ᠣᠶᠢᠷ᠎ᠠ ᠶᠢᠨ ᠵᠢᠯ ᠤᠨ ᠲᠤᠷᠰᠢ᠂ ᠮᠠᠨ ᠤ ᠣᠷᠣᠨ ︽ᠭᠤᠷᠪᠠᠨ ᠨᠠᠭᠤᠷ︾ ᠤᠨ ᠠᠮᠢ ᠠᠬᠤᠶ ᠶᠢᠨ | ᠵᠠᠰᠠᠯᠲᠠ ᠶᠢ ᠲᠠᠰᠤᠷᠠᠯᠲᠠ ᠦᠭᠡᠢ ᠲᠦᠯᠬᠢᠨ ᠠᠬᠢᠭᠤᠯᠵᠤ᠂ ᠤᠳᠤᠬᠠᠨ ᠳᠤ᠂ ᠬᠥᠯᠥᠨ ᠨᠠᠭᠤᠷ᠂ ᠤᠯᠠᠭᠠᠨ ᠰᠤᠬᠠᠢ᠂ | ᠳᠠᠭ᠎ᠠ ᠶᠢᠨ ᠨᠠᠭᠤᠷ ᠤᠨ ᠠᠮᠢ ᠠᠬᠤᠶ ᠢᠯᠡᠳᠲᠡ ᠰᠠᠶᠢᠵᠢᠷᠠᠪᠠ᠃ | ᠬᠥᠯᠥᠨ ᠨᠠᠭᠤᠷ᠂ ᠤᠯᠠᠭᠠᠨ ᠰᠤᠬᠠᠢ᠂ ᠳᠠᠭ᠎ᠠ ᠶᠢᠨ ᠨᠠᠭᠤᠷ ᠪᠤᠯ ᠲᠤᠰ ᠲᠤᠰ ᠮᠠᠨ ᠤ ᠣᠷᠣᠨ ᠤ ᠲᠡᠷᠢᠭᠦᠨ | ᠲᠤᠮᠤ ᠨᠠᠭᠤᠷ᠂ ᠬᠠᠲᠤᠨ ᠭᠤᠣᠯ ᠤᠨ ᠰᠠᠪᠠ ᠭᠠᠵᠠᠷ ᠲᠠᠬᠢ ᠬᠠᠮᠤᠭ ᠤᠨ ᠲᠤᠮᠤ ᠴᠡᠩᠭᠡᠭ ᠤᠰᠤ᠂ ᠮᠠᠨ ᠤ ᠣᠷᠣᠨ ᠤ | ᠭᠤᠷᠪᠠᠳᠤᠭᠠᠷ ᠲᠤᠮᠤ ᠳᠣᠲᠣᠭᠠᠳᠤ ᠨᠠᠭᠤᠷ ᠪᠣᠯᠤᠨ᠎ᠠ᠃ ᠲᠤᠭ᠎ᠠ ᠪᠠᠷᠢᠮᠲᠠ ᠠᠴᠠ ᠦᠵᠡᠪᠡᠯ᠂ ᠣᠳᠣᠬᠠᠨ ᠳᠤ | ᠬᠥᠯᠥᠨ ᠨᠠᠭᠤᠷ ᠤᠨ ᠤᠰᠤᠨ ᠤ ᠲᠦᠪᠰᠢᠨ ᠨᠢ 2012 ᠣᠨ ᠤ ᠬᠢ ᠠᠴᠠ 3.08 ᠮᠧᠲᠷ ᠳᠡᠭᠡᠭᠰᠢᠯᠡᠵᠤ᠂ | ᠬᠢᠮᠢ ᠶᠢᠨ ᠬᠦᠴᠢᠯᠲᠥ᠋ᠷᠥᠭᠴᠢ ᠬᠡᠷᠡᠭᠰᠡᠬᠦ ᠬᠡᠮᠵᠢᠶ᠎ᠡ᠂ ᠳᠡᠭᠡᠳᠦ ᠮᠠᠩᠭᠠᠨ ᠬᠦᠴᠢᠯ ᠤᠨ ᠳᠠᠪᠤᠰᠤ ᠶᠢᠨ ᠢᠯᠡᠳᠭᠡᠭᠴᠢ | ᠲᠤᠭ᠎ᠠ᠂ ᠶᠡᠷᠦᠩᠬᠡᠶ ᠠᠽᠣᠲ᠂ ᠶᠡᠷᠦᠩᠬᠡᠶ ᠹᠣᠰᠹᠣᠷ ᠵᠡᠷᠭᠡ ᠶᠢᠨ ᠭᠦᠢᠴᠡᠳᠬᠡᠯ ᠲᠤᠭ᠎ᠠ ᠨᠢ ᠵᠢᠯ ᠳᠠᠷᠠᠭᠠᠯᠠᠨ | ᠪᠠᠭᠤᠷᠠᠵᠤ ᠪᠤᠢ︔ ᠤᠯᠠᠭᠠᠨ ᠰᠤᠬᠠᠢ ᠶᠢᠨ ᠤᠰᠤᠨ ᠤ ᠴᠢᠨᠠᠷ ᠨᠢ ᠤᠤᠯ ᠳᠠᠭᠠᠨ ᠴᠢᠨᠠᠢ ᠮᠠᠭᠤᠲᠠᠶ Ⅴ ᠲᠦᠷᠦᠯ | ᠪᠠᠶᠢᠭᠰᠠᠨ ᠠᠴᠠ ᠪᠠᠨ ᠭᠠᠵᠠᠷ ᠤᠨ ᠭᠠᠳᠠᠷᠭᠤ ᠳᠡᠭᠡᠷᠡᠬᠢ ᠤᠰᠤᠨ ᠤ Ⅴ ᠲᠦᠷᠦᠯ ᠤᠨ ᠪᠠᠷᠢᠮᠵᠢᠶ᠎ᠠ ᠳᠤ ᠬᠦᠷᠦᠭᠰᠡᠨ | ᠪᠦᠭᠡᠳ ᠲᠣᠭᠲᠠᠪᠤᠷᠢᠲᠠᠶ ᠪᠠᠶᠢᠨ᠎ᠠ︔ ᠳᠠᠭ᠎ᠠ ᠶᠢᠨ ᠨᠠᠭᠤᠷ ᠤᠨ ᠡᠯ᠎ᠡ ᠵᠦᠢᠯ ᠤᠨ ᠪᠠᠷᠢᠮᠵᠢᠶ᠎ᠠ ᠠᠴᠠ ᠬᠡᠲᠦᠷᠡᠭᠰᠡᠨ | ᠦᠷᠡᠵᠢᠭᠳᠡᠬᠦᠨ ᠪᠤᠯᠤᠨ ᠰᠢᠮ᠎ᠡ ᠲᠡᠵᠢᠭᠡᠯ ᠤᠨ ᠪᠠᠶᠢᠳᠠᠯ ᠤᠨ ᠢᠯᠡᠳᠬᠡᠭᠴᠢ ᠲᠤᠭ᠎ᠠ ᠨᠢ 2014 ᠣᠨ ᠤ ᠬᠢ ᠲᠠᠢ | ᠬᠠᠷᠢᠴᠠᠭᠤᠯᠪᠠᠯ ᠴᠥᠮ ᠪᠠᠭᠤᠷᠠᠵᠤ᠂ ᠨᠠᠭᠤᠷ ᠴᠥᠭᠦᠷᠥᠮ ᠤᠨ ᠰᠢᠮ᠎ᠡ ᠲᠡᠵᠢᠭᠡᠯ ᠤᠨ ᠪᠠᠶᠢᠳᠠᠯ ᠨᠢ ᠳᠤᠮᠳᠠ ᠵᠡᠷᠭᠡ | ᠪᠠᠶᠢᠭᠰᠠᠨ ᠠᠴᠠ ᠪᠠᠨ ᠪᠠᠭᠤᠷᠠᠭᠠᠳ ᠬᠥᠩᠭᠡᠨ ᠵᠡᠷᠭᠡ ᠪᠤᠯᠤᠭᠰᠠᠨ ᠪᠠᠶᠢᠨ᠎ᠠ᠃ | ᠤᠶᠢᠯᠠᠭᠠᠭᠰᠠᠨ ᠢᠶᠠᠷ᠂ ᠣᠳᠣᠬᠠᠨ ᠳᠤ ᠮᠠᠨ ᠤ ᠣᠷᠣᠨ ︽ᠭᠤᠷᠪᠠᠨ ᠨᠠᠭᠤᠷ︾ ᠤᠨ ᠵᠠᠰᠠᠯᠲᠠ ᠶᠢ ᠠᠮᠢ | ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠭᠤᠣᠯᠳᠠᠯᠭ᠎ᠠ ᠲᠠᠢ ᠵᠦᠢᠯᠡᠰ ᠲᠤ ᠤᠷᠤᠭᠤᠯᠵᠤ᠂ ᠭᠤᠣᠯᠳᠠᠯᠭ᠎ᠠ ᠲᠠᠢ | ᠵᠠᠰᠠᠵᠤ ᠪᠤᠢ᠃ ᠡᠭᠦᠨ ᠳᠤ ᠬᠥᠯᠥᠨ ᠨᠠᠭᠤᠷ ᠪᠤᠯᠤᠨ ᠤᠯᠠᠭᠠᠨ ᠰᠤᠬᠠᠶ ᠶᠢ ᠴᠥᠮ ᠤᠯᠤᠰ ᠤᠨ ︽ᠤᠰᠤᠨ ᠤ | ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭᠠᠨ ᠤ ᠲᠥᠯᠥᠪᠯᠡᠭᠡ︾ ︽︿13·5﹀ ᠶᠢᠨ ᠲᠥᠯᠥᠪᠵᠢᠭᠦᠯᠭᠡ ᠶᠢᠨ | ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠯᠥᠪᠵᠢᠭᠦᠯᠭᠡ︾ ᠪᠤᠯᠤᠨ ︽ᠭᠤᠣᠯᠳᠠᠯᠭ᠎ᠠ ᠲᠠᠢ | ᠰᠠᠪᠠ ᠭᠠᠵᠠᠷ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ︵2016 — 2020︶︾ | ᠶᠢᠨ ᠭᠤᠤᠯᠳᠠᠯᠭ᠎ᠠ ᠲᠠᠢ ᠨᠠᠭᠤᠷ ᠴᠥᠭᠦᠷᠥᠮ ᠤᠨ ᠤᠰᠤᠨ ᠤ ᠪᠤᠬᠢᠷᠳᠤᠯ ᠢ ᠶᠡᠷᠦᠩᠬᠡᠶᠢᠯᠡᠨ ᠵᠠᠰᠠᠬᠤ ᠬᠡᠪᠴᠢᠶᠡᠨ ᠳᠤ | ᠤᠷᠤᠭᠤᠯᠪᠠ᠃ ᠡᠭᠦᠨ ᠤ ᠬᠠᠮᠲᠤ ᠠᠮᠢ ᠠᠬᠤᠶ ᠶᠢᠨ ᠣᠷᠴᠢᠨ ᠲᠣᠭᠤᠷᠢᠨ ᠤ ᠲᠤᠮᠤ ᠳ᠋ᠠᠶᠢᠲ᠋ᠠ ᠶᠢ ᠠᠰᠢᠭᠯᠠᠨ᠂ | ᠲᠤᠬᠠᠶ ᠶᠢᠨ ᠭᠠᠵᠠᠷ ᠲᠤᠨᠢ ᠤᠯᠠᠨᠲᠠ ᠬᠦᠷᠴᠦ ᠪᠠᠶᠢᠴᠠᠭᠠᠨ ᠰᠤᠳᠤᠯᠤᠯᠲᠠ ᠬᠢᠵᠤ᠂ ᠠᠵᠢᠯ ᠤᠨ ᠠᠬᠢᠴᠠ ᠶᠢ | ᠰᠢᠮᠳᠠᠭᠤᠯᠤᠨ ᠱᠠᠭᠠᠷᠳᠠᠵᠤ ᠪᠠᠶᠢᠭᠠᠳ ᠤᠰᠤᠨ ᠤ ᠣᠷᠴᠢᠨ ᠲᠣᠭᠤᠷᠢᠨ ᠢ ᠬᠢᠨᠠᠨ ᠰᠢᠯᠭᠠᠬᠤ ᠶᠢ ᠲᠠᠰᠤᠷᠠᠯᠲᠠ ᠥᠬᠡᠶ | ᠴᠢᠩᠭᠠᠳᠬᠠᠪᠠ᠃ ᠣᠷᠴᠢᠨ ᠲᠤᠭᠤᠷᠢᠨ ᠤ ᠬᠠᠮᠠᠭᠠᠯᠠᠯᠲᠠ ᠶᠢᠨ ᠲᠠᠯ᠎ᠠ ᠪᠠᠷ ᠬᠠᠤᠯᠢ ᠠᠴᠠ ᠵᠥᠷᠢᠴᠡᠭᠰᠡᠨ | ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠤᠯᠢ ᠶᠢ ᠵᠦᠷᠢᠴᠡᠨ | ᠪᠣᠬᠢᠷᠲᠤᠯ ᠭᠠᠳᠠᠭᠰᠢᠯᠠᠭᠤᠯᠬᠤ ᠵᠡᠷᠭᠡ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠯ᠎ᠠ ᠪᠠᠷ ᠬᠠᠤᠯᠢ ᠠᠴᠠ | ᠵᠥᠷᠢᠴᠡᠭᠰᠡᠨ ᠳᠣᠪᠤᠶᠢᠮ᠎ᠠ ᠠᠰᠠᠭᠤᠳᠠᠯ ᠳᠤ ᠬᠦᠴᠦᠲᠡᠶ ᠴᠣᠬᠢᠯᠲᠠ ᠦᠭᠪᠡ᠃ | ᠣᠳᠣᠬᠠᠨ ᠳᠤ ᠥᠪᠡᠷᠲᠡᠭᠡᠨ ᠵᠠᠰᠠᠬᠤ ᠣᠷᠣᠨ ︽ᠭᠤᠷᠪᠠᠨ ᠨᠠᠭᠤᠷ︾ ᠢ ᠭᠤᠣᠯᠳᠠᠯᠭ᠎ᠠ ᠲᠠᠢ ᠵᠠᠰᠠᠬᠤ | ᠢᠨᠵᠧᠨᠧᠷᠢᠩ ᠢ ᠶᠠᠭ ᠰᠢᠮᠳᠠᠭᠤᠯᠤᠨ ᠲᠥᠯᠬᠢᠨ ᠠᠬᠢᠭᠤᠯᠵᠤ ᠪᠤᠢ᠂ ᠡᠭᠦᠨ ᠳᠤ᠄ ᠬᠥᠯᠥᠨ ᠨᠠᠭᠤᠷ ᠤᠨ ᠰᠠᠪᠠ | ᠭᠠᠵᠠᠷ ᠤᠨ ᠬᠡᠰᠡᠭ ᠭᠤᠣᠯᠳᠠᠯᠭ᠎ᠠ ᠲᠠᠢ ᠵᠠᠰᠠᠬᠤ ᠢᠨᠵᠧᠨᠧᠷᠢᠩ᠂ ᠳᠠᠭ᠎ᠠ ᠶᠢᠨ ᠨᠠᠭᠤᠷ ᠤᠨ ᠴᠠᠬᠢᠯᠭᠠᠨ | ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠠᠵᠢᠯ ᠶᠠᠭ ᠪᠠᠴᠢᠮ ᠶᠠᠪᠤᠭᠳᠠᠵᠤ᠂ ᠤᠯᠠᠭᠠᠨ ᠰᠤᠬᠠᠶ ᠳᠤ | ᠡᠨᠡ ᠵᠢᠯ ᠬᠡᠷᠡᠭᠵᠢᠬᠦᠯᠦᠭᠰᠡᠨ ᠤᠰᠤᠨ ᠤ ᠪᠤᠬᠢᠷᠳᠤᠯ ᠢ ᠶᠡᠷᠦᠩᠬᠡᠶᠢᠯᠡᠨ ᠵᠠᠰᠠᠬᠤ 25 ᠵᠦᠢᠯ ᠤᠨ ᠭᠤᠣᠯᠳᠠᠯᠭ᠎ᠠ ᠲᠠᠢ | ᠢᠨᠵᠧᠨᠧᠷᠢᠩ ᠤᠨ 7 ᠶᠢ ᠨᠢ ᠪᠠᠷᠢᠯᠭ᠎ᠠ ᠳᠠᠭᠤᠰᠬᠠᠪᠠ᠃ ᠡᠳᠡᠭᠡᠷ ᠪᠠᠷᠢᠯᠭ᠎ᠠ ᠶᠢ ᠠᠭᠠᠵᠢᠮ ᠢᠶᠠᠷ ᠪᠠᠷᠢᠵᠤ | ᠳᠠᠭᠤᠰᠬᠠᠬᠤ ᠶᠢ ᠳᠠᠭᠠᠯᠳᠤᠨ᠂ ᠮᠠᠨ ᠤ ᠣᠷᠣᠨ ᠤ ᠭᠤᠷᠪᠠᠨ ᠶᠡᠭᠡ ᠨᠠᠭᠤᠷ ᠤᠨ ᠠᠮᠢ ᠠᠬᠤᠶ ᠶᠢᠨ ᠣᠷᠴᠢᠨ | ᠲᠤᠭᠤᠷᠢᠨ ᠶᠡᠬᠡᠪᠡᠷ ᠰᠠᠶᠢᠵᠢᠷᠠᠬᠤ ᠪᠣᠯᠤᠨ᠎ᠠ᠃ |