ᠎ᠠ ᠪᠠᠷ ᠨᠠᠢᠮᠠᠨ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠢᠭᠡᠳᠦᠯᠲᠡᠢ | ᠲᠥᠯᠥᠪᠵᠢᠭᠦᠯᠦᠨ ᠳᠡᠯᠭᠡᠷᠡᠭᠦᠯᠵᠦ᠂ ᠬᠢᠯᠢ ᠶᠢᠨ ᠭᠠᠳᠠᠨ᠎ᠠ ᠪᠡᠯᠡ ᠣᠷᠣᠭᠤᠯᠬᠤ ᠬᠤᠷᠸ᠎ᠠ ᠵᠢᠯᠣᠭᠤᠳᠤᠯᠭ᠎ᠠ ᠶᠢ | ᠴᠢᠩᠭᠠᠳᠬᠠᠵᠤ᠂ ᠬᠢᠯᠢ ᠶᠢᠨ ᠭᠠᠳᠠᠨ᠎ᠠ ᠪᠡᠯᠡ ᠣᠷᠣᠭᠤᠯᠬᠤ ᠶᠡᠷᠦᠩᠬᠡᠶᠢᠯᠡᠭᠰᠡᠨ ᠦᠢᠯᠡᠴᠢᠯᠡᠭᠡ ᠶᠢ ᠰᠢᠯᠢᠳᠡᠭᠵᠢᠭᠦᠯᠦᠨ᠂ | ᠬᠢᠯᠢ ᠶᠢᠨ ᠭᠠᠳᠠᠨ᠎ᠠ ᠪᠡᠯᠡ ᠣᠷᠣᠭᠤᠯᠬᠤ ᠪᠦᠬᠦ ᠶᠠᠪᠤᠴᠠ ᠳᠠᠬᠢ ᠬᠢᠨᠠᠯᠲᠠ ᠬᠠᠮᠢᠶᠠᠷᠤᠯᠲᠠ ᠶᠢ ᠲᠡᠭᠦᠯᠳᠡᠷᠵᠢᠭᠦᠯᠵᠦ᠂ | ᠬᠢᠯᠢ ᠶᠢᠨ ᠭᠠᠳᠠᠨ᠎ᠠ ᠪᠡᠯᠡ ᠣᠷᠣᠭᠤᠯᠬᠤ ᠶᠢ ᠦᠷᠭᠦᠯᠵᠢᠯᠡᠨ ᠡᠷᠡᠭᠦᠯ ᠢᠶᠠᠷ ᠬᠥᠭᠵᠢᠭᠦᠯᠬᠦ ᠶᠢ ᠠᠬᠢᠭᠤᠯᠤᠨ᠂ ᠮᠠᠨ ᠤ | ᠤᠯᠤᠰ ᠤᠨ ᠤᠯᠤᠰ ᠤᠨ ᠠᠰᠢᠭ ᠲᠤᠰᠠ ᠪᠠ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠶᠢ ᠵᠣᠷᠢᠭᠰᠠᠨ | ᠪᠠᠶᠢᠨ᠎ᠠ᠃ | ᠠᠰᠠᠭᠤᠯᠲᠠ᠂ ᠠᠵᠤ ᠠᠬᠤᠶᠢᠯᠠᠯ ᠤᠨ ᠬᠢᠯᠢ ᠶᠢᠨ ᠭᠠᠳᠠᠨ᠎ᠠ ᠪᠡᠯᠡ ᠣᠷᠣᠭᠤᠯᠬᠤ ᠳᠤ ᠳᠥᠭᠦᠮ ᠦᠵᠡᠭᠦᠯᠬᠦ | ᠲᠠᠯ᠎ᠠ ᠪᠠᠷ᠂ ᠰᠢᠨ᠎ᠡ ᠠᠷᠭ᠎ᠠ ᠨᠢ ᠶᠠᠮᠠᠷ ᠶᠠᠮᠠᠷ ᠶᠠᠮᠠᠷ ᠥᠭᠡᠷᠡᠴᠢᠯᠡᠯᠲᠡ ᠬᠢᠭᠰᠡᠨ ᠪᠣᠢ︖ | ᠬᠠᠷᠢᠭᠤᠯᠲᠠ᠄ ᠰᠢᠨ᠎ᠡ ᠠᠷᠭ᠎ᠠ ᠨᠢ ᠵᠠᠰᠠᠭ ᠢ ᠴᠣᠮᠬᠠᠳᠬᠠᠵᠤ ᠡᠷᠬᠡ ᠶᠢ ᠳᠣᠷᠣᠭᠰᠢ ᠪᠠᠭᠤᠯᠭᠠᠬᠤ ᠶᠢ | ᠲᠣᠪᠣᠶᠢᠯᠭᠠᠵᠤ᠂ ᠦᠨᠡᠨ ᠪᠣᠳᠠᠲᠠᠢ ᠭᠤᠷᠪᠠᠨ ᠵᠦᠢᠯ ᠤᠨ ᠥᠭᠡᠷᠡᠴᠢᠯᠡᠯᠲᠡ ᠶᠢ ᠶᠠᠪᠤᠭᠤᠯᠵᠤ᠂ ᠠᠵᠤ ᠠᠬᠤᠶᠢᠯᠠᠯ ᠤᠨ | ᠬᠢᠯᠢ ᠶᠢᠨ ᠭᠠᠳᠠᠨ᠎ᠠ ᠪᠡᠯᠡ ᠣᠷᠣᠭᠤᠯᠬᠤ ᠳᠤ ᠤᠯᠠᠮ ᠨᠢᠭᠡ ᠠᠯᠬᠤᠮ ᠳᠥᠭᠦᠮ ᠦᠵᠡᠭᠦᠯᠪᠡ᠃ | ᠨᠢᠭᠡ ᠳᠤ᠂ ᠲᠥᠷᠥᠯ ᠵᠦᠢᠯ ᠤᠨ ᠮᠡᠳᠡᠭᠡ ᠵᠠᠩᠭᠢ ᠶᠢ ᠮᠡᠳᠡᠭᠦᠯᠬᠦ ᠳᠦᠷᠢᠮ ᠢ ᠬᠦᠴᠦᠨ ᠦᠭᠡᠢ ᠪᠣᠯᠭᠠᠪᠠ᠃ | 9 ᠳ᠋ᠦ᠋ᠭᠡᠷ ᠲᠣᠭᠠᠲᠤ ᠵᠠᠷᠯᠢᠭ ᠤᠨ ᠲᠣᠭᠲᠠᠭᠠᠯ ᠶᠣᠰᠣᠭᠠᠷ᠂ ᠳᠤᠮᠳᠠᠳᠤ ᠶᠢᠨ ᠲᠠᠯ᠎ᠠ ᠶᠢᠨ ᠬᠢᠨ ᠤ ᠪᠡᠯᠡ | ᠣᠷᠣᠭᠤᠯᠤᠭᠰᠠᠨ ᠵᠣᠭᠤᠰ ᠤᠨ ᠲᠤᠭ᠎ᠠ ᠨᠢ 3 ᠳ᠋ᠦᠩᠰᠢᠭᠤᠷ ᠳ᠋ᠣᠯᠯᠠᠷ ᠠᠴᠠ ᠳᠡᠭᠡᠭᠰᠢᠬᠢ ᠬᠢᠯᠢ ᠶᠢᠨ ᠭᠠᠳᠠᠨ᠎ᠠ ᠠᠴᠠ | ᠬᠤᠳᠠᠯᠳᠤᠨ ᠠᠪᠬᠤ ᠪᠠ ᠦᠨ᠎ᠡ ᠪᠠᠷ ᠥᠷᠢᠰᠦᠯᠳᠦᠬᠦ ᠲᠥᠷᠥᠯ ᠵᠦᠢᠯ ᠳᠤ᠂ ᠪᠡᠯᠡ ᠣᠷᠣᠭᠤᠯᠬᠤ ᠭᠤᠣᠯ ᠴᠣᠭᠴᠠ | ᠨᠢ ᠭᠠᠳᠠᠭᠠᠳᠤ ᠳᠤ ᠮᠥᠨ ᠴᠢᠨᠠᠷ ᠤᠨ ᠠᠵᠢᠯ ᠥᠷᠨᠢᠭᠦᠯᠬᠦ ᠠᠴᠠ ᠡᠮᠦᠨ᠎ᠡ᠂ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠳᠤ ᠲᠥᠷᠥᠯ ᠵᠦᠢᠯ ᠤᠨ ᠮᠡᠳᠡᠭᠡ ᠵᠠᠩᠭᠢ ᠶᠢᠨ ᠮᠡᠳᠡᠭᠦᠯᠦᠯᠲᠡ ᠪᠠᠨ ᠮᠡᠳᠡᠭᠦᠯᠦᠨ | ᠳᠡᠪᠰᠢᠭᠦᠯᠬᠦ ᠬᠡᠷᠡᠭᠲᠡᠢ︔ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠢᠨ ᠲᠥᠷᠥᠯ | ᠵᠦᠢᠯ ᠤᠨ ᠮᠡᠳᠡᠭᠡ ᠵᠠᠩᠭᠢ ᠶᠢᠨ ᠮᠡᠳᠡᠭᠦᠯᠦᠯᠲᠡ ᠶᠢ ᠲᠣᠰᠣᠭᠰᠠᠨ ᠤ ᠳᠠᠷᠠᠭ᠎ᠠ᠂ ᠤᠯᠤᠰ ᠤᠨ ᠬᠢᠯᠢ ᠶᠢᠨ ᠭᠠᠳᠠᠨ᠎ᠠ | ᠪᠡᠯᠡ ᠣᠷᠣᠭᠤᠯᠬᠤ ᠲᠥᠷᠥ ᠶᠢᠨ ᠪᠣᠳᠣᠯᠭ᠎ᠠ ᠳᠤ ᠨᠡᠶᠢᠴᠡᠭᠰᠡᠨ ᠲᠥᠷᠥᠯ ᠵᠦᠢᠯ ᠳᠤ᠂ 7 ᠠᠵᠢᠯᠯᠠᠬᠤ ᠡᠳᠦᠷ ᠤᠨ | ᠳᠣᠲᠣᠷ᠎ᠠ ᠨᠤᠲᠠᠯᠠᠯᠲᠠ ᠶᠢᠨ ᠵᠠᠬᠢᠳᠠᠯ ᠬᠢᠵᠦ ᠥᠭᠭᠦᠨ᠎ᠡ᠃ ᠰᠢᠨ᠎ᠡ ᠠᠷᠭ᠎ᠠ ᠨᠢ ᠲᠤᠰ ᠵᠦᠢᠯ ᠤᠨ ᠲᠣᠭᠲᠠᠭᠠᠯ ᠢ | ᠬᠦᠴᠦᠨ ᠦᠭᠡᠢ ᠪᠣᠯᠭᠠᠵᠤ᠂ ᠠᠵᠢᠯ ᠠᠴᠠ ᠡᠮᠦᠨᠡᠬᠢ ᠬᠠᠮᠢᠶᠠᠷᠤᠯᠲᠠ ᠶᠢᠨ ᠭᠤᠭᠴᠤᠭ᠎ᠠ ᠶᠢ ᠤᠯᠠᠮ ᠨᠢᠭᠡ ᠠᠯᠬᠤᠮ | ᠳᠥᠭᠦᠮᠴᠢᠯᠡᠵᠦ᠂ ᠡᠭᠦᠨ ᠢᠶᠠᠷ ᠳᠠᠮᠵᠢᠨ ᠳᠦᠷᠢᠮ ᠤᠨ ᠴᠢᠨᠠᠷᠲᠠᠢ ᠰᠣᠯᠢᠯᠴᠠᠭᠠᠨ ᠤ ᠥᠪᠡᠷ ᠤᠨ ᠥᠷᠲᠡᠭ ᠢ | ᠪᠠᠭᠤᠷᠠᠭᠤᠯᠵᠤ ᠪᠠᠶᠢᠨ᠎ᠠ᠃ | ᠬᠤᠶᠠᠷ ᠲᠤ᠂ ᠣᠷᠣᠨ ᠨᠤᠲᠤᠭ ᠤᠨ ᠠᠩᠬᠠᠨ ᠤ ᠬᠢᠨᠠᠯᠲᠠ ᠬᠢᠵᠦ᠂ ᠰᠢᠯᠵᠢᠭᠦᠯᠦᠨ ᠮᠡᠳᠡᠭᠦᠯᠬᠦ | ᠭᠤᠭᠴᠤᠭ᠎ᠠ ᠶᠢ ᠬᠦᠴᠦᠨ ᠦᠭᠡᠢ ᠪᠣᠯᠭᠠᠪᠠ᠃ 9 ᠳ᠋ᠦ᠋ᠭᠡᠷ ᠲᠣᠭᠠᠲᠤ ᠵᠠᠷᠯᠢᠭ ᠤᠨ ᠲᠣᠭᠲᠠᠭᠠᠯ ᠶᠣᠰᠣᠭᠠᠷ᠂ ᠣᠷᠣᠨ | ᠨᠤᠲᠤᠭ ᠤᠨ ᠠᠵᠤ ᠠᠬᠤᠶᠢᠯᠠᠯ ᠤᠨ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ | ᠭᠤᠶᠤᠴᠢᠯᠠᠯᠲᠠ ᠭᠠᠷᠭᠠᠵᠤ ᠬᠠᠷᠭᠤᠭᠤᠯᠤᠨ ᠵᠥᠪᠰᠢᠶᠡᠷᠡᠭᠦᠯᠬᠦ ᠮᠠᠲ᠋ᠧᠷᠢᠶᠠᠯ ᠢ ᠮᠤᠵᠢ ᠶᠢᠨ ᠱᠠᠲᠤᠨ ᠤ ᠵᠠᠰᠠᠭ ᠤᠨ | ᠣᠷᠳᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠠᠴᠠ ᠬᠢᠨᠠᠨ ᠬᠠᠷᠭᠤᠭᠤᠯᠬᠤ ᠰᠠᠨᠠᠯ | ᠳᠤᠷᠠᠳᠤᠭᠰᠠᠨ ᠤ ᠳᠠᠷᠠᠭ᠎ᠠ ᠮᠡᠳᠡᠭᠦᠯᠦᠨ ᠳᠡᠪᠰᠢᠭᠦᠯᠵᠦ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠳᠤ ᠭᠤᠶᠤᠴᠢᠯᠠᠯᠲᠠ ᠭᠠᠷᠭᠠᠵᠤ ᠪᠦᠷᠢᠳᠬᠡᠨ ᠳᠠᠩᠰᠠᠯᠠᠭᠤᠯᠤᠭᠰᠠᠨ ᠮᠠᠲ᠋ᠧᠷᠢᠶᠠᠯ ᠢ ᠮᠤᠵᠢ ᠶᠢᠨ ᠱᠠᠲᠤᠨ ᠤ | ᠵᠠᠰᠠᠭ ᠤᠨ ᠣᠷᠳᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠠᠴᠠ ᠮᠡᠳᠡᠭᠦᠯᠦᠨ | ᠳᠡᠪᠰᠢᠭᠦᠯᠦᠨ᠎ᠡ᠃ ᠰᠢᠨ᠎ᠡ ᠠᠷᠭ᠎ᠠ ᠳᠤ ᠣᠷᠣᠨ ᠨᠤᠲᠤᠭ ᠤᠨ ᠠᠩᠬᠠᠨ ᠤ ᠬᠢᠨᠠᠯᠲᠠ ᠬᠢᠵᠦ᠂ ᠰᠢᠯᠵᠢᠭᠦᠯᠦᠨ | ᠮᠡᠳᠡᠭᠦᠯᠬᠦ ᠭᠤᠭᠴᠤᠭ᠎ᠠ ᠶᠢ ᠬᠦᠴᠦᠨ ᠦᠭᠡᠢ ᠪᠣᠯᠭᠠᠵᠤ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠢᠶᠠᠷ ᠬᠠᠷᠭᠤᠭᠤᠯᠤᠨ ᠵᠥᠪᠰᠢᠶᠡᠷᠡᠭᠦᠯᠬᠦ᠂ ᠪᠦᠷᠢᠳᠬᠡᠨ ᠳᠠᠩᠰᠠᠯᠠᠭᠤᠯᠬᠤ ᠬᠡᠪᠴᠢᠶᠡᠨ ᠤ ᠲᠥᠷᠥᠯ ᠵᠦᠢᠯ ᠳᠤ | ᠬᠠᠷᠢᠶᠠᠯᠠᠭᠳᠠᠬᠤ ᠶᠢ ᠨᠢ᠂ ᠣᠷᠣᠨ ᠨᠤᠲᠤᠭ ᠤᠨ ᠠᠵᠤ ᠠᠬᠤᠶᠢᠯᠠᠯ ᠤᠨ ᠬᠢᠨ ᠰᠦᠯᠵᠢᠶᠡᠨ ᠤ ᠰᠢᠰᠲ᠋ᠧᠮ ᠢᠶᠠᠷ | ᠳᠠᠮᠵᠢᠭᠤᠯᠤᠨ ᠰᠢᠭᠤᠳ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠬᠠᠮᠢᠶ᠎ᠠ ᠪᠦᠬᠦᠢ | ᠭᠤᠶᠤᠴᠢᠯᠠᠬᠤ ᠮᠠᠲ᠋ᠧᠷᠢᠶᠠᠯ ᠢᠶᠠᠨ ᠲᠤᠰᠢᠶᠠᠵᠤ᠂ ᠡᠭᠦᠨ ᠤ ᠤᠯᠠᠮ ᠠᠴᠠ ᠠᠵᠤ ᠠᠬᠤᠶᠢᠯᠠᠯ ᠤᠨ ᠠᠵᠢᠯ ᠬᠡᠷᠡᠭ | ᠭᠦᠢᠴᠡᠳᠬᠡᠬᠦ ᠳᠤ ᠨᠡᠩ ᠳᠥᠭᠦᠮ ᠪᠣᠯᠭᠠᠵᠤ᠂ ᠨᠠᠭᠠᠰᠢ ᠴᠠᠭᠠᠰᠢ ᠭᠦᠶᠦᠬᠦ ᠶᠠᠪᠤᠴᠠ ᠶᠢ ᠪᠠᠭᠠᠰᠬᠠᠵᠤ ᠪᠠᠶᠢᠨ᠎ᠠ᠃ | ᠭᠤᠷᠪᠠ ᠳᠤ᠂ ᠪᠡᠯᠡ ᠣᠷᠣᠭᠤᠯᠬᠤ ᠭᠤᠣᠯ ᠴᠣᠭᠴᠠ ᠶᠢᠨ ᠬᠠᠷᠭᠤᠭᠤᠯᠤᠨ ᠵᠥᠪᠰᠢᠶᠡᠷᠡᠭᠦᠯᠬᠦ᠂ ᠪᠦᠷᠢᠳᠬᠡᠨ | ᠳᠠᠩᠰᠠᠯᠠᠭᠤᠯᠬᠤ ᠭᠠᠷᠳᠠᠮ ᠭᠦᠢᠴᠡᠳᠬᠡᠬᠦ ᠬᠠᠮᠤᠭ ᠤᠨ ᠰᠡᠭᠦᠯᠴᠢ ᠶᠢᠨ ᠴᠠᠭ ᠤᠨ ᠱᠠᠭᠠᠷᠳᠠᠯᠭ᠎ᠠ ᠶᠢ ᠠᠭᠤᠵᠢᠭᠤ | ᠲᠠᠯᠪᠢᠪᠠ᠃ 9 ᠳ᠋ᠦ᠋ᠭᠡᠷ ᠲᠣᠭᠠᠲᠤ ᠵᠠᠷᠯᠢᠭ ᠤᠨ ᠲᠣᠭᠲᠠᠭᠠᠯ ᠶᠣᠰᠣᠭᠠᠷ᠂ ᠪᠡᠯᠡ ᠣᠷᠣᠭᠤᠯᠬᠤ ᠭᠤᠣᠯ ᠴᠣᠭᠴᠠ ᠨᠢ | ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠢᠶᠠᠷ ᠬᠠᠷᠭᠤᠭᠤᠯᠤᠨ ᠵᠥᠪᠰᠢᠶᠡᠷᠡᠭᠦᠯᠬᠦ ᠪᠤᠶᠤ | ᠪᠦᠷᠢᠳᠬᠡᠨ ᠳᠠᠩᠰᠠᠯᠠᠭᠤᠯᠬᠤ ᠴᠢᠬᠤᠯᠠᠲᠠᠢ ᠬᠢᠯᠢ ᠶᠢᠨ ᠭᠠᠳᠠᠨ᠎ᠠ ᠪᠡᠯᠡ ᠣᠷᠣᠭᠤᠯᠬᠤ ᠲᠥᠷᠥᠯ ᠵᠦᠢᠯ ᠢ | ᠭᠦᠢᠴᠡᠳᠬᠡᠬᠦ ᠳᠤ᠂ ᠭᠠᠳᠠᠭᠠᠳᠤ ᠯᠤᠭ᠎ᠠ ᠶᠢᠨ ᠬᠠᠮᠤᠭ ᠡᠴᠦᠰ ᠤᠨ ᠬᠠᠤᠯᠢ ᠴᠠᠭᠠᠵᠠ ᠶᠢᠨ ᠬᠢᠵᠠᠭᠠᠷᠯᠠᠬᠤ ᠬᠦᠴᠦᠨ | ᠲᠠᠢ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠠᠴᠠ ᠡᠮᠦᠨ᠎ᠡ᠂ ᠡᠷᠬᠡᠪᠰᠢ ᠬᠠᠷᠭᠤᠭᠤᠯᠤᠨ | ᠵᠥᠪᠰᠢᠶᠡᠷᠡᠭᠦᠯᠦᠭᠰᠡᠨ ᠪᠢᠴᠢᠭ ᠮᠠᠲ᠋ᠧᠷᠢᠶᠠᠯ ᠪᠤᠶᠤ ᠪᠦᠷᠢᠳᠬᠡᠨ ᠳᠠᠩᠰᠠᠯᠠᠭᠤᠯᠤᠭᠰᠠᠨ ᠮᠡᠳᠡᠭᠳᠡᠯ ᠢ ᠣᠯᠣᠭᠰᠠᠨ | ᠪᠠᠶᠢᠬᠤ ᠬᠡᠷᠡᠭᠲᠡᠢ︔ ᠡᠰᠡᠬᠦᠯ᠎ᠡ ᠭᠠᠷ ᠤᠨ ᠦᠰᠦᠭ ᠵᠢᠷᠤᠭᠰᠠᠨ ᠪᠢᠴᠢᠭ ᠮᠠᠲ᠋ᠧᠷᠢᠶᠠᠯ ᠳᠣᠲᠣᠷ᠎ᠠ ᠲᠣᠳᠣᠷᠬᠠᠶᠢᠯᠠᠭᠰᠠᠨ | ᠬᠦᠴᠦᠨ ᠲᠠᠢ ᠪᠣᠯᠬᠤ ᠨᠥᠬᠦᠴᠡᠯ ᠢᠶᠠᠷ ᠬᠠᠤᠯᠢ ᠶᠣᠰᠣᠭᠠᠷ ᠬᠠᠷᠭᠤᠭᠤᠯᠤᠨ ᠵᠥᠪᠰᠢᠶᠡᠷᠡᠭᠦᠯᠦᠭᠰᠡᠨ ᠪᠢᠴᠢᠭ | ᠮᠠᠲ᠋ᠧᠷᠢᠶᠠᠯ ᠣᠯᠬᠤ ᠪᠤᠶᠤ ᠪᠦᠷᠢᠳᠬᠡᠨ ᠳᠠᠩᠰᠠᠯᠠᠭᠤᠯᠬᠤ ᠮᠡᠳᠡᠭᠳᠡᠯ ᠪᠣᠯᠭᠠᠵᠤ ᠪᠣᠯᠭᠠᠨ᠎ᠠ᠃ ᠰᠢᠨ᠎ᠡ ᠠᠷᠭ᠎ᠠ ᠨᠢ ᠪᠡᠯᠡ | ᠣᠷᠣᠭᠤᠯᠬᠤ ᠭᠤᠣᠯ ᠴᠣᠭᠴᠠ ᠶᠢᠨ ᠬᠠᠷᠠᠭᠤᠯᠤᠨ ᠵᠥᠪᠰᠢᠶᠡᠷᠡᠭᠦᠯᠬᠦ᠂ ᠪᠦᠷᠢᠳᠬᠡᠨ ᠳᠠᠩᠰᠠᠯᠠᠭᠤᠯᠬᠤ ᠭᠠᠷᠳᠠᠮ | ᠭᠦᠢᠴᠡᠳᠬᠡᠬᠦ ᠬᠠᠮᠤᠭ ᠤᠨ ᠰᠡᠭᠦᠯᠴᠢ ᠶᠢᠨ ᠴᠠᠭ ᠤᠨ ᠱᠠᠭᠠᠷᠳᠠᠯᠭ᠎ᠠ ᠶᠢ ᠭᠡᠷ᠎ᠡ ᠲᠣᠭᠲᠠᠬᠤ ᠠᠴᠠ ᠡᠮᠦᠨ᠎ᠡ ︵ᠡᠰᠡᠬᠦᠯ᠎ᠡ | ᠬᠡᠯᠡᠯᠴᠡᠭᠡᠷ ᠤᠨ ᠬᠦᠴᠦᠨ ᠲᠠᠢ ᠪᠣᠯᠬᠤ ᠠᠴᠠ ᠡᠮᠦᠨ᠎ᠡ︶ ᠭᠡᠵᠦ ᠪᠠᠶᠢᠭᠰᠠᠨ ᠢ ᠬᠡᠷᠡᠭᠵᠢᠭᠦᠯᠬᠦ ᠠᠴᠠ ᠡᠮᠦᠨ᠎ᠡ ᠪᠣᠯᠲᠠᠯ᠎ᠠ | ᠠᠭᠤᠵᠢᠭᠤ ᠲᠠᠯᠪᠢᠪᠠ᠄ ᠬᠠᠷᠭᠤᠭᠤᠯᠤᠨ ᠵᠥᠪᠰᠢᠶᠡᠷᠡᠭᠦᠯᠬᠦ᠂ ᠪᠦᠷᠢᠳᠬᠡᠨ ᠳᠠᠩᠰᠠᠯᠠᠭᠤᠯᠵᠤ ᠬᠠᠮᠢᠶᠠᠷᠤᠭᠤᠯᠬᠤ | ᠬᠡᠪᠴᠢᠶᠡᠨ ᠳᠤ ᠬᠠᠷᠢᠶᠠᠯᠠᠭᠳᠠᠬᠤ ᠲᠥᠷᠥᠯ ᠵᠦᠢᠯ ᠳᠤ᠂ ᠪᠡᠯᠡ ᠣᠷᠣᠭᠤᠯᠬᠤ ᠭᠤᠣᠯ ᠴᠣᠭᠴᠠ ᠨᠢ ᠲᠥᠷᠥᠯ ᠵᠦᠢᠯ ᠢ | ᠬᠡᠷᠡᠭᠵᠢᠭᠦᠯᠬᠦ ᠠᠴᠠ ᠡᠮᠦᠨ᠎ᠡ ᠲᠥᠷᠥᠯ ᠵᠦᠢᠯ ᠢ ᠬᠠᠷᠭᠤᠭᠤᠯᠤᠨ ᠵᠥᠪᠰᠢᠶᠡᠷᠡᠭᠦᠯᠦᠭᠰᠡᠨ ᠪᠢᠴᠢᠭ ᠮᠠᠲ᠋ᠧᠷᠢᠶᠠᠯ ᠪᠤᠶᠤ | ᠪᠦᠷᠢᠳᠬᠡᠨ ᠳᠠᠩᠰᠠᠯᠠᠭᠤᠯᠤᠭᠰᠠᠨ ᠮᠡᠳᠡᠭᠳᠡᠯ ᠢ ᠣᠯᠬᠤ ᠬᠡᠷᠡᠭᠲᠡᠢ᠃ ᠡᠨᠡ ᠨᠢ ᠠᠵᠤ ᠠᠬᠤᠶᠢᠯᠠᠯ ᠤᠨ ᠠᠭᠤᠵᠢᠭᠤ | ᠲᠠᠯᠪᠢᠭᠤ ᠪᠠᠷ ᠰᠣᠯᠢᠯᠴᠠᠭᠠᠨ ᠤ ᠶᠠᠪᠤᠴᠠ ᠪᠠᠨ ᠲᠣᠬᠢᠷᠠᠭᠤᠯᠬᠤ ᠳᠤ ᠠᠰᠢᠭᠲᠠᠢ ᠪᠠᠶᠢᠳᠠᠭ᠃ ᠶᠠᠷᠢᠶᠠᠨ ᠦᠭᠡᠢ᠂ ᠪᠡᠯᠡ | ᠣᠷᠣᠭᠤᠯᠬᠤ ᠭᠤᠣᠯ ᠴᠣᠭᠴᠠ ᠶᠢᠨ ᠬᠠᠷᠭᠤᠭᠤᠯᠤᠨ ᠵᠥᠪᠰᠢᠶᠡᠷᠡᠭᠦᠯᠬᠦ᠂ ᠪᠦᠷᠢᠳᠬᠡᠨ ᠳᠠᠩᠰᠠᠯᠠᠭᠤᠯᠬᠤ ᠭᠠᠷᠳᠠᠮ | ᠭᠦᠢᠴᠡᠳᠬᠡᠬᠦ ᠬᠠᠮᠤᠭ ᠤᠨ ᠰᠡᠭᠦᠯᠴᠢ ᠶᠢᠨ ᠴᠠᠭ ᠤᠨ ᠱᠠᠭᠠᠷᠳᠠᠯᠭ᠎ᠠ ᠶᠢ ᠠᠭᠤᠵᠢᠭᠤ ᠲᠠᠯᠪᠢᠬᠤ ᠨᠢ᠂ ᠠᠵᠤ | ᠠᠬᠤᠶᠢᠯᠠᠯ ᠵᠥᠪᠬᠡᠨ ᠲᠥᠷᠥᠯ ᠵᠦᠢᠯ ᠢ ᠬᠡᠷᠡᠭᠵᠢᠭᠦᠯᠬᠦ ᠠᠴᠠ ᠡᠮᠦᠨ᠎ᠡ ᠬᠠᠮᠤᠭ ᠤᠨ ᠰᠡᠭᠦᠯᠴᠢ ᠶᠢᠨ ᠨᠢᠭᠡ ᠮᠥᠴᠡ ᠳᠤ | ᠰᠠᠶ᠋ᠢ ᠬᠠᠷᠭᠤᠭᠤᠯᠤᠨ ᠵᠥᠪᠰᠢᠶᠡᠷᠡᠭᠦᠯᠬᠦ᠂ ᠪᠦᠷᠢᠳᠬᠡᠨ ᠳᠠᠩᠰᠠᠯᠠᠭᠤᠯᠬᠤ ᠭᠤᠶᠤᠴᠢᠯᠠᠯᠲᠠ ᠪᠠᠨ ᠲᠤᠰᠢᠶᠠᠨ᠎ᠠ ᠭᠡᠰᠡᠨ | ᠶᠠᠪᠤᠳᠠᠯ ᠪᠢᠰᠢ᠃ ᠬᠡᠷᠡᠭ ᠳᠡᠭᠡᠷ᠎ᠡ ᠪᠠᠨ᠂ ᠠᠵᠤ ᠠᠬᠤᠶᠢᠯᠠᠯ ᠲᠥᠷᠥᠯ ᠵᠦᠢᠯ ᠤᠨ ᠬᠠᠷᠭᠤᠭᠤᠯᠤᠨ ᠵᠥᠪᠰᠢᠶᠡᠷᠡᠭᠦᠯᠬᠦ᠂ | ᠪᠦᠷᠢᠳᠬᠡᠨ ᠳᠠᠩᠰᠠᠯᠠᠭᠤᠯᠬᠤ ᠮᠠᠲ᠋ᠧᠷᠢᠶᠠᠯ ᠢᠶᠠᠨ ᠪᠦᠷᠢᠳᠦᠭᠦᠯᠦᠭᠰᠡᠨ ᠤ ᠳᠠᠷᠠᠭ᠎ᠠ ᠬᠠᠮᠢᠶ᠎ᠠ ᠪᠦᠬᠦᠢ | ᠭᠤᠶᠤᠴᠢᠯᠠᠯᠲᠠ ᠪᠠᠨ ᠴᠠᠭ ᠲᠤᠬᠠᠢ ᠳᠤ ᠨᠢ ᠲᠤᠰᠢᠶᠠᠵᠤ᠂ ᠠᠯᠢ ᠡᠷᠲᠡ ᠬᠠᠷᠭᠤᠭᠤᠯᠤᠨ ᠵᠥᠪᠰᠢᠶᠡᠷᠡᠭᠦᠯᠬᠦ ᠪᠢᠴᠢᠭ | ᠮᠠᠲ᠋ᠧᠷᠢᠶᠠᠯ ᠪᠤᠶᠤ ᠪᠦᠷᠢᠳᠬᠡᠨ ᠳᠠᠩᠰᠠᠯᠠᠭᠤᠯᠬᠤ ᠮᠡᠳᠡᠭᠳᠡᠯ ᠣᠯᠬᠤ ᠳᠤ ᠳᠥᠭᠦᠮ ᠪᠣᠯᠭᠠᠵᠤ ᠪᠣᠯᠣᠨ᠎ᠠ᠃ | ᠰᠢᠨ᠎ᠡ ᠠᠷᠭ᠎ᠠ ᠨᠢ ᠳᠡᠭᠡᠷ᠎ᠡ ᠶᠠᠷᠢᠭᠰᠠᠨ ᠵᠠᠩᠭᠢᠯᠠᠭ᠎ᠠ ᠶᠢᠨ ᠭᠤᠭᠴᠤᠭ᠎ᠠ ᠳᠤ ᠥᠭᠡᠷᠡᠴᠢᠯᠡᠯᠲᠡ ᠬᠢᠭᠰᠡᠨ ᠢᠶᠠᠷ | ᠪᠠᠷᠠᠬᠤ ᠦᠭᠡᠢ᠂ ᠮᠠᠰᠢ ᠣᠯᠠᠨ ᠵᠢᠵᠢᠭ ᠰᠠᠵᠢᠭ ᠵᠦᠢᠯ ᠳᠤ ᠴᠤ ᠥᠭᠡᠷᠡᠴᠢᠯᠡᠯᠲᠡ ᠬᠢᠪᠡ᠃ 9 ᠳ᠋ᠦ᠋ᠭᠡᠷ ᠲᠣᠭᠠᠲᠤ | ᠵᠠᠷᠯᠢᠭ ᠲᠠᠢ ᠬᠠᠷᠢᠴᠠᠭᠤᠯᠪᠠᠯ᠂ ᠰᠢᠨ᠎ᠡ ᠠᠷᠭ᠎ᠠ ᠨᠢ ᠬᠠᠷᠭᠤᠭᠤᠯᠤᠨ ᠵᠥᠪᠰᠢᠶᠡᠷᠡᠭᠦᠯᠬᠦ ᠪᠠ ᠪᠦᠷᠢᠳᠬᠡᠨ | ᠳᠠᠩᠰᠠᠯᠠᠭᠤᠯᠬᠤ ᠳᠡᠰ ᠳᠠᠷᠠᠭᠠᠯᠠᠯ᠂ ᠴᠠᠭ ᠤᠨ ᠬᠢᠵᠠᠭᠠᠷ᠂ ᠬᠤᠪᠢᠷᠠᠭᠤᠯᠤᠯᠲᠠ᠂ ᠬᠤᠭᠤᠴᠠᠭ᠎ᠠ ᠶᠢᠨ ᠤᠷᠲᠤᠳᠬᠠᠯ | ᠵᠡᠷᠭᠡ ᠳᠤ ᠨᠡᠩ ᠲᠣᠳᠣᠷᠬᠠᠢ ᠮᠥᠷᠲᠡᠭᠡᠨ ᠪᠣᠳᠠᠲᠠᠢ ᠲᠣᠭᠲᠠᠭᠠᠯ ᠭᠠᠷᠭᠠᠵᠤ᠂ ᠠᠯᠬᠤᠮ ᠳᠠᠷᠠᠭ᠎ᠠ ᠳᠤ | ᠰᠢᠯᠢᠳᠡᠭᠵᠢᠭᠦᠯᠦᠯᠲᠡ ᠬᠢᠪᠡ᠂ ᠵᠢᠱᠢᠶᠡᠯᠡᠪᠡᠯ ᠬᠤᠶᠠᠷ ᠠᠴᠠ ᠳᠡᠭᠡᠭᠰᠢ ᠪᠡᠯᠡ ᠣᠷᠣᠭᠤᠯᠬᠤ ᠭᠤᠣᠯ ᠴᠣᠭᠴᠠ ᠨᠢ | ᠭᠤᠶᠤᠴᠢᠯᠠᠨ ᠮᠡᠳᠡᠭᠦᠯᠬᠦ ᠨᠢᠭᠡᠴᠢ᠂ ᠬᠦᠯᠢᠶᠡᠨ ᠠᠪᠴᠤ ᠭᠦᠢᠴᠡᠳᠬᠡᠬᠦ ᠳᠡᠰ ᠳᠠᠷᠠᠭᠠᠯᠠᠯ ᠪᠠ ᠭᠡᠷᠡᠴᠢ ᠪᠠᠷᠢᠮᠲᠠ᠂ | ᠬᠤᠪᠢᠷᠠᠭᠤᠯᠬᠤ ᠪᠠ ᠬᠤᠭᠤᠴᠠᠭ᠎ᠠ ᠶᠢ ᠤᠷᠲᠤᠳᠬᠠᠬᠤ ᠳᠡᠰ ᠳᠠᠷᠠᠭᠠᠯᠠᠯ ᠬᠢᠭᠡᠳ ᠴᠠᠭ ᠤᠨ ᠬᠢᠵᠠᠭᠠᠷ ᠵᠡᠷᠭᠡ ᠶᠢ | ᠬᠡᠷᠬᠢᠨ ᠲᠣᠭᠲᠠᠭᠠᠬᠤ ᠭᠡᠬᠦ ᠮᠡᠲᠦ᠃ ᠡᠳᠡᠭᠡᠷ ︽ᠪᠢᠴᠢᠯ ᠥᠭᠡᠷᠡᠴᠢᠯᠡᠯᠲᠡ︾ ᠨᠢ᠂ ᠳᠦᠷᠢᠮ ᠤᠨ | ᠬᠡᠷᠡᠭᠵᠢᠭᠦᠯᠦᠭᠦᠰᠢᠲᠡᠢ ᠴᠢᠨᠠᠷ ᠢ ᠴᠢᠩᠭᠠᠳᠬᠠᠬᠤ ᠪᠠᠷ ᠪᠠᠷᠠᠬᠤ ᠦᠭᠡᠢ᠂ ᠬᠠᠷᠭᠤᠭᠤᠯᠤᠨ ᠵᠥᠪᠰᠢᠶᠡᠷᠡᠭᠦᠯᠬᠦ ᠪᠠ | ᠪᠦᠷᠢᠳᠬᠡᠨ ᠳᠠᠩᠰᠠᠯᠠᠭᠤᠯᠬᠤ ᠪᠠᠶᠢᠭᠤᠯᠭ᠎ᠠ ᠶᠢᠨ ᠴᠢᠯᠦᠭᠡᠲᠡᠢ ᠪᠠᠷ ᠲᠠᠰᠤᠯᠤᠯᠲᠠ ᠬᠢᠬᠦ ᠣᠷᠣᠨ ᠵᠠᠢ ᠶᠢ ᠬᠠᠰᠤᠨ | ᠪᠠᠭᠠᠰᠬᠠᠵᠤ ᠂ ᠬᠠᠮᠢᠶᠠᠷᠤᠯᠲᠠ ᠶᠢᠨ ᠢᠯᠡ ᠲᠣᠳᠣ ᠶᠢᠨ ᠬᠡᠮᠵᠢᠶ᠎ᠡ ᠪᠠ ᠨᠤᠲᠠᠯᠠᠯᠲᠠ ᠶᠢᠨ ᠴᠢᠨᠠᠷ ᠢ | ᠳᠡᠭᠡᠭᠰᠢᠯᠡᠭᠦᠯᠦᠨ᠎ᠡ᠃ | ᠠᠰᠠᠭᠤᠯᠲᠠ᠄ ᠠᠵᠤ ᠠᠬᠤᠶᠢᠯᠠᠯ ᠤᠨ ᠬᠢᠯᠢ ᠶᠢᠨ ᠭᠠᠳᠠᠨ᠎ᠠ ᠪᠡᠯᠡ ᠣᠷᠣᠭᠤᠯᠬᠤ ᠶᠢ ᠵᠢᠷᠤᠮᠵᠢᠭᠤᠯᠬᠤ | ᠲᠠᠯ᠎ᠠ ᠪᠠᠷ᠂ ᠰᠢᠨ᠎ᠡ ᠠᠷᠭ᠎ᠠ ᠨᠢ ᠶᠠᠮᠠᠷ ᠶᠠᠮᠠᠷ ᠥᠭᠡᠷᠡᠴᠢᠯᠡᠯᠲᠡ ᠬᠢᠭᠰᠡᠨ ᠪᠣᠢ︖ | ᠬᠠᠷᠢᠭᠤᠯᠲᠠ᠄ ᠰᠢᠨ᠎ᠡ ᠠᠷᠭ᠎ᠠ ᠨᠢ ᠴᠢᠯᠦᠭᠡᠲᠡᠢ ᠪᠠᠶᠢᠯᠭᠠᠬᠤ ᠪᠠ ᠬᠢᠨᠠᠨ ᠬᠠᠮᠢᠶᠠᠷᠬᠤ ᠶᠢ ᠤᠶᠠᠯᠳᠤᠭᠤᠯᠬᠤ ᠶᠢ | ᠲᠣᠪᠣᠶᠢᠯᠭᠠᠵᠤ᠂ ᠭᠤᠷᠪᠠᠨ ᠵᠦᠢᠯ ᠤᠨ ᠦᠨᠡᠨ ᠪᠣᠳᠠᠲᠠᠢ ᠥᠭᠡᠷᠡᠴᠢᠯᠡᠯᠲᠡ ᠶᠢ ᠶᠠᠪᠤᠭᠤᠯᠵᠤ᠂ ᠠᠵᠤ ᠠᠬᠤᠶᠢᠯᠠᠯ ᠤᠨ | ᠬᠢᠯᠢ ᠶᠢᠨ ᠭᠠᠳᠠᠨ᠎ᠠ ᠪᠡᠯᠡ ᠣᠷᠣᠭᠤᠯᠬᠤ ᠶᠢ ᠤᠯᠠᠮ ᠨᠢᠭᠡ ᠠᠯᠬᠤᠮ ᠵᠢᠷᠤᠮᠵᠢᠭᠤᠯᠤᠨ᠎ᠠ᠃ | ᠨᠢᠭᠡ ᠳᠤ᠂ ᠬᠠᠮᠢᠶᠠᠷᠤᠯᠲᠠ ᠶᠢᠨ ᠳᠤᠲᠠᠭᠤᠳᠠᠯ ᠢ ᠨᠥᠬᠦᠪᠦᠷᠢᠯᠡᠨ ᠪᠦᠷᠢᠳᠦᠭᠦᠯᠵᠦ᠂ ᠬᠢᠯᠢ ᠶᠢᠨ ᠳᠣᠲᠣᠨᠠᠬᠢ | ᠠᠵᠤ ᠠᠬᠤᠶᠢᠯᠠᠯ ᠪᠠ ᠪᠠᠶᠢᠭᠠᠯᠢᠯᠢᠭ ᠬᠥᠮᠥᠨ ᠲᠡᠭᠦᠨ ᠤ ᠡᠵᠡᠮᠳᠡᠵᠦ ᠪᠠᠶᠢᠭ᠎ᠠ ᠬᠢᠯᠢ ᠶᠢᠨ ᠭᠠᠳᠠᠨᠠᠬᠢ ᠠᠵᠤ | ᠠᠬᠤᠶᠢᠯᠠᠯ ᠢᠶᠠᠷ ᠳᠠᠮᠵᠢᠨ ᠥᠷᠨᠢᠭᠦᠯᠦᠭᠰᠡᠨ ᠬᠢᠯᠢ ᠶᠢᠨ ᠭᠠᠳᠠᠨᠠᠬᠢ ᠪᠡᠯᠡ ᠣᠷᠤᠯᠠᠭᠤᠯᠤᠯᠲᠠ ᠶᠢ ᠬᠠᠮᠢᠶᠠᠷᠤᠯᠲᠠ ᠶᠢᠨ | ᠲᠥᠰᠥᠪ ᠲᠤ ᠪᠠᠨ ᠣᠷᠣᠭᠤᠯᠵᠤ᠂ ᠣᠨᠢᠵᠢᠯᠲᠠ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠠᠪᠬᠤ ᠪᠣᠯᠣᠨ᠎ᠠ᠃ | ᠣᠶᠢᠷ᠎ᠠ ᠶᠢᠨ ᠵᠢᠯ ᠤᠳ ᠲᠤ᠂ ᠬᠢᠯᠢ ᠶᠢᠨ ᠳᠣᠲᠣᠨᠠᠬᠢ ᠠᠵᠤ ᠠᠬᠤᠶᠢᠯᠠᠯ ᠤᠨ ᠣᠯᠠᠨ ᠤᠯᠤᠰᠴᠢᠯᠠᠯᠲᠠ ᠶᠢᠨ | ᠬᠡᠮᠵᠢᠶ᠎ᠡ ᠶᠢᠨ ᠳᠡᠭᠡᠭᠰᠢᠯᠡᠬᠦ ᠶᠢ ᠳᠠᠭᠠᠯᠳᠤᠨ᠂ ᠬᠢᠯᠢ ᠶᠢᠨ ᠭᠠᠳᠠᠨ᠎ᠠ ᠪᠡᠯᠡ ᠣᠷᠣᠭᠤᠯᠬᠤ ᠠᠷᠭ᠎ᠠ ᠬᠡᠯᠪᠡᠷᠢ ᠴᠤ ᠨᠡᠩ | ᠣᠯᠠᠨ ᠶᠠᠩᠵᠤ ᠶᠢᠨ ᠪᠣᠯᠵᠤ᠂ ᠬᠡᠰᠡᠭ ᠬᠢᠯᠢ ᠶᠢᠨ ᠭᠠᠳᠠᠨ᠎ᠠ ᠪᠡᠯᠡ ᠣᠷᠣᠭᠤᠯᠬᠤ ᠠᠵᠢᠯᠯᠠᠭ᠎ᠠ ᠨᠢ ᠣᠳᠣ ᠶᠢᠨ | ᠬᠡᠷᠡᠭᠵᠢᠭᠦᠯᠵᠦ ᠪᠠᠶᠢᠭ᠎ᠠ ᠬᠠᠮᠢᠶᠠᠷᠤᠯᠲᠠ ᠶᠢᠨ ᠵᠠᠭᠠᠭ ᠬᠢᠵᠠᠭᠠᠷ ᠠᠴᠠ ᠬᠤᠯᠠᠳᠠᠵᠤ᠂ ᠵᠣᠬᠢᠬᠤ ᠠᠶᠤᠯ ᠲᠦᠭᠰᠢᠭᠦᠷᠢ | ᠳᠠᠯᠳᠠ ᠭᠡᠮ ᠣᠷᠣᠰᠢᠵᠤ ᠪᠠᠶᠢᠨ᠎ᠠ᠃ ᠮᠥᠨ ᠴᠢᠨᠠᠷ ᠢ ᠬᠡᠯᠪᠡᠷᠢ ᠠᠴᠠ ᠴᠢᠬᠤᠯᠠᠴᠢᠯᠠᠬᠤ ᠬᠠᠮᠢᠶᠠᠷᠤᠯᠲᠠ ᠶᠢᠨ ᠵᠠᠷᠴᠢᠮ | ᠶᠣᠰᠣᠭᠠᠷ᠂ ᠰᠢᠨ᠎ᠡ ᠠᠷᠭ᠎ᠠ ᠨᠢ ᠬᠢᠯᠢ ᠶᠢᠨ ᠳᠣᠲᠣᠨᠠᠬᠢ ᠠᠵᠤ ᠠᠬᠤᠶᠢᠯᠠᠯ ᠪᠠ ᠪᠠᠶᠢᠭᠠᠯᠢᠯᠢᠭ ᠬᠥᠮᠥᠨ ᠤ ᠲᠡᠭᠦᠨ ᠤ | ᠡᠵᠡᠮᠳᠡᠵᠦ ᠪᠠᠶᠢᠭ᠎ᠠ ᠬᠢᠯᠢ ᠶᠢᠨ ᠭᠠᠳᠠᠨᠠᠬᠢ ᠠᠵᠤ ᠠᠬᠤᠶᠢᠯᠠᠯ ᠢᠶᠠᠷ ᠳᠠᠮᠵᠢᠨ ᠥᠷᠨᠢᠭᠦᠯᠦᠭᠰᠡᠨ ᠬᠢᠯᠢ ᠶᠢᠨ ᠭᠠᠳᠠᠨᠠᠬᠢ | ᠪᠡᠯᠡ ᠣᠷᠤᠯᠠᠭᠤᠯᠤᠯᠲᠠ ᠶᠢ ᠬᠠᠮᠢᠶᠠᠷᠤᠯᠲᠠ ᠶᠢᠨ ᠲᠥᠰᠥᠪ ᠲᠤ ᠣᠷᠣᠭᠤᠯᠬᠤ ᠪᠣᠯᠣᠨ᠎ᠠ᠃ | ᠵᠢᠭᠠᠨ ᠭᠠᠷᠭᠠᠬᠤ ᠴᠢᠬᠤᠯᠠᠲᠠᠢ ᠵᠦᠢᠯ ᠭᠡᠪᠡᠯ᠂ ᠬᠠᠮᠢᠶᠠᠷᠤᠯᠲᠠ ᠶᠢᠨ ᠲᠥᠰᠥᠪ ᠲᠤ ᠣᠷᠣᠭᠤᠯᠬᠤ ᠨᠢ | ᠪᠦᠬᠦᠨ ᠢ ᠬᠠᠷᠭᠤᠭᠤᠯᠤᠨ ᠵᠥᠪᠰᠢᠶᠡᠷᠡᠭᠦᠯᠬᠦ᠂ ᠪᠦᠷᠢᠳᠬᠡᠨ ᠳᠠᠩᠰᠠᠯᠠᠭᠤᠯᠬᠤ ᠬᠠᠮᠢᠶᠠᠷᠤᠯᠲᠠ ᠶᠢᠨ ᠬᠡᠪᠴᠢᠶᠡᠨ ᠳᠤ | ᠣᠷᠣᠭᠤᠯᠤᠭᠰᠠᠨ ᠢ ᠬᠠᠷᠠᠭᠤᠯᠵᠤ ᠪᠠᠶᠢᠬᠤ ᠪᠢᠰᠢ᠃ ᠪᠦᠷᠢᠮᠦᠰᠦᠨ ᠪᠡᠯᠡ ᠣᠷᠣᠭᠤᠯᠬᠤ ᠭᠤᠣᠯ ᠴᠣᠭᠴᠠ ᠶᠢᠨ | ᠲᠡᠭᠦᠨ ᠤ ᠡᠵᠡᠮᠳᠡᠵᠦ ᠪᠠᠶᠢᠭ᠎ᠠ ᠬᠢᠯᠢ ᠶᠢᠨ ᠭᠠᠳᠠᠨᠠᠬᠢ ᠠᠵᠤ ᠠᠬᠤᠶᠢᠯᠠᠯ ᠢᠶᠠᠷ ᠳᠠᠮᠵᠢᠨ ᠥᠷᠨᠢᠭᠦᠯᠦᠭᠰᠡᠨ ᠬᠢᠯᠢ ᠶᠢᠨ | ᠭᠠᠳᠠᠨ᠎ᠠ ᠪᠡᠯᠡ ᠣᠷᠣᠭᠤᠯᠤᠭᠰᠠᠨ ᠲᠥᠷᠥᠯ ᠵᠦᠢᠯ ︵ᠪᠡᠯᠡ ᠣᠷᠣᠭᠤᠯᠬᠤ ᠭᠤᠣᠯ ᠴᠣᠭᠴᠠ ᠶᠢᠨ ᠰᠢᠭᠤᠳ ᠪᠡᠯᠡ | ᠬᠥᠷᠥᠩᠭᠡ᠂ ᠡᠷᠬᠡ ᠠᠰᠢᠭ ᠣᠷᠣᠭᠤᠯᠤᠭᠰᠠᠨ ᠪᠤᠶᠤ ᠪᠡᠯᠡ ᠲᠣᠬᠢᠷᠠᠭᠤᠯᠤᠯᠲᠠ᠂ ᠳᠠᠭᠠᠭᠠᠯᠲᠠ ᠬᠠᠩᠭᠠᠭᠰᠠᠨ ᠳᠤ | ᠬᠤᠯᠪᠣᠭᠳᠠᠬᠤ ᠦᠭᠡᠢ︶ ᠳᠤ᠂ ᠰᠢᠨ᠎ᠡ ᠠᠷᠭ᠎ᠠ ᠨᠢ ︽ᠠᠵᠢᠯ ᠤᠨ ᠡᠮᠦᠨ᠎ᠡ ᠢᠯᠭᠠᠭ᠎ᠠ ᠲᠠᠢ ᠬᠠᠮᠢᠶᠠᠷᠬᠤ᠂ ᠠᠵᠢᠯ ᠤᠨ | ᠳᠤᠮᠳᠠ ᠠᠵᠢᠯ ᠤᠨ ᠳᠠᠷᠠᠭ᠎ᠠ ᠪᠦᠬᠦᠨ ᠢ ᠬᠠᠮᠤᠷᠤᠭᠤᠯᠬᠤ︾ ᠬᠠᠮᠢᠶᠠᠷᠤᠯᠲᠠ ᠶᠢᠨ ᠰᠡᠳᠬᠢᠮᠵᠢ ᠶᠢ ᠬᠡᠷᠡᠭᠯᠡᠵᠦ᠂ | ᠳᠤᠲᠠᠭᠤᠳᠠᠯ ᠢ ᠨᠥᠬᠦᠪᠦᠷᠢᠯᠡᠨ ᠪᠦᠷᠢᠨᠰᠢᠭᠦᠯᠬᠦ ᠪᠠᠷ ᠪᠠᠷᠠᠬᠤ ᠦᠭᠡᠢ᠂ ᠨᠡᠩ ᠣᠨᠣᠪᠴᠢᠲᠠᠢ ᠪᠣᠯᠭᠠᠨ᠎ᠠ᠃ ᠲᠡᠭᠦᠨ ᠤ | ᠳᠣᠲᠣᠷᠠᠬᠢ ᠬᠤᠷᠴᠠ ᠰᠡᠷᠭᠡᠭ ᠲᠥᠷᠥᠯ ᠵᠦᠢᠯ ᠳᠤ ᠬᠠᠷᠭᠤᠭᠤᠯᠤᠨ ᠵᠥᠪᠰᠢᠶᠡᠷᠡᠭᠦᠯᠬᠦ ᠬᠠᠮᠢᠶᠠᠷᠤᠯᠲᠠ ᠶᠠᠪᠤᠭᠤᠯᠤᠨ᠎ᠠ | ᠃ ᠲᠡᠭᠦᠨ ᠤ ᠳᠣᠲᠣᠷᠠᠬᠢ ᠬᠤᠷᠴᠠ ᠰᠡᠷᠭᠡᠭ ᠪᠤᠰᠤ ᠲᠥᠷᠥᠯ ᠵᠦᠢᠯ ᠳᠤ᠂ ᠳᠤᠮᠳᠠᠳᠤ ᠶᠢᠨ ᠲᠠᠯ᠎ᠠ ᠶᠢᠨ ᠬᠢᠨ ᠤ ᠪᠡᠯᠡ | ᠣᠷᠣᠭᠤᠯᠤᠭᠰᠠᠨ ᠲᠤᠭ᠎ᠠ ᠨᠢ 3 ᠳ᠋ᠦᠩᠰᠢᠭᠤᠷ ᠳ᠋ᠣᠯᠯᠠᠷ ᠵᠢᠴᠢ ᠲᠡᠭᠦᠨ ᠠᠴᠠ ᠳᠣᠷᠣᠭᠰᠢ ᠪᠣᠯ᠂ ᠪᠦᠷᠢᠳᠬᠡᠨ | ᠳᠠᠩᠰᠠᠯᠠᠬᠤ ᠴᠢᠬᠤᠯᠠ ᠦᠭᠡᠢ ᠮᠥᠷᠲᠡᠭᠡᠨ ᠮᠡᠳᠡᠭᠳᠡᠬᠦ ᠴᠢᠬᠤᠯᠠ ᠦᠭᠡᠢ᠃ ᠬᠢᠯᠢ ᠶᠢᠨ ᠳᠣᠲᠣᠨᠠᠬᠢ ᠪᠠᠶᠢᠭᠠᠯᠢᠯᠢᠭ | ᠬᠥᠮᠥᠨ ᠲᠡᠭᠦᠨ ᠤ ᠡᠵᠡᠮᠳᠡᠵᠦ ᠪᠠᠶᠢᠭ᠎ᠠ ᠬᠢᠯᠢ ᠶᠢᠨ ᠭᠠᠳᠠᠨᠠᠬᠢ ᠠᠵᠤ ᠠᠬᠤᠶᠢᠯᠠᠯ ᠢᠶᠠᠷ ᠳᠠᠮᠵᠢᠨ ᠥᠷᠨᠢᠭᠦᠯᠦᠭᠰᠡᠨ | ᠬᠢᠯᠢ ᠶᠢᠨ ᠭᠠᠳᠠᠨᠠᠬᠢ ᠪᠡᠯᠡ ᠣᠷᠤᠯᠠᠭᠤᠯᠤᠯᠲᠠ ᠳᠤ ᠪᠠᠨ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ | ᠬᠤᠶᠠᠷ ᠲᠤ᠂ ᠬᠢᠨᠠᠨ ᠬᠠᠮᠢᠶᠠᠷᠬᠤ ᠪᠠᠭᠠᠵᠢ ᠬᠡᠷᠡᠭᠰᠡᠯ ᠢᠶᠠᠨ ᠰᠢᠨᠡᠴᠢᠯᠡᠵᠦ᠂ ᠬᠠᠮᠵᠢᠯᠴᠠᠭᠰᠠᠨ ᠬᠢᠨᠠᠨ | ᠬᠠᠮᠢᠶᠠᠷᠤᠯᠲᠠ ᠪᠠ ᠪᠦᠬᠦ ᠶᠠᠪᠤᠴᠠ ᠶᠢᠨ ᠬᠢᠨᠠᠨ ᠬᠠᠮᠢᠶᠠᠷᠤᠯᠲᠠ ᠪᠠᠨ ᠥᠭᠡᠷᠡᠴᠢᠯᠡᠨ ᠰᠠᠶᠢᠵᠢᠷᠠᠭᠤᠯᠪᠠ᠃ ᠬᠢᠯᠢ ᠶᠢᠨ | ᠭᠠᠳᠠᠨ᠎ᠠ ᠪᠡᠯᠡ ᠣᠷᠣᠭᠤᠯᠬᠤ ᠶᠢ ᠬᠢᠨᠠᠨ ᠬᠠᠮᠢᠶᠠᠷᠬᠤ ᠪᠠᠭᠤᠷᠠᠢ ᠭᠤᠭᠴᠤᠭ᠎ᠠ ᠳᠤ ᠬᠠᠨᠳᠤᠭᠤᠯᠤᠨ᠂ ᠰᠢᠨ᠎ᠡ | ᠠᠷᠭ᠎ᠠ ᠳᠤ ᠬᠠᠮᠵᠢᠯᠴᠠᠵᠤ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠵᠤ᠂ ᠰᠦᠯᠵᠢᠶ᠎ᠡ ᠪᠠᠷ ᠬᠢᠨᠠᠨ ᠬᠡᠮᠵᠢᠬᠦ᠂ | ᠪᠣᠯᠵᠣᠨ ᠶᠠᠷᠢᠯᠴᠠᠬᠤ ᠪᠠ ᠵᠠᠬᠢᠳᠠᠯ ᠢᠶᠠᠷ ᠠᠰᠠᠭᠤᠬᠤ᠂ ᠰᠤᠭᠤᠴᠢᠨ ᠪᠠᠶᠢᠴᠠᠭᠠᠵᠤ ᠬᠠᠷᠭᠤᠭᠤᠯᠤᠨ ᠨᠤᠲᠠᠯᠠᠬᠤ ᠵᠡᠷᠭᠡ | ᠠᠷᠭ᠎ᠠ ᠬᠡᠯᠪᠡᠷᠢ ᠪᠠᠷ ᠳᠠᠮᠵᠢᠨ ᠬᠢᠯᠢ ᠶᠢᠨ ᠭᠠᠳᠠᠨᠠᠬᠢ ᠪᠡᠯᠡ ᠣᠷᠤᠯᠠᠭᠤᠯᠤᠯᠲᠠ ᠳᠤ ᠬᠢᠨᠠᠯᠲᠠ ᠪᠠᠶᠢᠴᠠᠭᠠᠯᠲᠠ ᠬᠢᠬᠦ ᠶᠢ | ᠳᠤᠷᠠᠳᠤᠨ ᠭᠠᠷᠭᠠᠪᠠ᠃ ᠡᠭᠦᠨ ᠤ ᠬᠠᠮᠲᠤ᠂ ᠰᠢᠨ᠎ᠡ ᠠᠷᠭ᠎ᠠ ᠨᠢ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠠᠯ ᠤᠨ | ᠮᠡᠳᠡᠭᠦᠯᠦᠯᠲᠡ᠂ ᠴᠢᠬᠤᠯᠠ ᠶᠡᠭᠡ ᠠᠰᠢᠭ ᠦᠭᠡᠢ ᠪᠠᠶᠢᠳᠠᠯ ᠤᠨ ᠮᠡᠳᠡᠭᠦᠯᠦᠯᠲᠡ᠂ ᠬᠦᠨᠳᠦ ᠴᠢᠬᠤᠯᠠ ᠠᠵᠢᠯ | ᠬᠡᠷᠡᠭ ᠤᠨ ᠠᠰᠠᠭᠤᠨ ᠯᠠᠪᠯᠠᠯᠲᠠ ᠪᠠ ᠮᠡᠳᠡᠭᠦᠯᠦᠯᠲᠡ ᠵᠡᠷᠭᠡ ᠳᠦᠷᠢᠮ ᠢ ᠲᠠᠲᠠᠨ ᠣᠷᠣᠭᠤᠯᠵᠤ᠂ ᠬᠢᠯᠢ ᠶᠢᠨ ᠭᠠᠳᠠᠨ᠎ᠠ | ᠪᠡᠯᠡ ᠣᠷᠣᠭᠤᠯᠬᠤ ᠪᠦᠬᠦ ᠶᠠᠪᠤᠴᠠ ᠳᠠᠬᠢ ᠬᠢᠨᠠᠨ ᠬᠠᠮᠢᠶᠠᠷᠤᠯᠲᠠ ᠪᠠᠨ ᠥᠭᠡᠷᠡᠴᠢᠯᠡᠨ ᠰᠠᠶᠢᠵᠢᠷᠠᠭᠤᠯᠬᠤ ᠪᠠᠷ ᠳᠠᠮᠵᠢᠨ᠂ | ᠤᠯᠤᠰ ᠤᠨ ᠠᠰᠢᠭ ᠲᠤᠰᠠ ᠪᠠ ᠤᠯᠤᠰ ᠤᠨ ᠠᠮᠤᠷ ᠲᠦᠪᠰᠢᠨ ᠢ ᠨᠡᠩ ᠰᠠᠶᠢᠲᠤᠷ ᠬᠠᠮᠠᠭᠠᠯᠠᠵᠤ ᠪᠠᠶᠢᠨ᠎ᠠ᠃ | ᠭᠤᠷᠪᠠ ᠳᠤ᠂ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠬᠢᠯᠢ ᠶᠢᠨ ᠭᠠᠳᠠᠨ᠎ᠠ | ᠪᠡᠯᠡ ᠣᠷᠣᠭᠤᠯᠬᠤ ᠳᠤ ᠬᠠᠤᠯᠢ ᠴᠠᠭᠠᠵᠠ ᠲᠣᠭᠲᠠᠭᠠᠯ ᠢ ᠵᠥᠷᠢᠴᠡᠭᠰᠡᠨ ᠲᠡᠮᠳᠡᠭᠯᠡᠯ ᠢ ᠪᠠᠶᠢᠭᠤᠯᠪᠠ᠃ ᠮᠠᠭᠤ | ᠰᠠᠨᠠᠭᠠᠯᠠᠵᠤ ᠰᠠᠯᠭᠠᠨ ᠵᠠᠳᠠᠯᠬᠤ᠂ ᠬᠤᠳᠠᠯ ᠬᠠᠭᠤᠷᠮᠠᠭ ᠢᠶᠠᠷ ᠭᠤᠶᠤᠴᠢᠯᠠᠨ ᠮᠡᠳᠡᠭᠦᠯᠬᠦ᠂ ᠰᠢᠳᠤᠷᠭᠤ ᠪᠤᠰᠤ ᠠᠷᠭ᠎ᠠ | ᠪᠠᠷᠢᠯ ᠢᠶᠠᠷ ᠳᠠᠮᠵᠢᠭᠤᠯᠤᠨ ᠬᠠᠷᠭᠤᠭᠤᠯᠤᠨ ᠵᠥᠪᠰᠢᠶᠡᠷᠡᠭᠦᠯᠦᠭᠰᠡᠨ ᠪᠢᠴᠢᠭ ᠮᠠᠲ᠋ᠧᠷᠢᠶᠠᠯ ᠪᠤᠶᠤ ᠪᠦᠷᠢᠳᠬᠡᠨ | ᠳᠠᠩᠰᠠᠯᠠᠭᠤᠯᠤᠭᠰᠠᠨ ᠮᠡᠳᠡᠭᠳᠡᠯ ᠢ ᠣᠯᠬᠤ᠂ ᠲᠥᠷᠥᠯ ᠵᠦᠢᠯ ᠢ ᠳᠤᠷ᠎ᠠ ᠪᠠᠷ ᠢᠶᠠᠨ ᠬᠡᠷᠡᠭᠵᠢᠭᠦᠯᠬᠦ᠂ ᠲᠣᠭᠲᠠᠭᠠᠯ | ᠶᠣᠰᠣᠭᠠᠷ ᠬᠤᠪᠢᠷᠠᠭᠤᠯᠤᠯᠲᠠ ᠶᠢ ᠭᠦᠢᠴᠡᠳᠬᠡᠬᠦ ᠦᠭᠡᠢ᠂ ᠮᠡᠳᠡᠭᠦᠯᠪᠡᠰᠦ ᠵᠣᠬᠢᠬᠤ ᠵᠦᠢᠯ ᠢ ᠮᠡᠳᠡᠭᠦᠯᠦᠭᠰᠡᠨ ᠦᠭᠡᠢ᠂ | ᠰᠢᠳᠤᠷᠭᠤ ᠪᠤᠰᠤ ᠪᠠᠷ ᠥᠷᠢᠰᠦᠯᠳᠦᠬᠦ᠂ ᠤᠯᠤᠰ ᠤᠨ ᠠᠰᠢᠭ ᠲᠤᠰᠠ ᠪᠠ ᠤᠯᠤᠰ ᠤᠨ ᠠᠮᠤᠷ ᠲᠦᠪᠰᠢᠨ ᠢ | ᠰᠦᠷᠳᠡᠭᠦᠯᠬᠦ ᠪᠤᠶᠤ ᠬᠤᠬᠢᠷᠠᠭᠤᠯᠬᠤ᠂ ᠲᠣᠭᠲᠠᠭᠠᠯ ᠢ ᠵᠥᠷᠢᠴᠡᠨ ᠪᠡᠯᠡ ᠲᠣᠬᠢᠷᠠᠭᠤᠯᠤᠯᠲᠠ ᠬᠠᠩᠭᠠᠬᠤ ᠵᠡᠷᠭᠡ ᠬᠠᠤᠯᠢ | ᠴᠠᠭᠠᠵᠠ ᠲᠣᠭᠲᠠᠭᠠᠯ ᠢ ᠵᠥᠷᠢᠴᠡᠭᠰᠡᠨ ᠠᠵᠢᠯᠯᠠᠭ᠎ᠠ ᠳᠤ ᠬᠠᠨᠳᠤᠭᠤᠯᠤᠨ᠂ ᠰᠢᠨ᠎ᠡ ᠠᠷᠭ᠎ᠠ ᠳᠤ ᠵᠠᠯᠬᠠᠭᠠᠨ | ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠵᠠᠯᠬᠠᠭᠠᠨ ᠴᠡᠭᠡᠷᠯᠡᠭᠦᠯᠬᠦ ᠡᠷᠴᠢᠮ ᠢ ᠴᠢᠩᠭᠠᠷᠠᠭᠤᠯᠪᠠ᠃ | ᠡᠭᠦᠨ ᠤ ᠬᠠᠮᠲᠤ᠂ ᠰᠢᠨ᠎ᠡ ᠠᠷᠭ᠎ᠠ ᠳᠤ ᠬᠢᠯᠢ ᠶᠢᠨ ᠭᠠᠳᠠᠨ᠎ᠠ ᠪᠡᠯᠡ ᠣᠷᠣᠭᠤᠯᠬᠤ ᠳᠤ ᠬᠠᠤᠯᠢ ᠴᠠᠭᠠᠵᠠ ᠢ | ᠵᠥᠷᠢᠴᠡᠵᠦ ᠲᠣᠭᠲᠠᠭᠠᠯ ᠢ ᠵᠥᠷᠢᠴᠡᠭᠰᠡᠨ ᠠᠵᠢᠯᠯᠠᠭ᠎ᠠ ᠶᠢᠨ ᠲᠡᠮᠳᠡᠭᠯᠡᠯ ᠢ ᠪᠠᠶᠢᠭᠤᠯᠵᠤ ᠬᠠᠮᠲᠤᠷᠠᠨ ᠵᠠᠯᠬᠠᠭᠠᠨ | ᠴᠡᠭᠡᠷᠯᠡᠭᠦᠯᠬᠦ ᠪᠠᠷ ᠳᠤᠷᠠᠳᠴᠠᠢ᠃᠂ | ᠬᠢᠨᠠᠨ ᠬᠠᠮᠢᠶᠠᠷᠤᠯᠲᠠ ᠪᠣᠯ ᠠᠷᠭ᠎ᠠ ᠪᠠᠷᠢᠯ᠂ ᠬᠥᠭᠵᠢᠯᠲᠡ ᠪᠣᠯ ᠬᠠᠷᠠᠯᠲᠠ ᠪᠣᠯᠣᠨ᠎ᠠ᠃ ᠰᠢᠨ᠎ᠡ ᠠᠷᠭ᠎ᠠ ᠳᠤ | ᠠᠵᠢᠯ ᠤᠨ ᠳᠤᠮᠳᠠᠬᠢ ᠠᠵᠢᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠥᠭᠡᠷᠡᠴᠢᠯᠡᠨ ᠰᠠᠶᠢᠵᠢᠷᠠᠭᠤᠯᠤᠭᠰᠠᠨ ᠨᠢ᠂ | ᠬᠢᠯᠢ ᠶᠢᠨ ᠭᠠᠳᠠᠨ᠎ᠠ ᠪᠡᠯᠡ ᠣᠷᠣᠭᠤᠯᠬᠤ ᠶᠢ ᠦᠷᠭᠦᠯᠵᠢᠯᠡᠨ ᠡᠷᠡᠭᠦᠯ ᠢᠶᠠᠷ ᠬᠥᠭᠵᠢᠭᠦᠯᠬᠦ ᠶᠢᠨ ᠲᠥᠯᠥᠭᠡ ᠪᠠᠶᠢᠵᠤ᠂ | ᠤᠯᠤᠰ ᠤᠨ ᠠᠰᠢᠭ ᠲᠤᠰᠠ ᠪᠠ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ ᠶᠤᠮ᠃ | ᠵᠢᠱᠢᠶᠡᠯᠡᠪᠡᠯ᠂ ᠴᠢᠬᠤᠯᠠ ᠶᠡᠭᠡ ᠠᠰᠢᠭ ᠦᠭᠡᠢ ᠪᠠᠶᠢᠳᠠᠯ ᠤᠨ ᠮᠡᠳᠡᠭᠦᠯᠦᠯᠲᠡ ᠶᠢᠨ ᠳᠦᠷᠢᠮ ᠢ ᠲᠠᠲᠠᠨ | ᠣᠷᠣᠭᠤᠯᠤᠭᠰᠠᠨ ᠭᠤᠣᠯ ᠪᠣᠯᠬᠤ ᠲᠥᠷᠥ ᠶᠢᠨ ᠪᠣᠳᠣᠯᠭ᠎ᠠ ᠶᠢᠨ ᠵᠣᠷᠢᠯᠲᠠ ᠨᠢ ᠬᠤᠯᠪᠣᠭᠳᠠᠯ ᠪᠦᠬᠦᠢ ᠠᠵᠤ | ᠠᠬᠤᠶᠢᠯᠠᠯ ᠠᠴᠠ ᠬᠠᠷᠢᠭᠤᠴᠠᠯᠭ᠎ᠠ ᠨᠡᠬᠡᠮᠵᠢᠯᠡᠬᠦ ᠭᠡᠰᠡᠨ ᠪᠢᠰᠢ᠂ ᠬᠠᠷᠢᠨ ᠴᠠᠭ ᠲᠤᠬᠠᠢ ᠳᠤᠨᠢ ᠬᠤᠯᠪᠣᠭᠳᠠᠯ ᠪᠦᠬᠦᠢ | ᠮᠡᠳᠡᠭᠡ ᠵᠠᠩᠭᠢ ᠶᠢ ᠣᠯᠵᠤ᠂ ᠴᠠᠭ ᠲᠤᠬᠠᠢ ᠳᠤ ᠨᠢ ᠠᠷᠭᠠᠴᠠᠭᠠᠬᠤ ᠠᠷᠭ᠎ᠠ ᠬᠡᠮᠵᠢᠶ᠎ᠡ ᠠᠪᠤᠭᠤᠯᠵᠤ᠂ ᠡᠭᠦᠨ ᠢᠶᠠᠷ | ᠳᠠᠮᠵᠢᠨ ᠵᠠᠰᠠᠭ ᠠᠵᠤ ᠠᠬᠤᠶᠢᠯᠠᠯ ᠬᠠᠮᠵᠢᠯᠴᠠᠨ ᠬᠤᠯᠪᠣᠭᠳᠠᠯ ᠪᠦᠬᠦᠢ ᠠᠰᠢᠭ ᠦᠭᠡᠢ ᠪᠠᠶᠢᠳᠠᠯ ᠤᠨ ᠤᠯᠤᠰ ᠤᠨ | ᠠᠰᠢᠭ ᠲᠤᠰᠠ ᠪᠠ ᠤᠯᠤᠰ ᠤᠨ ᠠᠮᠤᠷ ᠲᠦᠪᠰᠢᠨ ᠳᠠᠬᠢ ᠨᠥᠯᠥᠭᠡ ᠶᠢ ᠬᠠᠮᠤᠭ ᠤᠨ ᠳᠣᠣᠷ᠎ᠠ ᠬᠡᠮᠵᠢᠶᠡᠨ ᠳᠤ | ᠬᠦᠷᠲᠡᠯ᠎ᠡ ᠪᠠᠭᠠᠰᠬᠠᠬᠤ ᠶᠢᠨ ᠲᠥᠯᠥᠭᠡ ᠶᠤᠮ᠃ ᠬᠢᠨᠠᠯᠲᠠ ᠬᠠᠮᠢᠶᠠᠷᠤᠯᠲᠠ ᠶᠢᠨ ᠨᠡᠩ ᠣᠨᠣᠪᠴᠢᠲᠠᠢ ᠮᠥᠷᠲᠡᠭᠡᠨ | ᠪᠦᠲᠦᠮᠵᠢᠲᠡᠢ ᠪᠣᠯᠬᠤ ᠶᠢ ᠳᠠᠭᠠᠯᠳᠤᠨ᠂ ᠵᠠᠬ᠎ᠠ ᠳᠡᠯᠭᠡᠭᠦᠷ ᠤᠨ ᠡᠬᠢ ᠪᠠᠶᠠᠯᠢᠭ ᠤᠨ ᠲᠣᠬᠢᠷᠠᠭᠤᠯᠤᠯᠲᠠ ᠳᠤᠮᠳᠠᠬᠢ | ᠰᠢᠢᠳᠪᠦᠷᠢᠯᠡᠬᠦ ᠴᠢᠨᠠᠷᠲᠠᠢ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠦᠨᠡᠨ ᠪᠣᠳᠠᠲᠠᠢ ᠮᠥᠷᠲᠡᠭᠡᠨ | ᠲᠣᠭᠲᠠᠭᠠᠯ ᠳᠤ ᠨᠡᠶᠢᠴᠡᠭᠰᠡᠨ ᠬᠢᠯᠢ ᠶᠢᠨ ᠭᠠᠳᠠᠨᠠᠬᠢ ᠪᠡᠯᠡ ᠣᠷᠤᠯᠠᠭᠤᠯᠤᠯᠲᠠ ᠨᠢ ᠲᠡᠭᠦᠨ ᠤ ᠳᠤᠮᠳᠠ ᠠᠴᠠ ᠠᠰᠢᠭ | ᠣᠯᠵᠠᠪᠤᠷᠢ ᠣᠯᠬᠤ ᠪᠣᠯᠣᠨ᠎ᠠ᠃ | ᠠᠰᠠᠭᠤᠯᠲᠠ᠄ ᠠᠵᠤ ᠠᠬᠤᠶᠢᠯᠠᠯ ᠤᠨ ᠬᠢᠯᠢ ᠶᠢᠨ ᠭᠠᠳᠠᠨᠠᠬᠢ ᠪᠡᠯᠡ ᠣᠷᠤᠯᠠᠭᠤᠯᠤᠯᠲᠠ ᠳᠤ ᠦᠢᠯᠡᠴᠢᠯᠡᠬᠦ | ᠲᠠᠯ᠎ᠠ ᠪᠠᠷ᠂ ᠰᠢᠨ᠎ᠡ ᠠᠷᠭ᠎ᠠ ᠨᠢ ᠶᠠᠮᠠᠷ ᠶᠠᠮᠠᠷ ᠥᠭᠡᠷᠡᠴᠢᠯᠡᠯᠲᠡ ᠬᠢᠭᠰᠡᠨ ᠪᠣᠢ︖ | ᠬᠠᠷᠢᠭᠤᠯᠲᠠ᠄ ᠰᠢᠨ᠎ᠡ ᠠᠷᠭ᠎ᠠ ᠳᠤ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠲᠣᠪᠣᠶᠢᠯᠭᠠᠵᠤ᠂ ᠬᠤᠶᠠᠷ | ᠵᠦᠢᠯ ᠤᠨ ᠦᠨᠡᠨ ᠪᠣᠳᠠᠲᠠᠢ ᠥᠭᠡᠷᠡᠴᠢᠯᠡᠯᠲᠡ ᠶᠢ ᠶᠠᠪᠤᠭᠤᠯᠵᠤ᠂ ᠠᠵᠤ ᠠᠬᠤᠶᠢᠯᠠᠯ ᠤᠨ ᠬᠢᠯᠢ ᠶᠢᠨ ᠭᠠᠳᠠᠨᠠᠬᠢ ᠪᠡᠯᠡ | ᠣᠷᠤᠯᠠᠭᠤᠯᠤᠯᠲᠠ ᠳᠤ ᠤᠯᠠᠮ ᠨᠢᠭᠡ ᠠᠯᠬᠤᠮ ᠦᠢᠯᠡᠴᠢᠯᠡᠪᠡ᠃ | ᠨᠢᠭᠡ ᠳᠤ᠂ ᠦᠢᠯᠡᠴᠢᠯᠡᠬᠦ ᠠᠭᠤᠯᠭ᠎ᠠ ᠶᠢ ᠲᠡᠭᠦᠯᠳᠡᠷᠵᠢᠭᠦᠯᠪᠡ᠃ ᠰᠢᠨ᠎ᠡ ᠠᠷᠭ᠎ᠠ ᠳᠤ ᠪᠡᠯᠡ ᠣᠷᠣᠭᠤᠯᠬᠤ | ᠭᠤᠣᠯ ᠴᠣᠭᠴᠠ ᠶᠢᠨ ᠲᠥᠷᠥ ᠶᠢᠨ ᠪᠣᠳᠣᠯᠭ᠎ᠠ ᠪᠠ ᠮᠡᠳᠡᠭᠡ ᠵᠠᠩᠭᠢ ᠶᠢ ᠠᠰᠠᠭᠤᠨ ᠯᠠᠪᠯᠠᠬᠤ᠂ ᠪᠠᠶᠢᠳᠠᠯ ᠪᠠ | ᠠᠰᠠᠭᠤᠳᠠᠯ ᠢ ᠲᠤᠰᠬᠠᠬᠤ᠂ ᠰᠠᠨᠠᠯ ᠰᠠᠨᠠᠭᠤᠯᠭ᠎ᠠ ᠳᠤᠷᠠᠳᠴᠤ ᠪᠣᠯᠬᠤ ᠶᠢ ᠳᠤᠷᠠᠳᠤᠨ ᠭᠠᠷᠭᠠᠵᠠᠢ᠃ ᠡᠭᠦᠨ ᠤ ᠬᠠᠮᠲᠤ᠂ | ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠢᠨ ᠬᠢᠯᠢ ᠶᠢᠨ ᠭᠠᠳᠠᠨ᠎ᠠ ᠪᠡᠯᠡ ᠣᠷᠣᠭᠤᠯᠬᠤ | ᠮᠡᠳᠡᠭᠡ ᠵᠠᠩᠭᠢ ᠶᠢ ᠨᠡᠶᠢᠲᠡᠯᠡᠬᠦ᠂ ᠪᠡᠯᠡ ᠣᠷᠣᠭᠤᠯᠤᠨ ᠬᠠᠮᠲᠤᠷᠠᠯᠴᠠᠬᠤ ᠲᠣᠭᠲᠠᠴᠠ ᠶᠢ ᠪᠠᠶᠢᠭᠤᠯᠬᠤ ᠪᠠ | ᠭᠠᠳᠠᠭᠠᠳᠤ ᠶᠢᠨ ᠠᠰᠢᠭ ᠲᠤᠰᠠ ᠶᠢ ᠬᠠᠮᠠᠭᠠᠯᠠᠬᠤ ᠶᠢ ᠠᠬᠢᠭᠤᠯᠬᠤ ᠵᠡᠷᠭᠡ ᠲᠠᠯ᠎ᠠ ᠶᠢᠨ ᠭᠤᠣᠯ ᠡᠭᠦᠷᠭᠡ ᠶᠢ | ᠲᠣᠳᠣᠷᠬᠠᠶᠢᠯᠠᠵᠤ᠂ ᠦᠨᠡᠨ ᠪᠣᠳᠠᠲᠠᠢ ᠥᠷᠨᠢᠭᠦᠯᠦᠭᠰᠡᠨ ᠪᠡᠯᠡ ᠣᠷᠣᠭᠤᠯᠤᠨ ᠠᠬᠢᠭᠤᠯᠬᠤ ᠪᠠ ᠦᠢᠯᠡᠴᠢᠯᠡᠨ | ᠪᠠᠲᠤᠯᠠᠬᠤ ᠨᠢᠭᠡ ᠪᠦᠯᠦᠭ ᠠᠵᠢᠯ ᠢ ᠳᠦᠷᠢᠮᠵᠢᠭᠦᠯᠦᠯᠲᠡ ᠶᠢᠨ ᠵᠠᠮ ᠳᠤ ᠣᠷᠣᠭᠤᠯᠤᠨ᠎ᠠ᠃ ᠵᠢᠱᠢᠶᠡᠯᠡᠪᠡᠯ᠂ | ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠣᠶᠢᠷ᠎ᠠ ᠳᠤ ᠨᠡᠶᠢᠲᠡᠯᠡᠭᠰᠡᠨ ︽ᠳᠤᠮᠳᠠᠳᠤ | ᠤᠯᠤᠰ ᠤᠨ ᠭᠠᠳᠠᠭᠠᠳᠤ ᠳᠤ ᠪᠡᠯᠡ ᠣᠷᠣᠭᠤᠯᠬᠤ ᠮᠡᠳᠡᠭᠦᠯᠦᠯᠲᠡ︾ ᠳᠤ᠂ ᠮᠠᠨ ᠤ ᠤᠯᠤᠰ ᠤᠨ ᠬᠢᠯᠢ ᠶᠢᠨ ᠭᠠᠳᠠᠨ᠎ᠠ | ᠪᠡᠯᠡ ᠣᠷᠣᠭᠤᠯᠤᠭᠰᠠᠨ ᠬᠥᠭᠵᠢᠯᠲᠡ ᠶᠢᠨ ᠠᠮᠵᠢᠯᠲᠠ ᠪᠦᠲᠦᠮᠵᠢ᠂ ᠬᠠᠮᠢᠶᠠᠷᠤᠯᠲᠠ ᠶᠢᠨ ᠪᠦᠲᠦᠴᠡ ᠪᠠ ᠲᠥᠷᠥ ᠶᠢᠨ | ᠪᠣᠳᠣᠯᠭ᠎ᠠ ᠶᠢᠨ ᠤᠳᠤᠷᠢᠳᠤᠮᠵᠢ ᠶᠢ ᠰᠠᠨᠠᠭᠠᠴᠢᠯᠠᠭ᠎ᠠ ᠲᠠᠢ ᠪᠠᠷ ᠤᠬᠠᠭᠤᠯᠤᠨ ᠲᠠᠨᠢᠯᠴᠠᠭᠤᠯᠤᠭᠰᠠᠨ ᠨᠢ᠂ ᠭᠠᠳᠠᠭᠠᠳᠤ | ᠶᠢᠷᠲᠢᠨᠴᠦ ᠶᠢᠨ ᠬᠢᠨ ᠳᠤᠮᠳᠠᠳᠤ ᠤᠯᠤᠰ ᠤᠨ ᠭᠠᠳᠠᠭᠠᠳᠤ ᠳᠤ ᠪᠡᠯᠡ ᠣᠷᠣᠭᠤᠯᠬᠤ ᠶᠢ ᠪᠦᠬᠦ ᠲᠠᠯ᠎ᠠ ᠪᠠᠷ | ᠣᠶᠢᠯᠠᠭᠠᠬᠤ ᠳᠤ ᠳᠥᠭᠦᠮ ᠦᠵᠡᠭᠦᠯᠪᠡ᠃ ᠪᠠᠰᠠ ᠵᠢᠱᠢᠶᠡᠯᠡᠪᠡᠯ᠂ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠤᠨ ᠬᠢᠨ ᠣᠶᠢᠷ᠎ᠠ ᠶᠢᠨ ᠵᠢᠯ ᠳᠤ ᠳᠡᠯᠡᠬᠡᠢ ᠶᠢᠨ ᠨᠡᠯᠢᠶᠡᠳ ᠣᠯᠠᠨ ᠤᠯᠤᠰ ᠲᠠᠢ | ᠬᠤᠣᠰ ᠣᠯᠠᠨ ᠲᠠᠯ᠎ᠠ ᠪᠠ ᠭᠤᠷᠪᠠᠳᠠᠭᠴᠢ ᠲᠠᠯ᠎ᠠ ᠶᠢᠨ ᠪᠡᠯᠡ ᠣᠷᠣᠭᠤᠯᠤᠨ ᠬᠠᠮᠲᠤᠷᠠᠯᠴᠠᠬᠤ ᠲᠣᠭᠲᠠᠴᠠ ᠶᠢ | ᠪᠠᠶᠢᠭᠤᠯᠵᠤ᠂ ᠬᠤᠯᠪᠣᠭᠳᠠᠯ ᠪᠦᠬᠦᠢ ᠤᠯᠤᠰ ᠠᠴᠠ ᠳᠤᠮᠳᠠᠳᠤ ᠤᠯᠤᠰ ᠤᠨ ᠠᠵᠤ ᠠᠬᠤᠶᠢᠯᠠᠯ ᠳᠤ ᠡᠷᠬᠡ ᠲᠡᠭᠰᠢ | ᠣᠷᠴᠢᠨ ᠲᠣᠭᠤᠷᠢᠨ ᠢ ᠬᠠᠩᠭᠠᠬᠤ ᠶᠢ ᠠᠬᠢᠭᠤᠯᠵᠤ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ︽ᠠᠯᠬᠤᠨ | ᠭᠠᠷᠬᠤ︾ ᠳᠤ ᠵᠠᠮ ᠳᠡᠪᠢᠰᠦᠨ ᠬᠥᠭᠦᠷᠭᠡ ᠲᠠᠯᠪᠢᠵᠤ ᠥᠭᠭᠦᠭᠰᠡᠨ ᠪᠠᠶᠢᠨ᠎ᠠ᠃ | ᠬᠤᠶᠠᠷ ᠲᠤ᠂ ᠰᠦᠯᠵᠢᠶ᠎ᠡ ᠪᠠᠷ ᠭᠦᠢᠴᠡᠳᠬᠡᠬᠦ ᠶᠢ ᠬᠡᠷᠡᠭᠵᠢᠭᠦᠯᠪᠡ᠃ ᠰᠢᠨ᠎ᠡ ᠠᠷᠭ᠎ᠠ ᠳᠤ ᠬᠢᠯᠢ ᠶᠢᠨ ᠭᠠᠳᠠᠨ᠎ᠠ | ᠪᠡᠯᠡ ᠣᠷᠣᠭᠤᠯᠬᠤ ᠶᠢ ᠬᠠᠮᠢᠶᠠᠷᠬᠤ ᠪᠠ ᠦᠢᠯᠡᠴᠢᠯᠡᠬᠦ ᠰᠦᠯᠵᠢᠶᠡᠨ ᠤ ᠰᠢᠰᠲ᠋ᠧᠮ ︵︽ᠰᠦᠯᠵᠢᠶᠡᠨ ᠤ ᠰᠢᠰᠲ᠋ᠧᠮ︾ | ᠭᠡᠵᠦ ᠲᠣᠪᠴᠢᠯᠠᠨ᠎ᠠ︶ ᠢ ᠪᠠᠶᠢᠭᠤᠯᠬᠤ ᠢᠶᠠᠷ ᠳᠤᠷᠠᠳᠴᠠᠢ᠃ ᠣᠳᠣᠬᠠᠨ ᠳᠤ᠂ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠤᠨ ᠬᠢᠨ ᠶᠠᠭ ᠰᠠᠶᠢᠬᠠᠨ ᠤᠤᠯ ᠤᠨ ᠪᠦᠷᠢᠳᠬᠡᠨ ᠳᠠᠩᠰᠠᠯᠠᠬᠤ ᠰᠢᠰᠲ᠋ᠧᠮ ᠤᠨ | ᠰᠠᠭᠤᠷᠢᠨ ᠳᠡᠭᠡᠷ᠎ᠡ ᠰᠦᠯᠵᠢᠶᠡᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ ᠪᠠᠶᠢᠨ᠎ᠠ᠃ ᠰᠢᠨ᠎ᠡ ᠠᠷᠭ᠎ᠠ ᠶᠢ | ᠬᠡᠷᠡᠭᠵᠢᠭᠦᠯᠦᠭᠰᠡᠨ ᠤ ᠳᠠᠷᠠᠭ᠎ᠠ᠂ ᠵᠣᠩᠬᠢᠯᠠᠬᠤ ᠣᠯᠠᠨ ᠲᠣᠭᠠᠨ ᠤ ᠬᠢᠯᠢ ᠶᠢᠨ ᠭᠠᠳᠠᠨ᠎ᠠ ᠪᠡᠯᠡ ᠣᠷᠣᠭᠤᠯᠬᠤ | ᠬᠠᠮᠢᠶᠠᠷᠤᠯᠲᠠ ᠶᠢᠨ ᠭᠤᠭᠴᠤᠭ᠎ᠠ ︵ᠵᠢᠱᠢᠶᠡᠯᠡᠪᠡᠯ ᠬᠤᠷᠸ᠎ᠠ ᠵᠢᠯᠣᠭᠤᠳᠤᠯᠭ᠎ᠠ᠂ ᠮᠡᠳᠡᠭᠡ ᠵᠠᠩᠭᠢ ᠶᠢᠨ ᠦᠢᠯᠡᠴᠢᠯᠡᠭᠡ᠂ | ᠬᠠᠷᠭᠤᠭᠤᠯᠤᠨ ᠵᠥᠪᠰᠢᠶᠡᠷᠡᠭᠦᠯᠵᠦ ᠪᠦᠷᠢᠳᠬᠡᠨ ᠳᠠᠩᠰᠠᠯᠠᠭᠤᠯᠬᠤ᠂ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ᠂ | ᠬᠠᠮᠲᠤᠷᠠᠨ ᠵᠠᠯᠬᠠᠭᠠᠨ ᠴᠡᠭᠡᠷᠯᠡᠭᠦᠯᠬᠦ ᠵᠡᠷᠭᠡ︶ ᠶᠢ ᠪᠦᠷ ᠰᠦᠯᠵᠢᠶᠡᠨ ᠤ ᠰᠢᠰᠲ᠋ᠧᠮ ᠢᠶᠠᠷ ᠳᠠᠮᠵᠢᠨ ᠭᠦᠢᠴᠡᠳᠬᠡᠵᠦ᠂ | ᠡᠭᠦᠨ ᠤ ᠤᠯᠠᠮ ᠠᠴᠠ ᠬᠠᠮᠢᠶᠠᠷᠤᠯᠲᠠ ᠶᠢᠨ ᠦᠷ᠎ᠡ ᠪᠦᠲᠦᠮᠵᠢ ᠪᠠ ᠦᠢᠯᠡᠴᠢᠯᠡᠭᠡ ᠶᠢᠨ ᠶᠠᠰᠤ ᠴᠢᠨᠠᠷ ᠢ | ᠳᠡᠭᠡᠭᠰᠢᠯᠡᠭᠦᠯᠦᠨ᠎ᠡ᠃ | ᠦᠢᠯᠡᠴᠢᠯᠡᠭᠡ ᠪᠠᠷ ᠳᠠᠮᠵᠢᠨ ᠬᠠᠮᠢᠶᠠᠷᠴᠤ᠂ ᠦᠢᠯᠡᠴᠢᠯᠡᠭᠡ ᠪᠠᠷ ᠬᠠᠮᠢᠶᠠᠷᠤᠯᠲᠠ ᠶᠢ ᠠᠬᠢᠭᠤᠯᠬᠤ ᠪᠣᠯ ᠰᠢᠨ᠎ᠡ | ᠠᠷᠭ᠎ᠠ ᠶᠢᠨ ᠴᠢᠬᠤᠯᠠ ᠣᠨᠴᠠᠯᠢᠭ ᠪᠣᠯᠣᠨ᠎ᠠ᠃ ᠵᠢᠱᠢᠶᠡᠯᠡᠪᠡᠯ᠂ ᠰᠢᠨ᠎ᠡ ᠠᠷᠭ᠎ᠠ ᠳᠤ᠂ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠤᠨ ᠬᠢᠨ ᠪᠡᠯᠡ ᠣᠷᠣᠭᠤᠯᠬᠤ ᠭᠤᠣᠯ ᠴᠣᠭᠴᠠ ᠪᠤᠶᠤ ᠠᠰᠢᠭ ᠲᠤᠰᠠ ᠶᠢᠨ ᠬᠠᠮᠢᠶ᠎ᠠ | ᠪᠦᠬᠦᠢ ᠲᠠᠯ᠎ᠠ ᠳᠤ ᠠᠶᠤᠯ ᠲᠦᠭᠰᠢᠭᠦᠷᠢ ᠶᠢᠨ ᠰᠠᠨᠠᠭᠤᠯᠤᠮᠵᠢ ᠭᠠᠷᠭᠠᠵᠤ᠂ ᠪᠡᠯᠡ ᠣᠷᠣᠭᠤᠯᠬᠤ ᠭᠤᠣᠯ ᠴᠣᠭᠴᠠ | ᠪᠤᠶᠤ ᠠᠰᠢᠭ ᠲᠤᠰᠠ ᠶᠢᠨ ᠬᠠᠮᠢᠶ᠎ᠠ ᠪᠦᠬᠦᠢ ᠲᠠᠯ᠎ᠠ ᠳᠤ ᠯᠠᠪᠯᠠᠯᠲᠠ ᠬᠠᠩᠭᠠᠵᠤ ᠪᠣᠯᠣᠨ᠎ᠠ᠃ ᠠᠶᠤᠯ ᠲᠦᠭᠰᠢᠭᠦᠷᠢ ᠶᠢᠨ | ᠰᠠᠨᠠᠭᠤᠯᠤᠮᠵᠢ ᠳᠤ ᠬᠡᠳᠦᠶᠢᠪᠡᠷ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠬᠦᠴᠦᠨ ᠪᠠᠶᠢᠬᠤ ᠦᠭᠡᠢ ᠪᠣᠯᠪᠠᠴᠤ᠂ ᠮᠡᠳᠡᠭᠡ | ᠵᠠᠩᠭᠢ ᠶᠢᠨ ᠦᠢᠯᠡᠴᠢᠯᠡᠭᠡ ᠪᠣᠯᠭᠠᠵᠤ ᠪᠣᠯᠬᠤ ᠪᠠᠷ ᠪᠠᠷᠠᠬᠤ ᠦᠭᠡᠢ᠂ ᠬᠠᠮᠢᠶᠠᠷᠤᠯᠲᠠ ᠶᠢᠨ ᠪᠠᠭᠠᠵᠢ ᠪᠣᠯᠭᠠᠵᠤ ᠪᠣᠯᠣᠨ᠎ᠠ | ᠃ ᠳᠠᠩ ᠭᠠᠭᠴᠠ ᠠᠵᠤ ᠠᠬᠤᠶᠢᠯᠠᠯ ᠲᠠᠢ ᠬᠠᠷᠢᠴᠠᠭᠤᠯᠪᠠᠯ᠂ ᠵᠠᠰᠠᠭ ᠤᠨ ᠣᠷᠳᠣᠨ ᠳᠤ ᠬᠢᠯᠢ ᠶᠢᠨ ᠭᠠᠳᠠᠨ᠎ᠠ ᠪᠡᠯᠡ | ᠣᠷᠣᠭᠤᠯᠬᠤ ᠪᠦᠬᠦᠯᠢ ᠴᠣᠭᠴᠠ ᠶᠢᠨ ᠠᠵᠢᠯᠯᠠᠭ᠎ᠠ ᠶᠢᠨ ᠪᠠᠶᠢᠳᠠᠯ᠂ ᠬᠢᠯᠢ ᠶᠢᠨ ᠭᠠᠳᠠᠨᠠᠬᠢ ᠠᠵᠤ ᠠᠬᠤᠢ ᠪᠠ ᠠᠮᠤᠷ | ᠲᠦᠪᠰᠢᠨ ᠤ ᠠᠶᠤᠯ ᠲᠦᠭᠰᠢᠭᠦᠷᠢ ᠶᠢᠨ ᠪᠠᠶᠢᠳᠠᠯ ᠵᠡᠷᠭᠡ ᠲᠠᠯ᠎ᠠ ᠪᠠᠷ ᠵᠣᠬᠢᠬᠤ ᠮᠡᠳᠡᠭᠡ ᠵᠠᠩᠭᠢ ᠶᠢᠨ ᠳᠠᠪᠠᠭᠤᠯᠢᠭ | ᠪᠠᠶᠢᠳᠠᠭ᠃ ᠠᠳᠠᠯᠢ ᠪᠤᠰᠤ ᠪᠠᠶᠢᠳᠠᠯ ᠢ ᠦᠨᠳᠦᠰᠦᠯᠡᠵᠦ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠤᠨ ᠬᠢᠨ ᠪᠡᠯᠡ ᠣᠷᠣᠭᠤᠯᠬᠤ ᠭᠤᠣᠯ ᠴᠣᠭᠴᠠ ᠳᠤ ᠬᠢᠯᠢ ᠶᠢᠨ ᠭᠠᠳᠠᠨᠠᠬᠢ ᠠᠵᠤ ᠠᠬᠤᠢ ᠪᠠ ᠠᠮᠤᠷ | ᠲᠦᠪᠰᠢᠨ ᠤ ᠠᠶᠤᠯ ᠲᠦᠭᠰᠢᠭᠦᠷᠢ ᠶᠢᠨ ᠪᠠᠶᠢᠳᠠᠯ ᠤᠨ ᠲᠤᠬᠠᠢ ᠰᠠᠨᠠᠭᠤᠯᠤᠮᠵᠢ ᠥᠭᠴᠦ᠂ ᠮᠡᠳᠡᠭᠡ ᠵᠠᠩᠭᠢ ᠶᠢᠨ | ᠦᠢᠯᠡᠴᠢᠯᠡᠭᠡ ᠪᠣᠯᠣᠭᠰᠠᠨ ᠤ ᠬᠤᠪᠢ ᠪᠠᠷ ᠪᠡᠯᠡ ᠣᠷᠣᠭᠤᠯᠬᠤ ᠭᠤᠣᠯ ᠴᠣᠭᠴᠠ ᠳᠤ ᠰᠢᠢᠳᠪᠦᠷᠢᠲᠦ ᠪᠣᠳᠣᠯᠭ᠎ᠠ ᠶᠢᠨ | ᠯᠠᠪᠯᠠᠯᠲᠠ ᠬᠠᠩᠭᠠᠵᠤ᠂ ᠠᠵᠤ ᠠᠬᠤᠶᠢᠯᠠᠯ ᠢ ᠳᠤᠲᠠᠭᠤ ︽ᠮᠢᠨ᠎ᠠ ᠭᠢᠰᠬᠢᠭᠦᠯᠬᠦ︾ ᠪᠣᠯᠣᠨ᠎ᠠ︔ ᠪᠠᠰᠠ ᠪᠡᠯᠡ | ᠣᠷᠣᠭᠤᠯᠬᠤ ᠭᠤᠣᠯ ᠴᠣᠭᠴᠠ ᠪᠤᠶᠤ ᠠᠰᠢᠭ ᠲᠤᠰᠠ ᠶᠢᠨ ᠬᠠᠮᠢᠶ᠎ᠠ ᠪᠦᠬᠦᠢ ᠲᠠᠯ᠎ᠠ ᠳᠤ ᠣᠨᠴᠠ ᠲᠣᠭᠲᠠᠭᠰᠠᠨ | ᠬᠦᠷᠢᠶ᠎ᠡ ᠴᠠᠷᠠᠭ᠎ᠠ᠂ ᠣᠨᠴᠠ ᠲᠣᠭᠲᠠᠭᠰᠠᠨ ᠲᠥᠷᠥᠯ ᠬᠡᠯᠪᠡᠷᠢ ᠪᠠᠷ ᠬᠢᠯᠢ ᠶᠢᠨ ᠭᠠᠳᠠᠨ᠎ᠠ ᠪᠡᠯᠡ ᠣᠷᠣᠭᠤᠯᠬᠤ | ᠠᠵᠢᠯᠯᠠᠭ᠎ᠠ ᠶᠢᠨ ᠠᠶᠤᠯ ᠲᠦᠭᠰᠢᠭᠦᠷᠢᠲᠦ ᠪᠠᠶᠢᠳᠠᠯ ᠤᠨ ᠲᠤᠬᠠᠢ ᠰᠠᠨᠠᠭᠤᠯᠤᠮᠵᠢ ᠥᠭᠴᠦ᠂ ᠲᠥᠷᠥ ᠶᠢᠨ | ᠪᠣᠳᠣᠯᠭ᠎ᠠ ᠶᠢᠨ ᠳᠣᠬᠢᠶ᠎ᠠ ᠪᠣᠯᠣᠭᠰᠠᠨ ᠤ ᠬᠤᠪᠢ ᠪᠠᠷ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠵᠢᠱᠢᠯᠲᠡ ᠪᠠ | ᠠᠵᠢᠯᠯᠠᠭ᠎ᠠ ᠶᠢ ᠬᠥᠲᠥᠯᠥᠨ ᠳᠠᠭᠠᠭᠤᠯᠵᠤ᠂ ᠬᠢᠯᠢ ᠶᠢᠨ ᠭᠠᠳᠠᠨ᠎ᠠ ᠪᠡᠯᠡ ᠣᠷᠣᠭᠤᠯᠬᠤ ᠶᠢ ᠦᠷᠭᠦᠯᠵᠢᠯᠡᠨ ᠡᠷᠡᠭᠦᠯ ᠢᠶᠠᠷ | ᠬᠥᠭᠵᠢᠭᠦᠯᠬᠦ ᠶᠢ ᠠᠬᠢᠭᠤᠯᠵᠤ ᠪᠣᠯᠣᠨ᠎ᠠ᠃ | ᠠᠰᠠᠭᠤᠯᠲᠠ᠄ ᠳᠠᠷᠠᠭᠠᠴᠢ ᠶᠢᠨ ᠠᠯᠬᠤᠮ ᠳᠤ ᠪᠠᠰᠠ ᠶᠠᠮᠠᠷ ᠶᠠᠮᠠᠷ ᠠᠵᠢᠯ ᠤᠨ ᠪᠣᠳᠣᠯᠬᠢᠯᠠᠯ ᠪᠠᠶᠢᠬᠤ ᠪᠣᠢ︖ | ᠬᠠᠷᠢᠭᠤᠯᠲᠠ᠄ ᠳᠦᠷᠢᠮ ᠤᠨ ᠠᠮᠢ ᠨᠠᠰᠤ ᠨᠢ ᠬᠡᠷᠡᠭᠵᠢᠭᠦᠯᠬᠦ ᠳᠤ ᠪᠠᠶᠢᠳᠠᠭ᠃ ᠰᠢᠨ᠎ᠡ ᠠᠷᠭ᠎ᠠ ᠶᠢ ᠰᠠᠶᠢᠲᠤᠷ | ᠬᠡᠷᠡᠭᠵᠢᠭᠦᠯᠬᠦ ᠶᠢᠨ ᠲᠥᠯᠥᠭᠡ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠢᠨ | ᠣᠶᠢᠷ᠎ᠠ ᠶᠢᠨ ᠬᠤᠭᠤᠴᠠᠭᠠᠨ ᠳᠤ ᠭᠤᠷᠪᠠᠨ ᠵᠦᠢᠯ ᠤᠨ ᠠᠵᠢᠯ ᠢ ᠬᠦᠴᠦᠯᠡᠨ ᠰᠠᠶᠢᠲᠤᠷ ᠠᠳᠬᠤᠨ᠎ᠠ᠃ ᠨᠢᠭᠡ ᠳᠤ᠂ | ᠰᠢᠨ᠎ᠡ ᠠᠷᠭ᠎ᠠ ᠶᠢᠨ ᠲᠣᠳᠣᠷᠬᠠᠶᠢᠯᠠᠭᠰᠠᠨ ᠬᠤᠷᠴᠠ ᠰᠡᠷᠭᠡᠭ ᠠᠵᠢᠯ ᠲᠥᠷᠥᠯ ᠤᠨ ᠭᠠᠷᠴᠠᠭ᠂ ᠬᠤᠯᠪᠣᠭᠳᠠᠯ ᠪᠦᠬᠦᠢ | ᠬᠡᠪ ᠬᠡᠯᠪᠡᠷᠢ ᠶᠢᠨ ᠪᠢᠴᠢᠭ ᠵᠢᠴᠢ ᠳᠠᠭᠠᠯᠳᠤᠭᠤᠯᠤᠭᠰᠠᠨ ᠨᠠᠷᠢᠨ ᠳᠠᠩᠰᠠ ᠵᠡᠷᠭᠡ ᠶᠢ ᠪᠠᠭᠲᠠᠭᠠᠭᠰᠠᠨ ᠲᠥᠬᠦᠷᠵᠢᠭᠰᠡᠨ | ᠪᠢᠴᠢᠭ ᠮᠠᠲ᠋ᠧᠷᠢᠶᠠᠯ ᠢ ᠨᠡᠶᠢᠲᠡᠯᠡᠨ᠎ᠡ᠃ ᠬᠤᠶᠠᠷ ᠲᠤ᠂ ᠰᠢᠨ᠎ᠡ ᠠᠷᠭ᠎ᠠ ᠶᠢᠨ ᠳᠤᠷᠠᠳᠤᠭᠰᠠᠨ ᠰᠦᠯᠵᠢᠶᠡᠨ ᠤ | ᠰᠢᠰᠲ᠋ᠧᠮ ᠢ ᠪᠠᠶᠢᠭᠤᠯᠤᠨ ᠪᠡᠶᠡᠯᠡᠭᠦᠯᠦᠨ᠎ᠡ᠃ ᠭᠤᠷᠪᠠ ᠳᠤ᠂ ᠵᠢᠯᠣᠭᠤᠳᠤᠯᠭ᠎ᠠ᠂ ᠪᠣᠯᠪᠠᠰᠤᠷᠠᠭᠤᠯᠤᠯ ᠪᠠ ᠬᠢᠨᠠᠯᠲᠠ ᠶᠢ | ᠴᠢᠩᠭᠠᠳᠬᠠᠵᠤ᠂ ᠪᠦᠬᠦ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠰᠢᠰᠲ᠋ᠧᠮ ᠤᠨ ᠬᠢᠨ ᠤ ᠬᠢᠯᠢ ᠶᠢᠨ | ᠭᠠᠳᠠᠨ᠎ᠠ ᠪᠡᠯᠡ ᠣᠷᠣᠭᠤᠯᠬᠤ ᠳᠤ ᠦᠢᠯᠡᠴᠢᠯᠡᠬᠦ ᠬᠢᠷᠢ ᠲᠦᠪᠰᠢᠨ ᠪᠠ ᠬᠢᠨᠠᠨ ᠬᠠᠮᠢᠶᠠᠷᠬᠤ ᠴᠢᠳᠠᠪᠤᠷᠢ ᠶᠢ | ᠳᠡᠭᠡᠭᠰᠢᠯᠡᠭᠦᠯᠵᠦ᠂ ᠬᠠᠮᠲᠤ ᠪᠠᠷ ᠰᠢᠨ᠎ᠡ ᠠᠷᠭ᠎ᠠ ᠶᠢ ᠲᠤᠭᠤᠰᠢᠲᠠᠢ ᠬᠡᠷᠡᠭᠵᠢᠭᠦᠯᠵᠦ᠂ ᠠᠵᠤ ᠠᠬᠤᠶᠢᠯᠠᠯ ᠤᠨ ︽ | ᠠᠯᠬᠤᠨ ᠭᠠᠷᠴᠤ︾ ᠯᠠᠪᠳᠠᠭᠤᠨ ᠢᠶᠠᠷ ᠠᠯᠤᠰ ᠠᠶᠠᠯᠠᠬᠤ ᠶᠢ ᠨᠡᠩ ᠰᠠᠶᠢᠲᠤᠷ ᠠᠬᠢᠭᠤᠯᠤᠨ᠎ᠠ᠃ | |