ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ | ᠬᠠᠮᠲᠤᠷᠠᠨ ᠣᠶᠢᠷ᠎ᠠ ᠳᠤ ︽ᠠᠵᠤ ᠠᠬᠤᠶᠢᠯᠠᠯ ᠤᠨ ᠣᠨ ᠤ ᠮᠥᠩᠭᠦ ᠶᠢᠨ ᠠᠷᠭ᠎ᠠ︾ ᠶᠢ ᠳᠠᠷᠤᠮᠠᠯᠯᠠᠨ | ᠲᠠᠷᠬᠠᠭᠠᠭᠰᠠᠨ ᠤ ᠬᠠᠮᠲᠤ᠂ 2018 ᠣᠨ ᠤ 2 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠬᠦ ᠪᠠᠷ | ᠪᠣᠢ᠃ ᠠᠵᠤ ᠠᠬᠤᠶᠢᠯᠠᠯ ᠤᠨ ᠣᠨ ᠤ ᠮᠥᠩᠭᠦ ᠶᠢ ᠬᠡᠷᠬᠢᠨ ᠪᠠᠶᠢᠭᠤᠯᠬᠤ ᠪᠠ ᠬᠤᠪᠢᠶᠠᠷᠢᠯᠠᠬᠤ ᠪᠣᠢ︖ ᠠᠵᠢᠯᠲᠠᠨ | ᠬᠡᠷᠬᠢᠨ ᠭᠠᠷᠭᠠᠨ ᠠᠪᠬᠤ ᠪᠣᠢ︖ ᠰᠤᠷᠪᠤᠯᠵᠢᠯᠠᠭᠴᠢ ᠡᠨᠡ ᠲᠤᠬᠠᠢ ᠬᠥᠮᠥᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠢ ᠰᠤᠷᠪᠤᠯᠵᠢᠯᠠᠪᠠ᠃ | ᠠᠰᠠᠭᠤᠯᠲᠠ᠄ ᠠᠵᠤ ᠠᠬᠤᠶᠢᠯᠠᠯ ᠤᠨ ᠣᠨ ᠤ ᠮᠥᠩᠭᠦ ᠶᠢ ᠪᠠᠶᠢᠭᠤᠯᠬᠤ ᠨᠢ ᠠᠵᠤ ᠠᠬᠤᠶᠢᠯᠠᠯ ᠵᠢᠴᠢ | ᠠᠵᠢᠯᠲᠠᠨ ᠳᠤ ᠶᠠᠮᠠᠷ ᠨᠥᠯᠥᠭᠡ ᠦᠢᠯᠡᠳᠦᠯ ᠲᠠᠢ ᠪᠣᠢ︖ ᠬᠠᠮᠤᠷᠬᠤ ᠬᠡᠪᠴᠢᠶ᠎ᠡ ᠨᠢ ᠶᠠᠭᠤ ᠪᠣᠢ︖ | ᠬᠠᠷᠢᠭᠤᠯᠲᠠ᠄ ᠠᠵᠤ ᠠᠬᠤᠶᠢᠯᠠᠯ ᠤᠨ ᠣᠨ ᠤ ᠮᠥᠩᠭᠦ ᠪᠣᠯ ᠠᠵᠤ ᠠᠬᠤᠶᠢᠯᠠᠯ ᠵᠢᠴᠢ ᠠᠵᠢᠯᠲᠠᠨ ᠤ ᠬᠠᠤᠯᠢ | ᠶᠣᠰᠣᠭᠠᠷ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠰᠠᠭᠤᠷᠢᠨ ᠳᠡᠭᠡᠷ᠎ᠡ᠂ ᠨᠡᠶᠢᠲᠡ ᠪᠠᠷ ᠢᠶᠠᠨ | ᠵᠥᠪᠳᠡᠯᠴᠡᠬᠦ ᠪᠠᠷ ᠳᠠᠮᠵᠢᠭᠤᠯᠵᠤ ᠡᠵᠡᠨ ᠮᠡᠳᠡᠵᠦ ᠪᠠᠶᠢᠭᠤᠯᠤᠭᠰᠠᠨ ᠨᠠᠰᠤᠵᠢᠯ ᠤᠨ ᠳᠠᠭᠠᠳᠬᠠᠯ ᠢ ᠨᠥᠬᠦᠪᠦᠷᠢᠯᠡᠬᠦ | ᠳᠦᠷᠢᠮ ᠪᠠᠶᠢᠵᠤ᠂ ᠮᠠᠨ ᠤ ᠤᠯᠤᠰ ᠤᠨ ᠣᠯᠠᠨ ᠳᠡᠰ ᠳᠠᠪᠬᠤᠷᠭᠠᠲᠤ ᠨᠠᠰᠤᠵᠢᠯ ᠤᠨ ᠳᠠᠭᠠᠳᠬᠠᠯ ᠤᠨ ᠳᠦᠷᠢᠮ ᠤᠨ | ᠰᠢᠰᠲ᠋ᠧᠮᠵᠢ ᠳᠣᠲᠣᠷᠠᠬᠢ ᠬᠤᠶᠠᠳᠤᠭᠠᠷ ᠲᠤᠯᠭᠠᠭᠤᠷᠢᠯᠠᠯ ᠤᠨ ᠴᠢᠬᠤᠯᠠ ᠪᠦᠷᠢᠯᠳᠦᠬᠦᠨ ᠬᠡᠰᠡᠭ ᠪᠣᠯᠣᠨ᠎ᠠ᠃ ᠠᠵᠤ | ᠠᠬᠤᠶᠢᠯᠠᠯ ᠠᠴᠠ ᠠᠵᠤ ᠠᠬᠤᠶᠢᠯᠠᠯ ᠤᠨ ᠣᠨ ᠤ ᠮᠥᠩᠭᠦ ᠶᠢ ᠪᠠᠶᠢᠭᠤᠯᠬᠤ ᠨᠢ᠂ ᠠᠵᠢᠯᠲᠠᠨ ᠤ ᠬᠥᠯᠥᠰᠦ | ᠣᠯᠭᠤᠮᠵᠢ ᠶᠢᠨ ᠰᠢᠰᠲ᠋ᠧᠮᠵᠢ ᠶᠢ ᠪᠦᠷᠢᠨᠰᠢᠭᠦᠯᠵᠦ᠂ ᠠᠵᠤ ᠠᠬᠤᠶᠢᠯᠠᠯ ᠤᠨ ᠰᠠᠶᠢᠨ ᠰᠠᠶᠢᠬᠠᠨ ᠰᠣᠶᠣᠯ ᠢ | ᠢᠯᠡᠷᠡᠭᠦᠯᠦᠨ᠂ ᠴᠢᠳᠠᠪᠤᠷᠢᠲᠠᠨ ᠢ ᠲᠠᠲᠠᠬᠤ ᠬᠦᠴᠦᠨ ᠢ ᠴᠢᠩᠭᠠᠷᠠᠭᠤᠯᠵᠤ᠂ ᠠᠵᠢᠯᠲᠠᠨ ᠤ ᠡᠩᠨᠡᠭᠡ ᠶᠢ | ᠲᠣᠭᠲᠠᠪᠤᠷᠢᠵᠢᠭᠤᠯᠬᠤ ᠳᠤ ᠠᠰᠢᠭᠲᠠᠢ ᠪᠠᠶᠢᠳᠠᠭ᠃ ᠠᠵᠢᠯᠲᠠᠨ ᠠᠵᠤ ᠠᠬᠤᠶᠢᠯᠠᠯ ᠤᠨ ᠣᠨ ᠤ ᠮᠥᠩᠭᠦ ᠳᠤ | ᠣᠷᠣᠯᠴᠠᠬᠤ ᠨᠢ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢᠨ ᠳᠡᠭᠡᠷ᠎ᠡ᠂ ᠣᠨᠳᠣᠣ ᠨᠢᠭᠡ ᠬᠤᠪᠢ | ᠨᠠᠰᠤᠵᠢᠯ ᠤᠨ ᠬᠤᠷᠠᠮᠳᠤᠭᠤᠯᠤᠯ ᠨᠡᠮᠡᠵᠦ᠂ ᠠᠵᠢᠯ ᠠᠴᠠ ᠪᠠᠨ ᠠᠮᠠᠷᠠᠭᠰᠠᠨ ᠤ ᠳᠠᠷᠠᠭᠠᠬᠢ ᠣᠷᠣᠯᠭ᠎ᠠ ᠶᠢᠨ ᠬᠢᠷᠢ | ᠲᠦᠪᠰᠢᠨ ᠪᠠ ᠠᠮᠢᠳᠤᠷᠠᠯ ᠤᠨ ᠶᠠᠰᠤ ᠴᠢᠨᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠳᠤ ᠠᠰᠢᠭᠲᠠᠢ | ᠪᠠᠶᠢᠳᠠᠭ᠃ | ︽ᠠᠵᠤ ᠠᠬᠤᠶᠢᠯᠠᠯ ᠤᠨ ᠣᠨ ᠤ ᠮᠥᠩᠭᠦ ᠶᠢᠨ ᠠᠷᠭ᠎ᠠ︾ ᠶᠢ ᠭᠤᠣᠯᠳᠠᠭᠤ ᠠᠵᠤ ᠠᠬᠤᠶᠢᠯᠠᠯ ᠵᠢᠴᠢ | ᠠᠵᠢᠯᠲᠠᠨ ᠳᠤ ᠬᠡᠷᠡᠭᠯᠡᠨ᠎ᠡ᠃ ᠲᠣᠳᠣᠷᠬᠠᠶᠢᠯᠠᠬᠤ ᠴᠢᠬᠤᠯᠠᠲᠠᠢ ᠵᠦᠢᠯ ᠭᠡᠪᠡᠯ᠂ ᠣᠯᠠᠨ ᠵᠢᠯ ᠤᠨ ᠥᠭᠡᠷᠡᠴᠢᠯᠡᠯᠲᠡ | ᠬᠥᠭᠵᠢᠯᠲᠡ ᠪᠠᠷ ᠳᠠᠮᠵᠢᠨ᠂ ᠠᠵᠤ ᠠᠬᠤᠶᠢᠯᠠᠯ ᠤᠨ ᠠᠵᠢᠯᠲᠠᠨ ᠤ ᠦᠨᠳᠦᠰᠦᠨ ᠨᠠᠰᠤᠵᠢᠯ ᠤᠨ ᠳᠠᠭᠠᠳᠬᠠᠯ ᠨᠢ | ᠨᠢᠭᠡᠨᠲᠡ ᠬᠤᠲᠠ ᠬᠥᠳᠡᠭᠡ ᠶᠢᠨ ᠡᠯ᠎ᠡ ᠲᠥᠷᠥᠯ ᠤᠨ ᠠᠵᠤ ᠠᠬᠤᠶᠢᠯᠠᠯ ᠵᠢᠴᠢ ᠠᠵᠢᠯᠲᠠᠨ᠂ ᠨᠡᠶᠢᠭᠡᠮ ᠤᠨ ᠵᠣᠬᠢᠶᠠᠨ | ᠪᠠᠶᠢᠭᠤᠯᠤᠯᠲᠠ ᠵᠢᠴᠢ ᠲᠤᠰᠬᠠᠢ ᠲᠤᠰᠢᠶᠠᠯᠲᠤ ᠠᠵᠢᠯᠲᠠᠨ᠂ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠣᠷᠣᠨ | ᠲᠤᠭ᠎ᠠ ᠠᠴᠠ ᠭᠠᠳᠠᠨᠠᠬᠢ ᠠᠵᠢᠯᠲᠠᠨ ᠵᠡᠷᠭᠡ ᠶᠢ ᠬᠠᠮᠤᠷᠴᠠᠢ᠃ ︽ᠠᠷᠭ᠎ᠠ︾ ᠳᠤ᠂ ᠠᠵᠤ ᠠᠬᠤᠶᠢᠯᠠᠯ ᠤᠨ | ᠠᠵᠢᠯᠲᠠᠨ ᠤ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠪᠤᠰᠤᠳ ᠬᠥᠮᠥᠨ ᠬᠡᠷᠡᠭᠯᠡᠬᠦ ᠨᠢᠭᠡᠴᠢ | ᠵᠢᠴᠢ ᠠᠵᠢᠯᠲᠠᠨ ᠬᠡᠷᠪᠡ ᠨᠥᠬᠦᠪᠦᠷᠢ ᠨᠠᠰᠤᠵᠢᠯ ᠤᠨ ᠳᠠᠭᠠᠳᠬᠠᠯ ᠪᠠᠶᠢᠭᠤᠯᠤᠭᠰᠠᠨ ᠪᠣᠯ᠂ ᠲᠤᠰ ᠠᠷᠭ᠎ᠠ ᠪᠠᠷ | ᠯᠠᠪᠯᠠᠯᠲᠠ ᠪᠣᠯᠭᠠᠨ ᠬᠡᠷᠡᠭᠵᠢᠭᠦᠯᠦᠨ᠎ᠡ ᠭᠡᠵᠦ ᠲᠣᠭᠲᠠᠭᠠᠪᠠ᠃ ᠡᠶᠢᠮᠦ ᠠᠴᠠ᠂ ᠭᠠᠭᠴᠠ ᠬᠦ ᠠᠵᠤ ᠠᠬᠤᠶᠢᠯᠠᠯ ᠤᠨ | ᠠᠵᠢᠯᠲᠠᠨ ᠤ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠬᠥᠮᠥᠨ ᠡᠯᠰᠡᠨ ᠬᠡᠷᠡᠭᠯᠡᠬᠦ ᠨᠢᠭᠡᠴᠢ ᠵᠢᠴᠢ | ᠠᠵᠢᠯᠲᠠᠨ ᠪᠦᠷ ᠠᠵᠤ ᠠᠬᠤᠶᠢᠯᠠᠯ ᠤᠨ ᠣᠨ ᠤ ᠮᠥᠩᠭᠦ ᠶᠢᠨ ᠳᠦᠷᠢᠮ ᠪᠠᠶᠢᠭᠤᠯᠵᠤ ᠪᠣᠯᠣᠨ᠎ᠠ᠃ | ᠠᠰᠠᠭᠤᠯᠲᠠ᠄ ᠠᠵᠤ ᠠᠬᠤᠶᠢᠯᠠᠯ ᠤᠨ ᠣᠨ ᠤ ᠮᠥᠩᠭᠦ ᠳᠤ ᠶᠠᠮᠠᠷ ᠬᠡᠯᠪᠡᠷᠢ ᠶᠢᠨ ᠬᠠᠮᠢᠶᠠᠷᠤᠯᠲᠠ ᠶᠢᠨ | ᠵᠠᠭᠪᠤᠷ ᠢ ᠬᠡᠷᠡᠭᠯᠡᠬᠦ ᠪᠣᠢ︖ | ᠬᠠᠷᠢᠭᠤᠯᠲᠠ᠄ ᠠᠵᠤ ᠠᠬᠤᠶᠢᠯᠠᠯ ᠤᠨ ᠣᠨ ᠤ ᠮᠥᠩᠭᠦ ᠨᠢ ᠪᠦᠷᠢᠨ ᠬᠤᠷᠠᠮᠳᠤᠭᠤᠯᠤᠯ ᠢ ᠬᠡᠷᠡᠭᠵᠢᠭᠦᠯᠵᠦ᠂ | ᠠᠵᠤ ᠠᠬᠤᠶᠢᠯᠠᠯ ᠤᠨ ᠣᠨ ᠤ ᠮᠥᠩᠭᠦ ᠳᠤ ᠣᠷᠣᠯᠴᠠᠭᠰᠠᠨ ᠠᠵᠢᠯᠲᠠᠨ ᠨᠢᠭᠡᠪᠦᠷᠢ ᠳᠤ ᠠᠵᠤ ᠠᠬᠤᠶᠢᠯᠠᠯ ᠤᠨ ᠣᠨ ᠤ | ᠮᠥᠩᠭᠦ ᠶᠢᠨ ᠬᠤᠪᠢ ᠬᠥᠮᠥᠨ ᠤ ᠳᠠᠩᠰᠠᠨ ᠡᠷᠦᠬᠡ ᠪᠠᠶᠢᠭᠤᠯᠵᠤ ᠥᠭᠭᠦᠨ᠎ᠡ᠃ ᠠᠵᠢᠯᠲᠠᠨ ᠤ ᠠᠵᠤ ᠠᠬᠤᠶᠢᠯᠠᠯ ᠤᠨ | ᠣᠨ ᠤ ᠮᠥᠩᠭᠦ ᠶᠢᠨ ᠬᠤᠪᠢ ᠬᠥᠮᠥᠨ ᠤ ᠳᠠᠩᠰᠠᠨ ᠡᠷᠦᠬᠡ ᠶᠢᠨ ᠳᠣᠣᠷ᠎ᠠ ᠠᠵᠤ ᠠᠬᠤᠶᠢᠯᠠᠯ ᠤᠨ ᠰᠦᠢᠳᠬᠡᠯ | ᠲᠤᠰᠢᠶᠠᠬᠤ ᠳᠡᠳ᠋ ᠳᠠᠩᠰᠠᠨ ᠡᠷᠦᠬᠡ ᠪᠠ ᠬᠤᠪᠢ ᠬᠥᠮᠥᠨ ᠤ ᠰᠦᠢᠳᠬᠡᠯ ᠲᠤᠰᠢᠶᠠᠬᠤ ᠳᠡᠳ᠋ ᠳᠠᠩᠰᠠᠨ ᠡᠷᠦᠬᠡ | ᠲᠣᠬᠢᠷᠠᠭᠤᠯᠵᠤ᠂ ᠠᠵᠤ ᠠᠬᠤᠶᠢᠯᠠᠯ ᠤᠨ ᠲᠤᠰᠢᠶᠠᠭᠰᠠᠨ ᠰᠦᠢᠳᠬᠡᠯ ᠳᠣᠲᠣᠷᠠᠬᠢ ᠬᠤᠪᠢ ᠬᠥᠮᠥᠨ ᠳᠤ ᠬᠤᠪᠢᠶᠠᠷᠢᠯᠠᠨ | ᠥᠭᠭᠦᠭᠰᠡᠨ ᠬᠡᠰᠡᠭ ᠬᠢᠭᠡᠳ ᠪᠡᠯᠡ ᠣᠷᠣᠭᠤᠯᠤᠭᠰᠠᠨ ᠠᠰᠢᠭ ᠣᠷᠣᠯᠭ᠎ᠠ᠂ ᠵᠢᠴᠢ ᠬᠤᠪᠢ ᠬᠥᠮᠥᠨ ᠤ ᠲᠤᠰᠢᠶᠠᠭᠰᠠᠨ | ᠰᠦᠢᠳᠬᠡᠯ ᠬᠢᠭᠡᠳ ᠪᠡᠯᠡ ᠣᠷᠣᠭᠤᠯᠤᠭᠰᠠᠨ ᠠᠰᠢᠭ ᠣᠷᠣᠯᠭ᠎ᠠ ᠶᠢ ᠲᠤᠰ ᠲᠤᠰ ᠲᠤ ᠨᠢ ᠲᠡᠮᠳᠡᠭᠯᠡᠨ᠎ᠡ᠃ ᠠᠵᠤ | ᠠᠬᠤᠶᠢᠯᠠᠯ ᠤᠨ ᠣᠨ ᠤ ᠮᠥᠩᠭᠦ ᠶᠢᠨ ᠰᠠᠭᠤᠷᠢ ᠮᠥᠩᠭᠦ ᠶᠢ ᠤᠯᠤᠰ ᠤᠨ ᠬᠠᠮᠢᠶ᠎ᠠ ᠪᠦᠬᠦᠢ ᠲᠣᠭᠲᠠᠭᠠᠯ ᠶᠣᠰᠣᠭᠠᠷ | ᠪᠡᠯᠡ ᠣᠷᠣᠭᠤᠯᠤᠨ ᠠᠵᠢᠯᠯᠠᠭᠤᠯᠵᠤ᠂ ᠪᠡᠯᠡ ᠣᠷᠣᠭᠤᠯᠤᠨ ᠠᠵᠢᠯᠯᠠᠭᠤᠯᠤᠭᠰᠠᠨ ᠠᠰᠢᠭ ᠣᠷᠣᠯᠭ᠎ᠠ ᠶᠢ ᠠᠵᠤ | ᠠᠬᠤᠶᠢᠯᠠᠯ ᠤᠨ ᠣᠨ ᠤ ᠮᠥᠩᠭᠦ ᠶᠢᠨ ᠰᠠᠭᠤᠷᠢ ᠮᠥᠩᠭᠦ ᠳᠤ ᠨᠡᠶᠢᠯᠡᠭᠦᠯᠦᠨ ᠣᠷᠣᠭᠤᠯᠤᠨ᠎ᠠ᠃ | ᠠᠰᠠᠭᠤᠯᠲᠠ᠄ ᠠᠵᠤ ᠠᠬᠤᠶᠢᠯᠠᠯ ᠤᠨ ᠣᠨ ᠤ ᠮᠥᠩᠭᠦ ᠶᠢ ᠪᠠᠶᠢᠭᠤᠯᠬᠤ ᠳᠤ ᠶᠠᠮᠠᠷ ᠶᠠᠮᠠᠷ ᠨᠥᠬᠦᠴᠡᠯ ᠪᠠ ᠳᠡᠰ | ᠳᠠᠷᠠᠭᠠᠯᠠᠯ ᠪᠠᠶᠢᠬᠤ ᠪᠣᠢ︖ | ᠬᠠᠷᠢᠭᠤᠯᠲᠠ᠄ ᠠᠵᠤ ᠠᠬᠤᠶᠢᠯᠠᠯ ᠪᠠ ᠠᠵᠢᠯᠲᠠᠨ ᠠᠵᠤ ᠠᠬᠤᠶᠢᠯᠠᠯ ᠤᠨ ᠣᠨ ᠤ ᠮᠥᠩᠭᠦ ᠪᠠᠶᠢᠭᠤᠯᠬᠤ ᠳᠤ᠂ | ᠬᠠᠤᠯᠢ ᠶᠣᠰᠣᠭᠠᠷ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠬᠤ ᠶᠢᠨ ᠬᠠᠮᠲᠤ ᠰᠦᠢᠳᠬᠡᠯ ᠲᠤᠰᠢᠶᠠᠬᠤ | ᠡᠭᠦᠷᠭᠡ ᠪᠠᠨ ᠭᠦᠢᠴᠡᠳᠬᠡᠬᠦ ᠬᠡᠷᠡᠭᠲᠡᠢ᠂ ᠠᠵᠤ ᠠᠬᠤᠶᠢᠯᠠᠯ ᠳᠤ ᠲᠣᠬᠢᠷᠠᠯᠴᠠᠭᠰᠠᠨ ᠠᠵᠤ ᠠᠬᠤᠢ ᠶᠢᠨ ᠳᠠᠷᠤᠭᠠᠰᠤ ᠶᠢ | ᠡᠭᠦᠷᠭᠡᠯᠡᠬᠦ ᠴᠢᠳᠠᠪᠤᠷᠢ ᠪᠠᠶᠢᠬᠤ ᠬᠡᠷᠡᠭᠲᠡᠢ᠃ | ᠠᠵᠤ ᠠᠬᠤᠶᠢᠯᠠᠯ ᠪᠠ ᠠᠵᠢᠯᠲᠠᠨ ᠤ ᠨᠢᠭᠡ ᠲᠠᠯ᠎ᠠ ᠶᠢᠨ ᠬᠢᠨ ᠨᠡᠶᠢᠲᠡ ᠪᠠᠷ ᠢᠶᠠᠨ ᠵᠥᠪᠳᠡᠯᠴᠡᠬᠦ ᠪᠠᠷ ᠳᠠᠮᠵᠢᠨ | ᠠᠵᠤ ᠠᠬᠤᠶᠢᠯᠠᠯ ᠤᠨ ᠣᠨ ᠤ ᠮᠥᠩᠭᠦ ᠪᠠᠶᠢᠭᠤᠯᠬᠤ ᠪᠠᠷ ᠲᠣᠭᠲᠠᠭᠰᠠᠨ ᠤ ᠳᠠᠷᠠᠭ᠎ᠠ᠂ ᠠᠵᠤ ᠠᠬᠤᠶᠢᠯᠠᠯ ᠤᠨ ᠣᠨ ᠤ | ᠮᠥᠩᠭᠦ ᠶᠢᠨ ᠲᠥᠰᠥᠯ ᠢ ᠲᠣᠭᠲᠠᠭᠠᠨ᠎ᠠ᠃ ᠠᠵᠤ ᠠᠬᠤᠶᠢᠯᠠᠯ ᠤᠨ ᠣᠨ ᠤ ᠮᠥᠩᠭᠦ ᠶᠢᠨ ᠲᠥᠰᠥᠯ ᠢ ᠠᠵᠢᠯᠲᠠᠨ ᠤ | ᠶᠡᠭᠡ ᠬᠤᠷᠠᠯ ᠪᠤᠶᠤ ᠠᠵᠢᠯᠲᠠᠨ ᠤ ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠭᠦᠯᠵᠦ ᠶᠠᠷᠢᠯᠴᠠᠭᠤᠯᠤᠨ | ᠪᠠᠲᠤᠯᠠᠭᠤᠯᠬᠤ ᠶᠢᠨ ᠬᠠᠮᠲᠤ᠂ ᠪᠠᠶᠢᠭ᠎ᠠ ᠭᠠᠵᠠᠷ ᠤᠨ ᠰᠢᠶᠠᠨ ᠤ ᠱᠠᠲᠤᠨ ᠠᠴᠠ ᠳᠡᠭᠡᠭᠰᠢᠬᠢ ᠬᠥᠮᠥᠨ ᠤ ᠬᠦᠴᠦᠨ ᠤ | ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃ | ᠠᠵᠤ ᠠᠬᠤᠶᠢᠯᠠᠯ ᠤᠨ ᠣᠨ ᠤ ᠮᠥᠩᠭᠦ ᠨᠢ ᠢᠲᠡᠭᠡᠮᠵᠢ ᠶᠢᠨ ᠬᠠᠤᠯᠢ ᠶᠢᠨ ᠵᠠᠷᠴᠢᠮ ᠢ ᠵᠢᠷᠤᠮᠯᠠᠨ᠎ᠠ᠃ ᠠᠵᠤ | ᠠᠬᠤᠶᠢᠯᠠᠯ ᠤᠨ ᠣᠨ ᠤ ᠮᠥᠩᠭᠦ ᠶᠢᠨ ᠲᠥᠰᠥᠯ ᠢ ᠳᠠᠩᠰᠠᠯᠠᠭᠤᠯᠤᠭᠰᠠᠨ ᠤ ᠳᠠᠷᠠᠭ᠎ᠠ᠂ ᠠᠵᠤ ᠠᠬᠤᠶᠢᠯᠠᠯ ᠪᠠ | ᠠᠵᠢᠯᠲᠠᠨ ︵ᠬᠠᠮᠲᠤᠷᠠᠭᠤᠯᠤᠭᠠᠳ ᠨᠠᠶᠢᠳᠠᠭᠴᠢ ᠭᠡᠵᠦ ᠨᠡᠷᠡᠯᠡᠨ᠎ᠡ︶ ᠠᠵᠤ ᠠᠬᠤᠶᠢᠯᠠᠯ ᠤᠨ ᠣᠨ ᠤ ᠮᠥᠩᠭᠦ ᠶᠢᠨ | ᠨᠠᠶᠢᠳᠠᠯᠭ᠎ᠠ ᠬᠦᠯᠢᠶᠡᠭᠴᠢ ︵ᠤᠯᠤᠰ ᠤᠨ ᠲᠣᠭᠲᠠᠭᠠᠯ ᠳᠤ ᠨᠡᠶᠢᠴᠡᠭᠰᠡᠨ ᠬᠠᠤᠯᠢ ᠶᠢᠨ ᠡᠷᠬᠡᠲᠡᠨ ᠤ ᠨᠠᠶᠢᠳᠠᠯᠭ᠎ᠠ | ᠬᠦᠯᠢᠶᠡᠭᠴᠢ ᠪᠠᠶᠢᠭᠤᠯᠤᠮᠵᠢ ᠪᠤᠶᠤ ᠠᠵᠤ ᠠᠬᠤᠶᠢᠯᠠᠯ ᠤᠨ ᠤᠯᠤᠰ ᠤᠨ ᠲᠣᠭᠲᠠᠭᠠᠯ ᠶᠣᠰᠣᠭᠠᠷ ᠪᠠᠶᠢᠭᠤᠯᠤᠭᠰᠠᠨ | ᠠᠵᠤ ᠠᠬᠤᠶᠢᠯᠠᠯ ᠤᠨ ᠣᠨ ᠤ ᠮᠥᠩᠭᠦ ᠶᠢᠨ ᠭᠦᠢᠴᠡᠳᠬᠡᠬᠦ ᠺᠣᠮᠢᠰ︶ ᠪᠠᠨ ᠰᠣᠩᠭᠤᠨ ᠲᠣᠭᠲᠠᠭᠠᠵᠤ᠂ ᠠᠵᠤ | ᠠᠬᠤᠶᠢᠯᠠᠯ ᠠᠴᠠ ᠨᠠᠶᠢᠳᠠᠭᠴᠢ ᠶᠢ ᠲᠥᠯᠥᠭᠡᠯᠡᠨ ᠨᠠᠶᠢᠳᠠᠯᠭ᠎ᠠ ᠬᠦᠯᠢᠶᠡᠭᠴᠢ ᠲᠠᠢ ᠨᠠᠶᠢᠳᠠᠯᠭ᠎ᠠ ᠬᠦᠯᠢᠶᠡᠬᠦ | ᠬᠠᠮᠢᠶᠠᠷᠤᠯᠲᠠ ᠶᠢᠨ ᠭᠡᠷ᠎ᠡ ᠲᠣᠭᠲᠠᠬᠤ ᠬᠡᠷᠡᠭᠲᠡᠢ᠃ ᠨᠠᠶᠢᠳᠠᠯᠭ᠎ᠠ ᠬᠦᠯᠢᠶᠡᠬᠦ ᠬᠠᠮᠢᠶᠠᠷᠤᠯᠲᠠ ᠶᠢᠨ ᠭᠡᠷ᠎ᠡ | ᠲᠣᠭᠲᠠᠭᠰᠠᠨ ᠤ ᠳᠠᠷᠠᠭ᠎ᠠ᠂ ᠨᠠᠶᠢᠳᠠᠯᠭ᠎ᠠ ᠬᠦᠯᠢᠶᠡᠭᠴᠢ ᠠᠴᠠ ᠠᠵᠤ ᠠᠬᠤᠶᠢᠯᠠᠯ ᠤᠨ ᠣᠨ ᠤ ᠮᠥᠩᠭᠦ ᠶᠢᠨ | ᠬᠠᠮᠢᠶᠠᠷᠤᠯᠲᠠ ᠶᠢᠨ ᠬᠢᠷᠢ ᠭᠡᠮ ᠲᠠᠢ ᠳᠠᠩᠰᠠᠨ ᠡᠷᠦᠭᠡ ᠶᠢᠨ ᠬᠠᠮᠢᠶᠠᠷᠤᠭᠴᠢ᠂ ᠪᠡᠯᠡ ᠣᠷᠣᠭᠤᠯᠬᠤ ᠶᠢ ᠬᠠᠮᠢᠶᠠᠷᠤᠭᠴᠢ | ᠪᠠ ᠨᠠᠶᠢᠳᠠᠨ ᠬᠠᠮᠢᠶᠠᠷᠤᠭᠴᠢ ᠳᠤ ᠨᠠᠶᠢᠳᠠᠵᠤ᠂ ᠠᠵᠤ ᠠᠬᠤᠶᠢᠯᠠᠯ ᠤᠨ ᠣᠨ ᠤ ᠮᠥᠩᠭᠦ ᠶᠢᠨ ᠰᠠᠭᠤᠷᠢ ᠮᠥᠩᠭᠦ ᠶᠢᠨ | ᠳᠠᠩᠰᠠᠨ ᠡᠷᠦᠭᠡ ᠶᠢᠨ ᠬᠠᠮᠢᠶᠠᠷᠤᠯᠲᠠ᠂ ᠪᠡᠯᠡ ᠣᠷᠣᠭᠤᠯᠤᠨ ᠠᠵᠢᠯᠯᠠᠭᠤᠯᠬᠤ ᠪᠠ ᠨᠠᠶᠢᠳᠠᠨ ᠬᠠᠮᠢᠶᠠᠷᠬᠤ ᠠᠵᠢᠯ ᠢ | ᠬᠠᠷᠢᠭᠤᠴᠠᠭᠤᠯᠬᠤ ᠬᠡᠷᠡᠭᠲᠡᠢ᠃ ᠠᠵᠤ ᠠᠬᠤᠶᠢᠯᠠᠯ ᠤᠨ ᠣᠨ ᠤ ᠮᠥᠩᠭᠦ ᠶᠢᠨ ᠰᠠᠭᠤᠷᠢ ᠮᠥᠩᠭᠦᠨ ᠤ ᠬᠠᠮᠢᠶᠠᠷᠤᠭᠴᠢ | ᠨᠢ ᠤᠯᠤᠰ ᠤᠨ ᠲᠣᠭᠲᠠᠭᠠᠯ ᠶᠣᠰᠣᠭᠠᠷ ᠠᠵᠢᠯ ᠬᠤᠪᠢᠳᠠᠨ ᠬᠠᠮᠵᠢᠯᠴᠠᠨ ᠠᠵᠢᠯᠯᠠᠵᠤ᠂ ᠬᠠᠮᠲᠤ ᠪᠠᠷ ᠠᠵᠤ | ᠠᠬᠤᠶᠢᠯᠠᠯ ᠤᠨ ᠣᠨ ᠤ ᠮᠥᠩᠭᠦ ᠶᠢᠨ ᠰᠠᠭᠤᠷᠢ ᠮᠥᠩᠭᠦ ᠶᠢ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠦᠨ | ᠠᠵᠢᠯᠯᠠᠭᠤᠯᠬᠤ ᠪᠠ ᠥᠷᠲᠡᠭ ᠢ ᠪᠠᠲᠤᠯᠠᠨ ᠥᠷᠲᠡᠭ ᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃ | ᠠᠰᠠᠭᠤᠯᠲᠠ᠄ ᠠᠵᠤ ᠠᠬᠤᠶᠢᠯᠠᠯ ᠤᠨ ᠣᠨ ᠤ ᠮᠥᠩᠭᠦ ᠶᠢᠨ ᠲᠥᠰᠥᠯ ᠨᠢ ᠶᠠᠮᠠᠷ ᠶᠠᠮᠠᠷ ᠠᠭᠤᠯᠭ᠎ᠠ ᠶᠢ | ᠪᠠᠭᠲᠠᠭᠠᠬᠤ ᠪᠣᠢ︖ ᠬᠤᠪᠢᠷᠠᠭᠤᠯᠬᠤ ᠪᠠ ᠵᠣᠭᠰᠣᠭᠠᠵᠤ ᠪᠣᠯᠣᠨ᠎ᠠ ᠦᠦ ᠦᠭᠡᠢ ᠦᠦ︖ | ᠬᠠᠷᠢᠭᠤᠯᠲᠠ᠄ ᠠᠵᠤ ᠠᠬᠤᠶᠢᠯᠠᠯ ᠤᠨ ᠣᠨ ᠤ ᠮᠥᠩᠭᠦ ᠶᠢᠨ ᠲᠥᠰᠥᠯ ᠨᠢ ᠣᠷᠣᠯᠴᠠᠭᠴᠢ᠂ ᠪᠡᠯᠡ ᠮᠥᠩᠭᠦ | ᠴᠤᠭᠯᠠᠭᠤᠯᠬᠤ ᠬᠢᠭᠡᠳ ᠬᠤᠪᠢᠶᠠᠷᠢᠯᠠᠬᠤ ᠬᠠᠷᠢᠴᠠᠯ ᠪᠠ ᠠᠷᠭ᠎ᠠ᠂ ᠳᠠᠩᠰᠠᠨ ᠡᠷᠦᠬᠡ ᠶᠢᠨ ᠬᠠᠮᠢᠶᠠᠷᠤᠯᠲᠠ᠂ ᠡᠷᠬᠡ | ᠠᠰᠢᠭ ᠤᠨ ᠬᠠᠷᠢᠶᠠᠯᠠᠯ᠂ ᠰᠠᠭᠤᠷᠢ ᠮᠥᠩᠭᠦᠨ ᠤ ᠬᠠᠮᠢᠶᠠᠷᠤᠯᠲᠠ᠂ ᠠᠰᠠᠷᠠᠮᠵᠢ ᠬᠠᠷᠠᠭᠠᠯᠵᠠᠯ ᠢ ᠲᠣᠭᠠᠴᠠᠨ ᠣᠯᠭᠤᠬᠤ | ᠪᠠ ᠥᠭᠬᠦ ᠠᠷᠭ᠎ᠠ ᠬᠡᠯᠪᠡᠷᠢ᠂ ᠲᠥᠰᠥᠯ ᠢ ᠬᠤᠪᠢᠷᠠᠭᠤᠯᠬᠤ ᠪᠠ ᠵᠣᠭᠰᠣᠭᠠᠬᠤ᠂ ᠵᠣᠬᠢᠶᠠᠨ ᠪᠠᠶᠢᠭᠤᠯᠤᠯᠲᠠ ᠶᠢᠨ | ᠬᠠᠮᠢᠶᠠᠷᠤᠯᠲᠠ ᠪᠠ ᠬᠢᠨᠠᠯᠲᠠ ᠲᠠᠯᠪᠢᠬᠤ ᠠᠷᠭ᠎ᠠ ᠬᠡᠯᠪᠡᠷᠢ᠂ ᠬᠤᠶᠠᠷ ᠲᠠᠯ᠎ᠠ ᠪᠠᠷ ᠢᠶᠠᠨ ᠲᠣᠬᠢᠷᠠᠯᠴᠠᠭᠰᠠᠨ ᠪᠤᠰᠤᠳ | ᠵᠦᠢᠯᠡᠰ ᠵᠡᠷᠭᠡ ᠠᠭᠤᠯᠭ᠎ᠠ ᠶᠢ ᠪᠠᠭᠲᠠᠭᠠᠨ᠎ᠠ᠃ | ᠦᠢᠯᠡᠳᠦᠯᠭᠡ ᠶᠢᠨ ᠳᠤᠮᠳᠠ᠂ ᠠᠵᠤ ᠠᠬᠤᠶᠢᠯᠠᠯ ᠳᠤ ᠦᠨᠡᠨ ᠬᠦ ᠠᠵᠤ ᠠᠬᠤᠶᠢᠯᠠᠯ ᠤᠨ ᠣᠨ ᠤ ᠮᠥᠩᠭᠦ ᠶᠢᠨ | ᠲᠥᠰᠥᠯ ᠢ ᠬᠤᠪᠢᠷᠠᠭᠤᠯᠬᠤ ᠪᠠ ᠵᠣᠭᠰᠣᠭᠠᠬᠤ ᠱᠠᠭᠠᠷᠳᠠᠯᠭ᠎ᠠ ᠪᠠᠶᠢᠳᠠᠭ᠃ ︽ᠠᠷᠭ᠎ᠠ︾ ᠳᠤ᠂ ᠠᠵᠤ ᠠᠬᠤᠶᠢᠯᠠᠯ | ᠬᠢᠭᠡᠳ ᠠᠵᠢᠯᠲᠠᠨ ᠤ ᠨᠢᠭᠡ ᠲᠠᠯ᠎ᠠ ᠶᠢᠨ ᠬᠢᠨ ᠲᠤᠰ ᠠᠵᠤ ᠠᠬᠤᠶᠢᠯᠠᠯ ᠤᠨ ᠢᠶᠠᠨ ᠪᠠᠶᠢᠳᠠᠯ ᠢ ᠦᠨᠳᠦᠰᠦᠯᠡᠵᠦ᠂ | ᠤᠯᠤᠰ ᠤᠨ ᠲᠥᠷᠥ ᠶᠢᠨ ᠪᠣᠳᠣᠯᠭ᠎ᠠ ᠲᠣᠭᠲᠠᠭᠠᠯ ᠶᠣᠰᠣᠭᠠᠷ᠂ ᠵᠥᠪᠳᠡᠯᠴᠡᠨ ᠰᠠᠨᠠᠯ ᠨᠢᠭᠡᠳᠬᠦ ᠪᠠᠷ ᠳᠠᠮᠵᠢᠨ᠂ ᠠᠵᠤ | ᠠᠬᠤᠶᠢᠯᠠᠯ ᠤᠨ ᠣᠨ ᠤ ᠮᠥᠩᠭᠦ ᠶᠢᠨ ᠲᠥᠰᠥᠯ ᠢ ᠬᠤᠪᠢᠷᠠᠭᠤᠯᠵᠤ ᠪᠣᠯᠣᠨ᠎ᠠ᠃ ᠠᠵᠤ ᠠᠬᠤᠶᠢᠯᠠᠯ ᠨᠢ ᠬᠠᠤᠯᠢ | ᠶᠣᠰᠣᠭᠠᠷ ᠲᠠᠷᠬᠠᠭᠠᠭᠰᠠᠨ᠂ ᠬᠠᠤᠯᠢ ᠶᠣᠰᠣᠭᠠᠷ ᠲᠠᠲᠠᠨ ᠪᠠᠭᠤᠯᠭᠠᠭᠳᠠᠭᠰᠠᠨ᠂ ᠬᠠᠤᠯᠢ ᠶᠣᠰᠣᠭᠠᠷ ᠳᠠᠮᠫᠤᠷᠠᠭᠰᠠᠨ ᠢᠶᠠᠷ | ᠲᠤᠩᠬᠠᠭᠯᠠᠭᠳᠠᠭᠰᠠᠨ ᠪᠤᠶᠤ ᠳᠠᠪᠠᠭᠳᠠᠰᠢ ᠦᠭᠡᠢ ᠬᠦᠴᠦᠨ ᠵᠦᠢᠯ ᠠᠴᠠ ᠪᠣᠯᠣᠭᠰᠠᠨ ᠵᠡᠷᠭᠡ ᠰᠢᠯᠲᠠᠭᠠᠨ ᠠᠴᠠ ᠪᠣᠯᠵᠤ | ᠠᠵᠤ ᠠᠬᠤᠶᠢᠯᠠᠯ ᠤᠨ ᠣᠨ ᠤ ᠮᠥᠩᠭᠦ ᠶᠢᠨ ᠲᠥᠰᠥᠯ ᠢ ᠭᠦᠢᠴᠡᠳᠬᠡᠬᠦ ᠶᠢᠨ ᠠᠷᠭ᠎ᠠ ᠦᠭᠡᠢ ᠪᠣᠯᠣᠭᠰᠠᠨ᠂ ᠵᠢᠴᠢ | ᠠᠵᠤ ᠠᠬᠤᠶᠢᠯᠠᠯ ᠤᠨ ᠣᠨ ᠤ ᠮᠥᠩᠭᠦ ᠶᠢᠨ ᠲᠥᠰᠥᠯ ᠳᠤ ᠬᠡᠯᠡᠯᠴᠡᠨ ᠲᠣᠭᠲᠠᠭᠰᠠᠨ ᠪᠤᠰᠤᠳ ᠵᠣᠭᠰᠣᠭᠠᠬᠤ | ᠨᠥᠬᠦᠴᠡᠯ ᠢᠯᠡᠷᠡᠭᠰᠡᠨ ᠪᠣᠯ᠂ ᠠᠵᠤ ᠠᠬᠤᠶᠢᠯᠠᠯ ᠤᠨ ᠣᠨ ᠤ ᠮᠥᠩᠭᠦ ᠶᠢᠨ ᠲᠥᠰᠥᠯ ᠢ ᠵᠣᠭᠰᠣᠭᠠᠨ᠎ᠠ᠃ ᠠᠵᠤ | ᠠᠬᠤᠶᠢᠯᠠᠯ ᠤᠨ ᠣᠨ ᠤ ᠮᠥᠩᠭᠦ ᠶᠢᠨ ᠲᠥᠰᠥᠯ ᠢ ᠬᠤᠪᠢᠷᠠᠭᠤᠯᠬᠤ ᠪᠠ ᠵᠣᠭᠰᠣᠭᠠᠬᠤ ᠳᠤ ᠱᠠᠭᠠᠷᠳᠠᠭᠳᠠᠬᠤ | ᠮᠠᠲ᠋ᠧᠷᠢᠶᠠᠯ ᠢ ︽ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠠᠯᠪᠠᠨ | ᠲᠢᠩᠬᠢᠮ ᠤᠨ ᠠᠵᠤ ᠠᠬᠤᠶᠢᠯᠠᠯ ᠤᠨ ᠣᠨ ᠤ ᠮᠥᠩᠭᠦ ᠶᠢᠨ ᠲᠥᠰᠥᠯ ᠢ ᠳᠠᠩᠰᠠᠯᠠᠭᠤᠯᠬᠤ ᠠᠵᠢᠯ ᠢ ᠤᠯᠠᠮ ᠨᠢᠭᠡ | ᠠᠯᠬᠤᠮ ᠰᠠᠶᠢᠲᠤᠷ ᠬᠢᠬᠦ ᠲᠤᠬᠠᠢ ᠰᠠᠨᠠᠯ︾ ︵ᠬᠥᠮᠥᠨ ᠨᠡᠶᠢᠭᠡᠮ ᠲᠢᠩᠬᠢᠮ ᠲᠠᠷᠬᠠᠭᠠᠭᠰᠠᠨ ﹇2014﹈ 60 | ᠳ᠋ᠤᠭᠠᠷ ᠲᠣᠭᠠᠲᠤ︶ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠠᠰᠠᠭᠤᠯᠲᠠ᠄ ᠠᠵᠤ ᠠᠬᠤᠶᠢᠯᠠᠯ ᠤᠨ ᠣᠨ ᠤ ᠮᠥᠩᠭᠦ ᠶᠢᠨ ᠪᠡᠯᠡ ᠮᠥᠩᠭᠦ ᠶᠢᠨ ᠢᠷᠡᠯᠲᠡ ᠪᠠ ᠴᠤᠭᠯᠠᠭᠤᠯᠬᠤ | ᠬᠡᠪᠴᠢᠶ᠎ᠡ ᠶᠢ ᠬᠡᠷᠬᠢᠨ ᠲᠣᠭᠲᠠᠭᠠᠭᠰᠠᠨ ᠪᠣᠢ︖ | ᠬᠠᠷᠢᠭᠤᠯᠲᠠ᠄ ᠠᠵᠤ ᠠᠬᠤᠶᠢᠯᠠᠯ ᠤᠨ ᠣᠨ ᠤ ᠮᠥᠩᠭᠦ ᠶᠢᠨ ᠱᠠᠭᠠᠷᠳᠠᠬᠤ ᠰᠦᠢᠳᠬᠡᠯ ᠢ ᠠᠵᠤ ᠠᠬᠤᠶᠢᠯᠠᠯ | ᠪᠠ ᠠᠵᠢᠯᠲᠠᠨ ᠬᠤᠪᠢ ᠬᠥᠮᠥᠨ ᠬᠠᠮᠲᠤ ᠪᠠᠷ ᠲᠤᠰᠢᠶᠠᠨ᠎ᠠ᠃ ᠠᠵᠤ ᠠᠬᠤᠶᠢᠯᠠᠯ ᠤᠨ ᠲᠤᠰᠢᠶᠠᠬᠤ ᠰᠦᠢᠳᠬᠡᠯ ᠨᠢ ᠵᠢᠯ | ᠪᠦᠷᠢ ᠶᠢᠨ ᠲᠤᠰ ᠠᠵᠤ ᠠᠬᠤᠶᠢᠯᠠᠯ ᠤᠨ ᠠᠵᠢᠯᠲᠠᠨ ᠤ ᠴᠠᠯᠢᠩ ᠤᠨ ᠶᠡᠷᠦᠩᠬᠡᠢ ᠲᠣᠭᠠᠨ ᠤ 8% ᠶᠢ ᠬᠡᠲᠦᠷᠡᠬᠦ | ᠦᠭᠡᠢ᠂ ᠠᠵᠤ ᠠᠬᠤᠶᠢᠯᠠᠯ ᠪᠠ ᠠᠵᠢᠯᠲᠠᠨ ᠬᠤᠪᠢ ᠬᠥᠮᠥᠨ ᠤ ᠲᠤᠰᠢᠶᠠᠬᠤ ᠰᠦᠢᠳᠬᠡᠯ ᠤᠨ ᠨᠡᠶᠢᠯᠡᠪᠦᠷᠢ ᠨᠢ ᠠᠵᠤ | ᠠᠬᠤᠶᠢᠯᠠᠯ ᠤᠨ ᠠᠵᠢᠯᠲᠠᠨ ᠤ ᠴᠠᠯᠢᠩ ᠤᠨ ᠶᠡᠷᠦᠩᠬᠡᠢ ᠲᠣᠭᠠᠨ ᠤ 12% ᠶᠢ ᠬᠡᠲᠦᠷᠡᠬᠦ ᠦᠭᠡᠢ᠃ ᠪᠣᠳᠠᠲᠠᠢ | ᠱᠠᠭᠠᠷᠳᠠᠬᠤ ᠰᠦᠢᠳᠬᠡᠯ ᠢ ᠠᠵᠤ ᠠᠬᠤᠶᠢᠯᠠᠯ ᠪᠠ ᠠᠵᠢᠯᠲᠠᠨ ᠤ ᠨᠢᠭᠡ ᠲᠠᠯ᠎ᠠ ᠶᠢᠨ ᠬᠢᠨ ᠵᠥᠪᠳᠡᠯᠴᠡᠨ | ᠲᠣᠭᠲᠠᠭᠠᠨ᠎ᠠ᠃ | ᠠᠵᠢᠯᠲᠠᠨ ᠬᠤᠪᠢ ᠬᠥᠮᠥᠨ ᠤ ᠲᠤᠰᠢᠶᠠᠬᠤ ᠰᠦᠢᠳᠬᠡᠯ ᠢ ᠠᠵᠤ ᠠᠬᠤᠶᠢᠯᠠᠯ ᠠᠴᠠ ᠠᠵᠢᠯᠲᠠᠨ ᠬᠤᠪᠢ | ᠬᠥᠮᠥᠨ ᠤ ᠴᠠᠯᠢᠩ ᠠᠴᠠ ᠣᠷᠣᠯᠠᠨ ᠬᠠᠰᠤᠵᠤ ᠣᠷᠣᠯᠠᠨ ᠲᠤᠰᠢᠶᠠᠨ᠎ᠠ᠃ | ᠠᠰᠠᠭᠤᠯᠲᠠ᠄ ᠠᠵᠤ ᠠᠬᠤᠶᠢᠯᠠᠯ ᠤᠨ ᠣᠨ ᠤ ᠮᠥᠩᠭᠦ ᠶᠢᠨ ᠲᠤᠰᠢᠶᠠᠬᠤ ᠰᠦᠢᠳᠬᠡᠯ ᠢ ᠬᠡᠷᠬᠢᠨ | ᠬᠤᠪᠢᠶᠠᠷᠢᠯᠠᠬᠤ ᠪᠣᠢ︖ | ᠬᠠᠷᠢᠭᠤᠯᠲᠠ᠄ ᠠᠵᠤ ᠠᠬᠤᠶᠢᠯᠠᠯ ᠤᠨ ᠲᠤᠰᠢᠶᠠᠬᠤ ᠰᠦᠢᠳᠬᠡᠯ ᠢ ᠠᠵᠤ ᠠᠬᠤᠶᠢᠯᠠᠯ ᠤᠨ ᠣᠨ ᠤ | ᠮᠥᠩᠭᠦ ᠶᠢᠨ ᠲᠥᠰᠥᠯ ᠳᠤ ᠲᠣᠭᠲᠠᠭᠠᠭᠰᠠᠨ ᠬᠠᠷᠢᠴᠠᠯ ᠪᠠ ᠠᠷᠭ᠎ᠠ ᠶᠣᠰᠣᠭᠠᠷ ᠠᠵᠢᠯᠲᠠᠨ ᠤ ᠠᠵᠤ ᠠᠬᠤᠶᠢᠯᠠᠯ ᠤᠨ | ᠣᠨ ᠤ ᠮᠥᠩᠭᠦ ᠶᠢᠨ ᠬᠤᠪᠢ ᠬᠥᠮᠥᠨ ᠤ ᠳᠠᠩᠰᠠᠨ ᠡᠷᠦᠬᠡ ᠳᠤ ᠲᠣᠭᠠᠴᠠᠨ ᠣᠷᠣᠭᠤᠯᠵᠤ᠂ ᠠᠵᠢᠯᠲᠠᠨ ᠬᠤᠪᠢ | ᠬᠥᠮᠥᠨ ᠤ ᠲᠤᠰᠢᠶᠠᠬᠤ ᠰᠦᠢᠳᠬᠡᠯ ᠢ ᠲᠤᠰ ᠬᠥᠮᠥᠨ ᠤ ᠠᠵᠤ ᠠᠬᠤᠶᠢᠯᠠᠯ ᠤᠨ ᠣᠨ ᠤ ᠮᠥᠩᠭᠦ ᠶᠢᠨ ᠬᠤᠪᠢ | ᠬᠥᠮᠥᠨ ᠤ ᠳᠠᠩᠰᠠᠨ ᠡᠷᠦᠬᠡ ᠳᠤ ᠲᠣᠭᠠᠴᠠᠨ ᠣᠷᠣᠭᠤᠯᠬᠤ ᠬᠡᠷᠡᠭᠲᠡᠢ᠃ ᠠᠵᠤ ᠠᠬᠤᠶᠢᠯᠠᠯ ᠠᠴᠠ ᠠᠵᠢᠯᠲᠠᠨ ᠤ | ᠠᠵᠢᠯ ᠤᠨ ᠪᠠᠶᠢᠷᠢ᠂ ᠬᠠᠷᠢᠭᠤᠴᠠᠯᠭ᠎ᠠ ᠪᠠ ᠬᠤᠪᠢ ᠨᠡᠮᠡᠷᠢ ᠵᠡᠷᠭᠡ ᠶᠢᠨ ᠠᠳᠠᠯᠢ ᠪᠤᠰᠤ ᠶᠢ ᠦᠨᠳᠦᠰᠦᠯᠡᠵᠦ᠂ ᠠᠵᠤ | ᠠᠬᠤᠶᠢᠯᠠᠯ ᠤᠨ ᠲᠤᠰᠢᠶᠠᠬᠤ ᠰᠦᠢᠳᠬᠡᠯ ᠢ ᠬᠤᠪᠢᠶᠠᠷᠢᠯᠠᠬᠤ ᠦᠶ᠎ᠡ ᠳᠤ ᠵᠣᠬᠢᠬᠤ ᠵᠥᠷᠢᠶ᠎ᠡ ᠲᠠᠢ ᠪᠠᠶᠢᠯᠭᠠᠵᠤ᠂ ᠠᠵᠤ | ᠠᠬᠤᠶᠢᠯᠠᠯ ᠤᠨ ᠣᠨ ᠤ ᠮᠥᠩᠭᠦ ᠶᠢᠨ ᠵᠣᠷᠢᠭᠵᠢᠭᠤᠯᠤᠯ ᠤᠨ ᠦᠢᠯᠡᠳᠦᠯ ᠢ ᠢᠯᠡᠷᠡᠭᠦᠯᠵᠦ ᠪᠣᠯᠣᠨ᠎ᠠ︔ ᠡᠭᠦᠨ ᠤ | ᠬᠠᠮᠲᠤ᠂ ᠡᠷᠬᠡ ᠲᠡᠭᠰᠢ ᠪᠠᠷ ᠨᠡᠶᠢᠲᠡ ᠳᠤ ᠨᠢ ᠬᠠᠷᠠᠭᠠᠯᠵᠠᠵᠤ᠂ ᠵᠥᠷᠢᠶ᠎ᠡ ᠶᠢ ᠡᠵᠡᠮᠳᠡᠨ᠂ ᠠᠵᠤ ᠠᠬᠤᠶᠢᠯᠠᠯ ᠤᠨ | ᠲᠤᠬᠠᠢ ᠶᠢᠨ ᠬᠤᠭᠤᠴᠠᠭᠠᠨ ᠤ ᠲᠤᠰᠢᠶᠠᠭᠰᠠᠨ ᠰᠦᠢᠳᠬᠡᠯ ᠢ ᠠᠵᠢᠯᠲᠠᠨ ᠤ ᠠᠵᠤ ᠠᠬᠤᠶᠢᠯᠠᠯ ᠤᠨ ᠣᠨ ᠤ | ᠮᠥᠩᠭᠦ ᠶᠢᠨ ᠬᠤᠪᠢ ᠬᠥᠮᠥᠨ ᠤ ᠳᠠᠩᠰᠠᠨ ᠡᠷᠦᠬᠡ ᠳᠤ ᠲᠣᠭᠠᠴᠠᠨ ᠣᠷᠣᠭᠤᠯᠬᠤ ᠬᠠᠮᠤᠭ ᠤᠨ ᠥᠨᠳᠥᠷ ᠲᠤᠭ᠎ᠠ ᠶᠢ | ᠳᠤᠮᠳᠠᠴᠢ ᠲᠣᠭᠠᠨ ᠤ 5 ᠲᠠᠬᠢᠨ ᠠᠴᠠ ᠬᠡᠲᠦᠷᠡᠭᠦᠯᠵᠦ ᠪᠣᠯᠬᠤ ᠦᠭᠡᠢ᠃ | ᠠᠰᠠᠭᠤᠯᠲᠠ᠄ ᠠᠵᠤ ᠠᠬᠤᠶᠢᠯᠠᠯ ᠤᠨ ᠲᠤᠰᠢᠶᠠᠬᠤ ᠰᠦᠢᠳᠬᠡᠯ ᠢ ᠵᠣᠭᠰᠣᠭᠠᠵᠤ ᠪᠣᠯᠣᠨ᠎ᠠ ᠦᠦ ᠦᠭᠡᠢ ᠦᠦ︖ | ᠲᠤᠰᠢᠶᠠᠬᠤ ᠰᠦᠢᠳᠬᠡᠯ ᠢ ᠰᠡᠷᠭᠦᠭᠡᠬᠦ ᠪᠠ ᠨᠥᠬᠦᠵᠦ ᠲᠤᠰᠢᠶᠠᠬᠤ ᠲᠤᠬᠠᠢ ᠲᠣᠭᠲᠠᠭᠠᠯ ᠪᠠᠶᠢᠨ᠎ᠠ ᠦᠦ︖ | ᠬᠠᠷᠢᠭᠤᠯᠲᠠ᠄ ︽ᠠᠷᠭ᠎ᠠ︾ ᠳᠤ᠂ ᠠᠵᠤ ᠠᠬᠤᠶᠢᠯᠠᠯ ᠤᠨ ᠡᠵᠡᠩᠨᠡᠯᠲᠡ ᠳᠤ ᠠᠯᠳᠠᠭᠳᠠᠯ ᠭᠠᠷᠤᠭᠰᠠᠨ᠂ | ᠳᠠᠬᠢᠨ ᠵᠣᠬᠢᠶᠠᠨ ᠪᠠᠶᠢᠭᠤᠯᠵᠤ ᠨᠡᠶᠢᠯᠡᠭᠦᠯᠦᠨ ᠬᠤᠳᠠᠯᠳᠤᠵᠤ ᠠᠪᠤᠭᠰᠠᠨ ᠵᠡᠷᠭᠡ ᠪᠠᠶᠢᠳᠠᠯ ᠳᠣᠣᠷ᠎ᠠ᠂ ᠠᠵᠢᠯᠲᠠᠨ ᠤ | ᠲᠠᠯ᠎ᠠ ᠶᠢᠨ ᠬᠢᠨ ᠲᠠᠢ ᠵᠥᠪᠳᠡᠯᠴᠡᠬᠦ ᠪᠠᠷ ᠳᠠᠮᠵᠢᠨ᠂ ᠲᠤᠰᠢᠶᠠᠬᠤ ᠰᠦᠢᠳᠬᠡᠯ ᠢᠶᠠᠨ ᠵᠣᠭᠰᠣᠭᠠᠵᠤ ᠪᠣᠯᠣᠨ᠎ᠠ᠃ | ᠦᠷᠭᠦᠯᠵᠢᠯᠡᠨ ᠰᠦᠢᠳᠬᠡᠯ ᠲᠤᠰᠢᠶᠠᠵᠤ ᠳᠡᠶᠢᠯᠬᠦ ᠦᠭᠡᠢ ᠪᠠᠶᠢᠳᠠᠯ ᠠᠷᠢᠯᠤᠭᠰᠠᠨ ᠤ ᠳᠠᠷᠠᠭ᠎ᠠ᠂ ᠠᠵᠤ ᠠᠬᠤᠶᠢᠯᠠᠯ ᠪᠠ | ᠠᠵᠢᠯᠲᠠᠨ ᠲᠤᠰᠢᠶᠠᠬᠤ ᠰᠦᠢᠳᠬᠡᠯ ᠢᠶᠠᠨ ᠰᠡᠷᠭᠦᠭᠡᠨ ᠲᠤᠰᠢᠶᠠᠬᠤ ᠶᠢᠨ ᠬᠠᠮᠲᠤ᠂ ᠲᠤᠰ ᠠᠵᠤ ᠠᠬᠤᠶᠢᠯᠠᠯ ᠤᠨ ᠢᠶᠠᠨ | ᠪᠣᠳᠠᠲᠤ ᠪᠠᠶᠢᠳᠠᠯ ᠢ ᠦᠨᠳᠦᠰᠦᠯᠡᠨ᠂ ᠲᠤᠰᠢᠶᠠᠬᠤ ᠰᠦᠢᠳᠬᠡᠯ ᠢᠶᠠᠨ ᠲᠠᠰᠤᠯᠳᠠᠭᠤᠯᠬᠤ ᠦᠶ᠎ᠡ ᠶᠢᠨ ᠠᠵᠤ | ᠠᠬᠤᠶᠢᠯᠠᠯ ᠤᠨ ᠣᠨ ᠤ ᠮᠥᠩᠭᠦ ᠶᠢᠨ ᠲᠥᠰᠥᠯ ᠶᠣᠰᠣᠭᠠᠷ ᠨᠥᠬᠦᠨ ᠲᠤᠰᠢᠶᠠᠵᠤ᠂ ᠨᠥᠬᠦᠨ ᠲᠤᠰᠢᠶᠠᠬᠤ ᠵᠢᠯ ᠤᠨ | ᠬᠢᠵᠠᠭᠠᠷ ᠪᠠ ᠲᠤᠭ᠎ᠠ ᠨᠢ ᠪᠣᠳᠠᠲᠠᠢ ᠲᠠᠰᠤᠯᠳᠠᠭᠰᠠᠨ ᠵᠢᠯ ᠤᠨ ᠬᠢᠵᠠᠭᠠᠷ ᠪᠠ ᠵᠣᠭᠤᠰ ᠤᠨ ᠲᠤᠭ᠎ᠠ ᠶᠢ ᠬᠡᠲᠦᠷᠡᠵᠦ | ᠪᠣᠯᠬᠤ ᠦᠭᠡᠢ ᠭᠡᠵᠦ ᠲᠣᠳᠣᠷᠬᠠᠶᠢᠯᠠᠪᠠ᠃ ᠢᠩᠭᠢᠵᠦ ᠲᠣᠭᠲᠠᠭᠠᠭᠰᠠᠨ ᠨᠢ᠂ ᠠᠵᠤ ᠠᠬᠤᠶᠢᠯᠠᠯ ᠤᠨ ᠣᠨ ᠤ | ᠮᠥᠩᠭᠦ ᠶᠢ ᠠᠵᠢᠯᠯᠠᠭᠤᠯᠬᠤ ᠪᠣᠳᠠᠳᠤ ᠪᠠᠶᠢᠳᠠᠯ ᠲᠠᠢ ᠨᠡᠶᠢᠴᠡᠵᠦ᠂ ᠠᠵᠤ ᠠᠬᠤᠶᠢᠯᠠᠯ ᠤᠨ ᠣᠨ ᠤ ᠮᠥᠩᠭᠦ ᠶᠢᠨ | ᠳᠦᠷᠢᠮ ᠤᠨ ᠠᠮᠢᠳᠤᠯᠢᠭ ᠴᠢᠨᠠᠷ᠂ ᠵᠢᠴᠢ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠠᠶᠢᠷᠢ | ᠰᠠᠭᠤᠷᠢ ᠶᠢ ᠬᠦᠨᠳᠦᠳᠬᠡᠬᠦ ᠪᠠ ᠬᠠᠷᠠᠭᠠᠯᠵᠠᠵᠤ ᠪᠠᠶᠢᠬᠤ ᠶᠢ ᠢᠯᠡᠷᠡᠭᠦᠯᠬᠦ ᠪᠠᠷ ᠪᠠᠷᠠᠬᠤ ᠦᠭᠡᠢ᠂ ᠠᠵᠤ ᠠᠬᠤᠶᠢᠯᠠᠯ | ᠬᠢᠭᠡᠳ ᠠᠵᠢᠯᠲᠠᠨ ᠤ ᠲᠤᠰ ᠪᠡᠶ᠎ᠡ ᠶᠢᠨ ᠠᠵᠤ ᠠᠬᠤᠢ ᠶᠢᠨ ᠪᠠᠶᠢᠳᠠᠯ ᠢᠶᠠᠨ ᠦᠨᠳᠦᠰᠦᠯᠡᠨ ᠲᠠᠰᠤᠯᠳᠠᠭᠤᠯᠤᠭᠰᠠᠨ | ᠰᠦᠢᠳᠬᠡᠯ ᠢᠶᠠᠨ ᠵᠣᠬᠢᠰᠲᠠᠢ ᠪᠠᠷ ᠨᠥᠬᠦᠨ ᠲᠤᠰᠢᠶᠠᠵᠤ᠂ ᠠᠵᠢᠯᠲᠠᠨ ᠤ ᠠᠵᠤ ᠠᠬᠤᠶᠢᠯᠠᠯ ᠤᠨ ᠣᠨ ᠤ ᠮᠥᠩᠭᠦ ᠶᠢᠨ | ᠡᠷᠬᠡ ᠠᠰᠢᠭ ᠢ ᠨᠡᠩ ᠰᠠᠶᠢᠲᠤᠷ ᠬᠠᠮᠠᠭᠠᠯᠠᠬᠤ ᠳᠤ ᠠᠰᠢᠭᠲᠠᠢ ᠪᠠᠶᠢᠳᠠᠭ᠃ | ᠠᠰᠠᠭᠤᠯᠲᠠ᠄ ᠠᠵᠤ ᠠᠬᠤᠶᠢᠯᠠᠯ ᠤᠨ ᠣᠨ ᠤ ᠮᠥᠩᠭᠦ ᠶᠢᠨ ᠡᠷᠬᠡ ᠠᠰᠢᠭ ᠢ ᠬᠠᠷᠢᠶᠠᠯᠠᠭᠤᠯᠬᠤ ᠠᠰᠠᠭᠤᠳᠠᠯ ᠢ | ᠬᠡᠷᠬᠢᠨ ᠲᠣᠭᠲᠠᠭᠠᠭᠰᠠᠨ ᠪᠣᠢ︖ | ᠬᠠᠷᠢᠭᠤᠯᠲᠠ᠄ ᠦᠢᠯᠡᠳᠦᠯᠭᠡ ᠶᠢᠨ ᠳᠤᠮᠳᠠ᠂ ᠠᠵᠢᠯᠲᠠᠨ ᠤ ᠠᠵᠤ ᠠᠬᠤᠶᠢᠯᠠᠯ ᠤᠨ ᠣᠨ ᠤ ᠮᠥᠩᠭᠦ ᠶᠢᠨ | ᠬᠤᠪᠢ ᠬᠥᠮᠥᠨ ᠤ ᠳᠠᠩᠰᠠᠨ ᠡᠷᠦᠬᠡ ᠳᠣᠲᠣᠷᠠᠬᠢ ᠠᠵᠤ ᠠᠬᠤᠶᠢᠯᠠᠯ ᠤᠨ ᠲᠤᠰᠢᠶᠠᠭᠰᠠᠨ ᠰᠦᠢᠳᠬᠡᠯ ᠵᠢᠴᠢ ᠪᠡᠯᠡ | ᠣᠷᠣᠭᠤᠯᠤᠭᠰᠠᠨ ᠠᠰᠢᠭ ᠣᠷᠣᠯᠭ᠎ᠠ ᠶᠢᠨ ᠲᠤᠬᠠᠢ᠂ ᠠᠵᠤ ᠠᠬᠤᠶᠢᠯᠠᠯ ᠤᠨ ᠣᠨ ᠤ ᠮᠥᠩᠭᠦ ᠶᠢᠨ ᠲᠥᠰᠥᠯ ᠳᠤ | ᠨᠡᠶᠢᠳᠡᠮ ᠳᠤ ᠨᠢ ᠠᠵᠢᠯᠲᠠᠨ ᠬᠤᠪᠢ ᠬᠥᠮᠥᠨ ᠳᠤ ᠬᠠᠷᠢᠶᠠᠯᠠᠭᠤᠯᠬᠤ ᠶᠣᠰᠣ ᠭᠤᠷᠢᠮ ᠢ ᠲᠣᠬᠢᠷᠠᠭᠤᠯᠤᠭᠰᠠᠨ ᠪᠣᠯᠪᠠᠴᠤ | ᠂ ᠬᠡᠰᠡᠭ ᠠᠵᠤ ᠠᠬᠤᠶᠢᠯᠠᠯ ᠤᠨ ᠣᠨ ᠤ ᠮᠥᠩᠭᠦ ᠶᠢᠨ ᠲᠥᠰᠥᠯ ᠳᠤ ᠲᠣᠬᠢᠷᠠᠭᠤᠯᠤᠭᠰᠠᠨ ᠬᠠᠷᠢᠶᠠᠯᠠᠭᠤᠯᠬᠤ ᠶᠣᠰᠣ | ᠭᠤᠷᠢᠮ ᠨᠢ ᠵᠦᠢ ᠶᠣᠰᠣ ᠪᠠᠷ ᠭᠦᠢᠴᠡᠳ ᠦᠭᠡᠢ ᠪᠠᠶᠢᠵᠤ᠂ ᠠᠵᠢᠯᠲᠠᠨ ᠤ ᠡᠷᠬᠡ ᠠᠰᠢᠭ ᠢ ᠬᠠᠮᠠᠭᠠᠯᠠᠬᠤ ᠳᠤ ᠠᠰᠢᠭ | ᠦᠭᠡᠢ ᠪᠠᠶᠢᠳᠠᠭ᠃ ︽ᠠᠷᠭ᠎ᠠ︾ ᠳᠤ ᠠᠵᠤ ᠠᠬᠤᠶᠢᠯᠠᠯ ᠪᠠ ᠠᠵᠢᠯᠲᠠᠨ ᠬᠤᠶᠠᠷ ᠲᠠᠯ᠎ᠠ ᠶᠢᠨ ᠬᠢᠨ ᠤ ᠡᠷᠬᠡ ᠪᠠ | ᠡᠭᠦᠷᠭᠡ ᠶᠢ ᠨᠡᠶᠢᠲᠡ ᠳᠤ ᠨᠢ ᠬᠠᠷᠠᠭᠠᠯᠵᠠᠵᠤ᠂ ᠠᠵᠤ ᠠᠬᠤᠶᠢᠯᠠᠯ ᠬᠢᠭᠡᠳ ᠠᠵᠢᠯᠲᠠᠨ ᠤ ᠲᠠᠯ᠎ᠠ ᠶᠢᠨ ᠬᠢᠨ ᠲᠠᠢ | ᠵᠥᠪᠳᠡᠯᠴᠡᠵᠦ᠂ ᠠᠵᠢᠯᠲᠠᠨ ᠤ ᠠᠵᠤ ᠠᠬᠤᠶᠢᠯᠠᠯ ᠤᠨ ᠣᠨ ᠤ ᠮᠥᠩᠭᠦ ᠶᠢᠨ ᠬᠤᠪᠢ ᠬᠥᠮᠥᠨ ᠤ ᠳᠠᠩᠰᠠᠨ ᠡᠷᠦᠬᠡ | ᠳᠣᠲᠣᠷᠠᠬᠢ ᠠᠵᠤ ᠠᠬᠤᠶᠢᠯᠠᠯ ᠤᠨ ᠲᠤᠰᠢᠶᠠᠭᠰᠠᠨ ᠰᠦᠢᠳᠬᠡᠯ ᠵᠢᠴᠢ ᠪᠡᠯᠡ ᠣᠷᠣᠭᠤᠯᠤᠭᠰᠠᠨ ᠠᠰᠢᠭ ᠣᠷᠣᠯᠭ᠎ᠠ ᠶᠢ | ᠡᠬᠢᠯᠡᠬᠦ ᠲᠠᠢ ᠵᠡᠷᠭᠡ ᠠᠵᠢᠯᠲᠠᠨ ᠬᠤᠪᠢ ᠬᠥᠮᠥᠨ ᠳᠤ ᠬᠠᠷᠢᠶᠠᠯᠠᠭᠤᠯᠬᠤ ᠪᠠᠷ ᠲᠣᠭᠲᠠᠭᠠᠵᠤ ᠪᠣᠯᠬᠤ ᠪᠠᠷ ᠪᠠᠷᠠᠬᠤ | ᠦᠭᠡᠢ᠂ ᠠᠵᠢᠯᠲᠠᠨ ᠤ ᠲᠤᠰ ᠠᠵᠤ ᠠᠬᠤᠶᠢᠯᠠᠯ ᠳᠤ ᠠᠵᠢᠯᠯᠠᠭᠰᠠᠨ ᠣᠨ ᠵᠢᠯ ᠤᠨ ᠨᠡᠮᠡᠭᠳᠡᠬᠦ ᠶᠢ ᠳᠠᠭᠠᠯᠳᠤᠨ | ᠠᠵᠢᠯᠲᠠᠨ ᠬᠤᠪᠢ ᠬᠥᠮᠥᠨ ᠳᠤ ᠠᠯᠬᠤᠮ ᠠᠯᠬᠤᠮ ᠢᠶᠠᠷ ᠬᠠᠷᠢᠶᠠᠯᠠᠭᠤᠯᠬᠤ ᠪᠠᠷ ᠲᠣᠭᠲᠠᠭᠠᠵᠤ ᠪᠣᠯᠣᠨ᠎ᠠ᠂ ᠡᠭᠦᠨ ᠳᠤ | ᠪᠦᠬᠦᠨ ᠢ ᠠᠵᠢᠯᠲᠠᠨ ᠳᠤ ᠬᠠᠷᠢᠶᠠᠯᠠᠭᠤᠯᠬᠤ ᠬᠤᠭᠤᠴᠠᠭᠠᠨ ᠤ ᠬᠢᠵᠠᠭᠠᠷ ᠨᠢ 8 ᠵᠢᠯ ᠢ ᠬᠡᠲᠦᠷᠡᠬᠦ ᠦᠭᠡᠢ ᠮᠥᠷᠲᠡᠭᠡᠨ | ᠬᠡᠳᠦᠨ ᠵᠦᠢᠯ ᠤᠨ ᠣᠨᠴᠠᠭᠠᠢ ᠪᠠᠶᠢᠳᠠᠯ ᠢ ᠲᠣᠳᠣᠷᠬᠠᠶᠢᠯᠠᠪᠠ᠃ | ᠠᠰᠠᠭᠤᠯᠲᠠ᠄ ᠠᠵᠢᠯᠲᠠᠨ ᠤ ᠠᠵᠤ ᠠᠬᠤᠶᠢᠯᠠᠯ ᠤᠨ ᠣᠨ ᠤ ᠮᠥᠩᠭᠦ ᠶᠢᠨ ᠬᠤᠪᠢ ᠬᠥᠮᠥᠨ ᠤ ᠳᠠᠩᠰᠠᠨ | ᠡᠷᠦᠬᠡ ᠶᠢ ᠬᠡᠷᠬᠢᠨ ᠰᠢᠯᠵᠢᠭᠦᠯᠬᠦ ᠪᠣᠢ︖ | ᠬᠠᠷᠢᠭᠤᠯᠲᠠ᠄ ᠨᠡᠭᠦᠳᠡᠯᠯᠡᠨ ᠠᠵᠢᠯ ᠳᠤ ᠭᠠᠷᠬᠤ ᠠᠵᠢᠯᠲᠠᠨ ᠤ ᠠᠵᠤ ᠠᠬᠤᠶᠢᠯᠠᠯ ᠤᠨ ᠣᠨ ᠤ ᠮᠥᠩᠭᠦ ᠶᠢᠨ | ᠡᠷᠬᠡ ᠠᠰᠢᠭ ᠢ ᠪᠠᠲᠤᠯᠠᠬᠤ ᠶᠢᠨ ᠲᠥᠯᠥᠭᠡ᠂ ︽ᠠᠷᠭ᠎ᠠ︾ ᠨᠢ ᠠᠵᠤ ᠠᠬᠤᠶᠢᠯᠠᠯ ᠤᠨ ᠣᠨ ᠤ ᠮᠥᠩᠭᠦ ᠶᠢᠨ ᠬᠤᠪᠢ | ᠬᠥᠮᠥᠨ ᠤ ᠳᠠᠩᠰᠠᠨ ᠡᠷᠦᠬᠡ ᠶᠢ ᠰᠢᠯᠵᠢᠭᠦᠯᠬᠦ ᠲᠣᠭᠲᠠᠭᠠᠯ ᠢ ᠲᠡᠭᠦᠯᠳᠡᠷᠵᠢᠭᠦᠯᠦᠭᠰᠡᠨ ᠰᠠᠭᠤᠷᠢᠨ ᠳᠡᠭᠡᠷ᠎ᠡ᠂ ᠠᠵᠢᠯ | ᠮᠡᠷᠭᠡᠵᠢᠯ ᠤᠨ ᠣᠨ ᠤ ᠮᠥᠩᠭᠦ ᠲᠠᠢ ᠵᠣᠯᠭᠠᠭᠤᠯᠤᠨ ᠦᠷᠭᠦᠯᠵᠢᠯᠡᠭᠦᠯᠬᠦ ᠲᠣᠭᠲᠠᠭᠠᠯ ᠢ ᠨᠡᠮᠡᠭᠰᠡᠨ ᠪᠠᠶᠢᠨ᠎ᠠ᠃ | ᠲᠤᠬᠠᠶᠢᠯᠠᠪᠠᠯ ᠠᠵᠢᠯᠲᠠᠨ ᠠᠵᠢᠯᠯᠠᠬᠤ ᠨᠢᠭᠡᠴᠢ ᠪᠠᠨ ᠬᠤᠪᠢᠷᠠᠭᠤᠯᠬᠤ ᠦᠶ᠎ᠡ ᠳᠤ᠂ ᠰᠢᠨ᠎ᠡ ᠪᠠᠷ ᠠᠵᠢᠯ ᠳᠤ | ᠭᠠᠷᠤᠭᠰᠠᠨ ᠨᠢᠭᠡᠴᠢ ᠨᠢ ᠨᠢᠭᠡᠨᠲᠡ ᠠᠵᠤ ᠠᠬᠤᠶᠢᠯᠠᠯ ︵ᠠᠵᠢᠯ ᠮᠡᠷᠭᠡᠵᠢᠯ︶ ᠤᠨ ᠣᠨ ᠤ ᠮᠥᠩᠭᠦ ᠶᠢ | ᠪᠠᠶᠢᠭᠤᠯᠤᠭᠰᠠᠨ ᠪᠣᠯ᠂ ᠤᠤᠯ ᠤᠨ ᠠᠵᠤ ᠠᠬᠤᠶᠢᠯᠠᠯ ᠤᠨ ᠣᠨ ᠤ ᠮᠥᠩᠭᠦ ᠶᠢᠨ ᠬᠤᠪᠢ ᠬᠥᠮᠥᠨ ᠤ ᠳᠠᠩᠰᠠᠨ | ᠡᠷᠦᠬᠡ ᠶᠢᠨ ᠡᠷᠬᠡ ᠠᠰᠢᠭ ᠨᠢ ᠳᠠᠭᠠᠯᠳᠤᠨ ᠰᠢᠨ᠎ᠡ ᠪᠠᠷ ᠠᠵᠢᠯ ᠳᠤ ᠭᠠᠷᠤᠭᠰᠠᠨ ᠨᠢᠭᠡᠴᠢ ᠶᠢᠨ ᠠᠵᠤ ᠠᠬᠤᠶᠢᠯᠠᠯ ︵ | ᠠᠵᠢᠯ ᠮᠡᠷᠭᠡᠵᠢᠯ︶ ᠤᠨ ᠣᠨ ᠤ ᠮᠥᠩᠭᠦ ᠳᠤ ᠰᠢᠯᠵᠢᠨ ᠣᠷᠣᠨ᠎ᠠ︔ ᠠᠵᠢᠯᠲᠠᠨ ᠤ ᠰᠢᠨ᠎ᠡ ᠪᠠᠷ ᠠᠵᠢᠯ ᠳᠤ | ᠭᠠᠷᠤᠭᠰᠠᠨ ᠨᠢᠭᠡᠴᠢ ᠨᠢ ᠠᠵᠤ ᠠᠬᠤᠶᠢᠯᠠᠯ ︵ᠠᠵᠢᠯ ᠮᠡᠷᠭᠡᠵᠢᠯ︶ ᠤᠨ ᠣᠨ ᠤ ᠮᠥᠩᠭᠦ ᠪᠠᠶᠢᠭᠤᠯᠤᠭᠰᠠᠨ ᠦᠭᠡᠢ ᠪᠣᠯ | ᠂ ᠤᠤᠯ ᠤᠨ ᠠᠵᠤ ᠠᠬᠤᠶᠢᠯᠠᠯ ᠤᠨ ᠣᠨ ᠤ ᠮᠥᠩᠭᠦ ᠶᠢᠨ ᠬᠤᠪᠢ ᠬᠥᠮᠥᠨ ᠤ ᠳᠠᠩᠰᠠᠨ ᠡᠷᠦᠬᠡ ᠪᠠᠨ ᠲᠦᠷ ᠴᠠᠭ | ᠤᠤᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠠᠷ ᠬᠠᠮᠢᠶᠠᠷᠤᠭᠤᠯᠵᠤ ᠪᠣᠯᠣᠨ᠎ᠠ᠂ ᠪᠠᠰᠠ ᠬᠠᠤᠯᠢ ᠶᠢᠨ ᠡᠷᠬᠡᠲᠡᠨ ᠤ | ᠨᠠᠶᠢᠳᠠᠯᠭ᠎ᠠ ᠬᠦᠯᠢᠶᠡᠭᠰᠡᠨ ᠪᠠᠶᠢᠭᠤᠯᠤᠮᠵᠢ ᠠᠴᠠ ᠰᠠᠨᠠᠭᠠᠴᠢᠯᠠᠭᠰᠠᠨ ᠨᠡᠶᠢᠯᠡᠭᠦᠯᠦᠨ ᠲᠥᠯᠥᠪᠯᠡᠵᠦ ᠲᠣᠬᠢᠷᠠᠭᠤᠯᠤᠭᠰᠠᠨ | ᠬᠡᠪ ᠢᠶᠠᠷ ᠪᠠᠶᠢᠯᠭᠠᠬᠤ ᠳᠠᠩᠰᠠᠨ ᠡᠷᠦᠬᠡ ᠪᠠᠷ ᠲᠦᠷ ᠬᠠᠮᠢᠶᠠᠷᠤᠭᠤᠯᠵᠤ ᠪᠣᠯᠣᠨ᠎ᠠ᠃ ᠡᠭᠦᠨ ᠠᠴᠠ ᠭᠠᠳᠠᠨ᠎ᠠ᠂ ︽ | ᠠᠷᠭ᠎ᠠ︾ ᠳᠤ ᠪᠠᠰᠠ ᠠᠵᠤ ᠠᠬᠤᠶᠢᠯᠠᠯ ᠤᠨ ᠣᠨ ᠤ ᠮᠥᠩᠭᠦ ᠶᠢᠨ ᠲᠥᠰᠥᠯ ᠢ ᠵᠣᠭᠰᠣᠭᠠᠭᠰᠠᠨ ᠤ ᠳᠠᠷᠠᠭ᠎ᠠ᠂ | ᠠᠵᠢᠯᠲᠠᠨ ᠤ ᠠᠵᠤ ᠠᠬᠤᠶᠢᠯᠠᠯ ᠤᠨ ᠣᠨ ᠤ ᠮᠥᠩᠭᠦ ᠶᠢᠨ ᠬᠤᠪᠢ ᠬᠥᠮᠥᠨ ᠤ ᠳᠠᠩᠰᠠᠨ ᠡᠷᠦᠬᠡ ᠶᠢ ᠰᠢᠯᠵᠢᠭᠦᠯᠬᠦ | ᠠᠷᠭ᠎ᠠ ᠶᠢ ᠲᠣᠳᠣᠷᠬᠠᠶᠢᠯᠠᠭᠰᠠᠨ ᠪᠠᠶᠢᠨ᠎ᠠ᠃ | ᠠᠰᠠᠭᠤᠯᠲᠠ᠄ ᠠᠵᠢᠯᠲᠠᠨ ᠶᠠᠮᠠᠷ ᠪᠠᠶᠢᠳᠠᠯ ᠳᠣᠣᠷ᠎ᠠ ᠠᠵᠤ ᠠᠬᠤᠶᠢᠯᠠᠯ ᠤᠨ ᠣᠨ ᠤ ᠮᠥᠩᠭᠦ ᠶᠢᠨ | ᠠᠰᠠᠷᠠᠮᠵᠢ ᠪᠠᠨ ᠠᠪᠴᠤ ᠬᠡᠷᠡᠭᠯᠡᠵᠦ ᠪᠣᠯᠬᠤ ᠪᠣᠢ︖ | ᠬᠠᠷᠢᠭᠤᠯᠲᠠ᠄ ︽ᠠᠷᠭ᠎ᠠ︾ ᠳᠤ᠂ ᠠᠵᠢᠯᠲᠠᠨ ᠤᠯᠤᠰ ᠠᠴᠠ ᠲᠣᠭᠲᠠᠭᠠᠭᠰᠠᠨ ᠠᠵᠢᠯ ᠠᠴᠠ ᠪᠠᠨ ᠠᠮᠠᠷᠠᠬᠤ | ᠨᠠᠰᠤᠨ ᠳᠤ ᠬᠦᠷᠦᠭᠰᠡᠨ᠂ ᠬᠥᠳᠡᠯᠮᠦᠷᠢᠯᠡᠬᠦ ᠴᠢᠳᠠᠪᠤᠷᠢ ᠪᠠᠨ ᠪᠦᠷᠢᠮᠦᠰᠦᠨ ᠠᠯᠳᠠᠭᠰᠠᠨ᠂ ᠭᠠᠳᠠᠭᠠᠳᠤ ᠳᠤ ︵ | ᠬᠢᠯᠢ ᠠᠴᠠ︶ ᠭᠠᠷᠴᠤ ᠨᠤᠲᠤᠭᠰᠢᠬᠤ ᠦᠶ᠎ᠡ ᠳᠤ᠂ ᠠᠵᠤ ᠠᠬᠤᠶᠢᠯᠠᠯ ᠤᠨ ᠣᠨ ᠤ ᠮᠥᠩᠭᠦ ᠪᠠᠨ ᠭᠠᠷᠭᠠᠨ ᠠᠪᠴᠤ | ᠪᠣᠯᠣᠨ᠎ᠠ︔ ᠠᠵᠢᠯᠲᠠᠨ ᠪᠤᠶᠤ ᠠᠵᠢᠯ ᠠᠴᠠ ᠪᠠᠨ ᠠᠮᠠᠷᠠᠭᠰᠠᠳ ᠨᠠᠰᠤ ᠪᠠᠷᠠᠭᠰᠠᠨ ᠤ ᠳᠠᠷᠠᠭ᠎ᠠ᠂ ᠲᠡᠭᠦᠨ ᠤ ᠠᠵᠤ | ᠠᠬᠤᠶᠢᠯᠠᠯ ᠤᠨ ᠣᠨ ᠤ ᠮᠥᠩᠭᠦ ᠶᠢᠨ ᠬᠤᠪᠢ ᠬᠥᠮᠥᠨ ᠳᠠᠩᠰᠠᠨ ᠡᠷᠦᠬᠡ ᠳᠠᠬᠢ ᠦᠯᠡᠳᠡᠭᠰᠡᠨ ᠵᠣᠭᠤᠰ ᠢ ᠨᠢ | ᠵᠠᠯᠭᠠᠮᠵᠢᠯᠠᠵᠤ ᠪᠣᠯᠣᠨ᠎ᠠ ᠭᠡᠵᠦ ᠲᠣᠭᠲᠠᠭᠠᠵᠠᠢ᠃ ᠲᠡᠭᠦᠨ ᠤ ᠳᠣᠲᠣᠷ᠎ᠠ᠂ ᠠᠵᠢᠯᠲᠠᠨ ᠬᠥᠳᠡᠯᠮᠦᠷᠢᠯᠡᠬᠦ ᠴᠢᠳᠠᠪᠤᠷᠢ ᠪᠠᠨ | ᠪᠦᠷᠢᠮᠦᠰᠦᠨ ᠠᠯᠳᠠᠭᠰᠠᠨ ᠦᠶ᠎ᠡ ᠳᠤ ᠠᠵᠤ ᠠᠬᠤᠶᠢᠯᠠᠯ ᠤᠨ ᠣᠨ ᠤ ᠮᠥᠩᠭᠦ ᠪᠠᠨ ᠭᠠᠷᠭᠠᠨ ᠠᠪᠴᠤ ᠪᠣᠯᠬᠤ ᠨᠢ | ᠰᠢᠨ᠎ᠡ ᠪᠠᠷ ᠨᠡᠮᠡᠭᠰᠡᠨ ᠠᠭᠤᠯᠭ᠎ᠠ ᠪᠠᠶᠢᠵᠤ᠂ ᠡᠨᠡ ᠨᠢ ᠠᠵᠤ ᠠᠬᠤᠶᠢᠯᠠᠯ ᠤᠨ ᠣᠨ ᠤ ᠮᠥᠩᠭᠦ ᠶᠢᠨ ᠪᠠᠲᠤᠯᠠᠭ᠎ᠠ ᠶᠢᠨ | ᠦᠢᠯᠡᠳᠦᠯ ᠢ ᠤᠯᠠᠮ ᠨᠢᠭᠡ ᠠᠯᠬᠤᠮ ᠢᠯᠡᠷᠡᠭᠦᠯᠵᠦ᠂ ᠬᠥᠳᠡᠯᠮᠦᠷᠢᠯᠡᠬᠦ ᠴᠢᠳᠠᠪᠤᠷᠢ ᠪᠠᠨ ᠪᠦᠷᠢᠮᠦᠰᠦᠨ ᠠᠯᠳᠠᠭᠰᠠᠨ | ᠠᠵᠢᠯᠲᠠᠨ ᠤ ᠠᠮᠢᠳᠤᠷᠠᠯ ᠢ ᠵᠣᠬᠢᠬᠤ ᠬᠡᠮᠵᠢᠶ᠎ᠡ ᠪᠠᠷ ᠰᠠᠶᠢᠵᠢᠷᠠᠭᠤᠯᠬᠤ ᠳᠤ ᠠᠰᠢᠭᠲᠠᠢ ᠪᠠᠶᠢᠳᠠᠭ᠃ | ᠠᠰᠠᠭᠤᠯᠲᠠ᠄ ᠠᠵᠤ ᠠᠬᠤᠶᠢᠯᠠᠯ ᠤᠨ ᠣᠨ ᠤ ᠮᠥᠩᠭᠦ ᠶᠢ ᠭᠠᠷᠭᠠᠨ ᠠᠪᠬᠤ ᠠᠷᠭ᠎ᠠ ᠬᠡᠯᠪᠡᠷᠢ ᠨᠢ ᠶᠠᠭᠤ | ᠪᠣᠢ︖ | ᠬᠠᠷᠢᠭᠤᠯᠲᠠ᠄ ᠠᠵᠢᠯ ᠮᠡᠷᠭᠡᠵᠢᠯ ᠤᠨ ᠣᠨ ᠤ ᠮᠥᠩᠭᠦ ᠶᠢᠨ ᠠᠷᠭ᠎ᠠ ᠲᠠᠢ ᠦᠨᠳᠦᠰᠦᠨ ᠳᠤ ᠪᠠᠨ ᠨᠢᠭᠡᠳᠦᠯᠲᠡᠢ | ᠪᠠᠶᠢᠯᠭᠠᠬᠤ ᠮᠥᠷᠲᠡᠭᠡᠨ ᠵᠣᠬᠢᠬᠤ ᠠᠮᠢᠳᠤᠯᠢᠭ ᠴᠢᠨᠠᠷ ᠢ ᠪᠠᠲᠤᠯᠠᠬᠤ ᠪᠣᠯ᠂ ᠠᠵᠤ ᠠᠬᠤᠶᠢᠯᠠᠯ ᠤᠨ ᠣᠨ ᠤ | ᠮᠥᠩᠭᠦ ᠶᠢᠨ ᠠᠰᠠᠷᠠᠮᠵᠢ ᠶᠢ ᠭᠠᠷᠭᠠᠨ ᠠᠪᠬᠤ ᠠᠷᠭ᠎ᠠ ᠬᠡᠯᠪᠡᠷᠢ ᠶᠢᠨ ᠣᠨᠴᠠᠯᠢᠭ ᠪᠣᠯᠣᠨ᠎ᠠ᠃ ᠨᠢᠭᠡ ᠳᠤ᠂ ᠰᠠᠷ᠎ᠠ ᠪᠠᠷ | ᠭᠠᠷᠭᠠᠨ ᠠᠪᠬᠤ ᠶᠢ ᠰᠠᠨᠠᠭᠠᠴᠢᠯᠠᠬᠤ ᠨᠢ᠂ ᠠᠵᠤ ᠠᠬᠤᠶᠢᠯᠠᠯ ᠤᠨ ᠣᠨ ᠤ ᠮᠥᠩᠭᠦ ᠶᠢᠨ ᠤᠷᠲᠤ ᠬᠤᠭᠤᠴᠠᠭᠠᠨ ᠤ | ᠨᠠᠰᠤᠵᠢᠯ ᠤᠨ ᠳᠠᠭᠠᠳᠬᠠᠯ ᠤᠨ ᠦᠢᠯᠡᠳᠦᠯ ᠢ ᠪᠠᠳᠠᠷᠠᠭᠤᠯᠬᠤ ᠳᠤ ᠠᠰᠢᠭᠲᠠᠢ᠃ ᠬᠤᠶᠠᠷ ᠲᠤ᠂ ᠤᠳᠠᠭ᠎ᠠ ᠬᠤᠪᠢᠶᠠᠨ | ᠭᠠᠷᠭᠠᠨ ᠠᠪᠬᠤ ᠶᠢ ᠵᠥᠪᠰᠢᠶᠡᠷᠡᠬᠦ ᠨᠢ᠂ ᠠᠵᠢᠯ ᠠᠴᠠ ᠪᠠᠨ ᠠᠮᠠᠷᠠᠭᠰᠠᠳ ᠤᠨ ᠥᠪᠡᠷ ᠤᠨ ᠠᠵᠤ ᠠᠬᠤᠶᠢᠯᠠᠯ ᠤᠨ | ᠣᠨ ᠤ ᠮᠥᠩᠭᠦ ᠶᠢᠨ ᠬᠤᠪᠢ ᠬᠥᠮᠥᠨ ᠤ ᠳᠠᠩᠰᠠᠨ ᠡᠷᠦᠬᠡ ᠳᠠᠬᠢ ᠪᠡᠯᠡ ᠮᠥᠩᠭᠦ ᠶᠢᠨ ᠲᠤᠭ᠎ᠠ ᠪᠠᠨ ᠦᠨᠳᠦᠰᠦᠯᠡᠨ᠂ | ᠠᠵᠤ ᠠᠬᠤᠶᠢᠯᠠᠯ ᠤᠨ ᠣᠨ ᠤ ᠮᠥᠩᠭᠦ ᠶᠢᠨ ᠬᠤᠪᠢ ᠬᠥᠮᠥᠨ ᠤ ᠣᠯᠵᠠᠪᠤᠷᠢ ᠶᠢᠨ ᠭᠠᠶᠢᠯᠢ ᠶᠢᠨ ᠲᠥᠷᠥ ᠶᠢᠨ | ᠪᠣᠳᠣᠯᠭ᠎ᠠ ᠪᠠ ᠬᠤᠪᠢ ᠬᠥᠮᠥᠨ ᠤ ᠱᠠᠭᠠᠷᠳᠠᠯᠭ᠎ᠠ ᠲᠠᠢ ᠪᠠᠨ ᠤᠶᠠᠯᠳᠤᠭᠤᠯᠵᠤ᠂ ᠭᠠᠷᠭᠠᠨ ᠠᠪᠬᠤ ᠵᠦᠢ ᠵᠣᠬᠢᠰᠲᠠᠢ | ᠤᠳᠠᠭᠠᠨ ᠤ ᠲᠤᠭ᠎ᠠ ᠪᠠᠨ ᠰᠣᠩᠭᠤᠬᠤ ᠳᠤ ᠠᠰᠢᠭᠲᠠᠢ᠃ ᠭᠤᠷᠪᠠ ᠳᠤ᠂ ᠨᠢᠭᠡ ᠯᠡ ᠤᠳᠠᠭ᠎ᠠ ᠪᠠᠷ ᠭᠠᠷᠭᠠᠨ ᠠᠪᠬᠤ | ᠠᠷᠭ᠎ᠠ ᠬᠡᠯᠪᠡᠷᠢ ᠶᠢ ᠬᠡᠪ ᠢᠶᠠᠷ ᠪᠠᠶᠢᠯᠭᠠᠬᠤ ᠨᠢ᠂ ᠨᠡᠩ ᠬᠥᠮᠥᠨᠴᠢ ᠴᠢᠨᠠᠷ ᠲᠠᠢ ᠪᠠᠶᠢᠵᠤ᠂ ᠠᠵᠢᠯ ᠠᠴᠠ ᠪᠠᠨ | ᠠᠮᠠᠷᠠᠭᠰᠠᠳ ᠲᠤ ᠨᠡᠩ ᠣᠯᠠᠨ ᠰᠣᠩᠭᠤᠯᠲᠠ ᠣᠯᠭᠤᠨ᠎ᠠ᠃ ᠳᠥᠷᠪᠡ ᠳᠤ᠂ ᠬᠤᠳᠠᠯᠳᠤᠭᠠᠨ ᠤ ᠨᠠᠰᠤᠵᠢᠯ ᠤᠨ | ᠳᠠᠭᠠᠳᠬᠠᠯ ᠤᠨ ᠨᠡᠷᠳᠬᠦᠨ ᠬᠤᠳᠠᠯᠳᠤᠨ ᠠᠪᠴᠤ᠂ ᠨᠠᠰᠤᠵᠢᠯ ᠤᠨ ᠳᠠᠭᠠᠳᠬᠠᠯ ᠢ ᠨᠥᠬᠦᠪᠦᠷᠢᠯᠡᠬᠦ ᠠᠷᠭ᠎ᠠ ᠬᠡᠯᠪᠡᠷᠢ ᠶᠢ | ᠤᠯᠠᠮ ᠨᠢᠭᠡ ᠠᠯᠬᠤᠮ ᠪᠠᠶᠠᠯᠢᠭᠵᠢᠭᠤᠯᠵᠤ ᠪᠣᠯᠣᠨ᠎ᠠ᠃ | |