ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ ᠥᠪᠥᠷ ᠮᠣᠩᠭᠤᠯ ᠤᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠶᠢᠨ ︽ᠡᠷᠬᠡ ᠶᠢ ᠪᠠᠭᠤᠯᠭᠠᠬᠤ᠂ ᠬᠠᠮᠢᠶᠠᠷᠬᠤ᠂ ᠦᠶᠯᠡᠴᠢᠯᠡᠬᠦ︾ ᠥᠭᠡᠷᠡᠴᠢᠯᠡᠯᠲᠡ ᠶᠢᠨ ᠪᠠᠶᠢᠳᠠᠯ ᠢ ᠨᠡᠪᠲᠡᠷᠡᠭᠦᠯᠪᠡ
ᠨᠡᠶᠢᠲᠡᠯᠡᠭᠰᠡᠨ ᠴᠠᠭ᠄
2017/12/29
     12 ᠳ᠋ᠤᠭᠠᠷ ᠰᠠᠷ᠎ᠠ ᠶᠢᠨ 28᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠥᠪᠡᠷᠲᠡᠭᠡᠨ ᠵᠠᠰᠠᠭ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠶᠢᠨ ᠣᠶᠢᠷ᠎ᠠ ᠶᠢᠨ ᠵᠢᠯ ‍ᠤᠳ‌‍ᠲ᠋ᠡᠬᠢ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠰᠢᠰᠲ᠋ᠧᠮ ᠤᠨ ︽ᠡᠷᠬᠡ ᠶᠢ ᠪᠠᠭᠤᠯᠭᠠᠬᠤ᠂ ᠬᠠᠮᠢᠶᠠᠷᠬᠤ᠂ ᠦᠶᠯᠡᠴᠢᠯᠡᠬᠦ︾ ᠥᠭᠡᠷᠡᠴᠢᠯᠡᠯᠲᠡ ᠶᠢᠨ ᠬᠤᠯᠪᠣᠭᠳᠠᠯ ᠪᠦᠭᠦᠢ ᠡᠯ᠎ᠡ ᠵᠦᠢᠯ ᠤᠨ ᠰᠢᠶᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠡᠪᠲᠡᠷᠡᠭᠦᠯᠪᠡ᠃      ᠲᠠᠨᠢᠯᠴᠠᠭᠤᠯᠤᠭᠰᠠᠨ ᠢᠶᠠᠷ᠂ ᠣᠶᠢᠷ᠎ᠠ ᠶᠢᠨ ᠵᠢᠯ ᠤᠳ ᠲᠤ ᠮᠠᠨ ᠤ ᠣᠷᠣᠨ ᠲᠦᠷᠦ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ᠂ ᠵᠠᠰᠠᠭ ᠵᠠᠬᠢᠷᠭᠠᠨ ᠤ ᠡᠷᠬᠡ ᠶᠢ ᠬᠦᠴᠦᠯᠡᠨ ᠴᠤᠮᠬᠠᠳᠬᠠᠵᠤ᠂ ᠠᠯᠢ ᠣᠯᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠲᠥᠷᠥᠯ ᠵᠦᠢᠯ ᠢ ᠬᠦᠴᠦᠨ ᠦᠭᠡᠢ ᠪᠣᠯᠭᠠᠭᠰᠠᠨ ᠪᠠ ᠳᠣᠷᠣᠭᠰᠢ ᠪᠠᠭᠤᠯᠭᠠᠵᠠᠢ᠂ 2016 ᠣᠨ ᠳᠤ ᠨᠢᠭᠡᠯᠡ ᠤᠳᠠᠭ᠎ᠠ ᠳᠤ 105 ᠵᠤᠷᠪᠤᠰ ᠵᠠᠰᠠᠭ ᠵᠠᠬᠢᠷᠭᠠᠨ ᠤ ᠡᠷᠬᠡ ᠶᠢ ᠴᠤᠮᠬᠠᠳᠬᠠᠨ᠂ ᠵᠠᠰᠠᠭ ᠵᠠᠬᠢᠷᠭᠠᠨ ᠤ ᠡᠷᠬᠡ ᠶᠢ  301 ᠵᠣᠷᠪᠤᠰ ᠪᠠᠶᠢᠭᠰᠠᠨ ᠠᠴᠠ ᠨᠢ 196 ᠵᠤᠷᠪᠤᠰ ᠪᠣᠯᠭᠠᠨ ᠬᠠᠰᠤᠵᠤ᠂  ᠡᠨᠡ ᠵᠢᠯ ᠤᠨ 9 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠠᠵᠤ ᠦᠢᠯᠡᠳᠪᠦᠷᠢ ᠶᠢᠨ ᠦᠢᠯᠡᠳᠬᠦᠨ ᠦᠢᠯᠡᠳᠪᠦᠷᠢᠯᠡᠬᠦ 19 ᠲᠥᠷᠥᠯ ᠤᠨ ᠵᠥᠪᠰᠢᠶᠡᠷᠡᠯ ᠤᠨ ᠦᠨᠡᠮᠯᠡᠯ ᠤᠨ ᠬᠠᠮᠢᠶᠠᠷᠤᠯᠲᠠ ᠶᠢ ᠬᠦᠴᠦᠨ ᠦᠭᠡᠢ ᠪᠣᠯᠭᠠᠪᠠ︔  ᠰᠢᠯᠭᠠᠨ ᠪᠠᠶᠢᠴᠠᠭᠠᠬᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠢ ᠦᠨᠡᠮᠰᠢᠨ ᠲᠣᠭᠲᠠᠭᠠᠬᠤ ᠶᠢ ᠨᠠᠶᠢᠳᠠᠵᠤ ᠳᠣᠷᠣᠭᠰᠢ ᠪᠠᠭᠤᠯᠭᠠᠬᠤ ᠲᠤᠷᠰᠢᠯᠲᠠ ᠶᠢᠨ ᠠᠵᠢᠯ ᠢ ᠦᠷᠨᠢᠭᠦᠯᠪᠡ︔ ᠪᠦᠬᠦ ᠰᠢᠰᠲ᠋ᠧᠮ ᠤᠨ ᠡᠯ᠎ᠡ  ᠨᠢᠭᠡᠴᠡ ᠤᠳ ᠳᠠᠷᠤᠭᠠᠰᠤ ᠶᠢ ᠭᠦᠩᠭᠡᠯᠡᠨ ᠰᠦᠢᠳᠬᠡᠯ ᠪᠠᠭᠤᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠬᠡᠮᠵᠢᠯᠲᠡ ᠶᠢᠨ ᠬᠦᠷᠢᠶᠡᠯᠡᠩ ᠤᠨ ᠬᠢᠨ 2017 ᠣᠨ ᠳᠤ 83 ᠵᠢᠵᠢᠭ ᠪᠢᠴᠢᠯ ᠠᠵᠤ ᠠᠬᠤᠶᠢᠯᠠᠯ ᠠᠴᠠ 47.61 ᠲᠦᠮᠡᠨ ᠲᠦᠬᠦᠷᠢᠭ ᠤᠨ ᠵᠠᠷᠤᠳᠠᠯ ᠰᠦᠢᠳᠬᠡᠯ ᠢ ᠬᠠᠰᠤᠵᠤ ᠬᠡᠯᠲᠦᠷᠢᠭᠦᠯᠦᠨ᠂ ᠪᠠᠷᠢᠮᠵᠢᠶᠠᠵᠢᠭᠤᠯᠤᠯᠲᠠ ᠶᠢᠨ ᠬᠦᠷᠢᠶᠡᠯᠡᠩ ᠤᠨ ᠱᠤᠭᠤᠮᠤᠨ ᠺᠣᠳ᠋ ᠢᠶᠠᠷ ᠶᠠᠰᠤ ᠴᠢᠨᠠᠷ ᠢ ᠪᠠᠶᠢᠴᠠᠭᠠᠬᠤ ᠦᠷᠳᠡᠭᠡ ᠨᠢ ᠪᠦᠬᠦ ᠣᠷᠣᠨ ᠤ 3000 ᠭᠠᠷᠤᠶ ᠠᠵᠤ ᠠᠬᠤᠶᠢᠯᠠᠯ ᠳᠤ ᠬᠤᠶᠠᠷ ᠵᠦᠢᠯ ᠤᠨ ᠦᠢᠯᠡᠳᠬᠦᠨ ᠤ ᠦᠢᠯᠡᠴᠢᠯᠡᠭᠡᠨ ᠤ ᠴᠢᠨᠠᠷᠲᠠᠶ ᠰᠢᠯᠭᠠᠨ ᠪᠠᠶᠢᠴᠠᠭᠠᠯᠲᠠ ᠶᠢ ᠦᠨ᠎ᠡ ᠲᠦᠯᠦᠪᠦᠷᠢ ᠦᠭᠡᠢ ᠬᠢᠭᠰᠡᠨ ᠪᠦᠭᠡᠳ ᠲᠥᠯᠥᠪᠦᠷᠢ ᠦᠭᠡᠶ ᠪᠠᠷ ᠲᠠᠸᠠᠷ ᠤᠨ ᠱᠤᠭᠤᠮᠤᠨ ᠺᠣᠳ᠋ ᠤᠨ ᠲᠡᠮᠳᠡᠭᠲᠦ ᠶᠢᠨ ᠰᠢᠯᠭᠠᠨ ᠪᠠᠶᠢᠴᠠᠭᠠᠭᠰᠠᠨ ᠲᠤᠭ᠎ᠠ ᠪᠠᠷᠢᠮᠲᠠ ᠶᠢ ᠭᠠᠷᠭᠠᠨ ᠥᠭᠴᠦ ᠂ ᠪᠠᠷᠢᠯᠭ᠎ᠠ ᠶᠢᠨ ᠮᠠᠲ᠋ᠧᠷᠢᠶᠠᠯ ᠤᠨ ᠬᠦᠷᠢᠶᠡᠯᠡᠩ ᠨᠢ ᠡᠵᠡᠩᠨᠡᠯᠲᠡ ᠪᠠᠷ ᠬᠦᠴᠢᠷᠲᠡᠶ ᠪᠠᠶᠢᠭ᠎ᠠ ᠠᠵᠤ ᠠᠬᠤᠶᠢᠯᠠᠯ ᠤᠨ ᠰᠢᠯᠭᠠᠨ ᠪᠠᠶᠢᠴᠠᠭᠠᠬᠤ ᠦᠢᠯᠡᠴᠢᠯᠡᠭᠡᠨ ᠤ ᠬᠡᠰᠡᠭ ᠰᠦᠢᠳᠬᠡᠯ  ᠢ ᠬᠠᠰᠤᠨ ᠬᠡᠯᠲᠦᠷᠢᠭᠦᠯᠵᠦ᠂ ᠡᠨᠡ ᠵᠢᠯ ᠨᠡᠶᠢᠲᠡ 12 ᠲᠦᠮᠡᠨ ᠲᠦᠬᠦᠷᠢᠭ ᠤᠨ ᠦᠢᠯᠡᠴᠢᠯᠡᠭᠡᠨ ᠤ ᠰᠦᠢᠳᠬᠡᠯ ᠢ ᠬᠠᠰᠤᠵᠤ ᠬᠡᠯᠲᠦᠷᠢᠭᠦᠯᠪᠡ᠂ ᠰᠢᠷᠬᠡᠭᠯᠢᠭ ᠰᠢᠯᠭᠠᠨ ᠪᠠᠶᠢᠴᠠᠭᠠᠬᠤ ᠲᠣᠪᠴᠢᠶ᠎ᠠ ᠨᠢ 2017 ᠣᠨ ᠳᠤ 4 ᠴᠢᠨᠠᠷ ᠰᠠᠶᠢᠲᠠᠶ ᠨᠣᠯᠤᠤᠷ ᠤᠨ ᠢᠮᠠᠭᠠᠨ ᠤ ᠡᠭᠦᠯᠳᠡᠷ ᠤᠨ 16000 ᠵᠠᠭᠪᠤᠷ ᠲᠤ ᠨᠠᠷᠢᠯᠢᠭᠵᠢᠭᠤᠯᠤᠭᠰᠠᠨ ᠰᠢᠯᠭᠠᠨ ᠬᠡᠮᠵᠢᠬᠦ ᠦᠢᠯᠡᠴᠢᠯᠡᠭᠡ ᠶᠢ ᠦᠨ᠎ᠡ ᠲᠦᠯᠦᠪᠦᠷᠢ ᠦᠭᠡᠢ ᠪᠠᠷ ᠬᠠᠩᠭᠠᠵᠤ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠨᠣᠯᠤᠤᠷ ᠤᠨ ᠢᠮᠠᠭ᠎ᠠ ᠲᠡᠵᠢᠭᠡᠨ ᠦᠷᠡᠵᠢᠭᠦᠯᠬᠦ ᠪᠠᠷ ᠭᠤᠣᠯ ᠪᠣᠯᠭᠠᠭᠰᠠᠨ ᠣᠷᠣᠨ ᠤ ᠪᠠᠷᠢᠮᠵᠢᠶᠠᠵᠢᠭᠤᠯᠤᠭᠰᠠᠨ ᠮᠠᠯᠵᠢᠯ ᠤᠨ ᠲᠠᠯᠠᠪᠤᠷ ᠪᠣᠯᠣᠨ ᠠᠵᠤ ᠠᠬᠤᠶᠢᠯᠠᠯ ᠳᠤ ᠮᠡᠷᠭᠡᠵᠢᠯ ᠤᠨ ᠦᠢᠯᠡᠴᠢᠯᠡᠭᠡ ᠬᠠᠩᠭᠠᠵᠤ᠂ ᠳᠠᠷᠤᠭᠠᠰᠤ ᠶᠢ ᠨᠢ ᠬᠥᠩᠭᠡᠯᠡᠪᠡ᠃ ᠭᠦᠸᠧᠯᠦ ᠶᠢᠨ ᠳᠠᠷᠤᠯᠲᠠᠲᠤ ᠰᠠᠪᠠ ᠰᠢᠯᠭᠠᠨ ᠪᠠᠶᠢᠴᠠᠭᠠᠬᠤ ᠬᠦᠷᠢᠶᠡᠯᠡᠩ ᠨᠢ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠰᠠᠭᠠᠲᠠᠭᠤᠯᠬᠤ ᠭᠠᠵᠠᠷ᠂ ᠬᠡᠦᠬᠡᠳ ᠤᠨ ᠴᠡᠴᠡᠷᠯᠢᠭ᠂ ᠨᠠᠰᠤᠲᠠᠨ ᠢ ᠠᠰᠠᠷᠠᠬᠤ ᠭᠠᠵᠠᠷ᠂ ᠠᠰᠠᠷᠠᠮᠵᠢ ᠶᠢᠨ ᠬᠦᠷᠢᠶᠡᠯᠡᠩ ᠤᠨ ᠭᠦᠸᠧᠯᠦ ᠶᠢᠨ ᠳᠠᠷᠤᠯᠲᠠᠲᠤ ᠰᠠᠪᠠ᠂ ᠳᠠᠷᠤᠯᠲᠠᠲᠤ ᠬᠤᠭᠤᠯᠠᠶ ᠶᠢ ᠰᠢᠯᠭᠠᠨ ᠪᠠᠶᠢᠴᠠᠭᠠᠵᠤ᠂ ︽ ᠦᠢᠯᠡᠴᠢᠯᠡᠭᠡ ᠪᠠᠷ ᠭᠤᠣᠯ ᠪᠣᠯᠭᠠᠵᠤ ᠂ ᠵᠣᠬᠢᠰᠲᠠᠶ ᠰᠦᠢᠳᠬᠡᠯ ᠬᠤᠷᠢᠶᠠᠬᠤ︾ ᠵᠠᠷᠴᠢᠮ ᠤᠨ ᠶᠣᠰᠣᠭᠠᠷ᠂ ᠵᠣᠬᠢᠴᠠᠩᠭᠤᠶ ᠲᠥᠷᠥᠯ ᠵᠦᠢᠯ ᠤᠨ ᠰᠦᠢᠳᠬᠡᠯ ᠢ ᠵᠣᠬᠢᠬᠤ ᠬᠡᠮᠵᠢᠶ᠎ᠡ ᠪᠠᠷ ᠬᠠᠰᠤᠵᠤ ᠬᠡᠯᠲᠦᠷᠢᠭᠦᠯᠪᠡ᠂ ᠡᠨᠡ ᠵᠢᠯ ᠤᠨ 4 ᠳ᠋ᠦ᠋ᠭᠡᠷ ᠰᠠᠷ᠎ᠠ ᠶᠢᠨ 1᠎ ᠤ ᠡᠳᠦᠷ ᠠᠴᠠ 11 ᠳ᠋ᠦ᠋ᠭᠡᠷ ᠰᠠᠷ᠎ᠠ ᠪᠣᠯᠲᠠᠯ᠎ᠠ᠂ ᠦᠢᠯᠡᠳᠬᠦᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠰᠢᠯᠭᠠᠨ ᠪᠠᠶᠢᠴᠠᠭᠠᠬᠤ ᠳᠤ ᠬᠤᠷᠢᠶᠠᠭᠰᠠᠨ ᠰᠦᠢᠳᠬᠡᠯ ᠨᠢ 100 ᠲᠦᠮᠡᠨ ᠲᠥᠭᠦᠷᠢᠭ ᠢ ᠳᠠᠪᠠᠵᠤ᠂ ᠠᠯᠪᠠᠳᠠᠯᠭ᠎ᠠ ᠶᠢᠨ ᠴᠢᠨᠠᠷᠲᠠᠢ ᠬᠡᠮᠵᠢᠯᠲᠡ ᠶᠢᠨ ᠬᠢᠨᠠᠨ ᠲᠣᠭᠲᠠᠭᠠᠬᠤ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ 2600 ᠭᠠᠷᠤᠶ ᠲᠦᠮᠡᠨ ᠲᠥᠭᠦᠷᠢᠭ ᠬᠡᠯᠲᠦᠷᠢᠭᠦᠯᠵᠦ᠂ ᠡᠯ᠎ᠡ ᠠᠶᠢᠮᠠᠭ ᠬᠤᠳᠠ ᠶᠢᠨ ᠱᠠᠲᠤᠨ ᠠᠴᠠ 6829 ᠲᠦᠮᠡᠨ ᠲᠥᠭᠦᠷᠢᠭ ᠬᠡᠯᠲᠦᠷᠢᠭᠦᠯᠪᠡ᠃ ᠲᠡᠷᠠᠭ᠎ᠠ ᠠᠯᠬᠤᠮ ᠳᠤ᠂ ᠥᠪᠥᠷ ᠮᠣᠩᠭᠤᠯ ᠤᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠪᠠᠷᠢᠮᠵᠢᠶᠠᠵᠢᠭᠤᠯᠤᠯᠲᠠ ᠶᠢ ᠲᠦᠷᠭᠡᠭᠡᠨ ᠠᠬᠢᠭᠤᠯᠵᠤ᠂ ᠲᠣᠣᠷ ᠰᠦᠯᠵᠢᠶ᠎ᠡ ᠶᠢ ᠢᠯᠡᠭᠦᠬᠡᠨ ᠵᠠᠮᠨᠠᠭᠤᠯᠵᠤ᠂ ᠣᠯᠠᠨ ᠲᠦᠮᠡᠨ ᠢ ᠳᠤᠲᠠᠭᠤ ᠭᠦᠶᠦᠯᠭᠡᠬᠦ ᠪᠣᠯᠣᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号