ᠲᠦᠷᠦᠭᠦᠬᠡᠨ᠂ ᠮᠠᠨ ᠤ ᠣᠷᠣᠨ ᠪᠥᠬᠦ ᠣᠷᠣᠨ ᠤ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ | ᠳᠠᠭᠠᠭᠠᠴᠢᠯᠠᠭᠤᠯᠬᠤ ᠠᠵᠢᠯ ᠤᠨ ᠠᠬᠢᠴᠠ ᠶᠢᠨ ᠪᠠᠶᠢᠳᠠᠯ ᠳᠤ ᠲᠤᠰᠬᠠᠶ ᠰᠢᠮᠳᠠᠭᠤᠯᠤᠨ ᠪᠠᠶᠢᠴᠠᠭᠠᠯᠲᠠ ᠬᠢᠪᠡ᠃ | ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ 12 ᠠᠶᠢᠮᠠᠭ ᠬᠤᠲᠠ ᠵᠢᠴᠢ ᠬᠡᠰᠡᠭ | ᠬᠤᠰᠢᠭᠤ ᠰᠢᠶᠠᠨ ᠳᠤ ᠬᠦᠷᠴᠦ ᠰᠢᠮᠳᠠᠭᠤᠯᠤᠨ ᠪᠠᠶᠢᠴᠠᠭᠠᠵᠤ᠂ ᠪᠥᠬᠦ ᠣᠷᠣᠨ ᠤ ᠨᠤᠲᠤᠭ ᠪᠡᠯᠴᠢᠭᠡᠷ ᠤᠨ ᠡᠷᠬᠡ ᠶᠢ | ᠨᠤᠲᠠᠯᠠᠨ ᠳᠠᠭᠠᠭᠠᠴᠢᠯᠠᠭᠤᠯᠬᠤ ᠠᠵᠢᠯ ᠤᠨ ᠠᠬᠢᠴᠠ ᠶᠢᠨ ᠪᠠᠶᠢᠳᠠᠯ ᠢ ᠤᠯᠠᠮ ᠨᠢᠭᠡ ᠠᠯᠬᠤᠮ ᠡᠵᠡᠮᠰᠢᠵᠦ᠂ ᠣᠯᠵᠤ | ᠮᠡᠳᠡᠭᠰᠡᠨ ᠠᠰᠠᠭᠤᠳᠠᠯ ᠳᠤ ᠴᠠᠭ ᠲᠤᠬᠠᠶ ᠳᠤᠨᠢ ᠴᠡᠭᠴᠡᠯᠡᠨ ᠥᠭᠡᠷᠡᠴᠢᠯᠡᠬᠦ ᠰᠠᠨᠠᠯ ᠳᠤᠷᠠᠳᠴᠤ᠂ ᠵᠢᠯ ᠤᠨ | ᠡᠴᠦᠰ ᠲᠤ ᠠᠵᠢᠯ ᠢᠶᠠᠨ ᠪᠦᠬᠦ ᠲᠠᠯ᠎ᠠ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠬᠤ ᠳᠤ ᠰᠠᠭᠤᠷᠢ ᠲᠠᠯᠪᠢᠵᠤ ᠥᠭᠴᠡᠶ᠃ | ᠣᠳᠣᠬᠠᠨ ᠪᠣᠯᠲᠠᠯ᠎ᠠ᠂ ᠪᠥᠬᠦ ᠣᠷᠣᠨ ᠤ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠳᠠᠭᠠᠭᠠᠴᠢᠯᠠᠭᠤᠯᠬᠤ ᠠᠵᠢᠯ | ᠪᠦᠬᠦᠯᠢ ᠴᠣᠭᠴᠠ ᠳᠠᠭᠠᠨ 86% ᠶᠢ ᠪᠡᠶᠡᠯᠡᠭᠦᠯᠦᠭᠰᠡᠨ ᠪᠠᠶᠢᠨ᠎ᠠ᠂ ᠡᠭᠦᠨ ᠳᠤ᠂ 73990 ᠲᠦᠮᠡᠨ ᠮᠦ | ᠲᠠᠯᠠᠪᠠᠢ ᠶᠢᠨ ᠥᠮᠴᠢᠯᠡᠬᠦ ᠡᠷᠬᠡ ᠶᠢ ᠨᠠᠶᠢᠳᠠᠪᠤᠷᠢᠵᠢᠭᠤᠯᠵᠤ᠂ 4094 ᠲᠦᠮᠡᠨ ᠮᠥ ᠲᠠᠯᠠᠪᠠᠢ ᠶᠢᠨ ᠬᠡᠷᠡᠭᠯᠡᠬᠦ ᠡᠷᠬᠡ ᠶᠢ | ᠨᠠᠶᠢᠳᠠᠪᠤᠷᠢᠵᠢᠭᠤᠯᠵᠤ᠂ 58636 ᠲᠦᠮᠡᠨ ᠮᠦ ᠲᠠᠯᠠᠪᠠᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢ | ᠨᠠᠶᠢᠳᠠᠪᠤᠷᠢᠵᠢᠭᠤᠯᠵᠠᠢ᠃ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠠᠴᠠ᠂ ᠡᠯ᠎ᠡ ᠠᠶᠢᠮᠠᠭ ᠬᠤᠳᠠ ᠨᠤᠭᠤᠳ ᠲᠤ | ᠳᠡᠭᠡᠳᠦ ᠬᠡᠮᠵᠢᠶᠡᠨ ᠤ ᠬᠠᠷᠢᠭᠤᠴᠠᠬᠤ ᠣᠪᠣᠷ ᠢᠶᠠᠷ᠂ ᠲᠠᠨᠢᠯᠲᠠ ᠪᠠᠨ ᠳᠡᠭᠡᠭᠰᠢᠯᠡᠭᠦᠯᠵᠦ᠂ ᠨᠢᠭᠡᠳᠦᠯᠲᠡᠶ | ᠲᠥᠯᠥᠪᠵᠢᠭᠦᠯᠬᠦ ᠪᠠᠨ ᠴᠢᠩᠭᠠᠳᠬᠠᠨ᠂ ᠭᠦᠢᠴᠡᠳ ᠲᠣᠬᠢᠷᠠᠭᠤᠯᠵᠤ᠂ ᠨᠠᠶᠢᠳᠠᠪᠤᠷᠢᠵᠢᠭᠤᠯᠤᠯᠲᠠ ᠶᠢ ᠦᠨᠡᠨ ᠬᠦ | ᠰᠠᠶᠢᠲᠤᠷ ᠠᠳᠬᠤᠨ᠂ ᠵᠢᠯ ᠤᠨ ᠡᠴᠦᠰ ᠠᠴᠠ ᠡᠮᠦᠨ᠎ᠡ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ | ᠳᠠᠭᠠᠭᠠᠴᠢᠯᠠᠭᠤᠯᠬᠤ ᠠᠵᠢᠯ ᠢ ᠲᠤᠭ᠎ᠠ ᠴᠢᠨᠠᠷ ᠶᠣᠰᠣᠭᠠᠷ ᠰᠠᠶᠢᠲᠤᠷ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ | ᠲᠣᠭᠤᠷᠢᠨ ᠪᠠᠶᠢᠴᠠᠭᠠᠵᠤ ︽ᠮᠥᠷ ᠢᠶᠠᠨ ᠬᠠᠷᠠᠵᠤ︾ ᠴᠡᠭᠴᠡᠯᠡᠨ ᠥᠭᠡᠷᠡᠴᠢᠯᠡᠬᠦ ᠠᠵᠢᠯ ᠳᠤ ᠴᠡᠭᠴᠡᠯᠡᠨ | ᠥᠭᠡᠷᠡᠴᠢᠯᠡᠬᠦ ᠡᠷᠴᠢᠮ ᠢᠶᠠᠨ ᠴᠢᠩᠭᠠᠷᠠᠭᠤᠯᠬᠤ ᠶᠢ ᠲᠦᠷᠭᠡᠳᠬᠡᠨ᠂ ᠬᠡᠷᠡᠭ ᠢ ᠰᠠᠶᠢᠲᠤᠷ ᠡᠮᠬᠢᠯᠡᠨ ᠢᠯᠭᠠᠷᠠᠭᠤᠯᠵᠤ᠂ | ᠨᠢᠭᠡ ᠶᠢ ᠴᠡᠭᠴᠡᠯᠡᠨ ᠥᠭᠡᠷᠡᠴᠢᠯᠡᠪᠠᠯ ᠨᠢᠭᠡ ᠶᠢ ᠪᠠᠬᠢᠵᠢᠭᠦᠯᠵᠦ᠂ ᠴᠡᠭᠴᠡᠯᠡᠨ ᠥᠭᠡᠷᠡᠴᠢᠯᠡᠬᠦ ᠡᠭᠦᠷᠭᠡ ᠪᠠᠨ | ᠴᠠᠭ ᠲᠠᠭᠠᠨ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠵᠠᠢ᠃ |