ᠥᠪᠡᠷᠲᠡᠭᠡᠨ ᠵᠠᠰᠠᠭ ᠣᠷᠣᠨ ᠤ ᠠᠮᠤᠷ ᠲᠦᠪᠰᠢᠨ ᠦᠢᠯᠡᠳᠪᠦᠷᠢᠯᠡᠯ ᠤᠨ ᠺᠤᠮᠢᠰ ᠤᠨ ᠠᠯᠪᠠᠨ ᠭᠡᠷ ᠤᠨ | ᠵᠣᠬᠢᠶᠠᠨ ᠪᠠᠶᠢᠭᠤᠯᠤᠯᠲᠠ ᠶᠢᠨ ᠬᠤᠶᠠᠳᠤᠭᠠᠷ ᠡᠭᠡᠯᠵᠢ ᠶᠢᠨ ᠪᠥᠬᠦ ᠣᠷᠣᠨ ᠤ ᠠᠮᠤᠷ ᠲᠦᠪᠰᠢᠨ ᠦᠢᠯᠡᠳᠪᠦᠷᠢᠯᠡᠯ ᠤᠨ | ᠬᠠᠷᠢᠯᠴᠠᠨ ᠪᠠᠶᠢᠴᠠᠭᠠᠬᠤ ᠠᠵᠢᠯ ᠤᠳᠤ ᠶᠠᠭ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ ᠪᠠᠶᠢᠨ᠎ᠠ᠃ | ᠤᠳᠤᠬᠠᠨ ᠳᠤ᠂ ᠬᠠᠷᠢᠯᠴᠠᠨ ᠪᠠᠶᠢᠴᠠᠭᠠᠬᠤ ᠠᠵᠢᠯ ᠤᠨ 12 ᠳᠤᠭᠤᠶᠢᠯᠠᠩ 132 ᠠᠵᠤ ᠠᠬᠤᠶᠢᠯᠠᠯ ᠳᠤ | ᠪᠠᠶᠢᠴᠠᠭᠠᠯᠲᠠ ᠬᠢᠵᠦ᠂ ᠠᠰᠠᠭᠤᠳᠠᠯ ᠤᠨ ᠲᠡᠯᠳᠠ ᠭᠡᠮ ᠢ 1160 ᠵᠦᠢᠯ ᠢᠷᠡᠭᠦᠯᠵᠦ᠂ 1 ᠠᠵᠤ ᠠᠬᠤᠶᠢᠯᠠᠯ ᠤᠨ | ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠵᠤ᠂ 44 ᠡᠷᠦᠬᠡ ᠳᠤ ᠠᠵᠤ ᠠᠬᠤᠶ ᠶᠢᠨ ᠰᠢᠳᠬᠡᠯ ᠦᠭᠭᠦᠪᠡ᠃ | ᠤᠷᠴᠢᠮᠬᠠᠨ᠂ ᠥᠪᠡᠷᠲᠡᠭᠡᠨ ᠵᠠᠰᠠᠭ ᠣᠷᠣᠨ ᠤ ᠠᠮᠤᠷ ᠲᠦᠪᠰᠢᠨ ᠦᠢᠯᠡᠳᠪᠦᠷᠢᠯᠡᠯ ᠤᠨ ᠺᠣᠮᠢᠰ ᠤᠨ ᠠᠯᠪᠠᠨ | ᠭᠡᠷ ᠠᠴᠠ ᠡᠨᠡ ᠵᠢᠯ ᠠᠴᠠ ᠨᠠᠰᠢ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠰᠢᠮᠳᠠᠭᠤᠯᠤᠨ ᠪᠠᠶᠢᠴᠠᠭᠠᠬᠤ᠂ | ᠥᠪᠡᠷᠲᠡᠭᠡᠨ ᠵᠠᠰᠠᠬᠤ ᠣᠷᠣᠨ ᠤ ᠠᠶᠤᠯ ᠥᠭᠡᠢ ᠦᠢᠯᠡᠳᠪᠦᠷᠢᠯᠡᠯ ᠤᠨ ᠰᠢᠮᠳᠠᠭᠤᠯᠤᠨ ᠪᠠᠶᠢᠴᠠᠭᠠᠵᠤ ᠣᠯᠵᠤ | ᠮᠡᠳᠡᠭᠰᠡᠨ ᠠᠰᠠᠭᠤᠳᠠᠯ ᠤᠨ ᠲᠡᠯᠳᠠ ᠭᠡᠮ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠣᠳᠣᠷᠬᠠᠶ | ᠬᠠᠭᠤᠳᠠᠰᠤ ᠶᠢ ᠳᠠᠷᠤᠮᠠᠯᠯᠠᠨ ᠲᠠᠷᠬᠠᠭᠠᠪᠠ᠃ ᠡᠯ᠎ᠡ ᠬᠠᠷᠢᠯᠴᠠᠨ ᠪᠠᠶᠢᠴᠠᠭᠠᠬᠤ ᠳᠤᠭᠤᠶᠢᠯᠠᠩ ᠤᠨ ᠬᠢᠨ ᠠᠰᠠᠭᠤᠳᠠᠯ ᠤᠨ | ᠲᠡᠯᠳᠠ ᠭᠡᠮ ᠢ ᠴᠡᠭᠴᠡᠯᠡᠨ ᠰᠠᠶᠢᠵᠢᠷᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠠᠷᠢᠯᠴᠠᠨ ᠪᠠᠶᠢᠴᠠᠭᠠᠬᠤ | ᠴᠢᠬᠤᠯᠠ ᠠᠭᠤᠯᠭ᠎ᠠ ᠪᠣᠯᠭᠠᠵᠤ᠂ ᠳᠣᠣᠷ᠎ᠠ ᠪᠠᠨ ᠬᠡᠷᠡᠭᠵᠢᠭᠦᠯᠵᠦ ᠲᠡᠷᠡ ᠳᠣᠣᠷ᠎ᠠ ᠪᠠᠨ ᠥᠭᠡᠷᠡᠴᠢᠯᠡᠵᠦ ᠴᠢᠳᠠᠬᠤ ᠶᠢ | ᠨᠢ ᠬᠠᠷᠢᠯᠴᠠᠨ ᠪᠠᠶᠢᠴᠠᠭᠠᠬᠤ ᠳᠤᠭᠤᠶᠢᠯᠠᠩ ᠲᠤᠬᠠᠶ ᠶᠢᠨ ᠭᠠᠵᠠᠷ ᠲᠤᠨᠢ ᠬᠢᠨᠠᠨ ᠵᠠᠯᠠᠷᠠᠭᠤᠯᠤᠭᠤᠯᠬᠤ ᠬᠡᠷᠡᠭᠲᠡᠶ︔ | ᠳᠣᠣᠷ᠎ᠠ ᠪᠠᠨ ᠬᠡᠷᠡᠭᠵᠢᠭᠦᠯᠵᠦ ᠲᠡᠷᠡ ᠳᠣᠣᠷ᠎ᠠ ᠪᠠᠨ ᠥᠭᠡᠷᠡᠴᠢᠯᠡᠵᠦ ᠳᠡᠶᠢᠯᠬᠦ ᠦᠭᠡᠢ ᠶᠢ ᠨᠢ ᠬᠠᠤᠯᠢ ᠶᠣᠰᠣᠭᠠᠷ | ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂ ᠠᠵᠤ ᠠᠬᠤᠶᠢᠯᠠᠯ ᠢ | ᠵᠠᠷᠯᠢᠭᠳᠠᠨ ᠲᠣᠭᠲᠠᠭᠰᠠᠨ ᠴᠠᠭ᠂ ᠲᠤᠭᠲᠠᠭᠰᠠᠨ ᠬᠠᠷᠢᠭᠤᠴᠠᠯᠭ᠎ᠠ᠂ ᠲᠤᠭᠲᠠᠭᠰᠠᠨ ᠬᠦᠮᠦᠨ ᠳᠤ ᠴᠡᠭᠴᠡᠯᠡᠨ | ᠰᠠᠶᠢᠵᠢᠷᠠᠭᠤᠯᠤᠯᠲᠠ ᠬᠢᠬᠦ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠬᠤᠭᠤᠴᠠᠭᠠᠨ ᠳᠠᠬᠢ ᠠᠮᠤᠷ ᠲᠦᠪᠰᠢᠨ ᠤ | ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠪᠠ ᠴᠡᠭᠴᠡᠯᠡᠨ ᠰᠠᠶᠢᠵᠢᠷᠠᠭᠤᠯᠬᠤ ᠶᠢ ᠰᠢᠯᠭᠠᠨ ᠠᠪᠬᠤ ᠪᠠᠷᠢᠮᠵᠢᠶ᠎ᠠ ᠶᠢ | ᠲᠤᠳᠤᠷᠬᠠᠶᠢᠯᠠᠬᠤ ᠬᠡᠷᠡᠭᠲᠡᠢ ᠭᠡᠵᠦ ᠱᠠᠭᠠᠷᠳᠠᠪᠠ᠃ ᠬᠤᠭᠤᠴᠠᠭᠠᠨ ᠳᠤ᠂ ᠬᠠᠤᠯᠢ ᠲᠣᠭᠲᠠᠭᠠᠯ ᠠᠴᠠ ᠵᠥᠷᠢᠴᠡᠭᠰᠡᠨ | ᠦᠶᠯᠡ ᠠᠵᠢᠯᠯᠠᠭ᠎ᠠ ᠣᠷᠣᠰᠢᠵᠤ ᠪᠠᠶᠢᠬᠤ 44 ᠠᠵᠤ ᠠᠬᠤᠶᠢᠯᠠᠯ ᠢ ᠨᠡᠶᠢᠲᠡ 152.3 ᠲᠦᠮᠡᠨ ᠲᠦᠬᠦᠷᠢᠭ | ᠲᠤᠷᠠᠭᠠᠵᠠᠢ᠃ ᠬᠤᠶᠠᠳᠤᠭᠠᠷ ᠡᠭᠡᠯᠵᠢ ᠶᠢᠨ ᠪᠥᠬᠦ ᠣᠷᠣᠨ ᠤ ᠠᠮᠤᠷ ᠲᠦᠪᠰᠢᠨ ᠦᠢᠯᠡᠳᠪᠦᠷᠢᠯᠡᠯ ᠤᠨ ᠬᠠᠷᠢᠯᠴᠠᠨ | ᠪᠠᠶᠢᠴᠠᠭᠠᠬᠤ ᠠᠵᠢᠯ ᠤᠨ ᠴᠠᠭ ᠨᠢ 2017 ᠤᠨ ᠤ 12 ᠳ᠋ᠤᠭᠠᠷ ᠰᠠᠷ᠎ᠠ ᠶᠢᠨ 5 ᠤ ᠡᠳᠦᠷ ᠠᠴᠠ 2018 ᠤᠨ ᠤ | 2 ᠳ᠋ᠤᠭᠠᠷ ᠰᠠᠷ᠎ᠠ ᠶᠢᠨ ᠤ ᠡᠳᠦᠷ ᠪᠤᠯᠲᠠᠯ᠎ᠠ ᠶᠠᠪᠤᠭᠳᠠᠨ᠎ᠠ᠃ |