ᠦᠪᠦᠷ ᠮᠣᠩᠭᠤᠯ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠪᠦᠳᠤᠭᠡᠨ ᠪᠠᠶᠢᠭᠤᠯᠤᠯᠲᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠦ ᠪᠣᠢ
ᠨᠡᠶᠢᠲᠡᠯᠡᠭᠰᠡᠨ ᠴᠠᠭ᠄
2017/12/4
      12 ᠳ᠋ᠤᠭᠠᠷ ᠰᠠᠷ᠎ᠠ ᠶᠢᠨ 1᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠡᠨᠡ ᠵᠢᠯ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠡᠳ᠋ ᠤᠨ ᠵᠠᠰᠠᠭ ᠤᠨ ᠲᠢᠩᠬᠢᠮ ᠵᠠᠷᠤᠯᠭ᠎ᠠ ᠶᠢᠨ ᠪᠦᠲᠦᠴᠡ ᠪᠠᠨ ᠲᠣᠬᠢᠷᠠᠭᠤᠯᠤᠨ᠂ ᠤᠯᠠᠨ ᠠᠷᠭ᠎ᠠ ᠵᠠᠮ ᠢᠶᠠᠷ ᠪᠡᠯᠡ ᠮᠥᠩᠭᠦ ᠴᠤᠭᠯᠠᠭᠤᠯᠤᠨ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠪᠦᠲᠦᠭᠡᠨ ᠪᠠᠶᠢᠭᠤᠯᠤᠯᠲᠠ ᠶᠢ ᠳᠡᠮᠵᠢᠭᠰᠡᠭᠡᠷ ᠢᠷᠡᠪᠡ᠃ ᠣᠳᠣᠬᠠᠨ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠲᠥᠰᠦᠪ ᠲᠤ 19.76 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠨᠢᠳᠤᠨᠤᠨ ᠤ ᠬᠢ ᠠᠴᠠ 10% ᠨᠡᠮᠡᠭᠳᠡᠪᠡ᠃      ᠣᠶᠢᠯᠠᠭᠠᠭᠰᠠᠨ ᠢᠶᠠᠷ᠂ ᠣᠷᠴᠢᠨ ᠲᠣᠭᠤᠷᠢᠨ ᠤ ᠪᠣᠬᠢᠷᠲᠤᠯ ᠢ ᠶᠡᠷᠦᠩᠬᠡᠶᠢᠯᠡᠨ ᠵᠠᠰᠠᠬᠤ ᠪᠠᠨ ᠴᠢᠩᠭᠠᠳᠬᠠᠵᠦ᠂ ᠠᠮᠢ ᠠᠬᠤᠶ ᠶᠢᠨ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠶᠢᠨ ᠲᠤᠰᠠᠳᠠ᠂ ᠡᠨᠡ ᠵᠢᠯ ᠮᠠᠨ ᠤ ᠣᠷᠣᠨ ᠤ ᠰᠢᠨ᠎ᠡ ᠪᠠᠷ ᠨᠡᠮᠡᠭᠳᠡᠭᠰᠡᠨ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠎ ᠳᠤ ᠠᠮᠢ ᠠᠬᠤᠶ ᠶᠢᠨ ᠬᠠᠮᠠᠭᠠᠯᠠᠯᠲᠠ ᠶᠢᠨ ᠪᠡᠯᠡ ᠮᠥᠩᠭᠦ 16 ᠳ᠋ᠦᠩᠰᠢᠭᠤᠷ ᠲᠥᠭᠦᠷᠢᠭ ᠲᠣᠬᠢᠷᠠᠭᠤᠯᠵᠠᠢ᠃ ᠡᠭᠦᠨ ᠤ ᠰᠠᠭᠤᠷᠢᠨ ᠳᠡᠭᠡᠷ᠎ᠡ᠂ ᠪᠠᠰᠠ ᠲᠥᠪ ᠤᠨ ᠲᠤᠰᠬᠠᠶ ᠵᠦᠢᠯ ᠤᠨ ᠪᠡᠯᠡ ᠮᠦᠩᠭᠦᠨ ᠤ ᠲᠤᠰᠠᠯᠠᠮᠵᠢ ᠶᠢ ᠢᠳᠡᠪᠬᠢᠲᠡᠶ ᠣᠯᠪᠠ᠃ ᠡᠨᠡ ᠵᠢᠯ᠂ ᠲᠥᠪ ᠠᠴᠠ ᠠᠭᠠᠷ ᠮᠠᠨᠳᠠᠯ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ᠂ ᠬᠥᠳᠡᠭᠡ ᠲᠣᠰᠬᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠤᠰᠬᠠᠶ ᠪᠡᠯᠡ ᠮᠥᠩᠭᠦ ᠶᠢ ᠨᠡᠶᠢᠲᠡ 3.67 ᠳ᠋ᠥᠩᠰᠢᠭᠤᠷ ᠲᠥᠭᠦᠷᠢᠭ ᠣᠯᠪᠠ᠃ ᠲᠡᠷᠡᠴᠢᠯᠡᠨ ᠭᠤᠣᠯᠳᠠᠯᠭ᠎ᠠ ᠲᠠᠢ ᠣᠷᠣᠨ ᠪᠦᠰᠡ ᠶᠢᠨ ᠪᠣᠬᠢᠷᠲᠤᠯ ᠢ ᠵᠠᠰᠠᠬᠤ ᠳᠡᠮᠵᠢᠯᠭᠡ ᠶᠢᠨ ᠡᠷᠴᠢᠮ ᠢᠶᠠᠨ ᠲᠠᠰᠤᠷᠠᠯᠳᠡ ᠦᠬᠡᠢ ᠴᠢᠩᠭᠠᠳᠬᠠᠵᠤ᠂ ᠪᠣᠬᠢᠷᠲᠤᠯ ᠨᠡᠯᠢᠶᠡᠳ ᠬᠦᠨᠳᠦ ᠨᠣᠴᠢᠲᠠᠶ ᠦᠬᠠᠶ ᠬᠤᠲᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠢ ᠭᠤᠣᠯᠳᠠᠯᠭ᠎ᠠ ᠲᠠᠢ ᠳᠡᠮᠵᠢᠪᠡ︔ ᠬᠥᠳᠡᠭᠡ ᠲᠣᠰᠬᠤᠨ ᠤ ᠣᠷᠴᠢᠨ ᠲᠣᠭᠤᠷᠢᠨ ᠢ ᠵᠠᠰᠠᠬᠤ ᠪᠡᠯᠡ ᠮᠥᠩᠭᠦ ᠶᠢ ᠡᠮᠬᠢᠯᠡᠨ ᠨᠡᠶᠢᠯᠡᠭᠦᠯᠬᠦ ᠡᠷᠴᠢᠮ ᠢᠶᠠᠨ ᠲᠠᠰᠤᠷᠠᠯᠲᠠ ᠦᠭᠡᠶ ᠴᠢᠩᠭᠠᠷᠠᠭᠤᠯᠵᠤ᠂ ᠪᠡᠯᠡ ᠮᠥᠩᠭᠦ ᠶᠢ ᠡᠮᠬᠢᠯᠡᠨ ᠨᠡᠶᠢᠯᠡᠭᠦᠯᠦᠭᠰᠡᠨ ᠲᠤᠭ᠎ᠠ ᠨᠢᠳᠤᠨᠤᠨ ᠤ ᠬᠢ ᠠᠴᠠ 2500 ᠲᠦᠮᠡᠨ ᠲᠥᠭᠦᠷᠢᠭ ᠨᠡᠮᠡᠭᠳᠡᠭᠰᠡᠨ ᠪᠠᠶᠢᠨ᠎ᠠ᠃      ᠡᠭᠦᠨ ᠠᠴᠠ ᠭᠠᠳᠠᠨ᠎ᠠ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠦ᠂ ᠪᠠᠶᠢᠯᠳᠤᠬᠤ ᠪᠤᠳᠤᠯᠭ᠎ᠠ ᠶᠢᠨ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠶᠢᠨ ᠲᠤᠰᠠᠳᠠ᠂ ᠡᠨᠡ ᠵᠢᠯ᠂ ᠮᠠᠨ ᠤ ᠣᠷᠣᠨ ᠪᠠᠶᠢᠯᠳᠤᠬᠤ ᠪᠤᠳᠤᠯᠭ᠎ᠠ ᠶᠢᠨ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢᠨ ᠪᠡᠯᠡ ᠮᠥᠩᠭᠦ ᠶᠢ 2 ᠳ᠋ᠥᠩᠰᠢᠭᠤᠷ ᠲᠥᠭᠦᠷᠢᠭ ᠲᠣᠬᠢᠷᠠᠭᠤᠯᠵᠤ᠂ ᠭᠤᠣᠯᠳᠠᠭᠤ ᠥᠪᠡᠷᠲᠡᠭᠡᠨ ᠵᠠᠰᠠᠬᠤ ᠣᠷᠣᠨ ᠤ ᠲᠤᠮᠤ ᠳ᠋ᠠᠶᠢᠲ᠋ᠠ ᠶᠢᠨ ᠠᠵᠤ ᠦᠢᠯᠡᠰ ᠤᠨ ᠬᠡᠷᠡᠭᠯᠡᠭᠡᠨ ᠂ ᠣᠳᠤ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠰᠢᠨ᠎ᠡ ᠡᠨᠧᠷᠭᠢ ᠵᠡᠷᠭᠡ ᠶᠢ ᠳᠡᠮᠵᠢᠬᠦ ᠳᠤ ᠬᠡᠷᠡᠭᠯᠡᠪᠡ᠃ ᠦᠯᠡᠭᠦᠦ ᠦᠢᠯᠡᠳᠪᠦᠷᠢᠯᠡᠯ ᠤᠨ ᠴᠢᠳᠠᠪᠤᠷᠢ ᠶᠢ ᠦᠭᠡᠶᠢᠰᠬᠡᠬᠦ ᠠᠵᠢᠯ ᠢ ᠢᠳᠡᠪᠬᠢᠲᠡᠶ ᠪᠥᠭᠡᠳ ᠯᠠᠪᠳᠠᠭᠤᠨ ᠢᠶᠠᠷ ᠠᠬᠢᠭᠤᠯᠵᠤ᠂ ᠡᠳ᠋ ᠤᠨ ᠵᠠᠰᠠᠭ ᠤᠨ ᠱᠠᠩᠨᠠᠯ ᠨᠥᠬᠦᠪᠥᠷᠢ ᠶᠢᠨ ᠪᠡᠯᠡ ᠮᠥᠩᠭᠦ ᠶᠢ 47150 ᠲᠦᠮᠡᠨ ᠲᠥᠭᠦᠷᠢᠭ ᠴᠤᠭᠯᠠᠭᠤᠯᠤᠨ᠂ ᠦᠢᠯᠡᠳᠪᠦᠷᠢᠯᠡᠬᠦ ᠴᠢᠳᠠᠪᠤᠷᠢ ᠪᠠᠨ ᠲᠠᠶᠠᠭᠳᠠᠭᠰᠠᠨ ᠠᠵᠤ ᠠᠬᠤᠶᠢᠯᠠᠯ ᠤᠨ ᠪᠡᠯᠡᠳᠬᠡᠮᠵᠢ ᠲᠥᠬᠦᠭᠡᠷᠦᠮᠵᠢ ᠪᠠᠨ ᠨᠤᠷᠠᠭᠠᠬᠤ᠂ ᠠᠵᠤ ᠦᠢᠯᠡᠳᠪᠦᠷᠢ ᠶᠢᠨ ᠭᠠᠵᠠᠷ ᠲᠠᠯᠠᠪᠤᠷ ᠢᠶᠠᠨ ᠰᠡᠷᠭᠦᠭᠡᠨ ᠵᠠᠰᠠᠬᠤ ᠵᠠᠷᠤᠳᠠᠯ ᠵᠢᠴᠢ ᠠᠵᠢᠯᠲᠠᠨ ᠠᠵᠢᠯᠴᠢᠨ ᠢ ᠲᠥᠪᠬᠢᠨᠡᠭᠦᠯᠬᠦ ᠵᠡᠷᠭᠡ ᠳᠤ ᠲᠤᠰᠬᠠᠶᠢᠯᠠᠨ ᠬᠡᠷᠡᠭᠯᠡᠭᠦᠯᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号