2 ᠳ᠋ᠤᠭᠠᠷ ᠰᠠᠷ᠎ᠠ ᠶᠢᠨ 9 ᠤ ᠡᠳᠦᠷ᠂ ᠦᠪᠡᠷᠲᠡᠭᠡᠨ ᠵᠠᠰᠠᠬᠤ ᠤᠷᠤᠨ ᠤ ᠠᠵᠢᠯᠴᠢᠨ ᠤ ᠶᠡᠷᠦᠩᠬᠡᠢ ᠡᠪᠯᠡᠯ | ᠠᠷᠪᠠᠳᠤᠭᠠᠷ ᠬᠤᠭᠤᠴᠠᠭᠠᠨ ᠤ ᠲᠠᠪᠤᠳᠤᠭᠠᠷ ᠤᠳᠠᠭ᠎ᠠ ᠶᠢᠨ ᠪᠦᠬᠦ ᠭᠡᠰᠢᠭᠦᠳ ᠤᠨ ᠬᠤᠷᠠᠯ ᠢ ᠬᠤᠷᠠᠯᠳᠤᠭᠤᠯᠵᠥ᠂ | ᠨᠠᠮ ᠤᠨ ᠲᠦᠪ ᠬᠤᠷᠢᠶ᠎ᠠ ᠶᠢᠨ ᠱᠦᠵᠢ ᠨᠠᠷ ᠤᠨ ᠭᠠᠵᠠᠷ ᠤᠨ ᠠᠵᠢᠯᠴᠢᠨ ᠤ ᠡᠪᠯᠡᠯ ᠤᠨ ᠠᠵᠢᠯ ᠤᠨ ᠲᠤᠬᠠᠢ | ᠴᠢᠬᠤᠯᠠ ᠵᠢᠭᠠᠪᠤᠷᠢ ᠪᠠ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠾᠧᠩ ᠤᠨ | ᠤᠯᠠᠨ ᠲᠦᠮᠡᠨ ᠤ ᠪᠦᠯᠬᠦᠮ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠶᠢ ᠰᠤᠷᠤᠯᠴᠠᠨ ᠤᠯᠠᠮᠵᠢᠯᠠᠵᠥ᠂ 2016 | ᠣᠨ ᠤ ᠠᠵᠢᠯ ᠢ ᠳ᠋ᠦᠩᠨᠡᠵᠦ᠂ ᠡᠨᠡ ᠵᠢᠯ ᠤᠨ ᠡᠭᠦᠷᠭᠡ ᠶᠢ ᠪᠠᠶᠢᠷᠢᠯᠠᠭᠤᠯᠪᠠ᠃ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠪᠦᠭᠡᠳ ᠤᠯᠤᠰ ᠲᠦᠷᠦ ᠬᠠᠤᠯᠢ | ᠴᠠᠭᠠᠵᠠ ᠶᠢᠨ ᠬᠤᠷᠢᠶ᠎ᠠ ᠶᠢᠨ ᠱᠦᠵᠢ ᠯᠢ ᠵᠢᠶᠠ ᠬᠤᠷᠠᠯ ᠳᠤ ᠤᠷᠤᠯᠴᠠᠨ ᠶᠠᠷᠢᠶ᠎ᠠ ᠲᠠᠯᠪᠢᠵᠤ᠂ ᠦᠪᠡᠷᠲᠡᠭᠡᠨ ᠵᠠᠰᠠᠬᠤ | ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ᠂ | ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠬᠠᠩ ᠭᠦᠢ ᠯᠢᠨ ᠠᠵᠢᠯ ᠤᠨ ᠮᠡᠳᠡᠭᠦᠯᠦᠯᠲᠡ ᠬᠢᠵᠡᠢ᠃ | ᠯᠢ ᠵᠢᠶᠠ᠂ 2017 ᠣᠨ ᠪᠤᠯ ᠦᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠪᠤᠯᠤᠨ᠎ᠠ᠂ ᠮᠦᠨᠴᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠢ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠢᠯ ᠮᠦᠨ᠂ ᠠᠵᠢᠯᠴᠢᠨ ᠤ ᠡᠪᠯᠡᠯ ᠤᠨ ᠠᠵᠢᠯ ᠢ ᠰᠠᠶᠢᠲᠤᠷ | ᠬᠢᠬᠦ ᠶᠢᠨ ᠬᠠᠷᠢᠭᠤᠴᠠᠯᠭ᠎ᠠ ᠨᠡᠩ ᠶᠡᠭᠡ᠂ ᠡᠭᠦᠷᠭᠡ ᠨᠡᠩ ᠢᠷᠠᠭᠤ ᠠᠯᠳᠠᠷᠲᠠᠢ ᠶᠤᠮ ᠭᠡᠵᠤ ᠵᠢᠭᠠᠵᠤ ᠭᠠᠷᠭᠠᠵᠠᠢ᠃ | ᠯᠢ ᠵᠢᠶᠠ᠂ ᠪᠦᠬᠦ ᠤᠷᠤᠨ ᠤ ᠡᠯ᠎ᠠ ᠱᠠᠳᠤᠨ ᠤ ᠠᠵᠢᠯᠴᠢᠨ ᠤ ᠡᠪᠯᠡᠯ ᠠᠵᠢᠯᠳᠠᠨ ᠠᠵᠢᠯᠴᠢᠨ ᠤ | ᠰᠠᠨᠠᠭᠠᠴᠢᠯᠠᠭ᠎ᠠ ᠠᠴᠠ ᠪᠠᠨ ︽ᠳᠦᠷᠪᠡᠨ ᠤᠬᠠᠮᠰᠠᠷ︾ ᠤᠨᠴᠠᠭᠠᠶᠢᠯᠠᠨ ᠭᠤᠤᠯᠯᠠᠬᠤ ᠤᠬᠠᠮᠰᠠᠷ ᠪᠤᠯᠤᠨ ᠨᠢᠭᠡᠳᠦᠯᠲᠠᠢ | ᠪᠠᠶᠢᠬᠤ ᠤᠬᠠᠮᠰᠠᠷ ᠢᠶᠠᠨ ᠳᠡᠭᠡᠭᠰᠢᠯᠡᠭᠦᠯᠬᠦ ᠶᠢ ᠬᠦᠳᠦᠯᠦᠨ ᠳᠠᠭᠠᠭᠤᠯᠵᠤ᠂ ᠰᠢ ᠶᠢᠨ ᠫᠢᠩ ᠨᠦᠬᠦᠷ ᠢᠶᠠᠷ ᠭᠤᠤᠯ | ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ ᠨᠡᠩ ᠴᠢᠩᠭ᠎ᠠ ᠨᠢᠭᠲᠠᠷᠠᠨ ᠪᠦᠯᠬᠦᠮᠳᠡᠵᠤ᠂ ᠰᠢ ᠶᠢᠨ | ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠡᠷᠬᠡ ᠰᠦᠷ ᠢ ᠨᠡᠩ ᠡᠷᠡᠰ ᠬᠠᠮᠠᠭᠠᠯᠠᠵᠤ᠂ | ᠦᠵᠡᠯ ᠰᠠᠨᠠᠭ᠎ᠠ ᠤᠯᠤᠰ ᠲᠦᠷᠦ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ | ᠨᠠᠮ ᠤᠨ ᠲᠦᠪ ᠬᠤᠷᠢᠶ᠎ᠠ ᠲᠠᠢ ᠤᠬᠠᠮᠰᠠᠷ ᠠᠴᠠ ᠪᠠᠨ ᠳᠡᠭᠡᠳᠦ ᠬᠡᠮᠵᠢᠶ᠎ᠠ ᠪᠠᠷ ᠨᠢᠭᠡᠳᠦᠯᠲᠠᠢ ᠪᠠᠶᠢᠵᠤ᠂ ᠨᠠᠮ ᠤᠨ | ᠲᠦᠪ ᠬᠤᠷᠢᠶ᠎ᠠ ᠪᠤᠯᠤᠨ ᠦᠪᠡᠷᠲᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠡᠯ᠎ᠠ ᠵᠦᠢᠯ ᠤᠨ ᠰᠢᠢᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ ᠶᠢ ᠨᠡᠩ ᠯᠠᠪᠳᠠᠭᠤᠨ ᠪᠠᠲᠤᠲᠠᠢ ᠪᠠᠷ ᠪᠤᠳᠠᠳᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ | ᠠᠵᠢᠯᠳᠠᠨ ᠠᠵᠢᠯᠴᠢᠨ ᠢ ᠵᠤᠬᠢᠶᠠᠨ ᠪᠠᠶᠢᠭᠤᠯᠵᠤ ᠬᠦᠳᠡᠯᠮᠤᠷᠢ ᠪᠤᠯᠤᠨ ᠤᠷ᠎ᠠ ᠮᠡᠷᠬᠡᠵᠢᠯ ᠤᠨ ᠤᠷᠤᠯᠳᠤᠭᠠᠨ ᠢ | ᠬᠦᠨᠵᠡᠬᠡᠢ ᠦᠷᠨᠢᠬᠦᠯᠵᠤ᠂ ᠠᠵᠢᠯᠳᠠᠨ ᠠᠵᠢᠯᠴᠢᠨ ᠤ ᠰᠢᠨ᠎ᠠ ᠶᠢ ᠡᠬᠦᠳᠬᠦ ᠰᠢᠰᠲ᠋ᠧᠮᠵᠢ ᠶᠢ ᠪᠦᠬᠦ ᠲᠠᠯ᠎ᠠ ᠪᠠᠷ | ᠪᠠᠶᠢᠭᠤᠯᠵᠤ᠂ ᠠᠵᠢᠯᠳᠠᠨ ᠠᠵᠢᠯᠴᠢᠨ ᠤ ᠮᠡᠳᠡᠯᠬᠡ ᠪᠤᠯᠪᠠᠰᠤᠷᠠᠯ ᠢ ᠲᠡᠭᠡᠭᠰᠢᠯᠡᠬᠦᠯᠬᠦ ᠢᠨᠵᠧᠨᠧᠷᠢᠩ ᠢ ᠶᠡᠬᠡᠪᠡᠷ | ᠭᠡᠷᠡᠭᠵᠢᠬᠦᠯᠵᠤ᠂ ᠪᠦᠬᠦ ᠤᠷᠤᠨ ᠤ ᠠᠵᠤ ᠠᠬᠤᠢ ᠨᠡᠶᠢᠬᠡᠮ ᠤᠨ ᠬᠦᠭᠵᠢᠯᠳᠠ ᠳᠤ ᠨᠡᠩ ᠰᠠᠶᠢᠨ ᠤᠶᠢᠯᠡᠴᠢᠯᠡᠬᠦ | ᠲᠠᠯ᠎ᠠ ᠪᠠᠷ ᠭᠠᠪᠢᠶ᠎ᠠ ᠵᠢᠳᠬᠦᠯ ᠪᠠᠶᠢᠭᠤᠯᠬᠤ ᠭᠡᠷᠡᠭᠳᠠᠢ᠃ ᠲᠤᠭᠳᠠᠴᠠ ᠶᠢ ᠪᠠᠶᠢᠭᠤᠯᠬᠤ᠂ ᠴᠢᠳᠠᠪᠬᠢ ᠶᠢ ᠴᠢᠩᠭᠠᠳᠬᠠᠬᠤ᠂ | ᠦᠷ᠎ᠠ ᠠᠰᠢᠬ ᠢ ᠨᠡᠮᠡᠭᠳᠡᠬᠦᠯᠬᠦ ᠲᠡᠭᠡᠷ᠎ᠠ ᠬᠦᠴᠤ ᠪᠠᠨ ᠲᠠᠯᠪᠢᠵᠤ᠂ ᠠᠵᠢᠯᠴᠢᠨ ᠤ ᠡᠪᠯᠠᠯ ᠤᠨ ᠠᠵᠢᠯ ᠤᠨ ᠰᠢᠨ᠎ᠠ | ᠡᠬᠦᠳᠦᠨ ᠤᠷᠤᠭᠰᠢᠯᠠᠬᠤ ᠶᠢ ᠲᠠᠰᠤᠷᠠᠯᠲᠠ ᠦᠭᠡᠢ ᠠᠬᠢᠭᠤᠯᠬᠤ ᠭᠡᠷᠡᠭᠳᠠᠢ ᠬᠡᠵᠥ ᠴᠢᠬᠤᠯᠠᠴᠢᠯᠠᠪᠠ᠃ | ᠯᠢ ᠵᠢᠶᠠ᠂ ᠡᠯ᠎ᠠ ᠱᠠᠳᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠤ ᠬᠢᠨ ᠠᠵᠢᠯᠴᠢᠨ ᠤ ᠡᠪᠯᠠᠯ ᠢ | ᠢᠳᠡᠪᠬᠢᠳᠠᠢ ᠬᠠᠪᠰᠤᠷᠤᠨ ᠬᠦᠴᠢᠷ ᠵᠤᠪᠠᠯᠠᠩ ᠢ ᠨᠢ ᠰᠢᠢᠳᠪᠤᠷᠢᠯᠠᠨ ᠦᠭᠴᠤ᠂ ᠠᠵᠢᠯᠴᠢᠨ ᠤ ᠠᠵᠢᠯ ᠤᠨ ᠰᠢᠨ᠎ᠠ ᠶᠢ | ᠡᠬᠦᠳᠬᠦ ᠬᠦᠭᠵᠢᠯᠳᠠ ᠳᠤ ᠪᠠᠳᠤ ᠪᠠᠬᠢ ᠲᠦᠰᠢᠭ ᠲᠤᠯᠭ᠎ᠠ ᠬᠠᠩᠭᠠᠬᠤ ᠭᠡᠷᠡᠭᠳᠠᠢ᠃ ᠡᠯ᠎ᠠ ᠱᠠᠳᠤᠨ ᠤ ᠠᠵᠢᠯᠴᠢᠨ ᠤ | ᠡᠪᠯᠠᠯ ᠨᠠᠮ ᠤᠨ ᠤᠳᠤᠷᠢᠳᠤᠯᠭ᠎ᠠ ᠶᠢ ᠤᠬᠠᠮᠰᠠᠷ ᠠᠴᠠ ᠪᠠᠨ ᠪᠠᠷᠢᠮᠳᠠᠯᠠᠵᠤ᠂ ᠲᠤᠰ ᠪᠠᠶ᠎ᠠ ᠶᠢᠨ ᠪᠠᠶᠢᠭᠤᠯᠤᠯᠳᠠ ᠪᠠᠨ | ᠦᠨᠡᠨᠬᠦ ᠴᠢᠩᠭᠠᠳᠬᠠᠵᠤ᠂ ᠡᠬᠦᠷᠬᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠳᠬᠡᠵᠤ᠂ ᠰᠢᠯᠢᠳᠡᠭ ᠬᠢᠷᠢ | ᠪᠦᠳᠤᠮᠵᠢ ᠪᠠᠷ ᠦᠪᠡᠷᠳᠡᠬᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠬᠡᠯᠠᠵᠤ᠂ ᠨᠠᠮ ᠤᠨ | ᠠᠷᠪᠠ ᠶᠢᠰᠤᠳᠤᠬᠡᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠶᠢ ᠤᠬᠳᠤᠬᠤ ᠭᠡᠷᠡᠭᠳᠠᠢ ᠬᠡᠵᠤ ᠱᠠᠭᠠᠷᠳᠠᠪᠠ᠃ |