ᠥᠪᠥᠷ ᠮᠣᠩᠭᠤᠯ ᠣᠷᠣᠭᠤᠯᠤᠯᠲᠠ ᠪᠠᠨ ᠨᠡᠮᠡᠭᠳᠡᠭᠦᠯᠦᠨ ᠵᠢᠭᠤᠯᠴᠢᠯᠠᠯ ᠤᠨ ᠥᠪᠡᠷᠮᠢᠴᠡ ᠲᠠᠲᠠᠬᠤ ᠬᠦᠴᠦᠨ ᠪᠠ ᠭᠤᠣᠯᠯᠠᠬᠤ ᠥᠷᠢᠰᠥᠯᠳᠦᠬᠦ ᠬᠦᠴᠦᠨ ᠢ ᠪᠤᠢ ᠪᠤᠯᠭᠠᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2017/2/10
     ᠬᠤᠶᠢᠰᠢᠳᠠ᠂ ᠥᠪᠥᠷ ᠮᠣᠩᠭᠤᠯ ᠣᠷᠣᠭᠤᠯᠤᠯᠲᠠ ᠪᠠᠨ ᠨᠡᠮᠡᠭᠳᠡᠭᠦᠯᠬᠦ ᠳᠡᠭᠡᠷ᠎ᠡ ᠬᠦᠴᠦ ᠲᠠᠯᠪᠢᠵᠤ᠂ 3 — 5 ᠵᠢᠯ ᠤᠨ ᠴᠢᠷᠮᠠᠶᠢᠯᠭ᠎ᠠ ᠪᠠᠷ ᠳᠠᠮᠵᠢᠭᠤᠯᠤᠨ᠂ ᠥᠪᠥᠷ ᠮᠣᠩᠭᠤᠯ ᠤᠨ ᠵᠢᠭᠤᠯᠴᠢᠯᠠᠯ ᠤᠨ ᠥᠪᠡᠷᠮᠢᠴᠡ ᠲᠠᠲᠠᠬᠤ ᠬᠦᠴᠦᠨ ᠪᠠ ᠭᠤᠣᠯᠯᠠᠬᠤ ᠥᠷᠢᠰᠥᠯᠳᠦᠬᠦ ᠬᠦᠴᠦᠨ ᠢ ᠪᠤᠢ ᠪᠤᠯᠭᠠᠬᠤ ᠪᠠᠷ ᠴᠢᠷᠮᠠᠶᠢᠨ᠎ᠠ᠃ ᠬᠤᠶᠢᠰᠢᠳᠠ ᠶᠢᠨ 3 — 5 ᠵᠢᠯ ᠳᠤ᠂ ᠥᠪᠥᠷ ᠮᠣᠩᠭᠤᠯ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠬᠠᠮ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ 10᠎ ᠶᠢ ᠪᠦᠲᠦᠭᠡᠨ ᠪᠠᠶᠢᠭᠤᠯᠵᠤ᠂ ᠤᠯᠤᠰ ᠤᠨ 5 A ᠲᠠᠰ ᠤᠨ ᠦᠵᠡᠮᠵᠢᠲᠦ ᠣᠷᠣᠨ ᠪᠤᠶᠤ ᠤᠯᠤᠰ ᠤᠨ ᠵᠢᠭᠤᠯᠴᠢᠯᠠᠯ ᠤᠨ ᠰᠡᠯᠡᠭᠦᠴᠡᠯ ᠤᠨ ᠣᠷᠣᠨ 5᠎ ᠶᠢ ᠰᠢᠨ᠎ᠡ ᠪᠠᠷ ᠪᠠᠶᠢᠭᠤᠯᠤᠨ᠎ᠠ᠃ ᠬᠥᠯᠥᠨ ᠪᠤᠶᠢᠷ ᠤᠨ ᠲᠠᠯ᠎ᠠ ᠨᠤᠲᠤᠭ᠂ ᠰᠢᠯᠢ ᠶᠢᠨ ᠭᠤᠣᠯ ᠤᠨ ᠲᠠᠯ᠎ᠠ ᠨᠤᠲᠤᠭ᠂ ᠷᠠᠰᠢᠶᠠᠨ ᠤ ᠬᠠᠯᠠᠭᠤᠨ ᠷᠠᠰᠢᠶᠠᠨ᠂ ᠬᠡᠰᠢᠭᠲᠡᠨ ᠤ ᠭᠠᠵᠠᠷ ᠵᠦᠢ ᠶᠢᠨ ᠴᠡᠴᠡᠷᠯᠢᠭ᠂ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ᠂ ᠴᠢᠩᠭᠢᠰ ᠤᠨ ᠤᠩᠭᠤᠨ᠂ ᠪᠠᠳᠠᠢ ᠶᠢᠨ ᠵᠢᠷᠠᠨ ᠡᠯᠡᠰᠦᠨ ᠴᠦᠯ ᠵᠡᠷᠭᠡ ᠳᠡᠯᠡᠬᠡᠶ ᠶᠢᠨ ᠳᠡᠰ ᠤᠨ ᠵᠢᠭᠤᠯᠴᠢᠯᠠᠯ ᠤᠨ ᠡᠬᠢ ᠪᠠᠶᠠᠯᠢᠭ ᠢᠶᠠᠷ ᠲᠦᠰᠢᠭ ᠪᠣᠯᠭᠠᠵᠤ᠂ ᠪᠦᠬᠦ ᠤᠯᠤᠰ ᠴᠢᠨᠠᠭᠰᠢᠯᠠᠪᠠᠯ ᠳᠡᠯᠡᠬᠡᠶ ᠳᠤ ᠨᠥᠯᠥᠭᠡ ᠪᠦᠬᠦᠢ ᠨᠢᠭᠡ ᠪᠦᠯᠦᠭ ᠦᠵᠡᠮᠵᠢᠲᠦ ᠤᠷᠤᠨ ᠢ ᠬᠦᠴᠦᠯᠡᠨ ᠪᠠᠶᠢᠭᠤᠯᠤᠨ᠎ᠠ᠃      ᠥᠪᠥᠷ ᠮᠣᠩᠭᠤᠯ ᠥᠨᠢ ᠤᠳᠠᠭᠠᠨ ᠲᠡᠦᠬᠡ ᠲᠠᠢ ᠶᠤᠮ᠂ ᠤᠷᠢᠳᠤ ᠤᠵᠤᠭᠤᠷ ᠠᠴᠠ ᠨᠠᠰᠢ᠂ ᠾᠦᠩᠨᠦ᠂ ᠰᠢᠶᠡᠡᠪᠸᠢ᠂ ᠲᠦᠷᠺ᠂ ᠬᠢᠳᠠᠨ᠂ ᠵᠦᠷᠴᠢᠳ᠂ ᠮᠣᠩᠭᠤᠯ᠂ ᠬᠢᠲᠠᠳ ᠵᠡᠷᠭᠡ ᠦᠨᠳᠦᠰᠦᠲᠡᠨ ᠨᠦᠭᠦᠳ ᠡᠨᠡ ᠬᠦ ᠥᠷᠭᠡᠨ ᠠᠭᠤᠳᠠᠮ ᠨᠤᠲᠤᠭ ᠳᠡᠪᠢᠰᠬᠡᠷ ᠳᠡᠭᠡᠷ᠎ᠡ ᠦᠷᠡᠵᠢᠨ ᠠᠮᠢᠳᠤᠷᠠᠵᠤ᠂ ᠬᠤᠩᠱᠠᠨ ᠰᠣᠶᠣᠯ᠂ ᠳ᠋ᠠ ᠶᠣᠣ ᠰᠣᠶᠣᠯ᠂ ᠰᠠᠯᠠᠭ᠎ᠠ ᠤᠰᠤ ᠰᠣᠶᠣᠯ ᠵᠡᠷᠭᠡ ᠭᠡᠷᠡᠯ ᠰᠠᠴᠤᠷᠠᠩᠭᠤᠶ ᠲᠡᠦᠬᠡ ᠰᠤᠶᠤᠯ ᠢ ᠡᠭᠦᠳᠦᠨ ᠪᠦᠲᠦᠭᠡᠵᠦ᠂ ᠶᠤᠸᠠᠨ ᠤ ᠳᠡᠭᠡᠳᠦ ᠨᠡᠶᠢᠰᠯᠡᠯ᠂ ᠯᠢᠶᠣᠤ ᠶᠢᠨ ᠳᠡᠭᠡᠳᠦ ᠨᠡᠶᠢᠰᠯᠡᠯ᠂ ᠴᠢᠩᠭᠢᠰ ᠤᠨ ᠣᠩᠭᠤᠨ ᠪᠤᠯᠤᠨ ᠣᠷᠳᠣ ᠶᠢᠨ ᠳᠠᠭᠤᠤ᠂ ᠬᠦᠮᠠᠢ᠂ ᠮᠤᠷᠢᠨ ᠬᠤᠭᠤᠷ᠂ ᠠᠨᠳᠠᠶ ᠪᠥᠵᠢᠭ ᠵᠡᠷᠭᠡ ᠬᠤᠪᠣᠷ ᠨᠠᠨᠳᠢᠨ ᠰᠣᠶᠣᠯ ᠤᠨ ᠦᠪ ᠢ ᠦᠯᠡᠳᠡᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号