ᠥᠪᠥᠷ ᠮᠣᠩᠭᠤᠯ᠄ ᠵᠢᠯ ᠤᠨ ᠡᠴᠦᠰ ᠠᠴᠠ ᠡᠮᠦᠨ᠎ᠡ 100᠎ ᠠᠴᠠ ᠳᠡᠭᠡᠭᠰᠢᠬᠢ ᠡᠪᠡᠳᠴᠢᠨ ᠤ ᠲᠥᠷᠥᠯ ᠢ ᠡᠪᠡᠳᠴᠢᠨ ᠤ ᠲᠥᠷᠥᠯ ᠢᠶᠠᠷ ᠵᠠᠷᠤᠳᠠᠯ ᠲᠤᠰᠢᠶᠠᠬᠤ ᠶᠢ ᠦᠨᠡᠨ ᠬᠦ ᠪᠠᠲᠤᠯᠠᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2017/12/6
      ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠲᠣᠭᠲᠠᠭᠠᠬᠤ ᠠᠷᠭ᠎ᠠ ᠬᠡᠯᠪᠡᠷᠢ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠶᠢᠨ ᠲᠤᠯᠠᠳᠠ᠂ ᠥᠪᠥᠷ ᠮᠣᠩᠭᠤᠯ ᠡᠪᠡᠳᠴᠢᠨ ᠤ ᠲᠥᠷᠥᠯ ᠵᠦᠢᠯ ᠢᠶᠠᠷ ᠵᠠᠷᠤᠳᠠᠯ ᠬᠤᠷᠢᠶᠠᠬᠤ ᠡᠪᠡᠳᠴᠢᠨ ᠤ ᠲᠦᠷᠦᠯ ᠤᠨ ᠲᠤᠭ᠎ᠠ ᠶᠢ ᠠᠯᠬᠤᠮ ᠠᠯᠬᠤᠮ ᠢᠶᠠᠷ ᠥᠷᠭᠡᠳᠬᠡᠵᠦ᠂ ᠡᠨᠡ ᠵᠢᠯ ᠤᠨ ᠡᠴᠦᠰ ᠠᠴᠠ ᠡᠮᠦᠨ᠎ᠡ ᠡᠯ᠎ᠡ ᠭᠠᠵᠠᠷ ᠤᠨ ᠡᠪᠡᠳᠴᠢᠨ ᠤ ᠲᠥᠷᠥᠯ ᠢᠶᠠᠷ ᠵᠠᠷᠤᠳᠠᠯ ᠲᠤᠰᠢᠶᠠᠬᠤ ᠡᠪᠡᠳᠴᠢᠨ ᠤ ᠲᠦᠷᠦᠯ ᠢ 100᠎ ᠠᠴᠠ ᠳᠡᠭᠡᠭᠰᠢ ᠪᠠᠶᠢᠯᠭᠠᠬᠤ ᠶᠢ ᠦᠨᠡᠨ ᠬᠦ ᠪᠠᠲᠤᠯᠠᠵᠤ᠂ ᠡᠭᠦᠨ ᠢᠶᠠᠷ ᠳᠠᠮᠵᠢᠭᠤᠯᠤᠨ ᠡᠮ ᠡᠮᠨᠡᠯᠭᠡ ᠶᠢᠨ ᠵᠠᠷᠤᠳᠠᠯ ᠤᠨ ᠵᠦᠶ ᠵᠣᠬᠢᠰ ᠥᠬᠡᠶ ᠥᠰᠬᠦ ᠶᠢ ᠬᠢᠵᠠᠭᠠᠷᠯᠠᠨ᠂ ᠤᠯᠠᠨ ᠲᠦᠮᠡᠨ ᠤ ᠳᠠᠷᠤᠭᠠᠰᠤ ᠶᠢ ᠬᠦᠡᠭᠭᠡᠷᠡᠬᠦᠯᠬᠦ ᠪᠠᠷ ᠪᠠᠶᠢᠨ᠎ᠠ᠃      ᠡᠪᠡᠳᠴᠢᠨ ᠤ ᠲᠦᠷᠦᠯ ᠢᠶᠠᠷ ᠵᠠᠷᠤᠳᠠᠯ ᠬᠤᠷᠢᠶᠠᠬᠤ ᠭᠡᠳᠡᠭ ᠨᠢ ᠡᠮ ᠡᠮᠨᠡᠯᠭᠡ ᠶᠢᠨ ᠪᠠᠶᠢᠭᠤᠯᠤᠮᠵᠢ ᠨᠢ ᠡᠮ ᠡᠮᠨᠡᠯᠭᠡ ᠶᠢᠨ ᠦᠢᠯᠡᠴᠢᠯᠡᠭᠡ ᠬᠠᠩᠭᠠᠬᠤ ᠶᠠᠪᠤᠴᠠ ᠳᠤ᠂ ᠡᠪᠡᠳᠴᠢᠨ ᠤ ᠲᠦᠷᠦᠯ ᠢᠶᠠᠷ ᠦᠨ᠎ᠡ ᠬᠠᠨᠭ᠍ᠰᠢ ᠲᠣᠭᠠᠴᠠᠬᠤ ᠨᠢᠭᠡᠴᠢ ᠪᠤᠯᠭᠠᠨ ᠡᠪᠡᠳᠴᠢᠲᠡᠨ ᠠᠴᠠ ᠵᠠᠷᠤᠳᠠᠯ ᠬᠤᠷᠢᠶᠠᠬᠤ ᠶᠢ ᠵᠢᠭᠠᠵᠤ ᠪᠤᠢ᠃ ᠡᠪᠡᠳᠴᠢᠨ ᠤ ᠲᠦᠷᠦᠯ ᠢᠶᠠᠷ ᠵᠠᠷᠤᠳᠠᠯ ᠬᠤᠷᠢᠶᠠᠬᠤ ᠪᠠᠷᠢᠮᠵᠢᠶ᠎ᠠ ᠳᠤ ᠡᠪᠡᠳᠴᠢᠲᠡᠨ ᠤ ᠡᠮᠨᠡᠯᠭᠡ ᠳᠤ ᠰᠠᠭᠤᠭᠰᠠᠨ ᠬᠤᠭᠤᠴᠠᠭᠠᠨ ᠳᠠᠬᠢ ᠣᠨᠣᠰᠢᠯᠠᠨ ᠡᠮᠨᠡᠭᠦᠯᠦᠭᠰᠡᠨ ᠪᠦᠬᠦ ᠵᠠᠷᠤᠳᠠᠯ ᠪᠠᠭᠲᠠᠨ᠎ᠠ᠂ ᠲᠤᠬᠠᠶᠢᠯᠠᠪᠠᠯ ᠡᠪᠡᠳᠴᠢᠲᠡᠨ ᠡᠮᠨᠡᠯᠭᠡ ᠳᠤ ᠰᠠᠭᠤᠵᠤ ᠵᠢᠷᠤᠮᠵᠢᠯ ᠪᠦᠬᠦᠢ ᠡᠮᠴᠢᠯᠡᠭᠡ ᠬᠦᠷᠲᠡᠭᠰᠡᠳ ᠬᠠᠮᠤᠭ ᠤᠨ ᠡᠴᠦᠰ ᠲᠤ ᠡᠮᠴᠢᠯᠡᠭᠡᠨ ᠤ ᠲᠤᠰᠠᠲᠤ ᠬᠦᠷᠴᠦ ᠪᠠᠷᠢᠮᠵᠢᠶ᠎ᠠ ᠳᠤ ᠬᠦᠷᠦᠭᠡᠳ ᠡᠮᠨᠡᠯᠭᠡ ᠠᠴᠠ ᠭᠠᠷᠬᠤ ᠪᠦᠬᠦ᠋ᠢᠯᠡ ᠶᠠᠪᠤᠴᠠ ᠳᠤ ᠡᠭᠦᠰᠦᠭᠰᠡᠨ ᠣᠨᠣᠰᠢᠯᠠᠬᠤ᠂ ᠡᠮᠴᠢᠯᠡᠬᠦ᠂ ᠮᠡᠰᠡ ᠵᠠᠰᠠᠯ ᠬᠢᠬᠦ᠂ ᠮᠢᠨᠴᠦᠭᠦᠷᠡᠭᠦᠯᠬᠦ  ᠂ ᠠᠰᠠᠷᠠᠨ ᠰᠤᠪᠢᠯᠠᠬᠤ ᠬᠢᠭᠡᠳ ᠡᠪᠡᠳᠴᠢᠲᠡᠨ ᠤ ᠣᠷᠣ᠂ ᠡᠮ ᠤᠨ ᠵᠦᠢᠯ᠂ ᠡᠮᠴᠢᠯᠡᠭᠡᠨ ᠤ ᠬᠤᠷᠤᠭᠳᠠᠯ ᠮᠠᠲ᠋ᠧᠷᠢᠶᠠᠯ ᠵᠡᠷᠭᠡ ᠡᠯ᠎ᠡ ᠵᠦᠢᠯ ᠤᠨ ᠪᠦᠬᠦ ᠵᠠᠷᠤᠳᠠᠯ ᠢ ᠪᠠᠭᠲᠠᠭᠠᠨ᠎ᠠ᠃      ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠡᠮ ᠡᠮᠨᠡᠯᠭᠡ ᠶᠢᠨ ᠵᠠᠷᠤᠳᠠᠯ ᠨᠡᠯᠢᠶᠡᠳ ᠲᠣᠭᠲᠠᠪᠤᠷᠢᠲᠠᠶ᠂ ᠡᠮᠨᠡᠯᠭᠡ ᠠᠴᠠ ᠭᠠᠷᠤᠭᠰᠠᠨ ᠡᠪᠡᠳᠴᠢᠨ ᠤ ᠵᠢᠱᠢᠶ᠎ᠡ ᠨᠡᠯᠢᠶᠡᠳ ᠠᠷᠪᠢᠨ᠂ ᠡᠮᠨᠡᠨ ᠵᠠᠰᠠᠬᠤ ᠠᠷᠭ᠎ᠠ ᠨᠢ ᠬᠠᠷᠢᠴᠠᠩᠭᠤᠶ ᠪᠣᠯᠪᠠᠰᠤᠷᠠᠩᠭᠤᠶ᠂ ᠡᠮᠴᠢᠯᠡᠭᠡᠨ ᠨᠢ ᠲᠤᠰᠠ ᠲᠠᠢ᠂ ᠪᠣᠳᠠᠭᠠᠯᠢ ᠪᠡᠶ᠎ᠡ ᠶᠢᠨ ᠵᠥᠷᠢᠶ᠎ᠡ ᠨᠡᠯᠢᠶᠡᠳ ᠪᠠᠭ᠎ᠠ᠂ ᠡᠮᠴᠢᠯᠡᠭᠡᠨ ᠤ ᠶᠠᠪᠤᠴᠠ ᠶᠢᠨ ᠬᠠᠮᠢᠶᠠᠷᠤᠯᠲᠠ ᠳᠤ ᠤᠷᠤᠭᠤᠯᠤᠭᠰᠠᠨ ᠡᠪᠡᠳᠴᠢᠨ ᠤ ᠲᠦᠷᠦᠯ ᠢ ᠰᠤᠩᠭᠤᠵᠤ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠪᠠᠭᠲᠠᠭᠠᠭᠰᠠᠨ ᠡᠯ᠎ᠡ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠡᠪᠡᠳᠴᠢᠨ ᠤ ᠳᠦᠷᠦᠯ ᠢᠶᠠᠷ ᠵᠠᠷᠤᠳᠠᠯ ᠬᠤᠷᠢᠶᠠᠬᠤ ᠶᠢ ᠬᠡᠷᠡᠭᠵᠢᠬᠦᠯᠦᠨ᠎ᠡ᠂ ᠰᠣᠩᠭᠤᠭᠰᠠᠨ ᠡᠪᠡᠳᠴᠢᠨ ᠤ ᠲᠦᠷᠦᠯ ᠳᠤ ᠭᠤᠣᠯᠳᠠᠭᠤ ᠡᠳᠦᠷ ᠢᠶᠠᠷ ᠬᠢᠭᠰᠡᠨ ᠮᠡᠰᠡ ᠵᠠᠰᠠᠯ ᠵᠢᠴᠢ ᠨᠥᠬᠦᠴᠡᠯ ᠳᠤ ᠨᠡᠶᠢᠴᠡᠬᠦ ᠮᠣᠩᠭᠤᠯ ᠬᠢᠲᠠᠳ ᠧᠦ᠋ᠷᠣᠫᠠ ᠡᠮᠨᠡᠯᠭᠡ ᠶᠢᠨ ᠡᠭᠦᠳᠡᠨ ᠡᠮᠨᠡᠯᠭᠡ ᠶᠢᠨ ᠡᠪᠡᠳᠴᠢᠨ ᠤ ᠲᠦᠷᠦᠯ ᠪᠠᠭᠲᠠᠨ᠎ᠠ᠃      ᠥᠪᠥᠷ ᠮᠣᠩᠭᠤᠯ ᠡᠪᠡᠳᠴᠢᠨ ᠤ ᠲᠦᠷᠦᠯ ᠢᠶᠠᠷ ᠵᠠᠷᠤᠳᠠᠯ ᠬᠤᠷᠢᠶᠠᠬᠤ ᠪᠠᠷᠢᠮᠵᠢᠶ᠎ᠠ ᠳᠤ ᠵᠥᠷᠢᠶᠡᠴᠢᠯᠡᠭᠰᠡᠨ ᠵᠠᠷᠤᠳᠠᠯ ᠬᠤᠷᠢᠶᠠᠬᠤ ᠲᠥᠷᠥ ᠶᠢᠨ ᠪᠤᠳᠤᠯᠭ᠎ᠠ ᠶᠢ ᠬᠡᠷᠡᠭᠵᠢᠬᠦᠯᠵᠤ᠂ ᠡᠮᠨᠡᠯᠭᠡ ᠶᠢᠨ ᠬᠤᠷᠢᠶ᠎ᠠ ᠶᠢᠨ ᠠᠳᠠᠯᠢ ᠪᠤᠰᠤ ᠵᠡᠷᠭᠡ ᠳᠡᠰ ᠢ ᠦᠨᠳᠦᠰᠦᠯᠡᠨ ᠵᠣᠬᠢᠴᠠᠩᠭᠤᠶ ᠵᠠᠷᠤᠳᠠᠯ ᠬᠤᠷᠢᠶᠠᠬᠤ ᠪᠠᠷᠢᠮᠵᠢᠶ᠎ᠠ ᠶᠢ ᠲᠣᠭᠲᠠᠭᠠᠵᠤ᠂ ᠱᠠᠲᠤ ᠬᠤᠪᠢᠶᠠᠨ ᠣᠨᠣᠰᠢᠯᠠᠨ ᠡᠮᠨᠡᠬᠦ ᠶᠢ ᠠᠬᠢᠭᠤᠯᠬᠤ ᠪᠤᠯᠤᠨ᠎ᠠ᠃ ᠳᠠᠪᠬᠤᠴᠠᠮᠠᠯ ᠡᠪᠡᠳᠴᠢᠨ᠂ ᠬᠠᠮᠲᠤ ᠡᠭᠦᠰᠦᠭᠰᠡᠨ ᠡᠪᠳᠴᠢᠨ ᠪᠤᠶᠤ ᠡᠪᠡᠳᠴᠢᠲᠡᠨ ᠤ ᠡᠪᠡᠳᠴᠢᠨ ᠤ ᠪᠠᠶᠢᠳᠠᠯ ᠨᠢ ᠨᠡᠯᠢᠶᠡᠳ ᠬᠦᠨᠳᠦ᠂ ᠪᠡᠶ᠎ᠡ ᠮᠠᠬᠠᠪᠣᠳ ᠨᠢ ᠣᠨᠴᠠᠭᠠᠶ ᠵᠡᠷᠭᠡ ᠰᠢᠯᠲᠠᠭᠠᠨ ᠠᠴᠠ ᠪᠣᠯᠵᠤ᠂ ᠪᠣᠳᠠᠲᠠᠶ ᠡᠭᠦᠰᠦᠭᠰᠡᠨ ᠡᠮ ᠡᠮᠨᠡᠯᠭᠡ ᠶᠢᠨ ᠵᠠᠷᠤᠳᠠᠯ ᠨᠢ ᠡᠪᠡᠳᠴᠢᠨ ᠤ ᠲᠦᠷᠦᠯ ᠢᠶᠠᠷ ᠵᠠᠷᠤᠳᠠᠯ ᠬᠤᠷᠢᠶᠠᠬᠤ ᠪᠠᠷᠢᠮᠵᠢᠶ᠎ᠠ ᠠᠴᠠ ᠢᠯᠡᠳᠲᠡ ᠬᠡᠲᠦᠷᠡᠭᠰᠡᠨ ᠶᠠᠪᠤᠳᠠᠯ ᠳᠤ᠂ ᠥᠪᠥᠷ ᠮᠣᠩᠭᠤᠯ ᠡᠯ᠎ᠡ ᠡᠮᠨᠡᠯᠭᠡ ᠶᠢᠨ ᠬᠤᠷᠢᠶ᠎ᠠ ᠳᠤ ᠲᠤᠭᠲᠠᠭᠠᠭᠰᠠᠨ ᠵᠢᠷᠤᠮᠵᠢᠯ ᠶᠣᠰᠣᠭᠠᠷ ᠡᠪᠡᠳᠴᠢᠨ ᠤ ᠲᠥᠷᠥᠯ ᠢᠶᠠᠷ ᠵᠠᠷᠤᠳᠠᠯ ᠬᠤᠷᠢᠶᠠᠬᠤ ᠶᠠᠪᠤᠳᠠᠯ ᠠᠴᠠ ᠭᠠᠷᠭᠠᠬᠤ ᠪᠤᠯᠬᠤ ᠪᠦᠭᠡᠳ ᠡᠯ᠎ᠡ ᠡᠪᠡᠳᠴᠢᠨ ᠤ ᠲᠦᠷᠦᠯ ᠤᠨ ᠭᠠᠷᠭᠠᠬᠤ ᠨᠤᠷᠮ᠎ᠠ ᠶᠢ 15%᠎ ᠶᠢᠨ ᠳᠣᠲᠣᠷ᠎ᠠ ᠴᠢᠩᠭ᠎ᠠ ᠬᠢᠵᠠᠭᠠᠷᠯᠠᠬᠤ ᠬᠡᠷᠡᠭᠲᠡᠶ ᠬᠡᠵᠤ ᠱᠠᠭᠠᠷᠳᠠᠵᠠᠢ᠃      ᠤᠳᠤᠬᠠᠨ ᠳᠤ᠂ ᠥᠪᠥᠷ ᠮᠣᠩᠭᠤᠯ ᠤᠨ ᠪᠤᠶ ᠪᠦᠬᠦᠢ ᠬᠤᠶᠠᠳᠤᠭᠠᠷ ᠳᠡᠰ ᠵᠢᠴᠢ ᠳᠡᠭᠡᠭᠰᠢᠬᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠨᠢ ᠤᠳᠠᠭᠠᠨ ᠴᠢᠨᠠᠷᠲᠠᠶ ᠬᠦᠢᠯᠡᠰᠦᠯᠢᠭ ᠴᠣᠭᠴᠠ ᠶᠢᠨ ᠦᠷᠪᠢᠰᠦᠯ᠂ ᠨᠢᠷᠤᠭᠤᠨ ᠲᠠᠪᠠᠭ ᠬᠦᠳᠦᠶᠢᠬᠦ᠂ ᠴᠡᠩᠬᠡᠷ ᠬᠠᠷᠠᠩ ᠵᠡᠷᠭᠡ ᠡᠪᠡᠳᠴᠢᠨ ᠤ ᠲᠥᠷᠥᠯ ᠪᠤᠯᠤᠨ ᠴᠠᠭᠠᠨ ᠬᠠᠷᠠᠩ ᠡᠪᠡᠳᠴᠢᠨ ᠵᠡᠷᠭᠡ ᠡᠳᠦᠷ ᠢᠶᠠᠷ ᠬᠢᠬᠦ ᠮᠡᠰᠡ ᠵᠠᠰᠠᠯ ᠳᠤ ᠡᠪᠡᠳᠴᠢᠨ ᠤ ᠲᠥᠷᠥᠯ ᠢᠶᠠᠷ ᠵᠠᠷᠤᠳᠠᠯ ᠬᠤᠷᠢᠶᠠᠬᠤ ᠶᠢ ᠬᠡᠷᠡᠭᠵᠢᠬᠦᠯᠵᠤ᠂ ᠡᠪᠡᠳᠴᠢᠨ ᠡᠮᠭᠡᠭ ᠢ ᠣᠨᠣᠰᠢᠯᠠᠬᠤ ᠨᠡᠷᠡᠶᠢᠳᠦᠯ ᠵᠢᠴᠢ ᠭᠤᠤᠯ ᠮᠡᠰᠡ ᠵᠠᠰᠠᠯ ᠨᠢ ᠡᠪᠡᠳᠴᠢᠨ ᠤ ᠲᠥᠷᠥᠯ ᠢᠶᠠᠷ ᠵᠠᠷᠤᠳᠠᠯ ᠬᠤᠷᠢᠶᠠᠬᠤ ᠳᠤ ᠨᠡᠶᠢᠴᠡᠭᠰᠡᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠦᠰ ᠵᠢᠴᠢ ᠬᠤᠪᠢ ᠪᠠᠷ ᠢᠶᠠᠨ ᠵᠠᠷᠤᠳᠠᠯ ᠭᠠᠷᠭᠠᠬᠤ ᠡᠪᠡᠳᠴᠢᠲᠡᠨ ᠢ ᠴᠦᠮ ᠡᠪᠡᠳᠴᠢᠨ ᠤ ᠲᠥᠷᠥᠯ ᠢᠶᠠᠷ ᠵᠠᠷᠤᠳᠠᠯ ᠬᠤᠷᠢᠶᠠᠬᠤ ᠬᠡᠪᠴᠢᠶ᠎ᠡ ᠳᠤ ᠤᠷᠤᠭᠤᠯᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号