511 ᠳ᠋ᠦ᠋ᠭᠡᠷ ᠲᠣᠭᠠᠲᠤ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ | ᠡᠳᠦᠭᠡ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ | ᠭᠠᠶᠢᠯᠢ ᠶᠢᠨ ᠲᠦᠷ ᠬᠡᠷᠡᠭᠵᠢᠭᠦᠯᠬᠦ ᠳᠦᠷᠢᠮ︾ ᠢ ᠨᠡᠶᠢᠲᠡᠯᠡᠯ᠎ᠡ᠂ 2008 ᠣᠨ ᠤ 1 ᠳ᠋ᠦ᠋ᠭᠡᠷ ᠰᠠᠷ᠎ᠠ ᠶᠢᠨ 1 ᠤ | ᠡᠳᠦᠷ ᠠᠴᠠ ᠡᠬᠢᠯᠡᠨ ᠬᠡᠷᠡᠭᠵᠢᠭᠦᠯᠦᠨ᠎ᠡ᠃ | ᠶᠡᠷᠦᠩᠬᠡᠶ ᠰᠠᠶᠢᠳ ᠸᠧᠨ ᠵᠢᠶᠠ ᠪᠤᠤ | 2007 ᠣᠨ ᠤ 12 ᠳ᠋ᠤᠭᠠᠷ ᠰᠠᠷ᠎ᠠ ᠶᠢᠨ 1 ᠤ ᠡᠳᠦᠷ | | ᠨᠢᠭᠡᠳᠦᠭᠡᠷ ᠵᠦᠢᠯ ᠭᠠᠵᠠᠷ ᠰᠢᠷᠣᠶ ᠶᠢᠨ ᠡᠬᠢ ᠪᠠᠶᠠᠯᠢᠭ ᠢ ᠵᠦᠢ ᠵᠣᠬᠢᠰᠲᠠᠶ ᠠᠰᠢᠭᠯᠠᠵᠤ᠂ ᠭᠠᠵᠠᠷ | ᠰᠢᠷᠣᠶ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠨ ᠭᠠᠵᠠᠷ ᠢ ᠬᠠᠮᠠᠭᠠᠯᠠᠬᠤ ᠶᠢᠨ ᠲᠤᠰᠠᠳᠠ᠂ ᠲᠤᠰ | ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠲᠤᠰ ᠲᠦᠷᠢᠮ ᠳᠤ ᠬᠡᠯᠡᠵᠦ ᠪᠠᠶᠢᠭ᠎ᠠ ᠲᠠᠷᠢᠶᠠᠨ ᠭᠠᠵᠠᠷ ᠭᠡᠳᠡᠭ ᠨᠢ ᠲᠠᠷᠢᠮᠠᠯ ᠤᠨ | ᠵᠦᠢᠯ ᠲᠠᠷᠢᠬᠤ ᠳᠤ ᠬᠡᠷᠡᠭᠯᠡᠬᠦ ᠭᠠᠵᠠᠷ ᠰᠢᠷᠣᠶ ᠶᠢ ᠵᠢᠭᠠᠵᠤ ᠪᠤᠶ᠃ | ᠭᠤᠷᠪᠠᠳᠤᠭᠠᠷ ᠵᠦᠢᠯ ᠲᠠᠷᠢᠶᠠᠨ ᠭᠠᠵᠠᠷ ᠢ ᠡᠵᠡᠯᠡᠵᠦ ᠭᠡᠷ ᠪᠠᠶᠢᠰᠢᠩ ᠪᠠᠷᠢᠬᠤ ᠪᠤᠶᠤ ᠲᠠᠷᠢᠶᠠᠯᠠᠩ ᠤᠨ ᠪᠤᠰᠤ | ᠪᠦᠲᠦᠭᠡᠨ ᠪᠠᠶᠢᠭᠤᠯᠤᠯᠲᠠ ᠬᠢᠵᠦ ᠪᠠᠶᠢᠭ᠎ᠠ ᠨᠢᠭᠡᠴᠡ ᠪᠤᠶᠤ ᠬᠤᠪᠢ ᠬᠥᠮᠦᠨ ᠪᠣᠯ ᠲᠠᠷᠢᠶᠠᠨ ᠭᠠᠵᠠᠷ ᠢ ᠡᠵᠡᠯᠡᠨ | ᠬᠡᠷᠡᠭᠯᠡᠬᠦ ᠭᠠᠶᠢᠯᠢ ᠶᠢᠨ ᠭᠠᠶᠢᠯᠢ ᠲᠤᠰᠢᠶᠠᠭᠴᠢ ᠪᠣᠯᠤᠨ᠎ᠠ᠂ ᠲᠤᠰ ᠳᠦᠷᠢᠮ ᠤᠨ ᠲᠣᠭᠲᠠᠭᠠᠯ ᠶᠣᠰᠣᠭᠠᠷ ᠲᠠᠷᠢᠶᠠᠨ | ᠭᠠᠵᠠᠷ ᠢ ᠡᠵᠡᠯᠡᠨ ᠬᠡᠷᠡᠭᠯᠡᠬᠦ ᠭᠠᠶᠢᠯᠢ ᠲᠤᠰᠢᠶᠠᠬᠤ ᠬᠡᠷᠡᠭᠲᠡᠶ᠃ | ᠡᠮᠦᠨᠡᠬᠢ ᠵᠤᠷᠪᠤᠰ ᠲᠤ ᠬᠡᠯᠡᠵᠦ ᠪᠠᠶᠢᠭ᠎ᠠ ᠨᠢᠭᠡᠴᠡ ᠳᠤ ᠤᠯᠤᠰ ᠤᠨ ᠥᠮᠴᠢᠯᠡᠯ ᠤᠨ ᠠᠵᠤ ᠠᠬᠤᠶᠢᠯᠠᠯ᠂ | ᠬᠠᠮᠲᠤ ᠶᠢᠨ ᠠᠵᠤ ᠠᠬᠤᠶᠢᠯᠠᠯ᠂ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ᠂ ᠬᠤᠪᠢᠲᠤ ᠳᠦᠷᠢᠮ ᠤᠨ ᠠᠵᠤ | ᠠᠬᠤᠶᠢᠯᠠᠯ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ᠂ ᠭᠠᠳᠠᠭᠠᠳᠤ ᠶᠢᠨ | ᠠᠵᠤ ᠠᠬᠤᠶᠢᠯᠠᠯ ᠵᠢᠴᠢ ᠪᠤᠰᠤᠳ ᠠᠵᠤ ᠠᠬᠤᠶᠢᠯᠠᠯ ᠪᠣᠯᠤᠨ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ᠂ | ᠤᠯᠤᠰ ᠤᠨ ᠪᠠᠶᠢᠭᠤᠯᠭ᠎ᠠ᠂ ᠴᠡᠷᠢᠭ ᠠᠩᠭᠢ ᠵᠢᠴᠢ ᠪᠤᠰᠤᠳ ᠨᠢᠭᠡᠴᠡ ᠶᠢ ᠪᠠᠭᠲᠠᠭᠠᠨ᠎ᠠ︔ ᠬᠡᠯᠡᠵᠦ ᠪᠠᠶᠢᠭ᠎ᠠ ᠬᠤᠪᠢ | ᠬᠥᠮᠦᠨ ᠭᠡᠳᠡᠭ ᠲᠤ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠵᠢᠴᠢ ᠪᠤᠰᠤᠳ ᠬᠤᠪᠢ ᠬᠥᠮᠦᠨ ᠢ | ᠪᠠᠭᠲᠠᠭᠠᠨ᠎ᠠ᠃ | ᠳᠥᠷᠪᠡᠳᠦᠭᠡᠷ ᠵᠦᠢᠯ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠶᠢ ᠭᠠᠶᠢᠯᠢ ᠲᠤᠰᠢᠶᠠᠭᠴᠢ ᠶᠢᠨ | ᠪᠣᠳᠠᠲᠠᠶ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ ᠤᠨ ᠲᠠᠯᠠᠪᠠᠶ ᠪᠠᠷ ᠭᠠᠶᠢᠯᠢ ᠪᠣᠳᠣᠬᠤ ᠦᠨᠳᠦᠰᠦᠯᠡᠯ ᠪᠣᠯᠭᠠᠵᠤ᠂ | ᠲᠣᠭᠲᠠᠭᠠᠭᠰᠠᠨ ᠬᠡᠷᠡᠭᠯᠡᠭᠡᠨ ᠤ ᠭᠠᠶᠢᠯᠢ ᠶᠢᠨ ᠲᠤᠭ᠎ᠠ ᠪᠠᠷ ᠨᠢᠭᠡ ᠯᠡ ᠤᠳᠠᠭ᠎ᠠ ᠶᠢᠨ ᠴᠢᠨᠠᠷᠲᠠᠶ ᠲᠠᠲᠠᠪᠤᠷᠢᠯᠠᠬᠤ | ᠬᠡᠷᠡᠭᠲᠡᠶ᠃ | ᠲᠠᠪᠤᠳᠤᠭᠠᠷ ᠵᠦᠢᠯ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠶᠢᠨ ᠭᠠᠶᠢᠯᠢ ᠶᠢᠨ ᠲᠤᠭ᠎ᠠ ᠶᠢ | ᠳᠣᠤᠷᠠᠬᠢ ᠮᠡᠲᠦ ᠲᠣᠭᠲᠠᠭᠠᠨ᠎ᠠ᠄ | ︵ᠨᠢᠭᠡ︶ ᠬᠥᠮᠦᠨ ᠪᠦᠷᠢ ᠶᠢᠨ ᠳᠤᠮᠳᠠᠴᠢ ᠲᠠᠷᠢᠶᠠᠨ ᠭᠠᠵᠠᠷ 1 ᠮᠦ ᠠᠴᠠ ᠬᠡᠲᠦᠷᠡᠬᠦ ᠦᠭᠡᠶ ᠪᠠᠶᠢᠭ᠎ᠠ ᠭᠠᠵᠠᠷ | ᠣᠷᠣᠨ ᠰᠢᠶᠠᠨ ᠤ ᠱᠠᠲᠤᠨ ᠤ ᠵᠠᠰᠠᠭ ᠵᠠᠬᠢᠷᠭᠠᠨ ᠤ ᠣᠷᠣᠨ ᠢᠶᠠᠷ ᠨᠢᠭᠡᠴᠢ ᠪᠣᠯᠭᠠᠨ᠎ᠠ᠂ ᠳᠣᠷᠣᠭᠰᠢ ᠠᠳᠠᠯᠢ ᠳᠤ᠃ | ᠲᠡᠭᠰᠢ ᠳᠥᠷᠪᠡᠯᠵᠢᠨ ᠮᠧᠲᠷ ᠪᠦᠷᠢ 10 ᠲᠥᠭᠦᠷᠢᠭ ᠠᠴᠠ 50 ᠲᠥᠭᠦᠷᠢᠭ ᠪᠣᠯᠤᠨ᠎ᠠ᠃ | ︵ᠬᠤᠶᠠᠷ︶ ᠬᠥᠮᠦᠨ ᠪᠦᠷᠢ ᠶᠢᠨ ᠳᠤᠮᠳᠠᠴᠢ ᠲᠠᠷᠢᠶᠠᠨ ᠭᠠᠵᠠᠷ 1 ᠮᠦ ᠠᠴᠠ ᠬᠡᠲᠦᠷᠡᠭᠰᠡᠨ ᠪᠣᠯᠪᠠᠴᠤ 2 | ᠮᠦ ᠠᠴᠠ ᠬᠡᠲᠦᠷᠡᠬᠦ ᠦᠭᠡᠶ ᠪᠠᠶᠢᠭ᠎ᠠ ᠭᠠᠵᠠᠷ ᠣᠷᠣᠨ ᠳᠤ᠃ ᠲᠡᠭᠰᠢ ᠳᠥᠷᠪᠡᠯᠵᠢᠨ ᠮᠧᠲᠷ ᠪᠦᠷᠢ 8 | ᠲᠥᠭᠦᠷᠢᠭ ᠠᠴᠠ 40 ᠲᠥᠭᠦᠷᠢᠭ ᠪᠣᠯᠤᠨ᠎ᠠ᠃ | ︵ᠭᠤᠷᠪᠠ︶ ᠬᠥᠮᠦᠨ ᠪᠦᠷᠢ ᠶᠢᠨ ᠳᠤᠮᠳᠠᠴᠢ ᠲᠠᠷᠢᠶᠠᠨ ᠭᠠᠵᠠᠷ 2 ᠮᠦ ᠠᠴᠠ ᠬᠡᠲᠦᠷᠡᠭᠰᠡᠨ ᠪᠣᠯᠪᠠᠴᠤ 3 | ᠮᠦ ᠠᠴᠠ ᠬᠡᠲᠦᠷᠡᠬᠦ ᠦᠭᠡᠶ ᠪᠠᠶᠢᠭ᠎ᠠ ᠭᠠᠵᠠᠷ ᠣᠷᠣᠨ ᠳᠤ ᠲᠡᠭᠰᠢ ᠳᠥᠷᠪᠡᠯᠵᠢᠨ ᠮᠧᠲᠷ ᠪᠦᠷᠢ 6 ᠲᠥᠭᠦᠷᠢᠭ ᠠᠴᠠ | 30 ᠲᠥᠭᠦᠷᠢᠭ ᠪᠣᠯᠤᠨ᠎ᠠ᠃ | ︵ᠳᠥᠷᠪᠡ︶ ᠬᠥᠮᠦᠨ ᠪᠦᠷᠢ ᠶᠢᠨ ᠳᠤᠮᠳᠠᠴᠢ ᠲᠠᠷᠢᠶᠠᠨ ᠭᠠᠵᠠᠷ 3 ᠮᠦ ᠠᠴᠠ ᠬᠡᠲᠦᠷᠡᠭᠰᠡᠨ ᠭᠠᠵᠠᠷ | ᠣᠷᠣᠨ ᠳᠤ᠃ ᠲᠡᠭᠰᠢ ᠳᠥᠷᠪᠡᠯᠵᠢᠨ ᠮᠧᠲᠷ ᠪᠦᠷᠢ 5 ᠲᠥᠭᠦᠷᠢᠭ ᠠᠴᠠ 25 ᠲᠥᠭᠦᠷᠢᠭ ᠪᠣᠯᠤᠨ᠎ᠠ᠃ | ᠲᠥᠷᠥ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ ᠤᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠳ ᠬᠥᠮᠦᠨ ᠪᠦᠷᠢ ᠶᠢᠨ ᠳᠤᠮᠳᠠᠴᠢ ᠲᠠᠷᠢᠶᠠᠨ ᠭᠠᠵᠠᠷ ᠤᠨ ᠲᠠᠯᠠᠪᠠᠶ ᠪᠣᠯᠤᠨ ᠠᠵᠤ | ᠠᠬᠤᠶ ᠶᠢᠨ ᠬᠥᠭᠵᠢᠯᠲᠡ ᠶᠢᠨ ᠪᠠᠶᠢᠳᠠᠯ ᠢ ᠦᠨᠳᠦᠰᠦᠯᠡᠨ ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ | ᠬᠠᠷᠢᠶ᠎ᠠ ᠬᠤᠲᠠ ᠨᠤᠭᠤᠳ ᠤᠨ ᠳᠤᠮᠳᠠᠴᠢ ᠭᠠᠶᠢᠯᠢ ᠶᠢᠨ ᠲᠤᠭ᠎ᠠ ᠲᠣᠭᠲᠠᠭᠠᠨ᠎ᠠ᠃ | ᠡᠯ᠎ᠡ ᠭᠠᠵᠠᠷ ᠤᠳ ᠤᠨ ᠬᠡᠷᠡᠭᠯᠡᠭᠡᠨ ᠤ ᠭᠠᠶᠢᠯᠢ ᠶᠢᠨ ᠲᠤᠭ᠎ᠠ ᠶᠢ ᠮᠤᠵᠢ᠂ ᠥᠪᠡᠷᠲᠡᠭᠡᠨ ᠵᠠᠰᠠᠬᠤ ᠣᠷᠣᠨ᠂ | ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠤᠰ ᠳᠦᠷᠢᠮ ᠤᠨ ᠨᠢᠭᠡᠳᠦᠭᠡᠷ | ᠵᠤᠷᠪᠤᠰ ᠤᠨ ᠲᠣᠭᠲᠠᠭᠠᠭᠰᠠᠨ ᠭᠠᠶᠢᠯᠢ ᠶᠢᠨ ᠲᠣᠭᠠᠨ ᠤ ᠬᠡᠮᠵᠢᠶ᠎ᠡ ᠶᠢᠨ ᠳᠣᠲᠣᠷ᠎ᠠ᠂ ᠲᠤᠰ ᠭᠠᠵᠠᠷ ᠣᠷᠣᠨ ᠤ | ᠪᠠᠶᠢᠳᠠᠯ ᠢᠶᠠᠨ ᠦᠨᠳᠦᠰᠦᠯᠡᠨ ᠬᠢᠨᠠᠨ ᠲᠣᠭᠲᠠᠭᠠᠨ᠎ᠠ᠃ ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ | ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠤᠨ ᠬᠢᠨᠠᠨ ᠲᠣᠭᠲᠠᠭᠠᠭᠰᠠᠨ ᠬᠡᠷᠡᠭᠯᠡᠭᠡᠨ ᠤ | ᠭᠠᠶᠢᠯᠢ ᠶᠢᠨ ᠲᠤᠭ᠎ᠠ ᠶᠢᠨ ᠳᠤᠮᠳᠠᠴᠢ ᠬᠢᠷᠢ ᠬᠡᠮᠵᠢᠶ᠎ᠡ ᠨᠢ ᠲᠤᠰ ᠳᠦᠷᠢᠮ ᠤᠨ ᠬᠤᠶᠠᠳᠤᠭᠠᠷ ᠵᠤᠷᠪᠤᠰ ᠤᠨ | ᠲᠣᠭᠲᠠᠭᠠᠭᠰᠠᠨ ᠳᠤᠮᠳᠠᠴᠢ ᠭᠠᠶᠢᠯᠢ ᠶᠢᠨ ᠲᠤᠭ᠎ᠠ ᠠᠴᠠ ᠳᠣᠤᠷ᠎ᠠ ᠪᠠᠶᠢᠵᠤ ᠪᠣᠯᠬᠤ ᠦᠭᠡᠶ᠃ | ᠵᠢᠷᠭᠤᠳᠤᠭᠠᠷ ᠵᠦᠢᠯ ᠠᠵᠤ ᠠᠬᠤᠶ ᠶᠢᠨ ᠣᠨᠴᠣᠭᠤᠶ ᠣᠷᠣᠨ᠂ ᠠᠵᠤ ᠠᠬᠤᠶ ᠮᠡᠷᠭᠡᠵᠢᠯ ᠤᠨ | ᠨᠡᠭᠡᠭᠡᠯᠲᠡ ᠶᠢᠨ ᠣᠷᠣᠨ ᠪᠠ ᠠᠵᠤ ᠠᠬᠤᠶ ᠬᠥᠭᠵᠢᠭᠰᠡᠨ ᠪᠥᠭᠡᠳ ᠬᠥᠮᠦᠨ ᠪᠦᠷᠢ ᠶᠢᠨ ᠳᠤᠮᠳᠠᠴᠢ ᠶᠢᠨ ᠲᠠᠷᠢᠶᠠᠨ | ᠭᠠᠵᠠᠷ ᠢᠶᠠᠷ ᠣᠨᠴᠠ ᠴᠥᠭᠡᠨ ᠪᠠᠶᠢᠭ᠎ᠠ ᠭᠠᠵᠠᠷ ᠣᠷᠣᠨ ᠤ ᠬᠡᠷᠡᠭᠯᠡᠭᠡᠨ ᠤ ᠭᠠᠶᠢᠯᠢ ᠶᠢᠨ ᠲᠤᠭ᠎ᠠ ᠶᠢ ᠵᠣᠬᠢᠰᠲᠠᠶ ᠪᠠᠷ | ᠳᠡᠭᠡᠭᠰᠢᠯᠡᠭᠦᠯᠵᠦ ᠪᠣᠯᠤᠨ᠎ᠠ᠂ ᠭᠡᠪᠡᠴᠦ ᠳᠡᠭᠡᠭᠰᠢᠯᠡᠭᠦᠯᠬᠦ ᠬᠡᠰᠡᠭ ᠢ ᠨᠢ ᠬᠠᠮᠤᠭ ᠥᠨᠳᠥᠷ ᠲᠡᠭᠡᠨ ᠲᠤᠰ ᠳᠦᠷᠢᠮ ᠤᠨ | ᠲᠠᠪᠤᠳᠤᠭᠠᠷ ᠵᠦᠢᠯ ᠤᠨ ᠭᠤᠷᠪᠠᠳᠤᠭᠠᠷ ᠵᠤᠷᠪᠤᠰ ᠤᠨ ᠲᠣᠭᠲᠠᠭᠠᠭᠰᠠᠨ ᠲᠤᠬᠠᠶ ᠶᠢᠨ ᠭᠠᠵᠠᠷ ᠤᠨ ᠬᠡᠷᠡᠭᠯᠡᠭᠡᠨ ᠤ | ᠭᠠᠶᠢᠯᠢ ᠶᠢᠨ ᠲᠣᠭᠠᠨ ᠤ 50% ᠠᠴᠠ ᠬᠡᠲᠦᠷᠡᠭᠦᠯᠵᠦ ᠪᠣᠯᠬᠤ ᠦᠭᠡᠶ᠃ | ᠳᠣᠯᠣᠳᠤᠭᠠᠷ ᠵᠦᠢᠯ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠪᠣᠯ᠂ ᠬᠡᠷᠡᠭᠯᠡᠭᠡᠨ ᠤ | ᠭᠠᠶᠢᠯᠢ ᠶᠢᠨ ᠲᠤᠭ᠎ᠠ ᠶᠢ ᠲᠤᠰ ᠳᠦᠷᠢᠮ ᠤᠨ ᠲᠠᠪᠤᠳᠤᠭᠠᠷ ᠵᠦᠢᠯ ᠤᠨ ᠭᠤᠷᠪᠠᠳᠤᠭᠠᠷ ᠵᠤᠷᠪᠤᠰ ᠪᠣᠯᠤᠨ ᠵᠢᠷᠭᠤᠳᠤᠭᠠᠷ | ᠵᠦᠢᠯ ᠤᠨ ᠲᠣᠭᠲᠠᠭᠠᠭᠰᠠᠨ ᠲᠤᠬᠠᠶ ᠶᠢᠨ ᠭᠠᠵᠠᠷ ᠤᠨ ᠬᠡᠷᠡᠭᠯᠡᠭᠡᠨ ᠤ ᠭᠠᠶᠢᠯᠢ ᠶᠢᠨ ᠲᠣᠭᠠᠨ ᠤ ᠰᠠᠭᠤᠷᠢᠨ ᠳᠡᠭᠡᠷ᠎ᠡ | 50% ᠪᠠᠷ ᠳᠡᠭᠡᠭᠰᠢᠯᠡᠭᠦᠯᠬᠦ ᠬᠡᠷᠡᠭᠲᠡᠶ᠃ | ᠨᠠᠢᠮᠠᠳᠤᠭᠠᠷ ᠵᠦᠢᠯ ᠳᠣᠤᠷᠠᠬᠢ ᠪᠠᠶᠢᠳᠠᠯ ᠠᠴᠠ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ | ᠲᠠᠲᠠᠪᠤᠷᠢᠯᠠᠬᠤ ᠦᠭᠡᠶ᠄ | ︵ᠨᠢᠭᠡ︶ ᠴᠡᠷᠢᠭ ᠤᠨ ᠶᠠᠪᠤᠳᠠᠯ ᠤᠨ ᠪᠡᠯᠡᠳᠬᠡᠮᠵᠢ ᠶᠢᠨ ᠲᠠᠷᠢᠶᠠᠨ ᠭᠠᠵᠠᠷ ᠡᠵᠡᠯᠡᠨ ᠬᠡᠷᠡᠭᠯᠡᠬᠦ | ︵ᠬᠤᠶᠠᠷ︶ ᠰᠤᠷᠭᠠᠭᠤᠯᠢ᠂ ᠬᠡᠦᠬᠡᠳ ᠤᠨ ᠴᠡᠴᠡᠷᠯᠢᠭ᠂ ᠨᠠᠰᠤᠵᠢᠯ ᠤᠨ ᠬᠦᠷᠢᠶᠡᠯᠡᠩ ᠪᠣᠯᠤᠨ ᠡᠮᠨᠡᠯᠭᠡ ᠶᠢᠨ | ᠬᠤᠷᠢᠶ᠎ᠠ ᠶᠢᠨ ᠡᠵᠡᠯᠡᠨ ᠬᠡᠷᠡᠭᠯᠡᠬᠦ ᠲᠠᠷᠢᠶᠠᠨ ᠭᠠᠵᠠᠷ᠃ | ᠶᠢᠰᠦᠳᠦᠭᠡᠷ ᠵᠦᠢᠯ ᠲᠡᠮᠦᠷ ᠵᠠᠮ ᠤᠨ ᠱᠤᠭᠤᠮ᠂ ᠵᠠᠰᠠᠮᠠᠯ ᠵᠠᠮ ᠤᠨ ᠱᠤᠭᠤᠮ᠂ ᠨᠢᠰᠬᠡᠯ ᠤᠨ ᠪᠠᠭᠤᠳᠠᠯ ᠤᠨ | ᠨᠢᠰᠬᠡᠯ ᠭᠦᠶᠦᠬᠦ ᠵᠠᠮ᠂ ᠨᠢᠰᠬᠡᠯ ᠤᠨ ᠵᠣᠭᠰᠣᠭᠠᠯ᠂ ᠭᠠᠷᠠᠮ᠂ ᠠᠶᠠᠯᠠᠯ ᠤᠨ ᠵᠠᠮ ᠤᠳ ᠡᠵᠡᠯᠡᠨ ᠬᠡᠷᠡᠭᠯᠡᠬᠦ ᠲᠠᠷᠢᠶᠠᠨ | ᠭᠠᠵᠠᠷ ᠤᠨ ᠲᠡᠭᠰᠢ ᠳᠥᠷᠪᠡᠯᠵᠢᠨ ᠮᠧᠲᠷ ᠪᠦᠷᠢ ᠠᠴᠠ 2 ᠲᠥᠭᠦᠷᠢᠭ ᠤᠨ ᠭᠠᠶᠢᠯᠢ ᠶᠢᠨ ᠲᠤᠭ᠎ᠠ ᠬᠠᠰᠤᠵᠤ ᠲᠠᠷᠢᠶᠠᠨ | ᠭᠠᠵᠠᠷ ᠢ ᠡᠵᠡᠯᠡᠨ ᠬᠡᠷᠡᠭᠯᠡᠬᠦ ᠭᠠᠶᠢᠯᠢ ᠲᠠᠲᠠᠪᠤᠷᠢᠯᠠᠨ᠎ᠠ᠃ | ᠪᠣᠳᠠᠲᠤ ᠬᠡᠷᠡᠭᠴᠡᠭᠡ ᠪᠠᠨ ᠦᠨᠳᠦᠰᠦᠯᠡᠨ᠂ ᠲᠥᠷᠥ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ᠂ | ᠭᠠᠶᠢᠯᠢ ᠶᠢᠨ ᠶᠠᠪᠤᠳᠠᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠥᠷᠥ ᠶᠢᠨ ᠶᠠᠪᠤᠳᠠᠯ ᠤᠨ ᠬᠤᠷᠢᠶᠠᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ ᠵᠥᠪᠳᠡᠯᠴᠡᠬᠦ ᠶᠢᠨ ᠬᠠᠮᠲᠤ ᠲᠥᠷᠥ ᠶᠢᠨ ᠶᠠᠪᠤᠳᠠᠯ ᠤᠨ | ᠬᠤᠷᠢᠶ᠎ᠠ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠡᠮᠦᠨᠡᠬᠢ ᠵᠤᠷᠪᠤᠰ ᠲᠤ ᠲᠣᠭᠲᠠᠭᠠᠭᠰᠠᠨ | ᠪᠠᠶᠢᠳᠠᠯ ᠲᠠᠢ ᠠᠴᠠ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠠᠴᠠ ᠬᠡᠯᠲᠦᠷᠢᠭᠦᠯᠬᠦ ᠪᠤᠶᠤ ᠬᠠᠰᠤᠵᠤ | ᠲᠠᠲᠠᠪᠤᠷᠢᠯᠠᠵᠤ ᠪᠣᠯᠤᠨ᠎ᠠ᠃ | ᠠᠷᠪᠠᠳᠤᠭᠠᠷ ᠵᠦᠢᠯ ᠬᠥᠳᠡᠭᠡ ᠲᠣᠰᠬᠤᠨ ᠤ ᠰᠠᠭᠤᠭᠠᠯᠢ ᠠᠷᠠᠳ ᠲᠠᠷᠢᠶᠠᠨ ᠭᠠᠵᠠᠷ ᠢ ᠡᠵᠡᠯᠡᠵᠦ ᠰᠢᠨ᠎ᠡ | ᠣᠷᠣᠨ ᠰᠠᠭᠤᠴᠠ ᠪᠠᠷᠢᠬᠤ ᠳᠤ᠃ ᠲᠤᠬᠠᠶ ᠶᠢᠨ ᠭᠠᠵᠠᠷ ᠤᠨ ᠬᠡᠷᠡᠭᠯᠡᠭᠡᠨ ᠤ ᠭᠠᠶᠢᠯᠢ ᠶᠢᠨ ᠲᠣᠭᠠᠨ ᠤ ᠬᠠᠭᠠᠰ ᠢᠶᠠᠷ | ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠲᠠᠲᠠᠪᠤᠷᠢᠯᠠᠨ᠎ᠠ᠃ | ᠬᠥᠳᠡᠭᠡ ᠲᠣᠰᠬᠤᠨ ᠤ ᠨᠥᠭᠴᠢᠭᠰᠡᠨ ᠪᠠᠭᠠᠲᠤᠷᠴᠤᠳ ᠤᠨ ᠭᠡᠷ ᠪᠦᠯᠢ᠂ ᠵᠡᠮᠳᠡᠭ ᠪᠣᠯᠤᠭᠰᠠᠨ ᠴᠡᠷᠢᠭ ᠤᠨ | ᠬᠥᠮᠦᠨ᠂ ᠭᠤᠤᠨᠢ ᠪᠡᠶ᠎ᠡ ᠥᠨᠥᠴᠢᠨ ᠪᠡᠯᠪᠡᠰᠦᠨ ᠵᠢᠴᠢ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ᠂ ᠴᠥᠭᠡᠨ | ᠲᠣᠭᠠᠲᠤ ᠦᠨᠳᠦᠰᠦᠲᠡᠨ ᠴᠤᠭᠯᠠᠷᠠᠨ ᠰᠠᠭᠤᠭᠰᠠᠨ ᠣᠷᠣᠨ ᠪᠣᠯᠤᠨ ᠠᠯᠤᠰ ᠬᠢᠵᠠᠭᠠᠷ ᠪᠤᠶᠢᠳᠠ ᠪᠥᠭᠯᠡᠭᠦᠦ ᠶᠠᠳᠠᠭᠤ | ᠬᠦᠴᠢᠷᠲᠡᠶ ᠠᠭᠤᠯᠠᠷᠬᠠᠭ ᠣᠷᠣᠨ ᠤ ᠬᠥᠳᠡᠭᠡ ᠲᠣᠰᠬᠤᠨ ᠤ ᠠᠮᠢᠳᠤᠷᠠᠯ ᠨᠢ ᠬᠦᠴᠢᠷᠳᠡᠯᠲᠡᠶ ᠰᠠᠭᠤᠭᠠᠯᠢ ᠠᠷᠠᠳ᠂ | ᠭᠠᠵᠠᠷ ᠬᠡᠷᠡᠭᠯᠡᠬᠦ ᠲᠣᠭᠲᠠᠭᠰᠠᠨ ᠪᠠᠷᠢᠮᠵᠢᠶ᠎ᠠ ᠶᠢᠨ ᠳᠣᠲᠣᠷ᠎ᠠ ᠰᠢᠨ᠎ᠡ ᠣᠷᠣᠨ ᠰᠠᠭᠤᠴᠠ ᠪᠠᠷᠢᠬᠤ ᠳᠤ ᠲᠠᠷᠢᠶᠠᠨ | ᠭᠠᠵᠠᠷ ᠢ ᠡᠵᠡᠯᠡᠨ ᠬᠡᠷᠡᠭᠯᠡᠬᠦ ᠭᠠᠶᠢᠯᠢ ᠲᠤᠰᠢᠶᠠᠬᠤ ᠳᠤ ᠦᠨᠡᠨᠬᠦ ᠬᠦᠴᠢᠷᠳᠡᠯᠲᠡᠶ ᠪᠣᠯ᠂ ᠪᠠᠶᠢᠭ᠎ᠠ ᠭᠠᠵᠠᠷ ᠤᠨ ᠬᠢᠨ ᠤ | ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠬᠠᠷᠭᠤᠭᠤᠯᠵᠤ᠂ ᠰᠢᠶᠠᠨ ᠤ ᠱᠠᠲᠤᠨ ᠤ | ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠲᠠᠷᠢᠶᠠᠨ ᠭᠠᠵᠠᠷ ᠢ ᠡᠵᠡᠯᠡᠨ | ᠬᠡᠷᠡᠭᠯᠡᠬᠦ ᠭᠠᠶᠢᠯᠢ ᠠᠴᠠ ᠬᠡᠯᠲᠦᠷᠢᠭᠦᠯᠬᠦ ᠪᠤᠶᠤ ᠬᠠᠰᠤᠵᠤ ᠲᠠᠲᠠᠪᠤᠷᠢᠯᠠᠵᠤ ᠪᠣᠯᠤᠨ᠎ᠠ᠃ | ᠠᠷᠪᠠᠨ ᠨᠢᠭᠡᠳᠦᠭᠡᠷ ᠵᠦᠢᠯ ᠲᠤᠰ ᠳᠦᠷᠢᠮ ᠤᠨ ᠨᠠᠢᠮᠠᠳᠤᠭᠠᠷ ᠵᠦᠢᠯ᠂ ᠶᠢᠰᠦᠳᠦᠭᠡᠷ ᠵᠦᠢᠯ ᠤᠨ ᠲᠣᠭᠲᠠᠭᠠᠯ | ᠶᠣᠰᠣᠭᠠᠷ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠠᠴᠠ ᠬᠡᠯᠲᠦᠷᠢᠭᠦᠯᠬᠦ ᠪᠤᠶᠤ ᠬᠠᠰᠤᠵᠤ ᠲᠠᠲᠠᠪᠤᠷᠢᠯᠠᠭᠰᠠᠨ ᠤ | ᠳᠠᠷᠠᠭ᠎ᠠ᠂ ᠭᠠᠶᠢᠯᠢ ᠲᠤᠰᠢᠶᠠᠭᠴᠢ ᠨᠢ ᠤᠤᠯ ᠤᠨ ᠡᠵᠡᠯᠡᠭᠰᠡᠨ ᠭᠠᠵᠠᠷ ᠤᠨ ᠬᠡᠷᠡᠭᠴᠡᠭᠡ ᠪᠠᠨ ᠬᠤᠪᠢᠷᠠᠭᠤᠯᠵᠤ᠂ | ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠠᠴᠠ ᠬᠡᠯᠲᠦᠷᠢᠭᠦᠯᠬᠦ ᠪᠤᠶᠤ ᠬᠠᠰᠤᠵᠤ ᠲᠠᠲᠠᠪᠤᠷᠢᠯᠠᠬᠤ ᠪᠠᠶᠢᠳᠠᠯ ᠳᠤ | ᠲᠣᠭᠠᠴᠢᠭᠳᠠᠬᠤ ᠦᠭᠡᠶ ᠪᠣᠯ᠂ ᠲᠤᠬᠠᠶ ᠶᠢᠨ ᠭᠠᠵᠠᠷ ᠤᠨ ᠬᠡᠷᠡᠭᠯᠡᠭᠡᠨ ᠤ ᠭᠠᠶᠢᠯᠢ ᠶᠢᠨ ᠲᠤᠭ᠎ᠠ ᠪᠠᠷ ᠲᠠᠷᠢᠶᠠᠨ ᠭᠠᠵᠠᠷ ᠢ | ᠡᠵᠡᠯᠡᠨ ᠬᠡᠷᠡᠭᠯᠡᠬᠦ ᠭᠠᠶᠢᠯᠢ ᠪᠠᠨ ᠨᠥᠬᠦᠪᠥᠷᠢᠯᠡᠨ ᠲᠤᠰᠢᠶᠠᠬᠤ ᠬᠡᠷᠡᠭᠲᠡᠶ᠃ | ᠠᠷᠪᠠᠨ ᠬᠤᠶᠠᠳᠤᠭᠠᠷ ᠵᠦᠢᠯ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠶᠢ ᠣᠷᠣᠨ ᠨᠤᠲᠤᠭ ᠤᠨ | ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠬᠠᠷᠢᠭᠤᠴᠠᠨ ᠲᠠᠲᠠᠪᠤᠷᠢᠯᠠᠨ᠎ᠠ᠃ | ᠭᠠᠵᠠᠷ ᠰᠢᠷᠣᠶ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠨᠢᠭᠡᠴᠡ ᠪᠤᠶᠤ ᠬᠤᠪᠢ ᠬᠥᠮᠦᠨ ᠳᠤ | ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠷ ᠭᠦᠢᠴᠡᠳᠬᠡᠯ ᠭᠦᠢᠴᠡᠳᠬᠡᠯᠭᠡᠬᠦ ᠪᠠᠷ ᠮᠡᠳᠡᠭᠳᠡᠬᠦ ᠦᠶ᠎ᠡ ᠳᠤ᠂ ᠲᠠᠷᠢᠶᠠᠨ | ᠭᠠᠵᠠᠷ ᠤᠨ ᠪᠠᠶᠢᠭ᠎ᠠ ᠭᠠᠵᠠᠷ ᠤᠨ ᠠᠳᠠᠯᠢ ᠱᠠᠲᠤᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ | ᠪᠠᠶᠢᠭᠤᠯᠭ᠎ᠠ ᠳᠤ ᠬᠠᠮᠲᠤ ᠳᠤᠨᠢ ᠮᠡᠳᠡᠭᠳᠡᠬᠦ ᠬᠡᠷᠡᠭᠲᠡᠶ᠃ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠵᠥᠪᠰᠢᠶᠡᠷᠡᠯ ᠢ | ᠣᠯᠤᠭᠰᠠᠨ ᠨᠢᠭᠡᠴᠡ ᠪᠤᠶᠤ ᠬᠤᠪᠢ ᠬᠥᠮᠦᠨ ᠨᠢ ᠭᠠᠵᠠᠷ ᠰᠢᠷᠣᠶ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ | ᠮᠡᠳᠡᠭᠳᠡᠯ ᠢ ᠣᠯᠤᠭᠰᠠᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ᠲᠠᠷᠢᠶᠠᠨ ᠭᠠᠵᠠᠷ ᠢ ᠡᠵᠡᠯᠡᠨ ᠬᠡᠷᠡᠭᠯᠡᠬᠦ | ᠭᠠᠶᠢᠯᠢ ᠲᠤᠰᠢᠶᠠᠬᠤ ᠬᠡᠷᠡᠭᠲᠡᠶ᠃ ᠭᠠᠵᠠᠷ ᠰᠢᠷᠣᠶ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠠᠷᠢᠶᠠᠨ | ᠭᠠᠵᠠᠷ ᠢ ᠡᠵᠡᠯᠡᠨ ᠬᠡᠷᠡᠭᠯᠡᠬᠦ ᠭᠠᠶᠢᠯᠢ ᠶᠢᠨ ᠭᠠᠶᠢᠯᠢ ᠲᠤᠰᠢᠶᠠᠭᠰᠠᠨ ᠭᠡᠷᠡᠴᠢ ᠪᠠᠷᠢᠮᠲᠠ ᠪᠤᠶᠤ ᠭᠠᠶᠢᠯᠢ ᠠᠴᠠ | ᠬᠡᠯᠲᠦᠷᠢᠭᠦᠯᠬᠦ ᠭᠡᠷᠡᠴᠢ ᠪᠠᠷᠢᠮᠲᠠ ᠪᠣᠯᠤᠨ ᠪᠤᠰᠤᠳ ᠬᠤᠯᠪᠣᠭᠳᠠᠯ ᠪᠦᠬᠦᠢ ᠪᠢᠴᠢᠭ ᠮᠠᠲᠸᠢᠷᠶᠠᠯ ᠢ ᠨᠢ ᠦᠵᠡᠵᠦ | ᠪᠠᠶᠢᠭᠠᠳ ᠪᠦᠲᠦᠭᠡᠨ ᠪᠠᠶᠢᠭᠤᠯᠤᠯᠲᠠ ᠶᠢᠨ ᠬᠡᠷᠡᠭᠯᠡᠬᠦ ᠭᠠᠵᠠᠷ ᠤᠨ ᠵᠥᠪᠰᠢᠶᠡᠷᠡᠯ ᠤᠨ ᠦᠨᠡᠮᠯᠡᠯ ᠣᠯᠭᠤᠬᠤ | ᠬᠡᠷᠡᠭᠲᠡᠶ᠃ | ᠠᠷᠪᠠᠨ ᠭᠤᠷᠪᠠᠳᠤᠭᠠᠷ ᠵᠦᠢᠯ ᠭᠠᠶᠢᠯᠢ ᠲᠤᠰᠢᠶᠠᠭᠴᠢ ᠲᠠᠷᠢᠶᠠᠨ ᠭᠠᠵᠠᠷ ᠢ ᠲᠦᠷ ᠴᠠᠭ ᠡᠵᠡᠯᠡᠨ | ᠬᠡᠷᠡᠭᠯᠡᠬᠦ ᠳᠤ᠃ ᠲᠤᠰ ᠳᠦᠷᠢᠮ ᠤᠨ ᠲᠣᠭᠲᠠᠭᠠᠯ ᠶᠣᠰᠣᠭᠠᠷ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ | ᠲᠤᠰᠢᠶᠠᠬᠤ ᠬᠡᠷᠡᠭᠲᠡᠶ᠃ ᠭᠠᠶᠢᠯᠢ ᠲᠤᠰᠢᠶᠠᠭᠴᠢ ᠨᠢ ᠲᠠᠷᠢᠶᠠᠨ ᠭᠠᠵᠠᠷ ᠢ ᠲᠦᠷ ᠴᠠᠭ ᠡᠵᠡᠯᠡᠨ ᠬᠡᠷᠡᠭᠯᠡᠬᠦ ᠶᠢ | ᠵᠥᠪᠰᠢᠶᠡᠷᠡᠭᠰᠡᠨ ᠬᠤᠭᠤᠴᠠᠭ᠎ᠠ ᠳᠤ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ ᠤᠨ ᠤᠤᠯ ᠪᠠᠶᠢᠳᠠᠯ ᠢ ᠨᠢ ᠰᠡᠷᠭᠦᠭᠡᠭᠰᠡᠨ | ᠪᠣᠯ᠂ ᠨᠢᠭᠡᠨᠲᠡ ᠲᠤᠰᠢᠶᠠᠭᠰᠠᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠶᠢ ᠨᠢ ᠪᠦᠬᠦ ᠲᠤᠭ᠎ᠠ ᠪᠠᠷ ᠨᠢ | ᠪᠤᠴᠠᠭᠠᠬᠤ ᠬᠡᠷᠡᠭᠲᠡᠶ᠃ | ᠠᠷᠪᠠᠨ ᠳᠥᠷᠪᠡᠳᠦᠭᠡᠷ ᠵᠦᠢᠯ ᠰᠢᠭᠤᠶᠢᠲᠤ ᠭᠠᠵᠠᠷ᠂ ᠬᠠᠳᠤᠯᠠᠩ ᠪᠡᠯᠴᠢᠭᠡᠷ᠂ ᠲᠠᠷᠢᠶᠠᠨ ᠭᠠᠵᠠᠷ ᠤᠨ | ᠤᠰᠤᠨ ᠠᠰᠢᠭᠯᠠᠯᠲᠠ ᠶᠢᠨ ᠬᠡᠷᠡᠭᠯᠡᠬᠦ ᠭᠠᠵᠠᠷ᠂ ᠲᠡᠵᠢᠭᠡᠨ ᠦᠷᠡᠵᠢᠭᠦᠯᠬᠦ ᠤᠰᠤᠨ ᠤ ᠲᠠᠯᠠᠪᠠᠶ ᠵᠢᠴᠢ ᠵᠢᠭᠠᠰᠤᠨ ᠤ | ᠠᠵᠤ ᠦᠢᠯᠡᠰ ᠤᠨ ᠤᠰᠤᠨ ᠤ ᠴᠠᠷᠠᠭ᠎ᠠ ᠭᠤᠤᠯ ᠤᠨ ᠰᠠᠶᠢᠷᠭᠠᠯ ᠵᠡᠷᠭᠡ ᠪᠤᠰᠤᠳ ᠲᠠᠷᠢᠶᠠᠯᠠᠩ ᠤᠨ ᠬᠡᠷᠡᠭᠯᠡᠬᠦ ᠭᠠᠵᠠᠷ ᠢ | ᠡᠵᠡᠯᠡᠵᠦ ᠭᠡᠷ ᠪᠠᠶᠢᠰᠢᠩ ᠪᠠᠷᠢᠬᠤ ᠪᠤᠶᠤ ᠲᠠᠷᠢᠶᠠᠯᠠᠩ ᠤᠨ ᠪᠤᠰᠤ ᠪᠦᠲᠦᠭᠡᠨ ᠪᠠᠶᠢᠭᠤᠯᠤᠯᠲᠠ ᠬᠢᠪᠠᠯ᠂ ᠲᠤᠰ | ᠳᠦᠷᠢᠮ ᠤᠨ ᠲᠣᠭᠲᠠᠭᠠᠯ ᠶᠣᠰᠣᠭᠠᠷ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠲᠠᠲᠠᠪᠤᠷᠢᠯᠠᠬᠤ ᠬᠡᠷᠡᠭᠲᠡᠶ᠃ | ᠲᠠᠷᠢᠶᠠᠯᠠᠩ ᠤᠨ ᠦᠢᠯᠡᠳᠪᠦᠷᠢᠯᠡᠯ ᠳᠤ ᠰᠢᠭᠤᠳ ᠦᠢᠯᠡᠴᠢᠯᠡᠬᠦ ᠦᠢᠯᠡᠳᠪᠦᠷᠢᠯᠡᠯ ᠤᠨ ᠪᠡᠯᠡᠳᠬᠡᠮᠵᠢ ᠶᠢ | ᠪᠠᠶᠢᠭᠤᠯᠬᠤ ᠳᠤ ᠡᠮᠦᠨᠡᠬᠢ ᠵᠤᠷᠪᠤᠰ ᠲᠤ ᠲᠣᠭᠲᠠᠭᠠᠭᠰᠠᠨ ᠲᠠᠷᠢᠶᠠᠯᠠᠩ ᠤᠨ ᠬᠡᠷᠡᠭᠯᠡᠬᠦ ᠭᠠᠵᠠᠷ ᠢ ᠡᠵᠡᠯᠡᠨ ᠬᠡᠷᠡᠭᠯᠡᠭᠰᠡᠨ | ᠪᠣᠯ᠂ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠲᠠᠲᠠᠪᠤᠷᠢᠯᠠᠬᠤ ᠦᠭᠡᠶ᠃ | ᠠᠷᠪᠠᠨ ᠲᠠᠪᠤᠳᠤᠭᠠᠷ ᠵᠦᠢᠯ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠶᠢᠨ ᠲᠠᠲᠠᠪᠤᠷᠢᠯᠠᠬᠤ | ᠬᠠᠮᠢᠶᠠᠷᠤᠯᠲᠠ ᠶᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠶᠢᠯᠢ ᠲᠠᠲᠠᠪᠤᠷᠢ ᠶᠢᠨ | ᠲᠠᠲᠠᠪᠤᠷᠢᠯᠠᠬᠤ ᠬᠠᠮᠢᠶᠠᠷᠤᠯᠲᠠ ᠶᠢᠨ ᠠᠷᠭ᠎ᠠ︾ ᠪᠣᠯᠤᠨ ᠲᠤᠰ ᠳᠦᠷᠢᠮ ᠤᠨ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠬᠡᠷᠡᠭᠵᠢᠭᠦᠯᠦᠨ᠎ᠡ᠃ | ᠠᠷᠪᠠᠨ ᠵᠢᠷᠭᠤᠳᠤᠭᠠᠷ ᠵᠦᠢᠯ ᠲᠤᠰ ᠳᠦᠷᠢᠮ ᠢ 2008 ᠣᠨ ᠤ 1 ᠳ᠋ᠦ᠋ᠭᠡᠷ ᠰᠠᠷ᠎ᠠ ᠶᠢᠨ 1 ᠤ | ᠡᠳᠦᠷ ᠠᠴᠠ ᠡᠬᠢᠯᠡᠨ ᠬᠡᠷᠡᠭᠵᠢᠭᠦᠯᠦᠨ᠎ᠡ᠃ 1987 ᠣᠨ ᠤ 4 ᠰᠠᠷ᠎ᠠ ᠶᠢᠨ 1 ᠤ ᠡᠳᠦᠷ ᠤᠨ ᠲᠥᠷᠥ ᠶᠢᠨ | ᠶᠠᠪᠤᠳᠠᠯ ᠤᠨ ᠬᠤᠷᠢᠶᠠᠨ ᠤ ᠨᠡᠶᠢᠲᠡᠯᠡᠭᠰᠡᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠨ | ᠭᠠᠵᠠᠷ ᠢ ᠡᠵᠡᠯᠡᠨ ᠬᠡᠷᠡᠭᠯᠡᠬᠦ ᠭᠠᠶᠢᠯᠢ ᠶᠢᠨ ᠲᠦᠷ ᠬᠡᠷᠡᠭᠵᠢᠭᠦᠯᠬᠦ ᠳᠦᠷᠢᠮ︾ ᠢ ᠵᠡᠷᠭᠡ ᠳᠤᠨᠢ ᠬᠦᠴᠦᠨ ᠦᠭᠡᠶ | ᠪᠣᠯᠭᠠᠨ᠎ᠠ᠃ | |