ᠮᠠᠨ ᠤ ᠣᠷᠣᠨ ᠤ ᠮᠠᠯ ᠠᠵᠤ ᠠᠬᠤᠶ ᠶᠢᠨ ᠦᠢᠯᠡᠳᠪᠦᠷᠢᠯᠡᠯ ︽ᠠᠷᠪᠠᠨ ᠭᠤᠷᠪᠠᠨ ᠵᠢᠯ ᠳᠠᠷᠠᠭᠠᠯᠠᠭᠰᠠᠨ ᠲᠣᠭᠲᠠᠭᠤᠨ ᠪᠠᠶᠢᠳᠠᠯ︾᠎ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2017/12/9
     ᠠᠵᠢᠯ ᠲᠥᠷᠥᠯ ᠤᠨ ᠲᠤᠭ᠎ᠠ ᠪᠦᠷᠢᠳᠬᠡᠯ ᠤᠨ ᠪᠠᠷᠢᠮᠲᠠ ᠠᠴᠠ ᠦᠵᠡᠪᠡᠯ᠂ ᠡᠨᠡ ᠵᠢᠯ ᠮᠠᠨ ᠤ ᠣᠷᠣᠨ ᠤ ᠮᠠᠯ ᠎ ᠤᠨ ᠲᠤᠭ᠎ᠠ ᠲᠣᠯᠣᠭᠠᠶ 1.42 ᠳ᠋ᠦᠩᠰᠢᠭᠤᠷ ᠲᠦᠮᠨ ᠬᠦᠷᠴᠦ᠂ 13 ᠵᠢᠯ ᠳᠠᠷᠠᠭᠠᠯᠠᠨ 1 ᠳ᠋ᠦᠩᠰᠢᠭᠤᠷ ᠢ ᠳᠠᠪᠠᠵᠤ᠂ ︽ᠠᠷᠪᠠᠨ ᠭᠤᠷᠪᠠᠨ ᠵᠢᠯ ᠳᠠᠷᠠᠭᠠᠯᠠᠭᠰᠠᠨ ᠲᠣᠭᠲᠠᠭᠤᠨ ᠪᠠᠶᠢᠳᠠᠯ︾᠎ ᠢ ᠪᠡᠶᠡᠯᠡᠭᠦᠯᠪᠡ᠃ ᠵᠢᠱᠢᠯᠲᠡ ᠪᠠᠷ ᠡᠨᠡ ᠵᠢᠯ ᠤᠨ ᠮᠢᠬᠠᠨ ᠤ ᠵᠦᠢᠯ ᠤᠨ ᠭᠠᠷᠤᠯᠲᠠ 330 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.5% ᠨᠡᠮᠡᠭᠳᠡᠬᠦ ᠪᠣᠯᠣᠨ᠎ᠠ᠃ ᠡᠭᠦᠨ ᠳᠤ᠄ ᠭᠠᠭ᠋ᠠᠶ ᠶᠢᠨ ᠮᠢᠬᠠᠨ ᠤ ᠭᠠᠷᠤᠯᠲᠠ 129 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11% ᠨᠡᠮᠡᠭᠳᠡᠨ᠎ᠡ︔ ᠦᠬᠡᠷ ᠤᠨ ᠮᠢᠬᠠᠨ ᠤ ᠭᠠᠷᠤᠯᠲᠠ 80 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.5% ᠨᠡᠮᠡᠭᠳᠡᠨ᠎ᠡ︔ ᠬᠤᠨᠢᠨ ᠮᠢᠬᠠᠨ ᠤ ᠭᠠᠷᠤᠯᠲᠠ 97 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.1% ᠨᠡᠮᠡᠭᠳᠡᠨ᠎ᠡ︔ ᠵᠢᠭᠦᠷᠲᠡᠨ ᠤ ᠮᠢᠬᠠᠨ ᠤ ᠭᠠᠷᠤᠯᠲᠠ 21 ᠲᠦᠮᠡᠨ ᠲᠣᠨ᠂ ᠵᠢᠭᠦᠷᠲᠡᠨ ᠤ ᠥᠨᠳᠡᠭᠡ 60 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠲᠠᠢ ᠦᠨᠳᠦᠰᠦᠨ ᠳᠡᠭᠡᠨ ᠲᠡᠩᠴᠡᠨ᠎ᠡ︔ ᠦᠨᠢᠶᠡᠨ ᠰᠦ ᠶᠢᠨ ᠭᠠᠷᠤᠯᠲᠠ 510 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.2% ᠪᠠᠭᠤᠷᠠᠬᠤ ᠪᠣᠯᠣᠨ᠎ᠠ᠃      ᠡᠨᠡ ᠵᠢᠯ ᠠᠴᠠ ᠨᠠᠰᠢ᠂ ᠮᠠᠨ ᠤ ᠣᠷᠣᠨ ᠰᠢᠨ᠎ᠡ ᠬᠡᠯᠪᠡᠷᠢ ᠶᠢᠨ ᠬᠡᠪᠴᠢᠶᠡᠲᠦ ᠲᠡᠵᠢᠭᠡᠨ ᠦᠷᠡᠵᠢᠭᠦᠯᠵᠤ ᠡᠵᠡᠩᠨᠡᠬᠦ ᠭᠤᠣᠯ ᠴᠣᠭᠴᠠ ᠶᠢ ᠲᠦᠷᠭᠡᠪᠴᠢᠯᠡᠨ ᠪᠤᠶᠢᠵᠢᠭᠤᠯᠵᠤ᠂ ᠤᠯᠤᠰ ᠤᠨ ᠮᠠᠯ ᠵᠢᠭᠦᠷᠲᠡᠨ ᠤ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠵᠤ ᠡᠭᠦᠳᠦᠨ ᠪᠠᠶᠢᠭᠤᠯᠬᠤ ᠪᠠᠷ ᠳᠠᠭᠠᠭᠤᠯᠤᠭᠴᠢ ᠪᠣᠯᠭᠠᠵᠤ᠂ ᠭᠠᠵᠠᠷ ᠰᠢᠷᠣᠶ ᠪᠠ ᠬᠠᠳᠤᠯᠠᠩ ᠪᠡᠯᠴᠢᠭᠡᠷ ᠢ ᠲᠡᠵᠢᠭᠡᠪᠦᠷᠢ ᠶᠢᠨ ᠲᠤᠮᠤ ᠡᠷᠤᠭᠡ᠂ ᠭᠡᠷ ᠪᠦᠯᠢ ᠶᠢᠨ ᠮᠠᠯᠵᠢᠯ ᠎ ᠤᠨ ᠲᠠᠯᠠᠪᠠᠢ᠂ ᠬᠤᠷᠰᠢᠶᠠᠵᠢᠯ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠵᠦᠭ ᠡᠷᠭᠢᠯᠳᠦᠭᠦᠯᠬᠦ ᠎ ᠶᠢ ᠵᠣᠷᠢᠭᠵᠢᠭᠤᠯᠵᠤ᠂ ᠪᠠᠷᠢᠮᠵᠢᠶᠠᠵᠢᠭᠰᠠᠨ ᠬᠡᠪᠴᠢᠶᠡᠲᠦ ᠲᠡᠵᠢᠭᠡᠨ ᠦᠷᠡᠵᠢᠭᠦᠯᠬᠦ ᠶᠢ ᠶᠡᠬᠡᠪᠡᠷ ᠲᠦᠯᠬᠢᠨ ᠠᠬᠢᠭᠤᠯᠵᠤ᠂ ᠬᠡᠪᠴᠢᠶᠡᠲᠦ ᠡᠵᠡᠩᠨᠡᠯᠲᠡ ᠶᠢᠨ ᠦᠷ᠎ᠡ ᠠᠰᠢᠭ ᠠᠩᠬ᠎ᠠ ᠠᠯᠬᠤᠮ ᠢᠯᠡᠷᠡᠵᠡᠢ᠃ ᠡᠨᠡ ᠵᠢᠯ᠂ ᠪᠦᠬᠦ ᠣᠷᠣᠨ ᠤᠯᠤᠰ ᠤᠨ ᠪᠠᠷᠢᠮᠵᠢᠶᠠᠵᠢᠭᠰᠠᠨ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠳᠤ 1.033 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠨᠠᠶᠢᠳᠠᠪᠤᠷᠢᠵᠢᠭᠤᠯᠵᠤ᠂ 231 ᠭᠡᠷ ᠪᠦᠯᠢ ᠶᠢᠨ ᠮᠠᠯᠵᠢᠯ ᠤᠨ ᠲᠠᠯᠠᠪᠠᠢ ᠪᠠ ᠪᠠᠷᠢᠮᠵᠢᠶᠠᠵᠢᠭᠤᠯᠤᠭᠰᠠᠨ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠶᠢ ᠲᠡᠳᠬᠦᠨ ᠳᠡᠮᠵᠢᠵᠦ᠂ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ ᠶᠢᠨ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠠᠢ᠃ ᠣᠳᠣ᠂ ᠪᠦᠬᠦ ᠣᠷᠣᠨ ᠤ ᠮᠠᠯ ᠵᠢᠭᠦᠷᠲᠡᠨ ᠤ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ 10 ᠲᠦᠮᠡ ᠭᠠᠷᠤᠶ ᠳᠤ ᠬᠦᠷᠴᠦ᠂ ᠮᠠᠯ ᠵᠢᠭᠦᠷᠲᠡᠨ ᠤ ᠪᠦᠬᠦᠯᠢ ᠴᠣᠭᠴᠠ ᠶᠢᠨ ᠬᠡᠪᠴᠢᠶᠡᠵᠢᠯ ᠤᠨ ᠨᠤᠷᠮ᠎ᠠ 68.2%᠎ ᠲᠤ ᠬᠦᠷᠴᠡᠢ᠃      ᠪᠦᠬᠦ ᠣᠷᠣᠨ ᠤ ᠡᠯ᠎ᠡ ᠭᠠᠵᠠᠷ ᠮᠠᠯ ᠠᠵᠤ ᠠᠬᠤᠶ ᠶᠢᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠡᠷᠭᠡᠶᠢᠯᠡᠯᠲᠡ ᠶᠢᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠬᠦ ᠶᠢ ᠲᠠᠰᠤᠷᠠᠯᠳᠠ ᠦᠭᠡᠢ ᠳᠦᠯᠬᠢᠨ ᠠᠬᠢᠭᠤᠯᠵᠤ᠂ ᠡᠷᠥᠭᠡ ᠶᠢᠨ ᠨᠥᠭᠡᠴᠡ ᠪᠠᠷ ᠭᠤᠣᠯ ᠪᠣᠯᠭᠠᠭᠰᠠᠨ᠂ ᠰᠤᠮᠤ ᠪᠤᠶᠤ ᠭᠠᠴᠠᠭ᠎ᠠ ᠳᠤ ᠳᠤᠮᠳᠠ ᠬᠡᠯᠪᠡᠷᠢ ᠶᠢᠨ ᠡᠪᠡᠰᠦ ᠪᠣᠷᠳᠤᠭ᠎ᠠ ᠨᠥᠭᠡᠴᠡᠯᠡᠬᠦ ᠬᠥᠮᠥᠷᠭᠡ ᠪᠠᠶᠢᠭᠤᠯᠬᠤ ᠪᠠᠷ ᠬᠠᠪᠰᠤᠷᠤᠮᠵᠢ ᠪᠣᠯᠭᠠᠭᠰᠠᠨ᠂ ᠬᠤᠰᠢᠭᠤ ᠰᠢᠶᠠᠨ ᠳᠤ ᠪᠠᠴᠢᠮ ᠪᠠᠶᠢᠳᠠᠯ ᠢ ᠠᠷᠭᠠᠴᠠᠬᠤ ᠨᠥᠭᠡᠴᠡᠯᠡᠬᠦ ᠲᠤᠮᠤ ᠬᠡᠯᠪᠡᠷᠢ ᠶᠢᠨ ᠡᠪᠡᠰᠦ ᠪᠣᠷᠳᠤᠭ᠎ᠠ ᠶᠢᠨ ᠬᠥᠮᠥᠷᠭᠡ ᠪᠠᠶᠢᠭᠤᠯᠬᠤ ᠪᠠᠷ ᠨᠥᠬᠦᠪᠥᠷᠢ ᠪᠣᠯᠭᠠᠭᠰᠠᠨ ᠡᠪᠡᠰᠦ ᠪᠣᠷᠳᠤᠭ᠎ᠠ ᠨᠥᠭᠡᠴᠡᠯᠡᠬᠦ ᠲᠣᠭᠲᠠᠴᠠ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠭᠤᠣᠯ ᠮᠠᠯᠵᠢᠬᠤ ᠣᠷᠣᠨ ᠬᠤᠰᠢᠭᠤ ᠰᠢᠶᠠᠨ ᠴᠥᠮ ᠲᠡᠵᠢᠭᠡᠯ ᠡᠪᠡᠰᠦᠨ ᠤ ᠪᠠᠴᠢᠮ ᠪᠠᠶᠢᠳᠠᠯ ᠢ ᠠᠷᠭᠠᠴᠠᠬᠤ ᠲᠡᠵᠢᠭᠡᠯ ᠡᠪᠡᠰᠦ ᠬᠠᠳᠠᠭᠠᠯᠠᠬᠤ ᠬᠥᠮᠥᠷᠭᠡ ᠶᠢ ᠪᠦᠬᠦᠨ ᠢᠶᠠᠷ ᠢᠶᠠᠨ ᠪᠠᠶᠢᠭᠤᠯᠵᠤ᠂ ᠮᠠᠯᠵᠢᠬᠤ ᠣᠷᠣᠨ ᠤ ᠬᠥᠬᠡ ᠬᠠᠭᠤᠷᠠᠶ ᠡᠪᠡᠰᠦ ᠪᠠᠶᠢᠩᠭᠤ ᠨᠥᠭᠡᠴᠡᠯᠡᠬᠦ ᠴᠢᠳᠠᠮᠵᠢ 140 ᠳ᠋ᠦᠩᠰᠢᠭᠤᠷ ᠺᠢᠯᠣᠭ᠍ᠷᠠᠮ ᠣᠷᠴᠢᠮ ᠳᠤ ᠬᠦᠷᠴᠦ᠂ ᠬᠤᠨᠢ ᠪᠠᠷ ᠨᠢᠭᠡᠴᠡ ᠪᠣᠯᠭᠠᠨ ᠡᠪᠦᠯᠵᠢᠬᠦ ᠮᠠᠯ ᠪᠦᠷᠢ ᠳᠤ 164 ᠺᠢᠯᠣᠭ᠍ᠷᠠᠮ ᠡᠪᠡᠰᠦ ᠬᠠᠳᠠᠭᠠᠯᠠᠵᠤ᠂ ᠮᠠᠯ ᠤᠨ ᠡᠪᠦᠯ ᠤᠨ 3 ᠰᠠᠷ᠎ᠠ ᠶᠢᠨ ᠬᠡᠷᠡᠭᠴᠡᠭᠡ ᠶᠢ ᠦᠨᠳᠦᠰᠦᠨ ᠳᠡᠭᠡᠨ ᠬᠠᠩᠭᠠᠵᠤ ᠴᠢᠳᠠᠬᠤ ᠪᠣᠯᠵᠠᠢ᠃ ᠡᠭᠦᠨ ᠠᠴᠠ ᠭᠠᠳᠠᠨ᠎ᠠ᠂ ᠡᠯ᠎ᠡ ᠭᠠᠵᠠᠷ ᠥᠪᠡᠷᠲᠡᠭᠡᠨ ᠵᠠᠰᠠᠬᠤ ᠣᠷᠣᠨ ᠤ ᠮᠠᠯ ᠠᠵᠤ ᠠᠬᠤᠶ ᠶᠢᠨ ᠭᠠᠮᠰᠢᠭ ᠢ ᠰᠡᠷᠭᠡᠶᠢᠯᠡᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠤᠯᠤᠰ ᠤᠨ ᠪᠠᠷᠢᠮᠵᠢᠶᠠᠵᠢᠭᠰᠠᠨ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ ᠶᠢᠨ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ᠂ ︽ᠨᠣᠭᠤᠭ᠎ᠠ ᠴᠠᠭ᠎ᠠ ︾᠎ ᠶᠢᠨ ᠪᠦᠲᠦᠭᠡᠭᠳᠡᠬᠦᠨ ᠤ ᠲᠥᠷᠥᠯ ᠵᠦᠢᠯ᠂ ᠪᠡᠭᠡᠵᠢᠩ ᠲᠢᠶᠠᠨᠵᠢᠨ ᠤ ᠰᠠᠯᠬᠢᠨ ᠡᠯᠡᠰᠦᠨ ᠤ ᠡᠬᠢ ᠶᠢ ᠵᠠᠰᠠᠬᠤ᠂ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠵᠡᠷᠭᠡ ᠰᠠᠭᠤᠷᠢ ᠪᠡᠯᠡᠳᠬᠡᠮᠵᠢ ᠶᠢᠨ ᠪᠦᠳᠦᠭᠡᠠ ᠪᠠᠶᠢᠭᠤᠯᠤᠯᠲᠠ ᠶᠢᠨ ᠲᠥᠷᠥᠯ ᠵᠦᠢᠯ ᠢ ᠠᠰᠢᠭᠯᠠᠨ᠂ ᠬᠠᠰᠢᠶ᠎ᠠ ᠰᠠᠷᠠᠪᠴᠢ ᠵᠡᠷᠭᠡ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦ ᠪᠠᠷ ᠢᠶᠠᠨ ᠥᠷᠨᠢᠭᠦᠯᠵᠦ᠂ ᠮᠠᠯ ᠢ ᠬᠠᠰᠢᠶᠠᠯᠠᠬᠤ ᠶᠢ ᠪᠦᠷᠢᠨ ᠪᠡᠶᠡᠯᠡᠭᠦᠯᠵᠦ ᠢᠯᠠᠩᠭᠤᠶ᠎ᠠ ᠮᠠᠯᠵᠢᠬᠤ ᠣᠷᠣᠨ ᠤ ᠥᠨᠢᠳᠡ ᠶᠢᠨ ᠴᠢᠨᠠᠷ ᠲᠠᠢ ᠳᠤᠯᠠᠭᠠᠨ ᠬᠠᠰᠢᠶ᠎ᠠ ᠶᠢ ᠢᠯᠡᠳᠲᠡ ᠨᠡᠮᠡᠭᠳᠡᠭᠦᠯᠵᠦ᠂ ᠲᠥᠯᠯᠡᠬᠦ ᠮᠠᠯ ᠪᠠ ᠲᠥᠯ ᠮᠠᠯ ᠳᠤ ᠳᠤᠯᠠᠭᠠᠨ ᠬᠠᠰᠢᠶ᠎ᠠ ᠲᠠᠢ ᠪᠣᠯᠭᠠᠵᠤ᠂ ᠡᠪᠦᠯᠵᠢᠬᠦ ᠮᠠᠯ ᠪᠦᠷᠢ ᠶᠢᠨ ᠳᠣᠯᠠᠭᠠᠨ ᠬᠠᠰᠢᠶ᠎ᠠ ᠶᠢ ᠬᠤᠨᠢ ᠪᠠᠷ ᠨᠢᠭᠡᠴᠢ ᠪᠣᠯᠭᠠᠨ 1.1 ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠳᠤ ᠬᠦᠷᠦᠭᠦᠯᠵᠦ᠂ ᠪᠤᠳᠠ ᠪᠠᠭ᠎ᠠ ᠮᠠᠯ ᠤᠨ ᠦᠷᠡᠵᠢᠯ ᠣᠨᠳᠣᠷᠣᠯᠲᠠ ᠶᠢᠨ ᠨᠤᠷᠮ᠎ᠠ ᠶᠢ 98.7%᠎ ᠳᠤ ᠬᠦᠷᠦᠭᠦᠯᠵᠦ᠂ ᠪᠦᠬᠦ ᠤᠯᠤᠰ ᠤᠨ ᠲᠠᠪᠤᠨ ᠲᠣᠮᠣ ᠮᠠᠯᠵᠢᠬᠤ ᠣᠷᠣᠨ ᠤ ᠳᠣᠲᠣᠷ᠎ᠠ ᠣᠷᠣᠶᠢᠯᠠᠬᠤ ᠲᠦᠪᠰᠢᠨ ᠳᠤ ᠭᠦᠷᠦᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号