ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠣᠶᠢᠷ᠎ᠠ ᠳᠤ ︽ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ | ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠳᠦᠷᠢᠮ ᠤᠨ ᠥᠭᠡᠷᠡᠴᠢᠯᠡᠯᠲᠡ ᠶᠢᠨ ᠲᠥᠰᠥᠯ︾ ᠢ | ᠳᠠᠷᠤᠮᠠᠯᠯᠠᠨ ᠲᠠᠷᠬᠠᠭᠠᠵᠤ᠂ 2018 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠠᠮᠢ | ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠳᠦᠷᠢᠮ ᠢ | ᠪᠦᠬᠦ ᠤᠯᠤᠰ ᠲᠤ ᠲᠤᠷᠰᠢᠨ ᠬᠡᠷᠡᠭᠯᠡᠨ᠎ᠡ᠃ | ᠶᠠᠭᠤᠨ ᠳᠤ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ | ᠲᠥᠯᠥᠪᠦᠷᠢ ᠠᠪᠬᠤ ᠳᠦᠷᠢᠮ ᠢ ᠲᠣᠭᠲᠠᠭᠠᠬᠤ ᠪᠣᠢ︖ ᠬᠡᠨ ᠬᠥᠮᠥᠨ ᠡᠪᠳᠡᠵᠦ ᠬᠤᠬᠢᠷᠠᠭᠤᠯᠤᠭᠰᠠᠨ | ᠠᠵᠢᠯᠯᠠᠭ᠎ᠠ ᠠᠴᠠ ᠲᠥᠯᠥᠪᠦᠷᠢ ᠠᠪᠬᠤ ᠪᠠᠷ ᠳᠤᠷᠠᠳᠴᠤ ᠪᠣᠯᠬᠤ ᠪᠣᠢ︖ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠶᠠᠮᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ 12 ᠳ᠋ᠤᠭᠠᠷ ᠰᠠᠷ᠎ᠠ ᠶᠢᠨ 17 ᠤ ᠡᠳᠦᠷ | ᠬᠠᠮᠢᠶ᠎ᠠ ᠪᠦᠬᠦᠢ ᠠᠰᠠᠭᠤᠳᠠᠯ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠦᠯᠢᠶᠡᠭᠰᠡᠨ ᠪᠠᠶᠢᠨ᠎ᠠ᠃ | ︽ᠠᠵᠤ ᠠᠬᠤᠶᠢᠯᠠᠯ ᠪᠣᠬᠢᠷᠲᠤᠭᠤᠯᠬᠤ᠂ ᠣᠯᠠᠨ ᠲᠦᠮᠡᠨ ᠬᠤᠣᠷ ᠠᠮᠰᠠᠬᠤ᠂ ᠵᠠᠰᠠᠭ ᠤᠨ ᠣᠷᠳᠣᠨ | ᠬᠤᠳᠠᠯᠳᠤᠨ ᠠᠪᠬᠤ︾ ᠬᠦᠴᠢᠷᠳᠡᠯ ᠢ ᠰᠢᠢᠳᠪᠦᠷᠢᠯᠡᠨ᠎ᠡ᠃ | ᠡᠨᠡ ᠵᠢᠯ ᠤᠨ ᠡᠬᠢᠨ ᠳᠤ᠂ ᠭᠦᠢᠵᠧᠦ ᠮᠤᠵᠢ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ | ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠨᠢᠭᠡ ᠬᠤᠪᠢ ᠬᠠᠤᠯᠢ ᠴᠠᠭᠠᠵᠠ ᠶᠢᠨ ᠨᠤᠲᠠᠯᠠᠯᠲᠠ ᠶᠢᠨ | ᠪᠢᠴᠢᠭ ᠭᠠᠷᠭᠠᠪᠠ᠃ ᠨᠢᠭᠡᠨ ᠠᠵᠤ ᠠᠬᠤᠶᠢᠯᠠᠯ ᠪᠣᠬᠢᠷ ᠱᠠᠯᠪᠠᠭ ᠢᠶᠠᠨ ᠬᠠᠤᠯᠢ ᠪᠤᠰᠤ ᠪᠠᠷ ᠰᠢᠢᠳᠪᠦᠷᠢᠯᠡᠨ ᠣᠷᠴᠢᠨ | ᠲᠣᠭᠤᠷᠢᠨ ᠢ ᠪᠣᠬᠢᠷᠲᠤᠭᠤᠯᠤᠭᠰᠠᠨ ᠠᠴᠠ ᠪᠣᠯᠵᠤ᠂ ᠭᠦᠢᠵᠧᠦ ᠮᠤᠵᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠲᠢᠩᠬᠢᠮ ᠳᠤ 900 ᠭᠠᠷᠤᠢ ᠲᠦᠮᠡᠨ ᠲᠥᠭᠦᠷᠢᠭ ᠤᠨ ᠲᠥᠯᠥᠪᠦᠷᠢ ᠲᠥᠯᠥᠵᠦ᠂ ᠡᠪᠳᠡᠭᠳᠡᠯ | ᠬᠤᠬᠢᠷᠠᠯ ᠳᠤ ᠤᠴᠠᠷᠠᠭᠰᠠᠨ ᠭᠠᠵᠠᠷ ᠣᠷᠣᠨ ᠤ ᠠᠮᠢ ᠠᠬᠤᠢ ᠶᠢ ᠵᠠᠰᠠᠨ ᠰᠡᠷᠭᠦᠭᠡᠬᠦ ᠠᠵᠢᠯ ᠳᠤ ᠬᠡᠷᠡᠭᠯᠡᠵᠡᠢ᠃ | ᠡᠨᠡ ᠪᠣᠯ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ | ᠲᠥᠯᠥᠪᠦᠷᠢ ᠠᠪᠬᠤ ᠳᠦᠷᠢᠮ ᠤᠨ ᠨᠢᠭᠡᠨ ᠨᠡᠶᠢᠲᠡᠯᠢᠭ ᠬᠡᠷᠡᠭ ᠤᠨ ᠵᠢᠱᠢᠶ᠎ᠡ ᠪᠣᠯᠣᠨ᠎ᠠ᠃ 2015 ᠣᠨ ᠳᠤ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ︽ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ | ᠠᠵᠢᠯᠯᠠᠭ᠎ᠠ ᠠᠴᠠ ᠲᠥᠯᠥᠪᠦᠷᠢ ᠠᠪᠬᠤ ᠳᠦᠷᠢᠮ ᠳᠤ ᠥᠭᠡᠷᠡᠴᠢᠯᠡᠯᠲᠡ ᠬᠢᠬᠦ ᠲᠤᠷᠰᠢᠯᠲᠠ ᠶᠢᠨ ᠴᠢᠭ᠋ ᠤᠨ ᠲᠥᠰᠥᠯ︾ | ᠢ ᠳᠠᠷᠤᠮᠠᠯᠯᠠᠨ ᠲᠠᠷᠬᠠᠭᠠᠵᠤ᠂ ᠭᠢᠷᠢᠨ᠂ ᠱᠠᠨᠳᠦ᠋ᠩ᠂ ᠵᠢᠶᠠᠩᠰᠤ᠂ ᠬᠤᠨᠠᠨ᠂ ᠴᠦᠩᠴᠢᠩ᠂ ᠭᠦᠢᠵᠧᠦ᠂ ᠶᠦᠨᠨᠠᠨ | 7 ᠮᠤᠵᠢ ︵ᠬᠤᠲᠠ︶ ᠳᠤ ᠥᠭᠡᠷᠡᠴᠢᠯᠡᠯᠲᠡ ᠬᠢᠬᠦ ᠲᠤᠷᠰᠢᠯᠲᠠ ᠶᠢᠨ ᠴᠢᠭ᠋ ᠤᠨ ᠠᠵᠢᠯ ᠢ ᠥᠷᠨᠢᠭᠦᠯᠦᠭᠰᠡᠨ | ᠪᠠᠶᠢᠨ᠎ᠠ᠃ | ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠪᠠᠯ ᠯᠠᠪᠲᠠᠢ ᠦᠷᠡᠭᠳᠡᠯ ᠲᠥᠯᠥᠪᠦᠷᠢ ᠲᠠᠢ | ᠪᠠᠶᠢᠳᠠᠭ᠃ ᠭᠡᠲᠡᠯ᠎ᠡ ᠪᠢᠳᠡ ᠪᠠᠰᠠ ᠪᠦᠸᠧᠬᠠᠢ ᠪᠤᠯᠤᠩ ᠠᠴᠠ ᠲᠣᠰᠣ ᠪᠢᠯᠬᠠᠷᠠᠭᠰᠠᠨ ᠪᠣᠬᠢᠷᠲᠤᠯ᠂ ᠰᠤᠩᠭᠠᠷᠢ | ᠮᠥᠷᠡᠨ ᠤ ᠤᠰᠤᠨ ᠤ ᠪᠣᠬᠢᠷᠲᠤᠯ᠂ ᠴᠠᠩᠵᠧᠦ ᠶᠢᠨ ᠭᠠᠳᠠᠭᠠᠳᠤ ᠬᠡᠯᠡᠨ ᠤ ᠰᠤᠷᠭᠠᠭᠤᠯᠢ ᠶᠢᠨ ᠬᠥᠷᠥᠰᠥ ᠰᠢᠷᠣᠢ ᠶᠢᠨ | ᠪᠣᠬᠢᠷᠲᠤᠯ ᠵᠡᠷᠭᠡ ᠠᠯᠢ ᠣᠯᠠᠨ ᠬᠡᠷᠡᠭ ᠲᠤ᠂ ᠣᠯᠠᠨ ᠨᠡᠶᠢᠲᠡ ᠶᠢᠨ ᠠᠮᠢ ᠠᠬᠤᠢ ᠶᠢᠨ ᠣᠷᠴᠢᠨ ᠲᠣᠭᠤᠷᠢᠨ ᠢ | ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠭᠦᠢᠴᠡᠳ ᠲᠣᠭᠠᠨ ᠤ ᠲᠥᠯᠥᠪᠦᠷᠢ ᠣᠯᠣᠭᠰᠠᠨ ᠦᠭᠡᠢ᠂ ᠡᠪᠳᠡᠭᠳᠡᠯ | ᠬᠤᠬᠢᠷᠠᠯ ᠳᠤ ᠤᠴᠠᠷᠠᠭᠰᠠᠨ ᠠᠮᠢ ᠠᠬᠤᠢ ᠶᠢᠨ ᠣᠷᠴᠢᠨ ᠲᠣᠭᠤᠷᠢᠨ ᠢ ᠲᠡᠷᠡ ᠳᠠᠷᠤᠢ ᠳᠤ ᠨᠢ ᠵᠠᠰᠠᠨ ᠰᠡᠷᠭᠦᠭᠡᠭᠰᠡᠨ | ᠦᠭᠡᠢ ᠦᠵᠡᠭᠳᠡᠯ ᠢ ᠬᠠᠷᠠᠵᠤ ᠪᠣᠯᠣᠨ᠎ᠠ᠃ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠠᠮᠤᠨ ᠤ ᠡᠨᠡ ᠬᠦ ᠬᠠᠷᠢᠭᠤᠴᠠᠯᠭᠠᠲᠠᠨ ᠤ ᠬᠡᠯᠡᠬᠦ ᠪᠠᠷ᠂ ᠪᠦᠬᠦ | ᠤᠯᠤᠰ ᠲᠤ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ | ᠠᠪᠬᠤ ᠳᠦᠷᠢᠮ ᠢ ᠲᠤᠷᠰᠢᠨ ᠬᠡᠷᠡᠭᠯᠡᠬᠦ ᠶᠢᠨ ᠵᠣᠷᠢᠯᠭ᠎ᠠ ᠨᠢ ᠡᠩ ᠲᠡᠷᠢᠭᠦᠨ ᠳᠤ ᠡᠪᠳᠡᠵᠦ ᠬᠤᠬᠢᠷᠠᠭᠤᠯᠪᠠᠯ ᠳᠠᠷᠤᠢ | ᠬᠠᠷᠢᠭᠤᠴᠠᠯᠭ᠎ᠠ ᠡᠭᠦᠷᠭᠡᠯᠡᠬᠦ ᠱᠠᠭᠠᠷᠳᠠᠯᠭ᠎ᠠ ᠶᠢ ᠪᠡᠶᠡᠯᠡᠭᠦᠯᠬᠦ ᠶᠢᠨ ᠲᠥᠯᠥᠭᠡ ᠶᠤᠮ᠃ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠠᠤᠯᠢ ᠳᠤ ᠡᠪᠳᠡᠵᠦ ᠬᠤᠬᠢᠷᠠᠭᠤᠯᠪᠠᠯ ᠬᠠᠷᠢᠭᠤᠴᠠᠯᠭ᠎ᠠ ᠡᠭᠦᠷᠭᠡᠯᠡᠬᠦ ᠵᠠᠷᠴᠢᠮ ᠢ ᠲᠣᠭᠲᠠᠭᠠᠪᠠ᠃ | ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ | ᠳᠦᠷᠢᠮ ᠢ ᠲᠣᠭᠲᠠᠭᠠᠨ ᠲᠡᠭᠦᠯᠳᠡᠷᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ | ᠬᠤᠬᠢᠷᠠᠭᠤᠯᠤᠭᠰᠠᠨ ᠬᠠᠷᠢᠭᠤᠴᠠᠭᠴᠢ ᠲᠥᠯᠥᠪᠦᠷᠢ ᠥᠭᠬᠦ ᠬᠠᠷᠢᠭᠤᠴᠠᠯᠭ᠎ᠠ ᠶᠢ ᠡᠭᠦᠷᠭᠡᠯᠡᠵᠦ᠂ ᠡᠪᠳᠡᠭᠳᠡᠯ | ᠬᠤᠬᠢᠷᠠᠯ ᠳᠤ ᠤᠴᠠᠷᠠᠭᠰᠠᠨ ᠠᠮᠢ ᠠᠬᠤᠢ ᠶᠢᠨ ᠣᠷᠴᠢᠨ ᠲᠣᠭᠤᠷᠢᠨ ᠢ ᠵᠠᠰᠠᠨ ᠰᠡᠷᠭᠦᠭᠡᠬᠦ ᠨᠢ᠂ ︽ᠠᠵᠤ ᠠᠬᠤᠶᠢᠯᠠᠯ | ᠪᠣᠬᠢᠷᠲᠤᠭᠤᠯᠬᠤ᠂ ᠣᠯᠠᠨ ᠲᠦᠮᠡᠨ ᠬᠤᠣᠷ ᠠᠮᠰᠠᠬᠤ᠂ ᠵᠠᠰᠠᠭ ᠤᠨ ᠣᠷᠳᠣᠨ ᠬᠤᠳᠠᠯᠳᠤᠨ ᠠᠪᠬᠤ︾ ᠬᠦᠴᠢᠷᠳᠡᠯ ᠢ | ᠰᠢᠢᠳᠪᠦᠷᠢᠯᠡᠬᠦ ᠳᠤ ᠠᠰᠢᠭᠲᠠᠢ ᠪᠠᠶᠢᠳᠠᠭ᠃ | ᠡᠨᠡ ᠬᠦ ᠥᠭᠡᠷᠡᠴᠢᠯᠡᠯᠲᠡ ᠨᠢ ᠪᠠᠰᠠ ᠳᠦᠷᠢᠮ ᠤᠨ ᠳᠤᠲᠠᠭᠳᠠᠯ ᠢ ᠨᠥᠬᠦᠪᠦᠷᠢᠯᠡᠬᠦ ᠬᠡᠷᠡᠭᠴᠡᠭᠡ ᠱᠠᠭᠠᠷᠳᠠᠯᠭ᠎ᠠ | ᠪᠣᠯᠣᠨ᠎ᠠ᠃ ᠮᠠᠨ ᠤ ᠤᠯᠤᠰ ᠲᠤ᠂ ᠤᠯᠤᠰ ᠠᠴᠠ ᠥᠮᠴᠢᠯᠡᠵᠦ ᠪᠠᠶᠢᠭ᠎ᠠ ᠡᠳ᠋ ᠬᠥᠷᠥᠩᠭᠡ ᠳᠠᠷᠤᠢ ᠤᠯᠤᠰ ᠤᠨ | ᠥᠮᠴᠢᠯᠡᠯᠲᠦ ᠡᠳ᠋ ᠬᠥᠷᠥᠩᠭᠡ ᠶᠢ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠤᠯᠤᠰ ᠢ ᠲᠥᠯᠥᠭᠡᠯᠡᠨ ᠥᠮᠴᠢᠯᠡᠬᠦ | ᠡᠷᠬᠡ ᠶᠢ ᠬᠡᠷᠡᠭᠵᠢᠭᠦᠯᠦᠨ᠎ᠡ᠃ ᠭᠡᠲᠡᠯ᠎ᠡ ᠠᠭᠤᠷᠬᠠᠢ ᠶᠢᠨ ᠪᠤᠯᠠᠭᠳᠠᠴᠠ᠂ ᠤᠰᠤᠨ ᠤᠷᠤᠰᠬᠠᠯ᠂ ᠬᠤᠲᠠ ᠶᠢᠨ ᠭᠠᠵᠠᠷ | ᠰᠢᠷᠣᠢ᠂ ᠤᠯᠤᠰ ᠠᠴᠠ ᠥᠮᠴᠢᠯᠡᠵᠦ ᠪᠠᠶᠢᠭ᠎ᠠ ᠣᠢ ᠰᠢᠭᠤᠢ᠂ ᠠᠭᠤᠯᠠ ᠳᠠᠪᠠᠭ᠎ᠠ᠂ ᠲᠠᠯ᠎ᠠ ᠨᠤᠲᠤᠭ᠂ ᠠᠲᠠᠷ ᠭᠠᠵᠠᠷ | ᠂ ᠭᠤᠣᠯ ᠤᠨ ᠰᠠᠶᠢᠷᠭᠠᠯ ᠵᠡᠷᠭᠡ ᠪᠠᠶᠢᠭᠠᠯᠢ ᠶᠢᠨ ᠡᠬᠢ ᠪᠠᠶᠠᠯᠢᠭ ᠡᠪᠳᠡᠭᠳᠡᠯ ᠬᠤᠬᠢᠷᠠᠯ ᠳᠤ ᠤᠴᠠᠷᠠᠭᠰᠠᠨ ᠤ ᠳᠠᠷᠠᠭ᠎ᠠ᠂ | ᠣᠳᠣ ᠶᠢᠨ ᠪᠠᠶᠢᠭ᠎ᠠ ᠳᠦᠷᠢᠮ ᠳᠤ ᠪᠣᠳᠠᠲᠠᠢ ᠪᠠᠷ ᠲᠥᠯᠥᠪᠦᠷᠢ ᠥᠭᠬᠦ ᠭᠤᠣᠯ ᠴᠣᠭᠴᠠ ᠶᠢᠨ ᠲᠣᠭᠲᠠᠭᠠᠯ | ᠳᠤᠲᠠᠭᠳᠠᠵᠤ ᠪᠠᠶᠢᠨ᠎ᠠ ᠭᠡᠵᠦ ᠲᠡᠷᠡ ᠢᠯᠡᠷᠬᠡᠶᠢᠯᠡᠭᠰᠡᠨ ᠪᠠᠶᠢᠨ᠎ᠠ᠃ | ᠡᠭᠦᠨ ᠤ ᠬᠠᠮᠲᠤ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ | ᠠᠵᠢᠯᠯᠠᠭ᠎ᠠ ᠠᠴᠠ ᠲᠥᠯᠥᠪᠦᠷᠢ ᠠᠪᠬᠤ ᠳᠦᠷᠢᠮ ᠢ ᠬᠡᠷᠡᠭᠵᠢᠭᠦᠯᠬᠦ ᠪᠠᠷ ᠳᠠᠮᠵᠢᠭᠤᠯᠵᠤ᠂ ᠡᠪᠳᠡᠭᠳᠡᠯ ᠬᠤᠬᠢᠷᠠᠯ ᠳᠤ | ᠤᠴᠠᠷᠠᠭᠰᠠᠨ ᠠᠮᠢ ᠠᠬᠤᠢ ᠶᠢᠨ ᠣᠷᠴᠢᠨ ᠲᠣᠭᠤᠷᠢᠨ ᠢ ᠵᠠᠰᠠᠨ ᠰᠡᠷᠭᠦᠭᠡᠵᠦ᠂ ᠠᠷᠠᠳ ᠣᠯᠠᠨ ᠤ ᠦᠢᠯᠡᠳᠪᠦᠷᠢᠯᠡᠯ᠂ | ᠠᠮᠢᠳᠤᠷᠠᠯ ᠤᠨ ᠣᠷᠴᠢᠨ ᠲᠣᠭᠤᠷᠢᠨ ᠢ ᠬᠠᠮᠠᠭᠠᠯᠠᠬᠤ ᠪᠠ ᠰᠠᠶᠢᠵᠢᠷᠠᠭᠤᠯᠤᠨ᠎ᠠ᠃ | ᠲᠡᠷᠡ᠂ ᠣᠳᠣᠬᠠᠨ ᠳᠤ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ | ᠠᠵᠢᠯᠯᠠᠭ᠎ᠠ ᠠᠴᠠ ᠲᠥᠯᠥᠪᠦᠷᠢ ᠠᠪᠬᠤ ᠳᠦᠷᠢᠮ ᠢ ᠲᠣᠭᠲᠠᠭᠠᠬᠤ ᠬᠠᠤᠯᠢ ᠲᠣᠭᠲᠠᠭᠠᠯᠲᠠ ᠶᠢᠨ ᠨᠥᠬᠦᠴᠡᠯ ᠬᠠᠷᠠᠬᠠᠨ | ᠪᠦᠷᠢᠯᠳᠦᠭᠡ ᠦᠭᠡᠢ ᠪᠠᠶᠢᠵᠤ᠂ ᠬᠡᠰᠡᠭ ᠭᠠᠵᠠᠷ ᠣᠷᠣᠨ ᠳᠤ ᠲᠤᠷᠰᠢᠯᠲᠠ ᠶᠢᠨ ᠴᠢᠭ᠋ ᠥᠷᠨᠢᠭᠦᠯᠦᠭᠰᠡᠨ ᠤ ᠳᠠᠷᠠᠭ᠎ᠠ᠂ | ᠪᠦᠬᠦ ᠤᠯᠤᠰ ᠤᠨ ᠬᠡᠪᠴᠢᠶᠡᠨ ᠳᠤ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ | ᠠᠵᠢᠯᠯᠠᠭ᠎ᠠ ᠠᠴᠠ ᠲᠥᠯᠥᠪᠦᠷᠢ ᠠᠪᠬᠤ ᠳᠦᠷᠢᠮ ᠢ ᠤᠯᠠᠮ ᠨᠢᠭᠡ ᠠᠯᠬᠤᠮ ᠲᠤᠷᠰᠢᠨ ᠬᠡᠷᠡᠭᠵᠢᠭᠦᠯᠵᠦ᠂ ᠬᠠᠤᠯᠢ | ᠲᠣᠭᠲᠠᠭᠠᠯᠲᠠ ᠳᠤ ᠲᠤᠷᠰᠢᠯᠭ᠎ᠠ ᠬᠤᠷᠠᠮᠳᠤᠭᠤᠯᠬᠤ ᠴᠢᠬᠤᠯᠠᠲᠠᠢ ᠭᠡᠵᠦ ᠵᠢᠭᠠᠭᠰᠠᠨ ᠪᠠᠶᠢᠨ᠎ᠠ᠃ | ᠲᠥᠯᠥᠪᠦᠷᠢ ᠥᠭᠬᠦ ᠡᠷᠬᠡ ᠪᠠ ᠡᠭᠦᠷᠭᠡ ᠶᠢ ᠲᠣᠳᠣᠷᠬᠠᠶᠢᠯᠠᠨ᠎ᠠ᠃ | ᠠᠮᠢ ᠠᠬᠤᠢ ᠶᠢᠨ ᠣᠷᠴᠢᠨ ᠲᠣᠭᠤᠷᠢᠨ ᠡᠪᠳᠡᠭᠳᠡᠯ ᠬᠤᠬᠢᠷᠠᠯ ᠳᠤ ᠤᠴᠠᠷᠠᠪᠠᠯ᠂ ᠬᠡᠨ ᠬᠥᠮᠥᠨ ᠲᠥᠯᠥᠪᠦᠷᠢ | ᠥᠭᠬᠦ ᠡᠭᠦᠷᠭᠡ ᠲᠠᠢ ᠪᠣᠢ︖ ᠬᠡᠨ ᠬᠥᠮᠥᠨ ᠲᠥᠯᠥᠪᠦᠷᠢ ᠠᠪᠬᠤ ᠡᠷᠬᠡ ᠲᠠᠢ ᠪᠣᠢ︖ | ᠲᠥᠰᠥᠯ ᠳᠤ᠂ ᠬᠠᠤᠯᠢ ᠴᠠᠭᠠᠵᠠ ᠲᠣᠭᠲᠠᠭᠠᠯ ᠠᠴᠠ ᠵᠥᠷᠢᠴᠡᠵᠦ᠂ ᠠᠮᠢ ᠠᠬᠤᠢ ᠶᠢᠨ ᠣᠷᠴᠢᠨ | ᠲᠣᠭᠤᠷᠢᠨ ᠤ ᠡᠪᠳᠡᠭᠳᠡᠯ ᠬᠤᠬᠢᠷᠠᠯ ᠢ ᠪᠣᠢ ᠪᠣᠯᠭᠠᠭᠰᠠᠨ ᠨᠢᠭᠡᠴᠢ ᠪᠠ ᠬᠤᠪᠢ ᠬᠥᠮᠥᠨ᠂ ᠠᠮᠢ ᠠᠬᠤᠢ ᠶᠢᠨ ᠣᠷᠴᠢᠨ | ᠲᠣᠭᠤᠷᠢᠨ ᠢ ᠡᠪᠳᠡᠵᠦ ᠬᠤᠬᠢᠷᠠᠭᠤᠯᠤᠭᠰᠠᠨ ᠲᠥᠯᠥᠪᠦᠷᠢ ᠥᠭᠬᠦ ᠬᠠᠷᠢᠭᠤᠴᠠᠯᠭ᠎ᠠ ᠶᠢ ᠡᠭᠦᠷᠭᠡᠯᠡᠵᠦ᠂ ᠲᠥᠯᠥᠬᠦ | ᠶᠣᠰᠣᠲᠠᠢ ᠲᠥᠯᠥᠪᠦᠷᠢ ᠶᠢ ᠲᠥᠯᠥᠬᠦ ᠬᠡᠷᠡᠭᠲᠡᠢ ᠭᠡᠵᠦ ᠲᠣᠭᠲᠠᠭᠠᠵᠠᠢ᠃ | ᠲᠥᠯᠥᠪᠦᠷᠢ ᠠᠪᠬᠤ ᠡᠷᠬᠡᠲᠦ ᠬᠥᠮᠥᠨ ᠤ ᠲᠠᠯ᠎ᠠ ᠪᠠᠷ᠂ 2015 ᠣᠨ ᠳᠤ ᠳᠠᠷᠤᠮᠠᠯᠯᠠᠨ ᠲᠠᠷᠬᠠᠭᠠᠭᠰᠠᠨ | ᠲᠤᠷᠰᠢᠯᠲᠠ ᠶᠢᠨ ᠴᠢᠭ᠋ ᠤᠨ ᠲᠥᠰᠥᠯ ᠳᠤ᠂ ᠲᠥᠯᠥᠪᠦᠷᠢ ᠠᠪᠬᠤ ᠡᠷᠬᠡᠲᠦ ᠬᠥᠮᠥᠨ ᠪᠣᠯ ᠮᠤᠵᠢ ᠶᠢᠨ ᠱᠠᠲᠤᠨ ᠤ | ᠵᠠᠰᠠᠭ ᠤᠨ ᠣᠷᠳᠣᠨ ᠪᠣᠯᠣᠨ᠎ᠠ ᠭᠡᠵᠦ ᠲᠣᠭᠲᠠᠭᠠᠪᠠ᠃ ᠲᠤᠰ ᠤᠳᠠᠭᠠᠨ ᠤ ᠳᠠᠷᠤᠮᠠᠯᠯᠠᠨ ᠲᠠᠷᠬᠠᠭᠠᠭᠰᠠᠨ ᠲᠥᠰᠥᠯ ᠳᠤ | ᠬᠠᠷᠢᠨ ᠲᠥᠯᠥᠪᠦᠷᠢ ᠠᠪᠬᠤ ᠡᠷᠬᠡᠲᠦ ᠬᠥᠮᠥᠨ ᠢ ᠮᠤᠵᠢ ᠶᠢᠨ ᠱᠠᠲᠤᠨ ᠤ ᠵᠠᠰᠠᠭ ᠤᠨ ᠣᠷᠳᠣᠨ ᠠᠴᠠ ᠬᠤᠲᠠ | ᠣᠷᠣᠨ ᠤ ᠳᠡᠰ ᠤᠨ ᠵᠠᠰᠠᠭ ᠤᠨ ᠣᠷᠳᠣᠨ ᠬᠦᠷᠲᠡᠯ᠎ᠡ ᠥᠷᠭᠡᠵᠢᠭᠦᠯᠵᠡᠢ᠃ | ᠦᠢᠯᠡᠳᠦᠯᠭᠡ ᠶᠢᠨ ᠳᠤᠮᠳᠠ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ | ᠠᠵᠢᠯᠯᠠᠭ᠎ᠠ ᠠᠴᠠ ᠲᠥᠯᠥᠪᠦᠷᠢ ᠠᠪᠬᠤ ᠬᠡᠷᠡᠭ ᠨᠢ ᠭᠤᠣᠯᠳᠠᠭᠤ ᠬᠤᠲᠠ ᠣᠷᠣᠨ ᠤ ᠱᠠᠲᠤᠨ ᠤ ᠳᠠᠪᠬᠤᠷᠭ᠎ᠠ ᠳᠤ | ᠡᠭᠦᠰᠴᠦ᠂ ᠬᠤᠲᠠ ᠣᠷᠣᠨ ᠤ ᠱᠠᠲᠤᠨ ᠤ ᠵᠠᠰᠠᠭ ᠤᠨ ᠣᠷᠳᠣᠨ ᠠᠴᠠ ᠬᠠᠤᠯᠢ ᠳᠦᠷᠢᠮ ᠪᠠ ᠬᠠᠤᠯᠢ ᠬᠡᠷᠡᠭᠵᠢᠭᠦᠯᠬᠦ | ᠬᠥᠮᠥᠰ ᠢ ᠲᠣᠬᠢᠷᠠᠭᠤᠯᠬᠤ᠂ ᠣᠷᠴᠢᠨ ᠲᠣᠭᠤᠷᠢᠨ ᠤ ᠡᠪᠳᠡᠭᠳᠡᠯ ᠬᠤᠬᠢᠷᠠᠯ ᠢ ᠬᠢᠨᠠᠨ ᠲᠣᠭᠲᠠᠭᠠᠬᠤ ᠪᠠᠶᠢᠭᠤᠯᠤᠮᠵᠢ ᠶᠢ | ᠪᠠᠶᠢᠭᠤᠯᠤᠨ ᠪᠦᠷᠢᠨᠰᠢᠭᠦᠯᠬᠦ᠂ ᠬᠡᠷᠡᠭ ᠢ ᠭᠦᠢᠴᠡᠳᠬᠡᠬᠦ ᠲᠤᠰᠬᠠᠶᠢᠵᠢᠭᠰᠠᠨ ᠬᠡᠮᠵᠢᠶ᠎ᠡ ᠵᠡᠷᠭᠡ ᠲᠠᠯ᠎ᠠ ᠪᠠᠷ ᠵᠣᠬᠢᠬᠤ | ᠰᠠᠭᠤᠷᠢ ᠲᠠᠢ ᠪᠠᠶᠢᠵᠤ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ | ᠲᠥᠯᠥᠪᠦᠷᠢ ᠠᠪᠬᠤ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠥᠷᠨᠢᠭᠦᠯᠬᠦ ᠳᠤᠮᠳᠠ ᠢᠳᠡᠪᠬᠢᠲᠡᠢ ᠦᠢᠯᠡᠳᠦᠯ | ᠦᠵᠡᠭᠦᠯᠵᠦ ᠴᠢᠳᠠᠨ᠎ᠠ᠃ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ | ᠲᠥᠯᠥᠪᠦᠷᠢ ᠠᠪᠬᠤ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠲᠥᠯᠥᠪᠦᠷᠢ ᠠᠪᠬᠤ | ᠡᠷᠬᠡᠲᠦ ᠬᠥᠮᠥᠨ ᠳᠤ ᠥᠷᠭᠡᠳᠬᠡᠯ ᠬᠢᠬᠦ ᠴᠢᠬᠤᠯᠠᠲᠠᠢ ᠭᠡᠵᠦ ᠡᠨᠡ ᠬᠦ ᠬᠠᠷᠢᠭᠤᠴᠠᠯᠭᠠᠲᠠᠨ ᠲᠠᠶᠢᠯᠪᠤᠷᠢ ᠬᠢᠭᠰᠡᠨ | ᠪᠠᠶᠢᠨ᠎ᠠ᠃ | ᠲᠥᠰᠥᠯ ᠳᠤ᠂ ᠮᠤᠵᠢ ᠶᠢᠨ ᠱᠠᠲᠤ᠂ ᠬᠤᠲᠠ ᠣᠷᠣᠨ ᠤ ᠱᠠᠲᠤᠨ ᠤ ᠵᠠᠰᠠᠭ ᠤᠨ ᠣᠷᠳᠣᠨ ᠠᠴᠠ | ᠬᠤᠯᠪᠣᠭᠳᠠᠯ ᠪᠦᠬᠦᠢ ᠰᠠᠯᠠᠭ᠎ᠠ ᠮᠥᠴᠢᠷ ᠪᠤᠶᠤ ᠪᠠᠶᠢᠭᠤᠯᠤᠮᠵᠢ ᠶᠢ ᠵᠢᠭᠠᠨ ᠲᠣᠭᠲᠠᠭᠠᠵᠤ᠂ ᠠᠮᠢ ᠠᠬᠤᠢ ᠶᠢᠨ ᠣᠷᠴᠢᠨ | ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠠᠵᠢᠯ ᠢ ᠬᠠᠷᠢᠭᠤᠴᠠᠭᠤᠯᠵᠤ | ᠪᠣᠯᠣᠨ᠎ᠠ ᠭᠡᠵᠦ ᠲᠣᠭᠲᠠᠭᠠᠵᠠᠢ᠃ ᠵᠢᠱᠢᠶᠡᠯᠡᠪᠡᠯ᠂ ᠭᠦᠢᠵᠧᠦ ᠮᠤᠵᠢ ᠶᠢᠨ ᠵᠠᠰᠠᠭ ᠤᠨ ᠣᠷᠳᠣᠨ ᠠᠴᠠ ᠭᠦᠢᠵᠧᠦ | ᠮᠤᠵᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ ᠳᠤ ᠨᠠᠶᠢᠳᠠᠵᠤ ᠲᠥᠯᠥᠪᠦᠷᠢ ᠠᠪᠬᠤ ᠠᠵᠢᠯ ᠢ | ᠶᠠᠪᠤᠭᠤᠯᠵᠤ ᠪᠣᠯᠣᠨ᠎ᠠ᠃ | ᠲᠥᠰᠥᠯ ᠳᠤ ᠬᠠᠮᠲᠤ ᠳᠤ ᠨᠢ ᠮᠤᠵᠢ ᠶᠢᠨ ᠬᠡᠪᠴᠢᠶ᠎ᠡ ᠠᠯᠤᠰᠯᠠᠭᠰᠠᠨ ᠠᠮᠢ ᠠᠬᠤᠢ ᠶᠢᠨ ᠣᠷᠴᠢᠨ | ᠲᠣᠭᠤᠷᠢᠨ ᠤ ᠡᠪᠳᠡᠭᠳᠡᠯ ᠬᠤᠬᠢᠷᠠᠯ ᠢ ᠠᠮᠢ ᠠᠬᠤᠢ ᠶᠢᠨ ᠣᠷᠴᠢᠨ ᠲᠣᠭᠤᠷᠢᠨ ᠨᠢ ᠡᠪᠳᠡᠭᠳᠡᠭᠰᠡᠨ ᠭᠠᠵᠠᠷ ᠤᠨ | ᠬᠤᠯᠪᠣᠭᠳᠠᠯ ᠪᠦᠬᠦᠢ ᠮᠤᠵᠢ ᠶᠢᠨ ᠱᠠᠲᠤᠨ ᠤ ᠵᠠᠰᠠᠭ ᠤᠨ ᠣᠷᠳᠣᠨ ᠠᠴᠠ ᠬᠠᠮᠵᠢᠯᠴᠠᠨ ᠠᠮᠢ ᠠᠬᠤᠢ ᠶᠢᠨ ᠣᠷᠴᠢᠨ | ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠠᠵᠢᠯ ᠢ ᠥᠷᠨᠢᠭᠦᠯᠦᠨ᠎ᠡ ᠭᠡᠵᠦ | ᠲᠣᠭᠲᠠᠭᠠᠪᠠ᠃ | ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ | ᠠᠪᠬᠤ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | ᠲᠤᠷᠰᠢᠯᠲᠠ ᠶᠢᠨ ᠴᠢᠭ᠋ ᠤᠨ ᠲᠥᠰᠥᠯ ᠤᠨ ᠰᠠᠭᠤᠷᠢᠨ ᠳᠡᠭᠡᠷ᠎ᠡ᠂ ᠲᠤᠰ ᠤᠳᠠᠭᠠᠨ ᠤ ᠳᠠᠷᠤᠮᠠᠯᠯᠠᠨ | ᠲᠠᠷᠬᠠᠭᠠᠭᠰᠠᠨ ᠲᠥᠰᠥᠯ ᠳᠤ ︽ᠵᠥᠪᠳᠡᠯᠴᠡᠬᠦ ᠤᠷᠢᠳᠠᠴᠢ︾᠂ ᠳᠠᠷᠤᠢ ᠠᠮᠢ ᠠᠬᠤᠢ ᠶᠢᠨ ᠣᠷᠴᠢᠨ ᠲᠣᠭᠤᠷᠢᠨ ᠢ | ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠵᠥᠪᠳᠡᠯᠴᠡᠭᠡᠷ ᠪᠣᠯ ᠵᠠᠷᠭᠤᠯᠳᠤᠭᠠᠨ ᠤ | ᠤᠷᠢᠳᠠᠴᠢ ᠨᠥᠬᠦᠴᠡᠯ ᠪᠣᠯᠬᠤ ᠶᠢ ᠲᠣᠳᠣᠷᠬᠠᠶᠢᠯᠠᠭᠰᠠᠨ ᠪᠠᠶᠢᠨ᠎ᠠ᠃ | ᠲᠥᠯᠥᠪᠦᠷᠢ ᠠᠪᠬᠤ ᠡᠷᠬᠡᠲᠦ ᠬᠥᠮᠥᠨ ᠬᠢᠭᠡᠳ ᠲᠥᠯᠥᠪᠦᠷᠢ ᠥᠭᠬᠦ ᠡᠭᠦᠷᠭᠡᠲᠦ ᠬᠥᠮᠥᠨ ᠬᠠᠷᠢᠯᠴᠠᠨ | ᠵᠥᠪᠳᠡᠯᠴᠡᠬᠦ ᠪᠠᠷ ᠳᠠᠮᠵᠢᠭᠤᠯᠵᠤ᠂ ᠲᠥᠯᠥᠪᠦᠷᠢ ᠶᠢᠨ ᠬᠡᠯᠡᠯᠴᠡᠭᠡᠷ ᠲᠣᠭᠲᠠᠨ᠎ᠠ᠃ ᠵᠥᠪᠳᠡᠯᠴᠡᠬᠦ ᠪᠠᠷ ᠳᠠᠮᠵᠢᠨ | ᠲᠣᠭᠲᠠᠭᠰᠠᠨ ᠡᠨᠡ ᠬᠦ ᠬᠤᠪᠢ ᠬᠡᠯᠡᠯᠴᠡᠭᠡᠷ ᠢᠶᠠᠷ ᠠᠷᠠᠳ ᠤᠨ ᠰᠢᠭᠦᠬᠦ ᠬᠤᠷᠢᠶᠠᠨ ᠳᠤ ᠬᠠᠤᠯᠢ ᠴᠠᠭᠠᠵᠠ ᠶᠢᠨ | ᠨᠤᠲᠠᠯᠠᠯᠲᠠ ᠬᠢᠯᠭᠡᠬᠦ ᠭᠤᠶᠤᠴᠢᠯᠠᠵᠤ ᠪᠣᠯᠣᠨ᠎ᠠ᠃ ᠬᠠᠤᠯᠢ ᠴᠠᠭᠠᠵᠠ ᠶᠢᠨ ᠨᠤᠲᠠᠯᠠᠯᠲᠠ ᠬᠢᠭᠰᠡᠨ ᠤ ᠳᠠᠷᠠᠭ᠎ᠠ᠂ ᠬᠡᠷᠪᠡ | ᠲᠥᠯᠥᠪᠦᠷᠢ ᠥᠭᠬᠦ ᠡᠭᠦᠷᠭᠡᠲᠦ ᠬᠥᠮᠥᠨ ᠭᠦᠢᠴᠡᠳᠬᠡᠬᠦ ᠦᠭᠡᠢ ᠪᠤᠶᠤ ᠪᠦᠷᠢᠨ ᠭᠦᠢᠴᠡᠳᠬᠡᠬᠦ ᠦᠭᠡᠢ ᠪᠣᠯ᠂ | ᠲᠥᠯᠥᠪᠦᠷᠢ ᠠᠪᠬᠤ ᠡᠷᠬᠡᠲᠦ ᠬᠥᠮᠥᠨ ᠠᠯᠪᠠᠳᠠᠨ ᠬᠡᠷᠡᠭᠵᠢᠭᠦᠯᠬᠦ ᠪᠠᠷ ᠠᠷᠠᠳ ᠤᠨ ᠰᠢᠭᠦᠬᠦ ᠬᠤᠷᠢᠶ᠎ᠠ ᠳᠤ | ᠭᠤᠶᠤᠴᠢᠯᠠᠯᠲᠠ ᠭᠠᠷᠭᠠᠵᠤ ᠪᠣᠯᠣᠨ᠎ᠠ᠃ ᠡᠨᠡ ᠨᠢ ᠲᠥᠯᠥᠪᠦᠷᠢ ᠶᠢᠨ ᠬᠡᠯᠡᠯᠴᠡᠭᠡᠷ ᠲᠤ ᠠᠯᠪᠠᠳᠠᠯᠭ᠎ᠠ ᠪᠠᠷ ᠬᠡᠷᠡᠭᠵᠢᠭᠦᠯᠬᠦ | ᠬᠠᠤᠯᠢ ᠶᠢᠨ ᠬᠦᠴᠦᠨ ᠣᠯᠭᠤᠵᠤ᠂ ᠲᠥᠯᠥᠪᠦᠷᠢ ᠶᠢᠨ ᠬᠡᠯᠡᠯᠴᠡᠭᠡᠷ ᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ | ᠠᠬᠢᠭᠤᠯᠬᠤ ᠪᠣᠯᠣᠨ᠎ᠠ᠃ | ᠲᠥᠰᠥᠯ ᠨᠢ ᠪᠠᠰᠠ᠂ ᠵᠥᠪᠳᠡᠯᠴᠡᠭᠡᠳ ᠰᠠᠨᠠᠯ ᠨᠢᠭᠡᠳᠦᠭᠰᠡᠨ ᠦᠭᠡᠢ ᠪᠣᠯ᠂ ᠲᠥᠯᠥᠪᠦᠷᠢ ᠠᠪᠬᠤ ᠡᠷᠬᠡᠲᠦ | ᠬᠥᠮᠥᠨ ᠴᠠᠭ ᠲᠤᠬᠠᠢ ᠳᠤ ᠨᠢ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ | ᠠᠵᠢᠯᠯᠠᠭ᠎ᠠ ᠠᠴᠠ ᠲᠥᠯᠥᠪᠦᠷᠢ ᠠᠪᠬᠤ ᠵᠠᠷᠭᠤᠯᠳᠤᠯᠭᠠ ᠳᠤᠷᠠᠳᠬᠤ ᠬᠡᠷᠡᠭᠲᠡᠢ ᠭᠡᠵᠦ ᠲᠣᠳᠣᠷᠬᠠᠶᠢᠯᠠᠪᠠ᠃ | ᠡᠨᠡ ᠬᠦ ᠬᠠᠷᠢᠭᠤᠴᠠᠯᠭᠠᠲᠠᠨ ᠤ ᠢᠯᠡᠷᠬᠡᠶᠢᠯᠡᠭᠰᠡᠨ ᠢᠶᠠᠷ᠂ ᠳᠠᠷᠠᠭᠠᠴᠢ ᠶᠢᠨ ᠠᠯᠬᠤᠮ ᠳᠤ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠶᠠᠮᠤᠨ ᠠᠴᠠ ᠡᠯ᠎ᠡ ᠭᠠᠵᠠᠷ ᠤᠨ ᠬᠡᠷᠡᠭᠵᠢᠭᠦᠯᠬᠦ ᠲᠥᠰᠥᠯ ᠲᠣᠭᠲᠠᠭᠠᠬᠤ ᠶᠢ ᠢᠳᠡᠪᠬᠢᠲᠡᠢ | ᠠᠬᠢᠭᠤᠯᠵᠤ᠂ ᠬᠡᠷᠡᠭ ᠤᠨ ᠵᠢᠱᠢᠶ᠎ᠡ ᠶᠢᠨ ᠦᠢᠯᠡᠳᠦᠯᠭᠡ ᠪᠠᠷ ᠭᠠᠷᠳᠠᠴᠠ ᠪᠣᠯᠭᠠᠵᠤ᠂ ᠠᠵᠢᠯ ᠢᠶᠠᠨ ᠯᠠᠪᠳᠠᠭᠤᠨ | ᠪᠠᠲᠤᠲᠠᠢ ᠠᠬᠢᠭᠤᠯᠬᠤ ᠪᠠᠷ ᠪᠠᠶᠢᠨ᠎ᠠ᠃ | ᠮᠡᠷᠭᠡᠵᠢᠯ ᠤᠨ ᠪᠠᠲᠤᠯᠠᠭ᠎ᠠ ᠶᠢ ᠴᠢᠩᠭᠠᠳᠬᠠᠬᠤ ᠲᠠᠯ᠎ᠠ ᠪᠠᠷ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠶᠠᠮᠤᠨ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠵᠤ ᠣᠷᠴᠢᠨ ᠲᠣᠭᠤᠷᠢᠨ ᠤ ᠡᠪᠳᠡᠭᠳᠡᠯ | ᠬᠤᠬᠢᠷᠠᠯ ᠢ ᠬᠢᠨᠠᠨ ᠲᠣᠭᠲᠠᠭᠠᠵᠤ ᠦᠨᠡᠯᠡᠨ ᠵᠢᠱᠢᠬᠦ ᠮᠡᠷᠭᠡᠵᠢᠯ ᠤᠨ ᠰᠢᠰᠲ᠋ᠧᠮᠴᠢ ᠶᠢᠨ ᠪᠠᠶᠢᠭᠤᠯᠤᠯᠲᠠ ᠶᠢ | ᠴᠢᠩᠭᠠᠷᠠᠭᠤᠯᠵᠤ᠂ ᠣᠷᠴᠢᠨ ᠲᠣᠭᠤᠷᠢᠨ ᠤ ᠡᠪᠳᠡᠭᠳᠡᠯ ᠬᠤᠬᠢᠷᠠᠯ ᠢ ᠬᠢᠨᠠᠨ ᠲᠣᠭᠲᠠᠭᠠᠵᠤ ᠦᠨᠡᠯᠡᠨ ᠵᠢᠱᠢᠬᠦ ᠵᠢᠷᠤᠮᠵᠢᠯ | ᠬᠠᠮᠢᠶᠠᠷᠤᠯᠲᠠ ᠶᠢ ᠠᠬᠢᠭᠤᠯᠬᠤ ᠪᠠᠷ ᠪᠠᠶᠢᠨ᠎ᠠ᠃ ᠡᠭᠦᠨ ᠤ ᠬᠠᠮᠲᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠶᠠᠮᠤᠨ ᠠᠴᠠ ᠬᠠᠮᠤᠭ ᠤᠨ ᠳᠡᠭᠡᠳᠦ ᠠᠷᠠᠳ ᠤᠨ ᠰᠢᠭᠦᠬᠦ ᠬᠤᠷᠢᠶ᠎ᠠ᠂ ᠬᠠᠮᠤᠭ ᠤᠨ ᠳᠡᠭᠡᠳᠦ ᠠᠷᠠᠳ ᠤᠨ ᠪᠠᠶᠢᠴᠠᠭᠠᠬᠤ | ᠬᠤᠷᠢᠶ᠎ᠠ᠂ ᠬᠠᠤᠯᠢ ᠴᠠᠭᠠᠵᠠ ᠶᠢᠨ ᠶᠠᠮᠤᠨ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠵᠤ᠂ ᠡᠯ᠎ᠡ | ᠭᠠᠵᠠᠷ ᠤᠨ ᠥᠭᠡᠷᠡᠴᠢᠯᠡᠯᠲᠡ ᠶᠢ ᠲᠤᠷᠰᠢᠨ ᠬᠡᠷᠡᠭᠵᠢᠭᠦᠯᠬᠦ ᠶᠠᠪᠤᠴᠠ ᠳᠤ ᠲᠤᠯᠭᠠᠷᠠᠭᠰᠠᠨ ᠠᠰᠠᠭᠤᠳᠠᠯ ᠪᠠ | ᠬᠦᠴᠢᠷᠳᠡᠯ ᠢ ᠰᠢᠢᠳᠪᠦᠷᠢᠯᠡᠬᠦ ᠶᠢ ᠠᠬᠢᠭᠤᠯᠬᠤ ᠪᠠᠷ ᠪᠠᠶᠢᠨ᠎ᠠ᠃ | |