ᠥᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠮᠡᠳᠡᠭᠳᠡᠯ ᠪᠠᠭᠤᠯᠭᠠᠵᠤ ᠡᠯ᠎ᠡ ᠱᠠᠳᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠰᠢᠨ᠎ᠠ ᠵᠢᠯ ᠴᠠᠭᠠᠨ ᠰᠠᠷ᠎ᠠ ᠶᠢᠨ ᠬᠤᠭᠤᠴᠠᠭᠠᠨ ᠳᠤ ᠰᠤᠷᠳᠠᠯ ᠢ ᠲᠦᠪ ᠪᠤᠯᠭᠠᠨ ᠰᠠᠬᠢᠯᠭ᠎ᠠ ᠪᠠᠳᠤ ᠶᠢ ᠴᠢᠩᠳᠠᠯᠠᠬᠤ ᠠᠵᠢᠯ ᠢ ᠰᠠᠶᠢᠳᠤᠷ ᠬᠢᠭᠦ ᠬᠡᠷᠡᠭᠳᠡᠢ ᠬᠡᠵᠤ ᠱᠠᠭᠠᠷᠳᠠᠵᠠᠢ
ᠨᠡᠶᠢᠲᠡᠯᠡᠭᠰᠡᠨ ᠴᠠᠭ᠄
2017/12/29
      12 ᠳ᠋ᠤᠭᠠᠷ ᠰᠠᠷ᠎ᠠ ᠶᠢᠨ 26᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ 2018 ᠣᠨ ᠤ ᠰᠢᠨ᠎ᠠ ᠵᠢᠯ ᠴᠠᠭᠠᠨ ᠰᠠᠷ᠎ᠠ ᠶᠢᠨ ᠬᠤᠭᠤᠴᠠᠭᠠᠨ ᠳᠤ ᠰᠤᠷᠳᠠᠯ ᠢ ᠲᠦᠪ ᠪᠤᠯᠭᠠᠨ ᠰᠠᠬᠢᠯᠭ᠎ᠠ ᠪᠠᠳᠤ ᠶᠢ ᠴᠢᠩᠳᠠᠯᠠᠬᠤ ᠠᠵᠢᠯ ᠢ ᠰᠠᠶᠢᠳᠤᠷ ᠬᠢᠭᠦ ᠲᠤᠬᠠᠢ ᠮᠡᠳᠡᠭᠳᠡᠯ ᠪᠠᠭᠤᠯᠭᠠᠵᠤ᠂ ᠡᠯ᠎ᠠ ᠠᠶᠢᠮᠠᠭ ᠬᠤᠳᠠ ᠶᠢᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠡᠯ᠎ᠠ ᠲᠤᠮᠢᠯᠠᠨ ᠰᠠᠭᠤᠯᠭᠠᠬᠰᠠᠨ ︵ᠲᠤᠮᠢᠯᠠᠬᠰᠠᠨ︶ ᠪᠠᠶᠢᠭᠤᠯᠤᠮᠵᠢ᠂ ᠦᠪᠡᠷᠳᠡᠭᠡᠨ ᠵᠠᠰᠠᠬᠤ ᠤᠷᠤᠨ ᠤ ᠡᠯ᠎ᠠ ᠶᠡᠭᠡ ᠲᠡᠭᠡᠳᠦ ᠰᠤᠷᠭᠠᠭᠤᠯᠢ᠂ ᠤᠯᠤᠰ ᠤᠨ ᠦᠮᠴᠢᠯᠡᠯ ᠤᠨ ᠠᠵᠤ ᠠᠬᠤᠶᠢᠯᠠᠯ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢ ᠶᠡᠷᠦᠩᠬᠡᠢ ᠱᠦᠵᠢ ᠰᠢ ᠶᠢᠨ ᠫᠢᠩ ᠤᠨ ︽ᠲᠦᠷᠪᠡᠨ ᠰᠤᠷᠳᠠᠯ︾᠎ ᠤᠨ ᠠᠰᠠᠭᠤᠳᠠᠯ ᠢ ᠴᠢᠨᠠᠬᠰᠢᠳᠠ ᠵᠠᠯᠠᠷᠠᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠡᠶᠢᠳᠡᠪᠦᠷᠢᠵᠢᠭᠤᠯᠵᠤ᠂ ᠴᠦᠭᠦᠷᠡᠯ ᠦᠭᠡᠢ ᠪᠠᠷ ᠰᠤᠷᠳᠠᠯ ᠢ ᠲᠦᠪ ᠪᠤᠯᠭᠠᠨ ᠰᠠᠬᠢᠯᠭ᠎ᠠ ᠪᠠᠳᠤ ᠶᠢ ᠴᠢᠩᠳᠠᠯᠠᠵᠤ᠂ ᠲᠦᠪ ᠤᠨ ᠨᠠᠢᠮᠠᠨ ᠲᠤᠬᠳᠠᠭᠠᠯ ᠤᠨ ᠵᠤᠷᠢᠭ ᠰᠠᠨᠠᠭ᠎ᠠ ᠶᠢ ᠨᠡᠶᠢᠳᠡᠪᠦᠷᠢᠵᠢᠭᠤᠯᠬᠤ ᠶᠢ ᠪᠠᠶᠢᠩᠭᠤᠵᠢᠭᠤᠯᠬᠤ ᠪᠠ ᠤᠷᠳᠤ ᠬᠤᠭᠤᠴᠠᠭ᠎ᠠ ᠪᠦᠳᠦᠮᠵᠢᠳᠡᠢ ᠪᠤᠯᠭᠠᠬᠤ ᠶᠢ ᠠᠬᠢᠭᠤᠯᠬᠤ ᠬᠡᠷᠡᠭᠳᠡᠢ ᠬᠡᠵᠤ ᠱᠠᠭᠠᠷᠳᠠᠵᠠᠢ᠃      ᠮᠡᠳᠡᠭᠳᠡᠯ ᠳᠤ᠂ ᠡᠯ᠎ᠠ ᠱᠠᠳᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠢᠯᠡ ᠪᠠᠶᠢᠴᠠᠭᠠᠨ ᠲᠠᠯᠳᠠ ᠰᠤᠷᠪᠤᠯᠵᠢᠯᠠᠬᠤ᠂ ᠰᠤᠭᠤᠴᠢᠨ ᠪᠠᠶᠢᠴᠠᠭᠠᠬᠤ᠂ ᠬᠡᠨᠡᠳᠡᠭᠦᠯᠦᠨ ᠪᠠᠶᠢᠴᠠᠭᠠᠬᠤ᠂ ᠲᠡᠬᠡᠳᠤ ᠲᠤᠤᠷᠠᠳᠤ ᠱᠠᠳᠤ ᠬᠤᠯᠪᠤᠭᠠᠯᠠᠬᠤ ᠵᠡᠷᠭᠡ ᠠᠷᠭ᠎ᠠ ᠬᠡᠯᠪᠡᠷᠢ ᠪᠠᠷ ᠬᠢᠨᠠᠯᠳᠠ ᠲᠠᠯᠪᠢᠬᠤ ᠬᠠᠷᠢᠭᠤᠴᠠᠯᠭ᠎ᠠ ᠪᠠᠨ ᠬᠢᠨᠠᠮᠠᠭᠠᠢ ᠬᠦᠢᠴᠡᠳᠭᠡᠵᠤ᠂ ᠡᠯ᠎ᠠ ᠵᠦᠢᠯ ᠤᠨ ᠰᠠᠬᠢᠯᠭ᠎ᠠ ᠪᠠᠳᠤ ᠶᠢ ᠴᠢᠨᠠᠬᠰᠢᠳᠠ ᠴᠢᠩᠳᠠᠯᠠᠨ᠂ ᠰᠢᠨ᠎ᠠ ᠵᠢᠯ᠂ ᠴᠠᠭᠠᠨ ᠰᠠᠷ᠎ᠠ ᠶᠢᠨ ᠬᠤᠭᠤᠴᠠᠭᠠᠨ ᠳᠤ ᠵᠠᠪᠳᠤᠵᠤ ᠵᠤᠭᠤᠰ ᠵᠠᠷᠤᠬᠤ︔ ᠲᠤᠬᠳᠠᠭᠠᠯ ᠢ ᠵᠦᠷᠢᠴᠡᠨ ᠨᠡᠮᠡᠭᠦᠷᠢ᠂ ᠨᠦᠬᠦᠪᠦᠷᠢ᠂ ᠱᠠᠩᠨᠠᠯ ᠤᠨ ᠮᠦᠩᠭᠦ ᠪᠠ ᠡᠳ᠋ ᠪᠤᠳᠠᠰ ᠲᠠᠷᠬᠠᠭᠠᠬᠤ︔ ᠡᠳ᠋ ᠤᠨ ᠵᠠᠰᠠᠭ ᠤᠨ ᠴᠢᠨᠠᠷᠳᠠᠢ ᠪᠡᠯᠡ ᠮᠦᠩᠭᠦ ᠪᠠᠷ ᠣᠨ ᠤ ᠬᠤᠷᠠᠯ ᠬᠢᠬᠦ᠂ ᠡᠵᠡᠩᠨᠡᠯᠳᠡ ᠶᠢᠨ ᠴᠢᠨᠠᠷᠳᠠᠢ ᠤᠳᠬ᠎ᠠ ᠤᠷᠠᠯᠢᠭ ᠤᠨ ᠦᠳᠡᠰᠢᠯᠡᠭᠡ ᠬᠢᠬᠦ︔ ᠲᠤᠬᠳᠠᠭᠠᠯ ᠢ ᠵᠦᠷᠢᠴᠡᠨ ᠠᠯᠪᠠᠨ ᠤ ᠵᠤᠭᠤᠰ ᠢᠶᠠᠷ ᠢᠳᠡᠵᠤ ᠤᠤᠭᠤᠬᠤ᠂ ᠵᠤᠭᠠᠴᠠᠬᠤ ᠪᠠ ᠬᠡᠷᠡᠭᠯᠡᠭᠡ ᠶᠡᠭᠡᠳᠠᠢ ᠵᠤᠭ᠎ᠠ ᠴᠡᠩᠭᠡᠯ ᠪᠡᠶ᠎ᠠ ᠪᠤᠯᠪᠠᠰᠤᠷᠠᠭᠤᠯᠬᠤ ᠠᠵᠢᠯᠯᠠᠭ᠎ᠠ ᠳᠤ ᠤᠷᠤᠯᠴᠠᠬᠤ︔ ᠠᠯᠪᠠᠨ ᠤ ᠵᠤᠭᠤᠰ ᠢᠶᠠᠷ ᠰᠢᠨ᠎ᠠ ᠵᠢᠯ ᠤᠨ ᠪᠠᠶᠠᠷ ᠤᠨ ᠺᠠᠷᠲ᠂ ᠬᠤᠸᠠᠷ ᠫᠤᠤᠵᠢᠩ ᠵᠡᠷᠭᠡ ᠵᠢᠯ ᠴᠠᠭᠠᠨ ᠰᠠᠷ᠎ᠠ ᠶᠢᠨ ᠪᠡᠯᠡᠭ ᠬᠤᠳᠠᠯᠳᠤᠨ ᠠᠪᠬᠤ ᠪᠠ ᠬᠦᠷᠭᠡᠭᠦ︔ ᠲᠤᠬᠳᠠᠭᠠᠯ ᠢ ᠵᠦᠷᠢᠴᠡᠨ ᠪᠡᠯᠡᠭ᠂ ᠵᠤᠭᠤᠰ᠂ ᠬᠡᠷᠡᠭᠯᠡᠭᠡᠨ ᠤ ᠺᠠᠷᠲ ᠵᠡᠷᠭᠡ ᠶᠢ ᠬᠦᠷᠭᠡᠭᠦ︔ ᠠᠯᠪᠠᠨ ᠤ ᠲᠡᠷᠭᠡ ᠶᠢ ᠬᠤᠪᠢᠨ ᠳᠠᠭᠠᠨ ᠬᠡᠷᠡᠭᠯᠡᠭᠦ ᠪᠣᠶᠣ ︽ᠠᠯᠪᠠᠨ ᠤ ᠵᠤᠭᠤᠰ ᠢ ᠬᠤᠪᠢ ᠬᠦᠮᠤᠨ ᠤ ᠲᠡᠷᠭᠡ ᠳᠤ ᠵᠠᠷᠤᠴᠠᠭᠤᠯᠬᠤ︾︔ ᠲᠤᠬᠳᠠᠭᠠᠯ ᠢ ᠵᠦᠷᠢᠴᠡᠨ ᠬᠤᠪᠢ ᠬᠦᠮᠦᠨ ᠤ ᠰᠡᠯᠡᠬᠦᠴᠡᠯ ᠤᠨ ᠭᠠᠵᠠᠷ ᠢᠶᠠᠷ ᠤᠷᠤᠵᠤ ᠭᠠᠷᠬᠤ︔ ᠲᠤᠬᠳᠠᠭᠠᠯ ᠢ ᠵᠦᠷᠢᠴᠡᠨ ᠨᠤᠳᠤᠭ ᠤᠨ ᠬᠦᠮᠦᠰ ᠤᠨ ᠴᠤᠬᠯᠠᠭᠠᠨ᠂ ᠰᠤᠷᠭᠠᠭᠤᠯᠢ ᠶᠢᠨ ᠬᠠᠨᠢᠳᠠᠨ ᠤ ᠴᠤᠬᠯᠠᠭᠠᠨ᠂ ᠲᠠᠶᠢᠴᠢᠨ ᠠᠨᠳᠠ ᠶᠢᠨ ᠴᠤᠬᠯᠠᠭᠠᠨ ᠳᠤ ᠤᠷᠤᠯᠴᠠᠬᠤ︔ ᠡᠯ᠎ᠠ ᠵᠦᠢᠯ ᠤᠨ ᠬᠡᠯᠪᠡᠷᠢ ᠶᠢᠨ ᠵᠤᠭᠤᠰ ᠮᠦᠷᠦᠶᠢᠴᠡᠭᠦ ᠠᠵᠢᠯᠯᠠᠭ᠎ᠠ ᠳᠤ ᠤᠷᠤᠯᠴᠠᠬᠤ ᠵᠡᠷᠭᠡ ᠶᠢ ᠴᠢᠩᠭ᠎ᠠ ᠪᠠᠶᠢᠴᠠᠭᠠᠨ ᠰᠢᠢᠳᠪᠦᠷᠢᠯᠡᠭᠦ ᠬᠡᠷᠡᠭᠳᠡᠢ ᠬᠡᠵᠤ ᠲᠤᠳᠤᠷᠬᠠᠢ ᠲᠤᠬᠳᠠᠭᠠᠵᠠᠢ᠃      ᠮᠡᠳᠡᠭᠳᠡᠯ ᠠᠴᠠ᠂ ᠡᠯ᠎ᠠ ᠱᠠᠳᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠤᠯᠤᠰ ᠎ ᠤᠨ ᠦᠮᠴᠢᠯᠡᠯ ᠤᠨ ᠠᠵᠤ ᠠᠬᠤᠶᠢᠯᠠᠯ᠂ ᠮᠦᠩᠭᠦᠨ ᠬᠦᠢᠯᠭᠡᠭᠡᠨ ᠤ ᠪᠠᠶᠢᠭᠤᠯᠤᠮᠵᠢ ᠪᠠ ᠬᠤᠰᠢᠭᠤ ᠰᠢᠶᠠᠨ᠂ ᠰᠤᠮᠤ ᠰᠢᠶᠠᠩ ᠪᠠᠯᠭᠠᠰᠦ ᠦᠨᠳᠦᠰᠦᠨ ᠱᠠᠳᠤ ᠵᠡᠷᠭᠡ ᠬᠦᠷᠢᠶ᠎ᠡ ᠳᠤ ᠠᠩᠬᠠᠷᠤᠯ ᠢᠶᠠᠨ ᠲᠦᠪᠯᠡᠷᠡᠭᠦᠯᠵᠤ᠂ ᠲᠦᠪ ᠤᠨ ᠨᠠᠢᠮᠠᠨ ᠲᠤᠬᠳᠠᠭᠠᠯ ᠤᠨ ᠵᠤᠷᠢᠭ ᠰᠠᠨᠠᠭ᠎ᠠ ᠶᠢ ᠨᠡᠶᠢᠳᠡᠪᠦᠷᠢᠵᠢᠭᠤᠯᠬᠤ ᠶᠢ ᠦᠨᠳᠦᠰᠦᠨ ᠱᠠᠳᠤ ᠲᠡᠰᠢ ᠦᠷᠭᠦᠯᠵᠢᠯᠡᠭᠦᠯᠵᠤ᠂ ᠲᠠᠷᠤᠯᠳᠠ ᠲᠠᠮᠵᠢᠭᠤᠯᠭ᠎ᠠ ᠶᠢᠨ ᠱᠠᠳᠤ ᠱᠠᠳᠤ ᠪᠠᠷ ᠪᠠᠭᠤᠷᠠᠬᠤ ᠠᠰᠠᠭᠤᠳᠠᠯ ᠢ ᠰᠢᠢᠳᠪᠦᠷᠢᠯᠡᠭᠦ ᠬᠡᠷᠡᠭᠳᠡᠢ᠃ ᠰᠢᠨ᠎ᠠ ᠮᠡᠷᠭᠡᠵᠢᠯ ᠰᠢᠨ᠎ᠠ ᠠᠷᠭ᠎ᠠ ᠪᠠᠷᠢᠯ ᠢ ᠠᠪᠴᠤ᠂ ᠤᠯᠠᠨ ᠲᠦᠮᠡᠨ ᠤ ᠬᠢᠨᠠᠯᠳᠠ ᠲᠠᠯᠪᠢᠬᠤ ᠢᠯᠡᠴᠢᠯᠡᠨ ᠮᠡᠳᠡᠭᠦᠯᠭᠦ ᠠᠷᠭ᠎ᠠ ᠵᠠᠮ ᠢ ᠦᠷᠭᠡᠳᠭᠡᠨ ᠰᠢᠯᠤᠭᠤᠳᠬᠠᠵᠤ᠂ ᠬᠢᠨᠠᠯᠳᠠ ᠲᠠᠯᠪᠢᠬᠤ ᠲᠤᠤᠷ ᠢ ᠭᠠᠵᠠᠷ ᠰᠠᠢ ᠦᠭᠡᠢ ᠪᠦᠷᠢᠯᠳᠦᠭᠦᠯᠭᠦ ᠬᠡᠷᠡᠭᠳᠡᠢ᠃ ︽ᠲᠦᠷᠪᠡᠨ ᠰᠤᠷᠳᠠᠯ︾᠎ ᠤᠨ ᠰᠢᠨ᠎ᠠ ᠬᠠᠨᠳᠤᠰᠢ ᠶᠢ ᠨᠢᠬᠳᠠ ᠠᠩᠬᠠᠷᠴᠤ᠂ ᠪᠠᠶᠢᠭᠤᠯᠭ᠎ᠠ ᠪᠤᠶᠤ ᠠᠵᠤ ᠠᠬᠤᠶᠢᠯᠠᠯ ᠤᠨ ᠬᠤᠭᠤᠯᠠᠨ ᠭᠠᠵᠠᠷ᠂ ᠪᠤᠯᠪᠠᠰᠤᠷᠠᠯ ᠤᠨ ᠲᠦᠪ ᠵᠡᠷᠭᠡ ᠭᠠᠵᠠᠷ ᠳᠤ ᠠᠯᠪᠠᠨ ᠤ ᠵᠤᠭᠤᠰ ᠢᠶᠠᠷ ᠢᠳᠡᠵᠤ ᠤᠤᠭᠤᠬᠤ᠂ ᠰᠠᠭᠤᠭᠠᠯᠢ ᠠᠷᠠᠳ ᠤᠨ ᠲᠤᠭᠤᠷᠢᠭ ᠪᠤᠶᠤ ᠠᠵᠢᠯᠯᠠᠬᠤ ᠠᠰᠠᠷ ᠤᠨ ︽ᠨᠢᠭᠡ ᠰᠢᠷᠡᠭᠡ ᠬᠤᠭᠤᠯᠠ︾᠎ ᠳᠤ ᠲᠠᠶᠢᠯᠠᠯᠭ᠎ᠠ ᠬᠦᠯᠢᠶᠡᠭᠦ᠂ ᠡᠯ᠎ᠠ ᠵᠦᠢᠯ ᠤᠨ ᠰᠢᠯᠳᠠᠭ ᠢᠶᠠᠷ ᠠᠯᠪᠠᠨ ᠤ ᠵᠤᠭᠤᠰ ᠢᠶᠠᠷ ᠢᠳᠡᠵᠤ ᠤᠤᠭᠤᠬᠤ ᠪᠡᠯᠡᠭ ᠬᠦᠷᠭᠡᠭᠦ᠂ ᠬᠡᠷᠡᠭ ᠡᠷᠬᠢᠯᠡᠭᠦ ᠭᠠᠵᠠᠷ ᠵᠡᠷᠭᠡ ᠪᠠᠶᠢᠭᠤᠯᠤᠮᠵᠢ ᠪᠠᠷ ᠲᠠᠮᠵᠢᠨ ᠲᠠᠶᠢᠯᠠᠯᠭ᠎ᠠ ᠲᠤᠬᠢᠷᠠᠭᠤᠯᠵᠤ᠂ ᠰᠢᠨ᠎ᠠ ᠵᠢᠯ ᠎ ᠤᠨ ᠪᠡᠯᠡᠭ ᠰᠡᠯᠳᠡ ᠬᠦᠷᠭᠡᠭᠦ᠂ ᠬᠠᠮᠢᠶᠠᠷᠤᠯᠳᠠ ᠦᠢᠯᠡᠴᠢᠯᠡᠭᠡᠨ ᠤ ᠡᠳᠡᠭᠡᠳ ᠤᠨ ᠲᠤᠬᠢᠷᠠᠭᠤᠯᠤᠬᠰᠠᠨ ᠲᠠᠶᠢᠯᠠᠯᠭ᠎ᠠ ᠪᠠ ᠵᠤᠭᠠᠴᠠᠭᠤᠯᠬᠤ ᠶᠢ ᠬᠦᠯᠢᠶᠡᠭᠦ ᠵᠡᠷᠭᠡ ᠲᠤᠬᠳᠠᠭᠠᠯ ᠠᠴᠠ ᠵᠦᠷᠢᠴᠡᠭᠰᠡᠨ ᠬᠡᠯᠪᠡᠷᠢ ᠬᠤᠪᠢᠷᠠᠬᠰᠠᠨ ᠨᠢᠭᠤᠴᠠᠭᠠᠢ ᠠᠰᠠᠭᠤᠳᠠᠯ ᠢ ᠴᠢᠭᠯᠡᠭᠦᠯᠦᠯᠳᠦ ᠴᠢᠨᠠᠷᠳᠠᠢ ᠪᠠᠷ ᠵᠠᠰᠠᠬᠤ ᠬᠡᠷᠡᠭᠳᠡᠢ᠃ ᠶᠡᠷᠦᠩᠬᠡᠢ ᠱᠦᠵᠢ ᠰᠢ ᠶᠢᠨ ᠫᠢᠩ ᠤᠨ ᠵᠢᠭᠠᠵᠤ ᠭᠠᠷᠭᠠᠬᠰᠠᠨ ᠬᠡᠯᠪᠡᠷᠢᠴᠢ ᠦᠵᠡᠯ᠂ ᠨᠤᠶᠠᠨᠴᠢ ᠦᠵᠡᠯ ᠤᠨ 10 ᠲᠠᠯ᠎ᠠ ᠶᠢᠨ ᠪᠤᠳᠠᠳᠠᠢ ᠢᠯᠡᠷᠡᠯ ᠳᠤ ᠠᠩᠬᠠᠷᠤᠯ ᠢᠶᠠᠨ ᠲᠦᠪᠯᠡᠷᠡᠭᠦᠯᠵᠤ᠂ ᠤᠪᠤᠷ ᠢᠶᠠᠨ ᠢᠯᠡᠳᠭᠡᠬᠦ ᠨᠢ ᠤᠯᠠᠨ᠂ ᠭᠡᠯᠡᠬᠦ ᠨᠢ ᠰᠠᠶᠢᠨ᠂ ᠠᠵᠢᠯᠯᠠᠭ᠎ᠠ ᠨᠢ ᠴᠦᠭᠡᠨ ᠨᠡᠶᠢᠳᠡᠪᠦᠷᠢᠵᠢᠭᠤᠯᠬᠤ ᠨᠢ ᠠᠨᠠᠢ ᠵᠡᠷᠭᠡ ᠲᠤᠪᠤᠶᠢᠮ᠎ᠠ ᠠᠰᠠᠭᠤᠳᠠᠯ ᠪᠠ ᠠᠵᠢᠯ ᠳᠠᠭᠠᠨ ᠬᠤᠶᠢᠷᠭᠤᠰᠢᠬᠤ᠂ ᠪᠤᠳᠠᠳᠤ ᠠᠮᠵᠢᠯᠳᠡ ᠦᠯᠦ ᠭᠠᠷᠭᠠᠬᠤ ᠵᠡᠷᠭᠡ ᠲᠦᠪᠯᠡᠷᠡᠩᠭᠦᠢ ᠲᠤᠰᠬᠠᠬᠰᠠᠨ ᠠᠰᠠᠭᠤᠳᠠᠯ ᠢ ᠭᠤᠤᠯᠳᠠᠯᠭ᠎ᠠ ᠲᠠᠢ ᠵᠠᠯᠠᠷᠠᠭᠤᠯᠬᠤ ᠬᠡᠷᠡᠭᠳᠡᠢ᠃ ᠠᠯᠪᠠᠨ ᠤ ᠲᠡᠷᠭᠡ᠂ ᠠᠯᠪᠠᠨ ᠳᠤ ᠬᠡᠷᠡᠭᠯᠡᠭᠦ ᠬᠡᠷ ᠪᠠᠶᠢᠰᠢᠩ ᠵᠡᠷᠭᠡ ᠲᠠᠯ᠎ᠠ ᠶᠢᠨ ᠲᠤᠬᠳᠠᠭᠠᠯ ᠢ ᠰᠢᠮᠳᠠᠭᠤᠯᠤᠨ ᠨᠡᠶᠢᠳᠡᠪᠦᠷᠢᠵᠢᠭᠤᠯᠬᠤ ᠪᠠᠷ ᠤᠨᠴᠠ ᠡᠷᠭᠡ ᠶᠢᠨ ᠦᠵᠡᠯ ᠰᠠᠨᠠᠭ᠎ᠠ ᠪᠠ ᠤᠨᠴᠠ ᠡᠷᠭᠡᠳᠦ ᠠᠵᠢᠯᠯᠠᠭ᠎ᠠ ᠶᠢ ᠡᠰᠡᠷᠭᠦᠴᠡᠭᠦ ᠭᠠᠷᠳᠠᠴᠠ ᠪᠤᠯᠭᠠᠵᠤ᠂ ᠬᠠᠮᠢᠶ᠎ᠠ ᠪᠦᠬᠦᠢ ᠠᠰᠠᠭᠤᠳᠠᠯ ᠤᠨ ᠰᠦᠪᠡᠭᠴᠢ ᠶᠢ ᠴᠠᠭ ᠲᠤᠬᠠᠢ ᠳᠤᠨᠢ ᠬᠦᠯᠢᠶᠡᠨ ᠰᠢᠢᠳᠪᠦᠷᠢᠯᠡᠭᠦ ᠬᠡᠷᠡᠭᠳᠡᠢ᠃ ᠬᠤᠭᠤᠴᠠᠭ᠎ᠠ ᠰᠤᠯᠢᠬᠤ ᠰᠠᠬᠢᠯᠭ᠎ᠠ ᠪᠠᠳᠤ ᠶᠢᠨ ᠱᠠᠭᠠᠷᠳᠠᠯᠭ᠎ᠠ ᠶᠢ ᠴᠢᠩᠳᠠᠯᠠᠵᠤ᠂ ᠰᠢᠨ᠎ᠠ ᠵᠢᠯ ᠴᠠᠭᠠᠨ ᠰᠠᠷ᠎ᠠ ᠪᠠᠷ ᠲᠤᠬᠢᠶᠠᠯ ᠪᠤᠯᠭᠠᠨ ᠪᠢᠯᠧᠲ ᠲᠠᠳᠠᠵᠤ ᠰᠤᠩᠭᠤᠭᠤᠯᠢ ᠳᠤ ᠬᠡᠭᠡᠯᠢ ᠬᠠᠭ᠋ᠤᠤᠯᠢ ᠲᠦᠯᠬᠢᠭᠦ᠂ ᠨᠠᠶᠢᠷ ᠲᠠᠯ᠎ᠠ ᠬᠡᠯᠡᠭᠦ᠂ ᠨᠤᠶᠠᠨ ᠵᠡᠷᠭᠡ ᠬᠦᠭᠡᠭᠡᠴᠡᠯᠳᠦᠭᠦ ᠵᠡᠷᠭᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠤ᠂ ᠤᠪᠤᠷ ᠲᠦᠪ ᠰᠤᠷᠳᠠᠯ ᠴᠢᠭᠡᠴᠢ ᠬᠤᠭᠤᠴᠠᠭ᠎ᠠ ᠰᠤᠯᠢᠬᠤ ᠤᠷᠴᠢᠨ ᠲᠤᠭᠤᠷᠢᠨ ᠢ ᠪᠤᠢ ᠪᠤᠯᠭᠠᠬᠤ ᠬᠡᠷᠡᠭᠳᠡᠢ᠃ ︽ᠨᠢᠭᠡ ᠬᠡᠷᠡᠭ ᠤᠨ ᠬᠤᠤᠰ ᠪᠠᠶᠢᠴᠠᠭᠠᠯᠳᠠ︾᠎ ᠶᠢ ᠪᠠᠷᠢᠮᠳᠠᠯᠠᠨ᠂ ᠠᠰᠠᠭᠤᠳᠠᠯ ᠲᠤᠪᠤᠶᠢᠮ᠎ᠠ ᠪᠠᠶᠢᠬᠤ ᠭᠠᠵᠠᠷ ᠤᠷᠤᠨ ᠪᠠ ᠰᠠᠯᠠᠭ᠎ᠠ ᠮᠦᠴᠢᠷ ᠤᠨ ᠰᠠᠬᠢᠯᠭ᠎ᠠ ᠪᠠᠳᠤ ᠠᠴᠠ ᠵᠦᠷᠢᠴᠡᠭᠰᠡᠳ ᠢ ᠴᠢᠩᠭ᠎ᠠ ᠪᠠᠶᠢᠴᠠᠭᠠᠨ ᠰᠢᠢᠳᠪᠦᠷᠢᠯᠡᠭᠦ ᠮᠦᠷᠳᠡᠭᠡᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠲᠤᠭᠤᠶᠢᠯᠠᠩ︶᠎ ᠤᠨ ᠭᠤᠤᠯ ᠴᠤᠬᠴᠠ ᠶᠢᠨ ᠬᠠᠷᠢᠭᠤᠴᠠᠯᠭ᠎ᠠ ᠪᠠ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ︵ᠰᠠᠬᠢᠯᠭ᠎ᠠ ᠪᠠᠳᠤ ᠪᠠᠶᠢᠴᠠᠭᠠᠬᠤ ᠲᠤᠭᠤᠶᠢᠯᠠᠩ︶᠎ ᠶᠢᠨ ᠬᠢᠨᠠᠯᠳᠠ ᠲᠠᠯᠪᠢᠬᠤ ᠬᠠᠷᠢᠭᠤᠴᠠᠯᠭ᠎ᠠ ᠶᠢ ᠨᠡᠭᠡᠮᠵᠢᠯᠡᠭᠦ ᠬᠡᠷᠡᠭᠳᠡᠢ︔ ᠪᠠᠶᠢᠴᠠᠭᠠᠨ ᠰᠢᠢᠳᠪᠦᠷᠢᠯᠡᠭᠰᠡᠨ ᠨᠡᠶᠢᠳᠡᠯᠢᠭ ᠬᠡᠷᠡᠭ ᠢ ᠨᠡᠷ᠎ᠠ ᠤᠪᠤᠭ ᠲᠠᠢ ᠨᠢ ᠵᠠᠷᠯᠠᠨ ᠨᠡᠶᠢᠳᠡᠯᠡᠵᠤ ᠢᠯᠡᠴᠢᠯᠡᠨ᠂ ᠬᠦᠴᠦᠨ ᠪᠦᠬᠦᠢ ᠰᠦᠷ ᠦᠵᠡᠭᠦᠯᠬᠦ ᠬᠡᠷᠡᠭᠳᠡᠢ ᠬᠡᠵᠤ ᠱᠠᠭᠠᠷᠳᠠᠵᠠᠢ᠃      ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠪᠠᠰᠠ ᠭᠤᠷᠪᠠᠨ ᠵᠦᠢᠯ ᠤᠨ ᠢᠯᠡᠴᠢᠯᠡᠨ ᠮᠡᠳᠡᠭᠦᠯᠭᠦ ᠠᠷᠭ᠎ᠠ ᠶᠢ ᠨᠡᠶᠢᠳᠡᠯᠡᠪᠡ᠄      ᠢᠯᠡᠴᠢᠯᠡᠨ ᠮᠡᠳᠡᠭᠦᠯᠭᠦ ᠤᠳᠠᠰᠦ᠄ 0471 — 12388   ᠢᠯᠡᠴᠢᠯᠡᠨ ᠮᠡᠳᠡᠭᠦᠯᠭᠦ ᠰᠦᠯᠵᠢᠶ᠎ᠠ᠄ neimeng.12388.gov.cn   ᠢᠯᠡᠴᠢᠯᠡᠨ ᠮᠡᠳᠡᠭᠦᠯᠭᠦ ᠵᠠᠬᠢᠳᠠᠯ ᠤᠨ ᠬᠠᠶᠢᠷᠴᠠᠭ᠄ ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠵᠠᠬᠢᠳᠠᠯ ᠰᠤᠷᠪᠤᠯᠵᠢᠯᠠᠯ ᠤᠨ ᠲᠠᠰᠤᠭ
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号