ᠯᠢ ᠵᠢᠶ ᠾᠧᠩ᠄ ᠥᠪᠥᠷ ᠮᠣᠩᠭᠤᠯ ᠤᠨ ᠵᠢᠭᠤᠯᠴᠢᠯᠠᠯ ᠤᠨ ᠦᠢᠯᠡᠰ ᠤᠨ ᠬᠤᠷᠳᠤᠴᠠ ᠶᠢ ᠲᠥᠷᠭᠡᠳᠬᠡᠨ ᠬᠡᠮᠵᠢᠶ᠎ᠡ ᠶᠢ ᠥᠷᠭᠡᠳᠬᠡᠵᠦ  ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2017/2/10
 
     2 ᠳ᠋ᠤᠭᠠᠷ ᠰᠠᠷ᠎ᠠ ᠶᠢᠨ 9᠎ ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠯᠢ ᠵᠢᠶ ᠾᠧᠩ ᠪᠦᠬᠦ ᠣᠷᠣᠨ ᠤ ᠵᠢᠭᠤᠯᠴᠢᠯᠠᠯ ᠤᠨ ᠬᠥᠭᠵᠢᠯᠲᠡ ᠶᠢᠨ ᠶᠡᠭᠡ ᠬᠤᠷᠠᠯ ᠳᠡᠭᠡᠷ᠎ᠡ ᠵᠢᠭᠠᠵᠤ ᠭᠠᠷᠭᠠᠭᠰᠠᠨ ᠨᠢ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢᠨ ᠶᠡᠷᠦᠩᠬᠡᠶ ᠪᠠᠶᠢᠳᠠᠯ ᠠᠴᠠ ᠦᠵᠡᠪᠡᠯ ᠂ ᠬᠡᠷᠡᠭᠯᠡᠭᠡᠨ ᠤ ᠪᠦᠲᠦᠴᠡ ᠮᠠᠰᠢ ᠲᠦᠷᠭᠡᠨ ᠢᠶᠠᠷ ᠲᠡᠰ ᠳᠡᠪᠰᠢᠬᠦ ᠶᠢ ᠳᠠᠭᠠᠯᠳᠤᠨ᠂ ᠵᠢᠭᠤᠯᠴᠢᠯᠠᠯ ᠤᠨ ᠦᠢᠯᠡᠰ ᠨᠢ ᠶᠠᠭ ᠰᠢᠷᠦᠭᠦᠨ ᠨᠡᠮᠡᠭᠳᠡᠯ ᠤᠨ ᠱᠠᠲᠤᠨ ᠳᠤ ᠣᠷᠣᠰᠢᠵᠤ᠂ ᠨᠢᠭᠡᠨᠲᠡ ᠪᠦᠲᠦᠮᠵᠢᠲᠡᠶ ᠬᠠᠩᠭᠠᠯᠭ᠎ᠠ ᠰᠦᠷᠡᠬᠡᠶ ᠳᠤᠲᠠᠭᠳᠠᠵᠤ ᠪᠠᠶᠢᠭ᠎ᠠ ᠠᠵᠤ ᠦᠢᠯᠡᠰ ᠪᠣᠯᠵᠠᠶ᠃ ᠥᠭᠡᠷᠡᠴᠢᠯᠡᠯᠲᠡ ᠨᠡᠭᠡᠭᠡᠯᠳᠡ ᠬᠢᠭᠰᠡᠨ ᠠᠴᠠ ᠨᠠᠰᠢ᠂ ᠢᠯᠠᠩᠭᠤᠶ᠎ᠠ ᠰᠢᠨ᠎ᠡ ᠵᠠᠭᠤᠨ ᠳᠤ ᠤᠷᠤᠭᠰᠠᠨ ᠠᠴᠠ ᠨᠠᠰᠢ᠂ ᠮᠠᠨ ᠤ ᠤᠯᠤᠰ ᠤᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠡᠭᠡ ᠬᠡᠮᠵᠢᠶ᠎ᠡ ᠪᠠᠷ ᠨᠡᠮᠡᠭᠳᠡᠨ᠂ ᠬᠡᠷᠡᠭᠯᠡᠭᠡᠨ ᠤ ᠪᠦᠲᠦᠴᠡ ᠮᠠᠰᠢ ᠲᠦᠷᠭᠡᠨ ᠢᠶᠠᠷ ᠲᠡᠰ ᠳᠡᠪᠰᠢᠵᠦ᠂ ᠵᠢᠭᠤᠯᠴᠢᠯᠠᠯ ᠨᠢ ᠴᠥᠭᠡᠨ ᠲᠣᠭᠠᠨ ᠤ ᠬᠥᠮᠦᠰ ᠤᠨ ᠪᠦᠷᠢᠯᠭᠡᠮᠡᠲᠡᠭᠡᠶ ᠬᠡᠷᠡᠭᠯᠡᠭᠡ ᠪᠠᠶᠢᠭᠰᠠᠨ ᠠᠴᠠ ᠪᠠᠨ ᠠᠯᠬᠤᠮ ᠠᠯᠬᠤᠮ ᠢᠶᠠᠷ ᠡᠭᠡᠯ ᠠᠷᠠᠳ ᠤᠳ ᠤᠨ ᠲᠤᠲᠠᠭᠳᠠᠵᠤ ᠪᠣᠯᠣᠰᠢ ᠦᠭᠡᠢ ᠬᠡᠷᠡᠭᠯᠡᠭᠡ ᠪᠣᠯᠣᠭᠰᠠᠨ ᠪᠠᠶᠢᠨ᠎ᠠ᠃ ᠣᠯᠠᠨ ᠤᠯᠤᠰ ᠤᠨ ᠡᠩ ᠤᠨ ᠵᠢᠮ᠎ᠡ ᠶᠣᠰᠣ ᠪᠠᠷ᠂ ᠬᠥᠮᠦᠨ ᠳᠤᠮᠳᠠᠴᠢ ᠶᠢᠨ GDP᠎ ᠨᠢ 5000 ᠳ᠋ᠣᠯᠯᠠᠷ ᠢ ᠳᠠᠪᠠᠭ᠋ᠤ ᠳᠤ᠂  ᠵᠢᠭᠤᠯᠴᠢᠯᠠᠯ ᠤᠨ ᠬᠡᠷᠡᠭᠴᠡᠭᠡ ᠱᠠᠭᠠᠷᠳᠠᠯᠭ᠎ᠠ ᠨᠢ ᠳᠠᠷᠤᠢ ᠰᠢᠷᠦᠭᠦᠨ ᠨᠡᠮᠡᠭᠳᠡᠳᠡᠭ᠂ ᠭᠡᠲᠡᠯ᠎ᠡ ᠮᠠᠨ ᠤ ᠤᠯᠤᠰ ᠤᠨ ᠬᠥᠮᠦᠨ ᠳᠤᠮᠳᠠᠴᠢ ᠶᠢᠨ GDP ᠨᠢᠭᠡᠨᠲᠡ 8000 ᠳ᠋ᠦᠩᠰᠢᠭᠤᠷ ᠳ᠋ᠣᠯᠯᠠᠷ ᠲᠤ ᠬᠦᠷᠴᠦ᠂ ᠮᠠᠨ ᠤ ᠣᠷᠣᠨ ᠤ ᠬᠥᠮᠦᠨ ᠳᠤᠮᠳᠠᠴᠢ ᠶᠢᠨ GDP ᠨᠢᠭᠡᠨᠲᠡ 1.1 ᠲᠦᠮᠡᠨ ᠳ᠋ᠣᠯᠯᠠᠷ ᠢ ᠳᠠᠪᠠᠵᠤ᠂ ᠳᠡᠭᠡᠳᠦ ᠬᠤᠷᠳᠤᠴᠠᠲᠤ ᠲᠡᠮᠦᠷ ᠵᠠᠮ ᠤᠨ ᠴᠠᠭ ᠦᠶ᠎ᠡ᠂ ᠮᠡᠳᠡᠭᠡ ᠵᠠᠩᠭᠢ ᠶᠢᠨ ᠴᠠᠭ ᠦᠶ᠎ᠡ ᠲᠠᠢ ᠬᠠᠮᠲᠤ ᠪᠠᠷ ᠨᠢᠭᠡᠨ  ᠬᠠᠮ ᠵᠢᠭᠤᠯᠴᠢᠯᠠᠯ ᠤᠨ ᠴᠠᠭ ᠦᠶ᠎ᠡ ᠶᠠᠭ ᠦᠳᠲᠡᠷ ᠲᠦᠷᠭᠡᠨ ᠥᠷᠨᠢᠵᠦ ᠡᠬᠢᠯᠡᠪᠡ᠃  2004 ᠣᠨ ᠠᠴᠠ ᠡᠬᠢᠯᠡᠨ ᠮᠠᠨ ᠤ ᠤᠯᠤᠰ ᠤᠨ ᠵᠢᠭᠤᠯᠴᠢᠯᠠᠯ ᠤᠨ ᠬᠡᠷᠡᠭᠯᠡᠭᠡᠨ ᠤ ᠨᠡᠮᠡᠭᠳᠡᠯ ᠨᠢ ᠠᠵᠤ ᠠᠬᠤᠶ ᠶᠢᠨ ᠨᠡᠮᠡᠭᠳᠡᠯ ᠠᠴᠠ ᠦᠨᠳᠦᠷ ᠪᠠᠶᠢᠵᠤ᠂ ᠮᠠᠨ ᠤ ᠣᠷᠣᠨ ᠤ ︽12· 5︾᠎ ᠶᠢᠨ ᠬᠤᠭᠤᠴᠠᠭᠠᠨ ᠳᠤ ᠲᠣᠰᠴᠤ ᠠᠪᠤᠭᠰᠠᠨ ᠵᠢᠭᠤᠯᠴᠢᠯᠠᠯ ᠤᠨ ᠬᠦᠮᠦᠨ ᠤ ᠲᠤᠭ᠎ᠠ ᠪᠣᠯᠤᠨ ᠵᠢᠭᠤᠯᠴᠢᠯᠠᠯ ᠤᠨ ᠪᠦᠬᠦ ᠣᠷᠣᠯᠭ᠎ᠠ ᠨᠢ ᠵᠢᠯ ᠪᠦᠷᠢ ᠳᠤᠮᠳᠠᠴᠢ ᠪᠠᠷ ᠲᠤᠰ ᠲᠤᠰ 12%᠂ 26%᠎ ᠪᠠᠷ ᠨᠡᠮᠡᠭᠳᠡᠵᠦ᠂ ᠵᠢᠭᠤᠯᠴᠢᠯᠠᠯ  ᠤᠨ ᠦᠢᠯᠡᠰ ᠤᠨ ᠠᠰᠤᠷᠤ ᠶᠡᠭᠡ ᠬᠥᠭᠵᠢᠯᠲᠡ ᠶᠢᠨ ᠬᠠᠨᠳᠤᠰᠢ ᠨᠢᠭᠡᠨᠲᠡ ᠪᠤᠢ ᠪᠣᠯᠤᠭᠰᠠᠨ ᠶᠤᠮ᠃ ᠡᠭᠦᠨ ᠤ  ᠵᠡᠷᠭᠡᠴᠡᠪᠡᠷ᠂ ᠦᠷᠨᠢᠨ ᠬᠦᠭᠵᠢᠵᠦ ᠪᠠᠶᠢᠭ᠎ᠠ ᠵᠠᠬ᠎ᠠ ᠳᠡᠯᠭᠡᠭᠦᠷ ᠤᠨ ᠬᠡᠷᠡᠭᠴᠡᠭᠡ ᠲᠠᠢ ᠬᠠᠷᠢᠴᠠᠭᠤᠯᠪᠠᠯ᠂ ᠵᠢᠭᠤᠯᠴᠢᠯᠠᠯ ᠤᠨ ᠦᠢᠯᠡᠰ ᠨᠢ ᠶᠡᠷᠦᠩᠬᠡᠢ ᠳᠡᠭᠡᠨ ᠪᠠᠰᠠ ᠯᠡ ᠬᠠᠩᠭᠠᠯᠭ᠎ᠠ ᠬᠦᠷᠦᠯᠴᠡᠬᠦ ᠦᠭᠡᠢ ᠪᠠᠶᠢᠳᠠᠯ ᠳᠤ ᠣᠷᠣᠰᠢᠵᠤ ᠪᠠᠶᠢᠬᠤ᠂ ᠢᠯᠠᠩᠭᠤᠶ᠎ᠠ ᠴᠢᠨᠠᠷ ᠰᠠᠶᠢᠲᠠᠢ᠂ ᠪᠦᠲᠦᠭᠡᠯᠴᠢ ᠰᠡᠳᠬᠢᠬᠦᠢ ᠲᠠᠢ᠂ ᠵᠦᠷᠢᠶᠡᠴᠢᠯᠡᠭᠰᠡᠨ ᠵᠢᠭᠤᠯᠴᠢᠯᠠᠯ ᠤᠨ ᠲᠥᠷᠥᠯ ᠵᠦᠢᠯ ᠪᠠ ᠦᠢᠯᠡᠴᠢᠯᠡᠭᠡ ᠳᠤᠲᠠᠭᠳᠠᠵᠤ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠪᠣᠯᠤᠮᠠᠭᠴᠨ ᠦᠵᠡᠮᠵᠢᠲᠦ ᠣᠷᠣᠨ ᠦᠵᠡᠮᠵᠢ ᠶᠢᠨ ᠭᠠᠵᠠᠷ ᠲᠤ ᠬᠥᠮᠦᠨ ᠣᠯᠠᠳᠠᠨ᠂ ᠲᠡᠷᠭᠡᠨ  ᠥᠷᠲᠡᠭᠡ ᠨᠢᠰᠬᠡᠯ ᠤᠨ ᠪᠠᠭᠤᠳᠠᠯ ᠳᠤ ᠳᠠᠯᠠᠢ ᠣᠯᠠᠨ ᠬᠥᠮᠥᠨ ᠴᠣᠭᠯᠠᠷᠠᠳᠠᠭ ᠠᠴᠠ ᠵᠢᠭᠤᠯᠴᠢᠯᠠᠯ ᠤᠨ ᠬᠠᠩᠭᠠᠯᠭ᠎ᠠ ᠬᠡᠷᠡᠭᠴᠡᠭᠡ ᠨᠢᠭᠡᠨᠲᠡ ᠲᠡᠩᠴᠡᠭᠦᠷᠢ ᠪᠠᠨ ᠬᠦᠨᠳᠦ ᠨᠣᠴᠢᠲᠠᠶ ᠠᠯᠳᠠᠭᠰᠠᠨ ᠢ ᠭᠦᠢᠴᠡᠳ ᠬᠠᠷᠠᠭᠤᠯᠵᠤ ᠪᠠᠶᠢᠬᠤ ᠶᠢ ᠣᠯᠵᠣ ᠦᠵᠡᠬᠦ ᠬᠡᠷᠡᠭᠲᠡᠢ᠃ ᠰᠤᠪᠢᠵᠤ ᠵᠢᠱᠢᠪᠡᠯ᠂ ︽13· 5︾᠎ ᠎ ᠶᠢᠨ ᠬᠤᠭᠤᠴᠠᠭ᠎ᠠ ᠴᠢᠨᠠᠭᠰᠢᠯᠠᠪᠠᠯ ᠨᠡᠩ ᠤᠷᠳᠤ ᠬᠤᠭᠤᠴᠠᠭᠠᠨ ᠳᠤ᠂ ᠵᠢᠭᠤᠯᠴᠢᠯᠠᠯ ᠤᠨ ᠦᠢᠯᠡᠰ ᠨᠢ ᠮᠦᠨᠬᠦ ᠳᠡᠭᠡᠳᠦ ᠬᠤᠷᠳᠤᠴᠠ ᠪᠠᠷ ᠨᠡᠮᠡᠭᠳᠡᠬᠦ ᠪᠠᠶᠢᠳᠠᠯ ᠎ ᠲᠠᠢ ᠪᠠᠶᠢᠨ᠎ᠠ᠂ ᠭᠠᠭᠴᠠ ᠬᠦ ᠰᠠᠶᠢᠨ ᠲᠦᠷᠦᠯ ᠵᠦᠢᠯ᠂ ᠰᠠᠶᠢᠨ ᠨᠡᠷᠡᠳᠬᠦᠨ᠂ ᠰᠠᠶᠢᠨ ᠦᠢᠯᠡᠴᠢᠯᠡᠭᠡ ᠲᠠᠢ ᠪᠠᠶᠢᠬᠤ ᠳᠤ ᠬᠦᠷᠪᠡᠯ᠂ ᠵᠢᠭᠤᠯᠴᠢᠯᠠᠬᠤ ᠵᠣᠴᠢᠳ ᠤᠨ ᠢᠷᠡᠯᠲᠡ ᠪᠣᠯᠣᠨ ᠵᠠᠬ᠎ᠠ ᠳᠡᠯᠭᠡᠭᠦᠷ ᠨᠢ ᠠᠰᠠᠭᠤᠳᠠᠯ ᠪᠣᠯᠬᠤ ᠦᠭᠡᠢ ᠶᠤᠮ᠃ ᠡᠨᠡᠬᠦ ᠬᠠᠷᠠᠭᠠᠰᠤ ᠠᠴᠠ ᠠᠪᠴᠤ ᠬᠡᠯᠡᠪᠡᠯ᠂ ᠵᠢᠭᠤᠯᠴᠢᠯᠠᠯ ᠤᠨ ᠦᠢᠯᠡᠰ ᠨᠢ ᠶᠠᠭ ᠬᠥᠭᠵᠢᠯᠲᠡ ᠶᠢᠨ ᠰᠢᠵᠢᠷ ᠠᠯᠳᠠᠨ ᠴᠠᠭ ᠬᠤᠭᠤᠴᠠᠭᠠᠨ ᠳᠤ ᠣᠷᠣᠰᠢᠵᠤ ᠪᠠᠶᠢᠬᠤ᠂ ᠮᠥᠷᠲᠡᠭᠡᠨ ᠪᠠᠰᠠ ᠬᠡᠯᠪᠡᠷᠢ ᠪᠠᠨ ᠬᠤᠪᠢᠷᠠᠭᠤᠯᠬᠤ ᠰᠢᠪᠲᠤᠯᠤᠯᠲᠠ ᠶᠢᠨ ᠬᠤᠭᠤᠴᠠᠭ᠎ᠠ ᠪᠠ ᠵᠥᠷᠢᠴᠡᠯ ᠳᠣᠪᠤᠶᠢᠮ᠎ᠠ ᠣᠷᠣᠰᠢᠬᠤ ᠬᠤᠭᠤᠴᠠᠭ᠎ᠠ ᠳᠤ ᠣᠷᠣᠰᠢᠵᠤ ᠪᠠᠶᠢᠬᠤ ᠪᠣᠯᠬᠤᠷ᠂ ᠡᠷᠬᠡᠪᠰᠢ ᠴᠠᠭ ᠲᠣᠬᠢᠶᠠᠯ ᠢ ᠵᠠᠪᠳᠤᠨ᠂ ᠬᠥᠭᠵᠢᠯᠲᠡ ᠶᠢ ᠬᠦᠴᠦᠯᠡᠨ ᠠᠳᠬᠤᠵᠤ᠂ ᠬᠡᠯᠪᠡᠷᠢ ᠪᠠᠨ ᠬᠤᠪᠢᠷᠠᠭᠤᠯᠬᠤ ᠶᠢ ᠴᠢᠩᠭ᠎ᠠ ᠠᠳᠬᠤᠵᠤ᠂ ᠮᠠᠨ ᠤ ᠣᠷᠣᠨ ᠤ  ᠵᠢᠭᠤᠯᠴᠢᠯᠠᠯ ᠤᠨ ᠦᠢᠯᠡᠰ ᠤᠨ ᠬᠤᠷᠳᠤᠴᠠ ᠶᠢ ᠨᠡᠮᠡᠭᠳᠡᠭᠦᠯᠦᠨ ᠬᠡᠮᠵᠢᠶ᠎ᠡ ᠶᠢ ᠥᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠬᠦᠴᠦᠯᠡᠨ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号