ᠥᠪᠥᠷ ᠮᠣᠩᠭᠤᠯ᠄ ᠮᠠᠯ ᠵᠢᠭᠦᠷᠲᠡᠨ ᠤ ᠬᠡᠪᠴᠢᠶᠡᠵᠢᠯᠲᠦ ᠲᠡᠵᠢᠭᠡᠪᠦᠷᠢ ᠶᠢᠨ ᠲᠠᠯᠠᠪᠠᠢ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠬᠢᠯᠭᠡᠬᠦ ᠦᠭᠡᠢ ᠪᠣᠯ ᠰᠢᠳᠬᠡᠭᠳᠡᠬᠦ ᠪᠣᠯᠣᠨ᠎ᠠ
ᠨᠡᠶᠢᠲᠡᠯᠡᠭᠰᠡᠨ ᠴᠠᠭ᠄
2017/12/4
    ᠣᠶᠢᠷ᠎ᠠ ᠳᠤ᠂ ᠥᠪᠥᠷ ᠮᠣᠩᠭᠤᠯ ᠮᠠᠯ ᠵᠢᠭᠦᠷᠲᠡᠨ ᠤ ᠬᠡᠪᠴᠢᠶᠡᠵᠢᠯᠲᠦ ᠲᠡᠵᠢᠭᠡᠪᠦᠷᠢ ᠶᠢᠨ  ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠳᠦᠷᠢᠮ ᠨᠡᠶᠢᠲᠡᠯᠡᠵᠦ᠂ ᠬᠠᠤᠯᠢ ᠶᠣᠰᠣᠭᠠᠷ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠬᠢᠯᠭᠡᠭᠰᠡᠨ ᠦᠭᠡᠢ ᠮᠠᠯ ᠵᠢᠭᠦᠷᠲᠡᠨ ᠤ ᠬᠡᠪᠴᠢᠶᠡᠵᠢᠯᠲᠦ ᠲᠡᠵᠢᠭᠡᠪᠦᠷᠢ ᠶᠢᠨ ᠲᠠᠯᠠᠪᠠᠢ ᠶᠢ ᠰᠢᠳᠭᠡᠬᠦ ᠪᠠᠷ ᠪᠠᠶᠢᠨ᠎ᠠ᠃  ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠬᠡᠪᠴᠢᠶᠡᠵᠢᠯᠲᠦ ᠲᠡᠵᠢᠭᠡᠪᠦᠷᠢ ᠶᠢᠨ ᠲᠠᠯᠠᠪᠠᠢ ᠶᠢᠨ ᠭᠤᠣᠯ ᠴᠣᠭᠴᠠ ᠶᠢᠨ ᠣᠷᠴᠢᠨ ᠲᠣᠭᠤᠷᠢᠨ ᠢ ᠬᠠᠮᠠᠭᠠᠯᠬᠤ ᠬᠠᠷᠢᠭᠤᠴᠠᠯᠭ᠎ᠠ ᠶᠢ ᠨᠢ ᠴᠢᠩᠭᠠᠳᠬᠠᠵᠤ᠂ ᠬᠠᠭᠤᠴᠢᠨ ᠬᠡᠪᠴᠢᠶᠡᠵᠢᠯᠲᠦ ᠲᠡᠵᠢᠭᠡᠪᠦᠷᠢ ᠶᠢᠨ ᠲᠠᠯᠠᠪᠠᠢ ᠨᠢ ᠢᠯᠭᠠᠳᠠᠰᠤ ᠶᠢ ᠰᠢᠢᠳᠪᠦᠷᠢᠯᠡᠬᠦ ᠪᠡᠯᠡᠳᠬᠡᠮᠵᠢ ᠶᠢ ᠢᠵᠢ ᠪᠦᠷᠢᠳᠦᠭᠦᠯᠦᠨ ᠪᠦᠳᠦᠭᠡᠠ ᠪᠠᠶᠢᠭᠤᠯᠵᠤ᠂ ᠮᠠᠯ ᠵᠢᠭᠦᠷᠲᠡᠨ ᠤ ᠬᠡᠪᠴᠢᠶᠡᠵᠢᠯᠲᠦ ᠲᠡᠵᠢᠭᠡᠪᠦᠷᠢ ᠶᠢᠨ ᠲᠠᠯᠠᠪᠠᠢ ᠶᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠥᠷᠭᠡᠳᠬᠡᠨ ᠪᠠᠶᠢᠭᠤᠯᠬᠤ ᠳᠤ ᠢᠯᠭᠠᠳᠠᠰᠤ ᠶᠢ ᠴᠤᠭᠯᠠᠭᠤᠯᠬᠤ᠂ ᠬᠠᠳᠠᠭᠠᠯᠠᠬᠤ᠂ ᠰᠢᠶᠳᠪᠦᠷᠢᠯᠡᠬᠦ᠂ ᠠᠰᠢᠭᠯᠠᠬᠤ ᠴᠢᠬᠤᠯᠠ ᠪᠦᠬᠦᠢ ᠪᠡᠯᠡᠳᠬᠡᠮᠵᠢ ᠲᠣᠬᠢᠷᠠᠭᠤᠯᠵᠤ᠂ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢ ᠬᠠᠣᠯᠢ ᠲᠣᠭᠲᠠᠭᠠᠯ ᠶᠣᠰᠣᠭᠠᠷ ᠦᠷᠨᠢᠭᠦᠯᠵᠦ᠂ ᠮᠠᠯ ᠵᠢᠭᠦᠷᠲᠡᠨ ᠤ ᠢᠯᠭᠠᠳᠠᠰᠤ ᠶᠢᠨ ᠵᠠᠰᠠᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ ᠡᠭᠦᠨ ᠤ ᠵᠡᠷᠭᠡᠴᠡᠭᠡᠪᠡᠷ᠂ ᠥᠪᠥᠷ ᠮᠣᠩᠭᠤᠯ ᠲᠡᠵᠢᠭᠡᠪᠦᠷᠢ ᠶᠢᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠣᠮᠣ ᠬᠡᠯᠪᠡᠷᠢ ᠶᠢᠨ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠪᠣᠯᠤᠨ ᠮᠠᠯ ᠠᠵᠤ ᠠᠬᠤᠶ ᠶᠢᠨ ᠲᠣᠮᠣ ᠰᠢᠶᠠᠨ ᠢᠶᠠᠷ ᠭᠤᠣᠯᠳᠠᠯᠭ᠎ᠠ ᠪᠣᠯᠭᠠᠨ᠂ ᠲᠡᠵᠢᠭᠡᠬᠦ ᠦᠢᠯᠡᠳᠪᠦᠷᠢᠯᠡᠬᠦ᠂ ᠢᠯᠭᠠᠳᠠᠰᠤ ᠶᠢ ᠡᠬᠢ ᠪᠠᠶᠠᠯᠢᠭᠵᠢᠭᠤᠯᠤᠨ ᠰᠢᠶᠳᠪᠦᠷᠢᠯᠡᠬᠦ ᠵᠡᠷᠭᠡ ᠬᠡᠯᠬᠢᠶ᠎ᠡ ᠲᠠᠢ ᠤᠶᠠᠯᠳᠤᠭᠤᠯᠵᠤ᠂ ᠪᠤᠢ ᠪᠦᠬᠦᠢ ᠬᠡᠪᠴᠢᠶᠡᠵᠢᠯᠲᠦ ᠲᠡᠵᠢᠭᠡᠪᠦᠷᠢ ᠶᠢᠨ ᠲᠠᠯᠠᠪᠠᠢ ᠶᠢ ᠲᠤᠭ᠎ᠠ ᠶᠣᠰᠣᠭᠠᠷ ᠳᠠᠩᠰᠠᠯᠠᠨ ᠲᠡᠮᠳᠡᠭᠯᠡᠵᠦ᠂ ᠨᠢᠭᠡᠳᠦᠯᠲᠡᠶ ᠪᠡᠶ᠎ᠡ ᠶᠢᠨ ᠲᠦᠯᠦᠭᠡᠨ ᠤ ᠨᠣᠮᠧᠷ ᠣᠯᠭᠤᠵᠤ᠂ ᠨᠢᠭᠡᠳᠦᠯᠲᠡᠶ ᠬᠠᠮᠢᠶᠠᠷᠬᠤ᠂ ᠱᠠᠳᠤ ᠬᠤᠪᠢᠶᠠᠨ ᠬᠡᠷᠡᠭᠯᠡᠬᠦ᠂ ᠲᠤᠭ᠎ᠠ ᠪᠠᠷᠢᠮᠲᠠ ᠶᠢ ᠬᠠᠮᠲᠤᠪᠠᠷ ᠬᠦᠷᠲᠡᠬᠦ ᠮᠠᠯ ᠵᠢᠭᠦᠷᠲᠡᠨ ᠤ ᠬᠡᠪᠴᠢᠶᠡᠵᠢᠯᠲᠦ ᠲᠡᠵᠢᠭᠡᠪᠦᠷᠢ ᠶᠢᠨ ᠲᠠᠯᠠᠪᠠᠢ ᠶᠢᠨ ᠮᠡᠳᠡᠭᠡ ᠵᠠᠩᠭᠢ ᠶᠢ ᠰᠢᠭᠤᠳ ᠬᠤᠯᠪᠣᠬᠤ᠂ ᠮᠡᠳᠡᠭᠦᠯᠦᠨ ᠬᠦᠷᠭᠡᠬᠦ ᠲᠠᠪᠴᠠᠩ ᠪᠠᠶᠢᠭᠤᠯᠬᠤ ᠪᠠᠷ ᠪᠣᠯᠪᠠ᠃ ᠡᠭᠦᠨ ᠠᠴᠠ ᠭᠠᠳᠠᠨ᠎ᠠ᠂ ᠥᠪᠥᠷ ᠮᠣᠩᠭᠤᠯ ᠮᠠᠯ ᠵᠢᠭᠦᠷᠲᠡᠨ ᠤ ᠬᠡᠪᠴᠢᠶᠡᠵᠢᠯᠲᠦ ᠲᠡᠵᠢᠭᠡᠪᠦᠷᠢ ᠶᠢᠨ ᠲᠠᠯᠠᠪᠠᠢ ᠶᠢᠨ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠲᠣᠭᠠᠴᠠᠭ᠎ᠠ ᠶᠢᠨ ᠲᠦᠷᠢᠮ ᠢ ᠬᠡᠷᠡᠭᠵᠢᠭᠦᠯᠦᠨ᠂ ᠮᠠᠯ ᠵᠢᠭᠦᠷᠲᠡᠨ ᠤ ᠬᠡᠪᠴᠢᠶᠡᠵᠢᠯᠲᠦ ᠲᠡᠵᠢᠭᠡᠪᠦᠷᠢ ᠶᠢᠨ ᠲᠠᠯᠠᠪᠠᠢ ᠶᠢ ᠳᠦᠷᠦᠯ ᠠᠩᠬᠢᠯᠠᠨ ᠬᠠᠮᠢᠶᠠᠷᠴᠤ᠂ ᠪᠣᠬᠢᠷᠳᠤᠯ ᠪᠣᠳᠠᠰ ᠢ ᠭᠠᠳᠠᠭᠰᠢᠯᠠᠭᠤᠯᠬᠤ ᠲᠣᠭᠲᠠᠭᠰᠠᠨ ᠠᠮᠠᠰᠠᠷ ᠭᠠᠷᠭᠠᠭᠰᠠᠨ ᠮᠠᠯ ᠵᠢᠭᠦᠷᠲᠡᠨ ᠤ ᠬᠡᠪᠴᠢᠶᠡᠵᠢᠯᠲᠦ ᠲᠡᠵᠢᠭᠡᠪᠦᠷᠢ ᠶᠢᠨ ᠲᠠᠯᠠᠪᠠᠢ ᠳᠤ ᠪᠣᠬᠢᠷ ᠪᠣᠳᠠᠰ ᠢ ᠢᠯᠭᠠᠨ ᠭᠠᠷᠭᠠᠬᠤ ᠵᠥᠪᠰᠢᠶᠡᠷᠡᠯ ᠤᠨ ᠦᠨᠡᠮᠯᠡᠯ ᠢ ᠬᠠᠤᠯᠢ ᠶᠣᠰᠣᠭᠠᠷ ᠬᠢᠨᠠᠨ ᠣᠯᠭᠤᠵᠤ᠂ ᠴᠢᠩᠭ᠎ᠠ ᠬᠢᠨᠠᠨ ᠬᠠᠮᠢᠶᠠᠷᠴᠤ᠂ ᠡᠰᠡ ᠲᠡᠶᠢᠮᠦ ᠪᠣᠯ ᠬᠠᠤᠯᠢ ᠶᠣᠰᠣᠭᠠᠷ ᠰᠢᠳᠬᠡᠬᠦ ᠪᠠᠷ ᠪᠠᠶᠢᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号