ᠥᠪᠥᠷ ᠮᠣᠩᠭᠤᠯ ᠤᠨ ᠮᠠᠯ ᠤᠨ ᠡᠭᠦᠯᠳᠡᠷ ᠰᠠᠶᠢᠵᠢᠷᠠᠭᠤᠯᠤᠯᠲᠠ ᠶᠢᠨ ᠨᠣᠷᠮ᠎ᠠ 90%᠎ ᠶᠢ ᠳᠠᠪᠠᠪᠠ
ᠨᠡᠶᠢᠲᠡᠯᠡᠭᠰᠡᠨ ᠴᠠᠭ᠄
2017/12/7
     ᠡᠨᠡ ᠵᠢᠯ ᠠᠴᠠ ᠨᠠᠰᠢ᠂ ᠥᠪᠥᠷ ᠮᠣᠩᠭᠤᠯ ︽ᠬᠤᠣᠰ ᠵᠠᠭᠤ ᠮᠢᠩᠭ᠎ᠠ ᠲᠦᠮᠡ ᠶᠢᠨ ᠦᠨᠳᠦᠷ ᠥᠰᠥᠯᠲᠡ ᠶᠢ ᠡᠭᠦᠳᠦᠨ ᠪᠠᠶᠢᠭᠤᠯᠬᠤ ᠢᠨᠵᠧᠨᠧᠷᠢᠩ︾᠎ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠪᠦᠬᠦ ᠣᠷᠣᠨ ᠤ ᠮᠠᠯ ᠤᠨ ᠡᠭᠦᠯᠳᠡᠷ ᠤᠨ ᠰᠠᠶᠢᠵᠢᠷᠠᠭᠤᠯᠤᠯᠲᠠ ᠶᠢᠨ ᠨᠤᠷᠮ᠎ᠠ 90%᠎ ᠠᠴᠠ ᠳᠡᠭᠡᠭᠰᠢ ᠳᠤ ᠬᠦᠷᠪᠡ᠃      ᠮᠠᠨ ᠤ ᠣᠷᠣᠨ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠢᠳᠡᠰᠢᠨ ᠦᠬᠡᠷ ᠢᠳᠡᠰᠢᠨ ᠬᠤᠨᠢᠨ ᠤ ᠰᠠᠶᠢᠨ ᠡᠭᠦᠯᠳᠡᠷ ᠤᠨ ᠨᠥᠬᠦᠪᠥᠷᠢ ᠪᠡᠯᠡ ᠮᠥᠩᠭᠦ ᠶᠢ 2.4 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠵᠤ᠂ 10 ᠲᠦᠮᠡᠨ ᠬᠤᠴᠠ᠂ ᠢᠳᠡᠰᠢᠨ ᠦᠬᠡᠷ ᠤᠨ ᠰᠠᠶᠢᠨ ᠡᠭᠦᠯᠳᠡᠷ ᠤᠨ 350 ᠲᠦᠮᠡᠨ ᠢᠴᠡᠭᠡᠯ ᠦᠷ᠎ᠡ ᠳᠤ ᠨᠦᠬᠦᠪᠦᠷᠢ ᠦᠭᠴᠦ᠂ ᠮᠠᠯ ᠤᠨ ᠲᠤᠯᠤᠭᠠᠢ ᠨᠢᠭᠡᠴᠢ ᠶᠢᠨ ᠦᠰᠦᠯᠲᠡ ᠶᠢᠨ ᠬᠢᠷᠢ ᠬᠡᠮᠵᠢᠶ᠎ᠡ ᠮᠡᠳᠡᠭᠳᠡᠬᠦ᠋ᠢᠴᠡ ᠳᠡᠭᠡᠭᠰᠢᠯᠡᠪᠡ᠃ ︽11·5︾᠎ ᠤᠨ ᠡᠴᠦᠰ ᠤᠨ ᠬᠢ ᠲᠠᠢ ᠬᠠᠷᠢᠴᠠᠭᠤᠯᠪᠠᠯ᠂ ᠨᠤᠲᠤᠭ ᠤᠨ ᠡᠭᠦᠯᠳᠡᠷ ᠤᠨ ᠢᠳᠡᠰᠢᠨ ᠬᠤᠨᠢ ᠶᠢ ᠰᠣᠩᠭᠤᠨ ᠪᠤᠶᠢᠵᠢᠭᠤᠯᠬᠤ ᠪᠠᠷ ᠳᠠᠮᠵᠢᠨ ᠬᠡᠩᠭᠦᠳᠡᠭ ᠤᠨ ᠬᠦᠨᠳᠦ ᠶᠢ ᠨᠢ 2᠎ ᠠᠴᠠ 3 ᠺᠢᠯᠣᠭ᠍ᠷᠠᠮ ᠨᠡᠮᠡᠭᠳᠡᠭᠦᠯᠵᠦ᠂ ᠡᠷᠯᠢᠰᠡᠵᠢᠭᠦᠯᠦᠨ ᠰᠠᠶᠢᠵᠢᠷᠠᠭᠤᠯᠬᠤ ᠪᠠᠷ ᠳᠠᠮᠵᠢᠭᠤᠯᠤᠨ ᠬᠡᠩᠭᠦᠳᠡᠭ ᠤᠨ ᠬᠦᠨᠳᠦ ᠶᠢ ᠨᠢ 5 ᠺᠢᠯᠣᠭ᠍ᠷᠠᠮ ᠠᠴᠠ ᠳᠡᠭᠡᠭᠰᠢ ᠨᠡᠮᠡᠭᠳᠡᠭᠦᠯᠵᠦ᠂ ᠢᠳᠡᠰᠢᠨ ᠦᠬᠡᠷ ᠤᠨ ᠮᠢᠬ᠎ᠠ ᠶᠢ 10 ᠺᠢᠯᠣᠭ᠍ᠷᠠᠮ ᠠᠴᠠ ᠳᠡᠭᠡᠭᠰᠢ ᠨᠡᠮᠡᠭᠳᠡᠭᠦᠯᠵᠡᠢ᠃ ᠮᠠᠨ ᠤ ᠣᠷᠣᠨ ᠪᠠᠰᠠ ᠲᠠᠷᠢᠶᠠᠯᠠᠬᠤ ᠣᠷᠣᠨ ᠪᠠ ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ ᠳᠤ ᠬᠤᠨᠢ ᠶᠢ ᠬᠤᠶᠠᠷ ᠵᠢᠯ ᠳᠤ ᠭᠤᠷᠪᠠ ᠬᠤᠷᠠᠭᠠᠯᠠᠭᠤᠯᠬᠤ᠂ ᠨᠢᠭᠡ ᠯᠡ ᠳᠡᠭᠡᠷ᠎ᠡ ᠤᠯᠠᠨ ᠢᠬᠡᠷᠡᠯᠡᠭᠦᠯᠬᠦ ᠮᠡᠷᠭᠡᠵᠢᠯ ᠢ ᠳᠡᠯᠭᠡᠷᠡᠭᠦᠯᠵᠦ᠂ ᠲᠡᠵᠢᠭᠡᠨ ᠦᠷᠡᠵᠢᠭᠦᠯᠬᠦ ᠨᠡᠮᠡᠭᠳᠡᠯ ᠢ ᠮᠠᠯᠵᠢᠬᠤ ᠣᠷᠣᠨ ᠠᠴᠠ ᠲᠠᠷᠢᠶᠠᠯᠠᠬᠤ ᠣᠷᠣᠨ ᠳᠡᠰᠢ ᠰᠢᠯᠵᠢᠭᠦᠯᠬᠦ ᠶᠢ ᠪᠡᠶᠡᠯᠡᠭᠦᠯᠵᠦ᠂ ᠬᠤᠨᠢᠨ ᠮᠢᠬᠠᠨ ᠤ ᠬᠠᠩᠭᠠᠯᠭ᠎ᠠ ᠶᠢ ᠨᠡᠮᠡᠭᠳᠡᠭᠦᠯᠬᠦ ᠶᠢᠨ ᠬᠠᠮᠲᠤ ᠨᠤᠲᠤᠭ ᠪᠡᠯᠴᠢᠭᠡᠷ ᠤᠨ ᠠᠮᠢ ᠠᠬᠤᠶ ᠶᠢᠨ ᠳᠠᠷᠤᠯᠲᠠ ᠶᠢ ᠬᠦᠩᠭᠡᠷᠡᠭᠦᠯᠪᠡ᠃      ᠮᠠᠨ ᠤ ᠣᠷᠣᠨ 2512 ᠲᠦᠮᠡᠨ ᠲᠦᠬᠦᠷᠢᠭ ᠤᠨ ᠪᠡᠯᠡ ᠮᠥᠩᠭᠦ ᠲᠣᠬᠢᠷᠠᠭᠤᠯᠵᠤ᠂ ᠨᠤᠲᠤᠭ ᠤᠨ ᠡᠭᠦᠯᠳᠡᠷ ᠢᠶᠠᠷ ᠭᠤᠤᠯ ᠪᠤᠯᠭᠠᠭᠰᠠᠨ ᠬᠤᠴᠠ ᠤᠬᠤᠨ᠎ᠠ ᠶᠢᠨ ᠲᠠᠯᠠᠪᠠᠢ 81᠎ ᠶᠢ ᠰᠢᠨ᠎ᠡ ᠪᠠᠷ ᠪᠠᠶᠢᠭᠤᠯᠵᠤ᠂ ᠣᠳᠣᠬᠠᠨ ᠳᠤ ᠪᠦᠭᠦ ᠣᠷᠣᠨ ᠳᠤ ᠬᠤᠴᠠ ᠤᠬᠤᠨ᠎ᠠ ᠶᠢᠨ ᠲᠠᠯᠠᠪᠠᠢ 368 ᠪᠠᠶᠢᠵᠤ᠂ ᠵᠢᠯ ᠳᠤ 20 ᠲᠦᠮᠡᠨ ᠬᠤᠴᠠ ᠬᠠᠩᠭᠠᠬᠤ ᠦᠢᠯᠡᠳᠪᠦᠷᠢᠯᠡᠯ ᠤᠨ ᠴᠢᠳᠠᠪᠤᠷᠢ ᠲᠠᠢ ᠪᠤᠯᠤᠭᠰᠠᠨ ᠪᠠᠶᠢᠨ᠎ᠠ᠂ ᠡᠭᠦᠨ ᠳᠤ ᠭᠠᠳᠠᠭᠠᠳᠤ ᠠᠴᠠ ᠤᠷᠤᠭᠤᠯᠤᠨ ᠠᠪᠴᠢᠷᠠᠭᠰᠠᠨ ᠡᠭᠦᠯᠳᠡᠷ ᠰᠠᠶᠢᠲᠠᠢ ᠬᠤᠴᠠ ᠶᠢ ᠤᠷᠤᠨ ᠤ ᠳᠤᠲᠤᠷ᠎ᠠ ᠴᠡᠪᠡᠷ ᠡᠭᠦᠯᠳᠡᠷᠵᠢᠭᠦᠯᠬᠦ᠂ ᠲᠤᠰ ᠨᠤᠲᠤᠭ ᠲᠤ ᠰᠤᠷᠭᠠᠨ ᠳᠠᠰᠬᠠᠬᠤ ᠪᠠᠷ ᠳᠠᠮᠵᠢᠨ᠂ ᠬᠤᠴᠠ ᠬᠠᠩᠭᠠᠬᠤ ᠴᠢᠳᠠᠪᠤᠷᠢ ᠶᠢ 5 ᠲᠦᠮᠡ ᠠᠴᠠ ᠳᠠᠪᠠᠭᠤᠯᠵᠠᠢ ᠃ ᠡᠭᠦᠨ ᠠᠴᠠ ᠭᠠᠳᠠᠨ᠎ᠠ᠂ ᠮᠠᠨ ᠤ ᠣᠷᠣᠨ ᠥᠪᠡᠷᠲᠡᠭᠡᠨ ᠵᠠᠰᠠᠬᠤ ᠣᠷᠣᠨ ᠤ ︽ᠨᠤᠯᠤᠤᠷ ᠤᠨ ᠠᠵᠤ ᠦᠶᠯᠡᠰ ᠢ ᠬᠥᠭᠵᠢᠭᠦᠯᠬᠦ ᠲᠤᠬᠠᠶ ᠰᠠᠨᠠᠯ︾᠎ ᠢ ᠦᠷᠭᠦᠯᠵᠢᠯᠡᠨ ᠨᠠᠶᠢᠳᠠᠪᠤᠷᠢᠵᠢᠭᠤᠯᠵᠤ᠂ 3800 ᠲᠦᠮᠡᠨ ᠲᠦᠬᠦᠷᠢᠭ ᠤᠨ ᠨᠥᠬᠦᠪᠥᠷᠢ ᠪᠡᠯᠡ ᠮᠥᠩᠭᠦ ᠲᠣᠬᠢᠷᠠᠭᠤᠯᠵᠤ᠂ ᠨᠣᠯᠤᠤᠷ ᠤᠨ ᠢᠮᠠᠭᠠᠨ ᠤ ᠭᠤᠣᠯ ᠭᠠᠷᠤᠯᠲᠠ ᠶᠢᠨ ᠣᠷᠣᠨ ᠳᠤ ᠰᠠᠭᠤᠷᠢ ᠡᠮ᠎ᠡ ᠢᠮᠠᠭ᠎ᠠ 28 ᠲᠦᠮᠡ᠂ ᠤᠬᠤᠨ᠎ᠠ 800᠂ ᠵᠤᠬᠢᠶᠠᠮᠠᠯ ᠬᠡᠬᠡᠯᠳᠦᠭᠦᠯᠭᠡ ᠶᠢᠨ ᠦᠷᠲᠡᠭᠡ 80᠂ ᠦᠢᠯᠡᠳᠪᠦᠷᠢᠯᠡᠯ ᠤᠨ ᠴᠢᠨᠠᠷ ᠢ ᠬᠡᠮᠵᠢᠨ ᠲᠣᠭᠲᠠᠭᠠᠬᠤ ᠥᠷᠲᠡᠭᠡ 12᠂ ᠨᠣᠯᠤᠤᠷ ᠤᠨ ᠢᠮᠠᠭᠠᠨ ᠤ ᠦᠷ᠎ᠡ ᠶᠢᠨ ᠮᠠᠯ ᠬᠠᠮᠠᠭᠠᠯᠠᠬᠤ ᠲᠠᠯᠠᠪᠠᠢ 10᠎ ᠳᠤ ᠨᠦᠬᠦᠪᠦᠷᠢ ᠦᠭᠴᠦ᠂ ᠲᠡᠵᠢᠭᠡᠨ ᠦᠷᠡᠵᠢᠭᠦᠯᠬᠦ ᠡᠷᠦᠬᠡ ᠶᠢᠨ ᠡᠭᠦᠯᠳᠡᠷ ᠰᠠᠶᠢᠲᠠᠶ ᠨᠣᠯᠤᠤᠷ ᠤᠨ ᠢᠮᠠᠭ᠎ᠠ ᠲᠡᠵᠢᠭᠡᠬᠦ ᠢᠳᠡᠪᠬᠢᠵᠢᠯ ᠢ ᠨᠢ ᠳᠠᠶᠢᠴᠢᠯᠠᠵᠤ᠂ ᠢᠮᠠᠭᠠᠨ ᠨᠣᠯᠤᠤᠷ ᠢ ᠪᠠᠷᠢᠮᠵᠢᠶᠠᠵᠢᠭᠤᠯᠬᠤ ᠦᠢᠯᠡᠳᠪᠦᠷᠢᠯᠡᠯ ᠢ ᠠᠬᠢᠭᠤᠯᠵᠤ᠂ ᠨᠣᠯᠤᠤᠷ ᠤᠨ ᠢᠮᠠᠭᠠᠨ ᠤ ᠰᠠᠶᠢᠨ ᠡᠭᠦᠯᠳᠡᠷ ᠤᠨ ᠡᠬᠢ ᠪᠠᠶᠠᠯᠢᠭ ᠢ ᠬᠠᠮᠠᠭᠠᠯᠠᠬᠤ ᠡᠷᠴᠢᠮ ᠢ ᠴᠢᠩᠭᠠᠷᠠᠭᠤᠯᠪᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号