ᠦᠪᠦᠷ ᠮᠣᠩᠭᠤᠯ ᠤᠨ ᠲᠤᠰᠬᠠᠶ ᠠᠰᠢᠭ ᠭᠤᠶᠤᠴᠢᠯᠠᠭᠰᠠᠨ ᠬᠡᠮᠵᠢᠶ᠎ᠡ ᠲᠦᠮᠡ ᠶᠢ ᠳᠠᠪᠠᠪᠠ
ᠨᠡᠶᠢᠲᠡᠯᠡᠭᠰᠡᠨ ᠴᠠᠭ᠄
2017/2/10
      2016 ᠣᠨ ᠳᠤ ᠥᠪᠥᠷ ᠮᠣᠩᠭᠤᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠰᠬᠠᠶ ᠠᠰᠢᠭ ᠭᠤᠶᠤᠴᠢᠯᠠᠭᠰᠠᠨ ᠬᠡᠮᠵᠢᠶ᠎ᠡ ᠠᠩᠬ᠎ᠠ ᠤᠳᠠᠭ᠎ᠠ 1 ᠲᠦᠮᠡ ᠶᠢᠨ ᠶᠡᠭᠡ ᠪᠣᠭᠤᠮᠲᠠ ᠶᠢ ᠰᠢᠪᠲᠤᠯᠤᠨ᠂ 10672 ᠵᠦᠢᠯ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20.23% ᠨᠡᠮᠡᠭᠳᠡᠨ᠂ ᠥᠪᠥᠷ ᠮᠣᠩᠭᠤᠯ ᠤᠨ ᠡᠯ᠎ᠡ ᠲᠦᠷᠦᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠪᠦᠬᠦ ᠲᠠᠯ᠎ᠠ ᠪᠠᠷ ᠴᠢᠩᠭᠠᠷᠠᠪᠠ᠃ 2016 ᠣᠨ ᠤ 12 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠪᠦᠲᠦᠮᠵᠢᠲᠡᠢ ᠡᠭᠦᠳᠦᠨ ᠪᠦᠲᠦᠭᠡᠭᠰᠡᠨ ᠲᠤᠰᠬᠠᠶ ᠠᠰᠢᠭ 3734 ᠵᠦᠢᠯ ᠪᠠᠶᠢᠵᠤ᠂ ᠲᠦᠮᠡᠨ ᠬᠥᠮᠦᠨ ᠪᠦᠷᠢ ᠳᠤ ᠨᠣᠭᠳᠠᠬᠤ ᠡᠭᠦᠳᠦᠭᠰᠡᠨ ᠲᠤᠰᠬᠠᠶ ᠠᠰᠢᠭ ᠤᠨ ᠬᠡᠮᠵᠢᠶ᠎ᠡ ᠨᠢ 1.49 ᠵᠦᠢᠯ ᠪᠣᠯᠵᠤ᠂ 2015 ᠣᠨ ᠤ ᠲᠦᠮᠡᠨ ᠬᠥᠮᠦᠨ ᠪᠦᠷᠢ ᠳᠤ ᠨᠣᠭᠳᠠᠬᠤ 1.22 ᠵᠦᠢᠯ ᠲᠠᠢ ᠠᠳᠠᠯᠢᠳᠬᠠᠪᠠᠯ 22.13% ᠨᠡᠮᠡᠭᠳᠡᠪᠡ᠃ ᠡᠭᠦᠨ ᠳᠤ ᠬᠥᠬᠡᠬᠤᠲᠠ ᠪᠣᠯᠤᠨ ᠪᠤᠭᠤᠲᠤ ᠨᠢ ᠪᠦᠲᠦᠮᠵᠢᠲᠡᠢ ᠲᠤᠰᠬᠠᠢ ᠠᠰᠢᠭ ᠤᠨ ᠨᠢᠭᠲᠠᠴᠠ ᠶᠢᠨ ᠲᠠᠯ᠎ᠠ ᠪᠠᠷ ᠨᠡᠯᠢᠶᠡᠳ ᠳᠣᠪᠤᠶᠢᠮ᠎ᠠ ᠪᠠᠶᠢᠵᠤ᠂ ᠪᠦᠲᠦᠮᠵᠢᠲᠡᠢ ᠲᠤᠰᠬᠠᠶ ᠠᠰᠢᠭ ᠡᠭᠦᠳᠦᠭᠰᠡᠨ ᠬᠡᠮᠵᠢᠶ᠎ᠡ ᠨᠢ ᠲᠤᠰ ᠲᠤᠰ 1655 ᠪᠣᠯᠣᠨ 955 ᠵᠦᠢᠯ ᠪᠠᠶᠢᠵᠤ᠂ ᠲᠦᠮᠡᠨ ᠬᠥᠮᠦᠨ ᠪᠦᠷᠢ ᠳᠤ ᠨᠣᠭᠳᠠᠬᠤ ᠡᠭᠦᠳᠦᠭᠰᠡᠨ ᠲᠤᠰᠬᠠᠶ ᠠᠰᠢᠭ ᠤᠨ ᠬᠡᠮᠵᠢᠶ᠎ᠡ ᠨᠢ ᠲᠤᠰ ᠲᠤᠰ 5.41 ᠪᠣᠯᠣᠨ 3.38 ᠪᠣᠯᠵᠠᠢ᠃ ᠡᠯ᠎ᠡ ᠠᠶᠢᠮᠠᠭ ᠬᠤᠲᠠ ᠶᠢᠨ ᠲᠤᠰᠬᠠᠶ ᠠᠰᠢᠭ ᠤᠨ ᠭᠤᠶᠤᠴᠢᠯᠠᠯ ᠢ ᠭᠥᠯᠢᠶᠡᠨ ᠠᠪᠴᠤ ᠭᠦᠢᠴᠡᠳᠬᠡᠭᠰᠡᠨ ᠬᠡᠮᠵᠢᠶ᠎ᠡ ᠪᠣᠯᠤᠨ ᠡᠷᠬᠡ ᠣᠯᠭᠤᠭᠰᠠᠨ ᠬᠡᠮᠵᠢᠶ᠎ᠡ ᠶᠢᠨ ᠲᠠᠯ᠎ᠠ ᠪᠠᠷ᠂ ᠬᠥᠬᠡᠬᠤᠲᠠ ︵3203 ᠵᠦᠢᠯ ᠭᠤᠶᠤᠴᠢᠯᠠᠨ᠂ 1814 ᠵᠦᠢᠯ ᠳᠤ ᠡᠷᠬᠡ ᠣᠯᠭᠤᠪᠠ︶᠂ ᠪᠤᠭᠤᠲᠤ ︵2617 ᠵᠦᠢᠯ ᠭᠤᠶᠤᠴᠢᠯᠠᠨ᠂ 1465 ᠵᠦᠢᠯ ᠳᠤ ᠡᠷᠬᠡ ᠣᠯᠭᠤᠪᠠ︶᠂ ᠣᠷᠳᠣᠰ ︵1529 ᠵᠦᠢᠯ ᠭᠤᠶᠤᠴᠢᠯᠠᠨ᠂ 913 ᠵᠦᠢᠯ ᠳᠤ ᠡᠷᠬᠡ ᠣᠯᠭᠤᠪᠠ︶ ᠲᠦᠷᠦᠭᠦᠦ ᠭᠤᠷᠪᠠ ᠳᠤ ᠵᠢᠭᠰᠠᠭᠠᠭᠳᠠᠵᠡᠢ᠃ ᠡᠭᠦᠨ ᠠᠴᠠ ᠭᠠᠳᠠᠨ᠎ᠠ᠂ 2016 ᠣᠨ ᠳᠤ᠂ ᠪᠦᠬᠦ ᠣᠷᠣᠨ ︽ᠲᠤᠰᠬᠠᠶ ᠠᠰᠢᠭ ᠤᠨ ᠬᠠᠮᠲᠤᠷᠠᠯᠴᠠᠭ᠎ᠠ ᠶᠢᠨ ᠭᠡᠷ᠎ᠡ︾᠎ ᠶᠢᠨ ᠠᠷᠭ᠎ᠠ ᠵᠠᠮ ᠢᠶᠠᠷ ᠳᠠᠮᠵᠢᠭᠤᠯᠤᠨ ᠲᠤᠰᠢᠶᠠᠭᠰᠠᠨ ᠤᠯᠠᠨ ᠤᠯᠤᠰ ᠤᠨ ᠳᠡᠰ ᠤᠨ ᠭᠤᠶᠤᠴᠢᠯᠠᠯ 21 ᠵᠦᠢᠯ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 23.53% ᠨᠡᠮᠡᠭᠳᠡᠵᠡᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号