ᠥᠪᠥᠷ ᠵᠠᠰᠠᠭ ᠲᠠᠷᠬᠠᠭᠠᠭᠰᠠᠨ ﹇2017﹈ 92 ᠳ᠋ᠤᠭᠠᠷ ᠲᠤᠭᠠᠳᠤ | 6 ᠳ᠋ᠤᠭᠠᠷ ᠰᠠᠷ᠎ᠠ ᠶᠢᠨ 30 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠤᠷᠳᠤᠨ᠂ ᠦᠪᠡᠷᠳᠡᠬᠡᠨ ᠵᠠᠰᠠᠬᠤ ᠤᠷᠤᠨ ᠤ ᠡᠯ᠎ᠡ ᠵᠦᠪᠯᠡᠯ᠂ ᠠᠯᠪᠠᠨ ᠬᠡᠷ᠂ ᠲᠢᠩᠬᠢᠮ᠂ | ᠲᠤᠪᠴᠢᠶ᠎ᠠ᠂ ᠡᠯ᠎ᠡ ᠲᠤᠮᠤ ᠠᠵᠦ ᠠᠬᠤᠶᠢᠯᠠᠯ᠂ ᠠᠵᠢᠯ ᠦᠢᠯᠡᠰ ᠤᠨ ᠨᠢᠬᠡᠴᠡ ᠳᠤ᠄ | ᠤᠷᠴᠢᠮ ᠤᠨ ᠵᠢᠯ ᠳᠤ᠂ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠨᠢ ᠲᠦᠪ ᠪᠠ ᠦᠪᠡᠷᠳᠡᠬᠡᠨ | ᠵᠠᠰᠠᠬᠤ ᠤᠷᠤᠨ ᠤ ᠰᠶᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠵᠦ᠂ ᠮᠠᠯᠵᠢᠬᠤ ᠲᠠᠷᠢᠶᠠᠯᠠᠬᠤ ᠤᠷᠤᠨ ᠤ ᠰᠠᠭᠤᠷᠢ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠳᠠ | ᠪᠠ ᠬᠤᠳᠠ ᠭᠦᠳᠡᠭᠡ ᠶᠢᠨ ᠦᠨᠳᠦᠰᠦᠨ ᠦᠢᠯᠡᠴᠢᠯᠡᠭᠡ ᠶᠢ ᠲᠡᠩᠴᠡᠭᠦᠷᠢᠰᠢᠬᠦᠯᠬᠦ ᠠᠯᠬᠤᠴᠠ ᠶᠢ ᠲᠦᠷᠬᠡᠳᠬᠡᠨ | ᠠᠬᠢᠭᠤᠯᠤᠨᠨᠰᠠᠨ ᠠᠴᠠ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠢᠯᠡᠳᠳᠡ | ᠰᠠᠶᠢᠵᠢᠷᠠᠪᠠ᠂ ᠬᠡᠪᠡᠴᠤ ᠤᠳᠤᠬᠠᠨ ᠳᠤ ᠮᠠᠨ ᠤ ᠤᠷᠤᠨ ᠤ ᠮᠠᠯᠵᠢᠬᠤ ᠲᠠᠷᠢᠶᠠᠯᠠᠬᠤ ᠤᠷᠤᠨ ᠤ ᠤᠷᠤᠰᠢᠨ | ᠠᠮᠢᠳᠤᠷᠠᠬᠤ ᠤᠷᠴᠢᠨ ᠨᠦᠭᠦᠴᠡᠯ ᠤᠨ ᠶᠡᠷᠦᠩᠬᠡᠢ ᠬᠢᠷᠢ ᠬᠡᠮᠵᠢᠶ᠎ᠡ ᠪᠠᠰᠠᠴᠤ ᠨᠡᠯᠢᠶᠡᠳ ᠲᠤᠤᠷ᠎ᠠ ᠪᠠᠶᠢᠵᠦ᠂ ᠮᠠᠯᠵᠢᠬᠤ | ᠲᠠᠷᠢᠶᠠᠯᠠᠬᠤ ᠤᠷᠤᠨ ᠤ ᠬᠤᠭ ᠨᠤᠪᠰᠢ ᠪᠤᠬᠢᠷ ᠤᠰᠤ ᠶᠢ ᠰᠶᠢᠳᠪᠦᠷᠢᠯᠡᠬᠦ᠂ ᠤᠤᠭᠤᠬᠤ ᠤᠰᠤ ᠶᠢ ᠰᠠᠶᠢᠵᠢᠷᠠᠭᠤᠯᠵᠦ | ᠵᠤᠷᠯᠤᠩ ᠢ ᠦᠬᠡᠷᠡᠴᠢᠯᠡᠨ ᠵᠠᠰᠠᠬᠤ ᠪᠠ ᠠᠷᠢᠭᠤᠨ ᠴᠡᠪᠡᠷ ᠡᠷᠡᠭᠦᠯ ᠬᠠᠮᠠᠭᠠᠯᠠᠯ ᠢ ᠰᠠᠶᠢᠵᠢᠷᠠᠭᠤᠯᠬᠤ ᠵᠡᠷᠬᠡ ᠤᠷᠴᠢᠨ | ᠨᠦᠭᠦᠴᠡᠯ ᠢ ᠴᠡᠭᠴᠡᠯᠡᠨ ᠵᠠᠰᠠᠬᠤ ᠲᠠᠯ᠎ᠠ ᠬᠢᠬᠡᠳ ᠴᠢᠨᠡᠬᠡᠯᠢᠭ ᠨᠡᠶᠢᠬᠡᠮ ᠢ ᠪᠦᠭᠦ ᠲᠠᠯ᠎ᠠ ᠪᠠᠷ ᠪᠠᠶᠢᠭᠤᠯᠬᠤ | ᠬᠠᠷᠠᠯᠳᠠ ᠶᠢᠨ ᠱᠠᠭᠠᠷᠳᠠᠯᠭ᠎ᠠ ᠲᠠᠢ ᠪᠠᠰᠠ ᠨᠡᠯᠢᠶᠡᠳ ᠶᠡᠭᠡ ᠵᠦᠷᠢᠶ᠎ᠡ ᠲᠠᠢ ᠪᠠᠶᠢᠨᠨᠰᠠᠭᠠᠷ ᠶᠤᠮ᠃ ᠮᠠᠯᠵᠢᠬᠤ | ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠢ ᠤᠯᠠᠮ ᠨᠢᠬᠡ ᠠᠯᠬᠤᠮ ᠰᠠᠶᠢᠵᠢᠷᠠᠭᠤᠯᠵᠦ᠂ | ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠤᠨ ᠵᠠᠰᠠᠯᠳᠠ ᠶᠢᠨ ᠤᠷᠳᠤ | ᠬᠤᠭᠤᠴᠠᠭᠠᠨ ᠤ ᠪᠦᠳᠦᠮᠵᠢᠳᠡᠢ ᠲᠤᠨᠨᠳᠠᠴᠠ ᠶᠢ ᠪᠠᠶᠢᠭᠤᠯᠤᠨ᠂ ︽ᠡᠷᠡᠭᠦᠯ ᠡᠩᠬᠡ ᠦᠪᠦᠷ ᠮᠤᠩᠭᠤᠯ︾ ᠤᠨ | ᠪᠠᠶᠢᠭᠤᠯᠤᠯᠳᠠ ᠶᠢ ᠠᠬᠢᠭᠤᠯᠬᠤ ᠶᠢᠨ ᠲᠤᠰᠠᠳᠠ᠂ ᠡᠳᠦᠬᠡ ᠲᠤᠤᠷᠠᠬᠢ ᠮᠡᠳᠦ ᠰᠠᠨᠠᠯ ᠢ ᠲᠤᠷᠠᠳᠪᠠ᠃ | ᠨᠢᠬᠡ᠂ ᠶᠡᠷᠦᠩᠬᠡᠢ ᠱᠠᠭᠠᠷᠳᠠᠯᠭ᠎ᠠ | ︵ᠨᠢᠬᠡ︶ ᠵᠢᠯᠤᠭᠤᠳᠬᠤ ᠦᠵᠡᠯ ᠰᠠᠨᠠᠭ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠤᠯᠤᠨ ᠠᠷᠪᠠᠨ | ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠭᠤᠷᠪᠠᠳᠤᠭᠠᠷ᠂ ᠲᠦᠷᠪᠡᠳᠦᠬᠡᠷ᠂ ᠲᠠᠪᠤᠳᠤᠭᠠᠷ᠂ ᠵᠢᠷᠭᠤᠳᠤᠭᠠᠷ | ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠶᠡᠷᠥᠩᠬᠡᠢ | ᠱᠥᠵᠢ ᠰᠢ ᠶᠢᠨ ᠫᠢᠩ ᠤᠨ ᠠᠯᠢ ᠤᠯᠠᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠪᠠ ᠲᠦᠷᠦ ᠶᠢ ᠵᠠᠰᠠᠵᠤ ᠵᠠᠰᠠᠭ | ᠪᠠᠷᠢᠬᠤ ᠰᠢᠨ᠎ᠡ ᠣᠨᠣᠯᠵᠢᠬᠤᠨ ᠰᠢᠨ᠎ᠡ ᠥᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠶᠢ ᠭᠦᠨᠵᠡᠬᠡᠢ | ᠲᠤᠤᠱᠯᠠᠭᠤᠯᠤᠨ ᠨᠠᠶᠢᠳᠠᠪᠤᠷᠢᠵᠢᠭᠤᠯᠵᠦ᠂ ᠦᠪᠡᠷᠳᠡᠬᠡᠨ ᠵᠠᠰᠠᠬᠤ ᠤᠷᠤᠨ ᠤ ᠠᠷᠪᠠᠳᠤᠭᠠᠷ ᠤᠳᠠᠭᠠᠨ ᠤ ᠨᠠᠮ ᠤᠨ | ᠲᠦᠯᠦᠬᠡᠯᠡᠭᠴᠢᠳ ᠤᠨ ᠬᠤᠷᠠᠯ ᠪᠤᠯᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠷᠪᠠᠳᠤᠭᠠᠷ | ᠬᠤᠭᠤᠴᠠᠭᠠᠨ ᠤ ᠬᠤᠶᠠᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠵᠦ᠂ ᠪᠦᠭᠦ ᠤᠯᠤᠰ ᠤᠨ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ | ᠨᠦᠭᠦᠴᠡᠯ ᠢ ᠰᠠᠶᠢᠵᠢᠷᠠᠭᠤᠯᠬᠤ ᠠᠵᠢᠯ ᠤᠨ ᠬᠤᠷᠠᠯ᠂ ︽ᠭᠦᠳᠡᠭᠡ ᠲᠤᠰᠬᠤᠨ ᠤ ᠤᠷᠤᠰᠢᠨ ᠠᠮᠢᠳᠤᠷᠠᠬᠤ ᠤᠷᠴᠢᠨ | ᠨᠦᠭᠦᠴᠡᠯ ᠢ ᠰᠠᠶᠢᠵᠢᠷᠠᠭᠤᠯᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ | ᠵᠢᠯᠤᠭᠤᠳᠬᠤ ᠰᠠᠨᠠᠯ︾ ︵ᠲᠦᠷᠦ ᠠᠯᠪᠠᠨ ᠲᠠᠷᠬᠠᠭᠠᠨᠨᠰᠠᠨ ﹇2014﹈ 25 ᠳ᠋ᠤᠭᠠᠷ ᠲᠤᠭᠠᠳᠤ︶᠂ ᠤᠷᠤᠨ | ᠰᠠᠭᠤᠴᠠ ᠬᠤᠳᠠ ᠭᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ ᠶᠠᠮᠤᠨ ᠵᠡᠷᠬᠡ ᠠᠷᠪᠠᠨ ᠶᠠᠮᠤᠨ ᠵᠦᠪᠯᠡᠯ ᠤᠨ ︽ | ᠭᠦᠳᠡᠭᠡ ᠲᠤᠰᠬᠤᠨ ᠤ ᠬᠤᠭ ᠨᠤᠪᠰᠢ ᠶᠢᠨ ᠵᠠᠰᠠᠯᠳᠠ ᠶᠢ ᠪᠦᠭᠦ ᠲᠠᠯ᠎ᠠ ᠪᠠᠷ ᠠᠬᠢᠭᠤᠯᠬᠤ ᠲᠤᠬᠠᠢ ᠵᠢᠯᠤᠭᠤᠳᠬᠤ | ᠰᠠᠨᠠᠯ︾ ︵ᠪᠠᠶᠢᠭᠤᠯᠤᠯᠳᠠ ᠲᠤᠰᠬᠤᠨ ﹇2015﹈ 170 ᠳ᠋ᠤᠭᠠᠷ ᠲᠤᠭᠠᠳᠤ︶ ᠤᠨ ᠱᠠᠭᠠᠷᠳᠠᠯᠭ᠎ᠠ ᠶᠤᠰᠤᠭᠠᠷ᠂ | ᠴᠢᠨᠡᠬᠡᠯᠢᠭ ᠨᠡᠶᠢᠬᠡᠮ ᠢ ᠪᠦᠭᠦ ᠲᠠᠯ᠎ᠠ ᠪᠠᠷ ᠪᠠᠶᠢᠭᠤᠯᠬᠤ ᠪᠠ ᠨᠡᠶᠢᠬᠡᠮ ᠵᠢᠷᠤᠮ ᠤᠨ ᠰᠢᠨ᠎ᠠ ᠮᠠᠯᠵᠢᠬᠤ ᠲᠠᠷᠢᠶᠠᠯᠠᠬᠤ | ᠤᠷᠤᠨ ᠢ ᠪᠦᠳᠦᠬᠡᠨ ᠪᠠᠶᠢᠭᠤᠯᠬᠤ ᠪᠠᠷ ᠬᠠᠷᠠᠯᠳᠠ ᠪᠤᠯᠭᠠᠵᠦ᠂ ᠮᠠᠯᠴᠢᠨ ᠲᠠᠷᠢᠶᠠᠴᠢᠳ ᠤᠨ ᠦᠨᠳᠦᠰᠦᠨ | ᠠᠮᠢᠳᠤᠷᠠᠯ ᠤᠨ ᠨᠦᠭᠦᠴᠡᠯ ᠢ ᠪᠠᠳᠤᠯᠠᠬᠤ ᠪᠠᠷ ᠰᠠᠭᠤᠷᠢ ᠱᠤᠭᠤᠮ ᠪᠤᠯᠭᠠᠨ᠂ ᠠᠶᠢᠯ ᠲᠤᠰᠬᠤᠨ ᠤ ᠤᠷᠴᠢᠨ | ᠨᠦᠭᠦᠴᠡᠯ ᠢ ᠴᠡᠭᠴᠡᠯᠡᠨ ᠵᠠᠰᠠᠬᠤ ᠪᠠᠷ ᠭᠤᠤᠯᠳᠠᠯᠭ᠎ᠠ ᠪᠤᠯᠭᠠᠵᠦ᠂ ᠭᠤᠸ᠎ᠠ ᠦᠵᠡᠰᠭᠦᠯᠡᠩᠳᠦ ᠮᠦᠷᠳᠡᠬᠡᠨ | ᠠᠮᠢᠳᠤᠷᠠᠬᠤ ᠳᠤ ᠲᠤᠬᠢᠳᠠᠢ ᠠᠶᠢᠯ ᠲᠤᠰᠬᠤᠨ ᠢ ᠪᠠᠶᠢᠭᠤᠯᠬᠤ ᠪᠠᠷ ᠤᠳᠤᠷᠢᠳᠤᠮᠵᠢ ᠪᠤᠯᠭᠠᠨ᠂ ᠵᠠᠰᠠᠭ ᠤᠨ ᠤᠷᠳᠤᠨ | ᠠᠬᠢᠭᠤᠯᠬᠤ᠂ ᠤᠯᠠᠨ ᠲᠦᠮᠡᠨ ᠭᠤᠤᠯᠯᠠᠨ ᠤᠷᠤᠯᠴᠠᠬᠤ᠂ ᠤᠯᠠᠨ ᠡᠰᠢᠳᠦ ᠪᠠᠷ ᠪᠡᠯᠡ ᠤᠷᠤᠭᠤᠯᠬᠤ᠂ ᠤᠷᠳᠤ | ᠬᠤᠭᠤᠴᠠᠭᠠᠨ ᠤ ᠪᠦᠳᠦᠮᠵᠢᠳᠡᠢ ᠬᠠᠮᠢᠶᠠᠷᠴᠤ ᠬᠠᠮᠠᠭᠠᠯᠠᠬᠤ᠂ ᠨᠡᠶᠢᠬᠡᠮ ᠨᠡᠶᠢᠳᠡ ᠪᠠᠷ ᠤᠷᠤᠯᠴᠠᠬᠤ᠂ ᠰᠠᠯᠠᠭ᠎ᠠ | ᠮᠦᠴᠢᠷ ᠤᠨ ᠬᠠᠮᠵᠢᠯᠴᠬᠠᠰᠠᠨ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠢ | ᠵᠠᠰᠠᠬᠤ ᠪᠠᠶᠢᠷᠢᠰᠢᠯ ᠢ ᠲᠦᠷᠬᠡᠳᠬᠡᠨ ᠪᠠᠶᠢᠭᠤᠯᠵᠦ᠂ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ | ᠤᠷᠴᠢᠨ ᠨᠦᠭᠦᠴᠡᠯ ᠢ ᠴᠡᠭᠴᠡᠯᠡᠨ ᠵᠠᠰᠠᠬᠤ ᠠᠵᠢᠯ ᠤᠨ ᠡᠷᠴᠢᠮ ᠢ ᠴᠢᠩᠭᠠᠳᠬᠠᠨ᠂ ᠮᠠᠯᠵᠢᠬᠤ ᠲᠠᠷᠢᠶᠠᠯᠠᠬᠤ ᠤᠷᠤᠨ ᠤ | ᠦᠢᠯᠡᠳᠪᠦᠷᠢᠯᠡᠯ ᠠᠮᠢᠳᠤᠷᠠᠯ ᠤᠨ ᠨᠦᠭᠦᠴᠡᠯ ᠢ ᠪᠦᠭᠦ ᠲᠠᠯ᠎ᠠ ᠪᠠᠷ ᠰᠠᠶᠢᠵᠢᠷᠠᠭᠤᠯᠤᠨ᠎ᠠ᠃ | ︵ᠬᠤᠶᠠᠷ︶ ᠦᠨᠳᠦᠰᠦᠨ ᠵᠠᠷᠴᠢᠮ᠃ | — ᠵᠠᠰᠠᠭ ᠤᠨ ᠤᠷᠳᠤᠨ ᠭᠤᠤᠯᠯᠠᠨ ᠤᠳᠤᠷᠢᠳᠴᠤ᠂ ᠤᠯᠠᠨ ᠲᠦᠮᠡᠨ ᠢ ᠲᠦᠰᠢᠭᠯᠡᠨ᠎ᠠ᠃ ᠡᠯ᠎ᠡ ᠭᠠᠵᠠᠷ | ᠤᠷᠤᠨ᠂ ᠡᠯ᠎ᠡ ᠬᠤᠯᠪᠤᠨᠨᠳᠠᠯ ᠪᠦᠭᠦᠢ ᠰᠠᠯᠠᠭ᠎ᠠ ᠮᠦᠴᠢᠷ ᠤᠳ ᠮᠠᠯᠵᠢᠬᠤ ᠲᠠᠷᠢᠶᠠᠯᠠᠬᠤ ᠤᠷᠤᠨ ᠤ ᠤᠷᠤᠰᠢᠨ | ᠠᠮᠢᠳᠤᠷᠠᠬᠤ ᠤᠷᠴᠢᠨ ᠨᠦᠭᠦᠴᠡᠯ ᠢ ᠵᠠᠰᠠᠬᠤ ᠡᠭᠦᠷᠬᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ | ᠲᠦᠯᠦᠪᠵᠢᠭᠦᠯᠬᠡ ᠶᠢ ᠨᠠᠶᠢᠷᠠᠭᠤᠯᠤᠨ ᠵᠤᠬᠢᠶᠠᠬᠤ᠂ ᠪᠡᠯᠡ ᠮᠦᠩᠭᠦ ᠶᠢᠨ ᠤᠷᠤᠭᠤᠯᠤᠯᠳᠠ᠂ ᠪᠡᠯᠡᠳᠬᠡᠮᠵᠢ ᠶᠢᠨ | ᠪᠦᠳᠦᠬᠡᠨ ᠪᠠᠶᠢᠭᠤᠯᠤᠯᠳᠠ ᠪᠠ ᠠᠵᠢᠯᠯᠠᠭᠠᠨ ᠤ ᠬᠠᠮᠢᠶᠠᠷᠤᠯᠳᠠ ᠵᠡᠷᠬᠡ ᠲᠠᠯ᠎ᠠ ᠶᠢᠨ ᠠᠵᠢᠯ ᠢ ᠰᠠᠶᠢᠳᠤᠷ ᠬᠢᠬᠦ ᠬᠡᠷᠡᠭᠳᠡᠢ᠃ | ᠤᠯᠠᠨ ᠲᠦᠮᠡᠨ ᠤ ᠰᠠᠨᠠᠭᠠᠴᠢᠯᠠᠭᠠᠳᠤ ᠴᠢᠨᠠᠷ ᠢ ᠭᠦᠢᠴᠡᠳ ᠪᠠᠳᠠᠷᠠᠭᠤᠯᠵᠦ᠂ ᠤᠯᠠᠨ ᠲᠦᠮᠡᠨ ᠤ ᠰᠠᠨᠠᠭ᠎ᠠ ᠪᠤᠳᠤᠯ ᠢ | ᠭᠦᠨᠳᠦᠳᠬᠡᠨ᠂ ᠲᠤᠰᠬᠤᠨ ᠤ ᠠᠷᠠᠳ ᠤᠨ ᠬᠠᠷᠢᠭᠤᠴᠠᠯᠭ᠎ᠠ ᠪᠠ ᠡᠭᠦᠷᠬᠡ ᠶᠢ ᠲᠤᠳᠤᠷᠬᠠᠶᠢᠯᠠᠵᠦ᠂ ᠤᠷᠤᠰᠢᠨ | ᠠᠮᠢᠳᠤᠷᠠᠬᠤ ᠤᠷᠴᠢᠨ ᠨᠦᠭᠦᠴᠡᠯ ᠢ ᠬᠠᠮᠳᠤᠪᠠᠷ ᠰᠠᠶᠢᠵᠢᠷᠠᠭᠤᠯᠬᠤ ᠪᠠ ᠦᠵᠡᠰᠭᠦᠯᠡᠩ ᠰᠠᠶᠢᠬᠠᠨ ᠬᠡᠷ ᠤᠷᠤᠨ ᠢᠶᠠᠨ | ᠪᠦᠳᠦᠬᠡᠨ ᠪᠠᠶᠢᠭᠤᠯᠵᠦ᠂ ︽ᠡᠷᠡᠬᠦᠯ ᠡᠩᠬᠡ ᠦᠪᠦᠷ ᠮᠤᠩᠭᠤᠯ︾ ᠤᠨ ᠪᠠᠶᠢᠭᠤᠯᠤᠯᠳᠠ ᠶᠢ ᠠᠬᠢᠭᠤᠯᠤᠨ᠎ᠠ᠃ | — ᠭᠠᠵᠠᠷ ᠤᠷᠤᠨ ᠤ ᠪᠠᠶᠢᠳᠠᠯ ᠳᠤᠨᠢ ᠲᠤᠬᠢᠷᠠᠭᠤᠯᠵᠦ᠂ ᠰᠢᠨᠵᠢᠯᠡᠬᠦ ᠤᠬᠠᠭᠠᠨᠴᠢ ᠪᠠᠷ ᠵᠠᠰᠠᠨ᠎ᠠ᠃ ᠡᠯ᠎ᠡ | ᠭᠠᠵᠠᠷ ᠤᠷᠤᠨ ᠤ ᠠᠵᠦ ᠠᠬᠤᠢ ᠨᠡᠶᠢᠬᠡᠮ ᠤᠨ ᠭᠦᠭᠵᠢᠯᠳᠡ ᠶᠢᠨ ᠪᠤᠳᠠᠳᠤ ᠪᠠᠶᠢᠳᠠᠯ ᠪᠠ ᠪᠠᠶᠢᠭᠠᠯᠢ ᠶᠢᠨ ᠨᠦᠭᠦᠴᠡᠯ ᠢ | ᠦᠨᠳᠦᠰᠦᠯᠡᠵᠦ᠂ ᠬᠤᠭ ᠨᠤᠪᠰᠢ ᠪᠤᠬᠢᠷ ᠤᠰᠤ ᠶᠢ ᠬᠤᠤᠷ ᠦᠬᠡᠶᠢᠳᠠᠬᠦᠯᠦᠨ ᠰᠶᠢᠳᠪᠦᠷᠢᠯᠡᠬᠦ ᠵᠡᠷᠬᠡ ᠲᠤᠷᠰᠢᠯᠳᠠ ᠶᠢᠨ | ᠵᠢᠱᠢᠶ᠎ᠡ ᠦᠵᠡᠬᠦᠯᠬᠦ ᠲᠦᠷᠦᠯ ᠵᠦᠢᠯ ᠢ ᠬᠡᠷᠡᠭᠵᠢᠬᠦᠯᠦᠨ᠂ ᠭᠠᠵᠠᠷ ᠤᠷᠤᠨ ᠤ ᠪᠤᠳᠠᠳᠠᠢ ᠪᠠᠶᠢᠳᠠᠯ ᠳᠤ ᠲᠤᠬᠢᠷᠬᠠᠰᠠᠨ | ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠢ ᠵᠠᠰᠠᠬᠤ ᠳᠤ ᠦᠪᠡᠷ ᠤᠨ | ᠦᠷᠳᠡᠭ ᠢᠶᠠᠷ ᠪᠠᠭ᠎ᠠ᠂ ᠦᠷ᠎ᠡ ᠠᠰᠢᠭ ᠢᠶᠠᠷ ᠶᠡᠭᠡ ᠵᠬᠠᠪᠤᠷ ᠢ ᠢᠳᠡᠪᠬᠢᠳᠡᠢ ᠪᠠᠷ ᠰᠦᠪᠡᠭᠴᠢᠯᠡᠨ ᠭᠦᠭᠵᠢᠬᠦᠯᠦᠨ᠎ᠠ᠃ | — ᠪᠦᠭᠦ ᠲᠠᠯ᠎ᠠ ᠪᠠᠷ ᠵᠠᠰᠠᠵᠦ᠂ ᠤᠷᠳᠤ ᠬᠤᠭᠤᠴᠠᠭ᠎ᠠ ᠪᠠᠷ ᠪᠦᠳᠦᠮᠵᠢᠳᠡᠢ ᠪᠠᠶᠢᠯᠭᠠᠬᠤ ᠶᠢ ᠴᠢᠬᠤᠯᠠᠴᠢᠯᠠᠨ᠎ᠠ᠃ | ᠪᠦᠭᠦ ᠲᠠᠯ᠎ᠠ ᠪᠠᠷ ᠠᠬᠢᠭᠤᠯᠵᠦ᠂ ᠲᠦᠢᠯᠪᠤᠷᠢᠳᠠᠢ ᠠᠳᠬᠤᠨ᠂ ᠠᠯᠢ ᠨᠢᠬᠡ ᠵᠦᠢᠯ ᠢ ᠤᠷᠬᠢᠨᠨᠳᠠᠭᠤᠯᠬᠤ ᠦᠬᠡᠢ | ᠪᠠᠶᠢᠵᠦ᠂ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠤᠨ ᠵᠠᠰᠠᠯᠳᠠ ᠶᠢᠨ | ᠤᠷᠳᠤ ᠬᠤᠭᠤᠴᠠᠭᠠᠨ ᠤ ᠪᠦᠳᠦᠮᠵᠢᠳᠡᠢ ᠲᠤᠨᠨᠳᠠᠴᠠ ᠶᠢ ᠠᠯᠬᠤᠮ ᠠᠯᠬᠤᠮ ᠢᠶᠠᠷ ᠪᠠᠶᠢᠭᠤᠯᠵᠦ᠂ ᠲᠦᠷᠢ ᠲᠦᠷᠬᠦ ᠶᠢᠨ | ᠢᠨᠵᠧᠨᠧᠷᠢᠩ ᠰᠡᠳᠦᠵᠦ᠂ ᠦᠩᠬᠡᠪᠴᠢ ᠠᠵᠢᠯ ᠬᠢᠬᠦ ᠶᠢ ᠡᠷᠡᠰ ᠬᠤᠷᠢᠨᠨᠯᠠᠨ᠂ ᠪᠤᠳᠠᠳᠠᠢ ᠦᠷ᠎ᠡ ᠪᠦᠳᠦᠮᠵᠢ ᠤᠯᠬᠤ ᠶᠢ | ᠦᠨᠡᠨᠬᠦ ᠪᠠᠳᠤᠯᠠᠨ᠎ᠠ᠃ | — ᠵᠡᠷᠬᠡᠪᠡᠷ ᠠᠳᠬᠤᠨ ᠬᠠᠮᠳᠤᠪᠡᠷ ᠬᠠᠮᠢᠶᠠᠷᠴᠤ᠂ ᠨᠢᠬᠡᠳᠦᠯᠳᠡᠢ ᠲᠦᠯᠦᠪᠯᠡᠵᠦ ᠠᠬᠢᠭᠤᠯᠤᠨ᠎ᠠ᠃ ᠮᠠᠯᠵᠢᠬᠤ | ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠢ ᠵᠠᠰᠠᠬᠤ ᠡᠯ᠎ᠡ ᠵᠦᠢᠯ ᠤᠨ ᠠᠵᠢᠯ ᠢ | ᠬᠠᠮᠵᠢᠯᠴᠠᠨ ᠠᠬᠢᠭᠤᠯᠵᠦ᠂ ᠠᠵᠢᠯ ᠤᠨ ᠬᠤᠪᠢᠶᠠᠷᠢᠯᠠᠯ ᠢᠶᠠᠷ ᠲᠤᠳᠤᠷᠬᠠᠢ᠂ ᠦᠷ᠎ᠡ ᠠᠰᠢᠭ ᠢᠶᠠᠷ ᠦᠨᠳᠦᠷ ᠪᠦᠬᠡᠳ | ᠡᠷᠴᠢᠮᠳᠠᠢ ᠠᠵᠢᠯ ᠤᠨ ᠲᠤᠨᠨᠳᠠᠴᠠ ᠶᠢ ᠪᠦᠷᠢᠯᠳᠦᠬᠦᠯᠦᠨ᠂ ᠭᠦᠮᠦᠨ ᠤ ᠭᠦᠴᠦᠨ ᠪᠤᠳᠠᠰ ᠤᠨ ᠭᠦᠴᠦᠨ ᠡᠳ᠋ ᠤᠨ | ᠭᠦᠴᠦᠨ ᠤ ᠤᠷᠤᠭᠤᠯᠤᠯᠳᠠ ᠶᠢ ᠪᠠᠳᠤᠯᠠᠵᠦ᠂ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ | ᠨᠦᠭᠦᠴᠡᠯ ᠤᠨ ᠵᠠᠰᠠᠯᠳᠠ ᠳᠤ ᠨᠡᠶᠢᠬᠡᠮ ᠤᠨ ᠭᠦᠷᠦᠩᠬᠡ ᠶᠢᠨ ᠤᠷᠤᠯᠴᠠᠬᠤ ᠶᠢ ᠵᠤᠷᠢᠨᠨᠵᠢᠭᠤᠯᠤᠨ᠎ᠠ᠃ | ︵ᠭᠤᠷᠪᠠ︶ ᠭᠤᠤᠯ ᠬᠠᠷᠠᠯᠳᠠ᠃ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ | ᠨᠦᠭᠦᠴᠡᠯ ᠢ ᠵᠠᠰᠠᠬᠤ ᠤᠯᠤᠰ ᠤᠨ ᠶᠡᠷᠦᠩᠬᠡᠢ ᠱᠠᠭᠠᠷᠳᠠᠯᠭ᠎ᠠ ᠶᠤᠰᠤᠭᠠᠷ᠂ ᠬᠤᠭ ᠨᠤᠪᠰᠢ ᠪᠠ ᠪᠤᠬᠢᠷ ᠤᠰᠤ ᠶᠢ | ᠵᠠᠰᠠᠬᠤ᠂ ᠤᠤᠭᠤᠬᠤ ᠤᠰᠤ ᠶᠢ ᠰᠠᠶᠢᠵᠢᠷᠠᠭᠤᠯᠵᠦ ᠵᠤᠷᠯᠤᠩ ᠢ ᠦᠬᠡᠷᠡᠴᠢᠯᠡᠨ ᠵᠠᠰᠠᠬᠤ ᠶᠢ ᠭᠤᠤᠯᠳᠠᠯᠭ᠎ᠠ ᠲᠠᠢ | ᠦᠷᠨᠢᠭᠦᠯᠦᠨ᠂ ᠠᠶᠢᠯ ᠲᠤᠰᠬᠤᠨ ᠢ ᠨᠤᠭᠤᠭᠠᠷᠠᠭᠤᠯᠬᠤ᠂ ᠠᠶᠢᠯ ᠲᠤᠰᠬᠤᠨ ᠤ ᠵᠠᠮ ᠵᠡᠷᠬᠡ ᠨᠡᠶᠢᠳᠡ ᠶᠢᠨ | ᠬᠡᠷᠡᠭᠯᠡᠬᠡᠨ ᠤ ᠪᠡᠯᠡᠳᠬᠡᠮᠵᠢ ᠶᠢᠨ ᠬᠠᠮᠢᠶᠠᠷᠤᠯᠳᠠ ᠬᠠᠮᠠᠭᠠᠯᠠᠯᠳᠠ ᠶᠢ ᠴᠢᠩᠭᠠᠳᠬᠠᠵᠦ᠂ ᠪᠦᠭᠦ ᠤᠷᠤᠨ ᠤ ᠮᠠᠯᠵᠢᠬᠤ | ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠤᠨ ᠶᠡᠷᠦᠩᠬᠡᠶᠢᠯᠡᠭᠰᠡᠨ ᠵᠠᠰᠠᠯᠳᠠ ᠶᠢ ᠪᠦᠭᠦ | ᠲᠠᠯ᠎ᠠ ᠪᠠᠷ ᠠᠬᠢᠭᠤᠯᠤᠨ᠎ᠠ᠃ ᠭᠦᠴᠦᠯᠡᠨ ᠴᠢᠷᠮᠠᠶᠢᠵᠦ ᠪᠠᠶᠢᠭᠠᠳ 2020 ᠤᠨ ᠪᠤᠯᠳᠠᠯ᠎ᠠ᠂ ᠬᠠᠮᠢᠶᠠᠷᠤᠯᠳᠠ ᠶᠢᠨ | ᠡᠩᠨᠡᠭᠡ ᠪᠠᠷ ᠲᠤᠨᠨᠳᠠᠪᠤᠷᠢᠳᠠᠢ᠂ ᠪᠡᠯᠡ ᠮᠦᠩᠭᠦ ᠶᠢᠨ ᠪᠠᠳᠤᠯᠠᠭ᠎ᠠ ᠪᠠᠷ ᠤᠷᠳᠤ ᠤᠳᠠᠭᠠᠨ᠂ ᠪᠡᠯᠡᠳᠬᠡᠮᠵᠢ | ᠲᠦᠭᠦᠬᠡᠷᠦᠮᠵᠢ ᠪᠠᠷ ᠪᠦᠷᠢᠨ ᠭᠦᠢᠴᠡᠳ᠂ ᠵᠠᠰᠠᠯᠳᠠ ᠶᠢᠨ ᠮᠡᠷᠬᠡᠵᠢᠯ ᠢᠶᠠᠷ ᠪᠤᠯᠪᠠᠰᠤᠷᠠᠩᠭᠤᠢ᠂ ᠬᠢᠨᠠᠯᠳᠠ | ᠬᠠᠮᠢᠶᠠᠷᠤᠯᠳᠠ ᠶᠢᠨ ᠲᠦᠷᠢᠮ ᠢᠶᠠᠷ ᠲᠡᠭᠦᠰ ᠲᠡᠭᠦᠯᠳᠡᠷ ᠪᠤᠯᠬᠤ ᠪᠦᠭᠦ ᠤᠷᠤᠨ ᠤ ᠮᠠᠯᠵᠢᠬᠤ ᠲᠠᠷᠢᠶᠠᠯᠠᠬᠤ ᠤᠷᠤᠨ ᠤ | ᠤᠷᠤᠰᠢᠨ ᠠᠮᠢᠳᠤᠷᠠᠬᠤ ᠤᠷᠴᠢᠨ ᠨᠦᠭᠦᠴᠡᠯ ᠢ ᠵᠠᠰᠠᠬᠤ ᠤᠷᠳᠤ ᠬᠤᠭᠤᠴᠠᠭᠠᠨ ᠤ ᠪᠦᠳᠦᠮᠵᠢᠳᠡᠢ ᠲᠤᠨᠨᠳᠠᠴᠠ ᠶᠢ | ᠦᠨᠳᠦᠰᠦᠨ ᠳᠡᠭᠡᠨ ᠪᠦᠷᠢᠯᠳᠦᠭᠦᠯᠦᠨ᠂ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ | ᠨᠦᠭᠦᠴᠡᠯ ᠢ ᠢᠯᠡᠳᠳᠡ ᠰᠠᠶᠢᠵᠢᠷᠠᠭᠤᠯᠵᠦ᠂ ᠮᠠᠯᠵᠢᠬᠤ ᠲᠠᠷᠢᠶᠠᠯᠠᠬᠤ ᠤᠷᠤᠨ ᠤ ᠪᠤᠯᠪᠠᠰᠤᠨ ᠤ ᠬᠢᠷᠢ ᠲᠦᠪᠰᠢᠨ ᠢ | ᠮᠡᠳᠡᠭᠳᠡᠮ᠎ᠠ ᠲᠡᠬᠡᠭᠰᠢᠯᠡᠭᠦᠯᠦᠨ᠎ᠠ᠃ | ᠬᠤᠶᠠᠷ᠂ ᠭᠤᠤᠯᠳᠠᠯᠭ᠎ᠠ ᠲᠠᠢ ᠠᠵᠢᠯ | ︵ᠨᠢᠬᠡ︶ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠢ ᠴᠡᠭᠴᠡᠯᠡᠨ | ᠵᠠᠰᠠᠬᠤ ᠲᠦᠯᠦᠪᠵᠢᠭᠦᠯᠬᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠤᠬᠢᠶᠠᠨ᠎ᠠ᠃ ᠰᠢᠶᠠᠨ ᠤ ᠬᠡᠪᠴᠢᠶᠡᠨ ᠤ | ᠲᠤᠰᠬᠤᠨ ᠪᠠᠯᠭᠠᠰᠤ ᠶᠢᠨ ᠰᠢᠰᠲ᠋ᠧᠮᠵᠢ ᠶᠢᠨ ᠲᠦᠯᠦᠪᠵᠢᠬᠦᠯᠬᠡ ᠶᠢ ᠨᠠᠶᠢᠷᠠᠭᠤᠯᠤᠨ ᠵᠤᠬᠢᠶᠠᠬᠤ ᠪᠠ ᠲᠡᠭᠦᠯᠳᠡᠷᠵᠢᠬᠦᠯᠵᠦ᠂ | ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ᠤ ᠭᠦᠮᠦᠨ ᠠᠮᠠ ᠶᠢᠨ ᠬᠤᠪᠢᠷᠠᠯᠳᠠ ᠵᠡᠷᠬᠡ ᠪᠠᠶᠢᠳᠠᠯ ᠢ | ᠦᠨᠳᠦᠰᠦᠯᠡᠨ᠂ ᠰᠢᠨᠵᠢᠯᠡᠬᠦ ᠤᠬᠠᠭᠠᠨᠴᠢ ᠪᠠᠷ ᠨᠤᠳᠠᠯᠠᠵᠦ᠂ ᠭᠤᠤᠯᠳᠠᠯᠭ᠎ᠠ ᠲᠠᠢ ᠪᠠᠯᠭᠠᠰᠤ ᠪᠠ ᠡᠩ ᠤᠨ ᠪᠠᠯᠭᠠᠰᠤ᠂ | ᠭᠤᠤᠯ ᠪᠤᠯᠬᠤ ᠲᠤᠰᠬᠤᠨ ᠪᠠ ᠡᠩ ᠤᠨ ᠲᠤᠰᠬᠤᠨ ᠤ ᠪᠠᠶᠢᠷᠢᠰᠢᠭᠤᠯᠤᠯᠳᠠ ᠶᠢ ᠲᠤᠳᠤᠷᠬᠠᠶᠢᠯᠠᠨ᠎ᠠ︔ ᠰᠠᠭᠤᠷᠢ | ᠪᠡᠯᠡᠳᠬᠡᠮᠵᠢ ᠪᠠ ᠤᠯᠠᠨ ᠨᠡᠶᠢᠳᠡ ᠶᠢᠨ ᠦᠢᠯᠡᠴᠢᠯᠡᠬᠡᠨ ᠤ ᠪᠡᠯᠡᠳᠬᠡᠮᠵᠢ ᠶᠢᠨ ᠲᠦᠷᠦᠯ ᠵᠦᠢᠯ ᠬᠢᠬᠡᠳ ᠪᠦᠳᠦᠬᠡᠨ | ᠪᠠᠶᠢᠭᠤᠯᠬᠤ ᠪᠠᠷᠢᠮᠵᠢᠶ᠎ᠠ ᠶᠢ ᠵᠤᠬᠢᠰᠳᠠᠢ ᠲᠤᠨᠨᠳᠠᠭᠠᠵᠦ᠂ ᠤᠷᠤᠨ ᠪᠠᠶᠢᠷᠢ ᠪᠠᠷ ᠠᠳᠠᠯᠢ ᠪᠤᠰᠤ᠂ ᠲᠦᠷᠦᠯ ᠬᠡᠯᠪᠡᠷᠢ ᠪᠠᠷ | ᠢᠯᠭᠠᠭ᠎ᠠ ᠲᠠᠢ ᠠᠶᠢᠯ ᠲᠤᠰᠬᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠢ ᠰᠠᠶᠢᠵᠢᠷᠠᠭᠤᠯᠬᠤ ᠶᠢᠨ | ᠭᠤᠤᠯᠳᠠᠯᠭ᠎ᠠ ᠲᠠᠢ ᠲᠦᠷᠦᠯ ᠵᠦᠢᠯ ᠪᠠ ᠪᠦᠳᠦᠬᠡᠨ ᠪᠠᠶᠢᠭᠤᠯᠬᠤ ᠴᠠᠭ ᠤᠨ ᠲᠠᠷᠠᠭᠠᠯᠠᠯ ᠢ ᠲᠤᠳᠤᠷᠬᠠᠶᠢᠯᠠᠨ᠎ᠠ᠃ | ᠰᠢᠶᠠᠨ ᠤ ᠬᠡᠪᠴᠢᠶᠡᠨ ᠤ ᠲᠤᠰᠬᠤᠨ ᠪᠠᠯᠭᠠᠰᠤ ᠶᠢᠨ ᠰᠢᠰᠲ᠋ᠧᠮᠵᠢ ᠶᠢᠨ ᠲᠦᠯᠦᠪᠵᠢᠭᠦᠯᠬᠡ ᠪᠠᠷ ᠦᠨᠳᠦᠰᠦᠯᠡᠯ | ᠪᠤᠯᠭᠠᠵᠦ᠂ ᠪᠦᠳᠦᠬᠡᠨ ᠪᠠᠶᠢᠭᠤᠯᠬᠤ ᠠᠵᠢᠯᠯᠠᠭ᠎ᠠ ᠪᠠᠷ ᠨᠡᠯᠢᠶᠡᠳ ᠶᠡᠭᠡ ᠵᠢᠴᠢ ᠬᠠᠮᠠᠭᠠᠯᠠᠯᠳᠠ ᠶᠢ ᠨᠢ ᠴᠢᠩᠭᠠᠳᠬᠠᠬᠤ | ᠴᠢᠬᠤᠯᠠᠳᠠᠢ ᠠᠶᠢᠯ ᠲᠤᠰᠬᠤᠨ ᠤ ᠲᠦᠯᠦᠪᠵᠢᠬᠦᠯᠬᠡ ᠶᠢ ᠲᠦᠷᠬᠡᠬᠡᠨ ᠨᠠᠶᠢᠷᠠᠭᠤᠯᠤᠨ ᠵᠤᠬᠢᠶᠠᠵᠦ᠂ | ᠲᠦᠯᠦᠪᠵᠢᠬᠦᠯᠬᠡ ᠶᠢ ᠨᠠᠶᠢᠷᠠᠭᠤᠯᠤᠨ ᠵᠤᠬᠢᠶᠠᠬᠤ ᠳᠤ ᠠᠳᠠᠯᠢ ᠪᠤᠰᠤ ᠠᠶᠢᠯ ᠲᠤᠰᠬᠤᠨ ᠤ ᠤᠷᠤᠰᠢᠨ ᠠᠮᠢᠳᠤᠷᠠᠬᠤ | ᠤᠷᠴᠢᠨ ᠨᠦᠭᠦᠴᠡᠯ ᠤᠨ ᠤᠳᠤᠬᠢ ᠪᠠᠶᠢᠳᠠᠯ ᠢ ᠦᠨᠳᠦᠰᠦᠯᠡᠵᠦ᠂ ᠤᠷᠳᠤᠪᠳᠤᠷ ᠪᠠ ᠤᠷᠳᠤ ᠬᠤᠭᠤᠴᠠᠭᠠᠨ ᠤ | ᠭᠦᠭᠵᠢᠯᠳᠡ ᠶᠢᠨ ᠱᠠᠭᠠᠷᠳᠠᠯᠭ᠎ᠠ ᠶᠢ ᠬᠠᠮᠳᠤ ᠳᠤᠨᠢ ᠬᠠᠷᠠᠭᠠᠯᠵᠠᠨ᠂ ᠴᠡᠭᠴᠡᠯᠡᠨ ᠵᠠᠰᠠᠬᠤ ᠭᠤᠤᠯᠳᠠᠯᠭ᠎ᠠ ᠶᠢ ᠲᠦᠷᠦᠯ | ᠬᠤᠪᠢᠶᠠᠨ ᠲᠤᠨᠨᠳᠠᠭᠠᠵᠦ᠂ ᠠᠯᠬᠤᠮ ᠬᠤᠪᠢᠶᠠᠨ ᠬᠡᠷᠡᠭᠵᠢᠭᠦᠯᠦᠨ᠎ᠡ᠃ ᠠᠮᠢᠳᠤᠷᠠᠯ ᠤᠨ ᠦᠨᠳᠦᠰᠦᠨ ᠨᠦᠭᠦᠴᠡᠯ ᠨᠢ | ᠬᠠᠷᠠᠬᠠᠨ ᠲᠡᠭᠦᠯᠳᠡᠷᠵᠢᠬᠡᠳᠦᠢ ᠠᠶᠢᠯ ᠲᠤᠰᠬᠤᠨ ᠨᠢ ᠤᠰᠤ ᠴᠠᠬᠢᠯᠭᠠᠨ ᠵᠠᠮ ᠬᠡᠢ ᠬᠡᠷ ᠪᠠᠶᠢᠰᠢᠩ ᠵᠡᠷᠬᠡ ᠰᠠᠭᠤᠷᠢ | ᠪᠡᠯᠡᠳᠬᠡᠮᠵᠢ ᠪᠦᠳᠦᠬᠡᠨ ᠪᠠᠶᠢᠭᠤᠯᠬᠤ ᠪᠠᠷ ᠭᠤᠤᠯᠳᠠᠯᠭ᠎ᠠ ᠪᠤᠯᠭᠠᠵᠦ᠂ ᠠᠮᠢᠳᠤᠷᠠᠯ ᠤᠨ ᠦᠨᠳᠦᠰᠦᠨ ᠨᠦᠭᠦᠴᠡᠯ ᠨᠢ | ᠨᠡᠯᠢᠶᠡᠳ ᠲᠡᠭᠦᠯᠳᠡᠷᠵᠢᠭᠰᠡᠨ ᠠᠶᠢᠯ ᠲᠤᠰᠬᠤᠨ ᠨᠢ ᠤᠷᠴᠢᠨ ᠨᠦᠭᠦᠴᠡᠯ ᠢ ᠴᠡᠭᠴᠡᠯᠡᠨ ᠵᠠᠰᠠᠬᠤ ᠪᠠᠷ ᠭᠤᠤᠯᠳᠠᠯᠭ᠎ᠠ | ᠪᠤᠯᠭᠠᠨ᠂ ᠤᠷᠤᠰᠢᠨ ᠠᠮᠢᠳᠤᠷᠠᠬᠤ ᠤᠷᠴᠢᠨ ᠨᠦᠭᠦᠴᠡᠯ ᠤᠨ ᠶᠠᠰᠤ ᠴᠢᠨᠠᠷ ᠢ ᠪᠦᠭᠦ ᠲᠠᠯ᠎ᠠ ᠪᠠᠷ ᠲᠡᠬᠡᠭᠰᠢᠯᠡᠬᠦᠯᠬᠦ | ᠬᠡᠷᠡᠭᠳᠡᠢ᠃ ︵ᠦᠪᠡᠷᠳᠡᠬᠡᠨ ᠵᠠᠰᠠᠬᠤ ᠤᠷᠤᠨ ᠤ ᠤᠷᠤᠨ ᠰᠠᠭᠤᠴᠠ ᠬᠤᠳᠠ ᠭᠦᠳᠡᠭᠡ ᠶᠢᠨ ᠪᠦᠳᠦᠬᠡᠨ | ᠪᠠᠶᠢᠭᠤᠯᠤᠯᠳᠠ ᠶᠢᠨ ᠲᠢᠩᠬᠢᠮ᠂ ᠨᠠᠮ ᠤᠨ ᠬᠤᠷᠢᠶ᠎ᠠ ᠶᠢᠨ ᠲᠠᠷᠢᠶᠠᠯᠠᠩ ᠮᠠᠯ ᠠᠵᠦ ᠠᠬᠤᠢ ᠶᠢᠨ ᠠᠯᠪᠠᠨ ᠬᠡᠷ︶ | ︵ᠬᠤᠶᠠᠷ︶ ᠠᠶᠢᠯ ᠲᠤᠰᠬᠤᠨ ᠤ ᠠᠮᠢᠳᠤᠷᠠᠯ ᠤᠨ ᠤᠷᠴᠢᠨ ᠨᠦᠭᠦᠴᠡᠯ ᠢ ᠶᠡᠷᠦᠩᠬᠡᠶᠢᠯᠡᠨ ᠴᠡᠭᠴᠡᠯᠡᠨ | ᠵᠠᠰᠠᠬᠤ ᠶᠢ ᠶᠡᠬᠡᠪᠡᠷ ᠦᠷᠨᠢᠬᠦᠯᠦᠨ᠎ᠠ᠃ ᠮᠠᠯᠵᠢᠬᠤ ᠲᠠᠷᠢᠶᠠᠯᠠᠬᠤ ᠤᠷᠤᠨ ᠤ ᠬᠤᠭ ᠨᠤᠪᠰᠢ ᠪᠠ ᠪᠤᠬᠢᠷ ᠤᠰᠤ ᠶᠢ | ᠭᠤᠤᠯᠳᠠᠯᠭ᠎ᠠ ᠲᠠᠢ ᠵᠠᠰᠠᠵᠤ᠂ ᠤᠤᠭᠤᠬᠤ ᠤᠰᠤ ᠶᠢ ᠰᠠᠶᠢᠵᠢᠷᠠᠭᠤᠯᠵᠦ ᠵᠤᠷᠯᠦᠩ ᠢ ᠦᠬᠡᠷᠡᠴᠢᠯᠡᠨ ᠵᠠᠰᠠᠬᠤ | ᠠᠯᠬᠤᠴᠠ ᠶᠢ ᠲᠦᠷᠬᠡᠳᠬᠡᠨ᠎ᠠ᠃ ᠰᠢᠶᠠᠨ ᠤ ᠬᠡᠪᠴᠢᠶᠡᠨ ᠤ ᠮᠠᠯᠵᠢᠬᠤ ᠲᠠᠷᠢᠶᠠᠯᠠᠬᠤ ᠤᠷᠤᠨ ᠤ ᠬᠤᠭ ᠨᠤᠪᠰᠢ ᠪᠠ | ᠪᠤᠬᠢᠷ ᠤᠰᠤᠨ ᠤ ᠵᠠᠰᠠᠯᠳᠠ ᠶᠢᠨ ᠨᠢᠬᠡᠳᠦᠯᠳᠡᠢ ᠲᠦᠯᠦᠪᠵᠢᠬᠦᠯᠬᠡ᠂ ᠨᠢᠬᠡᠳᠦᠯᠳᠡᠢ ᠪᠦᠳᠦᠬᠡᠨ ᠪᠠᠶᠢᠭᠤᠯᠤᠯᠳᠠ᠂ | ᠨᠢᠬᠡᠳᠦᠯᠳᠡᠢ ᠠᠵᠢᠯᠯᠠᠭᠠᠨ᠂ ᠨᠢᠬᠡᠳᠦᠯᠳᠡᠢ ᠬᠠᠮᠢᠶᠠᠷᠤᠯᠳᠠ ᠶᠢ ᠠᠬᠢᠭᠤᠯᠵᠦ᠂ ᠨᠦᠭᠦᠴᠡᠯ ᠲᠠᠢ ᠭᠠᠵᠠᠷ ᠤᠷᠤᠨ ᠨᠢ | ᠬᠤᠳᠠ ᠪᠠᠯᠭᠠᠰᠤᠨ ᠤ ᠬᠤᠭ ᠨᠤᠪᠰᠢ ᠪᠤᠬᠢᠷ ᠤᠰᠤ ᠶᠢ ᠰᠶᠢᠳᠪᠦᠷᠢᠯᠡᠬᠦ ᠪᠡᠯᠡᠳᠬᠡᠮᠵᠢ ᠪᠠ ᠦᠢᠯᠡᠴᠢᠯᠡᠭᠡ ᠶᠢ ᠮᠠᠯᠵᠢᠬᠤ | ᠲᠠᠷᠢᠶᠠᠯᠠᠬᠤ ᠤᠷᠤᠨ ᠲᠡᠰᠢ ᠤᠷᠳᠤᠳᠬᠠᠬᠤ ᠶᠢ ᠠᠬᠢᠭᠤᠯᠤᠨ᠎ᠠ᠃ ᠵᠠᠮ ᠬᠠᠷᠢᠯᠴᠠᠭ᠎ᠠ ᠪᠠᠷ ᠲᠦᠭᠦᠮ ᠲᠦᠳᠡ | ᠮᠦᠷᠳᠡᠬᠡᠨ ᠲᠠᠮᠵᠢᠭᠤᠯᠤᠨ ᠲᠡᠬᠡᠬᠡᠪᠦᠷᠢᠯᠡᠬᠦ ᠵᠠᠢ ᠪᠠᠷ ᠨᠡᠯᠢᠶᠡᠳ ᠤᠶᠢᠷᠠᠬᠠᠨ ᠠᠶᠢᠯ ᠲᠤᠰᠬᠤᠨ ᠨᠢ ᠠᠮᠢᠳᠤᠷᠠᠯ ᠤᠨ | ᠬᠤᠭ ᠨᠤᠪᠰᠢ ᠶᠢ ︽ᠡᠷᠦᠬᠡ ᠶᠢᠨ ᠬᠢᠨ ᠲᠦᠷᠦᠯ ᠬᠤᠪᠢᠶᠠᠬᠤ᠂ ᠲᠤᠰᠬᠤᠨ ᠤ ᠬᠢᠨ ᠬᠤᠷᠢᠶᠠᠨ ᠴᠤᠨᠨᠯᠠᠭᠤᠯᠬᠤ᠂ | ᠪᠠᠯᠭᠠᠰᠤ ᠶᠢᠨ ᠬᠢᠨ ᠲᠠᠮᠵᠢᠭᠤᠯᠤᠨ ᠲᠡᠬᠡᠬᠡᠪᠦᠷᠢᠯᠡᠬᠦ᠂ ᠰᠢᠶᠠᠨ ᠤ ᠬᠢᠨ ᠰᠶᠢᠳᠪᠦᠷᠢᠯᠡᠬᠦ︾ ᠠᠷᠭ᠎ᠠ ᠮᠠᠶ᠋ᠢᠭ ᠶᠤᠰᠤᠭᠠᠷ | ᠰᠶᠢᠳᠪᠦᠷᠢᠯᠡᠵᠦ ᠪᠤᠯᠤᠨ᠎ᠠ︔ ᠪᠤᠰᠤᠳ ᠠᠶᠢᠯ ᠲᠤᠰᠬᠤᠨ ᠤ ᠠᠮᠢᠳᠤᠷᠠᠯ ᠤᠨ ᠬᠤᠭ ᠨᠤᠪᠰᠢ ᠶᠢ ᠵᠤᠬᠢᠮᠵᠢᠳᠠᠢ ᠠᠷᠭ᠎ᠠ | ᠮᠠᠶ᠋ᠢᠭ ᠢᠶᠠᠷ ᠤᠶᠢᠷ᠎ᠠ ᠤᠷᠴᠢᠮ ᠳᠤᠨᠢ ᠰᠶᠢᠳᠪᠦᠷᠢᠯᠡᠵᠦ ᠪᠤᠯᠤᠨ᠎ᠠ︔ ᠠᠶᠢᠯ ᠲᠤᠰᠬᠤᠨ ᠢ ᠠᠷᠢᠭᠤᠨ ᠴᠡᠪᠡᠷ | ᠪᠠᠶᠢᠯᠭᠠᠬᠤ ᠲᠦᠷᠢᠮ ᠢ ᠪᠠᠶᠢᠭᠤᠯᠵᠦ᠂ ᠬᠤᠭ ᠨᠤᠪᠰᠢ ᠶᠢ ᠲᠤᠬᠠᠢ ᠶᠢᠨ ᠭᠠᠵᠠᠷ ᠲᠤᠨᠢ ᠲᠦᠷᠦᠯ ᠬᠤᠪᠢᠶᠠᠬᠤ ᠪᠠᠷ | ᠲᠠᠮᠵᠢᠵᠦ ᠬᠡᠮᠵᠢᠶ᠎ᠡ ᠶᠢ ᠨᠢ ᠪᠠᠭᠠᠰᠬᠠᠬᠤ ᠪᠠ ᠡᠬᠢ ᠪᠠᠶᠠᠯᠢᠭ ᠢ ᠪᠤᠴᠠᠭᠠᠨ ᠬᠤᠷᠢᠶᠠᠵᠦ ᠠᠰᠢᠨᠨᠯᠠᠬᠤ ᠶᠢ ᠠᠬᠢᠭᠤᠯᠤᠨ᠎ᠠ᠃ | ᠬᠤᠳᠠ ᠪᠠᠯᠭᠠᠰᠤᠨ ᠠᠴᠠ ᠨᠡᠯᠢᠶᠡᠳ ᠵᠠᠶᠢᠳᠠᠢ ᠮᠦᠷᠳᠡᠬᠡᠨ ᠭᠦᠮᠦᠨ ᠠᠮᠠ ᠪᠠᠷ ᠨᠡᠯᠢᠶᠡᠳ ᠤᠯᠠᠨᠳᠠᠢ ᠠᠶᠢᠯ | ᠲᠤᠰᠬᠤᠨ ᠨᠢ ᠲᠤᠰᠬᠤᠨ ᠤ ᠱᠠᠳᠤᠨ ᠤ ᠪᠤᠬᠢᠷ ᠤᠰᠤ ᠶᠢ ᠲᠦᠪᠯᠡᠷᠡᠬᠦᠯᠵᠦ ᠰᠶᠢᠳᠪᠦᠷᠢᠯᠡᠬᠦ ᠪᠡᠯᠡᠳᠬᠡᠮᠵᠢ ᠪᠠᠶᠢᠭᠤᠯᠵᠦ | ᠪᠤᠯᠤᠨ᠎ᠠ︔ ᠭᠦᠮᠦᠨ ᠠᠮᠠ ᠪᠠᠷ ᠨᠡᠯᠢᠶᠡᠳ ᠴᠦᠬᠡᠪᠳᠦᠷ ᠠᠶᠢᠯ ᠲᠤᠰᠬᠤᠨ ᠨᠢ ᠪᠤᠬᠢᠷ ᠤᠰᠤ ᠰᠶᠢᠳᠪᠦᠷᠢᠯᠡᠬᠦ | ᠪᠡᠯᠡᠳᠬᠡᠮᠵᠢ ᠶᠢ ᠡᠷᠦᠬᠡ ᠪᠠᠷ ᠬᠤᠪᠢᠶᠠᠵᠦ᠂ ᠡᠷᠦᠬᠡ ᠨᠦᠭᠦᠳ ᠬᠤᠯᠪᠤᠭᠠᠯᠠᠨ ᠪᠠᠶᠢᠭᠤᠯᠵᠦ ᠪᠤᠯᠤᠨ᠎ᠠ᠃ ᠮᠠᠯᠵᠢᠬᠤ | ᠲᠠᠷᠢᠶᠠᠯᠠᠬᠤ ᠤᠷᠤᠨ ᠤ ᠬᠡᠷ ᠪᠦᠯᠢ ᠶᠢᠨ ᠵᠤᠷᠯᠤᠩ ᠢ ᠦᠬᠡᠷᠡᠴᠢᠯᠡᠨ ᠵᠠᠰᠠᠬᠤ ᠶᠢ ᠠᠬᠢᠭᠤᠯᠵᠦ᠂ ᠬᠤᠤᠷ | ᠦᠬᠡᠶᠢᠳᠠᠭᠦᠯᠦᠭᠰᠡᠨ ᠠᠷᠢᠭᠤᠨ ᠴᠡᠪᠡᠷ ᠵᠤᠷᠯᠤᠩ ᠪᠤᠯᠭᠠᠵᠦ ᠦᠬᠡᠷᠡᠴᠢᠯᠡᠨ ᠵᠠᠰᠠᠬᠤ ᠡᠭᠦᠷᠬᠡ ᠶᠢ ᠪᠦᠭᠦ ᠲᠠᠯ᠎ᠠ ᠪᠠᠷ | ᠪᠡᠶᠡᠯᠡᠭᠦᠯᠦᠨ᠎ᠠ᠃ ᠬᠤᠳᠠ ᠭᠦᠳᠡᠭᠡ ᠶᠢᠨ ᠤᠷᠴᠢᠨ ᠲᠤᠭᠤᠷᠢᠨ ᠢ ᠠᠷᠢᠭᠤᠨ ᠴᠡᠪᠡᠷ ᠪᠠᠶᠢᠯᠭᠠᠬᠤ ᠪᠠᠷ ᠴᠡᠭᠴᠡᠯᠡᠨ | ᠵᠠᠰᠠᠬᠤ ᠠᠵᠢᠯᠯᠠᠭ᠎ᠠ ᠶᠢ ᠭᠦᠨᠵᠡᠬᠡᠢ ᠦᠷᠨᠢᠬᠦᠯᠦᠨ᠎ᠠ᠃ ᠮᠠᠯᠵᠢᠬᠤ ᠲᠠᠷᠢᠶᠠᠯᠠᠬᠤ ᠤᠷᠤᠨ ᠤ ᠭᠠᠵᠠᠷ ᠰᠢᠷᠦᠢ ᠶᠢᠨ | ᠠᠰᠢᠨᠨᠯᠠᠯᠳᠠ ᠶᠢᠨ ᠲᠦᠯᠦᠪᠵᠢᠬᠦᠯᠬᠡ ᠶᠢ ᠨᠠᠶᠢᠷᠠᠭᠤᠯᠤᠨ ᠵᠤᠬᠢᠶᠠᠬᠤ ᠪᠠᠨ ᠲᠦᠷᠬᠡᠳᠬᠡᠨ᠂ ᠮᠠᠯᠵᠢᠬᠤ ᠲᠠᠷᠢᠶᠠᠯᠠᠬᠤ | ᠤᠷᠤᠨ ᠤ ᠭᠠᠵᠠᠷ ᠰᠢᠷᠦᠢ ᠶᠢᠨ ᠴᠡᠭᠴᠡᠯᠡᠨ ᠵᠠᠰᠠᠯᠳᠠ ᠶᠢ ᠢᠳᠡᠪᠬᠢᠳᠡᠢ ᠪᠦᠬᠡᠳ ᠯᠠᠪᠳᠠᠭᠤᠨ ᠢᠶᠠᠷ ᠠᠬᠢᠭᠤᠯᠵᠦ᠂ | ᠭᠠᠵᠠᠷ ᠰᠢᠷᠦᠢ ᠶᠢ ᠠᠷᠪᠢᠴᠢ ᠪᠠᠷ ᠡᠷᠴᠢᠮᠵᠢᠬᠦᠯᠦᠨ ᠬᠡᠷᠡᠭᠯᠡᠨ᠎ᠡ᠃ ᠠᠶᠢᠯ ᠲᠤᠰᠬᠤᠨ ᠤ ᠤᠯᠠᠨ ᠨᠡᠶᠢᠳᠡ ᠶᠢᠨ ᠤᠷᠤᠨ | ᠵᠠᠢ ᠶᠢ ᠴᠡᠭᠴᠡᠯᠡᠨ ᠵᠠᠰᠠᠬᠤ ᠶᠢ ᠲᠦᠷᠬᠡᠳᠬᠡᠵᠦ᠂ ᠲᠤᠷ᠎ᠠ ᠪᠠᠷ ᠤᠪᠤᠭᠠᠯᠠᠵᠦ ᠲᠠᠪᠠ ᠪᠠᠷ ᠲᠠᠯᠪᠢᠬᠤ ᠶᠢ ᠴᠡᠪᠡᠷᠯᠡᠨ᠂ | ᠦᠪᠡᠰᠦᠪᠡᠨ ᠲᠤᠷ᠎ᠠ ᠪᠠᠷ ᠢᠶᠠᠨ ᠪᠠᠷᠢᠵᠦ ᠪᠠᠶᠢᠭᠤᠯᠤᠨᠨᠰᠠᠨ ᠢ ᠨᠢ ᠨᠤᠷᠠᠭᠠᠵᠦ᠂ ᠭᠤᠤ ᠵᠢᠵᠢᠭ ᠴᠦᠭᠦᠷᠦᠮ ᠭᠤᠤᠯ ᠤᠨ | ᠵᠠᠮ ᠢ ᠴᠡᠪᠡᠷᠯᠡᠨ ᠨᠡᠪᠳᠡᠷᠡᠭᠦᠯᠦᠨ᠎ᠠ᠃ ᠠᠶᠢᠯ ᠲᠤᠰᠬᠤᠨ ᠤ ᠤᠯᠠᠨ ᠨᠡᠶᠢᠳᠡ ᠶᠢᠨ ᠬᠡᠷᠡᠯᠳᠦᠭᠦᠯᠬᠡ ᠶᠢᠨ | ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠳᠠ ᠶᠢ ᠠᠬᠢᠭᠤᠯᠤᠨ᠎ᠠ᠃ ᠰᠤᠯᠡ ᠪᠠᠶᠢᠭ᠎ᠠ ᠪᠠ ᠠᠰᠢᠨᠨᠯᠠᠯᠳᠠ ᠪᠠᠷ ᠪᠠᠷᠤᠨᠨᠳᠠᠢ | ᠭᠠᠵᠠᠷ ᠰᠢᠷᠤᠢ᠂ ᠤᠳᠤ ᠶᠢᠨ ᠪᠠᠶᠢᠭ᠎ᠠ ᠬᠡᠷ ᠪᠠᠶᠢᠰᠢᠩ ᠵᠢᠴᠢ ᠪᠡᠯᠡᠳᠬᠡᠮᠵᠢ ᠵᠡᠷᠬᠡ ᠶᠢ ᠨᠢᠬᠡᠳᠦᠯᠳᠡᠢ ᠲᠦᠯᠦᠪᠯᠡᠨ | ᠠᠰᠢᠨᠨᠯᠠᠵᠦ᠂ ᠠᠶᠢᠯ ᠲᠤᠰᠬᠤᠨ ᠤ ᠤᠯᠠᠨ ᠨᠡᠶᠢᠳᠡ ᠶᠢᠨ ᠠᠵᠢᠯᠯᠠᠭᠠᠨ ᠤ ᠲᠠᠯᠠᠪᠤᠷ ᠭᠠᠵᠠᠷ ᠢ ᠦᠬᠡᠷᠡᠴᠢᠯᠡᠬᠦ ᠪᠠ | ᠪᠠᠶᠢᠭᠤᠯᠤᠨ᠎ᠠ᠃ ᠠᠮᠢ ᠠᠬᠤᠢ ᠶᠢᠨ ᠴᠡᠪᠡᠷ ᠲᠤᠩᠭᠠᠯᠠᠭ ᠬᠡᠯᠪᠡᠷᠢ ᠪᠦᠭᠦᠢ ᠵᠢᠵᠢᠭ ᠰᠠᠪᠠ ᠭᠠᠵᠠᠷ ᠤᠨ ᠪᠦᠳᠦᠬᠡᠨ | ᠪᠠᠶᠢᠭᠤᠯᠤᠯᠳᠠ ᠶᠢ ᠶᠡᠬᠡᠪᠡᠷ ᠦᠷᠨᠢᠬᠦᠯᠵᠦ᠂ ᠮᠠᠯᠵᠢᠬᠤ ᠲᠠᠷᠢᠶᠠᠯᠠᠬᠤ ᠤᠷᠤᠨ ᠤ ᠭᠤᠤᠯ ᠤᠨ ᠵᠠᠮ ᠢ ᠶᠡᠷᠦᠩᠬᠡᠶᠢᠯᠡᠨ | ᠵᠠᠰᠠᠬᠤ ᠶᠢ ᠪᠦᠭᠦ᠋ᠢᠯᠡ ᠰᠢᠶᠠᠩ ᠪᠠ ᠲᠤᠰᠬᠤᠨ ᠢᠶᠠᠷ ᠠᠬᠢᠭᠤᠯᠤᠨ᠎ᠠ᠃ ︵ᠦᠪᠡᠷᠳᠡᠬᠡᠨ ᠵᠠᠰᠠᠬᠤ ᠤᠷᠤᠨ ᠤ ᠤᠷᠤᠨ | ᠰᠠᠭᠤᠴᠠ ᠬᠤᠳᠠ ᠭᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ ᠲᠢᠩᠬᠢᠮ᠂ ᠤᠷᠴᠢᠨ ᠲᠤᠭᠤᠷᠢᠨ ᠤ | ᠬᠠᠮᠠᠭᠠᠯᠠᠯᠳᠠ ᠶᠢᠨ ᠲᠢᠩᠬᠢᠮ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠭᠦᠳᠡᠯᠬᠡᠬᠡᠨ ᠤ ᠵᠦᠪᠯᠡᠯ᠂ | ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠬᠢᠮ᠂ ᠭᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ᠂ | ᠤᠰᠤᠨ ᠠᠰᠢᠨᠨᠯᠠᠯᠳᠠ ᠶᠢᠨ ᠲᠢᠩᠬᠢᠮ︶ | ︵ᠭᠤᠷᠪᠠ︶ ᠦᠢᠯᠡᠳᠪᠦᠷᠢᠯᠡᠯ ᠤᠨ ᠤᠷᠴᠢᠨ ᠨᠦᠭᠦᠴᠡᠯ ᠢ ᠶᠡᠷᠦᠩᠬᠡᠶᠢᠯᠡᠨ ᠴᠡᠭᠴᠡᠯᠡᠵᠦ ᠵᠠᠰᠠᠬᠤ ᠶᠢ | ᠲᠠᠰᠤᠷᠠᠯᠳᠠ ᠦᠬᠡᠢ ᠴᠢᠩᠭᠠᠷᠠᠭᠤᠯᠤᠨ᠎ᠠ᠃ ᠮᠠᠯ ᠵᠢᠭᠦᠷᠳᠡᠨ ᠢ ᠬᠡᠪᠴᠢᠶᠡᠵᠢᠬᠦᠯᠦᠨ ᠲᠡᠵᠢᠬᠡᠨ ᠦᠷᠡᠵᠢᠬᠦᠯᠬᠦ ᠲᠤᠭᠤᠷᠢᠭ | ᠪᠠ ᠰᠠᠭᠤᠭᠠᠯᠢ ᠠᠷᠠᠳ ᠤᠨ ᠠᠮᠢᠳᠤᠷᠠᠯ ᠤᠨ ᠲᠤᠭᠤᠷᠢᠭ ᠢ ᠰᠢᠨᠵᠢᠯᠡᠬᠦ ᠤᠬᠠᠭᠠᠨᠴᠢ ᠪᠠᠷ ᠰᠠᠯᠭᠠᠨ ᠲᠤᠰᠠᠭᠠᠷᠯᠠᠬᠤ ᠶᠢ | ᠠᠬᠢᠭᠤᠯᠤᠨ᠂ ᠲᠡᠵᠢᠬᠡᠨ ᠦᠷᠡᠵᠢᠬᠦᠯᠬᠦ ᠦᠢᠯᠡᠰ ᠢ ᠬᠡᠪᠴᠢᠶᠡᠵᠢᠭᠦᠯᠦᠨ ᠭᠦᠭᠵᠢᠬᠦᠯᠬᠦ ᠶᠢ ᠭᠦᠳᠦᠯᠦᠨ ᠵᠢᠯᠤᠭᠤᠳᠴᠤ᠂ | ᠬᠡᠪᠴᠢᠶᠡᠵᠢᠬᠦᠯᠦᠭᠰᠡᠨ ᠲᠡᠵᠢᠬᠡᠨ ᠦᠷᠡᠵᠢᠬᠦᠯᠬᠦ ᠲᠠᠯᠠᠪᠠᠢ ᠶᠢᠨ ᠮᠠᠯ ᠵᠢᠭᠦᠷᠳᠡᠨ ᠤ ᠬᠤᠮᠤᠯ ᠬᠤᠷᠭᠤᠯ ᠢ ᠶᠡᠷᠦᠩᠬᠡᠶᠢᠯᠡᠨ | ᠵᠠᠰᠠᠬᠤ ᠬᠢᠬᠡᠳ ᠠᠰᠢᠨᠨᠯᠠᠬᠤ ᠶᠢ ᠲᠡᠮᠵᠢᠨ᠎ᠠ᠃ ᠲᠠᠷᠢᠶᠠᠴᠢᠳ ᠢ ᠭᠦᠳᠦᠯᠦᠨ ᠵᠢᠯᠤᠭᠤᠳᠴᠤ ᠪᠠᠶᠢᠭᠠᠳ ᠡᠰᠢ | ᠰᠦᠷᠡᠯ ᠢ ᠲᠠᠷᠢᠶᠠᠨ ᠳᠤ ᠡᠬᠡᠭᠦᠯᠭᠦ᠂ ᠡᠰᠢ ᠰᠦᠷᠡᠯ ᠢᠶᠠᠷ ᠮᠠᠯ ᠲᠡᠵᠢᠬᠡᠬᠦ ᠶᠢ ᠦᠷᠨᠢᠭᠦᠯᠵᠦ᠂ ᠡᠰᠢ ᠰᠦᠷᠡᠯ ᠢ ᠡᠬᠢ | ᠪᠠᠶᠠᠯᠢᠨᠨᠵᠢᠭᠤᠯᠵᠦ ᠠᠰᠢᠨᠨᠯᠠᠬᠤ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠳᠠ ᠶᠢ ᠲᠡᠮᠵᠢᠨ᠂ ᠭᠦᠳᠡᠭᠡ ᠭᠠᠳᠠᠭ᠎ᠠ ᠡᠰᠢ | ᠰᠦᠷᠡᠯ ᠰᠢᠳᠠᠭᠠᠬᠤ ᠶᠢ ᠡᠷᠡᠰ ᠬᠤᠷᠢᠨᠨᠯᠠᠨ᠎ᠠ᠃ ᠮᠠᠯᠵᠢᠬᠤ ᠲᠠᠷᠢᠶᠠᠯᠠᠬᠤ ᠤᠷᠤᠨ ᠤ ᠬᠡᠮ ᠬᠢᠵᠢᠭ ᠢᠶᠠᠷ ᠦᠭᠦᠭᠰᠡᠨ | ᠠᠮᠢᠳᠠᠨ ᠢ ᠬᠤᠤᠷ ᠦᠬᠡᠶᠢᠳᠠᠬᠦᠯᠵᠦ ᠬᠤᠷᠢᠶᠠᠨ ᠴᠤᠨᠨᠯᠠᠭᠤᠯᠬᠤ ᠪᠠ ᠰᠶᠢᠳᠪᠦᠷᠢᠯᠡᠬᠦ ᠰᠢᠰᠲ᠋ᠧᠮ ᠢ ᠠᠯᠬᠤᠮ | ᠠᠯᠬᠤᠮ ᠢᠶᠠᠷ ᠪᠠᠶᠢᠭᠤᠯᠵᠦ᠂ ᠬᠤᠤᠷ ᠦᠬᠡᠶᠢᠵᠢᠬᠦᠯᠵᠦ ᠰᠶᠢᠳᠪᠦᠷᠢᠯᠡᠬᠦ ᠲᠠᠯᠠᠪᠤᠷ ᠭᠠᠵᠠᠷ ᠪᠠᠶᠢᠭᠤᠯᠬᠤ ᠶᠢ | ᠲᠦᠷᠬᠡᠳᠬᠡᠨ᠎ᠠ᠃ ᠲᠠᠷᠢᠶᠠᠨ ᠡᠮ ᠤᠨ ᠪᠤᠭᠤᠳᠠᠯ ᠪᠠᠭᠯᠠᠭ᠎ᠠ᠂ ᠲᠠᠷᠢᠶᠠᠯᠠᠩ ᠤᠨ ᠵᠤᠯᠤᠮ᠎ᠠ ᠵᠡᠷᠬᠡ ᠬᠠᠶᠠᠭᠳᠠᠮᠠᠯ | ᠪᠤᠳᠠᠰ ᠢ ᠵᠤᠬᠢᠰᠳᠠᠢ ᠪᠠᠷ ᠰᠶᠢᠳᠪᠦᠷᠢᠯᠡᠵᠦ᠂ ᠬᠠᠶᠠᠭᠳᠠᠮᠠᠯ ᠪᠤᠳᠠᠰ ᠢ ᠪᠤᠴᠠᠭᠠᠨ ᠬᠤᠷᠢᠶᠠᠵᠦ ᠠᠪᠬᠤ ᠪᠡᠯᠡᠳᠬᠡᠮᠵᠢ ᠶᠢᠨ | ᠪᠦᠳᠦᠬᠡᠨ ᠪᠠᠶᠢᠭᠤᠯᠤᠯᠳᠠ ᠶᠢ ᠲᠦᠷᠬᠡᠳᠬᠡᠨ᠎ᠠ᠃ ᠮᠠᠯᠵᠢᠬᠤ ᠲᠠᠷᠢᠶᠠᠯᠠᠬᠤ ᠤᠷᠤᠨ ᠢ ᠴᠡᠪᠡᠷᠰᠢᠬᠦᠯᠬᠦ ᠢᠨᠵᠧᠨᠧᠷᠢᠩ ᠢ | ᠠᠬᠢᠭᠤᠯᠵᠦ᠂ ᠭᠠᠵᠠᠷ ᠤᠷᠤᠨ ᠳᠤᠨᠢ ᠲᠤᠬᠢᠷᠠᠭᠤᠯᠵᠦ ᠬᠡᠪᠴᠢᠶᠡᠵᠢᠬᠦᠯᠤᠭ᠍ᠰᠡᠨ ᠨᠠᠮᠤᠭ ᠤᠨ ᠬᠡᠢ ᠪᠠ ᠡᠷᠦᠬᠡ ᠳᠤ | ᠬᠡᠷᠡᠭᠯᠡᠬᠦ ᠨᠠᠮᠤᠭ ᠤᠨ ᠬᠡᠢ ᠶᠢ ᠭᠦᠭᠵᠢᠭᠦᠯᠦᠨ᠎ᠠ᠃ ᠲᠠᠷᠢᠵᠦ ᠲᠡᠵᠢᠬᠡᠬᠦ ᠲᠤᠮᠤ ᠡᠷᠦᠬᠡ ᠵᠡᠷᠬᠡ ᠰᠢᠨ᠎ᠠ ᠬᠡᠯᠪᠡᠷᠢ ᠪᠦᠭᠦᠢ | ᠲᠠᠷᠢᠶᠠᠯᠠᠩ ᠮᠠᠯ ᠠᠵᠦ ᠠᠬᠤᠢ ᠶᠢᠨ ᠡᠵᠡᠩᠨᠡᠯᠳᠡ ᠶᠢᠨ ᠭᠤᠤᠯ ᠴᠤᠨᠨᠴᠠ ᠶᠢᠨ ᠬᠡᠪᠴᠢᠶᠡᠵᠢᠬᠦᠯᠦᠨ ᠦᠢᠯᠡᠳᠪᠦᠷᠢᠯᠡᠬᠦ | ᠱᠠᠭᠠᠷᠳᠠᠯᠭ᠎ᠠ ᠶᠢ ᠪᠤᠳᠤᠯᠬᠢᠯᠠᠨ᠂ ᠡᠬᠡᠬᠡᠵᠦ ᠬᠠᠳᠠᠭᠠᠬᠤ ᠲᠠᠯᠠᠪᠤᠷ᠂ ᠲᠠᠷᠢᠶᠠᠯᠠᠩ ᠤᠨ ᠮᠠᠰᠢᠨ ᠤ ᠫᠧᠩ ᠰᠠᠷᠠᠪᠴᠢ | ᠵᠡᠷᠬᠡ ᠦᠢᠯᠡᠳᠪᠦᠷᠢᠯᠡᠯ ᠤᠨ ᠴᠢᠨᠠᠷᠳᠠᠢ ᠨᠡᠶᠢᠳᠡ ᠶᠢᠨ ᠬᠡᠷᠡᠭᠯᠡᠬᠡᠨ ᠤ ᠪᠡᠯᠡᠳᠬᠡᠮᠵᠢ ᠶᠢ ᠨᠢᠬᠡᠳᠦᠯᠳᠡᠢ ᠲᠦᠯᠦᠪᠯᠡᠨ | ᠪᠠᠶᠢᠭᠤᠯᠵᠦ᠂ ᠭᠦᠳᠡᠭᠡ ᠲᠤᠰᠬᠤᠨ ᠤ ᠵᠠᠮ ᠳᠤ ᠡᠬᠡᠬᠡᠵᠦ ᠬᠠᠳᠠᠭᠠᠬᠤ᠂ ᠤᠪᠤᠭᠠᠯᠠᠨ ᠲᠠᠯᠪᠢᠬᠤ ᠵᠡᠷᠬᠡ ᠦᠵᠡᠭᠳᠡᠯ ᠢ | ᠴᠡᠭᠴᠡᠯᠡᠨ ᠵᠠᠰᠠᠨ᠎ᠠ᠃ ︵ᠦᠪᠡᠷᠳᠡᠬᠡᠨ ᠵᠠᠰᠠᠬᠤ ᠤᠷᠤᠨ ᠤ ᠲᠠᠷᠢᠶᠠᠯᠠᠩ ᠮᠠᠯ ᠠᠵᠦ ᠠᠬᠤᠢ ᠶᠢᠨ ᠲᠢᠩᠬᠢᠮ᠂ | ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠢᠩᠬᠢᠮ︶ | ︵ᠲᠦᠷᠪᠡ︶ ᠭᠤᠸ᠎ᠠ ᠦᠵᠡᠰᠭᠦᠯᠡᠩᠳᠦ ᠮᠦᠷᠳᠡᠬᠡᠨ ᠠᠮᠢᠳᠤᠷᠠᠬᠤ ᠳᠤ ᠲᠤᠬᠢᠳᠠᠢ ᠭᠦᠳᠡᠭᠡ ᠲᠤᠰᠬᠤᠨ ᠤ | ᠪᠠᠶᠢᠭᠤᠯᠤᠯᠳᠠ ᠶᠢ ᠯᠠᠪᠳᠠᠭᠤᠨ ᠢᠶᠠᠷ ᠠᠬᠢᠭᠤᠯᠤᠨ᠎ᠠ᠃ ᠲᠤᠰᠬᠤᠨ ᠤ ᠬᠡᠪᠴᠢᠶᠡᠨ ᠳᠠᠬᠢ ᠲᠦᠯᠦᠪᠵᠢᠬᠦᠯᠬᠡ | ᠬᠠᠮᠢᠶᠠᠷᠤᠯᠳᠠ ᠶᠢ ᠴᠢᠩᠭᠠᠳᠬᠠᠵᠦ᠂ ᠠᠶᠢᠯ ᠲᠤᠰᠬᠤᠨ ᠤ ᠪᠦᠭᠦ᠋ᠢᠯᠡ ᠦᠩᠬᠡ ᠦᠵᠡᠮᠵᠢ ᠬᠢᠬᠡᠳ ᠪᠠᠶᠢᠭᠠᠯᠢ ᠶᠢᠨ | ᠤᠷᠴᠢᠨ ᠲᠤᠭᠤᠷᠢᠨ ᠤ ᠬᠠᠷᠢᠯᠴᠠᠨ ᠵᠤᠬᠢᠴᠠᠯᠳᠤᠭᠤᠯᠬᠤ ᠶᠢ ᠪᠠᠷᠢᠮᠳᠠᠯᠠᠨ᠎ᠠ᠃ ᠦᠢᠵᠢᠭᠤᠯᠵᠦ ᠨᠤᠭᠤᠭᠠᠷᠠᠭᠤᠯᠬᠤ ᠪᠠ | ᠤᠰᠤ ᠰᠢᠷᠤᠢ ᠶᠢ ᠬᠠᠮᠠᠭᠠᠯᠠᠬᠤ ᠵᠡᠷᠬᠡ ᠢᠨᠵᠧᠨᠧᠷᠢᠩ ᠲᠠᠢ ᠤᠶᠠᠯᠳᠤᠭᠤᠯᠵᠦ᠂ ᠪᠠᠶᠢᠭᠠᠯᠢ ᠶᠢᠨ ᠦᠵᠡᠮᠵᠢ ᠬᠢᠬᠡᠳ | ᠭᠦᠳᠡᠭᠡ ᠨᠤᠳᠤᠭ ᠤᠨ ᠦᠵᠡᠮᠵᠢ ᠶᠢ ᠬᠠᠮᠠᠭᠠᠯᠠᠬᠤ ᠪᠠ ᠰᠡᠷᠭᠦᠬᠡᠨᠠ᠃ ᠲᠠᠷᠢᠶᠠᠴᠢᠨ ᠤ ᠪᠠᠶᠢᠰᠢᠩ ᠵᠢᠴᠢ ᠭᠦᠷᠢᠶ᠎ᠡ | ᠬᠠᠰᠢᠶ᠎ᠠ ᠶᠢᠨ ᠲᠦᠷᠰᠦ ᠲᠦᠯᠦᠪ ᠢ ᠴᠡᠭᠴᠡᠯᠡᠨ ᠵᠠᠰᠠᠬᠤ ᠪᠠ ᠠᠶᠢᠯ ᠲᠤᠰᠬᠤᠨ ᠢ ᠨᠤᠭᠤᠭᠠᠷᠠᠭᠤᠯᠵᠦ | ᠭᠤᠶᠤᠵᠢᠭᠤᠯᠬᠤ ᠶᠢ ᠦᠷᠨᠢᠬᠦᠯᠵᠦ᠂ ᠤᠰᠤᠨ ᠴᠦᠭᠦᠷᠤᠮ᠂ ᠭᠤᠤ ᠰᠤᠪᠠᠭ ᠵᠡᠷᠬᠡ ᠪᠡᠯᠡᠳᠬᠡᠮᠵᠢ ᠶᠢ ᠬᠠᠮᠠᠭᠠᠯᠠᠬᠤ ᠪᠠ | ᠵᠠᠰᠠᠵᠦ ᠰᠡᠷᠭᠦᠬᠡᠨᠠ᠃ ᠰᠡᠯᠡᠭᠦᠴᠡᠯ ᠤᠨ ᠲᠠᠷᠢᠶᠠᠯᠠᠩ ᠮᠠᠯ ᠠᠵᠦ ᠠᠬᠤᠢ᠂ ᠭᠦᠳᠡᠭᠡ ᠨᠤᠳᠤᠭ ᠤᠨ ᠵᠢᠭᠤᠯᠴᠢᠯᠠᠯ᠂ | ᠰᠤᠶᠤᠯ ᠤᠨ ᠡᠭᠦᠳᠦᠯᠳᠡ ᠵᠡᠷᠬᠡ ᠠᠵᠦ ᠦᠢᠯᠡᠰ ᠢ ᠭᠦᠭᠵᠢᠭᠦᠯᠦᠨ᠎ᠠ᠃ ᠤᠯᠠᠮᠵᠢᠯᠠᠯᠳᠤ ᠲᠤᠰᠬᠤᠨ ᠢ ᠬᠠᠮᠠᠭᠠᠯᠠᠵᠦ | ᠭᠦᠭᠵᠢᠬᠦᠯᠬᠦ ᠲᠦᠯᠦᠪᠵᠢᠭᠦᠯᠬᠡ ᠶᠢ ᠲᠤᠨᠨᠳᠠᠭᠠᠵᠦ᠂ ᠲᠡᠤᠬᠡ ᠰᠤᠶᠤᠯ ᠤᠨ ᠨᠡᠷᠡᠳᠦ ᠲᠤᠰᠬᠤᠨ᠂ ᠤᠯᠠᠮᠵᠢᠯᠠᠯᠳᠤ | ᠲᠤᠰᠬᠤᠨ ᠪᠠ ᠰᠠᠭᠤᠭᠠᠯᠢ ᠠᠷᠠᠳ ᠤᠨ ᠨᠡᠷᠡᠶᠢᠳᠦᠯ ᠤᠨ ᠵᠢᠨᠨᠰᠠᠭᠠᠯᠳᠠ ᠶᠢ ᠲᠡᠭᠦᠯᠳᠡᠷᠵᠢᠬᠦᠯᠦᠨ᠂ ᠬᠠᠮᠠᠭᠠᠯᠠᠬᠤ ᠪᠠ | ᠬᠢᠨᠠᠵᠦ ᠬᠠᠮᠢᠶᠠᠷᠬᠤ ᠲᠤᠨᠨᠳᠠᠴᠠ ᠶᠢ ᠪᠠᠶᠢᠭᠤᠯᠤᠨ ᠪᠦᠷᠢᠨᠰᠢᠭᠦᠯᠦᠨ᠎ᠠ᠃ ︽ᠦᠷᠬᠡᠨ ᠪᠦᠰᠡᠳᠦ ᠲᠤᠮᠳᠠᠳᠤ ᠤᠯᠤᠰ︾ | ᠤᠨ ᠪᠠᠶᠢᠯᠳᠤᠬᠤ ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠤᠷᠤᠨ ᠤ ᠢᠨᠲ᠋ᠧᠷ | ᠰᠦᠯᠵᠢᠶ᠎ᠡ ᠶᠢᠨ ᠰᠠᠭᠤᠷᠢ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠳᠠ ᠶᠢ ᠲᠦᠷᠬᠡᠳᠬᠡᠨ᠂ ᠦᠷᠬᠡᠨ ᠪᠦᠰᠡᠳᠦ | ᠰᠦᠯᠵᠢᠶ᠎ᠡ ᠶᠢ ᠪᠦᠭᠦ ᠲᠠᠯ᠎ᠠ ᠪᠠᠷ ᠬᠠᠮᠤᠷᠠᠭᠤᠯᠬᠤ ᠶᠢ ᠠᠬᠢᠭᠤᠯᠤᠨ᠎ᠠ᠃ ᠵᠢᠵᠢᠭ ᠬᠤᠳᠠ ᠪᠠᠯᠭᠠᠰᠤ ᠶᠢᠨ ᠰᠠᠭᠤᠷᠢ | ᠪᠡᠯᠡᠳᠬᠡᠮᠵᠢ ᠵᠢᠴᠢ ᠬᠤᠳᠠᠯᠳᠤᠭᠠᠨ ᠤ ᠦᠢᠯᠡᠴᠢᠯᠡᠭᠡ ᠶᠢᠨ ᠪᠡᠯᠡᠳᠬᠡᠮᠵᠢ ᠶᠢ ᠠᠰᠢᠨᠨᠯᠠᠵᠦ᠂ ᠮᠠᠯᠵᠢᠬᠤ ᠲᠠᠷᠢᠶᠠᠯᠠᠬᠤ | ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠤᠨ ᠶᠠᠰᠤ ᠴᠢᠨᠠᠷ ᠢ ᠪᠦᠭᠦᠯᠢ ᠴᠤᠨᠨᠴᠠ ᠪᠠᠷ ᠲᠠᠶᠢᠴᠢᠯᠠᠨ | ᠲᠡᠬᠡᠭᠰᠢᠯᠡᠭᠦᠯᠦᠨ᠎ᠠ᠃ ︵ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠠᠷᠢᠶᠠᠯᠠᠩ ᠮᠠᠯ ᠠᠵᠦ | ᠠᠬᠤᠢ ᠶᠢᠨ ᠠᠯᠪᠠᠨ ᠬᠡᠷ᠂ ᠤᠷᠤᠨ ᠰᠠᠭᠤᠴᠠ ᠪᠠ ᠬᠤᠳᠠ ᠭᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ ᠲᠢᠩᠬᠢᠮ | ᠂ ᠲᠠᠷᠢᠶᠠᠯᠠᠩ ᠮᠠᠯ ᠠᠵᠦ ᠠᠬᠤᠢ ᠶᠢᠨ ᠲᠢᠩᠬᠢᠮ᠂ ᠤᠰᠤᠨ ᠠᠰᠢᠨᠨᠯᠠᠯᠳᠠ ᠶᠢᠨ ᠲᠢᠩᠬᠢᠮ᠂ ᠤᠢ ᠰᠢᠭᠤᠢ ᠶᠢᠨ | ᠲᠢᠩᠬᠢᠮ᠂ ᠭᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ᠂ ᠵᠢᠭᠤᠯᠴᠢᠯᠠᠯ ᠤᠨ ᠭᠦᠭᠵᠢᠬᠦᠯᠦᠯᠳᠡ ᠶᠢᠨ ᠵᠦᠪᠯᠡᠯ᠂ | ᠠᠵᠦ ᠠᠬᠤᠢ ᠪᠠ ᠮᠡᠳᠡᠭᠡ ᠵᠠᠩᠬᠢᠵᠢᠯᠳᠠ ᠶᠢᠨ ᠵᠦᠪᠯᠡᠯ᠂ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ | ᠵᠠᠰᠠᠭ ᠤᠨ ᠤᠷᠳᠤᠨ᠂ ᠡᠯ᠎ᠡ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ︶ | ᠭᠤᠷᠪᠠ᠂ ᠪᠠᠳᠤᠯᠠᠭ᠎ᠠ ᠶᠢᠨ ᠠᠷᠭ᠎ᠠ ᠬᠡᠮᠵᠢᠶ᠎ᠡ | ︵ᠨᠢᠬᠡ︶ ᠤᠯᠠᠨ ᠡᠰᠢᠵᠢᠭᠰᠡᠨ ᠪᠡᠯᠡ ᠤᠷᠤᠭᠤᠯᠬᠤ ᠲᠤᠨᠨᠳᠠᠴᠠ ᠶᠢ ᠪᠠᠶᠢᠭᠤᠯᠤᠨ ᠪᠦᠷᠢᠨᠰᠢᠬᠦᠯᠦᠨ᠎ᠠ᠃ ᠪᠡᠯᠡ | ᠤᠷᠤᠭᠤᠯᠤᠯᠳᠠ ᠶᠢᠨ ᠠᠷᠭ᠎ᠠ ᠮᠠᠶ᠋ᠢᠭ ᠲᠤ ᠰᠢᠨ᠎ᠠ ᠶᠢ ᠡᠭᠦᠳᠦᠨ᠂ ᠵᠠᠰᠠᠭ ᠤᠨ ᠤᠷᠳᠤᠨ ᠭᠤᠤᠯᠯᠠᠨ ᠤᠳᠤᠷᠢᠳᠬᠤ᠂ | ᠲᠤᠰᠬᠤᠨ ᠤ ᠠᠷᠠᠳ ᠤᠷᠤᠯᠴᠠᠬᠤ᠂ ᠨᠡᠶᠢᠬᠡᠮ ᠨᠡᠶᠢᠳᠡ ᠪᠠᠷ ᠲᠡᠮᠵᠢᠬᠦ ᠤᠯᠠᠨ ᠡᠰᠢᠵᠢᠭᠰᠡᠨ ᠪᠡᠯᠡ ᠤᠷᠤᠭᠤᠯᠬᠤ | ᠲᠤᠨᠨᠳᠠᠴᠠ ᠶᠢ ᠪᠠᠶᠢᠭᠤᠯᠤᠨ᠎ᠠ᠃ ᠡᠯ᠎ᠡ ᠭᠠᠵᠠᠷ ᠤᠷᠤᠨ ᠨᠤᠭᠤᠳ ᠮᠠᠯᠵᠢᠬᠤ ᠲᠠᠷᠢᠶᠠᠯᠠᠬᠤ ᠤᠷᠤᠨ ᠤ ᠤᠷᠤᠰᠢᠨ | ᠠᠮᠢᠳᠤᠷᠠᠬᠤ ᠤᠷᠴᠢᠨ ᠨᠦᠭᠦᠴᠡᠯ ᠢ ᠵᠠᠰᠠᠬᠤ ᠲᠦᠯᠦᠪᠵᠢᠭᠦᠯᠬᠡ᠂ ᠬᠤᠭ ᠨᠤᠪᠰᠢ ᠪᠤᠬᠢᠷ ᠤᠰᠤ ᠶᠢᠨ | ᠰᠶᠢᠳᠪᠦᠷᠢᠯᠡᠯᠳᠡ ᠵᠢᠴᠢ ᠠᠷᠢᠭᠤᠨ ᠴᠡᠪᠡᠷ ᠵᠤᠷᠯᠦᠩ ᠵᠡᠷᠬᠡ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠳᠠ ᠪᠠ | ᠠᠵᠢᠯᠯᠠᠭᠠᠨ ᠤ ᠬᠠᠮᠢᠶᠠᠷᠤᠯᠳᠠ ᠶᠢᠨ ᠲᠠᠯ᠎ᠠ ᠳᠤ ᠡᠳ᠋ ᠤᠨ ᠵᠠᠰᠠᠭ ᠤᠨ ᠪᠡᠯᠡ ᠤᠷᠤᠭᠤᠯᠤᠯᠳᠠ ᠶᠢᠨ ᠲᠤᠨᠨᠳᠠᠪᠤᠷᠢᠳᠠᠢ | ᠲᠤᠨᠨᠳᠠᠴᠠ ᠶᠢ ᠪᠠᠶᠢᠭᠤᠯᠤᠨ᠎ᠠ᠃ ᠮᠠᠯᠴᠢᠨ ᠲᠠᠷᠢᠶᠠᠴᠢᠳ ᠤᠨ ᠡᠵᠡᠨ ᠮᠡᠳᠡᠬᠦ ᠦᠵᠡᠯ ᠤᠬᠠᠮᠰᠠᠷ ᠢ ᠴᠢᠩᠭᠠᠷᠠᠭᠤᠯᠵᠦ᠂ | ᠮᠠᠯᠴᠢᠨ ᠲᠠᠷᠢᠶᠠᠴᠢᠳ ᠤᠨ ᠭᠤᠤᠯ ᠴᠤᠨᠨᠴᠠ ᠶᠢᠨ ᠪᠠᠶᠢᠷᠢ ᠶᠢ ᠭᠦᠨᠳᠦᠳᠬᠡᠨ᠂ ᠭᠠᠴᠠᠭ᠎ᠠ ᠲᠤᠰᠬᠤᠨ ᠤ ᠱᠠᠳᠤᠨ ᠤ | ᠨᠡᠶᠢᠳᠡ ᠶᠢᠨ ᠠᠰᠠᠷᠠᠮᠵᠢ ᠶᠢᠨ ᠠᠵᠢᠯ ᠦᠢᠯᠡᠰ ᠤᠨ ᠪᠠᠶᠢᠭᠤᠯᠤᠯᠳᠠ ᠳᠤ ︽ᠨᠢᠬᠡ ᠨᠢᠬᠡ ᠤᠴᠢᠷ ᠶᠠᠪᠤᠳᠠᠯ ᠢᠶᠠᠷ | ᠵᠦᠪᠯᠡᠵᠦ︾ ᠪᠡᠯᠡ ᠮᠦᠩᠭᠦ ᠭᠦᠳᠡᠯᠮᠦᠷᠢ ᠭᠦᠴᠦᠨ ᠬᠤᠷᠠᠮᠳᠤᠭᠤᠯᠬᠤ ᠲᠦᠷᠦ ᠶᠢᠨ ᠪᠤᠳᠤᠯᠭ᠎ᠠ ᠶᠢ ᠰᠠᠶᠢᠳᠤᠷ | ᠠᠮᠢᠳᠤᠯᠢᠭ ᠢᠶᠠᠷ ᠬᠡᠷᠡᠭᠯᠡᠵᠦ᠂ ᠤᠷᠤᠰᠢᠨ ᠠᠮᠢᠳᠤᠷᠠᠬᠤ ᠤᠷᠴᠢᠨ ᠨᠦᠭᠦᠴᠡᠯ ᠤᠨ ᠵᠠᠰᠠᠯᠳᠠ ᠳᠤ ᠤᠷᠤᠯᠴᠠᠬᠤ ᠮᠠᠯᠴᠢᠨ | ᠲᠠᠷᠢᠶᠠᠴᠢᠳ ᠤᠨ ᠢᠳᠡᠪᠬᠢᠵᠢᠯ ᠢ ᠭᠦᠢᠴᠡᠳ ᠲᠠᠶᠢᠴᠢᠯᠠᠨ᠎ᠠ᠃ ᠭᠦᠳᠦᠯᠦᠨ ᠵᠢᠯᠤᠭᠤᠳᠴᠤ ᠤᠷᠮᠠᠰᠢᠭᠤᠯᠬᠤ | ᠲᠤᠨᠨᠳᠠᠴᠠ ᠶᠢ ᠪᠠᠶᠢᠭᠤᠯᠵᠦ᠂ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠤᠨ | ᠵᠠᠰᠠᠯᠳᠠ ᠳᠤ ᠨᠡᠶᠢᠬᠡᠮ ᠤᠨ ᠭᠦᠷᠦᠩᠬᠡ ᠪᠠ ᠢᠳᠡᠬᠡᠮᠵᠢᠳᠦ ᠵᠢᠬᠡᠯᠡᠯᠬᠡ ᠶᠢᠨ ᠪᠡᠯᠡ ᠮᠦᠩᠭᠦ ᠶᠢᠨ ᠤᠷᠤᠯᠴᠠᠬᠤ ᠶᠢ | ᠵᠤᠷᠢᠨᠨᠵᠢᠭᠤᠯᠵᠦ᠂ ᠮᠠᠯᠵᠢᠬᠤ ᠲᠠᠷᠢᠶᠠᠯᠠᠬᠤ ᠤᠷᠤᠨ ᠤ ᠬᠤᠭ ᠨᠤᠪᠰᠢ ᠪᠤᠬᠢᠷ ᠤᠰᠤ ᠶᠢ ᠵᠠᠰᠠᠬᠤ ᠵᠠᠬ᠎ᠠ ᠲᠡᠯᠬᠡᠭᠦᠷ ᠤᠨ | ᠭᠤᠤᠯ ᠴᠤᠨᠨᠴᠠ ᠶᠢ ᠭᠦᠮᠦᠵᠢᠬᠦᠯᠦᠨ ᠭᠦᠭᠵᠢᠬᠦᠯᠵᠦ᠂ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ | ᠤᠷᠴᠢᠨ ᠨᠦᠭᠦᠴᠡᠯ ᠤᠨ ᠵᠠᠬ᠎ᠠ ᠲᠡᠯᠬᠡᠭᠦᠷᠵᠢᠬᠦ ᠬᠢᠷᠢ ᠬᠡᠮᠵᠢᠶ᠎ᠡ ᠶᠢ ᠦᠨᠡᠨᠬᠦ ᠲᠡᠬᠡᠭᠰᠢᠯᠡᠬᠦᠯᠵᠦ᠂ ᠮᠠᠯᠵᠢᠬᠤ ᠲᠠᠷᠢᠶᠠᠯᠠᠬᠤ | ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠢ ᠵᠠᠰᠠᠬᠤ ᠴᠢᠳᠠᠪᠤᠷᠢ ᠪᠠ ᠦᠷ᠎ᠡ ᠠᠰᠢᠭ ᠢ ᠪᠦᠭᠦ | ᠲᠠᠯ᠎ᠠ ᠪᠠᠷ ᠲᠡᠬᠡᠭᠰᠢᠯᠡᠬᠦᠯᠦᠨ᠎ᠠ᠃ ︵ᠦᠪᠡᠷᠳᠡᠬᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠢᠩᠬᠢᠮ᠂ ᠤᠷᠤᠨ | ᠰᠠᠭᠤᠴᠠ ᠬᠤᠳᠠ ᠭᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ ᠲᠢᠩᠬᠢᠮ᠂ ᠤᠷᠴᠢᠨ ᠲᠤᠭᠤᠷᠢᠨ ᠤ | ᠬᠠᠮᠠᠭᠠᠯᠠᠯᠳᠠ ᠶᠢᠨ ᠲᠢᠩᠬᠢᠮ᠂ ᠭᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ᠂ ᠤᠯᠤᠰ ᠢᠶᠠᠨ ᠬᠠᠶᠢᠷᠠᠯᠠᠬᠤ | ᠡᠷᠡᠭᠦᠯ ᠬᠠᠮᠠᠭᠠᠯᠠᠯ ᠤᠨ ᠭᠦᠳᠡᠯᠬᠡᠬᠡᠨ ᠤ ᠵᠦᠪᠯᠡᠯ᠂ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ | ᠵᠠᠰᠠᠭ ᠤᠨ ᠤᠷᠳᠤᠨ᠂ ᠡᠯ᠎ᠡ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ︶ | ︵ᠬᠤᠶᠠᠷ︶ ᠤᠷᠳᠤ ᠬᠤᠭᠤᠴᠠᠭᠠᠨ ᠤ ᠪᠦᠳᠦᠮᠵᠢᠳᠡᠢ ᠬᠠᠮᠢᠶᠠᠷᠴᠤ ᠬᠠᠮᠠᠭᠠᠯᠠᠬᠤ ᠲᠤᠨᠨᠳᠠᠴᠠ ᠶᠢ ᠪᠠᠶᠢᠭᠤᠯᠵᠦ | ᠪᠦᠷᠢᠨᠰᠢᠬᠦᠯᠦᠨ᠎ᠠ᠃ ᠠᠶᠢᠯ ᠲᠤᠰᠬᠤᠨ ᠤ ᠵᠠᠮ᠂ ᠤᠰᠤᠨ ᠤ ᠬᠠᠩᠭᠠᠯᠭ᠎ᠠ ᠪᠠ ᠲᠠᠳᠠᠷᠠᠭᠤᠯᠳᠠ᠂ ᠬᠤᠭ ᠨᠤᠪᠰᠢ ᠪᠠ | ᠪᠤᠬᠢᠷ ᠤᠰᠤ ᠶᠢᠨ ᠰᠶᠢᠳᠪᠦᠷᠢᠯᠡᠯᠳᠡ᠂ ᠤᠯᠠᠨ ᠨᠡᠶᠢᠳᠡ ᠶᠢᠨ ᠠᠷᠢᠭᠤᠨ ᠴᠡᠪᠡᠷ ᠵᠤᠷᠯᠦᠩ ᠵᠡᠷᠬᠡ ᠨᠡᠶᠢᠳᠡ ᠶᠢᠨ | ᠬᠡᠷᠡᠭᠯᠡᠬᠡᠨ ᠪᠠ ᠠᠶᠢᠯ ᠲᠤᠰᠬᠤᠨ ᠤ ᠨᠤᠭᠤᠭᠠᠷᠠᠭᠤᠯᠤᠯᠳᠠ ᠶᠢᠨ ᠤᠷᠳᠤ ᠬᠤᠭᠤᠴᠠᠭᠠᠨ ᠤ ᠪᠦᠳᠦᠮᠵᠢᠳᠡᠢ ᠬᠠᠮᠢᠶᠠᠷᠴᠤ | ᠬᠠᠮᠠᠭᠠᠯᠠᠬᠤ ᠲᠦᠷᠢᠮ ᠢ ᠪᠠᠶᠢᠭᠤᠯᠵᠦ᠂ ᠬᠤᠳᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠬᠦ ᠶᠢ ᠭᠦᠳᠡᠭᠡ ᠲᠡᠰᠢ | ᠤᠷᠳᠤᠳᠬᠠᠬᠤ ᠶᠢ ᠰᠦᠪᠡᠭᠴᠢᠯᠡᠨ᠂ ᠬᠤᠳᠠ ᠭᠦᠳᠡᠭᠡ ᠶᠢᠨ ᠬᠠᠮᠢᠶᠠᠷᠤᠯᠳᠠ ᠶᠢ ᠨᠢᠬᠡ ᠴᠤᠨᠨᠴᠠᠵᠢᠭᠤᠯᠬᠤ ᠶᠢ ᠠᠯᠬᠤᠮ | ᠠᠯᠬᠤᠮ ᠢᠶᠠᠷ ᠪᠡᠶᠡᠯᠡᠬᠦᠯᠦᠨ᠎ᠠ᠃ ᠭᠠᠴᠠᠭ᠎ᠠ ᠲᠤᠰᠬᠤᠨ ᠤ ᠱᠠᠳᠤᠨ ᠤ ᠴᠡᠪᠡᠷᠯᠡᠭᠡ ᠬᠢᠬᠦ ᠡᠩᠨᠡᠭᠡ ᠶᠢ ᠪᠠᠶᠢᠭᠤᠯᠤᠨ᠂ | ᠭᠤᠷᠪᠠᠳᠠᠬᠢ ᠡᠳᠡᠬᠡᠳ ᠠᠴᠠ ᠵᠠᠰᠠᠬᠤ ᠲᠤᠨᠨᠳᠠᠴᠠ ᠶᠢ ᠰᠦᠪᠡᠭᠴᠢᠯᠡᠨ ᠤᠷᠤᠭᠤᠯᠵᠦ᠂ ᠵᠠᠬ᠎ᠠ ᠲᠡᠯᠬᠡᠭᠦᠷᠴᠢᠯᠡᠭᠰᠡᠨ | ᠲᠤᠰᠬᠠᠢ ᠮᠡᠷᠬᠡᠵᠢᠯ ᠤᠨ ᠬᠠᠮᠢᠶᠠᠷᠴᠤ ᠬᠠᠮᠠᠭᠠᠯᠠᠬᠤ ᠡᠩᠨᠡᠭᠡ ᠶᠢ ᠪᠤᠢ ᠪᠤᠯᠭᠠᠨ᠂ ᠬᠠᠮᠢᠶᠠᠷᠴᠤ ᠬᠠᠮᠠᠭᠠᠯᠠᠬᠤ ᠴᠢᠳᠠᠪᠤᠷᠢ | ᠪᠠ ᠬᠢᠷᠢ ᠬᠡᠮᠵᠢᠶ᠎ᠡ ᠶᠢ ᠲᠡᠬᠡᠭᠰᠢᠯᠡᠬᠦᠯᠦᠨ᠎ᠠ᠃ ᠦᠨᠳᠦᠰᠦᠨ ᠱᠠᠳᠤᠨ ᠤ ᠬᠠᠮᠢᠶᠠᠷᠤᠯᠳᠠ ᠶᠢᠨ ᠴᠢᠳᠠᠪᠤᠷᠢ ᠶᠢᠨ | ᠪᠠᠶᠢᠭᠤᠯᠤᠯᠳᠠ ᠶᠢ ᠴᠢᠩᠭᠠᠳᠬᠠᠵᠦ᠂ ᠲᠤᠰᠬᠤᠨ ᠪᠠᠯᠭᠠᠰᠤᠨ ᠤ ᠲᠦᠯᠦᠪᠵᠢᠬᠦᠯᠬᠡ ᠶᠢᠨ ᠪᠠᠶᠢᠭᠤᠯᠤᠯᠳᠠ ᠪᠠ ᠤᠷᠴᠢᠨ | ᠲᠤᠭᠤᠷᠢᠨ ᠤ ᠬᠠᠮᠠᠭᠠᠯᠠᠯᠳᠠ ᠶᠢᠨ ᠵᠤᠬᠢᠴᠠᠭᠤᠯᠵᠦ ᠠᠬᠢᠭᠤᠯᠬᠤ ᠲᠦᠷᠢᠮ ᠢ ᠠᠯᠬᠤᠮ ᠠᠯᠬᠤᠮ ᠢᠶᠠᠷ ᠪᠠᠶᠢᠭᠤᠯᠤᠨ᠎ᠠ᠃ | ︵ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠡᠯ᠎ᠡ ᠬᠤᠰᠢᠭᠤ ᠰᠢᠶᠠᠨ ᠤ | ᠱᠠᠳᠤᠨ ᠤ ᠠᠷᠠᠳ ᠤᠨ ᠵᠠᠰᠠᠭ ᠤᠨ ᠤᠷᠳᠤᠨ︶ | ︵ᠭᠤᠷᠪᠠ︶ ᠮᠠᠯᠴᠢᠨ ᠲᠠᠷᠢᠶᠠᠴᠢᠳ ᠤᠨ ᠭᠤᠤᠯ ᠴᠤᠨᠨᠴᠠ ᠶᠢᠨ ᠲᠤᠨᠨᠳᠠᠴᠠ ᠶᠢ ᠪᠠᠶᠢᠭᠤᠯᠵᠦ | ᠪᠦᠷᠢᠨᠰᠢᠬᠦᠯᠦᠨ᠎ᠠ᠃ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠤᠨ | ᠵᠠᠰᠠᠯᠳᠠ ᠶᠢᠨ ᠲᠤᠤᠷᠠᠳᠤ ᠱᠠᠳᠤᠨ ᠠᠴᠠ ᠲᠡᠬᠡᠳᠦ ᠱᠠᠳᠤᠨ ᠲᠡᠰᠢ ᠠᠷᠠᠳᠴᠢᠯᠠᠯ ᠢᠶᠠᠷ ᠰᠶᠢᠳᠪᠦᠷᠢᠳᠦ ᠪᠤᠳᠤᠯᠭ᠎ᠠ | ᠲᠤᠨᠨᠳᠠᠭᠠᠬᠤ ᠲᠤᠨᠨᠳᠠᠴᠠ ᠶᠢ ᠪᠠᠶᠢᠭᠤᠯᠵᠦ᠂ ᠤᠯᠠᠩᠬᠢ ᠤᠯᠠᠨ ᠲᠦᠮᠡᠨ ᠤ ᠬᠠᠮᠳᠤ ᠶᠢᠨ ᠬᠡᠷᠡᠭᠴᠡᠭᠡ | ᠱᠠᠭᠠᠷᠳᠠᠯᠭ᠎ᠠ ᠪᠠᠷ ᠤᠳᠤᠷᠢᠳᠤᠮᠵᠢ ᠪᠤᠯᠭᠠᠨ᠂ ᠲᠤᠰᠬᠤᠨ ᠤ ᠲᠤᠳᠤᠭᠠᠳᠤᠬᠢ ᠠᠵᠢᠯ ᠬᠡᠷᠡᠭ ᠤᠨ ︽ᠲᠤᠰᠬᠤᠨ ᠤ | ᠠᠷᠠᠳ ᠵᠦᠪᠯᠡᠵᠦ ᠲᠤᠰᠬᠤᠨ ᠤ ᠠᠷᠠᠳ ᠲᠤᠨᠨᠳᠠᠭᠠᠬᠤ᠂ ᠲᠤᠰᠬᠤᠨ ᠤ ᠠᠷᠠᠳ ᠪᠠᠶᠢᠭᠤᠯᠵᠦ ᠲᠤᠰᠬᠤᠨ ᠤ ᠠᠷᠠᠳ | ᠬᠠᠮᠢᠶᠠᠷᠬᠤ︾ ᠬᠡᠷᠡᠭᠵᠢᠬᠦᠯᠦᠯᠳᠡ ᠶᠢᠨ ᠲᠤᠨᠨᠳᠠᠴᠠ ᠶᠢ ᠬᠡᠷᠡᠭᠵᠢᠬᠦᠯᠵᠦ᠂ ᠮᠠᠯᠴᠢᠨ ᠲᠠᠷᠢᠶᠠᠴᠢᠳ ᠢ ᠦᠷᠬᠡᠨ ᠢᠶᠠᠷ | ᠲᠠᠶᠢᠴᠢᠯᠠᠵᠦ ᠪᠠᠶᠢᠭᠠᠳ ᠲᠦᠷᠦᠯ ᠵᠦᠢᠯ ᠤᠨ ᠵᠤᠬᠢᠶᠠᠨ ᠪᠠᠶᠢᠭᠤᠯᠤᠨ ᠬᠡᠷᠡᠭᠵᠢᠬᠦᠯᠬᠦ ᠳᠤ ᠤᠷᠤᠯᠴᠠᠭᠤᠯᠤᠨ᠂ ᠮᠠᠯᠴᠢᠨ | ᠲᠠᠷᠢᠶᠠᠴᠢᠳ ᠤᠨ ᠰᠶᠢᠳᠪᠦᠷᠢᠳᠤ ᠪᠤᠳᠤᠯᠭ᠎ᠠ ᠲᠤᠨᠨᠳᠠᠭᠠᠬᠤ ᠡᠷᠬᠡ᠂ ᠤᠷᠤᠯᠴᠠᠬᠤ ᠡᠷᠬᠡ ᠪᠠ ᠬᠢᠨᠠᠯᠳᠠ ᠲᠠᠯᠪᠢᠬᠤ | ᠡᠷᠬᠡ ᠶᠢ ᠪᠠᠳᠤᠯᠠᠨ᠎ᠠ᠃ ᠲᠤᠰᠬᠤᠨ ᠤ ᠶᠠᠪᠤᠳᠠᠯ ᠤᠨ ᠢᠯᠡ ᠪᠤᠯᠭᠠᠬᠤ ᠲᠦᠷᠢᠮ ᠢ ᠲᠡᠭᠦᠯᠳᠡᠷᠵᠢᠬᠦᠯᠵᠦ᠂ ᠲᠦᠷᠦᠯ | ᠵᠦᠢᠯ ᠢ ᠢᠯᠡ ᠪᠤᠯᠭᠠᠬᠤ᠂ ᠬᠡᠷ᠎ᠡ ᠶᠢ ᠢᠯᠡ ᠪᠤᠯᠭᠠᠬᠤ᠂ ᠪᠡᠯᠡ ᠤᠷᠤᠭᠤᠯᠤᠯᠳᠠ ᠶᠢᠨ ᠲᠤᠭ᠎ᠠ ᠶᠢ ᠢᠯᠡ ᠪᠤᠯᠭᠠᠬᠤ ᠶᠢ | ᠬᠡᠷᠡᠭᠵᠢᠬᠦᠯᠦᠨ᠂ ᠲᠤᠰᠬᠤᠨ ᠤ ᠠᠷᠠᠳ ᠤᠨ ᠬᠢᠨᠠᠯᠳᠠ ᠲᠠᠯᠪᠢᠬᠤ ᠪᠠ ᠵᠦᠪᠯᠡᠨ ᠲᠤᠨᠨᠳᠠᠭᠠᠬᠤ ᠶᠢ ᠭᠦᠯᠢᠶᠡᠨ ᠠᠪᠤᠨ᠎ᠠ᠃ | ᠷᠠᠳᠢᠤ᠋ ᠲᠧᠯᠸᠢᠰ᠂ ᠢᠨᠲ᠋ᠧᠷ ᠰᠦᠯᠵᠢᠶ᠎ᠡ᠂ ᠤᠬᠠᠭᠤᠯᠭ᠎ᠠ ᠶᠢᠨ ᠪᠤᠯᠤᠩ ᠵᠡᠷᠬᠡ ᠠᠴᠢᠶᠠᠯᠠᠪᠤᠷᠢ ᠶᠢ ᠭᠦᠢᠴᠡᠳ | ᠬᠡᠷᠡᠭᠯᠡᠵᠦ᠂ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠢ ᠵᠠᠰᠬᠠᠰᠠᠨ | ᠲᠡᠷᠢᠬᠦᠨ ᠤ ᠨᠡᠶᠢᠳᠡᠯᠢᠭ ᠢ ᠵᠦᠪ ᠲᠠᠯ᠎ᠠ ᠠᠴᠠ ᠨᠢ ᠤᠬᠠᠭᠤᠯᠬᠤ ᠪᠠᠨ ᠴᠢᠩᠭᠠᠳᠬᠠᠨ᠂ ᠮᠠᠯᠴᠢᠨ ᠲᠠᠷᠢᠶᠠᠴᠢᠳ ᠢ | ᠭᠦᠳᠦᠯᠦᠨ ᠤᠳᠤᠷᠢᠳᠴᠤ ᠪᠠᠶᠢᠭᠠᠳ ︽ᠠᠵᠢᠯᠴᠢ ᠭᠦᠳᠡᠯᠮᠦᠷᠢᠴᠢ᠂ ᠰᠢᠷᠭᠠᠭᠤ ᠬᠢᠴᠢᠶᠠᠩᠭᠦᠢ᠂ ᠦᠪᠡᠰᠦᠪᠡᠨ | ᠲᠡᠭᠵᠢᠷᠡᠬᠦ︾ ᠵᠤᠷᠢᠭ ᠰᠠᠨᠠᠭ᠎ᠠ ᠶᠢ ᠤᠬᠠᠭᠤᠯᠤᠨ ᠪᠠᠳᠠᠷᠠᠭᠤᠯᠵᠦ᠂ ᠪᠦᠭᠦ ᠨᠡᠶᠢᠬᠡᠮ ᠢᠶᠠᠷ ᠢᠶᠠᠨ ᠮᠠᠯᠵᠢᠬᠤ ᠲᠠᠷᠢᠶᠠᠯᠠᠬᠤ | ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠢ ᠵᠠᠰᠠᠬᠤ ᠪᠠ ᠤᠷᠳᠤ ᠬᠤᠭᠤᠴᠠᠭᠠᠨ ᠤ ᠪᠦᠳᠦᠮᠵᠢᠳᠡᠢ | ᠬᠠᠮᠢᠶᠠᠷᠴᠤ ᠬᠠᠮᠠᠭᠠᠯᠠᠬᠤ ᠳᠤ ᠤᠷᠤᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠨ᠎ᠠ᠃ ︵ᠡᠯ᠎ᠡ | ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠡᠯ᠎ᠡ ᠬᠤᠰᠢᠭᠤ ᠰᠢᠶᠠᠨ ᠤ ᠱᠠᠳᠤᠨ ᠤ | ᠠᠷᠠᠳ ᠤᠨ ᠵᠠᠰᠠᠭ ᠤᠨ ᠤᠷᠳᠤᠨ︶ | ︵ᠲᠦᠷᠪᠡ︶ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠶᠢᠨ ᠲᠤᠨᠨᠳᠠᠴᠠ ᠶᠢ ᠪᠠᠶᠢᠭᠤᠯᠤᠨ | ᠪᠦᠷᠢᠨᠰᠢᠬᠦᠯᠦᠨ᠎ᠠ᠃ ᠡᠯ᠎ᠡ ᠭᠠᠵᠠᠷ ᠤᠷᠤᠨ᠂ ᠡᠯ᠎ᠡ ᠬᠤᠯᠪᠤᠨᠨᠳᠠᠯ ᠪᠦᠭᠦᠢ ᠰᠠᠯᠠᠭ᠎ᠠ ᠮᠦᠴᠢᠷ ᠤᠳ ᠮᠠᠯᠵᠢᠬᠤ | ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠤᠨ ᠵᠠᠰᠠᠯᠳᠠ ᠶᠢᠨ ᠤᠷᠳᠤ ᠬᠤᠭᠤᠴᠠᠭᠠᠨ ᠤ | ᠪᠦᠳᠦᠮᠵᠢᠳᠡᠢ ᠲᠤᠨᠨᠳᠠᠴᠠ ᠪᠠᠶᠢᠭᠤᠯᠬᠤ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠵᠦ᠂ | ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠬᠤ ᠬᠡᠷᠡᠭᠳᠡᠢ᠃ ᠠᠶᠢᠮᠠᠭ ᠤᠨ ᠵᠠᠬᠢᠷᠭ᠎ᠠ᠂ | ᠬᠤᠳᠠ ᠶᠢᠨ ᠠᠷᠠᠳ ᠤᠨ ᠵᠠᠰᠠᠭ ᠤᠨ ᠤᠷᠳᠤᠨ ᠨᠢ ᠲᠤᠰ ᠭᠠᠵᠠᠷ ᠤᠷᠤᠨ ᠤ ᠪᠠᠨ ᠮᠠᠯᠵᠢᠬᠤ ᠲᠠᠷᠢᠶᠠᠯᠠᠬᠤ ᠤᠷᠤᠨ ᠤ | ᠤᠷᠤᠰᠢᠨ ᠠᠮᠢᠳᠤᠷᠠᠬᠤ ᠤᠷᠴᠢᠨ ᠨᠦᠭᠦᠴᠡᠯ ᠤᠨ ᠵᠠᠰᠠᠯᠳᠠ ᠶᠢᠨ ᠠᠵᠢᠯ ᠳᠤ ᠶᠡᠷᠦᠩᠬᠡᠢ ᠬᠠᠷᠢᠭᠤᠴᠠᠯᠭ᠎ᠠ ᠡᠭᠦᠷᠬᠡᠯᠡᠵᠦ | ᠂ ᠲᠤᠰ ᠭᠠᠵᠠᠷ ᠤᠷᠤᠨ ᠤ ᠪᠠᠨ ᠪᠤᠳᠠᠳᠠᠢ ᠲᠠᠢ ᠤᠶᠠᠯᠳᠤᠭᠤᠯᠤᠨ᠂ ᠪᠤᠳᠠᠳᠠᠢ ᠬᠡᠷᠡᠭᠵᠢᠬᠦᠯᠬᠦ ᠲᠦᠰᠦᠯ ᠰᠤᠳᠤᠯᠤᠨ | ᠲᠤᠨᠨᠳᠠᠭᠠᠬᠤ ᠬᠡᠷᠡᠭᠳᠡᠢ᠃ ᠬᠤᠰᠢᠭᠤ ᠰᠢᠶᠠᠨ ︵ᠬᠤᠳᠠ᠂ ᠲᠤᠭᠤᠷᠢᠭ︶ ᠤ ᠠᠷᠠᠳ ᠤᠨ ᠵᠠᠰᠠᠭ ᠤᠨ ᠤᠷᠳᠤᠨ ᠨᠢ | ᠲᠤᠰ ᠭᠠᠵᠠᠷ ᠤᠷᠤᠨ ᠤ ᠪᠠᠨ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠤᠨ | ᠵᠠᠰᠠᠯᠳᠠ ᠶᠢᠨ ᠠᠵᠢᠯ ᠳᠤ ᠭᠤᠤᠯ ᠴᠤᠨᠨᠴᠠ ᠶᠢᠨ ᠬᠠᠷᠢᠭᠤᠴᠠᠯᠭ᠎ᠠ ᠡᠭᠦᠷᠬᠡᠯᠡᠵᠦ᠂ ᠲᠦᠯᠦᠪᠵᠢᠬᠦᠯᠬᠡ ᠶᠢ | ᠨᠠᠶᠢᠷᠠᠭᠤᠯᠤᠨ ᠵᠤᠬᠢᠶᠠᠬᠤ᠂ ᠪᠡᠯᠡ ᠮᠦᠩᠭᠦ ᠶᠢ ᠬᠤᠷᠠᠮᠳᠤᠭᠤᠯᠤᠨ ᠴᠤᠨᠨᠯᠠᠭᠤᠯᠬᠤ᠂ ᠵᠤᠬᠢᠶᠠᠨ ᠪᠠᠶᠢᠭᠤᠯᠵᠦ | ᠵᠤᠬᠢᠴᠠᠭᠤᠯᠬᠤ ᠪᠠ ᠬᠢᠨᠠᠯᠳᠠ ᠲᠠᠯᠪᠢᠵᠦ ᠪᠠᠶᠢᠴᠠᠭᠠᠬᠤ ᠵᠡᠷᠬᠡ ᠠᠵᠢᠯ ᠢ ᠴᠢᠩᠭᠠᠳᠬᠠᠬᠤ ᠬᠡᠷᠡᠭᠳᠡᠢ᠃ ᠰᠤᠮᠤ ᠰᠢᠶᠠᠩ | ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠪᠠ ᠭᠠᠴᠠᠭ᠎ᠠ ᠲᠤᠰᠬᠤᠨ ᠤ ᠵᠦᠪᠯᠡᠯ ︵ᠰᠠᠭᠤᠭᠠᠯᠢ ᠠᠷᠠᠳ ᠤᠨ | ᠵᠦᠪᠯᠡᠯ︶ ᠪᠤᠯ ᠲᠤᠰ ᠭᠠᠵᠠᠷ ᠤᠷᠤᠨ ᠤ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ | ᠨᠦᠭᠦᠴᠡᠯ ᠤᠨ ᠵᠠᠰᠠᠯᠳᠠ ᠶᠢᠨ ᠠᠵᠢᠯ ᠢ ᠬᠡᠷᠡᠭᠵᠢᠬᠦᠯᠬᠦ ᠭᠤᠤᠯ ᠴᠤᠨᠨᠴᠠ ᠪᠤᠯᠬᠤᠷ ᠠᠵᠢᠯᠳᠠᠨ ᠢ ᠵᠤᠬᠢᠰᠳᠠᠢ ᠪᠠᠷ | ᠲᠤᠬᠢᠷᠠᠭᠤᠯᠵᠦ᠂ ᠲᠦᠷᠢᠮ ᠤᠨ ᠪᠠᠶᠢᠭᠤᠯᠤᠯᠳᠠ ᠶᠢ ᠴᠢᠩᠭᠠᠳᠬᠠᠨ᠂ ᠡᠯ᠎ᠡ ᠵᠦᠢᠯ ᠤᠨ ᠠᠵᠢᠯ ᠢ ᠵᠤᠬᠢᠶᠠᠨ | ᠪᠠᠶᠢᠭᠤᠯᠵᠦ ᠬᠡᠷᠡᠭᠵᠢᠬᠦᠯᠬᠦ ᠶᠢ ᠰᠠᠶᠢᠳᠤᠷ ᠠᠳᠬᠤᠵᠦ᠂ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ | ᠤᠷᠴᠢᠨ ᠨᠦᠭᠦᠴᠡᠯ ᠢ ᠵᠠᠰᠠᠬᠤ ᠪᠠ ᠤᠷᠳᠤ ᠬᠤᠭᠤᠴᠠᠭᠠᠨ ᠤ ᠪᠦᠳᠦᠮᠵᠢᠳᠡᠢ ᠬᠠᠮᠢᠶᠠᠷᠴᠤ ᠬᠠᠮᠠᠭᠠᠯᠠᠬᠤ ᠡᠯ᠎ᠡ | ᠵᠦᠢᠯ ᠤᠨ ᠠᠵᠢᠯ ᠤᠨ ᠪᠤᠳᠠᠳᠠᠶᠢᠵᠢᠬᠤ ᠪᠠ ᠪᠤᠳᠠᠳᠤ ᠦᠷ᠎ᠡ ᠪᠦᠳᠦᠮᠵᠢ ᠤᠯᠬᠤ ᠶᠢ ᠪᠠᠳᠤᠯᠠᠬᠤ ᠬᠡᠷᠡᠭᠳᠡᠢ᠃ ︵ᠡᠯ᠎ᠡ | ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠡᠯ᠎ᠡ ᠬᠤᠰᠢᠭᠤ ᠰᠢᠶᠠᠨ ᠤ ᠱᠠᠳᠤᠨ ᠤ | ᠠᠷᠠᠳ ᠤᠨ ᠵᠠᠰᠠᠭ ᠤᠨ ᠤᠷᠳᠤᠨ︶ | ︵ᠲᠠᠪᠤ︶ ᠵᠤᠬᠢᠴᠠᠭᠤᠯᠵᠦ ᠬᠤᠷᠰᠢᠯᠴᠠᠬᠤ ᠲᠤᠨᠨᠳᠠᠴᠠ ᠶᠢ ᠪᠠᠶᠢᠭᠤᠯᠤᠨ ᠪᠦᠷᠢᠨᠰᠢᠬᠦᠯᠦᠨ᠎ᠠ᠃ ᠦᠪᠡᠷᠳᠡᠬᠡᠨ | ᠵᠠᠰᠠᠬᠤ ᠤᠷᠤᠨ ᠤ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠢ ᠵᠠᠰᠠᠬᠤ | ᠲᠢᠩᠬᠢᠮ ᠤᠨ ᠬᠤᠭᠤᠷᠤᠨᠳᠤ ᠬᠠᠮᠲᠤᠷᠠᠬᠰᠠᠨ ᠬᠤᠷᠠᠯᠳᠤᠭᠠᠨ ᠤ ᠲᠦᠷᠢᠮ ᠢ ᠪᠠᠶᠢᠭᠤᠯᠵᠦ᠂ ᠬᠠᠮᠢᠶ᠎ᠠ ᠪᠦᠭᠦᠢ ᠰᠠᠯᠠᠭ᠎ᠠ | ᠮᠦᠴᠢᠷ ᠤᠨ ᠡᠭᠦᠷᠬᠡ ᠬᠠᠷᠢᠭᠤᠴᠠᠯᠭ᠎ᠠ ᠪᠠᠨ ᠵᠤᠯᠭᠠᠯᠳᠤᠭᠤᠯᠬᠤ ᠠᠵᠢᠯ ᠤᠨ ᠠᠰᠠᠭᠤᠳᠠᠯ ᠢ ᠨᠢᠬᠡᠳᠦᠯᠳᠡᠢ ᠲᠦᠯᠦᠪᠯᠡᠵᠦ | ᠵᠤᠬᠢᠴᠠᠭᠤᠯᠤᠨ ᠰᠶᠢᠳᠪᠦᠷᠢᠯᠡᠵᠦ᠂ ᠲᠤᠰ ᠲᠤᠰ ᠤᠨ ᠡᠭᠦᠷᠬᠡ ᠲᠤᠰᠢᠶᠠᠯ ᠢᠶᠠᠨ ᠭᠦᠢᠴᠡᠳᠬᠡᠬᠦ᠂ ᠨᠢᠨᠨᠳᠠ | ᠬᠠᠮᠵᠢᠯᠴᠠᠬᠤ᠂ ᠮᠡᠳᠡᠭᠡ ᠵᠠᠩᠬᠢ ᠪᠠᠨ ᠬᠠᠷᠢᠯᠴᠠᠨ ᠨᠡᠪᠳᠡᠷᠡᠯᠴᠡᠬᠦ᠂ ᠡᠬᠢ ᠪᠠᠶᠠᠯᠢᠭ ᠢᠶᠠᠨ ᠬᠠᠮᠳᠤᠪᠡᠷ ᠭᠦᠷᠳᠡᠬᠦ᠂ | ᠠᠵᠢᠯ ᠤᠨ ᠲᠠᠯ᠎ᠠ ᠪᠠᠷ ᠬᠠᠮᠲᠤᠷᠠᠨ ᠭᠦᠳᠡᠯᠦᠯᠴᠡᠬᠦ ᠶᠢᠨ ᠤᠷᠳᠤ ᠬᠤᠭᠤᠴᠠᠭᠠᠨ ᠤ ᠪᠦᠳᠦᠮᠵᠢᠳᠡᠢ ᠲᠤᠨᠨᠳᠠᠴᠠ ᠶᠢ | ᠪᠠᠶᠢᠭᠤᠯᠤᠨ᠂ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠤᠨ ᠵᠠᠰᠠᠯᠳᠠ ᠶᠢ | ᠠᠬᠢᠭᠤᠯᠬᠤ ᠠᠵᠢᠯ ᠤᠨ ᠨᠡᠶᠢᠯᠡᠮᠠᠯ ᠭᠦᠴᠦᠨ ᠢ ᠪᠦᠷᠢᠯᠳᠦᠬᠦᠯᠦᠨ᠎ᠠ᠃ ᠦᠪᠡᠷᠳᠡᠬᠡᠨ ᠵᠠᠰᠠᠬᠤ ᠤᠷᠤᠨ ᠤ ᠰᠠᠯᠠᠭ᠎ᠠ | ᠮᠦᠴᠢᠷ ᠪᠠ ᠤᠷᠤᠨ ᠨᠤᠳᠤᠭ ᠤᠨ ᠵᠠᠰᠠᠭ ᠤᠨ ᠤᠷᠳᠤᠨ ᠤ ᠵᠤᠬᠢᠴᠠᠭᠤᠯᠵᠦ ᠬᠠᠮᠲᠤᠷᠠᠨ ᠭᠦᠳᠡᠯᠦᠯᠴᠡᠬᠦ | ᠲᠤᠨᠨᠳᠠᠴᠠ ᠶᠢ ᠪᠠᠶᠢᠭᠤᠯᠵᠦ᠂ ᠡᠭᠦᠷᠬᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠦᠨᠳᠦᠰᠦᠯᠡᠨ᠂ ᠪᠦᠭᠦ | ᠤᠷᠤᠨ ᠤ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠢ ᠵᠠᠰᠠᠬᠤ ᠴᠢᠬᠤᠯᠠ | ᠠᠰᠠᠭᠤᠳᠠᠯ ᠢ ᠨᠢᠬᠡᠳᠦᠯᠳᠡᠢ ᠲᠦᠯᠦᠪᠯᠡᠨ ᠰᠶᠢᠳᠪᠦᠷᠢᠯᠡᠵᠦ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢᠨ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠡᠯ᠎ᠡ ᠵᠦᠢᠯ ᠤᠨ ᠠᠵᠢᠯ ᠢ ᠵᠤᠬᠢᠴᠠᠭᠤᠯᠤᠨ ᠵᠡᠷᠬᠡ ᠳᠤᠨᠢ ᠠᠬᠢᠭᠤᠯᠤᠨ᠎ᠠ᠃ ︵ | ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠠᠷᠢᠶᠠᠯᠠᠩ ᠮᠠᠯ ᠠᠵᠦ ᠠᠬᠤᠢ ᠶᠢᠨ ᠠᠯᠪᠠᠨ ᠬᠡᠷ᠂ | ᠤᠷᠤᠨ ᠰᠠᠭᠤᠴᠠ ᠬᠤᠳᠠ ᠭᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ ᠲᠢᠩᠬᠢᠮ᠂ ᠤᠷᠴᠢᠨ ᠲᠤᠭᠤᠷᠢᠨ ᠤ | ᠬᠠᠮᠠᠭᠠᠯᠠᠯᠳᠠ ᠶᠢᠨ ᠲᠢᠩᠬᠢᠮ᠂ ᠲᠠᠷᠢᠶᠠᠯᠠᠩ ᠮᠠᠯ ᠠᠵᠦ ᠠᠬᠤᠢ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ | ᠭᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠭᠦᠳᠡᠯᠬᠡᠬᠡᠨ ᠤ ᠵᠦᠪᠯᠡᠯ᠂ ᠤᠰᠤᠨ ᠠᠰᠢᠨᠨᠯᠠᠯᠳᠠ ᠶᠢᠨ ᠲᠢᠩᠬᠢᠮ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ | ᠲᠢᠩᠬᠢᠮ᠂ ᠵᠢᠭᠤᠯᠴᠢᠯᠠᠯ ᠤᠨ ᠭᠦᠭᠵᠢᠭᠦᠯᠦᠯᠳᠡ ᠶᠢᠨ ᠵᠦᠪᠯᠡᠯ᠂ ᠤᠢ ᠰᠢᠭᠤᠢ ᠶᠢᠨ ᠲᠢᠩᠬᠢᠮ᠂ ᠡᠯ᠎ᠡ ᠠᠶᠢᠮᠠᠭ ᠤᠨ | ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ︶ | ︵ᠵᠢᠷᠭᠤᠭ᠎ᠠ︶ ᠰᠢᠮᠳᠠᠭᠤᠯᠤᠨ ᠪᠠᠶᠢᠴᠠᠭᠠᠵᠦ ᠰᠢᠯᠭᠠᠨ ᠬᠢᠨᠠᠵᠦ ᠱᠠᠩᠨᠠᠨ ᠵᠠᠯᠬᠠᠭᠠᠬᠤ ᠲᠤᠨᠨᠳᠠᠴᠠ ᠶᠢ | ᠪᠠᠶᠢᠭᠤᠯᠵᠦ ᠪᠦᠷᠢᠨᠰᠢᠭᠦᠯᠦᠨ᠎ᠠ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠠᠷᠢᠶᠠᠯᠠᠩ ᠮᠠᠯ ᠠᠵᠦ | ᠠᠬᠤᠢ ᠶᠢᠨ ᠠᠯᠪᠠᠨ ᠬᠡᠷ᠂ ᠤᠷᠤᠨ ᠰᠠᠭᠤᠴᠠ ᠬᠤᠳᠠ ᠭᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ | ᠲᠢᠩᠬᠢᠮ ᠤᠳ ᠬᠤᠯᠪᠤᠨᠨᠳᠠᠯ ᠪᠦᠭᠦᠢ ᠰᠠᠯᠠᠭ᠎ᠠ ᠮᠦᠴᠢᠷ ᠲᠠᠢ ᠬᠠᠮᠳᠤᠷᠠᠨ ᠮᠠᠯᠵᠢᠬᠤ ᠲᠠᠷᠢᠶᠠᠯᠠᠬᠤ ᠤᠷᠤᠨ ᠤ | ᠤᠷᠤᠰᠢᠨ ᠠᠮᠢᠳᠤᠷᠠᠬᠤ ᠤᠷᠴᠢᠨ ᠨᠦᠭᠦᠴᠡᠯ ᠤᠨ ᠵᠠᠰᠠᠯᠳᠠ ᠶᠢᠨ ᠠᠵᠢᠯ ᠢ ᠰᠢᠮᠳᠡᠭᠤᠯᠤᠨ ᠪᠠᠶᠢᠴᠠᠭᠠᠬᠤ ᠪᠠᠨ | ᠴᠢᠩᠭᠠᠳᠬᠠᠵᠦ᠂ ᠰᠢᠮᠳᠠᠭᠤᠯᠤᠨ ᠪᠠᠶᠢᠴᠠᠭᠠᠬᠤ ᠲᠤᠨᠨᠳᠠᠴᠠ ᠶᠢ ᠤᠯᠠᠮ ᠨᠢᠬᠡ ᠠᠯᠬᠤᠮ ᠲᠡᠭᠦᠯᠳᠡᠷᠵᠢᠬᠦᠯᠦᠨ᠂ ᠡᠯ᠎ᠡ | ᠠᠶᠢᠮᠠᠭ ᠬᠤᠳᠠ ᠶᠢᠨ ᠤᠨ ᠤ ᠠᠵᠢᠯ ᠤᠨ ᠪᠠᠶᠢᠳᠠᠯ᠂ ᠪᠦᠭᠦ ᠤᠷᠤᠨ ᠤ ᠮᠠᠯᠵᠢᠬᠤ ᠲᠠᠷᠢᠶᠠᠯᠠᠬᠤ ᠤᠷᠤᠨ ᠤ ᠤᠷᠤᠰᠢᠨ | ᠠᠮᠢᠳᠤᠷᠠᠬᠤ ᠤᠷᠴᠢᠨ ᠨᠦᠭᠦᠴᠡᠯ ᠤᠨ ᠮᠡᠳᠡᠭᠡ ᠵᠠᠩᠬᠢ ᠶᠢᠨ ᠰᠢᠰᠲ᠋ᠧᠮ ᠤᠨ ᠳ᠋ᠠᠶᠢᠲ᠋ᠠ ᠵᠡᠷᠬᠡ ᠶᠢ ᠦᠨᠳᠦᠰᠦᠯᠡᠵᠦ᠂ | ᠡᠯ᠎ᠡ ᠠᠶᠢᠮᠠᠭ ᠬᠤᠳᠠ ᠶᠢᠨ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠤᠨ | ᠵᠠᠰᠠᠯᠳᠠ ᠶᠢᠨ ᠪᠠᠶᠢᠳᠠᠯ ᠢ ᠴᠠᠭ ᠲᠤᠨᠢ ᠲᠤᠬᠢᠷᠠᠭᠤᠯᠵᠦ ᠰᠢᠮᠳᠠᠭᠤᠯᠤᠨ ᠪᠠᠶᠢᠴᠠᠭᠠᠬᠤ ᠶᠢᠨ ᠬᠠᠮᠳᠤ ᠰᠢᠮᠳᠠᠭᠤᠯᠤᠨ | ᠪᠠᠶᠢᠴᠠᠭᠠᠨᠨᠰᠠᠨ ᠦᠷ᠎ᠡ ᠳ᠋ᠦᠩ ᠢ ᠮᠡᠳᠡᠬᠡᠯᠡᠨ ᠨᠡᠶᠢᠳᠡᠯᠡᠬᠦ ᠬᠡᠷᠡᠭᠳᠡᠢ᠃ ᠡᠯ᠎ᠡ ᠭᠠᠵᠠᠷ ᠤᠷᠤᠨ᠂ ᠡᠯ᠎ᠡ ᠬᠤᠯᠪᠤᠨᠨᠳᠠᠯ | ᠪᠦᠭᠦᠢ ᠰᠠᠯᠠᠭ᠎ᠠ ᠮᠦᠴᠢᠷ ᠨᠢ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠤᠨ | ᠵᠠᠰᠠᠯᠳᠠ ᠶᠢᠨ ᠠᠵᠢᠯ ᠢ ᠲᠤᠤᠷ᠎ᠠ ᠨᠢᠬᠡ ᠱᠠᠳᠤᠨ ᠤ ᠵᠠᠰᠠᠭ ᠤᠨ ᠤᠷᠳᠤᠨ ᠵᠢᠴᠢ ᠬᠤᠯᠪᠤᠨᠨᠳᠠᠯ ᠪᠦᠭᠦᠢ ᠰᠠᠯᠠᠭ᠎ᠠ | ᠮᠦᠴᠢᠷ ᠤᠨ ᠤᠨ ᠤ ᠠᠵᠢᠯ ᠤᠨ ᠪᠤᠳᠠᠳᠠᠢ ᠠᠮᠵᠢᠯᠳᠠ ᠪᠦᠳᠦᠮᠵᠢ ᠶᠢ ᠰᠢᠯᠭᠠᠨ ᠬᠢᠨᠠᠬᠤ ᠬᠡᠪᠴᠢᠶᠡᠨ ᠳᠤ | ᠤᠷᠤᠭᠤᠯᠵᠦ᠂ ᠵᠠᠰᠠᠭ ᠵᠠᠬᠢᠷᠭᠠᠨ ᠤ ᠲᠤᠰᠬᠤᠨ ᠢᠶᠠᠷ ᠰᠢᠯᠭᠠᠨ ᠬᠢᠨᠠᠬᠤ ᠡᠳᠡᠬᠡᠳ ᠪᠤᠯᠭᠠᠨ᠂ ᠱᠠᠳᠤ ᠬᠤᠪᠢᠶᠠᠵᠦ | ᠵᠤᠬᠢᠶᠠᠨ ᠪᠠᠶᠢᠭᠤᠯᠬᠤ᠂ ᠱᠠᠳᠤ ᠬᠤᠪᠢᠶᠠᠵᠦ ᠰᠢᠯᠭᠠᠨ ᠬᠢᠨᠠᠬᠤ ᠠᠷᠭ᠎ᠠ ᠬᠡᠯᠪᠡᠷᠢ ᠶᠢ ᠬᠡᠷᠡᠭᠯᠡᠵᠦ᠂ ᠱᠠᠳᠤ ᠬᠤᠪᠢᠶᠠᠵᠦ | ᠰᠢᠯᠭᠠᠨ ᠬᠢᠨᠠᠬᠤ ᠲᠦᠷᠢᠮ ᠢ ᠪᠠᠶᠢᠭᠤᠯᠤᠨ᠂ ᠪᠠᠶᠢᠷᠢᠯᠠᠭᠤᠯᠤᠯᠳᠠ ᠬᠢᠭᠰᠡᠨ ᠨᠢ ᠪᠤᠳᠠᠳᠠᠶᠢᠵᠢᠨᠨᠰᠠᠨ ᠦᠬᠡᠢ᠂ ᠠᠷᠭ᠎ᠠ | ᠬᠡᠮᠵᠢᠶ᠎ᠡ ᠠᠪᠤᠨᠨᠰᠠᠨ ᠨᠢ ᠪᠠᠷᠤᠨᠨᠳᠠᠢ᠂ ᠠᠵᠢᠯ ᠢᠶᠠᠨ ᠨᠠᠶᠢᠳᠠᠪᠤᠷᠢᠵᠢᠭᠤᠯᠤᠨᠨᠰᠠᠨ ᠦᠬᠡᠢ ᠪᠠᠶᠢᠪᠠᠯ ᠴᠢᠩᠭ᠎ᠠ | ᠬᠠᠷᠢᠭᠤᠴᠠᠯᠭ᠎ᠠ ᠬᠡᠯᠡᠯᠴᠡᠵᠦ᠂ ᠡᠷᠬᠡ ᠪᠠ ᠬᠠᠷᠢᠭᠤᠴᠠᠯᠭ᠎ᠠ ᠨᠢ ᠲᠤᠳᠤᠷᠬᠠᠢ᠂ ᠱᠠᠩᠨᠠᠵᠦ ᠵᠠᠯᠬᠠᠭᠠᠬᠤ ᠨᠢ ᠢᠯᠡ ᠲᠤᠳᠤ | ᠪᠠᠶᠢᠬᠤ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠤᠨ ᠵᠠᠰᠠᠯᠳᠠ ᠶᠢᠨ ᠰᠢᠯᠭᠠᠨ | ᠬᠢᠨᠠᠬᠤ ᠰᠢᠰᠲ᠋ᠧᠮᠵᠢ ᠶᠢ ᠴᠢᠷᠮᠠᠶᠢᠨ ᠪᠤᠢ ᠪᠤᠯᠭᠠᠬᠤ ᠬᠡᠷᠡᠭᠳᠡᠢ᠃ ︵ᠦᠪᠡᠷᠳᠡᠬᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠲᠠᠷᠢᠶᠠᠯᠠᠩ ᠮᠠᠯ ᠠᠵᠦ ᠠᠬᠤᠢ ᠶᠢᠨ ᠠᠯᠪᠠᠨ ᠬᠡᠷ᠂ ᠤᠷᠤᠨ ᠰᠠᠭᠤᠴᠠ ᠪᠠ ᠬᠤᠳᠠ ᠭᠦᠳᠡᠭᠡ ᠶᠢᠨ | ᠪᠦᠳᠦᠬᠡᠨ ᠪᠠᠶᠢᠭᠤᠯᠤᠯᠳᠠ ᠶᠢᠨ ᠲᠢᠩᠬᠢᠮ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠢᠩᠬᠢᠮ᠂ ᠲᠠᠷᠢᠶᠠᠯᠠᠩ ᠮᠠᠯ | ᠠᠵᠦ ᠠᠬᠤᠢ ᠶᠢᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ᠂ | ᠡᠯ᠎ᠡ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ︶ | | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠳᠡᠯᠡᠨ᠎ᠡ︶ | |