ᠡᠬᠢ ᠪᠠᠶᠠᠯᠢᠭ ᠤᠨ ᠭᠠᠶᠢᠯᠢ ᠶᠢ ᠦᠨ᠎ᠡ ᠪᠠᠷ ᠪᠤᠳᠣᠵᠦ ᠲᠠᠲᠠᠪᠤᠷᠢᠯᠠᠬᠤ ᠥᠭᠡᠷᠡᠴᠢᠯᠡᠯᠲᠡ ᠶᠢ 2016 ᠣᠨ | ᠤ 7 ᠳ᠋ᠤᠭᠠᠷ ᠰᠠᠷ᠎ᠠ ᠶᠢᠨ 1 ᠤ ᠡᠳᠦᠷ ᠪᠦᠬᠦ ᠲᠠᠯ᠎ᠠ ᠪᠠᠷ ᠬᠡᠷᠡᠭᠵᠢᠭᠦᠯᠦᠭᠰᠡᠨ ᠠᠴᠠ ᠨᠠᠰᠢ᠂ ᠪᠦᠬᠦ ᠣᠷᠣᠨ ᠤ | ᠠᠭᠤᠷᠬᠠᠶ ᠶᠢᠨ ᠠᠵᠤ ᠠᠬᠤᠶᠢᠯᠠᠯ ᠤᠨ 2012 ᠣᠨ ᠠᠴᠠ 2015 ᠣᠨ ᠪᠣᠯᠲᠠᠯᠠᠬᠢ ᠲᠤᠭ᠎ᠠ ᠪᠠᠷᠢᠮᠲᠠ ᠳᠤ | ᠰᠢᠨᠵᠢᠯᠡᠬᠦ ᠤᠬᠠᠭᠠᠨᠴᠢ ᠪᠠᠷ ᠬᠡᠮᠵᠢᠨ ᠪᠣᠳᠣᠯᠲᠠ ᠬᠢᠵᠤ᠂ ᠭᠠᠶᠢᠯᠢ ᠰᠦᠢᠳᠬᠡᠯ ᠤᠨ ᠵᠡᠷᠭᠡᠴᠡᠭᠡ ᠰᠢᠯᠵᠢᠯᠲᠡ ᠪᠣᠯᠣᠨ | ᠵᠦᠢ ᠵᠣᠬᠢᠰᠲᠠᠶ ᠡᠭᠦᠷᠭᠡᠯᠡᠬᠦ ᠵᠠᠷᠴᠢᠮ ᠢ ᠵᠢᠷᠤᠮᠯᠠᠨ᠂ ᠡᠬᠢ ᠪᠠᠶᠠᠯᠢᠭ ᠤᠨ ᠭᠠᠶᠢᠯᠢ ᠬᠠᠳᠠᠭᠠᠯᠠᠬᠤ ᠨᠥᠬᠦᠴᠡᠯ᠂ | ᠰᠦᠢᠳᠬᠡᠯ ᠬᠤᠷᠢᠶᠠᠬᠤ ᠰᠠᠭᠤᠷᠢ ᠮᠥᠩᠭᠦᠨ ᠤ ᠢᠯᠭᠠᠷᠠᠭᠤᠯᠤᠯᠳᠠ᠂ ᠠᠵᠤ ᠠᠬᠤᠶᠢᠯᠠᠯ ᠤᠨ ᠳᠠᠭᠠᠭᠠᠬᠤ ᠴᠢᠳᠠᠪᠤᠷᠢ | ᠶᠢ ᠬᠠᠮᠲᠤ ᠳᠤᠨᠢ ᠬᠠᠷᠠᠭᠠᠯᠵᠠᠵᠤ᠂ ᠪᠥᠬᠦ ᠣᠷᠣᠨ ᠤ ᠡᠬᠢ ᠪᠠᠶᠠᠯᠢᠭ ᠤᠨ ᠭᠠᠶᠢᠯᠢ ᠶᠢᠨ ᠬᠡᠷᠡᠭᠯᠡᠭᠡᠨ ᠤ ᠭᠠᠶᠢᠯᠢ ᠶᠢᠨ | ᠨᠤᠷᠮ᠎ᠠ ᠶᠢ ᠵᠦᠢ ᠵᠣᠬᠢᠰᠲᠠᠶ ᠲᠣᠭᠲᠠᠭᠠᠵᠤ᠂ ᠪᠦᠬᠦ ᠣᠷᠣᠨ ᠤ ᠬᠡᠰᠡᠭ ᠡᠬᠢ ᠪᠠᠶᠠᠯᠢᠭ ᠤᠨ ᠭᠠᠶᠢᠯᠢ ᠶᠢᠨ ᠲᠥᠷᠥᠯ ᠢ | ᠰᠣᠯᠢᠵᠤ ᠪᠤᠳᠤᠬᠤ ᠬᠠᠷᠢᠴᠠᠯ ᠪᠠ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ | ᠲᠣᠳᠣᠷᠬᠠᠶᠢᠯᠠᠵᠤ᠂ ᠡᠬᠢ ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ ᠶᠢ ᠤᠷᠤᠭᠰᠢᠲᠠᠶ ᠲᠦᠯᠬᠢᠨ ᠠᠬᠢᠭᠤᠯᠬᠤ ᠳᠤ | ᠰᠠᠶᠢᠲᠤᠷ ᠰᠠᠭᠤᠷᠢ ᠲᠠᠯᠪᠢᠵᠠᠢ᠃ ᠣᠳᠣᠬᠠᠨ ᠳᠤ᠂ ᠪᠦᠬᠦ ᠣᠷᠣᠨ ᠤ 59 ᠠᠭᠤᠷᠬᠠᠶ ᠶᠢᠨ ᠪᠦᠲᠦᠭᠡᠭᠳᠡᠬᠦᠨ ᠡᠬᠢ | ᠪᠠᠶᠠᠯᠢᠭ ᠤᠨ ᠭᠠᠶᠢᠯᠢ ᠶᠢ ᠦᠨ᠎ᠡ ᠪᠠᠷ ᠪᠤᠳᠣᠵᠦ ᠲᠠᠲᠠᠪᠤᠷᠢᠯᠠᠬᠤ ᠥᠭᠡᠷᠡᠴᠢᠯᠡᠯᠲᠡ ᠶᠢ ᠪᠡᠶᠡᠯᠡᠭᠦᠯᠵᠦ᠂ ᠲᠠᠲᠠᠪᠤᠷᠢᠯᠠᠯ | ᠬᠠᠮᠢᠶᠠᠷᠤᠯᠲᠠ ᠡᠮᠬᠢ ᠵᠢᠷᠤᠮ ᠰᠠᠶᠢᠲᠠᠢ ᠪᠠᠶᠢᠵᠤ᠂ ᠢᠯᠡᠳᠲᠡ ᠦᠷ᠎ᠡ ᠪᠦᠲᠦᠮᠵᠢ ᠣᠯᠵᠠᠶ᠃ ᠠᠵᠤ ᠠᠬᠤᠶ ᠶᠢᠨ | ᠲᠣᠭᠲᠠᠭᠤᠨ ᠠᠵᠢᠯᠯᠠᠭ᠎ᠠ ᠠᠴᠠ ᠠᠰᠢᠭ ᠬᠦᠷᠲᠡᠵᠦ᠂ ᠭᠤᠣᠯ ᠪᠣᠯᠬᠤ ᠡᠬᠢ ᠪᠠᠶᠠᠯᠢᠭ ᠤᠨ ᠪᠦᠲᠦᠭᠡᠭᠳᠡᠬᠦᠨ ᠤ ᠲᠤᠭ᠎ᠠ | ᠬᠡᠮᠵᠢᠶ᠎ᠡ ᠪᠠ ᠦᠨ᠎ᠡ ᠬᠠᠩᠰᠢ ᠵᠡᠷᠭᠡᠪᠡᠷ ᠳᠡᠭᠡᠭᠰᠢᠯᠡᠵᠠᠢ᠂ 11 ᠳ᠋ᠦ᠋ᠭᠡᠷ ᠰᠠᠷ᠎ᠠ ᠶᠢᠨ ᠡᠴᠦᠰ ᠪᠣᠯᠬᠤ ᠳᠤ᠂ 2017 | ᠣᠨ ᠤ ᠪᠦᠬᠦ ᠣᠷᠣᠨ ᠤ ᠡᠬᠢ ᠪᠠᠶᠠᠯᠢᠭ ᠤᠨ ᠭᠠᠶᠢᠯᠢ ᠶᠢᠨ ᠣᠷᠣᠯᠭ᠎ᠠ ᠶᠢ 186.5 ᠳ᠋ᠦᠩᠰᠢᠭᠤᠷ ᠲᠥᠭᠦᠷᠢᠭ | ᠪᠡᠶᠡᠯᠡᠭᠦᠯᠵᠦ᠂ ᠦᠨ᠎ᠡ ᠪᠠᠷ ᠪᠤᠳᠤᠵᠤ ᠭᠠᠶᠢᠯᠢ ᠲᠠᠲᠠᠪᠤᠷᠢᠯᠠᠬᠤ ᠲᠣᠬᠢᠷᠠᠭᠤᠯᠬᠤ ᠲᠣᠭᠲᠠᠴᠠ ᠶᠢᠨ ᠦᠢᠯᠡᠳᠦᠯ | ᠲᠣᠪᠣᠶᠢᠮ᠎ᠠ ᠪᠠᠶᠢᠵᠤ᠂ ᠭᠠᠶᠢᠯᠢ ᠲᠠᠲᠠᠪᠤᠷᠢ ᠶᠢᠨ ᠬᠠᠷᠢᠮᠠᠬᠠᠶ ᠴᠢᠨᠠᠷ ᠢᠯᠡᠳᠲᠡ ᠴᠢᠩᠭᠠᠷᠠᠪᠠ᠃ |