ᠦᠢᠷ᠎ᠠ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ 2017 ᠣᠨ ᠤ ᠤᠯᠤᠰ ᠤᠨ ᠳᠠᠩᠰᠠᠯᠠᠭᠰᠠᠨ | ᠣᠯᠠᠨ ᠢᠶᠠᠷ ᠢᠶᠠᠨ ᠡᠭᠦᠳᠬᠦ ᠣᠷᠣᠨ ᠵᠠᠶ ᠶᠢᠨ ᠨᠡᠷᠡᠰ ᠢ ᠨᠡᠶᠢᠲᠡᠯᠡᠪᠡ᠂ ᠤᠯᠠᠨ ᠢᠶᠠᠷ ᠢᠶᠠᠨ ᠡᠭᠦᠳᠬᠦ ᠣᠷᠣᠨ ᠵᠠᠶ ᠶᠢᠨ | 639 ᠡᠷᠦᠭᠡ ᠶᠢ ᠤᠯᠤᠰ ᠤᠨ ᠳᠠᠩᠰᠠᠯᠠᠭᠰᠠᠨ ᠣᠯᠠᠨ ᠢᠶᠠᠷ ᠢᠶᠠᠨ ᠡᠭᠦᠳᠬᠦ ᠣᠷᠣᠨ ᠵᠠᠶ ᠪᠠᠷ ᠦᠨᠡᠮᠰᠢᠵᠤ᠂ ᠥᠪᠥᠷ | ᠮᠣᠩᠭᠤᠯ ᠤᠨ ᠤᠯᠠᠨ ᠢᠶᠠᠷ ᠢᠶᠠᠨ ᠡᠭᠦᠳᠬᠦ ᠣᠷᠣᠨ ᠵᠠᠶ ᠶᠢᠨ 12 ᠡᠷᠦᠬᠡ ᠨᠢ ᠨᠡᠷᠡᠰ ᠲᠤ ᠤᠷᠤᠵᠤ᠂ ᠤᠯᠤᠰ ᠤᠨ | ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠤᠨ ᠬᠠᠮᠢᠶᠠᠷᠤᠯᠲᠠ ᠶᠢᠨ | ᠦᠢᠯᠡᠴᠢᠯᠡᠭᠡᠨ ᠤ ᠰᠢᠰᠲ᠋ᠧᠮᠵᠢ ᠳᠤ ᠤᠷᠤᠭᠤᠯᠤᠭᠰᠠᠨ ᠪᠠᠶᠢᠨ᠎ᠠ᠃ ᠤᠳᠤ ᠪᠣᠯᠲᠠᠯ᠎ᠠ᠂ ᠪᠥᠬᠦ ᠣᠷᠣᠨ ᠤ ᠤᠯᠤᠰ ᠤᠨ | ᠳᠠᠩᠰᠠᠯᠠᠭᠰᠠᠨ ᠣᠯᠠᠨ ᠢᠶᠠᠷ ᠢᠶᠠᠨ ᠡᠭᠦᠳᠬᠦ ᠣᠷᠣᠨ ᠵᠠᠶ ᠨᠡᠶᠢᠲᠡ 47 ᠡᠷᠦᠭᠡ ᠳᠤ ᠬᠦᠷᠪᠡ᠃ ᠣᠯᠠᠨ ᠢᠶᠠᠷ ᠢᠶᠠᠨ | ᠡᠭᠦᠳᠬᠦ ᠣᠷᠣᠨ ᠵᠠᠶ ᠨᠢ ᠵᠢᠵᠢᠭ ᠪᠢᠴᠢᠯ ᠠᠵᠤ ᠠᠬᠤᠶᠢᠯᠠᠯ ᠤᠨ ᠦᠰᠦᠨ ᠪᠤᠶᠢᠵᠢᠬᠤ ᠪᠠ ᠬᠤᠪᠢ ᠬᠥᠮᠦᠨ ᠤ | ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠳᠤ ᠥᠪᠡᠷ ᠤᠨ ᠦᠷᠳᠡᠭ ᠢᠶᠠᠷ ᠳᠣᠣᠷ᠎ᠠ᠂ ᠳᠥᠭᠦᠮ ᠳᠥᠲᠡ | ᠪᠦᠭᠡᠳ ᠪᠦᠬᠦ ᠡᠯᠧᠮᠧᠨ᠋ᠲ ᠢ ᠬᠠᠮᠤᠷᠤᠭᠰᠠᠨ ᠨᠡᠭᠡᠭᠡᠯᠲᠡᠲᠡᠶ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ | ᠬᠠᠨᠭ᠍ᠭᠠᠨ᠎ᠠ᠃ ᠡᠨᠡ ᠬᠦ ᠲᠠᠪᠴᠠᠩ ᠳᠡᠭᠡᠷ᠎ᠡ᠂ ᠴᠢᠳᠠᠪᠤᠷᠢᠲᠠᠨ᠂ ᠮᠡᠷᠭᠡᠵᠢᠯ᠂ ᠬᠦᠷᠦᠩᠭᠡ ᠵᠡᠷᠭᠡ ᠡᠯ᠎ᠡ ᠵᠦᠢᠯ ᠤᠨ | ᠰᠢᠨ᠎ᠡ ᠶᠢ ᠡᠭᠦᠳᠬᠦ ᠡᠯᠧᠮᠧᠨ᠋ᠲ ᠤᠳ ᠪᠦᠲᠦᠮᠵᠢᠲᠡᠶ ᠲᠤᠬᠢᠷᠠᠭᠤᠯᠭ᠎ᠠ ᠪᠤᠯᠤᠨ ᠪᠦᠲᠦᠮᠵᠢᠲᠡᠶ ᠲᠦᠪᠯᠡᠷᠡᠯ ᠢᠶᠠᠨ | ᠤᠯᠵᠤ᠂ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ ᠶᠢᠨ ᠭᠦᠨᠵᠡᠭᠡᠶ ᠠᠭᠤᠰᠤᠯᠴᠠᠯ ᠢ ᠲᠦᠯᠬᠢᠨ | ᠠᠬᠢᠭᠤᠯᠬᠤ ᠪᠤᠯᠤᠨ᠎ᠠ᠃ ᠣᠶᠢᠯᠠᠭᠠᠭᠰᠠᠨ ᠢᠶᠠᠷ᠂ ᠤᠯᠤᠰ ᠤᠨ ᠳᠠᠩᠰᠠᠯᠠᠭᠰᠠᠨ ᠤᠯᠠᠨ ᠢᠶᠠᠷ ᠢᠶᠠᠨ ᠡᠭᠦᠳᠬᠦ ᠣᠷᠣᠨ | ᠵᠠᠶ ᠨᠢ ᠤᠯᠤᠰ ᠤᠨ ᠬᠠᠮᠢᠶ᠎ᠠ ᠪᠦᠭᠦᠢ ᠲᠦᠷᠤ ᠶᠢᠨ ᠪᠤᠳᠤᠯᠭ᠎ᠠ ᠪᠣᠯᠤᠨ ᠪᠢᠴᠢᠭ ᠮᠠᠲ᠋ᠧᠷᠢᠶᠠᠯ ᠤᠨ ᠲᠣᠭᠲᠠᠭᠠᠯ | ᠶᠣᠰᠣᠭᠠᠷ ᠡᠯ᠎ᠡ ᠵᠦᠢᠯ ᠤᠨ ᠬᠠᠷᠠᠭᠠᠯᠵᠠᠯ ᠦᠵᠡᠭᠦᠯᠬᠦ ᠲᠦᠷᠦ ᠶᠢᠨ ᠪᠤᠳᠤᠯᠭ᠎ᠠ ᠶᠢ ᠡᠳ᠋ᠯᠡᠨ᠎ᠡ᠃ |