ᠦᠪᠦᠷ ᠮᠣᠩᠭᠤᠯ ᠤᠭᠰᠠᠷᠠᠮᠠᠯ ᠮᠠᠶ᠋ᠢᠭ ᠤᠨ ᠪᠠᠷᠢᠯᠭ᠎ᠠ ᠶᠢ ᠳᠡᠯᠭᠡᠷᠡᠭᠦᠯᠦᠨ ᠬᠡᠷᠡᠭᠯᠡᠬᠦ ᠪᠠᠷ ᠪᠣᠢ
ᠨᠡᠶᠢᠲᠡᠯᠡᠭᠰᠡᠨ ᠴᠠᠭ᠄
2017/12/7
      ᠬᠤᠶᠢᠰᠢᠳᠠ ᠥᠪᠥᠷ ᠮᠣᠩᠭᠤᠯ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ᠂ ᠪᠡᠶ᠎ᠡ ᠶᠢᠨ ᠲᠠᠮᠢᠷ ᠤᠨ ᠣᠷᠳᠣᠨ ᠵᠡᠷᠭᠡ ᠭᠤᠣᠯᠳᠠᠯᠭ᠎ᠠ ᠲᠠᠢ ᠤᠯᠠᠨ ᠨᠡᠶᠢᠲᠡ ᠶᠢᠨ ᠪᠠᠷᠢᠯᠭ᠎ᠠ ᠶᠢᠨ ᠬᠦᠷᠢᠶᠡᠨ ᠳᠤ ᠤᠭᠰᠠᠷᠠᠮᠠᠯ ᠮᠠᠶ᠋ᠢᠭ ᠤᠨ ᠪᠠᠷᠢᠯᠭ᠎ᠠ ᠶᠢ ᠳᠡᠯᠭᠡᠷᠡᠭᠦᠯᠦᠨ ᠬᠡᠷᠡᠭᠯᠡᠵᠦ᠂ ᠪᠣᠬᠢᠷᠲᠤᠯ ᠦᠭᠡᠢ ᠪᠠᠷᠢᠯᠭ᠎ᠠ ᠶᠢᠨ ᠬᠡᠪᠴᠢᠶᠡᠵᠢᠨ ᠬᠥᠭᠵᠢᠬᠦ ᠶᠢ ᠠᠬᠢᠭᠤᠯᠬᠤ ᠎ ᠪᠠᠷ ᠪᠠᠶᠢᠨ᠎ᠠ᠃      ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠡᠯ᠎ᠡ ᠱᠠᠲᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠨ ᠰᠢᠨ᠎ᠡ ᠪᠠᠷ ᠪᠠᠶᠢᠭᠤᠯᠬᠤ ᠦᠷᠭᠡᠨ ᠬᠡᠪᠴᠢᠶᠡᠲᠦ᠂ ᠶᠡᠭᠡ ᠣᠷᠣᠨ ᠵᠠᠶᠢᠲᠦ ᠣᠯᠠᠨ ᠨᠡᠶᠢᠲᠡ ᠶᠢᠨ ᠪᠠᠷᠢᠯᠭ᠎ᠠ ᠪᠣᠯᠣᠨ ᠠᠵᠤ ᠦᠢᠯᠡᠳᠪᠦᠷᠢ ᠶᠢᠨ ᠪᠠᠷᠢᠯᠭ᠎ᠠ ᠶᠢᠨ ᠬᠦᠷᠢᠶᠡᠨ ᠳᠤ ᠠᠯᠢ ᠴᠢᠳᠠᠬᠤ ᠪᠠᠷ ᠤᠭᠰᠠᠷᠠᠮᠠᠯ ᠮᠠᠶ᠋ᠢᠭ ᠤᠨ ᠪᠤᠯᠤᠳ ᠪᠦᠳᠦᠴᠡᠳᠦ ᠪᠠᠷᠢᠯᠭ᠎ᠠ ᠪᠠᠷᠢᠬᠤ ᠶᠢ ᠵᠣᠷᠢᠭᠵᠢᠭᠤᠯᠬᠤ ᠪᠥᠭᠡᠳ ᠤᠭᠰᠠᠷᠠᠮᠠᠯ ᠮᠠᠶ᠋ᠢᠭ ᠤᠨ ᠪᠤᠯᠤᠳ ᠪᠦᠳᠦᠴᠡᠳᠦ ᠣᠷᠣᠨ ᠰᠠᠭᠤᠴᠠ ᠶᠢ ᠠᠯᠬᠤᠮ ᠠᠯᠬᠤᠮ ᠢᠶᠠᠷ ᠳᠡᠯᠭᠡᠷᠡᠭᠦᠯᠬᠦ ᠪᠣᠯᠣᠨ᠎ᠠ︔ ᠬᠤᠲᠠ ᠪᠠᠯᠭᠠᠰᠤᠨ ᠤ ᠰᠢᠨ᠎ᠡ ᠲᠣᠭᠤᠷᠢᠭ ᠤᠨ ᠭᠠᠵᠠᠷ ᠳᠣᠣᠷᠠᠬᠢ ᠶᠡᠷᠦᠩᠬᠡᠶᠢᠯᠡᠭᠰᠡᠨ ᠬᠤᠭᠤᠯᠠᠶ ᠭᠤᠤᠷᠰᠤ ᠶᠢᠨ ᠬᠤᠩᠭᠢᠯ᠂ ᠬᠦᠭᠦᠷᠭᠡ᠂ ᠵᠢᠮᠲᠦ ᠵᠠᠮ ᠬᠠᠷᠢᠯᠴᠠᠭ᠎ᠠ᠂ ᠨᠡᠶᠢᠲᠡ ᠶᠢᠨ ᠮᠠᠰᠢᠨ ᠲᠡᠷᠭᠡᠨ ᠤ ᠵᠣᠭᠰᠣᠭᠠᠯ ᠵᠡᠷᠭᠡ ᠬᠤᠳᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠶᠢᠨ ᠬᠦᠷᠢᠶᠡᠨ ᠳᠤ ᠡᠩ ᠲᠡᠷᠢᠭᠦᠨ ᠳᠤ ᠤᠭᠰᠠᠷᠠᠮᠠᠯ ᠮᠠᠶ᠋ᠢᠭ ᠤᠨ ᠪᠠᠷᠢᠯᠭ᠎ᠠ ᠶᠢ ᠪᠠᠶᠢᠭᠤᠯᠤᠨ᠎ᠠ︔ ᠵᠢᠭᠤᠯᠴᠢᠯᠠᠯ ᠤᠨ ᠦᠵᠡᠮᠵᠢᠲᠦ ᠣᠷᠣᠨ᠂ ᠴᠡᠴᠡᠷᠯᠢᠭ ᠤᠨ ᠦᠵᠡᠮᠵᠢ ᠶᠢᠨ ᠲᠠᠪᠴᠠᠩ᠂ ᠡᠷᠲᠡᠨ ᠤ ᠳᠠᠭᠤᠷᠢᠶᠠᠮᠠᠯ ᠪᠠᠷᠢᠯᠭ᠎ᠠ᠂ ᠬᠤᠪᠢ ᠶᠢᠨ ᠮᠠᠰᠢᠨ ᠢᠶᠠᠷ ᠵᠢᠭᠤᠯᠴᠢᠯᠠᠭᠴᠢᠳ ᠤᠨ ᠪᠠᠭᠤᠴᠠ ᠵᠢᠴᠢ ᠠᠮᠠᠷᠠᠯᠲᠠ ᠶᠢᠨ ᠣᠷᠣᠨ᠂ ᠰᠢᠭᠤᠶᠢᠲᠤ ᠣᠷᠣᠨ ᠵᠡᠷᠭᠡ ᠳᠣᠤᠷ᠎ᠠ ᠳᠠᠪᠬᠤᠷᠭ᠎ᠠ ᠶᠢᠨ ᠰᠢᠨ᠎ᠡ ᠪᠠᠷ ᠪᠠᠶᠢᠭᠤᠯᠬᠤ ᠤᠯᠠᠨ ᠨᠡᠶᠢᠲᠡ ᠶᠢᠨ ᠪᠠᠷᠢᠯᠭ᠎ᠠ ᠶᠢᠨ ᠬᠦᠷᠢᠶᠡᠨ ᠳᠤ ᠡᠩ ᠲᠡᠷᠢᠭᠦᠨ ᠳᠤ ᠤᠳᠦ ᠦᠶ᠎ᠡ ᠶᠢᠨ ᠤᠭᠰᠠᠷᠠᠮᠠᠯ ᠮᠠᠶ᠋ᠢᠭ ᠤᠨ ᠮᠣᠳᠣᠨ ᠪᠦᠳᠦᠴᠡᠳᠦ ᠪᠠᠷᠢᠯᠭ᠎ᠠ ᠶᠢ ᠪᠠᠶᠢᠭᠤᠯᠤᠨ᠎ᠠ᠃      ᠥᠪᠥᠷ ᠮᠣᠩᠭᠤᠯ ᠤᠨ ᠡᠯ᠎ᠡ ᠱᠠᠲᠤᠨ ᠤ ᠵᠠᠰᠠᠭ ᠤᠨ ᠣᠷᠳᠣᠨ ᠨᠢ ᠡᠩ ᠲᠡᠷᠢᠭᠦᠨ ᠳᠤ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠠᠵᠤ ᠦᠢᠯᠡᠰ ᠤᠨ ᠰᠠᠭᠤᠷᠢᠨ ᠭᠠᠵᠠᠷ ᠪᠣᠯᠤᠨ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢᠨ ᠬᠡᠷᠡᠭᠯᠡᠬᠦ ᠭᠠᠵᠠᠷ ᠢ ᠪᠠᠲᠤᠯᠠᠵᠤ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠮᠠᠲ᠋ᠧᠷᠢᠶᠠᠯ᠂ ᠲᠣᠨᠣᠭᠯᠠᠭᠠᠰᠤ ᠰᠡᠯᠪᠢᠭᠡᠰᠦ ᠶᠢ ᠦᠢᠯᠡᠳᠪᠦᠷᠢᠯᠡᠬᠦ ᠲᠦᠷᠦᠯ ᠵᠦᠢᠯ ᠳᠤ ᠭᠠᠵᠠᠷ ᠲᠠᠯᠠᠪᠠᠢ ᠬᠡᠷᠡᠭᠯᠡᠬᠦ ᠳᠤ ᠠᠵᠤ ᠦᠢᠯᠡᠳᠪᠦᠷᠢ ᠶᠢᠨ ᠭᠠᠵᠠᠷ ᠲᠠᠯᠠᠪᠠᠢ ᠬᠡᠷᠡᠭᠯᠡᠬᠦ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠢ ᠬᠦᠷᠲᠡᠵᠦ᠂ ᠤᠷᠳᠤ ᠬᠤᠭᠤᠴᠠᠭ᠎ᠠ ᠪᠠᠷ ᠳᠦᠷᠢᠶᠡᠰᠦᠯᠡᠭᠦᠯᠬᠦ᠂ ᠤᠷᠢᠳᠠᠪᠠᠷ ᠳᠦᠷᠢᠶᠡᠰᠦᠯᠡᠭᠦᠯᠬᠦ ᠳᠠᠷᠠᠭ᠎ᠠ ᠨᠢ ᠰᠢᠯᠵᠢᠭᠦᠯᠦᠨ ᠥᠭᠬᠦ᠂ ᠲᠦᠷᠢᠶᠡᠰᠦᠯᠡᠭᠦᠯᠵᠦ ᠰᠢᠯᠵᠢᠭᠦᠯᠦᠨ ᠥᠭᠬᠦ ᠶᠢ ᠤᠶᠠᠯᠳᠤᠭᠤᠯᠬᠤ ᠵᠡᠷᠭᠡ ᠬᠡᠯᠪᠡᠷᠢ ᠪᠠᠷ ᠳᠠᠮᠵᠢᠨ ᠭᠠᠵᠠᠷ ᠲᠠᠯᠠᠪᠠᠢ ᠶᠢᠨ ᠬᠠᠩᠭᠠᠯᠭ᠎ᠠ ᠶᠢ ᠣᠯᠵᠤ ᠪᠣᠯᠣᠨ᠎ᠠ᠃ ᠥᠪᠥᠷ ᠮᠣᠩᠭᠤᠯ ᠪᠠᠰᠠ ᠭᠤᠣᠯᠳᠠᠯᠭ᠎ᠠ ᠲᠠᠢ ᠠᠵᠤ ᠦᠢᠯᠡᠰ ᠤᠨ ᠰᠠᠭᠤᠷᠢ ᠮᠥᠩᠭᠦ ᠶᠢ ᠭᠦᠢᠴᠡᠳ ᠠᠰᠢᠭᠯᠠᠨ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠬᠥᠭᠵᠢᠯᠲᠡ ᠳᠤ ᠳᠡᠮᠵᠢᠯᠭᠡ ᠦᠵᠡᠭᠦᠯᠵᠦ᠂ ᠨᠥᠬᠦᠴᠡᠯ ᠲᠠᠢ ᠭᠠᠵᠠᠷ ᠣᠷᠣᠨ ᠳᠤ ᠲᠤᠰᠬᠠᠶ ᠪᠡᠯᠡ ᠮᠥᠩᠭᠦ ᠲᠣᠬᠢᠷᠠᠭᠤᠯᠤᠨ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠬᠥᠭᠵᠢᠭᠦᠯᠬᠦ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠬᠡᠷᠡᠭᠵᠢᠭᠦᠯᠬᠦ ᠶᠢ ᠳᠡᠮᠵᠢᠬᠦ ᠪᠠᠷ ᠪᠠᠶᠢᠨ᠎ᠠ᠃      ᠣᠶᠢᠯᠠᠭᠠᠭᠰᠠᠨ ᠢᠶᠠᠷ᠂ ᠥᠪᠥᠷ ᠮᠣᠩᠭᠤᠯ 2020 ᠣᠨ ᠪᠣᠯᠬᠤ ᠳᠤ᠂ ᠲᠤᠬᠠᠶ ᠶᠢᠨ ᠵᠢᠯ ᠤᠨ ᠰᠢᠨ᠎ᠡ ᠪᠠᠷ ᠪᠠᠶᠢᠭᠤᠯᠬᠤ ᠪᠠᠷᠢᠯᠭ᠎ᠠ ᠶᠢᠨ ᠲᠠᠯᠠᠪᠠᠢ ᠶᠢᠨ ᠳᠣᠲᠣᠷ᠎ᠠ ᠰᠢᠨ᠎ᠡ ᠪᠠᠷ ᠠᠵᠢᠯ ᠡᠬᠢᠯᠡᠭᠦᠯᠬᠦ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠡᠵᠡᠯᠡᠬᠦ ᠬᠠᠷᠢᠴᠠᠯ ᠢ 10%᠎ ᠠᠴᠠ ᠳᠡᠭᠡᠭᠰᠢ ᠳᠤ ᠬᠦᠷᠦᠭᠦᠯᠵᠦ᠂ ᠡᠭᠦᠨ ᠳᠤ ᠲᠤᠬᠠᠶ ᠶᠢᠨ ᠵᠢᠯ ᠤᠨ ᠰᠢᠨ᠎ᠡ ᠪᠠᠷ ᠪᠠᠶᠢᠭᠤᠯᠬᠤ ᠪᠠᠷᠢᠯᠭ᠎ᠠ ᠶᠢᠨ ᠲᠠᠯᠠᠪᠠᠢ ᠶᠢᠨ ᠳᠣᠲᠣᠷ᠎ᠠ ᠵᠠᠰᠠᠭ ᠤᠨ ᠣᠷᠳᠣᠨ ᠤ ᠪᠡᠯᠠ ᠣᠷᠣᠭᠤᠯᠤᠯᠲᠠ ᠶᠢᠨ ᠪᠠᠷᠢᠯᠭ᠎ᠠ ᠶᠢᠨ ᠲᠦᠷᠦᠯ ᠵᠦᠢᠯ ᠤᠨ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠡᠵᠡᠯᠡᠬᠦ ᠬᠠᠷᠢᠴᠠᠯ ᠢ 50%᠎ ᠠᠴᠠ ᠳᠡᠭᠡᠭᠰᠢ ᠳᠤ ᠬᠦᠷᠦᠭᠦᠯᠬᠦ ᠪᠠᠷ ᠲᠥᠯᠥᠪᠵᠢᠭᠦᠯᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号