ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠣᠰᠣᠭᠠᠷ᠂ 2017 ᠣᠨ ᠤ 12 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ ᠥᠪᠥᠷ | ᠮᠣᠩᠭᠤᠯ ᠵᠡᠷᠭᠡ 9 ᠮᠤᠵᠢ ᠣᠷᠣᠨ ᠤ ᠬᠢᠨ ᠤᠰᠤᠨ ᠤ ᠡᠬᠢ ᠪᠠᠶᠠᠯᠢᠭ ᠤᠨ ᠭᠠᠶᠢᠯᠢ ᠳᠤ ᠥᠭᠡᠷᠡᠴᠢᠯᠡᠯᠲᠡ ᠬᠢᠵᠦ | ᠥᠷᠭᠡᠳᠬᠡᠬᠦ ᠲᠤᠷᠰᠢᠯᠲᠠ ᠶᠢᠨ ᠴᠢᠭ᠋ ᠢ ᠬᠡᠷᠡᠭᠵᠢᠭᠦᠯᠪᠡ᠃ ︽ᠤᠰᠤᠨ ᠤ ᠡᠬᠢ ᠪᠠᠶᠠᠯᠢᠭ ᠤᠨ ᠭᠠᠶᠢᠯᠢ ᠳᠤ | ᠥᠭᠡᠷᠡᠴᠢᠯᠡᠯᠲᠡ ᠬᠢᠵᠦ ᠥᠷᠭᠡᠳᠬᠡᠬᠦ ᠲᠤᠷᠰᠢᠯᠲᠠ ᠶᠢᠨ ᠴᠢᠭ᠋ ᠢ ᠬᠡᠷᠡᠭᠵᠢᠭᠦᠯᠬᠦ ᠠᠷᠭ᠎ᠠ︾ ᠶᠢ ᠳᠠᠷᠤᠮᠠᠯᠯᠠᠨ | ᠲᠠᠷᠬᠠᠭᠠᠬᠤ ᠲᠤᠬᠠᠢ ᠡᠳ᠋ ᠤᠨ ᠵᠠᠰᠠᠭ ᠤᠨ ᠶᠠᠮᠤᠨ᠂ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ᠂ ᠤᠰᠤᠨ | ᠠᠰᠢᠭᠯᠠᠯᠲᠠ ᠶᠢᠨ ᠶᠠᠮᠤᠨ ᠤ ᠮᠡᠳᠡᠭᠳᠡᠯ ︵ᠡᠳ᠋ ᠭᠠᠶᠢᠯᠢ ﹇2017﹈ 80 ᠳ᠋ᠤᠭᠠᠷ ᠲᠣᠭᠠᠲᠤ︶ ᠢ | ᠦᠨᠳᠦᠰᠦᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠡᠬᠢ ᠪᠠᠶᠠᠯᠢᠭ ᠤᠨ ᠭᠠᠶᠢᠯᠢ ᠳᠤ | ᠥᠭᠡᠷᠡᠴᠢᠯᠡᠯᠲᠡ ᠬᠢᠬᠦ ᠲᠤᠷᠰᠢᠯᠲᠠ ᠶᠢᠨ ᠴᠢᠭ᠋ ᠢ ᠬᠡᠷᠡᠭᠵᠢᠭᠦᠯᠬᠦ ᠠᠷᠭ᠎ᠠ︾ ︵ᠥᠪᠥᠷ ᠵᠠᠰᠠᠭ ᠲᠠᠷᠬᠠᠭᠠᠭᠰᠠᠨ ﹇ | 2017﹈ 157 ᠳ᠋ᠤᠭᠠᠷ ᠲᠣᠭᠠᠲᠤ︶ ︵︽ᠬᠡᠷᠡᠭᠵᠢᠭᠦᠯᠬᠦ ᠠᠷᠭ᠎ᠠ︾ ᠭᠡᠵᠦ ᠲᠣᠪᠴᠢᠯᠠᠨ᠎ᠠ︶ ᠶᠢ ᠨᠡᠶᠢᠲᠡᠯᠡᠪᠡ᠃ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ | ᠲᠣᠪᠴᠢᠶ᠎ᠠ ᠪᠠ ᠤᠰᠤᠨ ᠠᠰᠢᠭᠯᠠᠯᠲᠠ ᠶᠢᠨ ᠲᠢᠩᠬᠢᠮ ᠠᠴᠠ ︽ᠬᠡᠷᠡᠭᠵᠢᠭᠦᠯᠬᠦ ᠠᠷᠭ᠎ᠠ︾ ᠶᠢᠨ ᠲᠤᠬᠠᠢ ᠳᠣᠣᠷᠠᠬᠢ | ᠮᠡᠲᠦ ᠲᠠᠶᠢᠯᠤᠮᠵᠢ ᠬᠢᠪᠡ᠃ | ᠨᠢᠭᠡ᠂ ᠤᠰᠤᠨ ᠤ ᠡᠬᠢ ᠪᠠᠶᠠᠯᠢᠭ ᠤᠨ ᠭᠠᠶᠢᠯᠢ ᠳᠤ ᠥᠭᠡᠷᠡᠴᠢᠯᠡᠯᠲᠡ ᠬᠢᠬᠦ ᠲᠤᠷᠰᠢᠯᠲᠠ ᠶᠢᠨ ᠴᠢᠭ᠋ ᠢ | ᠠᠬᠢᠭᠤᠯᠬᠤ ᠶᠢᠨ ᠴᠢᠬᠤᠯᠠ ᠠᠴᠢ ᠬᠤᠯᠪᠣᠭᠳᠠᠯ ᠨᠢ ᠶᠠᠭᠤ ᠪᠣᠢ︖ | ᠬᠥᠮᠥᠨ ᠣᠯᠠᠨ ᠤᠰᠤ ᠪᠠᠭ᠎ᠠ᠂ ᠤᠰᠤᠨ ᠤ ᠡᠬᠢ ᠪᠠᠶᠠᠯᠢᠭ ᠤᠨ ᠴᠠᠭ ᠵᠠᠢ ᠶᠢᠨ ᠲᠠᠷᠬᠠᠯᠲᠠ ᠨᠢ ᠵᠢᠭᠳᠡ ᠪᠤᠰᠤ | ᠪᠠᠶᠢᠭ᠎ᠠ ᠪᠣᠯ ᠮᠠᠨ ᠤ ᠤᠯᠤᠰ ᠤᠨ ᠦᠨᠳᠦᠰᠦᠨ ᠤᠯᠤᠰ ᠤᠨ ᠪᠠᠶᠢᠳᠠᠯ ᠪᠣᠯᠣᠨ᠎ᠠ᠃ ᠮᠠᠨ ᠤ ᠤᠯᠤᠰ ᠤᠨ ᠬᠥᠮᠥᠨ | ᠪᠦᠷᠢ ᠶᠢᠨ ᠳᠤᠮᠳᠠᠴᠢ ᠤᠰᠤᠨ ᠤ ᠡᠬᠢ ᠪᠠᠶᠠᠯᠢᠭ ᠤᠨ ᠬᠡᠮᠵᠢᠶ᠎ᠡ ᠨᠢ ᠳᠡᠯᠡᠬᠡᠢ ᠶᠢᠨ ᠳᠤᠮᠳᠠᠴᠢ ᠲᠦᠪᠰᠢᠨ ᠤ ᠵᠥᠪᠬᠡᠨ | 28% ᠪᠠᠶᠢᠳᠠᠭ︔ ᠡᠮᠦᠨᠡᠲᠦ ᠣᠷᠣᠨ ᠤ ᠤᠰᠤᠨ ᠤ ᠡᠬᠢ ᠪᠠᠶᠠᠯᠢᠭ ᠬᠠᠷᠢᠴᠠᠩᠭᠤᠢ ᠡᠯᠪᠡᠭ᠂ ᠬᠤᠶᠢᠲᠤ ᠣᠷᠣᠨ ᠤ | ᠤᠰᠤᠨ ᠤ ᠡᠬᠢ ᠪᠠᠶᠠᠯᠢᠭ ᠨᠡᠯᠢᠶᠡᠳ ᠪᠠᠴᠢᠮ ᠳᠤᠲᠠᠮᠠᠭ᠂ ᠤᠮᠠᠷᠠᠲᠤ ᠣᠷᠣᠨ ᠤ ᠤᠰᠤᠨ ᠤ ᠡᠬᠢ ᠪᠠᠶᠠᠯᠢᠭ ᠤᠨ | ᠬᠠᠩᠭᠠᠯᠭ᠎ᠠ ᠬᠡᠷᠡᠭᠴᠡᠭᠡᠨ ᠤ ᠵᠥᠷᠢᠴᠡᠯ ᠨᠡᠩ ᠲᠣᠪᠣᠶᠢᠮ᠎ᠠ ᠪᠠᠶᠢᠵᠤ᠂ ᠭᠠᠵᠠᠷ ᠳᠣᠣᠷᠠᠬᠢ ᠤᠰᠤ ᠶᠢ ᠬᠡᠲᠦᠷᠡᠭᠦᠯᠦᠨ | ᠠᠪᠤᠭᠰᠠᠨ ᠬᠡᠮᠵᠢᠶ᠎ᠡ ᠵᠢᠴᠢ ᠬᠡᠲᠦᠷᠡᠭᠦᠯᠦᠨ ᠠᠪᠤᠭᠰᠠᠨ ᠲᠠᠯᠠᠪᠠᠢ ᠨᠢ ᠪᠦᠬᠦ ᠤᠯᠤᠰ ᠤᠨ 1/2 ᠶᠢ ᠡᠵᠡᠯᠡᠵᠦ ᠪᠠᠶᠢᠨ᠎ᠠ᠃ | ᠥᠪᠥᠷ ᠮᠣᠩᠭᠤᠯ ᠤᠰᠤᠨ ᠤ ᠡᠬᠢ ᠪᠠᠶᠠᠯᠢᠭ ᠢᠶᠠᠷ ᠨᠡᠯᠢᠶᠡᠳ ᠲᠠᠷᠴᠢᠭ ᠮᠤᠵᠢ ᠣᠷᠣᠨ ᠳᠤ ᠬᠠᠷᠢᠶᠠᠯᠠᠭᠳᠠᠵᠤ᠂ | ᠤᠰᠤᠨ ᠤ ᠡᠬᠢ ᠪᠠᠶᠠᠯᠢᠭ ᠤᠨ ᠲᠠᠷᠬᠠᠯᠲᠠ ᠨᠢ ᠵᠢᠭᠳᠡ ᠪᠤᠰᠤ᠂ ᠴᠠᠭ ᠵᠠᠢ ᠶᠢᠨ ᠵᠥᠷᠢᠶ᠎ᠡ ᠨᠢ ᠨᠡᠯᠢᠶᠡᠳ ᠶᠡᠭᠡ | ᠪᠠᠶᠢᠳᠠᠭ᠃ ᠠᠵᠤ ᠠᠬᠤᠢ ᠨᠡᠶᠢᠭᠡᠮ ᠤᠨ ᠬᠥᠭᠵᠢᠯᠲᠡ ᠶᠢ ᠳᠠᠭᠠᠯᠳᠤᠨ᠂ ᠤᠰᠤ ᠨᠢ ᠨᠢᠭᠡᠨᠲᠡ ᠮᠠᠨ ᠤ ᠤᠯᠤᠰ ᠤᠨ | ᠬᠦᠨᠳᠦ ᠨᠣᠴᠢᠲᠠᠢ ᠳᠤᠲᠠᠭᠳᠠᠬᠤ ᠦᠢᠯᠡᠳᠬᠦᠨ ᠪᠠ ᠣᠷᠴᠢᠨ ᠲᠣᠭᠤᠷᠢᠨ ᠤ ᠶᠠᠰᠤ ᠴᠢᠨᠠᠷ ᠢ ᠬᠢᠵᠠᠭᠠᠯᠠᠬᠤ ᠭᠤᠣᠯ | ᠬᠦᠴᠦᠨ ᠵᠦᠢᠯ ᠪᠣᠯᠣᠭᠰᠠᠨ ᠪᠠᠶᠢᠨ᠎ᠠ᠃ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠨᠢ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ | ᠥᠭᠡᠷᠡᠴᠢᠯᠡᠯᠲᠡ ᠶᠢ ᠲᠦᠷᠭᠡᠳᠬᠡᠵᠦ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠳᠤ ᠪᠠᠶᠢᠯᠳᠤᠬᠤ | ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂ ︽ᠡᠷᠬᠡᠪᠰᠢ ᠠᠷᠪᠢᠯᠠᠨ ᠭᠠᠮᠨᠠᠬᠤ ᠶᠢ ᠲᠡᠷᠢᠭᠦᠨ ᠳᠤ ᠲᠠᠯᠪᠢᠬᠤ᠂ | ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠪᠠᠶᠢᠭᠠᠯᠢ ᠶᠢ ᠰᠡᠷᠭᠦᠭᠡᠬᠦ ᠪᠠᠷ ᠭᠤᠣᠯ ᠪᠣᠯᠭᠠᠬᠤ ᠴᠢᠭᠯᠡᠯᠲᠡ ᠶᠢ | ᠪᠠᠷᠢᠮᠲᠠᠯᠠᠵᠤ᠂ ᠡᠬᠢ ᠪᠠᠶᠠᠯᠢᠭ ᠢ ᠠᠷᠪᠢᠯᠠᠨ ᠭᠠᠮᠨᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠣᠷᠣᠨ ᠵᠠᠢ ᠶᠢᠨ | ᠪᠠᠶᠢᠷᠢᠯᠠᠭᠤᠯᠤᠯᠲᠠ᠂ ᠠᠵᠤ ᠦᠢᠯᠡᠰ ᠤᠨ ᠪᠦᠲᠦᠴᠡ᠂ ᠦᠢᠯᠡᠳᠪᠦᠷᠢᠯᠡᠯ ᠤᠨ ᠠᠷᠭ᠎ᠠ ᠬᠡᠯᠪᠡᠷᠢ᠂ ᠠᠮᠢᠳᠤᠷᠠᠯ ᠤᠨ | ᠠᠷᠭ᠎ᠠ ᠪᠠᠷᠢᠯ ᠢ ᠪᠦᠷᠢᠯᠳᠦᠭᠦᠯᠬᠦ ᠬᠡᠷᠡᠭᠲᠡᠢ︾᠂ ︽ᠡᠬᠢ ᠪᠠᠶᠠᠯᠢᠭ ᠢ ᠪᠦᠬᠦ ᠲᠠᠯ᠎ᠠ ᠪᠠᠷ ᠠᠷᠪᠢᠯᠠᠬᠤ ᠪᠠ | ᠡᠷᠭᠢᠯᠳᠦᠭᠦᠯᠦᠨ ᠠᠰᠢᠭᠯᠠᠬᠤ ᠶᠢ ᠠᠬᠢᠭᠤᠯᠵᠤ᠂ ᠤᠯᠤᠰ ᠤᠨ ᠤᠰᠤ ᠠᠷᠪᠢᠯᠠᠬᠤ ᠠᠵᠢᠯᠯᠠᠭ᠎ᠠ ᠶᠢ ᠬᠡᠷᠡᠭᠵᠢᠭᠦᠯᠬᠦ | ᠬᠡᠷᠡᠭᠲᠡᠢ︾ ᠭᠡᠵᠦ ᠲᠣᠳᠣᠷᠬᠠᠢ ᠵᠢᠭᠠᠵᠤ ᠭᠠᠷᠭᠠᠪᠠ᠃ ᠤᠰᠤᠨ ᠤ ᠡᠬᠢ ᠪᠠᠶᠠᠯᠢᠭ ᠤᠨ ᠭᠠᠶᠢᠯᠢ ᠳᠤ ᠥᠭᠡᠷᠡᠴᠢᠯᠡᠯᠲᠡ | ᠬᠢᠬᠦ ᠲᠤᠷᠰᠢᠯᠲᠠ ᠶᠢᠨ ᠴᠢᠭ᠋ ᠢ ᠠᠬᠢᠭᠤᠯᠬᠤ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠠᠶᠢᠵᠤ᠂ | ᠲᠤᠶᠢᠯ ᠤᠨ ᠬᠦᠨᠳᠦ ᠴᠢᠬᠤᠯᠠ ᠠᠴᠢ ᠬᠤᠯᠪᠣᠭᠳᠠᠯ ᠲᠠᠢ ᠪᠠᠶᠢᠳᠠᠭ᠃ | ᠨᠢᠭᠡ ᠳᠤ᠂ ᠵᠠᠰᠠᠭ ᠤᠨ ᠣᠷᠳᠣᠨ ᠤ ᠲᠣᠬᠢᠷᠠᠭᠤᠯᠤᠨ ᠡᠵᠡᠮᠳᠡᠬᠦ ᠦᠢᠯᠡᠳᠦᠯ ᠢ ᠪᠠᠳᠠᠷᠠᠭᠤᠯᠤᠨ᠂ ᠭᠠᠶᠢᠯᠢ | ᠲᠠᠲᠠᠪᠤᠷᠢ ᠶᠢᠨ ᠬᠥᠰᠢᠭᠦᠷᠭᠡ ᠶᠢ ᠬᠡᠷᠡᠭᠯᠡᠨ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠲᠣᠬᠢᠷᠠᠭᠤᠯᠵᠤ᠂ ᠡᠬᠢ | ᠪᠠᠶᠠᠯᠢᠭ ᠢ ᠬᠠᠷᠠᠮᠵᠢ ᠲᠠᠢ ᠬᠡᠷᠡᠭᠯᠡᠬᠦ ᠳᠦᠷᠢᠮ ᠪᠠ ᠠᠮᠢ ᠠᠬᠤᠢ ᠶᠢ ᠨᠥᠬᠦᠪᠦᠷᠢᠯᠡᠨ ᠲᠥᠯᠥᠪᠦᠷᠢᠯᠡᠬᠦ ᠲᠣᠭᠲᠠᠴᠠ ᠶᠢ | ᠲᠡᠭᠦᠯᠳᠡᠷᠵᠢᠭᠦᠯᠵᠦ᠂ ᠪᠣᠬᠢᠷᠲᠤᠯ ᠦᠭᠡᠢ ᠦᠢᠯᠡᠳᠪᠦᠷᠢᠯᠡᠯ ᠪᠠ ᠬᠡᠷᠡᠭᠯᠡᠭᠡᠨ ᠤ ᠲᠥᠷᠥ ᠶᠢᠨ ᠪᠣᠳᠣᠯᠭ᠎ᠠ ᠶᠢᠨ | ᠤᠳᠤᠷᠢᠳᠤᠮᠵᠢ ᠶᠢ ᠲᠦᠷᠭᠡᠳᠬᠡᠨ ᠪᠠᠶᠢᠭᠤᠯᠬᠤ ᠳᠤ ᠠᠰᠢᠭᠲᠠᠢ︔ | ᠬᠤᠶᠠᠷ ᠲᠤ᠂ ᠠᠵᠤ ᠠᠬᠤᠶᠢᠯᠠᠯ ᠵᠡᠷᠭᠡ ᠨᠡᠶᠢᠭᠡᠮ ᠤᠨ ᠭᠤᠣᠯ ᠴᠣᠭᠴᠠ ᠶᠢᠨ ᠤᠰᠤ ᠠᠷᠪᠢᠯᠠᠬᠤ ᠦᠵᠡᠯ | ᠤᠬᠠᠮᠰᠠᠷ ᠪᠠ ᠬᠥᠳᠡᠯᠭᠡᠭᠴᠢ ᠬᠦᠴᠦᠨ ᠢ ᠴᠢᠩᠭᠠᠷᠠᠭᠤᠯᠵᠤ᠂ ᠮᠡᠷᠭᠡᠵᠢᠯ ᠤᠨ ᠰᠢᠨ᠎ᠡ ᠡᠭᠦᠳᠦᠯᠲᠡ ᠶᠢ ᠲᠦᠷᠭᠡᠳᠬᠡᠨ᠂ | ᠤᠰᠤ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠤᠰᠤ ᠬᠡᠷᠡᠭᠯᠡᠬᠦ ᠪᠦᠲᠦᠴᠡ ᠶᠢ ᠰᠢᠯᠢᠳᠡᠭᠵᠢᠭᠦᠯᠵᠦ᠂ | ᠤᠰᠤ ᠬᠡᠷᠡᠭᠯᠡᠬᠦ ᠵᠣᠬᠢᠰ ᠦᠭᠡᠢ ᠬᠡᠷᠡᠭᠴᠡᠭᠡ ᠱᠠᠭᠠᠷᠳᠠᠯᠭ᠎ᠠ ᠶᠢ ᠪᠠᠭᠠᠰᠬᠠᠬᠤ ᠳᠤ ᠠᠰᠢᠭᠲᠠᠢ︔ | ᠭᠤᠷᠪᠠ ᠳᠤ᠂ ᠠᠷᠪᠢᠴᠢ ᠭᠠᠮᠲᠠᠢ ᠮᠥᠷᠲᠡᠭᠡᠨ ᠵᠦᠢ ᠵᠣᠬᠢᠰᠲᠠᠢ᠂ ᠪᠣᠬᠢᠷᠲᠤᠯ ᠦᠭᠡᠢ ᠳᠣᠣᠷ᠎ᠠ | ᠨᠡᠭᠦᠷᠡᠰᠦᠲᠥ᠋ᠷᠥᠭᠴᠢᠲᠦ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠵᠤ᠂ ᠪᠦᠬᠦ ᠨᠡᠶᠢᠭᠡᠮ ᠳᠤ ᠡᠬᠢ ᠪᠠᠶᠠᠯᠢᠭ ᠢ | ᠨᠠᠨᠳᠢᠩᠨᠠᠬᠤ᠂ ᠡᠬᠢ ᠪᠠᠶᠠᠯᠢᠭ ᠢ ᠠᠷᠪᠢᠯᠠᠬᠤ ᠬᠡᠪ ᠰᠤᠷᠲᠠᠯ ᠢ ᠪᠦᠷᠢᠯᠳᠦᠭᠦᠯᠵᠦ᠂ ᠠᠷᠠᠳ ᠣᠯᠠᠨ ᠤ ᠤᠰᠤᠨ ᠤ | ᠡᠬᠢ ᠪᠠᠶᠠᠯᠢᠭ ᠢ ᠬᠠᠮᠠᠭᠠᠯᠠᠬᠤ ᠤᠬᠠᠮᠰᠠᠷᠲᠤ ᠴᠢᠨᠠᠷ ᠪᠠ ᠬᠠᠷᠢᠭᠤᠴᠠᠯᠭᠠᠲᠤ ᠰᠡᠳᠬᠢᠯᠭᠡ ᠶᠢ ᠳᠡᠭᠡᠭᠰᠢᠯᠡᠭᠦᠯᠬᠦ ᠳᠤ | ᠠᠰᠢᠭᠲᠠᠢ︔ | ᠳᠥᠷᠪᠡ ᠳᠤ᠂ ᠮᠠᠨ ᠤ ᠤᠯᠤᠰ ᠣᠯᠠᠨ ᠤᠯᠤᠰ ᠤᠨ ᠬᠠᠷᠢᠭᠤᠴᠠᠯᠭ᠎ᠠ ᠶᠢ ᠨᠡᠩ ᠰᠠᠶᠢᠲᠤᠷ ᠡᠭᠦᠷᠭᠡᠯᠡᠬᠦ ᠪᠠ | ᠣᠯᠠᠨ ᠤᠯᠤᠰ ᠤᠨ ᠡᠭᠦᠷᠭᠡ ᠶᠢ ᠨᠡᠩ ᠰᠠᠶᠢᠲᠤᠷ ᠭᠦᠢᠴᠡᠳᠬᠡᠵᠦ᠂ ᠳᠡᠯᠡᠬᠡᠢ ᠨᠡᠶᠢᠭᠡᠮ ᠲᠠᠢ ᠬᠠᠮᠵᠢᠯᠴᠠᠨ | ᠬᠥᠳᠡᠯᠦᠯᠴᠡᠵᠦ᠂ ᠬᠠᠮᠲᠤ ᠪᠠᠷ ᠬᠥᠮᠥᠨ ᠲᠥᠷᠥᠯᠬᠢᠲᠡᠨ ᠤ ᠲᠦᠰᠢᠭᠯᠡᠨ ᠣᠷᠣᠰᠢᠵᠤ ᠪᠠᠶᠢᠭ᠎ᠠ ᠳᠡᠯᠡᠬᠡᠢ ᠶᠢᠨ | ᠪᠥᠮᠪᠥᠷᠴᠡᠭ ᠤᠨ ᠭᠡᠷ ᠣᠷᠣᠨ ᠢ ᠰᠠᠶᠢᠲᠤᠷ ᠬᠠᠮᠠᠭᠠᠯᠠᠨ᠂ ᠪᠦᠬᠦ ᠳᠡᠯᠡᠬᠡᠢ ᠶᠢᠨ ᠠᠮᠢ ᠠᠬᠤᠢ ᠶᠢᠨ ᠠᠮᠤᠷ ᠲᠦᠪᠰᠢᠨ ᠤ | ᠲᠥᠯᠥᠭᠡ ᠬᠤᠪᠢ ᠨᠡᠮᠡᠷᠢ ᠪᠠᠨ ᠬᠠᠨᠳᠢᠪᠯᠠᠬᠤ ᠳᠤ ᠠᠰᠢᠭᠲᠠᠢ᠃ | ᠬᠤᠶᠠᠷ᠂ ᠤᠯᠤᠰ ᠠᠴᠠ ᠶᠠᠭᠤᠨ ᠳᠤ ᠥᠪᠥᠷ ᠮᠣᠩᠭᠤᠯ ᠢ ᠰᠣᠩᠭᠤᠵᠤ ᠤᠰᠤᠨ ᠤ ᠡᠬᠢ ᠪᠠᠶᠠᠯᠢᠭ ᠤᠨ | ᠭᠠᠶᠢᠯᠢ ᠳᠤ ᠥᠭᠡᠷᠡᠴᠢᠯᠡᠯᠲᠡ ᠬᠢᠵᠦ ᠥᠷᠭᠡᠳᠬᠡᠬᠦ ᠲᠤᠷᠰᠢᠯᠲᠠ ᠶᠢᠨ ᠴᠢᠭ᠋ ᠢ ᠬᠡᠷᠡᠭᠵᠢᠭᠦᠯᠦᠭᠰᠡᠨ ᠪᠣᠢ︖ | ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠠᠴᠠ ᠲᠣᠭᠲᠠᠭᠠᠭᠰᠠᠨ ︽ | ᠡᠬᠢ ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ ᠶᠢ ᠲᠦᠷᠭᠡᠳᠬᠡᠬᠦ︾᠂ ︽ᠡᠬᠢ ᠪᠠᠶᠠᠯᠢᠭ ᠤᠨ ᠭᠠᠶᠢᠯᠢ ᠶᠢ | ᠠᠯᠬᠤᠮ ᠠᠯᠬᠤᠮ ᠢᠶᠠᠷ ᠡᠯ᠎ᠡ ᠵᠦᠢᠯ ᠤᠨ ᠪᠠᠶᠢᠭᠠᠯᠢ ᠶᠢᠨ ᠠᠮᠢ ᠠᠬᠤᠢ ᠶᠢᠨ ᠣᠷᠣᠨ ᠵᠠᠢ ᠶᠢ ᠡᠵᠡᠯᠡᠨ ᠬᠡᠷᠡᠭᠯᠡᠬᠦ | ᠬᠦᠷᠲᠡᠯ᠎ᠡ ᠥᠷᠭᠡᠳᠬᠡᠬᠦ︾ ᠲᠤᠬᠠᠢ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ | 2016 ᠣᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠤᠯᠤᠰ ᠠᠴᠠ ᠾᠧᠪᠧᠢ ᠮᠤᠵᠢ ᠳᠤ | ᠬᠠᠮᠤᠭ ᠠᠴᠠ ᠤᠷᠢᠳ ᠢᠶᠠᠷ ᠤᠰᠤᠨ ᠤ ᠡᠬᠢ ᠪᠠᠶᠠᠯᠢᠭ ᠤᠨ ᠭᠠᠶᠢᠯᠢ ᠳᠤ ᠥᠭᠡᠷᠡᠴᠢᠯᠡᠯᠲᠡ ᠬᠢᠬᠦ ᠲᠤᠷᠰᠢᠯᠲᠠ ᠶᠢᠨ | ᠴᠢᠭ᠋ ᠢ ᠬᠡᠷᠡᠭᠵᠢᠭᠦᠯᠵᠦ᠂ ᠭᠠᠶᠢᠯᠢ ᠲᠤᠰᠢᠶᠠᠭᠴᠢᠳ ᠤᠨ ᠤᠰᠤ ᠠᠷᠪᠢᠯᠠᠬᠤ ᠦᠵᠡᠯ ᠤᠬᠠᠮᠰᠠᠷ ᠢ ᠴᠢᠩᠭᠠᠷᠠᠭᠤᠯᠤᠨ᠂ | ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠭᠠᠷᠭᠠᠵᠤ ᠠᠪᠬᠤ ᠪᠠ ᠤᠰᠤ ᠬᠡᠷᠡᠭᠯᠡᠬᠦ ᠵᠦᠢ ᠵᠣᠬᠢᠰ ᠦᠭᠡᠢ ᠬᠡᠷᠡᠭᠴᠡᠭᠡ | ᠱᠠᠭᠠᠷᠳᠠᠯᠭ᠎ᠠ ᠶᠢ ᠬᠤᠷᠢᠭᠯᠠᠨ ᠵᠣᠭᠰᠣᠭᠠᠵᠤ᠂ ᠤᠰᠤᠨ ᠤ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠵᠦ | ᠠᠰᠢᠭᠯᠠᠬᠤ ᠶᠢ ᠠᠬᠢᠭᠤᠯᠵᠠᠢ᠃ ᠡᠭᠦᠨ ᠤ ᠬᠠᠮᠲᠤ᠂ ᠲᠤᠷᠰᠢᠯᠲᠠ ᠶᠢᠨ ᠴᠢᠭ᠋ ᠨᠢ ᠶᠡᠷᠦᠳᠡ ᠶᠢᠨ ᠦᠢᠯᠡᠳᠪᠦᠷᠢ | ᠬᠤᠳᠠᠯᠳᠤᠭᠠᠨ ᠤ ᠦᠢᠯᠡᠰ ᠠᠵᠤ ᠠᠬᠤᠶᠢᠯᠠᠯ ᠪᠠ ᠰᠠᠭᠤᠭᠠᠯᠢ ᠠᠷᠠᠳ ᠤᠨ ᠬᠡᠪ ᠤᠨ ᠦᠢᠯᠡᠳᠪᠦᠷᠢᠯᠡᠯ ᠠᠮᠢᠳᠤᠷᠠᠯ ᠤᠨ | ᠤᠰᠤ ᠬᠡᠷᠡᠭᠯᠡᠬᠦ ᠳᠠᠷᠤᠭᠠᠰᠤ ᠶᠢ ᠨᠡᠮᠡᠭᠳᠡᠭᠦᠯᠦᠭᠰᠡᠨ ᠦᠭᠡᠢ ᠪᠠᠶᠢᠵᠤ᠂ ᠢᠯᠡᠳᠲᠡ ᠦᠷ᠎ᠡ ᠪᠦᠲᠦᠮᠵᠢ ᠣᠯᠵᠤ᠂ | ᠤᠷᠢᠳᠴᠢᠯᠠᠨ ᠲᠣᠭᠲᠠᠭᠰᠠᠨ ᠬᠠᠷᠠᠯᠲᠠ ᠳᠤ ᠪᠠᠨ ᠬᠦᠷᠴᠦ᠂ ᠥᠭᠡᠷᠡᠴᠢᠯᠡᠯᠲᠡ ᠬᠢᠵᠦ ᠥᠷᠭᠡᠳᠬᠡᠬᠦ ᠲᠤᠷᠰᠢᠯᠲᠠ ᠶᠢᠨ | ᠴᠢᠭ᠋ ᠤᠨ ᠰᠠᠭᠤᠷᠢ ᠪᠠ ᠨᠥᠬᠦᠴᠡᠯ ᠢ ᠪᠦᠷᠢᠯᠳᠦᠭᠦᠯᠦᠭᠰᠡᠨ ᠪᠠᠶᠢᠨ᠎ᠠ᠃ | ᠡᠭᠦᠨ ᠠᠴᠠ ᠭᠠᠳᠠᠨ᠎ᠠ ᠤᠯᠤᠰ ᠠᠴᠠ ᠥᠪᠥᠷ ᠮᠣᠩᠭᠤᠯ ᠢ ᠰᠣᠩᠭᠤᠨ ᠤᠰᠤᠨ ᠤ ᠡᠬᠢ ᠪᠠᠶᠠᠯᠢᠭ ᠤᠨ | ᠭᠠᠶᠢᠯᠢ ᠶᠢ ᠥᠷᠭᠡᠳᠬᠡᠬᠦ ᠲᠤᠷᠰᠢᠯᠲᠠ ᠶᠢᠨ ᠴᠢᠭ᠋ ᠤᠨ ᠮᠤᠵᠢ ᠣᠷᠣᠨ ᠤ ᠨᠢᠭᠡ ᠪᠣᠯᠭᠠᠭᠰᠠᠨ ᠨᠢ ᠭᠤᠣᠯᠳᠠᠭᠤ᠄ | ᠨᠢᠭᠡ ᠳᠤ᠂ ᠥᠪᠥᠷ ᠮᠣᠩᠭᠤᠯ ᠪᠣᠯ ᠤᠮᠠᠷᠠᠲᠤ ᠣᠷᠣᠨ ᠳᠤ ᠪᠠᠶᠢᠷᠢᠯᠠᠵᠤ ᠪᠠᠶᠢᠭ᠎ᠠ ᠮᠠᠨ ᠤᠯᠤᠰ ᠤᠨ ᠤᠰᠤᠨ ᠤ ᠡᠬᠢ | ᠪᠠᠶᠠᠯᠢᠭ ᠬᠠᠷᠢᠴᠠᠩᠭᠤᠢ ᠶᠠᠳᠠᠭᠤᠯᠢᠭ ᠮᠤᠵᠢ ᠣᠷᠣᠨ ᠪᠠᠶᠢᠵᠤ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠭᠠᠷᠭᠠᠨ | ᠠᠪᠤᠭᠰᠠᠨ ᠨᠢ ᠨᠡᠯᠢᠶᠡᠳ ᠬᠦᠨᠳᠦ ᠨᠣᠴᠢᠲᠠᠢ᠂ ᠤᠰᠤᠨ ᠤ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡᠨ ᠤ | ᠵᠥᠷᠢᠴᠡᠯ ᠨᠢ ᠨᠡᠯᠢᠶᠡᠳ ᠶᠡᠭᠡ ᠪᠠᠶᠢᠳᠠᠭ︔ ᠬᠤᠶᠠᠷ ᠲᠤ᠂ ᠥᠪᠥᠷ ᠮᠣᠩᠭᠤᠯ ᠪᠣᠯ ︽ᠭᠤᠷᠪᠠᠨ ᠤᠮᠠᠷᠠᠲᠤ︾ ᠶᠢ | ᠠᠯᠤᠰᠯᠠᠵᠤ᠂ ᠤᠰᠤᠨ ᠤ ᠡᠬᠢ ᠪᠠᠶᠠᠯᠢᠭ ᠤᠨ ᠲᠠᠷᠬᠠᠯᠲᠠ ᠵᠢᠭᠳᠡ ᠪᠤᠰᠤ᠂ ᠴᠠᠭ ᠵᠠᠢ ᠶᠢᠨ ᠵᠥᠷᠢᠶ᠎ᠡ ᠨᠡᠯᠢᠶᠡᠳ ᠶᠡᠭᠡ᠂ | ᠤᠰᠤ ᠠᠪᠴᠤ ᠬᠡᠷᠡᠭᠯᠡᠬᠦ ᠲᠥᠷᠥᠯ ᠵᠦᠢᠯ ᠨᠢ ᠣᠯᠠᠨ ᠶᠠᠩᠵᠤ ᠶᠢᠨ ᠪᠠᠶᠢᠵᠤ᠂ ᠵᠣᠬᠢᠬᠤ ᠲᠥᠯᠥᠭᠡᠯᠡᠬᠦ ᠴᠢᠨᠠᠷᠲᠠᠢ | ᠪᠠᠶᠢᠳᠠᠭ︔ ᠭᠤᠷᠪᠠ ᠳᠤ᠂ ᠥᠪᠥᠷ ᠮᠣᠩᠭᠤᠯ ᠵᠡᠷᠭᠡ ᠮᠤᠵᠢ ᠣᠷᠣᠨ ᠤ ᠲᠤᠷᠰᠢᠯᠲᠠ ᠶᠢᠨ ᠴᠢᠭ᠋ ᠢᠶᠠᠷ ᠳᠠᠮᠵᠢᠭᠤᠯᠵᠤ᠂ | ᠤᠰᠤᠨ ᠤ ᠡᠬᠢ ᠪᠠᠶᠠᠯᠢᠭ ᠤᠨ ᠭᠠᠶᠢᠯᠢ ᠶᠢᠨ ᠳᠦᠷᠢᠮ ᠢ ᠪᠠᠶᠠᠯᠢᠭᠵᠢᠭᠤᠯᠤᠨ ᠲᠡᠭᠦᠯᠳᠡᠷᠵᠢᠭᠦᠯᠵᠦ᠂ ᠤᠰᠤᠨ ᠤ ᠡᠬᠢ | ᠪᠠᠶᠠᠯᠢᠭ ᠤᠨ ᠭᠠᠶᠢᠯᠢ ᠶᠢᠨ ᠳᠦᠷᠢᠮ ᠢ ᠪᠦᠬᠦ ᠲᠠᠯ᠎ᠠ ᠳᠤ ᠬᠡᠷᠡᠭᠵᠢᠭᠦᠯᠬᠦ ᠳᠤ ᠲᠤᠷᠰᠢᠯᠭ᠎ᠠ ᠬᠤᠷᠠᠮᠳᠤᠭᠤᠯᠵᠤ᠂ | ᠨᠥᠬᠦᠴᠡᠯ ᠡᠭᠦᠳᠦᠨ᠎ᠡ ᠭᠡᠬᠦ ᠭᠤᠷᠪᠠᠨ ᠲᠠᠯ᠎ᠠ ᠶᠢ ᠪᠣᠳᠣᠯᠬᠢᠯᠠᠭᠰᠠᠨ ᠪᠠᠶᠢᠨ᠎ᠠ᠃ | ᠭᠤᠷᠪᠠ᠂ ᠮᠠᠨ ᠤ ᠣᠷᠣᠨ ᠤ ᠤᠰᠤᠨ ᠤ ᠡᠬᠢ ᠪᠠᠶᠠᠯᠢᠭ ᠤᠨ ᠭᠠᠶᠢᠯᠢ ᠳᠤ ᠥᠭᠡᠷᠡᠴᠢᠯᠡᠯᠲᠡ ᠬᠢᠬᠦ | ᠲᠤᠷᠰᠢᠯᠲᠠ ᠶᠢᠨ ᠴᠢᠭ᠋ ᠤᠨ ᠬᠠᠷᠠᠯᠲᠠ ᠵᠠᠷᠴᠢᠮ ᠨᠢ ᠶᠠᠭᠤ ᠪᠣᠢ︖ | ᠮᠠᠨ ᠤ ᠣᠷᠣᠨ ᠤ ᠤᠰᠤᠨ ᠤ ᠡᠬᠢ ᠪᠠᠶᠠᠯᠢᠭ ᠤᠨ ᠭᠠᠶᠢᠯᠢ ᠳᠤ ᠥᠭᠡᠷᠡᠴᠢᠯᠡᠯᠲᠡ ᠬᠢᠬᠦ ᠲᠤᠷᠰᠢᠯᠲᠠ ᠶᠢᠨ | ᠴᠢᠭ᠋ ᠤᠨ ᠬᠠᠷᠠᠯᠲᠠ ᠪᠣᠯ᠄ ᠤᠰᠤᠨ ᠤ ᠡᠬᠢ ᠪᠠᠶᠠᠯᠢᠭ ᠤᠨ ᠰᠦᠢᠳᠬᠡᠯ ᠢ ᠭᠠᠶᠢᠯᠢ ᠪᠣᠯᠭᠠᠨ ᠥᠭᠡᠷᠡᠴᠢᠯᠡᠵᠦ᠂ | ᠲᠣᠬᠢᠷᠠᠭᠤᠯᠤᠯᠲᠠ ᠡᠵᠡᠮᠳᠡᠯ ᠨᠢ ᠵᠣᠬᠢᠰᠲᠠᠢ᠂ ᠵᠢᠷᠤᠮᠵᠢᠯ ᠲᠠᠢ ᠮᠥᠷᠲᠡᠭᠡᠨ ᠲᠥᠪ ᠭᠤᠣᠯᠴᠢ᠂ ᠲᠠᠲᠠᠪᠤᠷᠢᠯᠠᠯᠲᠠ | ᠬᠠᠮᠢᠶᠠᠷᠤᠯᠲᠠ ᠨᠢ ᠥᠨᠳᠥᠷ ᠪᠦᠲᠦᠮᠵᠢᠲᠡᠢ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠳᠦᠷᠢᠮ ᠢ ᠪᠠᠶᠢᠭᠤᠯᠬᠤ ᠪᠠᠷ | ᠳᠠᠮᠵᠢᠭᠤᠯᠵᠤ᠂ ᠭᠠᠶᠢᠯᠢ ᠲᠠᠲᠠᠪᠤᠷᠢ ᠶᠢᠨ ᠬᠥᠰᠢᠭᠦᠷᠭᠡ ᠶᠢᠨ ᠦᠢᠯᠡᠳᠦᠯ ᠢ ᠪᠦᠲᠦᠮᠵᠢᠲᠡᠢ ᠪᠠᠳᠠᠷᠠᠭᠤᠯᠵᠤ᠂ ᠤᠰᠤ | ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠪᠠ ᠤᠰᠤ ᠬᠡᠷᠡᠭᠯᠡᠬᠦ ᠠᠵᠢᠯᠯᠠᠭ᠎ᠠ ᠶᠢ ᠵᠣᠬᠢᠰᠲᠠᠢ ᠲᠣᠬᠢᠷᠠᠭᠤᠯᠤᠨ᠂ ᠤᠰᠤ | ᠠᠷᠪᠢᠯᠠᠬᠤ ᠦᠵᠡᠯ ᠤᠬᠠᠮᠰᠠᠷ ᠢ ᠴᠢᠩᠭᠠᠷᠠᠭᠤᠯᠵᠤ᠂ ᠤᠰᠤ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠬᠢ | ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠨ᠂ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠬᠡᠯᠪᠡᠷᠢ ᠶᠢᠨ | ᠬᠤᠪᠢᠷᠠᠯᠲᠠ ᠶᠢ ᠬᠠᠪᠰᠤᠷᠤᠨ ᠠᠬᠢᠭᠤᠯᠵᠤ᠂ ᠡᠬᠢ ᠪᠠᠶᠠᠯᠢᠭ ᠣᠷᠴᠢᠨ ᠲᠣᠭᠤᠷᠢᠨ ᠤ ᠦᠷᠭᠦᠯᠵᠢᠯᠡᠬᠦᠶᠢᠴᠡ | ᠬᠥᠭᠵᠢᠯᠲᠡ ᠶᠢ ᠠᠬᠢᠭᠤᠯᠤᠨ᠎ᠠ᠃ | ᠳᠡᠭᠡᠷ᠎ᠡ ᠶᠠᠷᠢᠭᠰᠠᠨ ᠬᠠᠷᠠᠯᠲᠠ ᠶᠢ ᠦᠨᠳᠦᠰᠦᠯᠡᠪᠡᠯ᠂ ᠮᠠᠨ ᠤ ᠣᠷᠣᠨ ᠤ ᠤᠰᠤᠨ ᠤ ᠡᠬᠢ ᠪᠠᠶᠠᠯᠢᠭ ᠤᠨ | ᠭᠠᠶᠢᠯᠢ ᠳᠤ ᠥᠭᠡᠷᠡᠴᠢᠯᠡᠯᠲᠡ ᠬᠢᠬᠦ ᠵᠠᠷᠴᠢᠮ ᠪᠣᠯ᠄ | ᠳᠡᠰ ᠳᠠᠷᠠᠭᠠᠯᠠᠯ ᠲᠠᠢ ᠵᠣᠯᠭᠠᠭᠤᠯᠵᠤ᠂ ᠲᠣᠭᠲᠠᠭᠤᠨ ᠢᠶᠠᠷ ᠰᠢᠯᠵᠢᠭᠦᠯᠦᠨ᠎ᠡ᠃ ᠤᠰᠤᠨ ᠤ ᠡᠬᠢ ᠪᠠᠶᠠᠯᠢᠭ ᠤᠨ | ᠰᠦᠢᠳᠬᠡᠯ ᠢ ᠭᠠᠶᠢᠯᠢ ᠪᠣᠯᠭᠠᠨ ᠥᠭᠡᠷᠡᠴᠢᠯᠡᠬᠦ ᠶᠢ ᠬᠡᠷᠡᠭᠵᠢᠭᠦᠯᠬᠦ ᠨᠢ᠂ ᠤᠰᠤᠨ ᠤ ᠡᠬᠢ ᠪᠠᠶᠠᠯᠢᠭ ᠤᠨ ᠰᠦᠢᠳᠬᠡᠯ | ᠲᠤᠰᠢᠶᠠᠬᠤ ᠡᠭᠦᠷᠭᠡᠲᠦ ᠬᠥᠮᠥᠨ᠂ ᠲᠠᠲᠠᠪᠤᠷᠢᠯᠠᠨ ᠬᠤᠷᠢᠶᠠᠬᠤ ᠡᠲᠡᠭᠡᠳ᠂ ᠪᠣᠳᠣᠵᠤ ᠲᠠᠲᠠᠪᠤᠷᠢᠯᠠᠬᠤ ᠦᠨᠳᠦᠰᠦᠯᠡᠯ | ᠵᠡᠷᠭᠡ ᠦᠨᠳᠦᠰᠦᠨ ᠡᠯᠧᠮᠧᠨ᠋ᠲ ᠶᠢ ᠬᠤᠪᠢᠷᠠᠭᠤᠯᠬᠤ ᠦᠭᠡᠢ︔ ᠤᠰᠤᠨ ᠤ ᠡᠬᠢ ᠪᠠᠶᠠᠯᠢᠭ ᠤᠨ ᠰᠦᠢᠳᠬᠡᠯ ᠢᠶᠠᠷ | ᠰᠠᠭᠤᠷᠢ ᠪᠣᠯᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ᠂ ᠬᠥᠳᠡᠭᠡ ᠲᠣᠰᠬᠤᠨ ᠮᠠᠯᠵᠢᠬᠤ | ᠣᠷᠣᠨ ᠤ ᠬᠥᠮᠥᠨ ᠠᠮᠠ ᠶᠢ ᠲᠥᠪᠯᠡᠷᠡᠭᠦᠯᠦᠭᠰᠡᠨ ᠮᠠᠶ᠋ᠢᠭ ᠤᠨ ᠤᠮᠳᠠᠭᠠᠨ ᠤ ᠤᠰᠤᠨ ᠤ ᠢᠨᠵᠧᠨᠧᠷᠢᠩ᠂ ᠰᠠᠭᠤᠭᠠᠯᠢ | ᠠᠷᠠᠳ ᠪᠠ ᠶᠡᠷᠦᠳᠡ ᠶᠢᠨ ᠦᠢᠯᠡᠳᠪᠦᠷᠢ ᠬᠤᠳᠠᠯᠳᠤᠭᠠᠨ ᠤ ᠦᠢᠯᠡᠰ ᠤᠨ ᠳᠠᠷᠤᠭᠠᠰᠤ ᠶᠢᠨ ᠬᠢᠷᠢ ᠬᠡᠮᠵᠢᠶ᠎ᠡ ᠶᠢ | ᠬᠤᠪᠢᠷᠠᠭᠤᠯᠬᠤ ᠦᠭᠡᠢ᠂ ᠬᠡᠪ ᠤᠨ ᠦᠢᠯᠡᠳᠪᠦᠷᠢᠯᠡᠯ ᠠᠮᠢᠳᠤᠷᠠᠯ ᠤᠨ ᠤᠰᠤ ᠬᠡᠷᠡᠭᠯᠡᠬᠦ ᠳᠠᠷᠤᠭᠠᠰᠤ ᠶᠢ ᠨᠡᠮᠡᠭᠳᠡᠭᠦᠯᠬᠦ | ᠦᠭᠡᠢ ᠪᠠᠶᠢᠬᠤ ᠶᠢ ᠪᠠᠲᠤᠯᠠᠵᠤ᠂ ᠰᠦᠢᠳᠬᠡᠯ ᠬᠤᠷᠢᠶᠠᠬᠤ ᠶᠢ ᠭᠠᠶᠢᠯᠢ ᠲᠠᠲᠠᠪᠤᠷᠢᠯᠠᠬᠤ ᠲᠡᠶᠢᠰᠢ ᠲᠣᠭᠲᠠᠭᠤᠨ ᠢᠶᠠᠷ | ᠰᠢᠯᠵᠢᠭᠦᠯᠬᠦ ᠶᠢ ᠪᠡᠶᠡᠯᠡᠭᠦᠯᠦᠨ᠎ᠡ᠃ | ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠵᠤ᠂ ᠡᠵᠡᠮᠳᠡᠯ ᠲᠣᠬᠢᠷᠠᠭᠤᠯᠭ᠎ᠠ ᠶᠢ ᠠᠩᠬᠠᠷᠤᠨ | ᠴᠢᠬᠤᠯᠠᠴᠢᠯᠠᠨ᠎ᠠ᠃ ᠮᠠᠨ ᠤ ᠣᠷᠣᠨ ᠤ ᠤᠰᠤᠨ ᠤ ᠡᠬᠢ ᠪᠠᠶᠠᠯᠢᠭ ᠤᠨ ᠪᠠᠶᠢᠳᠠᠯ᠂ ᠤᠰᠤ ᠠᠪᠴᠤ ᠬᠡᠷᠡᠭᠯᠡᠬᠦ ᠲᠥᠷᠥᠯ | ᠬᠡᠯᠪᠡᠷᠢ᠂ ᠠᠵᠤ ᠠᠬᠤᠢ ᠨᠡᠶᠢᠭᠡᠮ ᠤᠨ ᠬᠥᠭᠵᠢᠯᠲᠡ ᠪᠠ ᠤᠰᠤᠨ ᠤ ᠡᠬᠢ ᠪᠠᠶᠠᠯᠢᠭ ᠢ ᠠᠷᠪᠢᠯᠠᠨ ᠬᠠᠮᠠᠭᠠᠯᠠᠬᠤ | ᠱᠠᠭᠠᠷᠳᠠᠯᠭ᠎ᠠ ᠶᠢ ᠦᠨᠳᠦᠰᠦᠯᠡᠵᠦ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠥᠭᠡᠷᠡᠴᠢᠯᠡᠯᠲᠡ ᠬᠢᠬᠦ | ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠲᠥᠷᠥᠯ ᠬᠡᠯᠪᠡᠷᠢ ︵ᠠᠵᠢᠯ ᠲᠥᠷᠥᠯ︶ ᠬᠤᠪᠢᠶᠠᠨ ᠵᠥᠷᠢᠶᠡᠲᠦ | ᠭᠠᠶᠢᠯᠢ ᠶᠢᠨ ᠲᠤᠭ᠎ᠠ ᠶᠢ ᠲᠣᠬᠢᠷᠠᠭᠤᠯᠤᠨ᠂ ᠬᠠᠤᠯᠢ ᠶᠣᠰᠣᠭᠠᠷ ᠭᠠᠶᠢᠯᠢ ᠲᠠᠲᠠᠪᠤᠷᠢ ᠲᠠᠲᠠᠪᠤᠷᠢᠯᠠᠨ ᠬᠠᠮᠢᠶᠠᠷᠬᠤ ᠶᠢ | ᠴᠢᠩᠭᠠᠳᠬᠠᠵᠤ᠂ ᠭᠠᠶᠢᠯᠢ ᠲᠠᠲᠠᠪᠤᠷᠢ ᠶᠢᠨ ᠡᠵᠡᠮᠳᠡᠨ ᠲᠣᠬᠢᠷᠠᠭᠤᠯᠬᠤ ᠦᠢᠯᠡᠳᠦᠯ ᠢ ᠪᠠᠳᠠᠷᠠᠭᠤᠯᠵᠤ᠂ ᠭᠠᠵᠠᠷ | ᠳᠣᠣᠷᠠᠬᠢ ᠤᠰᠤ ᠶᠢ ᠬᠡᠲᠦᠷᠡᠲᠡᠯ᠎ᠡ ᠭᠠᠷᠭᠠᠨ ᠠᠪᠬᠤ ᠪᠠ ᠤᠰᠤ ᠬᠡᠷᠡᠭᠯᠡᠬᠦ ᠵᠦᠢ ᠵᠣᠬᠢᠰ ᠦᠭᠡᠢ ᠬᠡᠷᠡᠭᠴᠡᠭᠡ | ᠱᠠᠭᠠᠷᠳᠠᠯᠭ᠎ᠠ ᠶᠢ ᠬᠤᠷᠢᠭᠯᠠᠨ ᠵᠣᠭᠰᠣᠭᠠᠵᠤ᠂ ᠤᠰᠤ ᠬᠡᠷᠡᠭᠯᠡᠬᠦ ᠪᠦᠲᠦᠴᠡ ᠶᠢ ᠰᠢᠯᠢᠳᠡᠭᠵᠢᠭᠦᠯᠦᠨ᠂ ᠤᠰᠤ | ᠠᠷᠪᠢᠯᠠᠬᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠨ᠎ᠠ᠃ | ᠬᠡᠷᠡᠭᠯᠡᠬᠦ ᠳᠤ ᠬᠢᠯᠪᠠᠷ᠂ ᠠᠵᠢᠯᠯᠠᠭᠤᠯᠬᠤ ᠳᠤ ᠳᠥᠭᠦᠮ ᠪᠣᠯᠭᠠᠨ᠎ᠠ᠃ ᠤᠰᠤᠨ ᠤ ᠡᠬᠢ ᠪᠠᠶᠠᠯᠢᠭ ᠤᠨ | ᠭᠠᠶᠢᠯᠢ ᠶᠢ ᠲᠠᠲᠠᠪᠤᠷᠢᠯᠠᠨ ᠬᠠᠮᠢᠶᠠᠷᠬᠤ ᠲᠥᠷᠥ ᠶᠢᠨ ᠪᠣᠳᠣᠯᠭ᠎ᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ | ᠠᠵᠢᠯᠯᠠᠭᠤᠯᠵᠤ ᠬᠡᠷᠡᠭᠯᠡᠬᠦ ᠳᠤ ᠬᠢᠯᠪᠠᠷ ᠳᠥᠭᠦᠮ ᠪᠣᠯᠭᠠᠬᠤ ᠪᠠᠷ ᠴᠢᠷᠮᠠᠶᠢᠨ᠎ᠠ︔ ᠤᠯᠤᠰ ᠠᠴᠠ ᠲᠣᠭᠲᠠᠭᠠᠭᠰᠠᠨ | ᠤᠰᠤᠨ ᠤ ᠡᠬᠢ ᠪᠠᠶᠠᠯᠢᠭ ᠤᠨ ᠭᠠᠶᠢᠯᠢ ᠶᠢ ᠲᠠᠲᠠᠪᠤᠷᠢᠯᠠᠨ ᠬᠠᠮᠢᠶᠠᠷᠬᠤ ᠵᠠᠭᠪᠤᠷ ᠶᠣᠰᠣᠭᠠᠷ᠂ ᠭᠠᠶᠢᠯᠢ ᠶᠢᠨ | ᠶᠠᠪᠤᠳᠠᠯ ᠤᠨ ᠪᠠᠶᠢᠭᠤᠯᠭ᠎ᠠ ᠬᠢᠭᠡᠳ ᠤᠰᠤᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ | ᠬᠠᠮᠵᠢᠯᠴᠠᠵᠤ ᠲᠠᠲᠠᠪᠤᠷᠢᠯᠠᠨ ᠬᠠᠮᠢᠶᠠᠷᠬᠤ ᠲᠣᠭᠲᠠᠴᠠ ᠶᠢ ᠪᠠᠶᠢᠭᠤᠯᠵᠤ᠂ ᠲᠠᠲᠠᠪᠤᠷᠢᠯᠠᠨ ᠬᠠᠮᠢᠶᠠᠷᠬᠤ ᠠᠯᠳᠠᠰᠢ ᠪᠠᠨ | ᠨᠥᠬᠦᠪᠦᠷᠢᠯᠡᠵᠦ᠂ ᠤᠰᠤᠨ ᠤ ᠡᠬᠢ ᠪᠠᠶᠠᠯᠢᠭ ᠤᠨ ᠪᠦᠲᠦᠮᠵᠢᠲᠡᠢ ᠲᠣᠬᠢᠷᠠᠭᠤᠯᠤᠯᠲᠠ ᠶᠢ ᠠᠬᠢᠭᠤᠯᠤᠨ᠂ ᠤᠰᠤᠨ ᠤ | ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠤᠨ᠎ᠠ᠃ | ᠬᠠᠶᠢᠨ ᠰᠦᠪᠡᠭᠴᠢᠯᠡᠵᠦ ᠰᠢᠨ᠎ᠡ ᠶᠢ ᠡᠭᠦᠳᠦᠨ᠂ ᠤᠷᠢᠳ ᠢᠶᠠᠷ ᠬᠡᠷᠡᠭᠵᠢᠭᠦᠯᠦᠨ ᠤᠷᠢᠳ ᠢᠶᠠᠷ ᠲᠤᠷᠰᠢᠨ᠎ᠠ᠃ | ᠶᠡᠷᠦᠩᠬᠡᠢ ᠱᠦᠵᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠳᠦᠷᠢᠮ ᠰᠢᠰᠲ᠋ᠧᠮᠴᠢ ᠶᠢ | ᠲᠡᠭᠦᠯᠳᠡᠷᠵᠢᠭᠦᠯᠵᠦ᠂ ᠬᠠᠮᠤᠭ ᠤᠨ ᠴᠢᠩᠭ᠎ᠠ ᠳᠦᠷᠢᠮ ᠭᠤᠷᠢᠮ᠂ ᠬᠠᠮᠤᠭ ᠤᠨ ᠨᠠᠷᠢᠯᠢᠭ ᠠᠮᠢ ᠠᠬᠤᠢ ᠶᠢᠨ ᠣᠷᠴᠢᠨ | ᠲᠣᠭᠤᠷᠢᠨ ᠢ ᠬᠠᠤᠯᠢ ᠪᠠᠷ ᠵᠠᠰᠠᠨ ᠬᠠᠮᠠᠭᠠᠯᠠᠬᠤ ᠲᠣᠭᠠᠴᠢᠯᠲᠠ ᠪᠠ ᠥᠪᠥᠷ ᠮᠣᠩᠭᠤᠯ ᠤᠨ ᠠᠵᠢᠯ ᠳᠤ ᠰᠢᠯᠭᠠᠨ | ᠪᠠᠶᠢᠴᠠᠭᠠᠯᠲᠠ ᠬᠢᠬᠦ ᠦᠶ᠎ᠡ ᠶᠢᠨ ᠴᠢᠬᠤᠯᠠ ᠶᠠᠷᠢᠶᠠᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ | ᠭᠠᠶᠢᠯᠢ ᠶᠢᠨ ᠨᠣᠷᠮ᠎ᠠ ᠶᠢ ᠴᠣᠮᠬᠠᠳᠬᠠᠨ ᠨᠡᠶᠢᠯᠡᠭᠦᠯᠵᠦ ᠲᠣᠬᠢᠷᠠᠭᠤᠯᠤᠨ ᠬᠡᠷᠡᠭᠯᠡᠬᠦ᠂ ᠢᠯᠭᠠᠭ᠎ᠠ ᠵᠥᠷᠢᠶ᠎ᠡ ᠶᠢᠨ | ᠲᠥᠷᠥ ᠶᠢᠨ ᠪᠣᠳᠣᠯᠭ᠎ᠠ ᠶᠢ ᠲᠣᠭᠲᠠᠭᠠᠬᠤ᠂ ᠲᠥᠬᠦᠷᠵᠢᠭᠰᠡᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠬᠤ᠂ | ᠥᠭᠡᠷᠡᠴᠢᠯᠡᠯᠲᠡ ᠶᠢᠨ ᠬᠦᠴᠢᠷᠳᠡᠯ ᠢ ᠰᠢᠪᠲᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠵᠤ᠂ ᠮᠠᠨ ᠤ ᠣᠷᠣᠨ ᠤ | ᠪᠣᠳᠠᠲᠤ ᠪᠠᠶᠢᠳᠠᠯ ᠲᠠᠢ ᠨᠡᠶᠢᠴᠡᠭᠰᠡᠨ ᠤᠰᠤᠨ ᠤ ᠡᠬᠢ ᠪᠠᠶᠠᠯᠢᠭ ᠤᠨ ᠭᠠᠶᠢᠯᠢ ᠳᠤ ᠥᠭᠡᠷᠡᠴᠢᠯᠡᠯᠲᠡ ᠬᠢᠬᠦ ᠠᠷᠭ᠎ᠠ | ᠵᠠᠮ ᠢ ᠢᠳᠡᠪᠬᠢᠲᠡᠢ ᠰᠦᠪᠡᠭᠴᠢᠯᠡᠨ᠎ᠡ᠃ | ᠳᠥᠷᠪᠡ᠂ ᠮᠠᠨ ᠤ ᠣᠷᠣᠨ ᠤ ᠤᠰᠤᠨ ᠤ ᠡᠬᠢ ᠪᠠᠶᠠᠯᠢᠭ ᠤᠨ ᠭᠠᠶᠢᠯᠢ ᠳᠤ ᠥᠭᠡᠷᠡᠴᠢᠯᠡᠯᠲᠡ ᠬᠢᠬᠦ | ᠲᠤᠷᠰᠢᠯᠲᠠ ᠶᠢᠨ ᠴᠢᠭ᠋ ᠤᠨ ᠲᠥᠷᠥ ᠶᠢᠨ ᠪᠣᠳᠣᠯᠭ᠎ᠠ ᠶᠢᠨ ᠠᠭᠤᠯᠭ᠎ᠠ ᠨᠢ ᠶᠠᠭᠤ ᠪᠣᠢ︖ | ᠮᠠᠨ ᠤ ᠣᠷᠣᠨ ᠤ ᠤᠰᠤᠨ ᠤ ᠡᠬᠢ ᠪᠠᠶᠠᠯᠢᠭ ᠤᠨ ᠭᠠᠶᠢᠯᠢ ᠳᠤ ᠥᠭᠡᠷᠡᠴᠢᠯᠡᠯᠲᠡ ᠬᠢᠬᠦ ᠲᠤᠷᠰᠢᠯᠲᠠ ᠶᠢᠨ | ᠴᠢᠭ᠋ ᠤᠨ ᠲᠥᠷᠥ ᠪᠣᠳᠣᠯᠭ᠎ᠠ ᠳᠤ 9 ᠲᠠᠯ᠎ᠠ ᠶᠢᠨ ᠠᠭᠤᠯᠭ᠎ᠠ ᠪᠠᠭᠲᠠᠵᠤ ᠪᠠᠶᠢᠨ᠎ᠠ᠄ | ︵ᠨᠢᠭᠡ︶ ᠭᠠᠶᠢᠯᠢ ᠲᠤᠰᠢᠶᠠᠭᠴᠢ᠃ ︽ᠬᠡᠷᠡᠭᠵᠢᠭᠦᠯᠬᠦ ᠠᠷᠭ᠎ᠠ︾ ᠶᠢᠨ ᠵᠢᠷᠭᠤᠳᠤᠭᠠᠷ ᠵᠦᠢᠯ ᠳᠤ | ᠲᠣᠭᠲᠠᠭᠠᠭᠰᠠᠨ ᠪᠠᠶᠢᠳᠠᠯ ᠠᠴᠠ ᠭᠠᠳᠠᠨ᠎ᠠ᠂ ᠪᠤᠰᠤᠳ ᠭᠠᠵᠠᠷ ᠳᠡᠭᠡᠷᠡᠬᠢ ᠤᠰᠤ᠂ ᠭᠠᠵᠠᠷ ᠳᠣᠣᠷᠠᠬᠢ ᠤᠰᠤ ᠶᠢ | ᠰᠢᠭᠤᠳ ᠠᠪᠴᠤ ᠬᠡᠷᠡᠭᠯᠡᠬᠦ ᠨᠢᠭᠡᠴᠢ ᠪᠠ ᠬᠤᠪᠢ ᠬᠥᠮᠥᠨ ᠪᠣᠯ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠭᠠᠶᠢᠯᠢ | ᠲᠤᠰᠢᠶᠠᠭᠴᠢ ᠪᠠᠶᠢᠵᠤ᠂ ᠤᠰᠤᠨ ᠤ ᠡᠬᠢ ᠪᠠᠶᠠᠯᠢᠭ ᠤᠨ ᠭᠠᠶᠢᠯᠢ ᠲᠤᠰᠢᠶᠠᠬᠤ ᠬᠡᠷᠡᠭᠲᠡᠢ᠃ | ︵ᠬᠤᠶᠠᠷ︶ ᠲᠠᠲᠠᠪᠤᠷᠢᠯᠠᠨ ᠬᠤᠷᠢᠶᠠᠬᠤ ᠡᠲᠡᠭᠡᠳ᠃ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠭᠠᠶᠢᠯᠢ | ᠲᠠᠲᠠᠪᠤᠷᠢᠯᠠᠬᠤ ᠡᠲᠡᠭᠡᠳ ᠪᠣᠯ ᠭᠠᠵᠠᠷ ᠳᠡᠭᠡᠷᠡᠬᠢ ᠤᠰᠤ ᠪᠠ ᠭᠠᠵᠠᠷ ᠳᠣᠣᠷᠠᠬᠢ ᠤᠰᠤ ᠪᠣᠯᠣᠨ᠎ᠠ︔ ᠭᠠᠵᠠᠷ | ᠳᠣᠣᠷᠠᠬᠢ ᠬᠠᠯᠠᠭᠤᠨ ᠤᠰᠤ ᠪᠠ ᠷᠠᠰᠢᠶᠠᠨ ᠤᠰᠤ ᠠᠴᠠ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠭᠠᠶᠢᠯᠢ | ᠬᠤᠷᠢᠶᠠᠵᠤ᠂ ᠤᠰᠤᠨ ᠤ ᠡᠬᠢ ᠪᠠᠶᠠᠯᠢᠭ ᠤᠨ ᠭᠠᠶᠢᠯᠢ ᠲᠠᠲᠠᠪᠤᠷᠢᠯᠠᠨ ᠬᠤᠷᠢᠶᠠᠬᠤ ᠦᠭᠡᠢ᠃ | ︵ᠭᠤᠷᠪᠠ︶ ᠭᠠᠶᠢᠯᠢ ᠲᠠᠲᠠᠪᠤᠷᠢᠯᠠᠬᠤ ᠬᠡᠪᠴᠢᠶ᠎ᠡ᠃ ᠬᠥᠳᠡᠭᠡ ᠲᠣᠰᠬᠤᠨ ᠮᠠᠯᠵᠢᠬᠤ ᠣᠷᠣᠨ ᠤ ᠨᠡᠶᠢᠲᠡ ᠶᠢᠨ | ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠵᠢᠴᠢ ᠭᠡᠰᠢᠭᠦᠳ ᠨᠢ ᠲᠤᠰ ᠨᠡᠶᠢᠲᠡ ᠶᠢᠨ ᠠᠵᠤ ᠠᠵᠤ ᠠᠬᠤᠢ ᠶᠢᠨ | ᠵᠣᠬᠢᠶᠠᠨ ᠪᠠᠶᠢᠭᠤᠯᠤᠯᠲᠠ ᠶᠢᠨ ᠤᠰᠤᠨ ᠴᠥᠭᠦᠷᠥᠮ ᠠᠴᠠ ᠤᠰᠤ ᠠᠪᠴᠤ ᠬᠡᠷᠡᠭᠯᠡᠬᠦ ᠵᠡᠷᠭᠡ 6 ᠵᠦᠢᠯ ᠤᠨ ᠪᠠᠶᠢᠳᠠᠯ | ᠨᠢ ᠤᠰᠤᠨ ᠤ ᠡᠬᠢ ᠪᠠᠶᠠᠯᠢᠭ ᠤᠨ ᠭᠠᠶᠢᠯᠢ ᠲᠠᠲᠠᠪᠤᠷᠢᠯᠠᠬᠤ ᠬᠡᠪᠴᠢᠶᠡᠨ ᠳᠤ ᠪᠠᠭᠲᠠᠬᠤ ᠦᠭᠡᠢ᠃ | ︵ᠳᠥᠷᠪᠡ︶ ᠭᠠᠶᠢᠯᠢ ᠶᠢᠨ ᠲᠤᠭ᠎ᠠ ᠶᠢᠨ ᠪᠠᠷᠢᠮᠵᠢᠶ᠎ᠠ᠃ ᠤᠯᠤᠰ ᠠᠴᠠ ᠮᠠᠨ ᠤ ᠣᠷᠣᠨ ᠤ ᠬᠠᠮᠤᠭ ᠤᠨ | ᠳᠣᠣᠷ᠎ᠠ ᠳᠤᠮᠳᠠᠴᠢ ᠭᠠᠶᠢᠯᠢ ᠶᠢᠨ ᠲᠤᠭ᠎ᠠ ᠶᠢ ᠲᠣᠭᠲᠠᠭᠠᠭᠰᠠᠨ ᠰᠠᠭᠤᠷᠢᠨ ᠳᠡᠭᠡᠷ᠎ᠡ᠂ ᠬᠠᠮᠢᠶ᠎ᠠ ᠪᠦᠬᠦᠢ ᠵᠠᠷᠴᠢᠮ | ᠶᠣᠰᠣᠭᠠᠷ ᠲᠥᠷᠥᠯ ᠬᠡᠯᠪᠡᠷᠢ᠂ ᠠᠵᠢᠯ ᠲᠥᠷᠥᠯ ᠬᠤᠪᠢᠶᠠᠵᠤ ᠤᠰᠤ ᠠᠪᠴᠤ ᠬᠡᠷᠡᠭᠯᠡᠬᠦ ᠡᠯ᠎ᠡ ᠲᠥᠷᠥᠯ ᠤᠨ | ᠭᠠᠶᠢᠯᠢ ᠶᠢᠨ ᠲᠤᠭ᠎ᠠ ᠶᠢᠨ ᠪᠠᠷᠢᠮᠵᠢᠶ᠎ᠠ ᠶᠢ ᠲᠣᠭᠲᠠᠭᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠤᠰᠤᠨ ᠤ ᠡᠬᠢ ᠪᠠᠶᠠᠯᠢᠭ ᠤᠨ ᠭᠠᠶᠢᠯᠢ ᠳᠤ ᠬᠡᠷᠡᠭᠯᠡᠭᠳᠡᠬᠦ ᠭᠠᠶᠢᠯᠢ ᠶᠢᠨ ᠲᠤᠭ᠎ᠠ ᠶᠢᠨ ᠬᠦᠰᠦᠨᠦᠭᠲᠦ︾ ᠶᠢ | ᠲᠣᠭᠲᠠᠭᠠᠪᠠ᠃ | ︵ᠲᠠᠪᠤ︶ ᠭᠠᠶᠢᠯᠢ ᠪᠣᠳᠣᠬᠤ ᠦᠨᠳᠦᠰᠦᠯᠡᠯ᠃ ᠶᠡᠷᠦ ᠶᠢᠨ ᠪᠠᠶᠢᠳᠠᠯ ᠳᠤ ᠤᠰᠤ ᠠᠪᠴᠤ ᠬᠡᠷᠡᠭᠯᠡᠬᠦ ᠳᠤ | ᠠᠪᠴᠤ ᠬᠡᠷᠡᠭᠯᠡᠭᠰᠡᠨ ᠪᠣᠳᠠᠲᠠᠢ ᠤᠰᠤᠨ ᠤ ᠬᠡᠮᠵᠢᠶ᠎ᠡ ᠪᠠᠷ ᠭᠠᠶᠢᠯᠢ ᠲᠠᠲᠠᠪᠤᠷᠢᠯᠠᠨ᠎ᠠ︔ ᠬᠤᠲᠠ ᠬᠥᠳᠡᠭᠡ ᠶᠢᠨ ᠣᠯᠠᠨ | ᠨᠡᠶᠢᠲᠡ ᠳᠤ ᠤᠰᠤ ᠬᠠᠩᠭᠠᠬᠤ ᠳᠤ ᠬᠤᠳᠠᠯᠳᠤᠭᠰᠠᠨ ᠤᠰᠤᠨ ᠤ ᠬᠡᠮᠵᠢᠶ᠎ᠡ ᠪᠠᠷ ᠭᠠᠶᠢᠯᠢ ᠲᠠᠲᠠᠪᠤᠷᠢᠯᠠᠨ᠎ᠠ︔ | ᠤᠰᠤᠨ ᠤ ᠬᠦᠴᠦ ᠪᠠᠷ ᠴᠠᠬᠢᠯᠭᠠᠨ ᠭᠠᠷᠭᠠᠬᠤ ᠳᠤ ᠭᠠᠷᠭᠠᠭᠰᠠᠨ ᠪᠣᠳᠠᠲᠠᠢ ᠴᠠᠬᠢᠯᠭᠠᠨ ᠤ ᠬᠡᠮᠵᠢᠶ᠎ᠡ ᠪᠠᠷ ᠭᠠᠶᠢᠯᠢ | ᠲᠠᠲᠠᠪᠤᠷᠢᠯᠠᠨ᠎ᠠ᠃ | ︵ᠵᠢᠷᠭᠤᠭ᠎ᠠ︶ ᠭᠠᠶᠢᠯᠢ ᠬᠠᠰᠤᠵᠤ ᠬᠡᠯᠲᠦᠷᠢᠭᠦᠯᠬᠦ᠃ ᠡᠳ᠋ ᠤᠨ ᠵᠠᠰᠠᠭ ᠤᠨ ᠶᠠᠮᠤᠨ ᠤ ᠲᠣᠭᠲᠠᠭᠠᠯ ᠢ | ᠦᠨᠳᠦᠰᠦᠯᠡᠵᠦ᠂ ᠲᠣᠭᠲᠠᠭᠠᠭᠰᠠᠨ ᠬᠢᠵᠠᠭᠠᠷᠲᠤ ᠲᠣᠭᠠᠨ ᠤ ᠳᠣᠲᠣᠷ᠎ᠠ ᠲᠠᠷᠢᠶᠠᠯᠠᠩ ᠤᠨ ᠦᠢᠯᠡᠳᠪᠦᠷᠢᠯᠡᠯ ᠳᠤ ᠤᠰᠤ | ᠠᠪᠴᠤ ᠬᠡᠷᠡᠭᠯᠡᠬᠦ ᠵᠡᠷᠭᠡ 6 ᠵᠦᠢᠯ ᠤᠨ ᠪᠠᠶᠢᠳᠠᠯ ᠳᠤ ᠭᠠᠶᠢᠯᠢ ᠠᠴᠠ ᠬᠡᠯᠲᠦᠷᠢᠭᠦᠯᠦᠨ᠎ᠡ᠃ | ︵ᠳᠣᠯᠤᠭ᠎ᠠ︶ ᠭᠠᠶᠢᠯᠢ ᠲᠤᠰᠢᠶᠠᠬᠤ ᠭᠠᠵᠠᠷ᠃ ︽ᠬᠡᠷᠡᠭᠵᠢᠭᠦᠯᠬᠦ ᠠᠷᠭ᠎ᠠ︾ ᠶᠢᠨ ᠬᠤᠷᠢᠨ ᠵᠢᠷᠭᠤᠳᠤᠭᠠᠷ᠂ | ᠬᠤᠷᠢᠨ ᠳᠣᠯᠣᠳᠤᠭᠠᠷ ᠵᠦᠢᠯ ᠳᠤ ᠲᠣᠭᠲᠠᠭᠠᠭᠰᠠᠨ ᠪᠠᠶᠢᠳᠠᠯ ᠠᠴᠠ ᠭᠠᠳᠠᠨ᠎ᠠ᠂ ᠭᠠᠶᠢᠯᠢ ᠲᠤᠰᠢᠶᠠᠭᠴᠢᠳ | ᠦᠢᠯᠡᠳᠪᠦᠷᠢᠯᠡᠯ ᠡᠵᠡᠩᠨᠡᠵᠦ ᠪᠠᠶᠢᠭ᠎ᠠ ᠭᠠᠵᠠᠷ ᠤᠨ ᠢᠶᠠᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠬᠦᠷᠴᠦ | ᠤᠰᠤᠨ ᠤ ᠡᠬᠢ ᠪᠠᠶᠠᠯᠢᠭ ᠤᠨ ᠭᠠᠶᠢᠯᠢ ᠲᠤᠰᠢᠶᠠᠬᠤ ᠪᠠᠷ ᠭᠤᠶᠤᠴᠢᠯᠠᠨ ᠮᠡᠳᠡᠭᠦᠯᠦᠨ᠎ᠡ︔ ᠭᠠᠶᠢᠯᠢ ᠲᠤᠰᠢᠶᠠᠬᠤ | ᠭᠠᠵᠠᠷ ᠲᠤ ᠲᠣᠬᠢᠷᠠᠭᠤᠯᠤᠯᠲᠠ ᠬᠢᠬᠦ ᠴᠢᠬᠤᠯᠠᠲᠠᠢ ᠪᠣᠯ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ᠂ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠠᠴᠠ ᠲᠣᠭᠲᠠᠭᠠᠨ᠎ᠠ᠃ | ︵ᠨᠠᠢᠮᠠ︶ ᠲᠠᠲᠠᠪᠤᠷᠢᠯᠠᠨ ᠬᠠᠮᠢᠶᠠᠷᠬᠤ ᠠᠷᠭ᠎ᠠ ᠬᠡᠮᠵᠢᠶ᠎ᠡ᠃ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ | ᠪᠠᠶᠢᠭᠤᠯᠭ᠎ᠠ ᠪᠠ ᠤᠰᠤᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ︽ | ᠭᠠᠶᠢᠯᠢ ᠶᠢᠨ ᠶᠠᠪᠤᠳᠠᠯ ᠢ ᠲᠠᠲᠠᠪᠤᠷᠢᠯᠠᠨ ᠬᠠᠮᠢᠶᠠᠷᠬᠤ᠂ ᠤᠰᠤᠨ ᠠᠰᠢᠭᠯᠠᠯᠲᠠ ᠶᠢᠨ ᠬᠡᠮᠵᠢᠶ᠎ᠡ ᠶᠢ ᠬᠠᠷᠭᠤᠭᠤᠯᠬᠤ᠂ | ᠡᠵᠡᠨ ᠮᠡᠳᠡᠵᠦ ᠭᠤᠶᠤᠴᠢᠯᠠᠨ ᠮᠡᠳᠡᠭᠦᠯᠬᠦ᠂ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ︾ ᠤᠰᠤᠨ ᠤ ᠡᠬᠢ | ᠪᠠᠶᠠᠯᠢᠭ ᠤᠨ ᠭᠠᠶᠢᠯᠢ ᠶᠢ ᠲᠠᠲᠠᠪᠤᠷᠢᠯᠠᠨ ᠬᠠᠮᠢᠶᠠᠷᠬᠤ ᠵᠠᠭᠪᠤᠷ ᠶᠣᠰᠣᠭᠠᠷ᠂ ᠤᠰᠤᠨ ᠤ ᠡᠬᠢ ᠪᠠᠶᠠᠯᠢᠭ ᠢ | ᠲᠠᠲᠠᠪᠤᠷᠢᠯᠠᠵᠤ ᠬᠠᠮᠢᠶᠠᠷᠬᠤ ᠠᠵᠢᠯ ᠢ ᠥᠷᠨᠢᠭᠦᠯᠦᠨ᠎ᠡ᠃ | ︵ᠶᠢᠰᠦ︶ ᠪᠠᠲᠤᠯᠠᠬᠤ ᠠᠷᠭ᠎ᠠ ᠬᠡᠮᠵᠢᠶ᠎ᠡ᠃ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢ | ᠴᠢᠩᠭᠠᠳᠬᠠᠨ᠎ᠠ︔ ᠲᠥᠬᠦᠷᠵᠢᠭᠰᠡᠨ ᠲᠥᠷᠥ ᠶᠢᠨ ᠪᠣᠳᠣᠯᠭ᠎ᠠ ᠶᠢ ᠲᠣᠭᠲᠠᠭᠠᠨ᠎ᠠ︔ ᠭᠡᠨᠡᠳᠲᠡ ᠶᠢᠨ ᠬᠡᠷᠡᠭ᠂ ᠰᠠᠯᠠᠭ᠎ᠠ | ᠮᠥᠴᠢᠷ ᠤᠳ ᠤᠨ ᠬᠠᠮᠵᠢᠯᠴᠠᠭ᠎ᠠ᠂ ᠵᠠᠷᠤᠳᠠᠯ ᠤᠨ ᠪᠠᠲᠤᠯᠠᠭ᠎ᠠ᠂ ᠬᠥᠮᠥᠰ ᠤᠨ ᠲᠣᠬᠢᠷᠠᠭᠤᠯᠤᠯᠲᠠ ᠪᠠ ᠡᠳ᠋ ᠤᠨ | ᠵᠠᠰᠠᠭ ᠤᠨ ᠬᠤᠪᠢᠶᠠᠷᠢᠯᠠᠯᠲᠠ ᠵᠡᠷᠭᠡ ᠠᠰᠠᠭᠤᠳᠠᠯ ᠤᠳ ᠢ ᠵᠣᠬᠢᠰᠲᠠᠢ ᠰᠢᠢᠳᠪᠦᠷᠢᠯᠡᠨ᠎ᠡ᠃ | ᠲᠠᠪᠤ᠂ ᠮᠠᠨ ᠤ ᠣᠷᠣᠨ ᠤ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠲᠤᠭ᠎ᠠ ᠶᠢᠨ ᠪᠠᠷᠢᠮᠵᠢᠶ᠎ᠠ ᠶᠢ | ᠲᠣᠭᠲᠠᠭᠠᠭᠰᠠᠨ ᠵᠠᠷᠴᠢᠮ ᠨᠢ ᠶᠠᠭᠤ ᠪᠣᠢ︖ | ᠮᠠᠨ ᠤ ᠣᠷᠣᠨ ᠤ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠲᠤᠭ᠎ᠠ ᠶᠢᠨ ᠪᠠᠷᠢᠮᠵᠢᠶ᠎ᠠ ᠶᠢ ᠲᠣᠭᠲᠠᠭᠠᠭᠰᠠᠨ | ᠵᠠᠷᠴᠢᠮ ᠨᠢ ᠭᠤᠣᠯᠳᠠᠭᠤ 6 ᠵᠦᠢᠯ ᠪᠣᠢ᠄ | ᠨᠢᠭᠡ ᠳᠤ᠂ ᠭᠠᠵᠠᠷ ᠳᠣᠣᠷᠠᠬᠢ ᠤᠰᠤ ᠶᠢ ᠠᠪᠴᠤ ᠬᠡᠷᠡᠭᠯᠡᠬᠦ᠂ ᠣᠨᠴᠠᠭᠠᠢ ᠠᠵᠢᠯ ᠲᠥᠷᠥᠯ ᠳᠤ ᠤᠰᠤ | ᠠᠪᠴᠤ ᠬᠡᠷᠡᠭᠯᠡᠬᠦ᠂ ᠲᠥᠯᠥᠪᠯᠡᠭᠡ ︵ᠲᠣᠭᠲᠠᠭᠰᠠᠨ ᠲᠤᠭ᠎ᠠ︶ ᠠᠴᠠ ᠬᠡᠲᠦᠷᠡᠭᠦᠯᠦᠨ ᠤᠰᠤ ᠠᠪᠴᠤ ᠬᠡᠷᠡᠭᠯᠡᠬᠦ ᠳᠤ᠂ | ᠭᠠᠶᠢᠯᠢ ᠶᠢᠨ ᠲᠤᠭ᠎ᠠ ᠶᠢ ᠥᠨᠳᠥᠷ ᠢᠶᠠᠷ ᠲᠣᠭᠲᠠᠭᠠᠨ᠎ᠠ︔ ᠲᠣᠭᠲᠠᠭᠰᠠᠨ ᠬᠢᠵᠠᠭᠠᠷᠲᠤ ᠲᠤᠭ᠎ᠠ ᠠᠴᠠ ᠳᠠᠪᠠᠭᠰᠠᠨ | ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠤᠰᠤ ᠠᠪᠴᠤ ᠬᠡᠷᠡᠭᠯᠡᠬᠦ ᠵᠢᠴᠢ ᠭᠤᠣᠯᠳᠠᠭᠤ ᠬᠥᠳᠡᠭᠡ | ᠲᠣᠰᠬᠤᠨ ᠮᠠᠯᠵᠢᠬᠤ ᠣᠷᠣᠨ ᠤ ᠬᠥᠮᠥᠨ ᠠᠮᠠ ᠶᠢᠨ ᠠᠮᠢᠳᠤᠷᠠᠯ ᠳᠤ ᠬᠡᠷᠡᠭᠯᠡᠬᠦ ᠤᠰᠤ ᠶᠢ ᠬᠠᠩᠭᠠᠬᠤ | ᠲᠥᠪᠯᠡᠷᠡᠭᠦᠯᠦᠭᠰᠡᠨ ᠮᠠᠶ᠋ᠢᠭ ᠤᠨ ᠤᠮᠳᠠᠭᠠᠨ ᠤ ᠤᠰᠤᠨ ᠤ ᠢᠨᠵᠧᠨᠧᠷᠢᠩ ᠳᠤ ᠤᠰᠤ ᠠᠪᠴᠤ ᠬᠡᠷᠡᠭᠯᠡᠬᠦ᠂ ᠬᠤᠷᠢᠶᠠᠨ | ᠠᠪᠴᠤ ᠠᠰᠢᠭᠯᠠᠭᠰᠠᠨ ᠨᠡᠭᠦᠷᠡᠰᠦᠨ ᠤ ᠭᠠᠳᠠᠭᠰᠢᠯᠠᠭᠤᠯᠬᠤ ᠤᠰᠤ ᠪᠠ ᠭᠠᠵᠠᠷ ᠤᠨ ᠰᠤᠷᠪᠤᠯᠵᠢ ᠶᠢᠨ ᠬᠠᠯᠠᠭᠤᠨ | ᠬᠥᠭᠡᠷᠭᠡ ᠳᠤ ᠤᠰᠤ ᠠᠪᠴᠤ ᠬᠡᠷᠡᠭᠯᠡᠬᠦ ᠳᠤ᠂ ᠲᠠᠲᠠᠪᠤᠷᠢᠯᠠᠬᠤ ᠭᠠᠶᠢᠯᠢ ᠶᠢᠨ ᠲᠤᠭ᠎ᠠ ᠶᠢ ᠳᠣᠣᠷ᠎ᠠ ᠪᠠᠷ | ᠲᠣᠭᠲᠠᠭᠠᠨ᠎ᠠ᠃ | ᠬᠤᠶᠠᠷ ᠲᠤ᠂ ᠭᠠᠵᠠᠷ ᠳᠣᠣᠷᠠᠬᠢ ᠤᠰᠤ ᠶᠢ ᠬᠡᠮᠵᠢᠶᠡᠨ ᠠᠴᠠ ᠬᠡᠲᠦᠷᠡᠲᠡᠯ᠎ᠡ ᠨᠡᠭᠡᠭᠡᠨ ᠮᠠᠯᠲᠠᠬᠤ ᠶᠢ ᠴᠢᠩᠭ᠎ᠠ | ᠬᠢᠵᠠᠭᠠᠷᠯᠠᠨ᠎ᠠ᠃ ᠠᠳᠠᠯᠢ ᠨᠢᠭᠡᠨ ᠲᠥᠷᠥᠯ ᠬᠡᠯᠪᠡᠷᠢ ᠪᠠᠷ ᠤᠰᠤ ᠲᠠᠲᠠᠨ ᠠᠪᠴᠤ ᠬᠡᠷᠡᠭᠯᠡᠬᠦ ᠳᠤ᠂ ᠭᠠᠵᠠᠷ ᠳᠣᠣᠷᠠᠬᠢ | ᠤᠰᠤᠨ ᠤ ᠭᠠᠶᠢᠯᠢ ᠶᠢᠨ ᠲᠤᠭ᠎ᠠ ᠨᠢ ᠭᠠᠵᠠᠷ ᠳᠡᠭᠡᠷᠡᠬᠢ ᠤᠰᠤ ᠠᠴᠠ ᠥᠨᠳᠥᠷ᠂ ᠤᠰᠤᠨ ᠤ ᠡᠬᠢ ᠪᠠᠶᠠᠯᠢᠭ ᠪᠠᠴᠢᠮ | ᠳᠤᠲᠠᠮᠠᠭ ᠭᠠᠵᠠᠷ ᠣᠷᠣᠨ ᠤ ᠭᠠᠵᠠᠷ ᠳᠣᠣᠷᠠᠬᠢ ᠤᠰᠤᠨ ᠤ ᠭᠠᠶᠢᠯᠢ ᠶᠢᠨ ᠲᠤᠭ᠎ᠠ ᠨᠢ ᠭᠠᠵᠠᠷ ᠳᠡᠭᠡᠷᠡᠬᠢ ᠤᠰᠤ ᠠᠴᠠ | ᠨᠡᠯᠢᠶᠡᠳ ᠥᠨᠳᠥᠷ ᠪᠠᠶᠢᠳᠠᠭ︔ ᠬᠦᠨᠳᠦ ᠨᠣᠴᠢᠲᠠᠢ ᠬᠡᠲᠦᠷᠡᠭᠦᠯᠦᠨ ᠮᠠᠯᠲᠠᠭᠰᠠᠨ ᠭᠠᠵᠠᠷ ᠣᠷᠣᠨ᠂ ᠬᠡᠲᠦᠷᠡᠭᠦᠯᠦᠨ | ᠮᠠᠯᠲᠠᠭᠰᠠᠨ ᠭᠠᠵᠠᠷ ᠣᠷᠣᠨ ᠪᠠ ᠥᠯᠥ ᠬᠡᠲᠦᠷᠡᠭᠦᠯᠦᠨ ᠮᠠᠯᠲᠠᠭᠰᠠᠨ ᠭᠠᠵᠠᠷ ᠣᠷᠣᠨ ᠢ ᠢᠯᠭᠠᠨ ᠰᠠᠯᠭᠠᠵᠤ᠂ | ᠵᠥᠷᠢᠶᠡᠲᠦ ᠭᠠᠶᠢᠯᠢ ᠶᠢᠨ ᠲᠤᠭ᠎ᠠ ᠶᠢ ᠲᠣᠬᠢᠷᠠᠭᠤᠯᠤᠨ᠎ᠠ᠄ ᠬᠦᠨᠳᠦ ᠨᠣᠴᠢᠲᠠᠢ ᠬᠡᠲᠦᠷᠡᠭᠦᠯᠦᠨ ᠮᠠᠯᠲᠠᠭᠰᠠᠨ ᠭᠠᠵᠠᠷ | ᠣᠷᠣᠨ᠂ ᠬᠡᠲᠦᠷᠡᠭᠦᠯᠦᠨ ᠮᠠᠯᠲᠠᠭᠰᠠᠨ ᠭᠠᠵᠠᠷ ᠣᠷᠣᠨ ᠤ ᠠᠪᠴᠤ ᠬᠡᠷᠡᠭᠯᠡᠭᠰᠡᠨ ᠭᠠᠵᠠᠷ ᠳᠣᠣᠷᠠᠬᠢ ᠤᠰᠤᠨ ᠤ | ᠭᠠᠶᠢᠯᠢ ᠶᠢᠨ ᠲᠣᠭᠠᠨ ᠤ ᠪᠠᠷᠢᠮᠵᠢᠶ᠎ᠠ ᠶᠢ᠂ ᠲᠤᠰ ᠲᠤᠰ ᠥᠯᠥ ᠬᠡᠲᠦᠷᠡᠭᠦᠯᠦᠨ ᠮᠠᠯᠲᠠᠭᠰᠠᠨ ᠭᠠᠵᠠᠷ ᠣᠷᠣᠨ ᠤ | ᠭᠠᠶᠢᠯᠢ ᠶᠢᠨ ᠲᠣᠭᠠᠨ ᠤ ᠪᠠᠷᠢᠮᠵᠢᠶ᠎ᠠ ᠶᠢᠨ 3 ᠳᠠᠬᠢᠨ ᠪᠠ 2 ᠳᠠᠬᠢᠨ ᠢᠶᠠᠷ ᠬᠡᠷᠡᠭᠵᠢᠭᠦᠯᠦᠨ᠎ᠡ᠃ | ᠭᠤᠷᠪᠠ ᠳᠤ᠂ ᠬᠤᠲᠠ ᠬᠥᠳᠡᠭᠡ ᠶᠢᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠢ ᠭᠤᠤᠷᠰᠤ ᠶᠢᠨ | ᠲᠣᠣᠷ ᠪᠦᠷᠬᠦᠭᠰᠡᠨ ᠭᠠᠵᠠᠷ ᠣᠷᠣᠨ ᠤ ᠬᠢᠨ ᠭᠠᠵᠠᠷ ᠳᠣᠣᠷᠠᠬᠢ ᠤᠰᠤ ᠶᠢ ᠲᠠᠲᠠᠨ ᠠᠪᠴᠤ ᠬᠡᠷᠡᠭᠯᠡᠬᠦ ᠳᠤ᠂ | ᠲᠡᠭᠦᠨ ᠤ ᠭᠠᠶᠢᠯᠢ ᠶᠢᠨ ᠲᠤᠭ᠎ᠠ ᠨᠢ ᠬᠤᠲᠠ ᠬᠥᠳᠡᠭᠡ ᠶᠢᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠢ | ᠭᠤᠤᠷᠰᠤ ᠶᠢᠨ ᠲᠣᠣᠷ ᠥᠯᠥ ᠪᠦᠷᠬᠦᠭᠰᠡᠨ ᠭᠠᠵᠠᠷ ᠣᠷᠣᠨ ᠠᠴᠠ ᠥᠨᠳᠥᠷ ᠪᠠᠶᠢᠵᠤ᠂ ᠮᠠᠨ ᠤ ᠣᠷᠣᠨ ᠤ ᠠᠳᠠᠯᠢ | ᠲᠥᠷᠥᠯ ᠤᠨ ᠬᠡᠷᠡᠭᠯᠡᠭᠡᠨ ᠤ ᠬᠤᠲᠠ ᠬᠥᠳᠡᠭᠡ ᠶᠢᠨ ᠣᠯᠠᠨ ᠨᠡᠶᠢᠲᠡ ᠶᠢᠨ ᠤᠰᠤ ᠬᠠᠩᠭᠠᠬᠤ ᠦᠨ᠎ᠡ ᠠᠴᠠ ᠥᠨᠳᠥᠷ | ᠪᠠᠶᠢᠳᠠᠭ︔ | ᠳᠥᠷᠪᠡ ᠳᠤ᠂ ᠣᠨᠴᠠᠭᠠᠢ ᠠᠵᠢᠯ ᠲᠥᠷᠥᠯ ᠪᠠ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠳᠤ | ᠲᠠᠲᠠᠨ ᠠᠪᠴᠤ ᠬᠡᠷᠡᠭᠯᠡᠬᠦ ᠤᠰᠤ ᠠᠴᠠ ᠭᠠᠳᠠᠨ᠎ᠠ᠂ ᠭᠠᠵᠠᠷ ᠳᠣᠣᠷᠠᠬᠢ ᠤᠰᠤ ᠶᠢ ᠲᠠᠲᠠᠨ ᠠᠪᠴᠤ ᠬᠡᠷᠡᠭᠯᠡᠬᠦ ᠪᠤᠰᠤᠳ | ᠭᠠᠶᠢᠯᠢ ᠲᠤᠰᠢᠶᠠᠭᠴᠢ ᠶᠢᠨ ᠠᠳᠠᠯᠢ ᠨᠥᠬᠦᠴᠡᠯ ᠳᠣᠣᠷᠠᠬᠢ ᠭᠠᠶᠢᠯᠢ ᠶᠢᠨ ᠲᠣᠭᠠᠨ ᠤ ᠪᠠᠷᠢᠮᠵᠢᠶ᠎ᠠ ᠶᠢ ᠨᠢᠭᠡᠳᠦᠯᠲᠡᠢ | ᠪᠠᠶᠢᠯᠭᠠᠨ᠎ᠠ︔ | ᠲᠠᠪᠤ ᠳᠤ᠂ ᠬᠤᠲᠠ ᠬᠥᠳᠡᠭᠡ ᠶᠢᠨ ᠣᠯᠠᠨ ᠨᠡᠶᠢᠲᠡ ᠶᠢᠨ ᠤᠰᠤ ᠬᠠᠩᠭᠠᠬᠤ ᠠᠵᠤ ᠠᠬᠤᠶᠢᠯᠠᠯ ᠠᠴᠠ ᠭᠠᠳᠠᠨ᠎ᠠ | ᠂ ᠭᠠᠶᠢᠯᠢ ᠲᠤᠰᠢᠶᠠᠭᠴᠢ ᠶᠢᠨ ᠲᠤᠬᠠᠢ ᠶᠢᠨ ᠵᠢᠯ ᠳᠤ ᠬᠤᠷᠠᠮᠳᠤᠭᠤᠯᠤᠭᠰᠠᠨ ᠲᠠᠲᠠᠨ ᠠᠪᠴᠤ ᠬᠡᠷᠡᠭᠯᠡᠭᠰᠡᠨ ᠤᠰᠤᠨ ᠤ | ᠬᠡᠮᠵᠢᠶ᠎ᠡ ᠨᠢ ᠤᠰᠤᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠥᠪᠰᠢᠶᠡᠷᠡᠭᠰᠡᠨ | ᠵᠢᠯ ᠤᠨ ᠲᠠᠲᠠᠨ ᠠᠪᠴᠤ ᠬᠡᠷᠡᠭᠯᠡᠬᠦ ᠤᠰᠤᠨ ᠤ ᠲᠥᠯᠥᠪᠯᠡᠭᠡ ᠪᠤᠶᠤ ᠲᠠᠲᠠᠨ ᠠᠪᠴᠤ ᠬᠡᠷᠡᠭᠯᠡᠬᠦ ᠤᠰᠤᠨ ᠤ | ᠲᠣᠭᠲᠠᠭᠰᠠᠨ ᠲᠤᠭ᠎ᠠ ᠠᠴᠠ ᠬᠡᠲᠦᠷᠡᠭᠰᠡᠨ ᠪᠣᠯ᠂ ᠭᠤᠣᠯᠯᠠᠨ ᠬᠠᠮᠢᠶᠠᠷᠬᠤ ᠭᠠᠶᠢᠯᠢ ᠶᠢᠨ ᠶᠠᠪᠤᠳᠠᠯ ᠤᠨ | ᠪᠠᠶᠢᠭᠤᠯᠭ᠎ᠠ ᠠᠴᠠ ᠬᠡᠲᠦᠷᠡᠭᠰᠡᠨ ᠬᠠᠷᠢᠴᠠᠯ ᠶᠣᠰᠣᠭᠠᠷ ᠤᠤᠯ ᠤᠨ ᠭᠠᠶᠢᠯᠢ ᠶᠢᠨ ᠲᠣᠭᠠᠨ ᠤ ᠰᠠᠭᠤᠷᠢᠨ ᠳᠡᠭᠡᠷ᠎ᠡ 1 | — 3 ᠳᠠᠬᠢᠨ ᠢᠶᠠᠷ ᠤᠰᠤᠨ ᠤ ᠡᠬᠢ ᠪᠠᠶᠠᠯᠢᠭ ᠤᠨ ᠭᠠᠶᠢᠯᠢ ᠨᠡᠮᠡᠵᠦ ᠲᠠᠲᠠᠪᠤᠷᠢᠯᠠᠨ᠎ᠠ᠃ | ᠵᠢᠷᠭᠤᠭ᠎ᠠ ᠳᠤ᠂ ᠤᠰᠤᠨ ᠤ ᠡᠬᠢ ᠪᠠᠶᠠᠯᠢᠭ ᠤᠨ ᠭᠠᠶᠢᠯᠢ ᠳᠤ ᠥᠭᠡᠷᠡᠴᠢᠯᠡᠯᠲᠡ ᠬᠢᠬᠦ ᠲᠤᠷᠰᠢᠯᠲᠠ ᠶᠢᠨ | ᠴᠢᠭ᠋ ᠤᠨ ᠬᠤᠭᠤᠴᠠᠭᠠᠨ ᠳᠤ᠂ ᠭᠠᠶᠢᠯᠢ ᠰᠦᠢᠳᠬᠡᠯ ᠢ ᠲᠣᠭᠲᠠᠭᠤᠨ ᠢᠶᠠᠷ ᠰᠢᠯᠵᠢᠭᠦᠯᠬᠦ ᠵᠠᠷᠴᠢᠮ ᠶᠣᠰᠣᠭᠠᠷ ᠬᠤᠲᠠ | ᠬᠥᠳᠡᠭᠡ ᠶᠢᠨ ᠣᠯᠠᠨ ᠨᠡᠶᠢᠲᠡ ᠳᠤ ᠬᠠᠩᠭᠠᠬᠤ ᠤᠰᠤᠨ ᠠᠴᠠ ᠤᠰᠤᠨ ᠤ ᠡᠬᠢ ᠪᠠᠶᠠᠯᠢᠭ ᠤᠨ ᠭᠠᠶᠢᠯᠢ ᠬᠤᠷᠢᠶᠠᠨ | ᠲᠠᠲᠠᠪᠤᠷᠢᠯᠠᠬᠤ ᠳᠤ᠂ ᠰᠠᠭᠤᠭᠠᠯᠢ ᠠᠷᠠᠳ ᠤᠨ ᠠᠮᠢᠳᠤᠷᠠᠯ ᠳᠤ ᠤᠰᠤ ᠬᠡᠷᠡᠭᠯᠡᠬᠦ ᠪᠠ ᠬᠤᠲᠠ ᠬᠥᠳᠡᠭᠡ ᠶᠢᠨ ᠣᠯᠠᠨ | ᠨᠡᠶᠢᠲᠡ ᠳᠤ ᠤᠰᠤ ᠬᠠᠩᠭᠠᠬᠤ ᠠᠵᠤ ᠠᠬᠤᠶᠢᠯᠠᠯ ᠤᠨ ᠳᠠᠷᠤᠭᠠᠰᠤ ᠶᠢ ᠨᠡᠮᠡᠭᠳᠡᠭᠦᠯᠬᠦ ᠦᠭᠡᠢ᠃ | ᠵᠢᠷᠭᠤᠭ᠎ᠠ᠂ ᠮᠠᠨ ᠤ ᠣᠷᠣᠨ ᠤ ᠤᠰᠤᠨ ᠤ ᠡᠬᠢ ᠪᠠᠶᠠᠯᠢᠭ ᠤᠨ ᠭᠠᠶᠢᠯᠢ ᠳᠤ ᠬᠡᠷᠡᠭᠯᠡᠭᠳᠡᠬᠦ ᠭᠠᠶᠢᠯᠢ ᠶᠢᠨ | ᠲᠣᠭᠠᠨ ᠤ ᠪᠠᠷᠢᠮᠵᠢᠶ᠎ᠠ ᠶᠢ ᠬᠡᠷᠬᠢᠨ ᠲᠣᠭᠲᠠᠭᠠᠭᠰᠠᠨ ᠪᠣᠢ︖ | ᠮᠠᠨ ᠤ ᠣᠷᠣᠨ ᠤ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠲᠣᠭᠠᠨ ᠤ ᠪᠠᠷᠢᠮᠵᠢᠶ᠎ᠠ ᠶᠢ ᠤᠰᠤᠨ ᠤ ᠡᠬᠢ | ᠪᠠᠶᠠᠯᠢᠭ ᠤᠨ ᠪᠠᠶᠢᠳᠠᠯ᠂ ᠤᠰᠤ ᠲᠠᠲᠠᠨ ᠠᠪᠴᠤ ᠬᠡᠷᠡᠭᠯᠡᠬᠦ ᠲᠥᠷᠥᠯ ᠬᠡᠯᠪᠡᠷᠢ᠂ ᠠᠵᠤ ᠠᠬᠤᠢ ᠨᠡᠶᠢᠭᠡᠮ ᠤᠨ | ᠬᠥᠭᠵᠢᠯᠲᠡ ᠪᠠ ᠤᠰᠤᠨ ᠤ ᠡᠬᠢ ᠪᠠᠶᠠᠯᠢᠭ ᠢ ᠠᠷᠪᠢᠯᠠᠨ ᠬᠠᠮᠠᠭᠠᠯᠠᠬᠤ ᠱᠠᠭᠠᠷᠳᠠᠯᠭ᠎ᠠ ᠶᠢ ᠦᠨᠳᠦᠰᠦᠯᠡᠵᠦ᠂ | ᠤᠯᠤᠰ ᠠᠴᠠ ᠲᠣᠭᠲᠠᠭᠠᠭᠰᠠᠨ ᠮᠠᠨ ᠤ ᠣᠷᠣᠨ ᠤ ᠬᠠᠮᠤᠭ ᠤᠨ ᠳᠣᠣᠷ᠎ᠠ ᠳᠤᠮᠳᠠᠴᠢ ᠭᠠᠶᠢᠯᠢ ᠶᠢᠨ ᠲᠤᠭ᠎ᠠ ︵ᠭᠠᠵᠠᠷ | ᠳᠡᠭᠡᠷᠡᠬᠢ ᠤᠰᠤ ᠪᠣᠯ ᠪᠣᠰᠤᠭ᠎ᠠ ᠺᠦᠸᠠᠳ᠋ ᠮᠧᠲᠷ ᠪᠦᠷᠢ ᠠᠴᠠ 0.5 ᠲᠥᠭᠦᠷᠢᠭ᠂ ᠭᠠᠵᠠᠷ ᠳᠣᠣᠷᠠᠬᠢ ᠤᠰᠤ ᠪᠣᠯ | ᠪᠣᠰᠤᠭ᠎ᠠ ᠺᠦᠸᠠᠳ᠋ ᠮᠧᠲᠷ ᠪᠦᠷᠢ ᠠᠴᠠ 2 ᠲᠥᠭᠦᠷᠢᠭ ᠬᠤᠷᠢᠶᠠᠨ᠎ᠠ︶ ᠶᠢᠨ ᠰᠠᠭᠤᠷᠢᠨ ᠳᠡᠭᠡᠷ᠎ᠡ᠂ ᠬᠠᠮᠢᠶ᠎ᠠ ᠪᠦᠬᠦᠢ | ᠵᠠᠷᠴᠢᠮ ᠶᠣᠰᠣᠭᠠᠷ ᠲᠥᠷᠥᠯ ᠬᠡᠯᠪᠡᠷᠢ᠂ ᠠᠵᠢᠯ ᠲᠥᠷᠥᠯ ᠬᠤᠪᠢᠶᠠᠨ ᠲᠣᠭᠲᠠᠭᠠᠨ᠎ᠠ᠃ ᠪᠣᠳᠠᠲᠠᠢ ᠪᠠᠷ ᠭᠤᠷᠪᠠᠨ | ᠠᠯᠬᠤᠮ ᠬᠤᠪᠢᠶᠠᠨ᠎ᠠ᠄ | ᠡᠩ ᠲᠡᠷᠢᠭᠦᠨ ᠳᠤ᠂ ᠤᠰᠤ ᠲᠠᠲᠠᠨ ᠠᠪᠴᠤ ᠬᠡᠷᠡᠭᠯᠡᠬᠦ ᠲᠥᠷᠥᠯ ᠬᠡᠯᠪᠡᠷᠢ ᠪᠠ ᠠᠵᠢᠯ ᠲᠥᠷᠥᠯ ᠢ ᠬᠤᠪᠢᠶᠠᠨ | ᠰᠠᠯᠭᠠᠨ᠎ᠠ᠃ ᠤᠰᠤ ᠲᠠᠲᠠᠨ ᠠᠪᠴᠤ ᠬᠡᠷᠡᠭᠯᠡᠬᠦ ᠲᠥᠷᠥᠯ ᠬᠡᠯᠪᠡᠷᠢ ᠶᠢ ᠭᠠᠵᠠᠷ ᠳᠡᠭᠡᠷᠡᠬᠢ ᠤᠰᠤ ᠶᠢ ᠰᠢᠭᠤᠳ ᠲᠠᠲᠠᠨ | ᠠᠪᠴᠤ ᠬᠡᠷᠡᠭᠯᠡᠬᠦ᠂ ᠭᠠᠵᠠᠷ ᠳᠣᠣᠷᠠᠬᠢ ᠤᠰᠤ ᠶᠢ ᠰᠢᠭᠤᠳ ᠲᠠᠲᠠᠨ ᠠᠪᠴᠤ ᠬᠡᠷᠡᠭᠯᠡᠬᠦ᠂ ᠣᠨᠴᠠᠭᠠᠢ ᠬᠡᠯᠪᠡᠷᠢ ᠪᠠᠷ | ᠤᠰᠤ ᠶᠢ ᠰᠢᠭᠤᠳ ᠲᠠᠲᠠᠨ ᠠᠪᠴᠤ ᠬᠡᠷᠡᠭᠯᠡᠬᠦ ᠪᠠ ᠬᠤᠲᠠ ᠬᠥᠳᠡᠭᠡ ᠶᠢᠨ ᠣᠯᠠᠨ ᠨᠡᠶᠢᠲᠡ ᠳᠤ ᠤᠰᠤ ᠬᠠᠩᠭᠠᠬᠤ | ᠭᠡᠵᠦ ᠬᠤᠪᠢᠶᠠᠨ᠎ᠠ᠃ ᠰᠢᠭᠤᠳ ᠲᠠᠲᠠᠨ ᠠᠪᠴᠤ ᠬᠡᠷᠡᠭᠯᠡᠬᠦ ᠭᠠᠵᠠᠷ ᠳᠡᠭᠡᠷᠡᠬᠢ ᠤᠰᠤ ᠪᠠ ᠰᠢᠭᠤᠳ ᠲᠠᠲᠠᠨ ᠠᠪᠴᠤ | ᠬᠡᠷᠡᠭᠯᠡᠬᠦ ᠭᠠᠵᠠᠷ ᠳᠣᠣᠷᠠᠬᠢ ᠤᠰᠤ ᠶᠢ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ᠂ ᠬᠥᠳᠡᠭᠡ | ᠲᠣᠰᠬᠤᠨ ᠮᠠᠯᠵᠢᠬᠤ ᠣᠷᠣᠨ ᠤ ᠬᠥᠮᠥᠨ ᠠᠮᠠ ᠶᠢᠨ ᠠᠮᠢᠳᠤᠷᠠᠯ ᠤᠨ ᠲᠥᠪᠯᠡᠷᠡᠭᠦᠯᠦᠭᠰᠡᠨ ᠮᠠᠶ᠋ᠢᠭ ᠤᠨ ᠤᠮᠳᠠᠭᠠᠨ ᠤ | ᠤᠰᠤᠨ ᠤ ᠢᠨᠵᠧᠨᠧᠷᠢᠩ᠂ ᠣᠨᠴᠠᠭᠠᠢ ᠠᠵᠢᠯ ᠲᠥᠷᠥᠯ ᠪᠠ ᠪᠤᠰᠤᠳ ᠠᠵᠢᠯ ᠲᠥᠷᠥᠯ ᠭᠡᠵᠦ ᠬᠤᠪᠢᠶᠠᠨ᠎ᠠ︔ | ᠣᠨᠴᠠᠭᠠᠢ ᠬᠡᠯᠪᠡᠷᠢ ᠪᠠᠷ ᠰᠢᠭᠤᠳ ᠲᠠᠲᠠᠨ ᠠᠪᠴᠤ ᠬᠡᠷᠡᠭᠯᠡᠬᠦ ᠤᠰᠤ ᠶᠢ ᠤᠰᠤᠨ ᠤ ᠬᠦᠴᠦ ᠪᠠᠷ ᠴᠠᠬᠢᠯᠭᠠᠨ | ᠭᠠᠷᠭᠠᠬᠤ᠂ ᠢᠯᠴᠢ ᠶᠢᠨ ᠬᠦᠴᠦ ᠪᠠᠷ ᠴᠠᠬᠢᠯᠭᠠᠨ ᠭᠠᠷᠭᠠᠬᠤ ᠳᠤ ᠰᠢᠭᠤᠳ ᠤᠷᠤᠰᠬᠠᠯ ᠤᠨ ᠮᠠᠶ᠋ᠢᠭ ᠢᠶᠠᠷ | ᠬᠥᠷᠥᠭᠡᠬᠦ ᠳᠤ ᠲᠠᠲᠠᠨ ᠠᠪᠴᠤ ᠬᠡᠷᠡᠭᠯᠡᠬᠦ ᠤᠰᠤ᠂ ᠨᠡᠭᠦᠷᠡᠰᠦᠨ ᠤ ᠭᠠᠳᠠᠭᠰᠢᠯᠠᠭᠤᠯᠤᠭᠰᠠᠨ ᠤᠰᠤ ᠪᠠ ᠭᠠᠵᠠᠷ ᠤᠨ | ᠰᠤᠷᠪᠤᠯᠵᠢᠲᠤ ᠬᠠᠯᠠᠭᠤᠨ ᠬᠥᠭᠡᠷᠭᠡ ᠭᠡᠵᠦ ᠬᠤᠪᠢᠶᠠᠨ᠎ᠠ︔ ᠬᠤᠲᠠ ᠬᠥᠳᠡᠭᠡ ᠶᠢᠨ ᠣᠯᠠᠨ ᠨᠡᠶᠢᠲᠡ ᠳᠤ ᠬᠠᠩᠭᠠᠬᠤ | ᠤᠰᠤ ᠶᠢ ᠤᠰᠤ ᠬᠡᠷᠡᠭᠯᠡᠬᠦ ᠡᠷᠦᠬᠡ ᠶᠢᠨ ᠲᠥᠷᠥᠯ ᠬᠡᠯᠪᠡᠷᠢ ᠪᠠᠷ᠂ ᠰᠠᠭᠤᠭᠠᠯᠢ ᠠᠷᠠᠳ᠂ ᠣᠨᠴᠠᠭᠠᠢ ᠠᠵᠢᠯ ᠲᠥᠷᠥᠯ | ᠪᠠ ᠪᠤᠰᠤᠳ ᠠᠵᠢᠯ ᠲᠥᠷᠥᠯ ᠭᠡᠵᠦ ᠬᠤᠪᠢᠶᠠᠨ᠎ᠠ᠃ | ᠳᠠᠷᠠᠭᠠᠯᠠᠪᠠᠯ᠂ ᠮᠠᠨ ᠤ ᠣᠷᠣᠨ ᠤ ᠲᠠᠲᠠᠨ ᠠᠪᠴᠤ ᠬᠡᠷᠡᠭᠯᠡᠬᠦ ᠡᠯ᠎ᠡ ᠲᠥᠷᠥᠯ ᠤᠨ ᠤᠰᠤᠨ ᠤ ᠭᠠᠶᠢᠯᠢ ᠶᠢᠨ | ᠰᠥᠭᠡᠷᠭᠦ ᠬᠢᠷᠢ ᠬᠡᠮᠵᠢᠶ᠎ᠡ ᠶᠢ ᠲᠣᠭᠲᠠᠭᠠᠨ᠎ᠠ᠃ ᠡᠳ᠋ ᠭᠠᠶᠢᠯᠢ ﹇2017﹈ 80 ᠳ᠋ᠤᠭᠠᠷ ᠲᠣᠭᠠᠲᠤ ᠪᠢᠴᠢᠭ | ᠮᠠᠲ᠋ᠧᠷᠢᠶᠠᠯ ᠤᠨ ᠬᠠᠮᠢᠶ᠎ᠠ ᠪᠦᠬᠦᠢ ᠭᠠᠶᠢᠯᠢ ᠶᠢᠨ ᠲᠤᠭ᠎ᠠ ᠶᠢ ᠲᠣᠭᠲᠠᠭᠠᠭᠰᠠᠨ ᠵᠠᠷᠴᠢᠮ ᠶᠣᠰᠣᠭᠠᠷ᠂ ᠾᠧᠪᠧᠢ ᠮᠤᠵᠢ | ᠵᠡᠷᠭᠡ ᠮᠤᠵᠢ ᠣᠷᠣᠨ ᠤ ᠭᠠᠶᠢᠯᠢ ᠲᠠᠲᠠᠪᠤᠷᠢ ᠶᠢᠨ ᠳᠠᠷᠤᠭᠠᠰᠤ ᠪᠠ ᠮᠠᠨ ᠤ ᠣᠷᠣᠨ ᠤ ᠤᠰᠤᠨ ᠤ ᠡᠬᠢ ᠪᠠᠶᠠᠯᠢᠭ ᠤᠨ | ᠰᠦᠢᠳᠬᠡᠯ ᠤᠨ ᠳᠠᠷᠤᠭᠠᠰᠤ ᠶᠢᠨ ᠬᠢᠷᠢ ᠬᠡᠮᠵᠢᠶ᠎ᠡ ᠳᠤ ᠶᠡᠷᠦᠩᠬᠡᠢ ᠵᠠᠳᠠᠯᠤᠯᠲᠠ ᠬᠢᠭᠰᠡᠨ ᠰᠠᠭᠤᠷᠢᠨ ᠳᠡᠭᠡᠷ᠎ᠡ᠂ ᠲᠥᠷᠥᠯ | ᠬᠡᠯᠪᠡᠷᠢ ᠠᠵᠢᠯ ᠲᠥᠷᠥᠯ ᠬᠤᠪᠢᠶᠠᠵᠤ ᠮᠠᠨ ᠤ ᠣᠷᠣᠨ ᠤ ᠲᠠᠲᠠᠨ ᠠᠪᠴᠤ ᠬᠡᠷᠡᠭᠯᠡᠬᠦ ᠡᠯ᠎ᠡ ᠲᠥᠷᠥᠯ ᠤᠨ ᠤᠰᠤᠨ ᠤ | ᠭᠠᠶᠢᠯᠢ ᠶᠢᠨ ᠰᠥᠭᠡᠷᠭᠦ ᠬᠢᠷᠢ ᠬᠡᠮᠵᠢᠶ᠎ᠡ ᠶᠢ ᠬᠡᠮᠵᠢᠨ ᠪᠣᠳᠣᠨ᠎ᠠ᠃ | ᠬᠠᠮᠤᠭ ᠰᠡᠭᠦᠯ ᠳᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠡᠬᠢ | ᠪᠠᠶᠠᠯᠢᠭ ᠤᠨ ᠭᠠᠶᠢᠯᠢ ᠳᠤ ᠬᠡᠷᠡᠭᠯᠡᠭᠳᠡᠬᠦ ᠭᠠᠶᠢᠯᠢ ᠶᠢᠨ ᠲᠣᠭᠠᠨ ᠤ ᠬᠦᠰᠦᠨᠦᠭᠲᠦ︾ ᠶᠢ ᠲᠣᠭᠲᠠᠭᠠᠨ᠎ᠠ᠃ ᠡᠳ᠋ ᠤᠨ | ᠵᠠᠰᠠᠭ ᠤᠨ ᠶᠠᠮᠤᠨ᠂ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠠᠴᠠ ᠲᠤᠷᠰᠢᠯᠲᠠ ᠶᠢᠨ ᠴᠢᠭ᠋ ᠤᠨ ᠮᠤᠵᠢ | ᠣᠷᠣᠨ ᠳᠤ ︽ᠤᠰᠤᠨ ᠤ ᠡᠬᠢ ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ ᠳᠤ ᠬᠡᠷᠡᠭᠯᠡᠭᠳᠡᠬᠦ ᠭᠠᠶᠢᠯᠢ ᠶᠢᠨ | ᠬᠦᠰᠦᠨᠦᠭᠲᠦ ︵ᠬᠦᠰᠦᠨᠦᠭᠲᠦ ᠶᠢᠨ ᠥᠯᠢᠭᠡᠷ︶︾ ᠶᠢ ᠳᠣᠷᠣᠭᠰᠢ ᠲᠠᠷᠬᠠᠭᠠᠵᠤ᠂ ᠤᠰᠤᠨ ᠰᠤᠷᠪᠤᠯᠵᠢ ︵ᠭᠠᠵᠠᠷ | ᠳᠡᠭᠡᠷᠡᠬᠢ ᠤᠰᠤ᠂ ᠭᠠᠵᠠᠷ ᠳᠣᠣᠷᠠᠬᠢ ᠤᠰᠤ︶᠂ ᠣᠷᠣᠨ ᠪᠦᠰᠡ ︵ᠬᠦᠨᠳᠦ ᠨᠣᠴᠢᠲᠠᠢ ᠬᠡᠲᠦᠷᠡᠭᠦᠯᠦᠨ ᠮᠠᠯᠲᠠᠭᠰᠠᠨ | ᠭᠠᠵᠠᠷ ᠣᠷᠣᠨ᠂ ᠬᠡᠲᠦᠷᠡᠭᠦᠯᠦᠨ ᠮᠠᠯᠲᠠᠭᠰᠠᠨ ᠭᠠᠵᠠᠷ ᠣᠷᠣᠨ ᠪᠠ ᠥᠯᠥ ᠬᠡᠲᠦᠷᠡᠭᠦᠯᠦᠨ ᠮᠠᠯᠲᠠᠭᠰᠠᠨ ᠭᠠᠵᠠᠷ | ᠣᠷᠣᠨ︶᠂ ᠠᠵᠢᠯ ᠲᠥᠷᠥᠯ ︵ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ᠂ ᠬᠤᠲᠠ ᠬᠥᠳᠡᠭᠡ ᠶᠢᠨ | ᠣᠯᠠᠨ ᠨᠡᠶᠢᠲᠡ ᠳᠤ ᠤᠰᠤ ᠬᠠᠩᠭᠠᠬᠤ᠂ ᠣᠨᠴᠠᠭᠠᠢ ᠠᠵᠢᠯ ᠲᠥᠷᠥᠯ ᠪᠠ ᠪᠤᠰᠤᠳ ᠠᠵᠢᠯ ᠲᠥᠷᠥᠯ ᠵᠡᠷᠭᠡ︶᠂ | ᠣᠯᠠᠨ ᠨᠡᠶᠢᠲᠡ ᠶᠢᠨ ᠬᠤᠭᠤᠯᠠᠢ ᠭᠤᠤᠷᠰᠤ ᠶᠢᠨ ᠲᠣᠣᠷ ᠪᠦᠷᠬᠦᠭᠰᠡᠨ ᠪᠠᠶᠢᠳᠠᠯ ︵ᠬᠤᠭᠤᠯᠠᠢ ᠭᠤᠤᠷᠰᠤ ᠶᠢᠨ | ᠲᠣᠣᠷ ᠤᠨ ᠳᠣᠲᠣᠷ᠎ᠠ᠂ ᠬᠤᠭᠤᠯᠠᠢ ᠭᠤᠤᠷᠰᠤ ᠶᠢᠨ ᠲᠣᠣᠷ ᠤᠨ ᠭᠠᠳᠠᠨ᠎ᠠ︶ ᠵᠡᠷᠭᠡ ᠶᠢ ᠢᠯᠭᠠᠨ ᠰᠠᠯᠭᠠᠵᠤ᠂ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠡᠬᠢ ᠪᠠᠶᠠᠯᠢᠭ ᠤᠨ ᠭᠠᠶᠢᠯᠢ ᠳᠤ ᠬᠡᠷᠡᠭᠯᠡᠭᠳᠡᠬᠦ | ᠭᠠᠶᠢᠯᠢ ᠶᠢᠨ ᠲᠣᠭᠠᠨ ᠤ ᠬᠦᠰᠦᠨᠦᠭᠲᠦ︾ ᠶᠢ ᠲᠣᠭᠲᠠᠭᠠᠵᠤ᠂ ᠬᠠᠮᠤᠭ ᠡᠴᠦᠰ ᠲᠤ ᠲᠠᠲᠠᠨ ᠠᠪᠴᠤ ᠬᠡᠷᠡᠭᠯᠡᠬᠦ ᠡᠯ᠎ᠡ | ᠲᠥᠷᠥᠯ ᠤᠨ ᠤᠰᠤᠨ ᠳᠤ ᠪᠣᠳᠠᠲᠠᠢ ᠬᠡᠷᠡᠭᠯᠡᠭᠳᠡᠬᠦ ᠭᠠᠶᠢᠯᠢ ᠶᠢᠨ ᠲᠣᠭᠠᠨ ᠤ ᠪᠠᠷᠢᠮᠵᠢᠶ᠎ᠠ ᠶᠢ ᠲᠣᠳᠣᠷᠬᠠᠶᠢᠯᠠᠪᠠ᠃ | ᠳᠣᠯᠤᠭ᠎ᠠ᠂ ᠤᠰᠤᠨ ᠤ ᠡᠬᠢ ᠪᠠᠶᠠᠯᠢᠭ ᠤᠨ ᠭᠠᠶᠢᠯᠢ ᠳᠤ ᠥᠭᠡᠷᠡᠴᠢᠯᠡᠯᠲᠡ ᠬᠢᠬᠦ ᠲᠤᠷᠰᠢᠯᠲᠠ ᠶᠢᠨ ᠴᠢᠭ᠋ ᠨᠢ | ᠮᠠᠨ ᠤ ᠣᠷᠣᠨ ᠤ ᠭᠠᠶᠢᠯᠢ ᠲᠤᠰᠢᠶᠠᠭᠴᠢ ᠳᠤ ᠶᠠᠮᠠᠷ ᠶᠠᠮᠠᠷ ᠨᠥᠯᠥᠭᠡ ᠠᠪᠴᠢᠷᠠᠬᠤ ᠪᠣᠢ︖ | ᠮᠠᠨ ᠤ ᠣᠷᠣᠨ ᠤ ᠤᠰᠤᠨ ᠤ ᠡᠬᠢ ᠪᠠᠶᠠᠯᠢᠭ ᠤᠨ ᠭᠠᠶᠢᠯᠢ ᠳᠤ ᠥᠭᠡᠷᠡᠴᠢᠯᠡᠯᠲᠡ ᠬᠢᠬᠦ ᠲᠤᠷᠰᠢᠯᠲᠠ ᠶᠢᠨ | ᠴᠢᠭ᠋ ᠨᠢ ᠤᠰᠤ ᠬᠡᠷᠡᠭᠯᠡᠬᠦ ᠵᠣᠬᠢᠰ ᠦᠭᠡᠢ ᠬᠡᠷᠡᠭᠴᠡᠭᠡ ᠱᠠᠭᠠᠷᠳᠠᠯᠭ᠎ᠠ ᠶᠢ ᠬᠤᠷᠢᠭᠯᠠᠨ ᠵᠣᠭᠰᠣᠭᠠᠬᠤ ᠪᠠᠷ ᠪᠠᠷᠠᠬᠤ | ᠦᠭᠡᠢ᠂ ᠨᠡᠶᠢᠭᠡᠮ ᠤᠨ ᠤᠰᠤ ᠬᠡᠷᠡᠭᠯᠡᠬᠦ ᠦᠨᠳᠦᠰᠦᠨ ᠱᠠᠭᠠᠷᠳᠠᠯᠭ᠎ᠠ ᠶᠢ ᠨᠥᠯᠥᠭᠡᠯᠡᠬᠦ ᠦᠭᠡᠢ ᠪᠠᠶᠢᠵᠤ᠂ ᠲᠡᠭᠦᠨ ᠤ | ᠠᠮᠢ ᠠᠬᠤᠢ ᠶᠢᠨ ᠠᠴᠢ ᠬᠤᠯᠪᠣᠭᠳᠠᠯ ᠨᠢ ᠡᠳ᠋ ᠤᠨ ᠵᠠᠰᠠᠭ ᠤᠨ ᠠᠴᠢ ᠬᠤᠯᠪᠣᠭᠳᠠᠯ ᠠᠴᠠ ᠶᠡᠭᠡ ᠪᠠᠶᠢᠳᠠᠭ᠃ | ᠲᠤᠷᠰᠢᠯᠲᠠ ᠶᠢᠨ ᠴᠢᠭ᠋ ᠤᠨ ᠭᠠᠶᠢᠯᠢ ᠲᠤᠰᠢᠶᠠᠭᠴᠢ ᠳᠠᠬᠢ ᠨᠥᠯᠥᠭᠡ ᠶᠢ ︽ᠭᠤᠷᠪᠠ ᠶᠢ ᠬᠤᠪᠢᠷᠠᠭᠤᠯᠬᠤ ᠦᠭᠡᠢ︾᠂ | ︽ᠭᠤᠷᠪᠠ ᠶᠢ ᠳᠡᠭᠡᠭᠰᠢᠯᠡᠭᠦᠯᠬᠦ︾ ᠪᠠ ︽ᠭᠤᠷᠪᠠ ᠶᠢ ᠠᠬᠢᠭᠤᠯᠬᠤ︾ ᠭᠡᠵᠦ ᠬᠤᠷᠢᠶᠠᠩᠭᠤᠶᠢᠯᠠᠵᠤ ᠪᠣᠯᠣᠨ᠎ᠠ᠄ | ︽ᠭᠤᠷᠪᠠ ᠶᠢ ᠬᠤᠪᠢᠷᠠᠭᠤᠯᠬᠤ ᠦᠭᠡᠢ︾ ᠭᠡᠳᠡᠭ ᠨᠢ ᠥᠭᠡᠷᠡᠴᠢᠯᠡᠯᠲᠡ ᠬᠢᠭᠰᠡᠨ ᠤ ᠳᠠᠷᠠᠭ᠎ᠠ ᠬᠤᠲᠠ | ᠬᠥᠳᠡᠭᠡ ᠶᠢᠨ ᠣᠯᠠᠨ ᠨᠡᠶᠢᠲᠡ ᠳᠤ ᠤᠰᠤ ᠬᠠᠩᠭᠠᠬᠤ ᠠᠵᠤ ᠠᠬᠤᠶᠢᠯᠠᠯ ᠤᠨ ᠳᠠᠷᠤᠭᠠᠰᠤ ᠶᠢ ᠬᠤᠪᠢᠷᠠᠭᠤᠯᠬᠤ ᠦᠭᠡᠢ | ᠂ ᠰᠠᠭᠤᠭᠠᠯᠢ ᠠᠷᠠᠳ ᠤᠨ ᠬᠡᠪ ᠤᠨ ᠠᠮᠢᠳᠤᠷᠠᠯ ᠳᠤ ᠬᠡᠷᠡᠭᠯᠡᠬᠦ ᠤᠰᠤᠨ ᠤ ᠳᠠᠷᠤᠭᠠᠰᠤ ᠶᠢ ᠬᠤᠪᠢᠷᠠᠭᠤᠯᠬᠤ ᠦᠭᠡᠢ᠂ | ᠦᠢᠯᠡᠳᠪᠦᠷᠢ ᠲᠠᠷᠢᠶᠠᠯᠠᠩ ᠤᠨ ᠬᠡᠪ ᠤᠨ ᠦᠢᠯᠡᠳᠪᠦᠷᠢᠯᠡᠯ ᠳᠤ ᠬᠡᠷᠡᠭᠯᠡᠬᠦ ᠤᠰᠤᠨ ᠤ ᠳᠠᠷᠤᠭᠠᠰᠤ ᠶᠢ ᠬᠤᠪᠢᠷᠠᠭᠤᠯᠬᠤ | ᠦᠭᠡᠢ ᠪᠠᠶᠢᠬᠤ ᠶᠢ ᠵᠢᠭᠠᠵᠤ ᠪᠠᠶᠢᠨ᠎ᠠ᠃ | ︽ᠭᠤᠷᠪᠠ ᠶᠢ ᠳᠡᠭᠡᠭᠰᠢᠯᠡᠭᠦᠯᠬᠦ︾ ᠭᠡᠳᠡᠭ ᠨᠢ ᠥᠭᠡᠷᠡᠴᠢᠯᠡᠯᠲᠡ ᠨᠢ ᠬᠡᠲᠦᠷᠡᠭᠦᠯᠦᠨ ᠮᠠᠯᠲᠠᠭᠰᠠᠨ ᠣᠷᠣᠨ ᠤ | ᠲᠠᠲᠠᠨ ᠠᠪᠴᠤ ᠬᠡᠷᠡᠭᠯᠡᠬᠦ ᠭᠠᠵᠠᠷ ᠳᠣᠣᠷᠠᠬᠢ ᠤᠰᠤ᠂ ᠤᠰᠤᠨ ᠤ ᠥᠨᠳᠥᠷ ᠬᠤᠷᠣᠭᠳᠠᠯᠲᠤ ᠣᠨᠴᠠᠭᠠᠢ ᠠᠵᠢᠯ | ᠲᠥᠷᠥᠯ ᠪᠠ ᠲᠥᠯᠥᠪᠯᠡᠭᠡ ︵ᠲᠣᠭᠲᠠᠭᠰᠠᠨ ᠲᠤᠭ᠎ᠠ︶ ᠠᠴᠠ ᠬᠡᠲᠦᠷᠡᠭᠦᠯᠵᠦ ᠲᠠᠲᠠᠨ ᠠᠪᠴᠤ ᠬᠡᠷᠡᠭᠯᠡᠬᠦ | ᠤᠰᠤᠨ ᠠᠴᠠ ᠲᠠᠲᠠᠪᠤᠷᠢᠯᠠᠬᠤ ᠭᠠᠶᠢᠯᠢ ᠲᠠᠲᠠᠪᠤᠷᠢ ᠶᠢᠨ ᠳᠠᠷᠤᠭᠠᠰᠤ ᠶᠢ ᠳᠡᠭᠡᠭᠰᠢᠯᠡᠭᠦᠯᠵᠦ᠂ ᠥᠭᠡᠷᠡᠴᠢᠯᠡᠯᠲᠡ ᠶᠢᠨ | ᠬᠠᠷᠠᠯᠲᠠ ᠪᠠ ᠵᠠᠷᠴᠢᠮ ᠢ ᠢᠯᠡᠷᠡᠭᠦᠯᠬᠦ ᠶᠢ ᠵᠢᠭᠠᠵᠤ ᠪᠠᠶᠢᠨ᠎ᠠ᠃ | ︽ᠭᠤᠷᠪᠠ ᠶᠢ ᠠᠬᠢᠭᠤᠯᠬᠤ︾ ᠭᠡᠳᠡᠭ ᠨᠢ ᠥᠭᠡᠷᠡᠴᠢᠯᠡᠯᠲᠡ ᠨᠢ ᠭᠠᠵᠠᠷ ᠳᠣᠣᠷᠠᠬᠢ ᠤᠰᠤ ᠶᠢ ᠬᠡᠲᠦᠷᠡᠭᠦᠯᠦᠨ | ᠮᠠᠯᠲᠠᠬᠤ ᠶᠢ ᠬᠢᠵᠠᠭᠠᠷᠯᠠᠬᠤ ᠶᠢ ᠠᠬᠢᠭᠤᠯᠬᠤ᠂ ᠭᠠᠵᠠᠷ ᠳᠡᠭᠡᠷᠡᠬᠢ ᠤᠰᠤ ᠶᠢ ᠵᠣᠬᠢᠰᠲᠠᠢ ᠠᠰᠢᠭᠯᠠᠬᠤ ᠶᠢ ᠠᠬᠢᠭᠤᠯᠬᠤ᠂ | ᠳᠤᠮᠳᠠ ᠤᠰᠤ ᠵᠡᠷᠭᠡ ᠵᠤᠷᠰᠢᠯᠲᠤ ᠪᠤᠰᠤ ᠤᠰᠤ ᠶᠢ ᠢᠳᠡᠪᠬᠢᠲᠡᠢ ᠬᠡᠷᠡᠭᠯᠡᠬᠦ ᠶᠢ ᠠᠬᠢᠭᠤᠯᠵᠤ᠂ ᠬᠠᠮᠤᠭ ᠡᠴᠦᠰ ᠲᠤ | ᠤᠰᠤᠨ ᠤ ᠡᠬᠢ ᠪᠠᠶᠠᠯᠢᠭ ᠤᠨ ᠣᠷᠴᠢᠨ ᠲᠣᠭᠤᠷᠢᠨ ᠤ ᠦᠷᠭᠦᠯᠵᠢᠯᠡᠬᠦᠶᠢᠴᠡ ᠬᠥᠭᠵᠢᠯᠲᠡ ᠶᠢᠨ ᠬᠠᠷᠠᠯᠲᠠ ᠶᠢ | ᠪᠡᠶᠡᠯᠡᠭᠦᠯᠬᠦ ᠶᠢ ᠵᠢᠭᠠᠵᠤ ᠪᠠᠶᠢᠨ᠎ᠠ᠃ ᠪᠣᠳᠠᠲᠠᠢ ᠪᠠᠶᠢᠳᠠᠯ ᠨᠢ᠄ | 1. ᠥᠭᠡᠷᠡᠴᠢᠯᠡᠯᠲᠡ ᠶᠢᠨ ᠳᠠᠷᠠᠭ᠎ᠠ᠂ ᠬᠤᠲᠠ ᠬᠥᠳᠡᠭᠡ ᠶᠢᠨ ᠣᠯᠠᠨ ᠨᠡᠶᠢᠲᠡ ᠳᠤ ᠤᠰᠤ ᠬᠠᠩᠭᠠᠬᠤ | ᠲᠠᠯ᠎ᠠ ᠪᠠᠷ᠂ ᠰᠠᠭᠤᠭᠠᠯᠢ ᠠᠷᠠᠳ ᠤᠨ ᠬᠡᠷᠡᠭᠯᠡᠬᠦ ᠤᠰᠤ ᠨᠢ ᠪᠣᠰᠤᠭ᠎ᠠ ᠺᠦᠸᠠᠳ᠋ ᠮᠧᠲᠷ ᠪᠦᠷᠢ ᠳᠤ ᠪᠠᠨ 0.1 | ᠲᠥᠭᠦᠷᠢᠭ ᠪᠣᠯᠵᠤ᠂ ᠥᠭᠡᠷᠡᠴᠢᠯᠡᠯᠲᠡ ᠠᠴᠠ ᠡᠮᠦᠨᠡᠬᠢ ᠲᠠᠢ ᠲᠡᠩᠴᠡᠵᠡᠢ︔ ᠶᠡᠷᠦ ᠶᠢᠨ ᠦᠢᠯᠡᠪᠦᠷᠢ | ᠬᠤᠳᠠᠯᠳᠤᠭᠠᠨ ᠤ ᠦᠢᠯᠡᠰ ᠤᠨ ᠬᠡᠷᠡᠭᠯᠡᠬᠦ ᠤᠰᠤ ᠨᠢ ᠪᠣᠰᠤᠭ᠎ᠠ ᠺᠦᠸᠠᠳ᠋ ᠮᠧᠲᠷ ᠪᠦᠷᠢ ᠳᠤ ᠪᠠᠨ 2.5 ᠲᠥᠭᠦᠷᠢᠭ | ᠪᠠᠶᠢᠵᠤ᠂ ᠥᠭᠡᠷᠡᠴᠢᠯᠡᠯᠲᠡ ᠠᠴᠠ ᠡᠮᠦᠨᠡᠬᠢ ᠠᠵᠢᠯ ᠲᠥᠷᠥᠯ ᠤᠨ ᠳᠤᠮᠳᠠᠴᠢ ᠳᠠᠷᠤᠭᠠᠰᠤ ᠶᠢᠨ ᠬᠢᠷᠢ ᠲᠦᠪᠰᠢᠨ ᠲᠠᠢ | ᠲᠡᠩᠴᠡᠵᠦ᠂ ᠬᠡᠪ ᠤᠨ ᠦᠢᠯᠡᠳᠪᠦᠷᠢᠯᠡᠯ ᠠᠮᠢᠳᠤᠷᠠᠯ ᠤᠨ ᠤᠰᠤ ᠬᠡᠷᠡᠭᠯᠡᠬᠦ ᠳᠠᠷᠤᠭᠠᠰᠤ ᠶᠢ ᠨᠡᠮᠡᠭᠳᠡᠭᠦᠯᠬᠦ ᠦᠭᠡᠢ᠃ | 2. ᠥᠭᠡᠷᠡᠴᠢᠯᠡᠯᠲᠡ ᠶᠢᠨ ᠳᠠᠷᠠᠭ᠎ᠠ᠂ ᠬᠢᠵᠠᠭᠠᠷᠲᠤ ᠲᠣᠭᠠᠨ ᠤ ᠳᠣᠲᠣᠷᠠᠬᠢ ᠲᠠᠷᠢᠶᠠᠯᠠᠩ ᠮᠠᠯ ᠠᠵᠤ | ᠠᠬᠤᠢ ᠶᠢᠨ ᠦᠢᠯᠡᠳᠪᠦᠷᠢᠯᠡᠯ ᠳᠤ ᠲᠠᠲᠠᠨ ᠠᠪᠴᠤ ᠬᠡᠷᠡᠭᠯᠡᠬᠦ ᠤᠰᠤ ᠠᠴᠠ ᠡᠬᠢ ᠪᠠᠶᠠᠯᠢᠭ ᠤᠨ ᠭᠠᠶᠢᠯᠢ | ᠲᠠᠲᠠᠪᠤᠷᠢᠯᠠᠬᠤ ᠠᠴᠠ ᠬᠡᠯᠲᠦᠷᠢᠭᠦᠯᠦᠨ᠎ᠡ︔ ᠬᠢᠵᠠᠭᠠᠷᠲᠤ ᠲᠤᠭ᠎ᠠ ᠠᠴᠠ ᠳᠠᠪᠠᠭᠰᠠᠨ ᠬᠡᠰᠡᠭ ᠲᠤ ᠳᠣᠣᠷ᠎ᠠ ᠭᠠᠶᠢᠯᠢ ᠶᠢᠨ | ᠲᠤᠭ᠎ᠠ ᠶᠢ ᠲᠣᠬᠢᠷᠠᠭᠤᠯᠤᠨ ᠬᠡᠷᠡᠭᠯᠡᠨ᠎ᠡ᠄ ᠪᠣᠰᠤᠭ᠎ᠠ ᠳᠥᠷᠪᠡᠯᠵᠢᠨ ᠮᠧᠲᠷ ᠪᠦᠷᠢ ᠳᠤ ᠪᠠᠨ ᠲᠤᠰ ᠲᠤᠰ 0.05 | ᠲᠥᠭᠦᠷᠢᠭ ︵ᠭᠠᠵᠠᠷ ᠳᠡᠭᠡᠷᠡᠬᠢ ᠤᠰᠤ︶ ᠪᠠ 0.1 ᠲᠥᠭᠦᠷᠢᠭ ︵ᠭᠠᠵᠠᠷ ᠳᠣᠣᠷᠠᠬᠢ ᠤᠰᠤ︶︔ ᠬᠥᠳᠡᠭᠡ | ᠲᠣᠰᠬᠤᠨ ᠮᠠᠯᠵᠢᠬᠤ ᠣᠷᠣᠨ ᠤ ᠬᠥᠮᠥᠨ ᠠᠮᠠ ᠶᠢᠨ ᠤᠮᠳᠠᠭᠠᠨ ᠤ ᠤᠰᠤ ᠶᠢᠨ ᠢᠨᠵᠧᠨᠧᠷᠢᠩ ᠳᠤ ᠲᠣᠬᠢᠷᠠᠭᠤᠯᠤᠨ | ᠬᠡᠷᠡᠭᠯᠡᠬᠦ ᠳᠣᠣᠷ᠎ᠠ ᠭᠠᠶᠢᠯᠢ ᠶᠢᠨ ᠲᠤᠭ᠎ᠠ ᠄ ᠪᠣᠰᠤᠭ᠎ᠠ ᠳᠥᠷᠪᠡᠯᠵᠢᠨ ᠮᠧᠲᠷ ᠪᠦᠷᠢ ᠳᠤ ᠪᠠᠨ ᠲᠤᠰ ᠲᠤᠰ 0.05 | ᠲᠥᠭᠦᠷᠢᠭ ︵ᠭᠠᠵᠠᠷ ᠳᠡᠭᠡᠷᠡᠬᠢ ᠤᠰᠤ︶ ᠪᠠ 0.1 ᠲᠥᠭᠦᠷᠢᠭ ︵ᠭᠠᠵᠠᠷ ᠳᠣᠣᠷᠠᠬᠢ ᠤᠰᠤ︶ ᠪᠠᠶᠢᠵᠤ᠂ | ᠥᠭᠡᠷᠡᠴᠢᠯᠡᠯᠲᠡ ᠠᠴᠠ ᠡᠮᠦᠨᠡᠬᠢ ᠲᠠᠢ ᠲᠡᠩᠴᠡᠵᠦ᠂ ᠮᠠᠯᠴᠢᠨ ᠲᠠᠷᠢᠶᠠᠴᠢᠳ ᠤᠨ ᠳᠠᠷᠤᠭᠠᠰᠤ ᠶᠢ ᠨᠡᠮᠡᠭᠳᠡᠭᠦᠯᠬᠦ | ᠦᠭᠡᠢ᠃ | 3. ᠥᠭᠡᠷᠡᠴᠢᠯᠡᠯᠲᠡ ᠶᠢᠨ ᠳᠠᠷᠠᠭ᠎ᠠ᠂ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠡᠵᠡᠮᠳᠡᠨ ᠲᠣᠬᠢᠷᠠᠭᠤᠯᠬᠤ | ᠦᠢᠯᠡᠳᠦᠯ ᠢ ᠪᠠᠳᠠᠷᠠᠭᠤᠯᠵᠤ᠂ ᠲᠠᠲᠠᠨ ᠠᠪᠴᠤ ᠬᠡᠷᠡᠭᠯᠡᠭᠰᠡᠨ ᠠᠳᠠᠯᠢ ᠪᠤᠰᠤ ᠤᠰᠤᠨ ᠤ ᠰᠢᠨᠵᠢ ᠴᠢᠨᠠᠷ ᠶᠣᠰᠣᠭᠠᠷ | ᠵᠥᠷᠢᠶᠡᠲᠦ ᠭᠠᠶᠢᠯᠢ ᠶᠢᠨ ᠲᠤᠭ᠎ᠠ ᠶᠢ ᠬᠡᠷᠡᠭᠵᠢᠭᠦᠯᠵᠦ᠂ ᠭᠠᠵᠠᠷ ᠳᠣᠣᠷᠠᠬᠢ ᠤᠰᠤ ᠶᠢ ᠬᠡᠮᠵᠢᠶᠡᠨ ᠠᠴᠠ ᠬᠡᠲᠦᠷᠡᠲᠡᠯ᠎ᠡ | ᠨᠡᠭᠡᠭᠡᠨ ᠮᠠᠯᠲᠠᠬᠤ ᠶᠢ ᠴᠢᠩᠭ᠎ᠠ ᠬᠢᠵᠠᠭᠠᠷᠯᠠᠨ᠎ᠠ᠄ ᠬᠦᠨᠳᠦ ᠨᠣᠴᠢᠲᠠᠢ ᠬᠡᠲᠦᠷᠡᠭᠦᠯᠦᠨ ᠮᠠᠯᠲᠠᠭᠰᠠᠨ ᠭᠠᠵᠠᠷ ᠣᠷᠣᠨ᠂ | ᠬᠡᠲᠦᠷᠡᠭᠦᠯᠦᠨ ᠮᠠᠯᠲᠠᠭᠰᠠᠨ ᠭᠠᠵᠠᠷ ᠣᠷᠣᠨ ᠤ ᠲᠠᠲᠠᠨ ᠠᠪᠴᠤ ᠬᠡᠷᠡᠭᠯᠡᠭᠰᠡᠨ ᠭᠠᠵᠠᠷ ᠳᠣᠣᠷᠠᠬᠢ ᠤᠰᠤᠨ ᠤ | ᠭᠠᠶᠢᠯᠢ ᠶᠢᠨ ᠲᠤᠭ᠎ᠠ ᠶᠢᠨ ᠪᠠᠷᠢᠮᠵᠢᠶ᠎ᠠ ᠶᠢ ᠲᠤᠰ ᠲᠤᠰ ᠥᠯᠥ ᠬᠡᠲᠦᠷᠡᠭᠦᠯᠦᠨ ᠮᠠᠯᠲᠠᠭᠰᠠᠨ ᠭᠠᠵᠠᠷ ᠣᠷᠣᠨ ᠤ | ᠭᠠᠶᠢᠯᠢ ᠶᠢᠨ ᠲᠣᠭᠠᠨ ᠤ ᠪᠠᠷᠢᠮᠵᠢᠶ᠎ᠠ ᠶᠢᠨ 3 ᠳᠠᠬᠢᠨ ᠪᠠ 2 ᠳᠠᠬᠢᠨ ᠢᠶᠠᠷ ᠬᠡᠷᠡᠭᠵᠢᠭᠦᠯᠦᠨ᠎ᠡ︔ ᠲᠥᠯᠥᠪᠯᠡᠭᠡ ᠠᠴᠠ | ᠬᠡᠲᠦᠷᠡᠭᠦᠯᠬᠦ ᠪᠤᠶᠤ ᠲᠣᠭᠲᠠᠭᠰᠠᠨ ᠲᠤᠭ᠎ᠠ ᠠᠴᠠ ᠬᠡᠲᠦᠷᠡᠭᠦᠯᠦᠨ ᠬᠡᠷᠡᠭᠯᠡᠭᠰᠡᠨ ᠤᠰᠤᠨ ᠠᠴᠠ ᠤᠰᠤᠨ ᠤ ᠡᠬᠢ | ᠪᠠᠶᠠᠯᠢᠭ ᠤᠨ ᠭᠠᠶᠢᠯᠢ ᠶᠢ 1 — 3 ᠳᠠᠬᠢᠨ ᠢᠶᠠᠷ ᠨᠡᠮᠡᠵᠦ ᠲᠠᠲᠠᠪᠤᠷᠢᠯᠠᠨ᠎ᠠ︔ ᠣᠨᠴᠠᠭᠠᠢ ᠠᠵᠢᠯ ᠲᠥᠷᠥᠯ ᠠᠴᠠ | ᠥᠨᠳᠥᠷ ᠢᠶᠠᠷ ᠭᠠᠶᠢᠯᠢ ᠲᠠᠲᠠᠪᠤᠷᠢᠯᠠᠨ᠎ᠠ᠃ ᠡᠨᠡ ᠨᠢ ᠥᠭᠡᠷᠡᠴᠢᠯᠡᠯᠲᠡ ᠶᠢᠨ ᠬᠠᠷᠠᠯᠲᠠ ᠪᠠ ᠵᠠᠷᠴᠢᠮ ᠢ | ᠬᠠᠷᠠᠭᠤᠯᠤᠭᠰᠠᠨ ᠤ ᠬᠠᠮᠲᠤ᠂ ᠭᠠᠶᠢᠯᠢ ᠶᠢᠨ ᠳᠠᠷᠤᠭᠠᠰᠤ ᠨᠢ ᠨᠡᠮᠡᠭᠳᠡᠭᠰᠡᠨ ᠠᠵᠤ ᠠᠬᠤᠶᠢᠯᠠᠯ ᠤᠨ ᠤᠰᠤ ᠠᠷᠪᠢᠯᠠᠬᠤ | ᠣᠷᠤᠯᠠᠭᠤᠯᠤᠯᠲᠠ ᠪᠠᠨ ᠨᠡᠮᠡᠭᠳᠡᠭᠦᠯᠵᠦ᠂ ᠰᠠᠨᠠᠭᠠᠴᠢᠯᠠᠭ᠎ᠠ ᠠᠴᠠ ᠪᠠᠨ ᠠᠷᠭ᠎ᠠ ᠬᠡᠮᠵᠢᠶ᠎ᠡ ᠠᠪᠴᠤ ᠬᠡᠷᠡᠭᠯᠡᠬᠦ ᠤᠰᠤᠨ ᠤ | ᠬᠡᠮᠵᠢᠶ᠎ᠡ ᠪᠠᠨ ᠪᠠᠭᠠᠰᠬᠠᠨ᠂ ᠬᠡᠷᠡᠭᠯᠡᠬᠦ ᠤᠰᠤᠨ ᠤ ᠪᠦᠲᠦᠴᠡ ᠪᠠᠨ ᠬᠤᠪᠢᠷᠠᠭᠤᠯᠬᠤ ᠪᠠ ᠤᠰᠤ ᠬᠡᠷᠡᠭᠯᠡᠬᠦ ᠠᠷᠭ᠎ᠠ | ᠪᠠᠷᠢᠯ ᠢᠶᠠᠨ ᠬᠤᠪᠢᠷᠠᠭᠤᠯᠬᠤ ᠶᠢ ᠠᠬᠢᠭᠤᠯᠬᠤ ᠪᠣᠯᠣᠨ᠎ᠠ᠃ ᠤᠷᠲᠤ ᠬᠤᠭᠤᠴᠠᠭᠠᠨ ᠤ ᠪᠠᠶᠢᠳᠠᠯ ᠠᠴᠠ ᠦᠵᠡᠪᠡᠯ᠂ | ᠳᠡᠭᠡᠷ᠎ᠡ ᠶᠠᠷᠢᠭᠰᠠᠨ ᠠᠵᠤ ᠠᠬᠤᠶᠢᠯᠠᠯ ᠤᠨ ᠳᠠᠷᠤᠭᠠᠰᠤ ᠳᠤ ᠳᠣᠷᠣᠭᠰᠢᠯᠠᠬᠤ ᠬᠠᠨᠳᠤᠰᠢ ᠢᠯᠡᠷᠡᠬᠦ ᠪᠣᠯᠣᠨ᠎ᠠ᠃ | ᠨᠠᠢᠮᠠ᠂ ᠥᠭᠡᠷᠡᠴᠢᠯᠡᠯᠲᠡ ᠶᠢᠨ ᠳᠠᠷᠠᠭ᠎ᠠ᠂ ᠬᠤᠲᠠ ᠬᠥᠳᠡᠭᠡ ᠶᠢᠨ ᠣᠯᠠᠨ ᠨᠡᠶᠢᠲᠡ ᠳᠤ ᠤᠰᠤ ᠬᠠᠩᠭᠠᠬᠤ | ᠠᠵᠤ ᠠᠬᠤᠶᠢᠯᠠᠯ ᠤᠨ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠲᠥᠷᠥ ᠶᠢᠨ ᠪᠣᠳᠣᠯᠭ᠎ᠠ ᠶᠢ ᠬᠡᠷᠬᠢᠨ | ᠲᠣᠭᠲᠠᠭᠠᠭᠰᠠᠨ ᠪᠣᠢ︖ | ᠥᠭᠡᠷᠡᠴᠢᠯᠡᠯᠲᠡ ᠶᠢᠨ ᠳᠠᠷᠠᠭ᠎ᠠ᠂ ᠬᠤᠲᠠ ᠬᠥᠳᠡᠭᠡ ᠶᠢᠨ ᠣᠯᠠᠨ ᠨᠡᠶᠢᠲᠡ ᠳᠤ ᠬᠠᠩᠭᠠᠬᠤ ᠤᠰᠤᠨ ᠤ ᠭᠠᠶᠢᠯᠢ | ᠲᠤᠰᠢᠶᠠᠭᠴᠢ ᠨᠢ ᠬᠤᠲᠠ ᠬᠥᠳᠡᠭᠡ ᠶᠢᠨ ᠣᠯᠠᠨ ᠨᠡᠶᠢᠲᠡ ᠳᠤ ᠤᠰᠤ ᠬᠠᠩᠭᠠᠬᠤ ᠠᠵᠤ ᠠᠬᠤᠶᠢᠯᠠᠯ ᠪᠣᠯᠣᠨ᠎ᠠ︔ | ᠬᠤᠲᠠ ᠬᠥᠳᠡᠭᠡ ᠶᠢᠨ ᠣᠯᠠᠨ ᠨᠡᠶᠢᠲᠡ ᠳᠤ ᠤᠰᠤ ᠬᠠᠩᠭᠠᠬᠤ ᠠᠵᠤ ᠠᠬᠤᠶᠢᠯᠠᠯ ᠨᠢ ᠤᠰᠤᠨ ᠤ ᠡᠬᠢ ᠪᠠᠶᠠᠯᠢᠭ ᠤᠨ | ᠭᠠᠶᠢᠯᠢ ᠲᠤᠰᠢᠶᠠᠵᠤ᠂ ᠬᠤᠳᠠᠯᠳᠤᠭᠰᠠᠨ ᠪᠣᠳᠠᠲᠠᠢ ᠤᠰᠤᠨ ᠤ ᠬᠡᠮᠵᠢᠶ᠎ᠡ ᠪᠠ ᠲᠥᠷᠥᠯ ᠬᠡᠯᠪᠡᠷᠢ ᠬᠤᠪᠢᠶᠠᠭᠰᠠᠨ ᠤᠰᠤ | ᠬᠡᠷᠡᠭᠯᠡᠬᠦ ᠡᠷᠦᠬᠡ ᠳᠤ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ ᠲᠤᠭ᠎ᠠ ᠶᠣᠰᠣᠭᠠᠷ ᠲᠣᠭᠠᠴᠠᠨ ᠪᠣᠳᠣᠵᠤ ᠭᠠᠶᠢᠯᠢ | ᠲᠤᠰᠢᠶᠠᠨ᠎ᠠ᠃ | ᠤᠰᠤᠨ ᠤ ᠡᠬᠢ ᠪᠠᠶᠠᠯᠢᠭ ᠤᠨ ᠭᠠᠶᠢᠯᠢ ᠳᠤ ᠥᠭᠡᠷᠡᠴᠢᠯᠡᠯᠲᠡ ᠬᠢᠬᠦ ᠲᠤᠷᠰᠢᠯᠲᠠ ᠶᠢᠨ ᠴᠢᠭ᠋ ᠤᠨ | ᠬᠤᠭᠤᠴᠠᠭᠠᠨ ᠳᠤ᠂ ᠭᠠᠶᠢᠯᠢ ᠰᠦᠢᠳᠬᠡᠯ ᠢ ᠲᠣᠭᠲᠠᠭᠤᠨ ᠢᠶᠠᠷ ᠰᠢᠯᠵᠢᠭᠦᠯᠬᠦ ᠵᠠᠷᠴᠢᠮ ᠶᠣᠰᠣᠭᠠᠷ ᠬᠤᠲᠠ | ᠬᠥᠳᠡᠭᠡ ᠶᠢᠨ ᠣᠯᠠᠨ ᠨᠡᠶᠢᠲᠡ ᠳᠤ ᠤᠰᠤ ᠬᠠᠩᠭᠠᠬᠤ ᠠᠵᠤ ᠠᠬᠤᠶᠢᠯᠠᠯ ᠠᠴᠠ ᠲᠠᠲᠠᠪᠤᠷᠢᠯᠠᠨ ᠬᠤᠷᠢᠶᠠᠭᠰᠠᠨ | ᠤᠰᠤᠨ ᠤ ᠡᠬᠢ ᠪᠠᠶᠠᠯᠢᠭ ᠤᠨ ᠭᠠᠶᠢᠯᠢ ᠶᠢ ᠤᠰᠤ ᠬᠡᠷᠡᠭᠯᠡᠬᠦ ᠡᠷᠦᠬᠡ ᠶᠢᠨ ᠶᠡᠷᠦᠩᠬᠡᠢ ᠤᠰᠤᠨ ᠤ ᠰᠦᠢᠳᠬᠡᠯ ᠳᠤ | ᠣᠷᠣᠭᠤᠯᠵᠤ᠂ ᠦᠨ᠎ᠡ ᠭᠠᠶᠢᠯᠢ ᠶᠢ ᠰᠠᠯᠭᠠᠬᠤ ᠶᠢ ᠬᠡᠷᠡᠭᠵᠢᠭᠦᠯᠦᠨ᠂ ᠲᠦᠭᠡᠭᠡᠭᠦᠷ ᠤᠨ ᠤᠰᠤᠨ ᠤ ᠦᠨ᠎ᠡ ᠳᠤ | ᠪᠣᠳᠣᠵᠤ ᠣᠷᠣᠭᠤᠯᠬᠤ ᠦᠭᠡᠢ᠂ ᠥᠷᠲᠡᠭ ᠨᠡᠮᠡᠭᠳᠡᠯ ᠤᠨ ᠭᠠᠶᠢᠯᠢ ᠶᠢ ᠪᠣᠳᠣᠬᠤ ᠦᠨᠳᠦᠰᠦᠯᠡᠯ ᠪᠣᠯᠭᠠᠬᠤ ᠦᠭᠡᠢ᠂ | ᠰᠠᠭᠤᠭᠠᠯᠢ ᠠᠷᠠᠳ ᠤᠨ ᠤᠰᠤ ᠬᠡᠷᠡᠭᠯᠡᠬᠦ ᠳᠠᠷᠤᠭᠠᠰᠤ ᠪᠠ ᠬᠤᠲᠠ ᠬᠥᠳᠡᠭᠡ ᠶᠢᠨ ᠣᠯᠠᠨ ᠨᠡᠶᠢᠲᠡ ᠳᠤ ᠤᠰᠤ | ᠬᠠᠩᠭᠠᠬᠤ ᠠᠵᠤ ᠠᠬᠤᠶᠢᠯᠠᠯ ᠤᠨ ᠳᠠᠷᠤᠭᠠᠰᠤ ᠶᠢ ᠨᠡᠮᠡᠭᠳᠡᠭᠦᠯᠬᠦ ᠦᠭᠡᠢ᠃ | ᠶᠢᠰᠦ᠂ ᠥᠭᠡᠷᠡᠴᠢᠯᠡᠯᠲᠡ ᠶᠢᠨ ᠳᠠᠷᠠᠭ᠎ᠠ᠂ ᠤᠰᠤᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ | ᠮᠥᠴᠢᠷ ᠤᠨ ᠬᠢᠨ ᠤᠤᠯ ᠤᠨ ᠤᠰᠤᠨ ᠤ ᠡᠬᠢ ᠪᠠᠶᠠᠯᠢᠭ ᠤᠨ ᠰᠦᠢᠳᠬᠡᠯ ᠲᠠᠲᠠᠪᠤᠷᠢᠯᠠᠨ ᠬᠠᠮᠢᠶᠠᠷᠴᠤ ᠪᠠᠶᠢᠭᠰᠠᠨ | ᠠᠵᠢᠯᠲᠠᠳ ᠢᠶᠠᠨ ᠬᠡᠷᠬᠢᠨ ᠲᠣᠬᠢᠷᠠᠭᠤᠯᠬᠤ ᠪᠣᠢ︖ | ︽ᠬᠡᠷᠡᠭᠵᠢᠭᠦᠯᠬᠦ ᠠᠷᠭ᠎ᠠ︾ ᠳᠤ᠄ ᠤᠰᠤᠨ ᠤ ᠡᠬᠢ ᠪᠠᠶᠠᠯᠢᠭ ᠤᠨ ᠭᠠᠶᠢᠯᠢ ᠳᠤ ᠥᠭᠡᠷᠡᠴᠢᠯᠡᠯᠲᠡ ᠬᠢᠬᠦ | ᠲᠤᠷᠰᠢᠯᠲᠠ ᠶᠢᠨ ᠴᠢᠭ᠋ ᠤᠨ ᠬᠤᠭᠤᠴᠠᠭᠠᠨ ᠳᠤ᠂ ᠤᠰᠤᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ | ᠮᠥᠴᠢᠷ ᠤᠨ ᠬᠠᠮᠢᠶ᠎ᠠ ᠪᠦᠬᠦᠢ ᠵᠠᠷᠤᠳᠠᠯ ᠤᠨ ᠵᠠᠷᠤᠯᠭ᠎ᠠ ᠶᠢ ᠠᠳᠠᠯᠢ ᠱᠠᠲᠤᠨ ᠤ ᠡᠳ᠋ ᠤᠨ ᠵᠠᠰᠠᠭ ᠤᠨ ᠲᠥᠰᠥᠪ ᠠᠴᠠ | ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠪᠠ ᠪᠠᠲᠤᠯᠠᠨ᠎ᠠ᠃ ᠤᠤᠯ ᠤᠨ ᠤᠰᠤᠨ ᠤ ᠡᠬᠢ ᠪᠠᠶᠠᠯᠢᠭ ᠤᠨ ᠰᠦᠢᠳᠬᠡᠯ | ᠲᠠᠲᠠᠪᠤᠷᠢᠯᠠᠨ ᠬᠠᠮᠢᠶᠠᠷᠴᠤ ᠪᠠᠶᠢᠭᠰᠠᠨ ᠠᠵᠢᠯᠲᠠᠳ ᠢ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ | ᠨᠢᠭᠡᠳᠦᠯᠲᠡᠢ ᠲᠥᠯᠥᠪᠯᠡᠨ ᠰᠠᠶᠢᠲᠤᠷ ᠲᠣᠬᠢᠷᠠᠭᠤᠯᠤᠨ᠎ᠠ ᠭᠡᠵᠦ ᠲᠣᠭᠲᠠᠭᠠᠵᠠᠢ᠃ | ᠠᠷᠪᠠ᠂ ᠥᠭᠡᠷᠡᠴᠢᠯᠡᠯᠲᠡ ᠶᠢᠨ ᠳᠠᠷᠠᠭ᠎ᠠ᠂ ᠮᠠᠨ ᠤ ᠣᠷᠣᠨ ᠤ ᠤᠰᠤᠨ ᠤ ᠡᠬᠢ ᠪᠠᠶᠠᠯᠢᠭ ᠤᠨ ᠭᠠᠶᠢᠯᠢ ᠳᠤ | ᠶᠠᠮᠠᠷ ᠵᠦᠢᠯ ᠤᠨ ᠲᠠᠲᠠᠪᠤᠷᠢᠯᠠᠨ ᠬᠠᠮᠢᠶᠠᠷᠬᠤ ᠵᠠᠭᠪᠤᠷ ᠢ ᠬᠡᠷᠡᠭᠵᠢᠭᠦᠯᠬᠦ ᠪᠣᠢ︖ | ᠥᠭᠡᠷᠡᠴᠢᠯᠡᠯᠲᠡ ᠶᠢᠨ ᠳᠠᠷᠠᠭ᠎ᠠ᠂ ᠮᠠᠨ ᠤ ᠣᠷᠣᠨ ︽ᠭᠠᠶᠢᠯᠢ ᠶᠢᠨ ᠶᠠᠪᠤᠳᠠᠯ ᠢ ᠲᠠᠲᠠᠪᠤᠷᠢᠯᠠᠨ ᠬᠠᠮᠢᠶᠠᠷᠬᠤ᠂ | ᠤᠰᠤᠨ ᠠᠰᠢᠭᠯᠠᠯᠲᠠ ᠶᠢ ᠬᠠᠷᠭᠤᠭᠤᠯᠤᠨ ᠪᠣᠳᠣᠬᠤ᠂ ᠡᠵᠡᠨ ᠮᠡᠳᠡᠵᠦ ᠭᠤᠶᠤᠴᠢᠯᠠᠨ ᠮᠡᠳᠡᠭᠦᠯᠬᠦ᠂ ᠰᠤᠷᠠᠭ ᠵᠠᠩᠭᠢ ᠶᠢ | ᠬᠠᠮᠲᠤ ᠪᠠᠷ ᠬᠦᠷᠲᠡᠬᠦ︾ ᠤᠰᠤᠨ ᠤ ᠡᠬᠢ ᠪᠠᠶᠠᠯᠢᠭ ᠤᠨ ᠭᠠᠶᠢᠯᠢ ᠶᠢ ᠲᠠᠲᠠᠪᠤᠷᠢᠯᠠᠨ ᠬᠠᠮᠢᠶᠠᠷᠬᠤ ᠵᠠᠭᠪᠤᠷ ᠢ | ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠤᠨ ᠭᠠᠶᠢᠯᠢ ᠶᠢ ᠲᠠᠲᠠᠪᠤᠷᠢᠯᠠᠨ ᠬᠠᠮᠢᠶᠠᠷᠬᠤ ᠠᠵᠢᠯ ᠢ ᠥᠷᠨᠢᠭᠦᠯᠦᠨ᠎ᠡ᠂ | ᠲᠤᠬᠠᠶᠢᠯᠠᠪᠠᠯ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠬᠠᠤᠯᠢ ᠶᠣᠰᠣᠭᠠᠷ ᠲᠠᠲᠠᠪᠤᠷᠢᠯᠠᠨ ᠬᠠᠮᠢᠶᠠᠷᠴᠤ᠂ | ᠤᠰᠤᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠠᠲᠠᠨ ᠠᠪᠴᠤ ᠬᠡᠷᠡᠭᠯᠡᠬᠦ | ᠤᠰᠤᠨ ᠤ ᠬᠡᠮᠵᠢᠶ᠎ᠡ ᠶᠢ ᠬᠠᠷᠭᠤᠭᠤᠯᠤᠨ ᠲᠣᠭᠲᠠᠭᠠᠵᠤ᠂ ᠭᠠᠶᠢᠯᠢ ᠲᠤᠰᠢᠶᠠᠭᠴᠢᠳ ᠬᠠᠤᠯᠢ ᠶᠣᠰᠣᠭᠠᠷ ᠭᠠᠶᠢᠯᠢ | ᠲᠤᠰᠢᠶᠠᠬᠤ ᠭᠤᠶᠤᠴᠢᠯᠠᠨ ᠮᠡᠳᠡᠭᠦᠯᠦᠯᠲᠡ ᠭᠦᠢᠴᠡᠳᠬᠡᠵᠦ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠬᠢᠭᠡᠳ | ᠤᠰᠤᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠭᠠᠶᠢᠯᠢ ᠳᠤ ᠬᠤᠯᠪᠣᠭᠳᠠᠬᠤ ᠮᠡᠳᠡᠭᠡ | ᠵᠠᠩᠭᠢ ᠶᠢ ᠬᠠᠮᠲᠤ ᠪᠠᠷ ᠬᠦᠷᠲᠡᠬᠦ ᠲᠠᠪᠴᠠᠩ ᠪᠠ ᠠᠵᠢᠯ ᠤᠨ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠭᠠᠶᠢᠯᠢ | ᠲᠠᠲᠠᠪᠤᠷᠢᠯᠠᠬᠤ ᠪᠠ ᠤᠰᠤ ᠲᠠᠲᠠᠨ ᠠᠪᠴᠤ ᠬᠡᠷᠡᠭᠯᠡᠬᠦ ᠮᠡᠳᠡᠭᠡ ᠵᠠᠩᠭᠢ ᠶᠢᠨ ᠮᠠᠲ᠋ᠧᠷᠢᠶᠠᠯ ᠢᠶᠠᠨ ᠲᠣᠭᠲᠠᠮᠠᠯ | ᠬᠤᠭᠤᠴᠠᠭ᠎ᠠ ᠲᠠᠢ ᠪᠠᠷ ᠰᠣᠯᠢᠯᠴᠠᠨ᠎ᠠ᠃ | ᠠᠷᠪᠠᠨ ᠨᠢᠭᠡ᠂ ︽ᠬᠡᠷᠡᠭᠵᠢᠭᠦᠯᠬᠦ ᠠᠷᠭ᠎ᠠ︾ ᠶᠢ ᠲᠣᠭᠲᠠᠭᠠᠭᠰᠠᠨ ᠶᠠᠪᠤᠴᠠ | 2017 ᠣᠨ ᠳᠤ᠂ ᠮᠠᠨ ᠤ ᠣᠷᠣᠨ ᠢ ᠤᠰᠤᠨ ᠤ ᠡᠬᠢ ᠪᠠᠶᠠᠯᠢᠭ ᠤᠨ ᠭᠠᠶᠢᠯᠢ ᠳᠤ ᠥᠭᠡᠷᠡᠴᠢᠯᠡᠯᠲᠡ ᠬᠢᠬᠦ | ᠲᠤᠷᠰᠢᠯᠲᠠ ᠶᠢᠨ ᠴᠢᠭ᠋ ᠤᠨ ᠮᠤᠵᠢ ᠣᠷᠣᠨ ᠪᠣᠯᠭᠠᠨ ᠲᠣᠭᠲᠠᠭᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ᠂ ᠣᠷᠣᠨ ᠨᠤᠲᠤᠭ ᠤᠨ ᠭᠠᠶᠢᠯᠢ᠂ ᠤᠰᠤᠨ ᠠᠰᠢᠭᠯᠠᠯᠲᠠ ᠵᠡᠷᠭᠡ ᠰᠠᠯᠠᠭ᠎ᠠ ᠮᠥᠴᠢᠷ ᠤᠨ ᠬᠢᠨ | ᠥᠭᠡᠷᠡᠴᠢᠯᠡᠯᠲᠡ ᠶᠢᠨ ᠵᠣᠷᠢᠭ ᠰᠠᠨᠠᠭ᠎ᠠ ᠶᠢ ᠬᠢᠨᠠᠮᠠᠭᠠᠢ ᠣᠶᠢᠯᠠᠭᠠᠵᠤ᠂ ᠥᠭᠡᠷᠡᠴᠢᠯᠡᠯᠲᠡ ᠶᠢᠨ ᠰᠤᠳᠤᠯᠤᠯᠲᠠ ᠳᠤ | ᠢᠳᠡᠪᠬᠢᠲᠡᠢ ᠣᠷᠣᠯᠴᠠᠨ᠂ ᠥᠭᠡᠷᠡᠴᠢᠯᠡᠯᠲᠡ ᠶᠢᠨ ᠰᠠᠨᠠᠯ ᠢ ᠪᠦᠬᠦ ᠲᠠᠯ᠎ᠠ ᠪᠠᠷ ᠲᠤᠰᠬᠠᠵᠤ᠂ ᠥᠭᠡᠷᠡᠴᠢᠯᠡᠯᠲᠡ ᠬᠢᠬᠦ | ᠰᠠᠭᠤᠷᠢ ᠪᠠᠨ ᠴᠢᠷᠮᠠᠶᠢᠨ ᠪᠠᠲᠤᠳᠬᠠᠪᠠ᠃ ᠡᠨᠡ ᠬᠦ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠢᠶᠠᠷ ︽ᠤᠰᠤᠨ ᠤ ᠡᠬᠢ ᠪᠠᠶᠠᠯᠢᠭ ᠤᠨ ᠭᠠᠶᠢᠯᠢ ᠳᠤ ᠥᠭᠡᠷᠡᠴᠢᠯᠡᠯᠲᠡ ᠬᠢᠬᠦ | ᠲᠤᠷᠰᠢᠯᠲᠠ ᠶᠢᠨ ᠴᠢᠭ᠋ ᠤᠨ ᠠᠵᠢᠯ ᠤᠨ ᠲᠥᠰᠥᠯ︾ ᠢ ᠵᠥᠪᠰᠢᠶᠡᠷᠡᠭᠦᠯᠦᠨ ᠬᠡᠷᠡᠭᠵᠢᠭᠦᠯᠬᠦ ᠪᠠᠷ ᠭᠤᠶᠤᠴᠢᠯᠠᠨ | ᠮᠡᠳᠡᠭᠦᠯᠪᠡ︔ ᠤᠰᠤᠨ ᠤ ᠡᠬᠢ ᠪᠠᠶᠠᠯᠢᠭ ᠤᠨ ᠭᠠᠶᠢᠯᠢ ᠳᠤ ᠥᠭᠡᠷᠡᠴᠢᠯᠡᠯᠲᠡ ᠬᠢᠬᠦ ᠲᠤᠷᠰᠢᠯᠲᠠ ᠶᠢᠨ ᠴᠢᠭ᠋ ᠤᠨ | ᠰᠠᠭᠤᠳᠠᠯ ᠤᠨ ᠬᠤᠷᠠᠯ ᠢ ᠣᠯᠠᠨ ᠤᠳᠠᠭ᠎ᠠ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠰᠠᠯᠠᠭ᠎ᠠ ᠮᠥᠴᠢᠷ ᠪᠠ ᠠᠵᠤ | ᠠᠬᠤᠶᠢᠯᠠᠯ ᠤᠨ ᠰᠠᠨᠠᠯ ᠰᠠᠨᠠᠭᠤᠯᠭ᠎ᠠ ᠶᠢ ᠰᠣᠨᠣᠰᠪᠠ︔ ᠤᠷᠢᠳ ᠬᠤᠵᠢᠳ ᠬᠥᠬᠡᠬᠤᠲᠠ᠂ ᠣᠷᠳᠣᠰ ᠬᠤᠲᠠ ᠳᠤ | ᠣᠴᠢᠵᠤ ᠪᠣᠳᠠᠲᠠᠢ ᠭᠠᠵᠠᠷ ᠤᠨ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂ ᠭᠤᠣᠯᠳᠠᠭ᠎ᠠ ᠲᠠᠢ ᠲᠥᠷᠥ ᠶᠢᠨ | ᠪᠣᠳᠣᠯᠭ᠎ᠠ ᠶᠢᠨ ᠠᠰᠠᠭᠤᠳᠠᠯ ᠳᠤ ᠰᠤᠳᠤᠯᠤᠯᠲᠠ ᠬᠢᠵᠡᠢ︔ ᠾᠧᠪᠧᠢ ᠮᠤᠵᠢ ᠳᠤ ᠣᠴᠢᠵᠤ ᠥᠭᠡᠷᠡᠴᠢᠯᠡᠯᠲᠡ ᠶᠢᠨ | ᠲᠤᠷᠰᠢᠯᠭ᠎ᠠ ᠶᠢ ᠨᠢ ᠰᠤᠷᠤᠯᠴᠠᠵᠤ᠂ ᠪᠤᠰᠤᠳ ᠲᠤᠷᠰᠢᠯᠲᠠ ᠶᠢᠨ ᠴᠢᠭ᠋ ᠤᠨ ᠮᠤᠵᠢ ᠣᠷᠣᠨ ᠤ ᠠᠷᠭ᠎ᠠ ᠬᠢᠳᠡᠯ ᠢᠶᠠᠷ | ᠯᠠᠪᠯᠠᠯᠲᠠ ᠪᠣᠯᠭᠠᠭᠰᠠᠨ ᠪᠠᠶᠢᠨ᠎ᠠ᠃ ᠡᠯ᠎ᠡ ᠲᠠᠯ᠎ᠠ ᠶᠢᠨ ᠬᠢᠨ ᠤ ᠰᠠᠨᠠᠯ ᠢ ᠭᠦᠢᠴᠡᠳ ᠰᠣᠨᠣᠰᠤᠭᠰᠠᠨ ᠰᠠᠭᠤᠷᠢᠨ ᠳᠡᠭᠡᠷ᠎ᠡ | ᠂ ︽ᠬᠡᠷᠡᠭᠵᠢᠭᠦᠯᠬᠦ ᠰᠠᠨᠠᠯ︾ ᠢ ᠪᠦᠷᠢᠯᠳᠦᠭᠦᠯᠵᠡᠢ᠃ 2017 ᠣᠨ ᠤ 12 ᠳ᠋ᠤᠭᠠᠷ ᠰᠠᠷ᠎ᠠ ᠶᠢᠨ 25 ᠤ ᠡᠳᠦᠷ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠳᠠᠮᠵᠢᠨ ᠬᠢᠨᠠᠨ | ᠵᠥᠪᠯᠡᠭᠦᠯᠵᠦ ᠪᠠᠲᠤᠯᠠᠭᠤᠯᠪᠠ︔ 2017 ᠣᠨ ᠤ 12 ᠳ᠋ᠤᠭᠠᠷ ᠰᠠᠷ᠎ᠠ ᠶᠢᠨ 29 ᠤ ᠡᠳᠦᠷ ᠵᠢᠩᠬᠢᠨᠢ ᠪᠠᠷ | ᠨᠡᠶᠢᠲᠡᠯᠡᠵᠡᠢ᠃ | ᠠᠷᠪᠠᠨ ᠬᠤᠶᠠᠷ᠂ ᠮᠠᠨ ᠤ ᠣᠷᠣᠨ ᠤ ᠤᠰᠤᠨ ᠤ ᠡᠬᠢ ᠪᠠᠶᠠᠯᠢᠭ ᠤᠨ ᠭᠠᠶᠢᠯᠢ ᠳᠤ ᠥᠭᠡᠷᠡᠴᠢᠯᠡᠯᠲᠡ ᠬᠢᠬᠦ | ᠲᠤᠷᠰᠢᠯᠲᠠ ᠶᠢᠨ ᠴᠢᠭ᠋ ᠤᠨ ᠠᠵᠢᠯ ᠢ ᠬᠡᠷᠬᠢᠨ ᠵᠣᠬᠢᠶᠠᠨ ᠪᠠᠶᠢᠭᠤᠯᠤᠨ ᠰᠠᠶᠢᠲᠤᠷ ᠬᠡᠷᠡᠭᠵᠢᠭᠦᠯᠬᠦ ᠪᠣᠢ︖ | ᠤᠰᠤᠨ ᠤ ᠡᠬᠢ ᠪᠠᠶᠠᠯᠢᠭ ᠤᠨ ᠭᠠᠶᠢᠯᠢ ᠳᠤ ᠥᠭᠡᠷᠡᠴᠢᠯᠡᠯᠲᠡ ᠬᠢᠬᠦ ᠲᠤᠷᠰᠢᠯᠲᠠ ᠶᠢᠨ ᠴᠢᠭ᠋ ᠲᠤ | ᠬᠤᠯᠪᠣᠭᠳᠠᠬᠤ ᠲᠠᠯ᠎ᠠ ᠥᠷᠭᠡᠨ᠂ ᠲᠤᠰᠬᠠᠢ ᠮᠡᠷᠭᠡᠵᠢᠯ ᠤᠨ ᠴᠢᠨᠠᠷ ᠢᠶᠠᠷ ᠴᠢᠩᠭ᠎ᠠ᠂ ᠨᠡᠶᠢᠭᠡᠮ ᠤᠨ ᠠᠩᠬᠠᠷᠤᠯ ᠤᠨ | ᠬᠡᠮᠵᠢᠶ᠎ᠡ ᠥᠨᠳᠥᠷ ᠪᠠᠶᠢᠵᠤ᠂ ᠥᠭᠡᠷᠡᠴᠢᠯᠡᠯᠲᠡ ᠬᠢᠬᠦ ᠲᠤᠷᠰᠢᠯᠲᠠ ᠶᠢᠨ ᠴᠢᠭ᠋ ᠢ ᠲᠣᠭᠲᠠᠭᠤᠨ ᠢᠶᠠᠷ ᠳᠡᠰ ᠳᠠᠷᠠᠭᠠᠯᠠᠯ | ᠲᠠᠢ ᠬᠡᠷᠡᠭᠵᠢᠭᠦᠯᠬᠦ ᠶᠢ ᠪᠠᠲᠤᠯᠠᠬᠤ ᠶᠢᠨ ᠲᠥᠯᠥᠭᠡ᠂ ᠮᠠᠨ ᠤ ᠣᠷᠣᠨ ᠳᠣᠣᠷᠠᠬᠢ ᠬᠡᠳᠦᠨ ᠲᠠᠯ᠎ᠠ ᠶᠢᠨ ᠠᠵᠢᠯ ᠢ | ᠬᠢᠨᠠᠮᠠᠭᠠᠢ ᠪᠠᠷ ᠰᠠᠶᠢᠲᠤᠷ ᠬᠢᠨ᠎ᠡ᠃ | ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ | ᠣᠷᠣᠨ ᠤ ᠤᠰᠤᠨ ᠤ ᠡᠬᠢ ᠪᠠᠶᠠᠯᠢᠭ ᠤᠨ ᠭᠠᠶᠢᠯᠢ ᠳᠤ ᠥᠭᠡᠷᠡᠴᠢᠯᠡᠯᠲᠡ ᠬᠢᠬᠦ ᠲᠤᠷᠰᠢᠯᠲᠠ ᠶᠢᠨ ᠴᠢᠭ᠋ ᠤᠨ ᠠᠵᠢᠯ ᠢ | ᠵᠣᠬᠢᠶᠠᠨ ᠪᠠᠶᠢᠭᠤᠯᠤᠨ ᠤᠳᠤᠷᠢᠳᠬᠤ ᠪᠠᠶᠢᠭᠤᠯᠤᠮᠵᠢ ᠶᠢ ᠪᠠᠶᠢᠭᠤᠯᠵᠤ᠂ ᠥᠭᠡᠷᠡᠴᠢᠯᠡᠯᠲᠡ ᠬᠢᠬᠦ ᠲᠤᠷᠰᠢᠯᠲᠠ ᠶᠢᠨ | ᠴᠢᠭ᠋ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠪᠦᠬᠦ ᠲᠠᠯ᠎ᠠ ᠪᠠᠷ ᠵᠢᠯᠣᠭᠤᠳᠴᠤ᠂ ᠠᠯᠪᠠᠨ | ᠭᠡᠷ ᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ ᠲᠣᠬᠢᠷᠠᠭᠤᠯᠤᠨ᠎ᠠ᠃ | ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠢᠨ ᠲᠣᠬᠢᠷᠠᠯᠴᠠᠭᠰᠠᠨ ᠵᠣᠬᠢᠶᠠᠨ | ᠪᠠᠶᠢᠭᠤᠯᠤᠨ ᠤᠳᠤᠷᠢᠳᠬᠤ ᠪᠠᠶᠢᠭᠤᠯᠤᠮᠵᠢ ᠶᠢ ᠪᠠᠶᠢᠭᠤᠯᠵᠤ᠂ ᠤᠰᠤᠨ ᠤ ᠡᠬᠢ ᠪᠠᠶᠠᠯᠢᠭ ᠤᠨ ᠭᠠᠶᠢᠯᠢ ᠳᠤ | ᠥᠭᠡᠷᠡᠴᠢᠯᠡᠯᠲᠡ ᠬᠢᠬᠦ ᠲᠤᠷᠰᠢᠯᠲᠠ ᠶᠢᠨ ᠴᠢᠭ᠋ ᠲᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠨ᠎ᠠ᠃ | ᠬᠤᠶᠠᠷ ᠲᠤ᠂ ᠲᠤᠷᠰᠢᠯᠲᠠ ᠶᠢᠨ ᠴᠢᠭ᠋ ᠤᠨ ᠬᠠᠮᠢᠶᠠᠷᠤᠯᠲᠠ ᠶᠢ ᠰᠠᠶᠢᠲᠤᠷ ᠬᠢᠨ᠎ᠡ᠃ ᠡᠳ᠋ ᠰᠦᠢᠳᠬᠡᠯ ﹇ | 2017﹈ 80 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠪᠠ ︽ᠬᠡᠷᠡᠭᠵᠢᠭᠦᠯᠬᠦ ᠠᠷᠭ᠎ᠠ︾ ᠶᠢ ᠬᠡᠷᠡᠭᠵᠢᠭᠦᠯᠦᠭᠰᠡᠨ | ᠪᠠᠶᠢᠳᠠᠯ ᠢ ᠨᠢᠭᠲᠠ ᠮᠥᠷᠳᠡᠵᠦ᠂ ᠥᠭᠡᠷᠡᠴᠢᠯᠡᠯᠲᠡ ᠶᠢᠨ ᠠᠬᠢᠴᠠ ᠪᠠ ᠶᠠᠰᠤ ᠴᠢᠨᠠᠷ ᠲᠤ ᠬᠢᠨᠠᠯᠲᠠ ᠲᠠᠯᠪᠢᠵᠤ᠂ | ᠲᠤᠷᠰᠢᠯᠲᠠ ᠶᠢᠨ ᠴᠢᠭ᠋ ᠤᠨ ᠦᠷ᠎ᠡ ᠪᠦᠲᠦᠮᠵᠢ ᠶᠢ ᠴᠠᠭ ᠲᠤᠬᠠᠢ ᠳᠤ ᠨᠢ ᠳ᠋ᠦᠩᠨᠡᠨ ᠦᠨᠡᠯᠡᠵᠦ᠂ ᠲᠤᠷᠰᠢᠯᠲᠠ ᠶᠢᠨ | ᠴᠢᠭ᠋ ᠤᠨ ᠶᠠᠪᠤᠴᠠ ᠳᠠᠬᠢ ᠵᠥᠷᠢᠴᠡᠯ ᠪᠠ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠵᠣᠬᠢᠴᠠᠭᠤᠯᠤᠨ ᠰᠢᠢᠳᠪᠦᠷᠢᠯᠡᠵᠦ | ᠂ ᠥᠭᠡᠷᠡᠴᠢᠯᠡᠯᠲᠡ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠨ᠎ᠠ᠃ | ᠭᠤᠷᠪᠠ ᠳᠤ᠂ ᠬᠠᠷᠢᠭᠤᠴᠠᠯᠭ᠎ᠠ ᠪᠠ ᠠᠵᠢᠯ ᠬᠤᠪᠢᠶᠠᠷᠢᠯᠠᠯ ᠢ ᠨᠠᠶᠢᠳᠠᠪᠤᠷᠢᠵᠢᠭᠤᠯᠤᠨ᠎ᠠ᠃ ᠤᠰᠤᠨ ᠤ ᠡᠬᠢ | ᠪᠠᠶᠠᠯᠢᠭ ᠤᠨ ᠭᠠᠶᠢᠯᠢ ᠳᠤ ᠥᠭᠡᠷᠡᠴᠢᠯᠡᠯᠲᠡ ᠬᠢᠬᠦ ᠲᠤᠷᠰᠢᠯᠲᠠ ᠶᠢᠨ ᠴᠢᠭ᠋ ᠤᠨ ᠬᠤᠭᠤᠴᠠᠭᠠᠨ ᠳᠤ ᠬᠤᠯᠪᠣᠭᠳᠠᠬᠤ | ᠲᠥᠷᠥ ᠶᠢᠨ ᠪᠣᠳᠣᠯᠭ᠎ᠠ ᠶᠢᠨ ᠠᠰᠠᠭᠤᠳᠠᠯ ᠢ ᠡᠭᠦᠷᠭᠡ ᠬᠠᠷᠢᠭᠤᠴᠠᠯᠭ᠎ᠠ ᠪᠠ ᠠᠵᠢᠯ ᠤᠨ ᠬᠤᠪᠢᠶᠠᠷᠢᠯᠠᠯ ᠢ | ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠣᠷᠣᠨ ᠨᠤᠲᠤᠭ ᠤᠨ | ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠢᠩᠬᠢᠮ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠪᠠ ᠥᠪᠥᠷ ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ | ᠵᠡᠷᠭᠡ ᠰᠠᠯᠠᠭ᠎ᠠ ᠮᠥᠴᠢᠷ ᠠᠴᠠ ᠬᠠᠷᠢᠭᠤᠴᠠᠨ ᠬᠠᠷᠢᠭᠤᠯᠲᠠ ᠥᠭᠬᠦ ᠪᠠ ᠲᠠᠶᠢᠯᠤᠮᠵᠢ ᠬᠢᠨ᠎ᠡ᠃ ᠤᠯᠤᠰ ᠤᠨ ᠳᠡᠰ | ᠳᠠᠪᠬᠤᠷᠭ᠎ᠠ ᠶᠢᠨ ᠰᠤᠳᠤᠯᠤᠨ ᠲᠣᠭᠲᠠᠭᠠᠯᠲᠠ ᠳᠤ ᠬᠠᠷᠢᠶᠠᠯᠠᠭᠳᠠᠬᠤ ᠶᠢ ᠨᠢ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠢᠨ ᠡᠳ᠋ ᠤᠨ ᠵᠠᠰᠠᠭ ᠤᠨ ᠶᠠᠮᠤᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ᠂ ᠤᠰᠤᠨ | ᠠᠰᠢᠭᠯᠠᠯᠲᠠ ᠶᠢᠨ ᠶᠠᠮᠤᠨ ᠵᠡᠷᠭᠡ ᠠᠴᠠ ᠵᠢᠭᠠᠪᠤᠷᠢ ᠠᠪᠴᠤ ᠲᠣᠳᠣᠷᠬᠠᠶᠢᠯᠠᠨ᠎ᠠ᠃ | ᠳᠥᠷᠪᠡ ᠳᠤ᠂ ᠭᠠᠶᠢᠯᠢ ᠲᠠᠲᠠᠪᠤᠷᠢ ᠶᠢ ᠲᠠᠲᠠᠪᠤᠷᠢᠯᠠᠨ ᠬᠠᠮᠢᠶᠠᠷᠬᠤ ᠶᠢ ᠰᠠᠶᠢᠲᠤᠷ ᠬᠢᠨ᠎ᠡ᠃ ᠭᠠᠶᠢᠯᠢ ᠶᠢᠨ | ᠶᠠᠪᠤᠳᠠᠯ ᠬᠢᠭᠡᠳ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠨ ᠠᠵᠢᠯ ᠤᠨ ᠬᠠᠮᠵᠢᠯᠴᠠᠬᠤ ᠲᠣᠭᠲᠠᠴᠠ ᠶᠢ | ᠪᠠᠶᠢᠭᠤᠯᠵᠤ᠂ ᠭᠠᠶᠢᠯᠢ ᠲᠤᠰᠢᠶᠠᠬᠤ ᠮᠡᠳᠡᠭᠡ ᠵᠠᠩᠭᠢ ᠶᠢ ᠴᠤᠭᠯᠠᠭᠤᠯᠤᠨ᠂ ᠭᠠᠶᠢᠯᠢ ᠲᠤᠰᠢᠶᠠᠭᠴᠢ ᠶᠢᠨ ᠳᠠᠩᠰᠠ | ᠡᠪᠬᠡᠮᠡᠯ ᠤᠨ ᠮᠠᠲ᠋ᠧᠷᠢᠶᠠᠯ ᠢ ᠲᠤᠰᠢᠶᠠᠬᠤ ᠪᠠ ᠬᠦᠯᠢᠶᠡᠨ ᠠᠪᠴᠤ᠂ ᠭᠠᠶᠢᠯᠢ ᠲᠠᠲᠠᠪᠤᠷᠢᠯᠠᠬᠤ ᠮᠡᠳᠡᠭᠡ ᠵᠠᠩᠭᠢ ᠶᠢᠨ | ᠰᠢᠰᠲ᠋ᠧᠮᠵᠢ ᠶᠢ ᠨᠡᠭᠡᠭᠡᠬᠦ᠂ ᠬᠡᠮᠵᠢᠨ ᠲᠤᠷᠰᠢᠬᠤ ᠪᠠ ᠠᠵᠢᠯᠯᠠᠭᠤᠯᠵᠤ᠂ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ | ᠲᠠᠪᠴᠠᠩ ᠢ ᠪᠠᠶᠢᠭᠤᠯᠤᠨ᠂ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠬᠠᠤᠯᠢ ᠲᠣᠭᠲᠠᠭᠠᠯ ᠶᠣᠰᠣᠭᠠᠷ | ᠲᠠᠲᠠᠪᠤᠷᠢᠯᠠᠨ ᠬᠠᠮᠢᠶᠠᠷᠬᠤ ᠶᠢ ᠪᠠᠲᠤᠯᠠᠨ᠎ᠠ᠃ | ᠲᠠᠪᠤ ᠳᠤ᠂ ᠤᠬᠠᠭᠤᠯᠭ᠎ᠠ ᠪᠣᠯᠪᠠᠰᠤᠷᠠᠭᠤᠯᠤᠯ ᠢ ᠰᠠᠶᠢᠲᠤᠷ ᠬᠢᠨ᠎ᠡ᠃ ᠣᠯᠠᠨ ᠵᠦᠢᠯ ᠤᠨ ᠳᠠᠮᠵᠢᠭᠤᠯᠤᠭᠴᠢ | ᠵᠠᠭᠤᠴᠢᠯᠠᠭᠤᠷ ᠢ ᠠᠰᠢᠭᠯᠠᠨ᠂ ᠤᠰᠤᠨ ᠤ ᠡᠬᠢ ᠪᠠᠶᠠᠯᠢᠭ ᠤᠨ ᠭᠠᠶᠢᠯᠢ ᠳᠤ ᠥᠭᠡᠷᠡᠴᠢᠯᠡᠯᠲᠡ ᠬᠢᠬᠦ ᠲᠤᠷᠰᠢᠯᠲᠠ ᠶᠢᠨ | ᠴᠢᠭ᠋ ᠤᠨ ᠬᠦᠨᠳᠦ ᠴᠢᠬᠤᠯᠠ ᠠᠴᠢ ᠬᠤᠯᠪᠣᠭᠳᠠᠯ᠂ ᠬᠠᠷᠠᠯᠲᠠ ᠵᠠᠷᠴᠢᠮ ᠪᠠ ᠭᠤᠣᠯ ᠠᠭᠤᠯᠭ᠎ᠠ ᠶᠢ ᠥᠷᠭᠡᠨ ᠢᠶᠠᠷ | ᠤᠬᠠᠭᠤᠯᠤᠨ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠰᠠᠶᠢᠲᠤᠷ ᠬᠢᠵᠦ᠂ ᠨᠡᠶᠢᠭᠡᠮ ᠤᠨ ᠠᠩᠬᠠᠷᠤᠯ | ᠬᠠᠯᠠᠮᠵᠢᠯᠠᠯ ᠳᠤ ᠬᠠᠷᠢᠭᠤ ᠲᠤᠰᠬᠠᠨ᠂ ᠨᠡᠶᠢᠭᠡᠮ ᠤᠨ ᠲᠥᠰᠥᠭᠡᠯᠡᠯ ᠢ ᠲᠣᠭᠲᠠᠪᠤᠷᠢᠵᠢᠭᠤᠯᠵᠤ᠂ ᠰᠠᠶᠢᠨ ᠰᠠᠶᠢᠬᠠᠨ | ᠥᠭᠡᠷᠡᠴᠢᠯᠡᠯᠲᠡ ᠶᠢᠨ ᠠᠭᠤᠷ ᠠᠮᠢᠰᠬᠤᠯ ᠪᠠ ᠶᠠᠷᠢᠶ᠎ᠠ ᠬᠡᠯᠡᠯᠴᠡᠭᠡᠨ ᠤ ᠣᠷᠴᠢᠨ ᠲᠣᠭᠤᠷᠢᠨ ᠢ ᠪᠣᠢ ᠪᠣᠯᠭᠠᠨ᠎ᠠ︔ ︽ | ᠤᠰᠤᠨ ᠤ ᠡᠬᠢ ᠪᠠᠶᠠᠯᠢᠭ ᠤᠨ ᠭᠠᠶᠢᠯᠢ ᠳᠤ ᠥᠭᠡᠷᠡᠴᠢᠯᠡᠯᠲᠡ ᠬᠢᠬᠦ ᠲᠤᠷᠰᠢᠯᠲᠠ ᠶᠢᠨ ᠴᠢᠭ᠋ ᠤᠨ ᠪᠠᠴᠢᠮ ᠪᠠᠶᠢᠳᠠᠯ ᠢ | ᠠᠷᠭᠠᠴᠠᠭᠠᠬᠤ ᠲᠥᠰᠥᠪ︾ ᠢ ᠲᠣᠭᠲᠠᠭᠠᠵᠤ᠂ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠢ ᠰᠡᠷᠭᠡᠶᠢᠯᠡᠬᠦ ᠪᠠ | ᠥᠨᠳᠥᠷ ᠪᠦᠲᠦᠮᠵᠢᠲᠡᠢ ᠪᠠᠷ ᠰᠢᠢᠳᠪᠦᠷᠢᠯᠡᠨ᠎ᠡ︔ ᠦᠨᠳᠦᠰᠦᠨ ᠱᠠᠲᠤᠨ ᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ | ᠪᠠ ᠭᠠᠶᠢᠯᠢ ᠲᠤᠰᠢᠶᠠᠭᠴᠢ ᠳᠤ ᠬᠢᠬᠦ ᠬᠠᠪᠰᠤᠷᠤᠨ ᠵᠢᠯᠣᠭᠤᠳᠤᠯᠭ᠎ᠠ ᠪᠠ ᠪᠣᠯᠪᠠᠰᠤᠷᠠᠭᠤᠯᠤᠯ ᠢ ᠴᠢᠩᠭᠠᠳᠬᠠᠵᠤ᠂ | ᠭᠠᠶᠢᠯᠢ ᠳᠤ ᠬᠤᠯᠪᠣᠭᠳᠠᠭᠰᠠᠨ ᠠᠰᠠᠭᠤᠳᠠᠯ ᠳᠤ ᠴᠠᠭ ᠲᠤᠬᠠᠢ ᠳᠤ ᠨᠢ ᠲᠠᠶᠢᠯᠤᠮᠵᠢ ᠬᠢᠵᠦ᠂ ᠭᠠᠶᠢᠯᠢ ᠲᠤᠰᠢᠶᠠᠬᠤ | ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ | ᠵᠢᠷᠭᠤᠭ᠎ᠠ ᠳᠤ᠂ ᠰᠠᠯᠠᠭ᠎ᠠ ᠮᠥᠴᠢᠷ ᠤᠳ ᠤᠨ ᠬᠠᠮᠵᠢᠯᠴᠠᠭ᠎ᠠ ᠶᠢ ᠴᠢᠩᠭᠠᠳᠬᠠᠨ᠎ᠠ᠃ ᠡᠯ᠎ᠡ ᠱᠠᠲᠤᠨ ᠤ | ᠡᠳ᠋ ᠤᠨ ᠵᠠᠰᠠᠭ᠂ ᠣᠷᠣᠨ ᠨᠤᠲᠤᠭ ᠤᠨ ᠭᠠᠶᠢᠯᠢ ᠶᠢᠨ ᠶᠠᠪᠤᠳᠠᠯ᠂ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠨ | ᠬᠢᠨ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠴᠢᠳᠠᠪᠤᠷᠢᠯᠢᠭ ᠠᠵᠢᠯᠲᠠᠨ ᠪᠠ ᠴᠢᠬᠤᠯᠠᠲᠠᠢ ᠠᠵᠢᠯ ᠤᠨ | ᠨᠥᠬᠦᠴᠡᠯ ᠢ ᠪᠦᠷᠢᠯᠳᠦᠭᠦᠯᠵᠦ᠂ ᠨᠠᠷᠢᠨ ᠨᠢᠮᠪᠠᠢ ᠵᠣᠬᠢᠶᠠᠨ ᠪᠠᠶᠢᠭᠤᠯᠬᠤ᠂ ᠨᠠᠷᠢᠨ ᠨᠢᠭᠲᠠ ᠲᠣᠬᠢᠷᠠᠭᠤᠯᠬᠤ ᠪᠠ | ᠰᠢᠨ᠎ᠡ ᠶᠢ ᠡᠭᠦᠳᠦᠨ ᠰᠦᠪᠡᠭᠴᠢᠯᠡᠵᠦ᠂ ᠥᠭᠡᠷᠡᠴᠢᠯᠡᠯᠲᠡ ᠬᠢᠬᠦ ᠲᠤᠷᠰᠢᠯᠲᠠ ᠶᠢᠨ ᠴᠢᠭ᠋ ᠤᠨ ᠠᠵᠢᠯ ᠤᠨ | ᠲᠣᠭᠲᠠᠭᠤᠨ ᠢᠶᠠᠷ ᠠᠬᠢᠵᠤ᠂ ᠤᠷᠤᠭᠰᠢᠲᠠᠢ ᠶᠠᠪᠤᠭᠳᠠᠬᠤ ᠶᠢ ᠪᠠᠲᠤᠯᠠᠨ᠎ᠠ᠃ | | |