ᠥᠪᠥᠷ ᠮᠣᠩᠭᠤᠯ ᠤᠨ ᠲᠠᠸᠠᠷ ᠤᠨ ᠬᠡᠷ ᠪᠠᠶᠢᠰᠢᠩ ᠤᠨ ᠪᠤᠷᠤᠯᠠᠭᠤᠯᠬᠤ ᠪᠠᠷ ᠪᠠᠶᠢᠭ᠎ᠠ ᠲᠠᠯᠠᠪᠠᠶ ᠦᠷᠭᠦᠯᠵᠢᠯᠡᠨ ᠪᠠᠭᠤᠷᠠᠵᠤ ᠪᠤᠢ
ᠨᠡᠶᠢᠲᠡᠯᠡᠭᠰᠡᠨ ᠴᠠᠭ᠄
2017/12/7
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠮᠤᠭ ᠤᠨ ᠰᠢᠨ᠎ᠡ ᠨᠡᠶᠢᠲᠡᠯᠡᠭᠰᠡᠨ ᠲᠤᠭ᠎ᠠ ᠪᠠᠷᠢᠮᠲᠠ ᠠᠴᠠ ᠦᠵᠡᠪᠡᠯ᠂ ᠡᠨᠡ ᠵᠢᠯ ᠤᠨ ᠲᠦᠷᠦᠭᠦᠦ 10 ᠰᠠᠷ᠎ᠠ ᠳᠤ᠂ ᠥᠪᠥᠷ ᠮᠣᠩᠭᠤᠯ ᠤᠨ ᠲᠠᠸᠠᠷ ᠤᠨ ᠬᠡᠷ ᠪᠠᠶᠢᠰᠢᠩ ᠤᠨ ᠪᠤᠷᠤᠯᠠᠭᠤᠯᠬᠤ ᠪᠠᠷ ᠪᠠᠶᠢᠭ᠎ᠠ ᠲᠠᠯᠠᠪᠠᠶ ᠠᠳᠠᠯᠢ ᠬᠤᠭᠤᠴᠠᠭᠠᠨ ᠤ ᠬᠢ ᠠᠴᠠ 7.8% ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ 1᠎ ᠠᠴᠠ 9 ᠳ᠋ᠤᠭᠡᠷ ᠰᠠᠷ᠎ᠠ ᠳᠤ 4 ᠵᠠᠭᠤᠨ ᠤ ᠴᠡᠭ ᠦᠷᠭᠡᠳᠴᠠᠢ᠃      ᠡᠨᠡ ᠵᠢᠯ ᠠᠴᠠ ᠨᠠᠰᠢ᠂ ᠬᠥᠮᠥᠷᠭᠡ ᠶᠢᠨ ᠬᠠᠳᠠᠭᠠᠯᠠᠮᠵᠢ ᠶᠢ ᠪᠠᠭᠤᠷᠠᠭᠤᠯᠬᠤ ᠠᠯᠢ ᠤᠯᠠᠨ ᠬᠠᠷᠠᠭᠠᠯᠵᠠᠯ ᠦᠵᠡᠭᠦᠯᠬᠦ ᠲᠦᠷᠦ ᠶᠢᠨ ᠪᠤᠳᠤᠯᠭ᠎ᠠ ᠶᠢᠨ ᠨᠥᠯᠥᠭᠡᠯᠡᠯ ᠢᠶᠠᠷ᠂ ᠥᠪᠥᠷ ᠮᠣᠩᠭᠤᠯ ᠤᠨ ᠭᠡᠷ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠲᠤ ᠰᠠᠭᠤᠷᠢ ᠪᠠᠨ ᠴᠤᠭᠴᠠᠯᠠᠵᠤ ᠠᠵᠤ ᠠᠬᠤᠶᠢᠯᠠᠯ ᠢ ᠲᠤᠭᠲᠠᠪᠤᠷᠢᠵᠢᠭᠤᠯᠤᠭᠰᠠᠨ᠂ ᠲᠣᠭᠲᠠᠭᠤᠨ ᠢᠶᠠᠷ ᠳᠡᠭᠡᠭᠰᠢᠯᠡᠭᠰᠡᠨ ᠪᠠᠶᠢᠳᠠᠯ ᠢᠯᠡᠷᠡᠵᠦ᠂ ᠬᠥᠮᠥᠷᠭᠡ ᠶᠢᠨ ᠬᠠᠳᠠᠭᠠᠯᠠᠮᠵᠢ ᠶᠢ ᠪᠠᠭᠤᠷᠠᠭᠤᠯᠬᠤ ᠠᠵᠢᠯ ᠮᠡᠳᠡᠭᠳᠡᠬᠦ᠋ᠢᠴᠡ ᠠᠮᠵᠢᠯᠲᠠ ᠪᠦᠲᠦᠮᠵᠢ ᠤᠯᠪᠠ᠃ 9 ᠳ᠋ᠤᠭᠡᠷ ᠰᠠᠷ᠎ᠠ ᠶᠢᠨ ᠡᠴᠦᠰ ᠪᠤᠯᠬᠤ ᠳᠤ᠂ ᠪᠥᠬᠦ ᠣᠷᠣᠨ ᠤ ᠲᠠᠸᠠᠷ ᠤᠨ ᠬᠡᠷ ᠪᠠᠶᠢᠰᠢᠩ ᠤᠨ ᠪᠤᠷᠤᠯᠠᠭᠤᠯᠬᠤ ᠪᠠᠷ ᠪᠠᠶᠢᠭ᠎ᠠ ᠲᠠᠯᠠᠪᠠᠶ 1323.66 ᠲᠡᠭᠰᠢ ᠳᠥᠷᠪᠡᠯᠵᠢᠨ ᠮᠧᠲᠷ ᠪᠤᠯᠵᠤ᠂ ᠠᠳᠠᠯᠢ ᠬᠤᠭᠤᠴᠠᠭᠠᠨ ᠤ ᠬᠢ ᠠᠴᠠ 3.8% ᠳᠤᠷᠤᠭᠰᠢᠯᠠᠪᠠ᠃ ᠬᠥᠬᠡᠬᠤᠲᠠ ᠳᠤ ᠪᠡᠯᠡ ᠤᠷᠤᠭᠤᠯᠤᠯᠲᠠ᠂ ᠰᠢᠨ᠎ᠡ ᠪᠠᠷ ᠠᠵᠢᠯ ᠡᠬᠢᠯᠡᠭᠦᠯᠦᠭᠰᠡᠨ ᠬᠡᠮᠵᠢᠶ᠎ᠡ᠂ ᠪᠣᠷᠣᠯᠠᠭᠤᠯᠬᠤ ᠬᠦᠢᠴᠡᠳᠭᠡᠯ ᠲᠤᠭ᠎ᠠ ᠠᠯᠬᠤᠮ ᠠᠯᠬᠤᠮ ᠢᠶᠠᠷ ᠰᠠᠶᠢᠵᠢᠷᠠᠵᠤ᠂ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠨ ᠢᠲᠡᠭᠡᠯ ᠵᠣᠷᠢᠭ ᠢ ᠨᠡᠮᠡᠭᠳᠡᠬᠦᠯᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠪᠦᠲᠦᠮᠵᠢᠲᠡᠶ ᠪᠠᠷ ᠴᠢᠯᠦᠭᠡᠯᠡᠵᠤ᠂ 10 ᠳ᠋ᠤᠭᠠᠷ ᠰᠠᠷ᠎ᠠ ᠶᠢᠨ ᠡᠴᠦᠰ ᠪᠣᠯᠬᠤ ᠳᠤ ᠪᠥᠬᠦ ᠬᠤᠲᠠ ᠶᠢᠨ ᠲᠠᠸᠠᠷ ᠤᠨ ᠭᠡᠷ ᠪᠠᠶᠢᠰᠢᠩ ᠤᠨ ᠬᠦᠮᠦᠷᠭᠡ ᠶᠢᠨ ᠬᠠᠳᠠᠭᠠᠯᠠᠮᠵᠢ ᠶᠢᠨ ᠲᠠᠯᠠᠪᠠᠶ ᠠᠳᠠᠯᠢ ᠬᠤᠭᠤᠴᠠᠭᠠᠨ ᠤ ᠎ ᠬᠢ ᠠᠴᠠ ᠬᠤᠶᠠᠷ ᠬᠤᠪᠢ ᠢᠯᠡᠬᠦᠦ ᠪᠠᠭᠤᠷᠠᠵᠤ᠂ ᠬᠥᠮᠥᠷᠭᠡ ᠶᠢᠨ ᠬᠠᠳᠠᠭᠠᠯᠠᠮᠵᠢ ᠶᠢᠨ ᠬᠡᠮᠵᠢᠶ᠎ᠡ ᠢᠯᠡᠳᠲᠡ ᠪᠠᠭᠠᠰᠤᠭᠰᠠᠨ ᠪᠠᠶᠢᠨ᠎ᠠ᠃ ᠤᠶᠢᠯᠠᠭᠠᠭᠰᠠᠨ ᠢᠶᠠᠷ᠂ ᠥᠪᠥᠷ ᠮᠣᠩᠭᠤᠯ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢ ᠲᠣᠬᠢᠷᠠᠭᠤᠯᠤᠨ ᠡᠵᠡᠮᠳᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠯ᠎ᠡ ᠭᠠᠵᠠᠷ ᠤᠨ ᠬᠢᠨ ᠳᠤ ᠭᠡᠷ ᠭᠠᠵᠠᠷ ᠬᠦᠷᠦᠩᠭᠡ ᠶᠢ ᠨᠡᠭᠡᠭᠡᠨ ᠠᠰᠢᠭᠯᠠᠬᠤ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠵᠢᠴᠢ ᠭᠡᠷ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠠᠵᠢᠯᠯᠠᠭᠠᠨ ᠤ ᠡᠯ᠎ᠡ ᠵᠦᠢᠯ ᠤᠨ ᠰᠠᠭᠤᠷᠢ ᠲᠤᠭ᠎ᠠ ᠪᠠᠷᠢᠮᠲᠠ ᠶᠢ ᠪᠦᠬᠦ ᠲᠠᠯ᠎ᠠ ᠪᠠᠷ ᠤᠶᠢᠯᠠᠭᠠᠵᠤ᠂ ᠡᠯ᠎ᠡ ᠲᠦᠷᠦᠯ ᠤᠨ ᠲᠤᠭ᠎ᠠ ᠪᠠᠷᠢᠮᠲᠠ ᠶᠢᠨ ᠦᠨᠡᠨ ᠮᠠᠭᠠᠳ ᠴᠢᠨᠠᠷ᠂ ᠤᠨᠤᠪᠴᠢᠲᠤ ᠴᠢᠨᠠᠷ᠂ ᠴᠠᠭ ᠲᠤᠬᠠᠶᠢᠴᠢ ᠴᠢᠨᠠᠷ᠂ ᠪᠦᠷᠢᠨ ᠪᠦᠲᠦᠨ ᠴᠢᠨᠠᠷ ᠪᠤᠯᠤᠨ ᠬᠠᠷᠢᠴᠠᠩᠭᠤᠶ ᠦᠷᠭᠦᠯᠵᠢᠯᠡᠬᠦ ᠴᠢᠨᠠᠷ ᠢ ᠦᠨᠡᠨ ᠬᠦ ᠪᠠᠲᠤᠯᠠᠵᠤ᠂ ᠤᠨᠴᠠᠭᠠᠶᠢᠯᠠᠨ ᠭᠡᠷ ᠭᠠᠵᠠᠷ ᠬᠦᠷᠦᠩᠭᠡ ᠶᠢ ᠨᠡᠭᠡᠭᠡᠨ ᠠᠰᠢᠭᠯᠠᠬᠤ ᠳᠤ ᠬᠡᠷᠡᠭᠯᠡᠬᠦ ᠭᠠᠵᠠᠷ ᠲᠠᠯᠠᠪᠠᠢ ᠶᠢᠨ ᠬᠠᠩᠭᠠᠯᠭ᠎ᠠ᠂ ᠭᠡᠷ ᠪᠠᠶᠢᠰᠢᠩ ᠤᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ᠂ ᠵᠢᠱᠢᠭᠰᠡᠨ ᠬᠥᠭᠵᠢᠯᠲᠡ ᠶᠢᠨ ᠪᠠᠶᠢᠳᠠᠯ ᠵᠢᠴᠢ ᠵᠠᠬ᠎ᠠ ᠳᠡᠯᠭᠡᠭᠦᠷ ᠤᠨ ᠶᠡᠷᠦᠩᠬᠡᠶ ᠪᠠᠶᠢᠳᠠᠯ ᠳᠤ ᠶᠡᠷᠦᠩᠬᠡᠶᠢᠯᠡᠨ ᠵᠠᠳᠠᠯᠤᠯᠲᠠ ᠬᠢᠵᠤ᠂ ᠪᠦᠬᠦ ᠲᠠᠯ᠎ᠠ ᠪᠠᠷ ᠦᠨᠡᠯᠡᠨ ᠵᠢᠱᠢᠬᠦ ᠬᠡᠷᠡᠭᠲᠡᠶ ᠬᠡᠵᠤ ᠱᠠᠭᠠᠷᠳᠠᠪᠠ᠃ ᠬᠥᠮᠥᠷᠭᠡ ᠶᠢᠨ ᠬᠠᠳᠠᠭᠠᠯᠠᠮᠵᠢ ᠪᠠᠷ ᠨᠡᠯᠢᠶᠡᠳ ᠤᠯᠠᠨ ᠪᠠᠶᠢᠬᠤ ᠬᠤᠲᠠ ᠪᠠᠯᠭᠠᠰᠤ ᠳᠤ ᠦᠪᠦᠷ ᠮᠤᠩᠭᠤᠯ ᠭᠡᠷ ᠭᠠᠵᠠᠷ ᠬᠦᠷᠦᠩᠭᠡ ᠶᠢ ᠨᠡᠭᠡᠭᠡᠨ ᠠᠰᠢᠭᠯᠠᠬᠤ ᠳᠤ ᠬᠡᠷᠡᠭᠯᠡᠬᠦ ᠰᠢᠨ᠎ᠡ ᠪᠠᠷ ᠨᠡᠮᠡᠭᠳᠡᠬᠦ ᠭᠠᠵᠠᠷ ᠲᠠᠯᠠᠪᠠᠢ ᠶᠢᠨ ᠬᠠᠩᠭᠠᠯᠭ᠎ᠠ ᠶᠢ  ᠴᠢᠩᠭ᠎ᠠ ᠬᠢᠵᠠᠭᠠᠷᠯᠠᠵᠤ᠂ ᠮᠠᠯᠴᠢᠨ ᠲᠠᠷᠢᠶᠠᠴᠢᠨ ᠬᠤᠲᠠ ᠳᠤ ᠣᠷᠣᠵᠤ ᠬᠡᠷ ᠪᠠᠶᠢᠰᠢᠩ ᠬᠤᠳᠠᠯᠳᠤᠨ ᠠᠪᠬᠤ ᠳᠤ ᠳᠡᠮᠵᠢᠯᠭᠡ ᠦᠵᠡᠬᠦᠯᠬᠦ ᠲᠦᠷᠦ ᠶᠢᠨ ᠪᠤᠳᠤᠯᠭ᠎ᠠ ᠶᠢ ᠤᠯᠠᠮ ᠨᠢᠭᠡ ᠠᠯᠬᠤᠮ ᠪᠦᠷᠢᠨᠰᠢᠬᠦᠯᠦᠨ ᠨᠠᠶᠢᠳᠠᠪᠤᠷᠢᠵᠢᠭᠤᠯᠬᠤ ᠶᠢᠨ ᠬᠠᠮᠲᠤ ᠬᠥᠮᠥᠷᠭᠡ ᠶᠢᠨ ᠬᠠᠳᠠᠭᠠᠯᠠᠮᠵᠢ ᠶᠢ ᠦᠭᠡᠶᠢᠰᠭᠡᠬᠦ ᠶᠠᠪᠤᠳᠠᠯ ᠢ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠲᠠ ᠶᠢ ᠪᠦᠲᠦᠭᠡᠨ ᠪᠠᠶᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ ᠲᠠᠢ  ᠤᠶᠠᠯᠳᠤᠭᠤᠯᠵᠤ᠂ ᠬᠠᠮᠤᠭ ᠡᠴᠦᠰ ᠲᠤ ᠤᠯᠠᠨ ᠳᠠᠪᠬᠤᠷ ᠦᠷ᠎ᠡ ᠠᠰᠢᠭ ᠤᠯᠬᠤ ᠪᠠᠷ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号