ᠥᠪᠥᠷ ᠵᠠᠰᠠᠭ ᠠᠯᠪᠠᠨ ᠲᠠᠷᠬᠠᠭᠠᠭᠰᠠᠨ ﹇2016﹈ 104 ᠳ᠋ᠤᠭᠡᠷ ᠲᠤᠭᠠᠳᠤ | 2016 ᠣᠨ ᠤ 8 ᠳ᠋ᠤᠭᠠᠷ ᠰᠠᠷ᠎ᠠ ᠶᠢᠨ 25 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ | ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ | ᠲᠠᠷᠬᠠᠭᠠᠭᠰᠠᠨ ﹇2016﹈ 5 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠮᠠᠨ ᠤ ᠣᠷᠣᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ | ᠤᠯᠠᠮ ᠨᠢᠭᠡ ᠠᠯᠬᠤᠮ ᠴᠢᠩᠭᠠᠳᠬᠠᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠵᠤ᠂ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠨ ᠬᠠᠮᠢᠶᠠᠷᠬᠤ ᠲᠣᠭᠲᠠᠴᠠ ᠪᠣᠯᠤᠨ ᠵᠢᠭᠤᠯᠴᠢᠯᠠᠯ ᠤᠨ | ᠵᠠᠭᠠᠯᠳᠤᠯᠭ᠎ᠠ ᠶᠢ ᠨᠢᠭᠡᠳᠦᠯᠲᠡᠶ ᠬᠦᠯᠢᠶᠡᠨ ᠠᠪᠴᠤ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ | ᠵᠢᠭᠤᠯᠴᠢᠯᠠᠭᠴᠢ᠂ ᠵᠢᠭᠤᠯᠴᠢᠯᠠᠯ ᠤᠨ ᠡᠵᠡᠩᠨᠡᠭᠴᠢ ᠵᠢᠴᠢ ᠵᠢᠭᠤᠯᠴᠢᠯᠠᠯ ᠡᠷᠬᠢᠯᠡᠭᠴᠢᠳ ᠤᠨ ᠬᠠᠤᠯᠢ ᠶᠣᠰᠣᠨ ᠤ ᠡᠷᠬᠡ | ᠠᠰᠢᠭ ᠢ ᠪᠠᠲᠤᠯᠠᠨ᠂ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠪᠣᠯᠤᠨ ᠵᠢᠭᠤᠯᠴᠢᠯᠠᠭᠴᠢᠳ ᠤᠨ ᠰᠡᠳᠬᠢᠯ | ᠬᠠᠨᠤᠮᠵᠢᠲᠠᠢ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠵᠦ᠂ ᠵᠢᠭᠤᠯᠴᠢᠯᠠᠯ ᠤᠨ ᠦᠢᠯᠡᠰ ᠤᠨ ᠦᠷᠭᠦᠯᠵᠢᠯᠡᠨ ᠡᠷᠡᠭᠦᠯ ᠢᠶᠠᠷ | ᠬᠦᠭᠵᠢᠬᠦ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠵᠢᠮ᠎ᠡ ᠶᠣᠰᠣ ᠪᠠ ᠵᠢᠭᠤᠯᠴᠢᠯᠠᠯ ᠤᠨ ᠠᠵᠤ | ᠦᠢᠯᠡᠰ ᠤᠨ ᠬᠥᠭᠵᠢᠯᠲᠡ ᠶᠢᠨ ᠵᠢᠮ᠎ᠡ ᠶᠣᠰᠣ ᠶᠢ ᠵᠢᠷᠤᠮᠯᠠᠨ᠂ ᠪᠣᠯᠪᠠᠰᠤᠨ ᠵᠢᠭᠤᠯᠴᠢᠯᠠᠬᠤ ᠪᠠᠷ ᠭᠤᠣᠯ ᠰᠢᠵᠢᠮ | ᠪᠣᠯᠭᠠᠵᠤ᠂ ᠵᠢᠭᠤᠯᠴᠢᠯᠠᠭᠴᠢᠳ ᠤᠨ ᠰᠡᠳᠬᠢᠯ ᠬᠠᠨᠤᠮᠵᠢᠲᠠᠢ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠬᠦ ᠪᠠᠷ ᠵᠣᠷᠢᠯᠭ᠎ᠠ | ᠪᠣᠯᠭᠠᠵᠤ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ | ᠵᠣᠬᠢᠴᠠᠵᠤ᠂ ᠠᠵᠢᠯᠯᠠᠬᠤ ᠠᠷᠭ᠎ᠠ ᠪᠠ ᠠᠭᠤᠯᠭ᠎ᠠ ᠶᠢᠨ ᠰᠢᠨ᠎ᠡ ᠶᠢ ᠡᠭᠦᠳᠦᠨ᠂ ᠡᠯ᠎ᠡ ᠲᠥᠷᠥᠯ ᠤᠨ ᠵᠢᠭᠤᠯᠴᠢᠯᠠᠯ ᠤᠨ | ᠬᠦᠴᠦᠨ ᠵᠦᠢᠯ ᠢ ᠡᠮᠬᠢᠯᠡᠨ ᠨᠡᠶᠢᠯᠡᠭᠦᠯᠵᠦ᠂ ᠰᠢᠯᠢᠳᠡᠭᠵᠢᠭᠦᠯᠵᠦ᠂ ᠲᠠᠬᠢᠨ ᠵᠣᠬᠢᠶᠠᠨ ᠪᠠᠶᠢᠭᠤᠯᠵᠤ᠂ ᠵᠢᠭᠤᠯᠴᠢᠯᠠᠯ ᠤᠨ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠰᠠᠨᠠᠭᠠᠴᠢᠯᠠᠭᠠᠲᠤ ᠪᠣᠰᠤ ᠬᠠᠮᠢᠶᠠᠷᠤᠯᠲᠠ ᠠᠴᠠ ᠰᠠᠨᠠᠭᠠᠴᠢᠯᠠᠭᠠᠲᠤ | ᠬᠠᠮᠢᠶᠠᠷᠤᠯᠲᠠ᠂ ᠬᠢᠨᠠᠨ ᠬᠠᠮᠢᠶᠠᠷᠬᠤ ᠬᠡᠯᠪᠡᠷᠢ ᠶᠢᠨ ᠬᠠᠮᠢᠶᠠᠷᠤᠯᠲᠠ ᠠᠴᠠ ᠦᠢᠯᠡᠴᠢᠯᠡᠭᠡᠨ ᠤ ᠬᠡᠯᠪᠡᠷᠢ ᠶᠢᠨ | ᠬᠠᠮᠢᠶᠠᠷᠤᠯᠲᠠ᠂ ᠰᠠᠯᠤᠩᠭᠢ ᠬᠠᠮᠢᠶᠠᠷᠤᠯᠲᠠ ᠠᠴᠠ ᠨᠢᠭᠡᠳᠦᠯᠲᠡᠶ ᠲᠥᠯᠥᠪᠯᠡᠨ ᠬᠠᠮᠢᠶᠠᠷᠤᠯᠲᠠ ᠬᠢᠬᠦ ᠲᠡᠰᠢ | ᠬᠤᠪᠢᠷᠠᠭᠤᠯᠬᠤ ᠶᠢ ᠠᠬᠢᠭᠤᠯᠵᠤ᠂ ᠵᠠᠰᠠᠭ ᠤᠨ ᠣᠷᠳᠣᠨ ᠬᠥᠲᠥᠯᠥᠨ ᠵᠢᠯᠤᠭᠤᠳᠤᠬᠰᠠᠨ᠂ ᠵᠠᠬ᠎ᠠ ᠳᠡᠯᠭᠡᠭᠦᠷ ᠢᠶᠠᠷ | ᠠᠵᠢᠯᠯᠠᠭᠤᠯᠤᠬᠰᠠᠨ᠂ ᠠᠵᠤ ᠠᠬᠤᠶᠢᠯᠠᠯ ᠭᠤᠣᠯ ᠴᠣᠭᠴᠠ ᠪᠣᠯᠤᠬᠰᠠᠨ᠂ ᠨᠡᠶᠢᠭᠡᠮ ᠳᠠᠶᠠᠭᠠᠷ ᠣᠷᠣᠯᠴᠠᠭᠰᠠᠨ ᠬᠠᠮ | ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠯ ᠢ ᠪᠣᠢ ᠪᠣᠯᠭᠠᠵᠤ᠂ ᠵᠢᠭᠤᠯᠴᠢᠯᠠᠯ ᠤᠨ ᠠᠵᠤ ᠦᠢᠯᠡᠰ ᠤᠨ | ᠬᠥᠭᠵᠢᠯᠲᠡ ᠳᠤ ᠠᠰᠢᠭᠲᠠᠢ ᠪᠠᠶᠢᠭᠤᠯᠤᠯ ᠤᠨ ᠣᠷᠴᠢᠨ ᠲᠣᠭᠤᠷᠢᠨ ᠢ ᠪᠠᠶᠢᠭᠤᠯᠤᠨ᠂ ᠵᠢᠭᠤᠯᠴᠢᠯᠠᠯ ᠤᠨ ᠠᠵᠢᠯ | ᠲᠥᠷᠥᠯ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠤᠨ᠎ᠠ᠃ | ᠬᠤᠶᠠᠷ᠂ ᠦᠨᠳᠦᠰᠦᠨ ᠵᠠᠷᠴᠢᠮ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠳᠤ ︽ᠨᠢᠭᠡᠳᠦᠯᠲᠡᠶ | ᠤᠳᠤᠷᠢᠳᠬᠤ᠂ ᠬᠠᠷᠢᠶ᠎ᠠ ᠭᠠᠵᠠᠷ ᠢᠶᠠᠷ ᠬᠠᠮᠢᠶᠠᠷᠬᠤ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ | ᠠᠷᠠᠳ ᠲᠤ ᠳᠥᠭᠦᠮ ᠦᠵᠡᠭᠦᠯᠵᠦ ᠥᠨᠳᠥᠷ ᠦᠷ᠎ᠡ ᠪᠦᠲᠦᠮᠵᠢᠲᠡᠶ ᠪᠠᠶᠢᠯᠭᠠᠬᠤ︾ ᠵᠠᠷᠴᠢᠮ ᠢ ᠪᠠᠷᠢᠮᠲᠠᠯᠠᠨ᠎ᠠ᠃ | ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠭᠦᠢᠴᠡᠳ | ᠪᠠᠳᠠᠷᠠᠭᠤᠯᠵᠤ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠵᠢᠭᠤᠯᠴᠢᠯᠠᠯ ᠤᠨ ᠵᠠᠬ᠎ᠠ | ᠳᠡᠯᠭᠡᠭᠦᠷ ᠤᠨ ᠬᠠᠤᠯᠢ ᠬᠡᠷᠡᠭᠵᠢᠭᠦᠯᠬᠦ᠂ ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠠᠵᠢᠯ ᠤᠨ | ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢ ᠪᠤᠢ ᠪᠣᠯᠭᠠᠨ᠎ᠠ᠃ | ᠭᠤᠷᠪᠠ᠂ ᠠᠵᠢᠯ ᠤᠨ ᠬᠠᠷᠠᠯᠲᠠ | ᠤᠳᠤᠬᠠᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠲᠤ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ | ᠭᠤᠣᠯᠳᠠᠯᠭ᠎ᠠ ᠲᠠᠢ ᠰᠢᠢᠳᠪᠦᠷᠢᠯᠡᠨ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠭᠦᠨ | ᠳᠠᠪᠬᠤᠷᠭ᠎ᠠ ᠶᠢᠨ ᠠᠰᠠᠭᠤᠳᠠᠯ ᠢ ᠬᠠᠶᠢᠨ ᠰᠦᠪᠡᠭᠴᠢᠯᠡᠨ ᠰᠢᠢᠳᠪᠦᠷᠢᠯᠡᠵᠦ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ | ᠡᠮᠬᠢ ᠳᠢᠭᠯᠢᠮ ᠢ ᠵᠢᠷᠤᠮᠵᠢᠭᠤᠯᠤᠨ᠂ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ | ᠵᠢᠭᠤᠯᠴᠢᠯᠠᠯ ᠤᠨ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠂ ︽ᠡᠬᠡ ᠤᠯᠤᠰ ᠤᠨ ᠤᠮᠠᠷᠠᠲᠤ | ᠣᠷᠣᠨ᠂ ᠦᠵᠡᠰᠭᠦᠯᠡᠩᠲᠦ ᠰᠠᠶᠢᠬᠠᠨ ᠥᠪᠥᠷ ᠮᠣᠩᠭᠤᠯ︾ ᠤᠨ ᠰᠠᠶᠢᠨ ᠰᠠᠶᠢᠬᠠᠨ ᠵᠢᠭᠤᠯᠴᠢᠯᠠᠯ ᠤᠨ ᠲᠦᠷᠢ | ᠲᠥᠷᠬᠦ ᠶᠢ ᠪᠣᠢ ᠪᠣᠯᠭᠠᠨ᠎ᠠ᠃ | ᠲᠦᠷᠪᠡ᠂ ᠡᠭᠦᠷᠭᠡ ᠪᠠ ᠠᠷᠭ᠎ᠠ ᠬᠡᠮᠵᠢᠶ᠎ᠡ | ︵ᠨᠢᠭᠡ︶ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠬᠠᠣᠯᠢ | ᠶᠤᠰᠣᠭᠠᠷ ᠨᠠᠶᠢᠳᠠᠪᠤᠷᠢᠵᠢᠭᠤᠯᠤᠨ᠎ᠠ᠃ | 1.ᠬᠠᠮᠲᠤᠷᠠᠭᠰᠠᠨ ᠬᠤᠷᠠᠯ ᠤᠨ ᠲᠥᠷᠢᠮ ᠢ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ | ᠵᠢᠭᠤᠯᠴᠢᠯᠠᠯ ᠤᠨ ᠲᠣᠪᠴᠢᠶ᠎ᠠ ᠲᠦᠷᠦᠭᠦᠯᠡᠨ ᠬᠠᠷᠢᠭᠤᠴᠠᠵᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ | ᠣᠷᠣᠯᠴᠠᠭᠰᠠᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠯᠲᠠ | ᠬᠠᠮᠢᠶᠠᠷᠤᠯᠲᠠ ᠶᠢᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠢ ᠪᠠᠶᠢᠭᠤᠯᠵᠤ᠂ ᠪᠥᠬᠦ ᠣᠷᠣᠨ ᠤ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠷᠦᠩᠭᠡᠶᠢᠯᠡᠨ ᠬᠢᠨᠠᠨ ᠬᠠᠮᠢᠶᠠᠷᠬᠤ ᠠᠵᠢᠯ ᠢ ᠨᠢᠭᠡᠳᠦᠯᠲᠡᠶ ᠲᠥᠯᠥᠪᠯᠡᠨ ᠵᠢᠭᠠᠨ | ᠵᠢᠯᠤᠭᠤᠳᠴᠦ᠂ ᠵᠣᠬᠢᠴᠠᠭᠤᠯᠵᠤ᠂ ᠬᠢᠨᠠᠯᠲᠠ ᠲᠠᠯᠪᠢᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠰᠢᠮᠳᠠᠭᠤᠯᠵᠤ | ᠪᠠᠶᠢᠭᠠᠳ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠶᠢ ᠨᠢ ᠭᠦᠢᠴᠡᠳᠬᠡᠯᠭᠡᠨ᠂ ᠵᠢᠭᠤᠯᠴᠢᠯᠠᠯ ᠤᠨ ᠬᠠᠤᠯᠢ | ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠡᠯ᠎ᠡ | ᠠᠶᠢᠮᠠᠭ ᠬᠤᠳᠠ ᠨᠢ ᠪᠠᠰᠠ ᠵᠣᠬᠢᠴᠠᠩᠭᠤᠶ ᠬᠠᠮᠲᠤᠷᠠᠭᠰᠠᠨ ᠬᠤᠷᠠᠯ ᠤᠨ ᠲᠥᠷᠢᠮ ᠢ ᠪᠠᠶᠢᠭᠤᠯᠤᠨ᠎ᠠ᠃ | 2.ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠤᠲᠤᠷᠬᠠᠶᠢᠯᠠᠨ᠎ᠠ᠃ ᠵᠢᠭᠤᠯᠴᠢᠯᠠᠯ ᠤᠨ ᠵᠠᠬ᠎ᠠ | ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠨ ᠬᠠᠮᠢᠶᠠᠷᠬᠤ ᠠᠵᠢᠯ ᠳᠤ ᠵᠢᠭᠤᠯᠴᠢᠯᠠᠯ ᠤᠨ ᠰᠠᠯᠠᠭ᠎ᠠ ᠮᠥᠴᠢᠷ ᠲᠦᠷᠦᠭᠦᠯᠡᠨ | ᠬᠠᠷᠢᠭᠤᠴᠠᠬᠤ ᠲᠦᠷᠢᠮ ᠢ ᠬᠡᠷᠡᠭᠵᠢᠭᠦᠯᠵᠦ᠂ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ | ᠣᠷᠣᠯᠴᠠᠨ᠎ᠠ︔ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢ ᠬᠡᠷᠡᠭᠵᠢᠭᠦᠯᠦᠭᠰᠡᠨ ᠪᠠᠶᠢᠪᠠᠯ᠂ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠠᠴᠠ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠲᠣᠲᠤᠷᠬᠠᠶᠢᠯᠠᠨ᠎ᠠ᠃ ᠡᠯ᠎ᠡ ᠬᠠᠮᠢᠶ᠎ᠠ ᠪᠦᠬᠦᠢ ᠡᠭᠦᠷᠭᠡ ᠴᠢᠳᠠᠪᠤᠷᠢᠲᠤ | ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠨᠢᠭᠲᠠ ᠵᠣᠬᠢᠴᠠᠯᠳᠤᠨ | ᠬᠠᠮᠵᠢᠯᠴᠠᠵᠤ᠂ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠂ ᠵᠢᠭᠤᠯᠴᠢᠯᠠᠯ ᠤᠨ ᠵᠠᠬ᠎ᠠ | ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠨ ᠬᠠᠮᠢᠶᠠᠷᠬᠤ ᠠᠵᠢᠯ ᠢ ᠯᠠᠪᠳᠠᠭᠤᠨ ᠪᠠᠲᠤᠲᠠᠶ ᠡᠮᠬᠢ ᠵᠢᠷᠤᠮ ᠲᠠᠢ | ᠦᠷᠨᠢᠭᠦᠯᠬᠦ ᠶᠢ ᠬᠦᠴᠦ ᠪᠠᠨ ᠬᠠᠮᠲᠤᠳᠬᠠᠨ ᠠᠬᠢᠭᠤᠯᠤᠨ᠎ᠠ᠃ | ᠵᠢᠭᠤᠯᠴᠢᠯᠠᠯ ᠤᠨ ᠰᠠᠯᠠᠭ᠎ᠠ ᠮᠥᠴᠢᠷ᠄ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠯᠲᠠ | ᠬᠠᠮᠢᠶᠠᠷᠤᠯᠲᠠ ᠶᠢᠨ ᠬᠠᠮᠳᠤᠷᠠᠭᠰᠠᠨ ᠬᠤᠷᠠᠯ ᠤᠨ ᠬᠤᠷᠠᠯᠳᠤᠭᠤᠯᠤᠭᠴᠢ ᠶᠢᠨ ᠡᠭᠦᠷᠭᠡ ᠬᠠᠷᠢᠭᠤᠴᠠᠯᠭ᠎ᠠ ᠶᠢ | ᠭᠦᠢᠴᠡᠳᠬᠡᠵᠦ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠨ ᠬᠠᠮᠢᠶᠠᠷᠬᠤ ᠠᠵᠢᠯ ᠢ ᠵᠣᠬᠢᠶᠠᠨ | ᠪᠠᠶᠢᠭᠤᠯᠵᠤ ᠬᠡᠷᠡᠭᠵᠢᠭᠦᠯᠬᠦ᠂ ᠵᠣᠬᠢᠴᠠᠭᠤᠯᠤᠨ ᠬᠤᠯᠪᠣᠭ᠎ᠠ ᠠᠪᠬᠤ᠂ ᠰᠢᠮᠳᠠᠭᠤᠯᠤᠨ ᠪᠠᠶᠢᠴᠠᠭᠠᠵᠤ ᠭᠦᠢᠴᠡᠳᠬᠡᠯᠭᠡᠬᠦ | ᠵᠡᠷᠭᠡ ᠠᠵᠢᠯ ᠢ ᠲᠦᠷᠦᠭᠦᠯᠡᠨ ᠬᠠᠷᠢᠭᠤᠴᠠᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠯᠲᠠ | ᠬᠠᠮᠢᠶᠠᠷᠤᠯᠲᠠ ᠳᠠᠬᠢ ᠭᠤᠣᠯᠳᠠᠯᠭ᠎ᠠ ᠲᠠᠢ ᠠᠰᠠᠭᠤᠳᠠᠯ᠂ ᠭᠤᠣᠯᠳᠠᠯᠭ᠎ᠠ ᠲᠠᠢ ᠬᠡᠷᠡᠭ ᠵᠡᠷᠭᠡ ᠶᠢ ᠰᠢᠮᠳᠠᠭᠤᠯᠤᠨ | ᠪᠠᠶᠢᠴᠠᠭᠠᠨ ᠭᠦᠢᠴᠡᠳᠬᠡᠯᠭᠡᠨ᠎ᠡ︔ ᠬᠠᠮᠢᠶ᠎ᠠ ᠪᠦᠬᠦᠢ ᠪᠦᠷᠢᠯᠳᠦᠬᠦᠨ ᠨᠢᠭᠡᠴᠡ ᠶᠢ ᠲᠦᠷᠦᠭᠦᠯᠡᠨ ᠵᠣᠬᠢᠶᠠᠨ ᠪᠠᠶᠢᠭᠤᠯᠵᠤ | ᠪᠠᠶᠢᠭᠠᠳ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ | ᠳᠤᠭᠤᠶᠢᠯᠠᠩ ᠪᠠᠶᠢᠭᠤᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ | ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠢᠯᠡ ᠪᠠᠷ ᠪᠠᠶᠢᠴᠠᠭᠠᠵᠤ | ᠳᠠᠯᠳᠠ ᠰᠤᠷᠪᠤᠯᠵᠢᠯᠠᠵᠤ᠂ ᠪᠠᠶᠢᠴᠠᠭᠠᠵᠤ ᠵᠢᠭᠠᠨ ᠵᠢᠯᠣᠭᠤᠳᠴᠦ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ | ᠭᠦᠢᠴᠡᠳᠬᠡᠯᠭᠡᠨ᠎ᠡ︔ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠵᠢᠴᠢ ᠵᠢᠭᠤᠯᠴᠢᠯᠠᠯ ᠤᠨ ᠬᠥᠲᠥᠴᠢ ᠶᠢᠨ ᠬᠠᠤᠯᠢ | ᠲᠣᠭᠲᠠᠭᠠᠯ ᠠᠴᠠ ᠵᠥᠷᠢᠴᠡᠭᠰᠡᠨ ᠡᠯ᠎ᠡ ᠵᠦᠢᠯ ᠤᠨ ᠥᠢᠯᠡ ᠠᠵᠢᠯᠯᠠᠭ᠎ᠠ ᠳᠤ ᠲᠤᠰ ᠰᠢᠰᠲ᠋ᠧᠮ ᠤᠨ ᠪᠠᠶᠢᠴᠠᠭᠠᠨ | ᠰᠢᠢᠳᠪᠦᠷᠢᠯᠡᠬᠦ ᠶᠢ ᠵᠣᠬᠢᠶᠠᠨ ᠪᠠᠶᠢᠭᠤᠯᠵᠤ᠂ ᠵᠢᠯᠤᠭᠤᠳᠬᠤ ᠶᠢ ᠬᠠᠷᠢᠭᠤᠴᠠᠨ᠎ᠠ᠃ | ᠲᠣᠳᠤᠭᠠᠲᠤ ᠶᠢ ᠬᠠᠮᠠᠭᠠᠯᠠᠬᠤ ᠰᠠᠯᠠᠭ᠎ᠠ ᠮᠦᠴᠢᠷ᠄ ᠵᠢᠭᠤᠯᠴᠢᠯᠠᠯ ᠤᠨ ᠦᠵᠡᠮᠵᠢ ᠶᠢᠨ ᠤᠷᠣᠨ᠂ | ᠵᠢᠭᠤᠯᠴᠢᠯᠠᠯ ᠤᠨ ᠵᠠᠮ ᠬᠠᠷᠢᠯᠴᠠᠭᠠᠨ ᠤ ᠥᠷᠲᠥᠭᠡ ᠴᠢᠬ ᠵᠡᠷᠭᠡ ᠣᠷᠣᠨ ᠪᠦᠰᠡᠨ ᠳᠤ ᠵᠢᠭᠤᠯᠴᠢᠯᠠᠭᠴᠢᠳ ᠤᠨ ᠡᠷᠬᠡ | ᠠᠰᠢᠭ ᠢ ᠬᠤᠬᠢᠷᠠᠭᠤᠯᠤᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠡᠪᠰᠡᠯ ᠪᠦᠯᠦᠭ ᠲᠤ ᠬᠠᠣᠯᠢ ᠶᠣᠰᠣᠭᠠᠷ ᠴᠢᠩᠭ᠎ᠠ | ᠴᠣᠬᠢᠯᠲᠠ ᠥᠭᠬᠦ ᠶᠢ ᠬᠠᠷᠢᠭᠤᠴᠠᠵᠤ᠂ ᠠᠯᠪᠠᠳᠠᠵᠤ ᠪᠠᠶᠢᠭᠠᠳ ᠶᠠᠭᠤᠮ᠎ᠠ ᠠᠪᠤᠭᠤᠯᠬᠤ᠂ ᠬᠢᠬᠠᠬᠤ ᠮᠦᠯᠵᠢᠬᠦ ᠵᠡᠷᠭᠡ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠣᠯᠢ ᠶᠣᠰᠣᠭᠠᠷ ᠴᠣᠬᠢᠯᠲᠠ ᠥᠭᠭᠦᠨ᠎ᠡ︔ ᠵᠢᠭᠤᠯᠴᠢᠯᠠᠯ ᠤᠨ | ᠵᠠᠬ᠎ᠠ ᠳᠡᠯᠭᠡᠭᠦᠷ ᠤᠨ ᠬᠦᠴᠦᠷᠬᠡᠭᠯᠡᠯ ᠢᠶᠠᠷ ᠬᠠᠤᠯᠢ ᠶᠢ ᠡᠰᠡᠷᠭᠦᠴᠡᠭᠰᠡᠨ ᠠᠵᠢᠯᠯᠠᠭ᠎ᠠ ᠳᠤ ᠴᠣᠬᠢᠯᠲᠠ ᠥᠭᠴᠦ | ᠴᠡᠭᠴᠡᠯᠡᠨ ᠵᠠᠰᠠᠬᠤ ᠶᠢ ᠬᠠᠷᠢᠭᠤᠴᠠᠨ᠎ᠠ︔ ᠡᠯ᠎ᠡ ᠵᠢᠭᠤᠯᠴᠢᠯᠠᠯ ᠤᠨ ᠡᠵᠡᠩᠨᠡᠯᠲᠡ ᠶᠢᠨ ᠲᠠᠯᠠᠪᠤᠷ ᠭᠠᠵᠠᠷ ᠤᠨ ᠠᠮᠤᠷ ᠢ | ᠬᠠᠮᠠᠭᠠᠯᠠᠬᠤ ᠶᠢᠨ ᠡᠮᠬᠢ ᠳᠢᠭᠯᠢᠮ ᠵᠢᠴᠢ ᠭᠠᠯ ᠢ ᠰᠡᠷᠭᠡᠶᠢᠯᠡᠬᠦ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ | ᠬᠠᠷᠢᠭᠤᠴᠠᠨ᠎ᠠ︔ ᠵᠢᠭᠤᠯᠴᠢᠯᠠᠯ ᠤᠨ ᠬᠦᠭᠵᠢᠶᠡᠨᠲᠡᠢ ᠤᠯᠠᠷᠢᠯ ᠤᠨ ᠵᠠᠮ ᠬᠠᠷᠢᠯᠴᠠᠭᠠᠨ ᠤ ᠴᠤᠪᠤᠷᠠᠯᠲᠠ ᠶᠢᠨ | ᠬᠡᠮᠵᠢᠶ᠎ᠡ ᠶᠢ ᠤᠷᠢᠳᠴᠢᠯᠠᠨ ᠲᠦᠰᠦᠭᠡᠯᠡᠵᠦ᠂ ᠪᠠᠶᠠᠷ ᠳᠤᠷᠠᠰᠬᠠᠯ ᠤᠨ ᠡᠳᠦᠷ ᠲᠠᠬᠢ ᠵᠠᠮ ᠬᠠᠷᠢᠯᠴᠠᠭᠠᠨ ᠤ | ᠴᠤᠪᠤᠷᠠᠯᠲᠠ ᠶᠢᠨ ᠮᠠᠭᠠᠳᠯᠠᠯᠲᠠ ᠪᠠ ᠰᠠᠯᠭᠠᠨ ᠲᠣᠭᠤᠷᠢᠭᠤᠯᠵᠤ ᠶᠠᠪᠤᠭᠤᠯᠬᠤ ᠪᠡᠯᠡᠳᠬᠡᠯ ᠲᠦᠰᠦᠯ ᠢ ᠴᠠᠭ | ᠲᠤᠬᠠᠶ ᠳᠤᠨᠢ ᠨᠡᠶᠢᠲᠡᠯᠡᠨ᠎ᠡ︔ ᠵᠢᠭᠤᠯᠴᠢᠯᠠᠯ ᠤᠨ ᠦᠵᠡᠮᠵᠢ ᠶᠢᠨ ᠣᠷᠣᠨ ᠤ ᠡᠷᠭᠢᠨ ᠲᠣᠭᠤᠷᠢᠨ ᠤ ᠵᠠᠮ | ᠬᠠᠷᠢᠯᠴᠠᠭᠠᠨ ᠤ ᠡᠮᠬᠢ ᠳᠢᠭᠯᠢᠮ ᠤᠨ ᠬᠠᠮᠢᠶᠠᠷᠤᠯᠲᠠ ᠶᠢ ᠴᠢᠩᠭᠠᠳᠬᠠᠵᠤ᠂ ᠵᠢᠭᠤᠯᠴᠢᠯᠠᠯ ᠤᠨ ᠬᠦᠯᠦᠰᠦᠯᠡᠭᠰᠡᠨ ᠲᠡᠷᠭᠡ | ᠂ ᠡᠵᠡᠩᠨᠡᠯᠲᠡ ᠶᠢᠨ ᠠᠶᠠᠨᠴᠢᠳ ᠤᠨ ᠲᠡᠷᠬᠡ ᠵᠢᠴᠢ ᠲᠡᠳᠡᠬᠡᠷ ᠤᠨ ᠬᠠᠷᠢᠶ᠎ᠠ ᠪᠦᠬᠦᠢ ᠠᠵᠤ ᠠᠬᠤᠶᠢᠯᠠᠯ ᠪᠣᠯᠤᠨ | ᠵᠢᠯᠣᠭᠤᠴᠢ ᠳᠤ ᠡᠳᠦᠷ ᠲᠤᠳᠤᠮ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ | ᠡᠷᠴᠢᠮᠵᠢᠭᠦᠯᠵᠦ᠂ ᠵᠢᠭᠤᠯᠴᠢᠯᠠᠯ ᠤᠨ ᠠᠶᠠᠨᠴᠢᠳ ᠤᠨ ᠲᠡᠭᠡᠭᠡᠪᠦᠷᠢ ᠶᠢᠨ ᠲᠡᠷᠭᠡ ᠬᠥᠰᠬᠡ ᠶᠢᠨ ᠲᠣᠭᠲᠠᠭᠰᠠᠨ | ᠬᠤᠷᠳᠤᠴᠠ ᠠᠴᠠ ᠬᠡᠲᠦᠷᠡᠭᠦᠯᠬᠦ᠂ ᠲᠣᠭᠲᠠᠭᠰᠠᠨ ᠬᠥᠮᠦᠨ ᠤ ᠲᠤᠭ᠎ᠠ ᠠᠴᠠ ᠬᠡᠲᠦᠷᠡᠭᠦᠯᠬᠦ᠂ ᠶᠠᠳᠠᠷᠠᠭ᠎ᠠ ᠲᠠᠢ ᠪᠠᠷ | ᠲᠡᠷᠭᠡ ᠵᠢᠯᠣᠭᠤᠳᠬᠤ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠣᠯᠢ | ᠶᠣᠰᠣᠭᠠᠷ ᠰᠢᠢᠳᠪᠦᠷᠢᠯᠡᠨ᠎ᠡ︔ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠬᠠᠮᠵᠢᠯᠴᠠᠵᠤ ᠪᠠᠶᠢᠭᠠᠳ ︽ᠦᠨᠡᠮᠯᠡᠯ | ᠦᠬᠡᠢ ᠳᠡᠯᠭᠡᠭᠦᠷ︾᠂ ︽ᠦᠨᠡᠮᠯᠡᠯ ᠦᠬᠡᠢ ᠲᠡᠷᠭᠡ︾᠂ ︽ᠦᠨᠡᠮᠯᠡᠯ ᠦᠬᠡᠢ ᠵᠢᠭᠤᠯᠴᠢᠯᠠᠯ ᠤᠨ ᠬᠥᠲᠥᠴᠢ︾᠂ ︽ | ᠦᠨᠡᠮᠯᠡᠯ ᠦᠬᠡᠢ ᠦᠢᠯᠡᠴᠢᠯᠡᠭᠡᠨ ᠤ ᠭᠠᠵᠠᠷ︾ ᠢ ᠢᠯᠭᠠᠷᠠᠭᠤᠯᠤᠨ ᠴᠡᠭᠴᠡᠯᠡᠬᠦ ᠠᠵᠢᠯ ᠢ ᠢᠳᠡᠪᠬᠢᠲᠡᠢ | ᠦᠷᠨᠢᠭᠦᠯᠦᠨ᠎ᠡ᠃ | ᠠᠵᠤ ᠦᠢᠯᠡᠳᠪᠦᠷᠢ ᠬᠤᠳᠠᠯᠳᠤᠭ᠎ᠠ ᠪᠣᠯᠣᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ᠄ ᠵᠢᠭᠤᠯᠴᠢᠯᠠᠯ ᠤᠨ ᠵᠠᠬ᠎ᠠ ᠳᠡᠯᠭᠡᠭᠦᠷ ᠲᠠᠬᠢ ᠬᠤᠳᠠᠯ ᠬᠠᠭᠤᠷᠮᠠᠭ ᠵᠠᠷ ᠮᠡᠳᠡᠭᠡ᠂ ᠬᠤᠳᠠᠯ ᠬᠠᠭᠤᠷᠮᠠᠭ ᠪᠤᠶᠤ | ᠬᠥᠮᠦᠰ ᠢ ᠡ᠊ᠨᠳᠡᠭᠦᠷᠡᠭᠦᠯᠬᠦ ᠤᠬᠠᠭᠤᠯᠭ᠎ᠠ᠂ ᠬᠠᠭᠤᠷᠮᠠᠭ ᠮᠠᠭᠤ ᠲᠠᠸᠠᠷ ᠬᠤᠳᠠᠯᠳᠤᠬᠤ᠂ ᠭᠡᠷ᠎ᠡ ᠶᠢᠨ ᠬᠡᠯᠪᠡᠷᠢᠵᠢᠭᠰᠡᠨ | ᠵᠦᠢᠯ ᠵᠤᠷᠪᠤᠰ ᠢ ᠠᠰᠢᠭᠯᠠᠨ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠬᠤ᠂ ᠭᠠᠭᠴᠠᠭᠠᠷ | ᠡᠵᠡᠮᠰᠢᠬᠦ ᠦᠢᠯᠡ ᠠᠵᠢᠯᠯᠠᠭ᠎ᠠ ︵ᠦᠨ᠎ᠡ ᠬᠠᠩᠰᠢ ᠶᠢ ᠭᠠᠭᠴᠠᠭᠠᠷ ᠡᠵᠡᠮᠰᠢᠬᠦ ᠦᠢᠯᠡ ᠠᠵᠢᠯᠯᠠᠭ᠎ᠠ ᠠᠴᠠ ᠪᠤᠰᠤᠳ︶᠂ | ᠬᠤᠳᠠᠯᠳᠤᠭᠠᠨ ᠤ ᠬᠡᠭᠡᠯᠢ ᠲᠦᠯᠬᠢᠬᠦ ᠵᠡᠷᠭᠡ ᠬᠡᠪ ᠤᠨ ᠪᠤᠰᠤ ᠥᠷᠢᠰᠥᠯᠳᠦᠭᠡᠨ ᠤ ᠠᠵᠢᠯᠯᠠᠭ᠎ᠠ ᠵᠢᠴᠢ ᠬᠠᠤᠯᠢ | ᠲᠣᠭᠲᠠᠭᠠᠯ ᠠᠴᠠ ᠵᠥᠷᠢᠴᠡᠭᠰᠡᠨ ᠪᠤᠰᠤᠳ ᠥᠢᠯᠡ ᠠᠵᠢᠯᠯᠠᠭ᠎ᠠ ᠵᠡᠷᠭᠡ ᠶᠢ ᠬᠠᠣᠯᠢ ᠶᠣᠰᠣᠭᠠᠷ ᠪᠠᠶᠢᠴᠠᠭᠠᠨ | ᠰᠢᠢᠳᠪᠦᠷᠢᠯᠡᠨ᠎ᠡ᠃ | ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠡᠵᠡᠩᠨᠡᠬᠦ | ᠵᠥᠪᠰᠢᠶᠡᠷᠡᠯ ᠣᠯᠤᠭᠰᠠᠨ ᠦᠭᠡᠢ ᠪᠠᠷ ᠳᠤᠷ᠎ᠠ ᠪᠠᠷ ᠢᠶᠠᠨ ᠵᠢᠭᠤᠯᠴᠢᠯᠠᠯ ᠤᠨ ᠠᠶᠠᠨᠴᠢᠳ ᠤᠨ ᠲᠡᠭᠡᠭᠡᠪᠦᠷᠢ ᠬᠢᠵᠦ | ᠪᠠᠶᠢᠢᠭ᠎ᠠ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠴᠦ ᠪᠠᠶᠢᠴᠠᠭᠠᠨ ᠰᠢᠢᠳᠪᠦᠷᠢᠯᠡᠬᠦ ᠶᠢ | ᠬᠠᠷᠢᠭᠤᠴᠠᠨ᠎ᠠ︔ ᠲᠤᠰ ᠰᠠᠯᠠᠭ᠎ᠠ ᠮᠥᠴᠢᠷ ᠤᠨ ᠠᠷᠠᠴᠢᠯᠠᠵᠤ ᠬᠠᠮᠢᠶᠠᠷᠴᠤ ᠪᠠᠶᠢᠭ᠎ᠠ ᠵᠠᠰᠠᠮᠠᠯ ᠵᠠᠮ ᠳᠠᠭᠠᠤ ᠶᠢᠨ | ᠬᠡᠪᠴᠢᠶᠡᠨ ᠳᠣᠲᠣᠷ᠎ᠠ ᠬᠠᠤᠯᠢ ᠶᠣᠰᠣᠭᠠᠷ ᠪᠠᠶᠢᠭᠤᠯᠤᠭᠰᠠᠨ ᠦᠵᠡᠮᠵᠢ ᠶᠢᠨ ᠣᠷᠣᠨ᠂ ᠦᠵᠡᠮᠵᠢ ᠶᠢᠨ ᠭᠠᠵᠠᠷ ᠤᠨ | ᠵᠢᠭᠠᠬᠤ ᠫᠠᠶᠢᠰᠠ ᠬᠠᠯᠬᠠᠯᠠᠭᠳᠠᠭᠰᠠᠨ ᠵᠠᠭᠠᠯᠳᠤᠯᠭ᠎ᠠ ᠶᠢ ᠰᠢᠢᠳᠪᠦᠷᠢᠯᠡᠬᠦ ᠶᠢ ᠬᠠᠷᠢᠭᠤᠴᠠᠨ᠎ᠠ︔ ᠵᠢᠭᠤᠯᠴᠢᠯᠠᠯ ᠤᠨ | ᠰᠠᠯᠠᠭ᠎ᠠ ᠮᠥᠴᠢᠷ ᠯᠦᠭᠡ ᠬᠠᠮᠲᠤᠪᠡᠷ ᠵᠢᠭᠤᠯᠴᠢᠯᠠᠯ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠡᠮᠬᠢ ᠵᠢᠷᠤᠮ ᠢ | ᠴᠡᠭᠴᠡᠯᠡᠨ ᠵᠠᠰᠠᠬᠤ ᠶᠢ ᠬᠠᠷᠢᠭᠤᠴᠠᠵᠤ᠂ ᠬᠡᠪᠴᠢᠶ᠎ᠡ ᠠᠴᠠ ᠪᠠᠨ ᠬᠡᠲᠦᠷᠡᠲᠡᠯ᠎ᠡ ᠵᠢᠭᠤᠯᠴᠢᠯᠠᠯ ᠤᠨ ᠠᠶᠠᠨᠴᠢᠳ ᠤᠨ | ᠲᠡᠭᠡᠭᠡᠪᠦᠷᠢ ᠡᠵᠡᠩᠨᠡᠬᠦ ᠦᠢᠯᠡ ᠠᠵᠢᠯᠯᠠᠭ᠎ᠠ ᠳᠤ ᠴᠣᠬᠢᠯᠲᠠ ᠥᠭᠴᠦ᠂ ᠵᠢᠭᠤᠯᠴᠢᠯᠠᠯ ᠤᠨ ᠦᠢᠯᠡᠴᠢᠯᠡᠭᠡᠨ ᠤ | ᠭᠠᠵᠠᠷ ᠤᠨ ᠵᠢᠭᠤᠯᠴᠢᠯᠠᠯ ᠤᠨ ᠲᠡᠷᠬᠡ ᠬᠦᠯᠦᠰᠦᠯᠡᠨ ᠠᠶᠠᠨᠴᠢᠳ ᠤᠨ ᠲᠡᠭᠡᠭᠡᠪᠦᠷᠢ ᠡᠵᠡᠩᠨᠡᠬᠦ ᠬᠢᠷᠢ ᠬᠡᠮ ᠣᠯᠤᠭᠰᠠᠨ | ᠦᠭᠡᠢ ᠪᠠᠶᠢᠳᠠᠯ ᠳᠣᠣᠷ᠎ᠠ ᠲᠣᠭᠲᠠᠭᠠᠯ ᠠᠴᠠ ᠵᠦᠷᠢᠴᠡᠨ ᠲᠦᠷᠢᠶᠡᠰᠦᠯᠡᠨ ᠬᠡᠷᠡᠭᠯᠡᠬᠦ ᠦᠢᠯᠡ ᠠᠵᠢᠯᠯᠠᠭ᠎ᠠ ᠶᠢ | ᠪᠠᠶᠢᠴᠠᠭᠠᠨ ᠰᠢᠢᠳᠪᠦᠷᠢᠯᠡᠵᠦ᠂ ᠵᠢᠭᠤᠯᠴᠢᠯᠠᠯ ᠤᠨ ᠠᠶᠠᠨᠴᠢᠳ ᠤᠨ ᠲᠡᠭᠡᠭᠡᠪᠦᠷᠢ ᠡᠵᠡᠩᠨᠡᠭᠴᠢ ᠨᠢ ᠵᠢᠭᠤᠯᠴᠢᠯᠠᠯ ᠤᠨ | ᠡᠵᠡᠩᠨᠡᠭᠴᠢ ᠯᠦᠭᠡ ᠵᠢᠭᠤᠯᠴᠢᠯᠠᠯ ᠤᠨ ᠭᠡᠷ᠎ᠡ ᠲᠣᠭᠲᠠᠬᠤ ᠦᠭᠡᠢ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ | ︔ ᠡᠯ᠎ᠡ ᠠᠶᠢᠮᠠᠭ ᠬᠤᠳᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠦᠴᠢᠷ ᠤᠳ ᠢ ᠰᠢᠮᠳᠠᠭᠤᠯᠤᠨ ᠵᠢᠯᠣᠭᠤᠳᠴᠦ ᠪᠠᠶᠢᠭᠠᠳ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ | ᠬᠠᠮᠢᠶᠠᠷᠤᠯᠲᠠ ᠶᠢ ᠴᠢᠩᠭᠠᠳᠬᠠᠵᠤ᠂ ᠲᠦᠷᠢᠶᠡᠰᠦᠨ ᠮᠠᠰᠢᠨ ᠲᠡᠷᠭᠡᠨ ᠤ ᠠᠶᠠᠨᠴᠢᠳ ᠢ ᠬᠦᠯᠢᠶᠡᠵᠦ ᠠᠪᠴᠤ | ᠰᠠᠭᠤᠯᠭᠠᠬᠤ ᠦᠭᠡᠢ᠂ ᠠᠶᠠᠨᠴᠢᠨ ᠢ ᠵᠠᠮ ᠤᠨ ᠬᠤᠭᠤᠰ ᠲᠤ ᠪᠠᠭᠤᠯᠭᠠᠬᠤ᠂ ᠵᠣᠷᠢᠭᠤᠳᠠ ᠲᠣᠭᠤᠷᠢᠭᠤ ᠶᠠᠪᠤᠬᠤ᠂ | ᠦᠨ᠎ᠡ ᠬᠠᠩᠰᠢ ᠶᠢ ᠳᠤᠷ᠎ᠠ ᠪᠠᠷ ᠢᠶᠠᠨ ᠦᠰᠬᠡᠬᠦ᠂ ᠦᠨᠡᠯᠡᠬᠦᠷ ᠢᠶᠠᠨ ᠬᠡᠷᠡᠭᠯᠡᠬᠦ ᠦᠭᠡᠢ ᠪᠠᠷ ᠰᠦᠢᠳᠬᠡᠯ ᠬᠤᠷᠢᠶᠠᠬᠤ | ᠵᠡᠷᠭᠡ ᠦᠢᠯᠡ ᠠᠵᠢᠯᠯᠠᠭ᠎ᠠ ᠶᠢ ᠶᠡᠬᠡᠪᠡᠷ ᠵᠠᠰᠠᠨ ᠴᠡᠭᠴᠡᠯᠡᠵᠦ᠂ ᠲᠦᠷᠢᠶᠡᠰᠦᠨ ᠮᠠᠰᠢᠨ ᠲᠡᠷᠭᠡᠨ ᠤ ᠳ᠋ᠢᠶᠠᠩᠬᠤᠸᠠ ᠪᠠᠷ | ᠳᠠᠭᠤᠳᠠᠬᠤ ᠦᠢᠯᠡᠴᠢᠯᠡᠭᠡ ᠶᠢ ᠵᠢᠷᠤᠮᠵᠢᠭᠤᠯᠤᠨ᠎ᠠ᠃ | ᠰᠣᠶᠣᠯ ᠤᠨ ᠰᠠᠯᠠᠭ᠎ᠠ ᠮᠦᠴᠢᠷ᠄ ᠵᠢᠭᠤᠯᠴᠢᠯᠠᠯ ᠤᠨ ᠤᠷᠠᠯᠢᠭ ᠤᠨ ᠲᠣᠭᠯᠠᠯᠲᠠ᠂ ᠰᠣᠶᠣᠯ ᠵᠤᠭ᠎ᠠ ᠶᠢᠨ | ᠲᠠᠯᠠᠪᠤᠷ ᠤᠨ ᠰᠣᠶᠣᠯ ᠤᠨ ᠡᠵᠡᠩᠨᠡᠯᠲᠡ ᠶᠢᠨ ᠠᠵᠢᠯᠯᠠᠭ᠎ᠠ ᠵᠡᠷᠭᠡ ᠲᠠᠯ᠎ᠠ ᠪᠠᠷ ᠬᠢ ᠵᠠᠭᠠᠯᠳᠤᠯᠭ᠎ᠠ ᠶᠢ ᠰᠢᠢᠳᠪᠦᠷᠢᠯᠡᠬᠦ ᠪᠠ | ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ᠎ᠠ᠃ | ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ᠄ ᠵᠢᠭᠤᠯᠴᠢᠯᠠᠯ ᠤᠨ ᠡᠵᠡᠩᠨᠡᠭᠴᠢᠳ ᠤᠨ ᠪᠠᠷᠢᠮᠲᠠ ᠦᠯᠦ | ᠭᠠᠷᠭᠠᠵᠤ ᠥᠭᠬᠦ᠂ ᠬᠤᠳᠠᠯ ᠢᠶᠠᠷ ᠪᠢᠯᠤᠲ ᠬᠢᠵᠦ ᠥᠭᠬᠦ᠂ ᠬᠤᠳᠠᠯ ᠬᠠᠭᠤᠷᠮᠠᠭ ᠪᠠᠷᠢᠮᠳᠠ ᠬᠡᠷᠡᠭᠯᠡᠬᠦ ᠵᠡᠷᠭᠡ ᠭᠠᠶᠢᠯᠢ | ᠲᠠᠲᠠᠪᠤᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠵᠠᠭᠠᠯᠳᠤᠯᠭ᠎ᠠ ᠶᠢ ᠰᠢᠢᠳᠪᠦᠷᠢᠯᠡᠬᠦ ᠪᠠ | ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ᠎ᠠ︔ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠵᠢᠴᠢ | ᠲᠡᠭᠦᠨ ᠤ ᠰᠠᠯᠪᠤᠷᠢ ᠪᠠᠶᠢᠭᠤᠯᠤᠮᠵᠢ᠂ ᠵᠣᠴᠢᠳ ᠤᠨ ᠪᠠᠭᠤᠳᠠᠯ᠂ ᠬᠤᠭᠤᠯᠠᠨ ᠭᠡᠷ᠂ ᠵᠢᠭᠤᠯᠴᠢᠯᠠᠯ ᠤᠨ ᠦᠵᠡᠮᠵᠢ ᠶᠢᠨ | ᠭᠠᠵᠠᠷ᠂ ᠵᠢᠭᠤᠯᠴᠢᠯᠠᠯ ᠤᠨ ᠬᠥᠲᠥᠴᠢ᠂ ᠵᠢᠯᠣᠭᠤᠴᠢ ᠵᠡᠷᠭᠡ ᠵᠢᠭᠤᠯᠴᠢᠯᠠᠯ ᠤᠨ ᠠᠵᠤ ᠠᠬᠤᠶᠢᠯᠠᠯ ᠪᠣᠯᠤᠨ ᠬᠤᠪᠢ | ᠬᠥᠮᠦᠨ ᠤ ᠲᠣᠭᠲᠠᠭᠠᠯ ᠶᠣᠰᠤᠭᠠᠷ ᠭᠠᠶᠢᠯᠢ ᠲᠤᠰᠢᠶᠠᠬᠤ ᠶᠢ ᠮᠡᠳᠡᠭᠦᠯᠦᠭᠰᠡᠨ ᠦᠭᠡᠢ ᠠᠴᠠ ᠪᠣᠯᠤᠭᠰᠠᠨ ᠭᠠᠶᠢᠯᠢ | ᠳᠤᠲᠠᠭᠤ ᠲᠤᠰᠢᠶᠠᠬᠤ ᠦᠢᠯᠡ ᠠᠵᠢᠯᠯᠠᠭ᠎ᠠ ᠶᠢ ᠴᠡᠭᠴᠡᠯᠡᠨ ᠵᠠᠰᠠᠨ᠎ᠠ᠃ | ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠰᠠᠯᠠᠭ᠎ᠠ ᠮᠥᠴᠢᠷ᠄ ᠵᠢᠭᠤᠯᠴᠢᠯᠠᠯ ᠤᠨ ᠵᠠᠬ᠎ᠠ | ᠳᠡᠯᠭᠡᠭᠦᠷ ᠤᠨ ᠪᠠᠷᠠᠭ᠎ᠠ ᠬᠤᠳᠠᠯᠳᠤᠨ ᠠᠪᠬᠤ ᠴᠢᠬ ᠤᠨ ᠬᠡᠮᠵᠢᠯᠲᠡ ᠶᠢᠨ ᠪᠠᠭᠠᠵᠢ ᠬᠡᠷᠡᠭᠰᠡᠯ ᠵᠢᠴᠢ ᠲᠦᠷᠢᠶᠡᠰᠦᠨ | ᠮᠠᠰᠢᠨ ᠤ ᠦᠨᠡᠯᠡᠬᠦᠷ ᠵᠡᠷᠭᠡ ᠬᠠᠤᠯᠢ ᠠᠴᠠ ᠵᠥᠷᠢᠴᠡᠭᠰᠡᠨ ᠬᠡᠮᠵᠢᠯᠲᠡ ᠶᠢᠨ ᠠᠵᠢᠯᠯᠠᠭ᠎ᠠ ᠶᠢᠨ ᠲᠠᠯ᠎ᠠ ᠪᠠᠷ ᠬᠢ | ᠵᠠᠭᠠᠯᠳᠤᠯᠭ᠎ᠠ ᠶᠢ ᠰᠢᠢᠳᠪᠦᠷᠢᠯᠡᠬᠦ ᠪᠠ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ᠎ᠠ︔ ᠵᠢᠭᠤᠯᠴᠢᠯᠠᠯ ᠤᠨ | ᠠᠵᠤ ᠠᠬᠤᠶᠢᠯᠠᠯ ᠤᠨ ᠵᠢᠭᠤᠯᠴᠢᠯᠠᠯ ᠤᠨ ᠬᠠᠭᠤᠷᠮᠠᠭ ᠮᠠᠭᠤ ᠲᠠᠸᠠᠷ ᠢ ᠦᠢᠯᠡᠳᠪᠦᠷᠢᠯᠡᠵᠦ ᠪᠣᠷᠣᠯᠠᠭᠤᠯᠬᠤ | ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ︔ ᠵᠢᠭᠤᠯᠴᠢᠯᠠᠯ ᠤᠨ ᠦᠵᠡᠮᠵᠢ ᠶᠢᠨ | ᠣᠷᠣᠨ ᠦᠵᠡᠮᠵᠢ ᠶᠢᠨ ᠭᠠᠵᠠᠷ ᠤᠨ ᠠᠶᠠᠨᠴᠢᠨ ᠤ ᠲᠡᠭᠡᠭᠡᠪᠦᠷᠢ ᠶᠢᠨ ᠳᠡᠭᠦᠵᠢᠩ ᠵᠠᠮ᠂ ᠲᠤᠮᠤ ᠬᠡᠯᠪᠡᠷᠢ ᠶᠢᠨ ᠵᠤᠭ᠎ᠠ | ᠲᠤᠬᠯᠠᠭᠠᠮ ᠤᠨ ᠪᠡᠯᠡᠳᠬᠡᠮᠵᠢ᠂ ᠴᠠᠬᠢᠯᠭᠠᠨ ᠱᠠᠳᠤ᠂ ᠭᠦᠤᠤᠯᠦ᠂ ᠳᠠᠷᠤᠯᠲᠠᠲᠤ ᠰᠠᠪᠠ ᠵᠡᠷᠭᠡ ᠣᠨᠴᠠ ᠵᠦᠢᠯ ᠤᠨ | ᠲᠤᠨᠤᠭ ᠲᠥᠬᠦᠭᠡᠷᠦᠮᠵᠢ ᠶᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ | ᠪᠠᠷᠠᠭᠠᠨ ᠤ ᠦᠨ᠎ᠡ ᠬᠠᠩᠰᠢ ᠶᠢᠨ ᠰᠠᠯᠠᠭ᠎ᠠ ᠮᠥᠴᠢᠷ᠄ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠦᠨ᠎ᠡ | ᠬᠠᠩᠰᠢ ᠶᠢᠨ ᠥᠢᠯᠡ ᠠᠵᠢᠯᠯᠠᠭ᠎ᠠ ᠶᠢ ᠬᠢᠨᠠᠨ ᠬᠠᠮᠢᠶᠠᠷᠬᠤ ᠶᠢ ᠬᠠᠷᠢᠭᠤᠴᠠᠨ᠎ᠠ︔ ᠵᠢᠭᠤᠯᠴᠢᠯᠠᠯ ᠤᠨ ᠵᠠᠬ᠎ᠠ | ᠳᠡᠯᠭᠡᠭᠦᠷ ᠤᠨ ᠦᠨ᠎ᠡ ᠬᠠᠩᠰᠢ ᠶᠢᠨ ᠵᠠᠬᠢᠳᠠᠯ ᠰᠤᠷᠪᠣᠯᠵᠢᠯᠠᠯ᠂ ᠵᠠᠭᠠᠯᠳᠤᠯᠭ᠎ᠠ᠂ ᠯᠠᠪᠯᠠᠯᠭ᠎ᠠ᠂ ᠢᠯᠡᠴᠢᠯᠡᠨ ᠮᠡᠳᠡᠭᠦᠯᠬᠦ | ᠵᠢᠴᠢ ᠦᠨ᠎ᠡ ᠬᠠᠩᠰᠢ ᠶᠢᠨ ᠲᠠᠯ᠎ᠠ ᠪᠠᠷ ᠬᠢ ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ | ᠬᠠᠷᠢᠭᠤᠴᠠᠨ᠎ᠠ︔ ᠵᠢᠭᠤᠯᠴᠢᠯᠠᠯ ᠤᠨ ᠠᠵᠢᠯ ᠲᠥᠷᠥᠯ ᠤᠨ ᠬᠢᠨ ᠢ ᠵᠣᠬᠢᠶᠠᠨ ᠪᠠᠶᠢᠭᠤᠯᠵᠤ ᠪᠠᠶᠢᠭᠠᠳ ᠦᠨ᠎ᠡ | ᠬᠠᠩᠰᠢ ᠶᠢᠨ ᠬᠠᠤᠯᠢ ᠬᠡᠷᠡᠭᠵᠢᠭᠦᠯᠤᠯᠳᠠ ᠳᠤ ᠲᠤᠰᠬᠠᠶ ᠪᠠᠶᠢᠴᠠᠭᠠᠯᠲᠠ ᠦᠷᠨᠢᠭᠦᠯᠵᠦ᠂ ᠵᠢᠭᠤᠯᠴᠢᠯᠠᠯ ᠤᠨ | ᠡᠵᠡᠩᠨᠡᠭᠴᠢ ᠶᠢᠨ ᠬᠤᠳᠠᠯ ᠬᠠᠭᠤᠷᠮᠠᠭ ᠢᠶᠠᠷ ᠤᠭ ᠦᠨ᠎ᠡ ᠬᠠᠩᠰᠢ ᠵᠣᠬᠢᠶᠠᠬᠤ᠂ ᠬᠤᠳᠠᠯ ᠬᠠᠭᠤᠷᠮᠠᠭ ᠢᠶᠠᠷ ᠦᠨ᠎ᠡ | ᠬᠠᠩᠰᠢ ᠪᠠᠨ ᠬᠢᠮᠳᠠᠷᠠᠭᠤᠯᠬᠤ᠂ ᠦᠨ᠎ᠡ ᠬᠠᠩᠰᠢ ᠨᠢ ᠶᠠᠰᠤ ᠴᠢᠨᠠᠷ ᠲᠠᠭᠠᠨ ᠦᠯᠦ ᠨᠡᠶᠢᠴᠡᠬᠦ᠂ ᠦᠨ᠎ᠡ ᠬᠠᠩᠰᠢ ᠶᠢᠨ | ᠠᠮᠠᠯᠠᠯᠲᠠ ᠪᠠᠨ ᠦᠯᠦ ᠭᠦᠢᠴᠡᠳᠬᠡᠬᠦ ᠵᠡᠷᠭᠡ ᠦᠨ᠎ᠡ ᠬᠠᠩᠰᠢ ᠶᠢᠨ ᠮᠡᠬᠡᠯᠡᠯ ᠤᠨ ᠦᠢᠯᠡ ᠠᠵᠢᠯᠯᠠᠭ᠎ᠠ ᠵᠢᠴᠢ | ᠲᠣᠭᠲᠠᠭᠠᠯ ᠶᠣᠰᠣᠭᠠᠷ ᠦᠨ᠎ᠡ ᠬᠠᠩᠰᠢ ᠶᠢ ᠢᠯᠡ ᠬᠠᠳᠠᠬᠤ ᠦᠭᠡᠢ ᠵᠡᠷᠭᠡ ᠦᠨ᠎ᠡ ᠬᠠᠩᠰᠢ ᠶᠢᠨ ᠲᠣᠭᠲᠠᠭᠠᠯ ᠠᠴᠠ | ᠵᠥᠷᠢᠴᠡᠭᠰᠡᠨ ᠥᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ ᠦᠨ᠎ᠡ ᠬᠠᠩᠰᠢ ᠶᠢ ᠭᠠᠭᠴᠠᠭᠠᠷ | ᠡᠵᠡᠮᠰᠢᠳᠡᠭᠰᠡᠨ ᠰᠦᠪᠡᠭᠴᠢ ᠴᠤᠭᠯᠠᠭᠤᠯᠵᠤ᠂ ᠦᠨ᠎ᠡ ᠬᠠᠩᠰᠢ ᠶᠢ ᠭᠠᠭᠴᠠᠭᠠᠷ ᠡᠵᠡᠮᠰᠢᠭᠰᠡᠨ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ︔ ᠵᠢᠭᠤᠯᠴᠢᠯᠠᠯ ᠤᠨ ᠡᠵᠡᠩᠨᠡᠭᠴᠢ ᠦᠪᠡᠷ ᠤᠨ | ᠡᠵᠡᠩᠨᠡᠯᠲᠡ ᠶᠢᠨ ᠭᠠᠵᠠᠷ ᠤᠨ ᠢᠶᠠᠨ ᠢᠯᠡ ᠣᠷᠣᠨ ᠪᠠᠶᠢᠷᠢᠨ ᠳᠤ ᠡᠵᠡᠩᠨᠡᠯᠲᠡ ᠶᠢᠨ ᠦᠢᠯᠡᠴᠢᠯᠡᠭᠡᠨ ᠤ ᠲᠥᠷᠥᠯ ᠵᠦᠢᠯ | ᠪᠠ ᠰᠦᠢᠳᠬᠡᠯ ᠬᠤᠷᠢᠶᠠᠬᠤ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠢᠯᠡ ᠲᠣᠲᠣᠷᠬᠠᠢ ᠦᠨ᠎ᠡ | ᠬᠠᠳᠠᠬᠰᠠᠨ ᠪᠠᠶᠢᠢᠬᠤ ᠡᠰᠡᠬᠦ ᠳᠤ ᠬᠢᠨᠠᠯᠳᠠ ᠲᠠᠯᠪᠢᠨ᠎ᠠ᠃ ᠵᠢᠭᠤᠯᠴᠢᠯᠠᠯ ᠤᠨ ᠠᠵᠢᠯ ᠲᠥᠷᠥᠯ ᠤᠨ ᠬᠢᠨ ᠵᠦᠢ ᠵᠤᠬᠢᠰ | ᠤᠶᠢᠭᠡᠢ ᠳᠣᠣᠷ᠎ᠠ ᠦᠨ᠎ᠡ᠂ ᠬᠤᠳᠠᠯ ᠬᠠᠭᠤᠷᠮᠠᠭ ᠪᠤᠶᠤ ᠬᠥᠮᠥᠰ ᠢ ᠠᠳᠡᠬᠦᠷᠡᠭᠦᠯᠬᠦ ᠦᠨ᠎ᠡ ᠬᠠᠩᠰᠢ ᠶᠢᠨ ᠤᠬᠠᠭᠤᠯᠬᠤ | ᠠᠷᠭ᠎ᠠ ᠪᠠᠷᠢᠯ ᠪᠤᠶᠤ ᠦᠨ᠎ᠡ ᠬᠠᠳᠠᠬᠤ ᠠᠷᠭ᠎ᠠ ᠮᠠᠶ᠋ᠢᠭ ᠢᠶᠠᠷ ᠵᠢᠭᠤᠯᠴᠢᠯᠠᠭᠴᠢᠳ ᠢ ᠲᠠᠲᠠᠬᠤ ᠪᠠ ᠵᠣᠬᠢᠶᠠᠨ | ᠪᠠᠶᠢᠭᠤᠯᠤᠨ ᠬᠦᠯᠢᠶᠡᠨ ᠠᠪᠬᠤ ᠦᠢᠯᠡ ᠠᠵᠢᠯᠯᠠᠭ᠎ᠠ ᠳᠤ ᠬᠢᠨᠠᠯᠲᠠ ᠲᠠᠯᠪᠢᠨ᠎ᠠ︔ ᠦᠵᠡᠮᠵᠢ ᠶᠢᠨ ᠣᠷᠣᠨ ᠤ ᠡᠭᠦᠳᠡᠨ | ᠪᠢᠯᠧᠲ ᠤᠨ ᠦᠨ᠎ᠡ ᠬᠠᠩᠰᠢ᠂ ᠦᠵᠡᠮᠵᠢ ᠶᠢᠨ ᠣᠷᠣᠨ ᠤ ᠳᠣᠲᠣᠷᠠᠬᠢ ᠵᠠᠮ ᠬᠠᠷᠢᠯᠴᠠᠭᠠᠨ ᠤ ᠪᠠᠭᠠᠵᠢ ᠵᠢᠴᠢ ᠲᠡᠷᠭᠡ | ᠵᠣᠭᠰᠣᠬᠤ ᠰᠦᠢᠳᠬᠡᠯ ᠬᠤᠷᠢᠶᠠᠬᠤ ᠳᠠᠭᠠᠨ ᠵᠠᠰᠠᠭ ᠤᠨ ᠣᠷᠳᠣᠨ ᠤ ᠲᠣᠭᠲᠠᠭᠠᠭᠰᠠᠨ ᠦᠨ᠎ᠡ ᠬᠠᠩᠰᠢ ᠪᠤᠶᠤ | ᠵᠠᠰᠠᠭ ᠤᠨ ᠣᠷᠳᠣᠨ ᠤ ᠵᠢᠯᠣᠭᠤᠳᠤᠯᠭ᠎ᠠ ᠶᠢ ᠬᠡᠷᠡᠭᠵᠢᠭᠦᠯᠵᠦ᠂ ᠡᠯ᠎ᠡ ᠵᠦᠢᠯ ᠤᠨ ᠬᠠᠷᠠᠭᠠᠯᠵᠠᠯ ᠦᠵᠡᠭᠦᠯᠬᠦ ᠪᠠ | ᠬᠠᠰᠤᠵᠤ ᠬᠡᠯᠲᠦᠷᠢᠭᠦᠯᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠡᠰᠡᠬᠦ ᠳᠤ ᠬᠢᠨᠠᠯᠲᠠ ᠲᠠᠯᠪᠢᠵᠤ᠂ ᠦᠨ᠎ᠡ | ᠬᠠᠩᠰᠢ ᠶᠢ ᠳᠤᠷ᠎ᠠ ᠪᠠᠷ ᠢᠶᠠᠨ ᠥᠰᠬᠡᠬᠦ ᠪᠠ ᠬᠢᠨᠠᠨ ᠵᠥᠪᠰᠢᠶᠡᠷᠡᠭᠦᠯᠦᠭᠰᠡᠨ ᠦᠭᠡᠢ ᠪᠠᠷ ᠳᠤᠷ᠎ᠠ ᠪᠠᠷ ᠢᠶᠠᠨ ᠰᠦᠢᠳᠬᠡᠯ | ᠬᠤᠷᠢᠶᠠᠬᠤ ᠥᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃ | ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ᠄ ᠠᠷᠠᠯᠵᠢᠶ᠎ᠠ ᠬᠤᠳᠠᠯᠳᠤᠭ᠎ᠠ ᠶᠢᠨ ᠦᠢᠯᠡᠴᠢᠯᠡᠭᠡᠨ ᠤ | ᠦᠢᠯᠡᠰ ︵ᠢᠳᠡᠭᠡᠨ ᠤᠮᠳᠠᠭᠠᠨ ᠤ ᠦᠢᠯᠡᠰ᠂ ᠬᠤᠨᠤᠭ ᠪᠠᠭᠤᠳᠠᠯ ᠤᠨ ᠦᠢᠯᠡᠰ ᠪᠠᠭᠲᠠᠨ᠎ᠠ︶ ᠤᠨ ᠠᠵᠢᠯ | ᠲᠥᠷᠥᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ︔ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠲᠣᠲᠣᠷᠠᠬᠢ | ᠵᠢᠭᠤᠯᠴᠢᠯᠠᠯ ᠤᠨ ᠪᠦᠯᠬᠦᠮ ᠤᠨ ᠢᠳᠡᠭᠡᠨ ᠤᠮᠳᠠᠭᠠᠨ᠂ ᠬᠤᠨᠤᠭ ᠪᠠᠭᠤᠳᠠᠯ ᠤᠨ ᠦᠢᠯᠡᠴᠢᠯᠡᠭᠡ ᠬᠠᠩᠭᠠᠬᠤ | ᠨᠢᠭᠡᠴᠡ ᠶᠢᠨ ᠡᠯ᠎ᠡ ᠵᠦᠢᠯ ᠤᠨ ᠵᠠᠭᠠᠯᠳᠤᠯᠭ᠎ᠠ ᠶᠢᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ᠎ᠠ︔ ᠪᠥᠬᠦ | ᠣᠷᠣᠨ ᠤ ᠠᠷᠠᠯᠵᠢᠶ᠎ᠠ ᠬᠤᠳᠠᠯᠳᠤᠭ᠎ᠠ ᠶᠢᠨ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠲᠦᠷᠦ ᠶᠢᠨ | ᠪᠤᠳᠤᠯᠭ᠎ᠠ ᠶᠢᠨ ᠰᠠᠨᠠᠭᠤᠯᠭ᠎ᠠ ᠳᠤᠷᠠᠳᠤᠨ᠎ᠠ᠃ | ᠴᠢᠮᠡᠭᠡ ᠬᠤᠯᠪᠣᠭᠠᠨ ᠤ ᠰᠠᠯᠠᠭ᠎ᠠ ᠮᠥᠴᠢᠷ᠄ ᠴᠠᠬᠢᠯᠭᠠᠨ ᠬᠤᠯᠪᠣᠭ᠎ᠠ ᠪᠣᠯᠤᠨ ᠢᠨᠲ᠋ᠧᠷ ᠰᠦᠯᠵᠢᠶ᠎ᠡ ᠵᠡᠷᠭᠡ | ᠮᠡᠳᠡᠭᠡ ᠵᠠᠩᠭᠢ ᠶᠢᠨ ᠴᠢᠮᠡᠭᠡ ᠬᠤᠯᠪᠣᠭᠠᠨ ᠤ ᠦᠢᠯᠡᠴᠢᠯᠡᠭᠡ ᠶᠢ ᠬᠠᠣᠯᠢ ᠶᠣᠰᠣᠭᠠᠷ ᠬᠢᠨᠠᠨ ᠬᠠᠮᠢᠶᠠᠷᠴᠤ᠂ ᠢᠨᠲ᠋ᠧᠷ | ᠰᠦᠯᠵᠢᠶᠡᠨ ᠤ ᠠᠵᠢᠯ ᠲᠥᠷᠥᠯ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠴᠠᠬᠢᠯᠭᠠᠨ | ᠬᠤᠯᠪᠣᠭᠠᠨ ᠤ ᠠᠵᠤ ᠠᠬᠤᠶᠢᠯᠠᠯ ᠪᠣᠯᠣᠨ ᠵᠢᠭᠤᠯᠴᠢᠯᠠᠯ ᠤᠨ ᠢᠨᠲ᠋ᠧᠷ ᠰᠦᠯᠵᠢᠶᠡᠨ ᠤ ᠠᠵᠤ ᠠᠬᠤᠶᠢᠯᠠᠯ ᠤᠳ ᠢ | ᠰᠢᠮᠳᠠᠭᠤᠯᠵᠤ ᠪᠠᠶᠢᠭᠠᠳ ᠲᠣᠣᠷ ᠰᠦᠯᠵᠢᠶ᠎ᠡ ᠬᠢᠭᠡᠳ ᠮᠡᠳᠡᠭᠡ ᠵᠠᠩᠭᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠰᠦᠯᠵᠢᠶᠡᠨ ᠳᠡᠭᠡᠷᠡᠬᠢ ᠵᠢᠭᠤᠯᠴᠢᠯᠠᠯ ᠤᠨ ᠰᠦᠯᠵᠢᠶᠡᠨ ᠤ ᠣᠷᠴᠢᠨ | ᠲᠣᠭᠤᠷᠢᠨ ᠪᠣᠯᠣᠨ ᠮᠡᠳᠡᠭᠡ ᠵᠠᠩᠭᠢ ᠶᠢᠨ ᠵᠠᠰᠠᠯᠲᠠ ᠶᠢ ᠬᠠᠮᠵᠢᠯᠴᠠᠨ ᠦᠷᠨᠢᠭᠦᠯᠵᠦ᠂ ᠰᠦᠯᠵᠢᠶᠡᠨ ᠳᠡᠭᠡᠷᠡᠬᠢ ᠬᠤᠳᠠᠯ | ᠬᠠᠭᠤᠷᠮᠠᠭ ᠵᠢᠭᠤᠯᠴᠢᠯᠠᠯ ᠤᠨ ᠵᠠᠷ ᠮᠡᠳᠡᠭᠡ ᠵᠠᠩᠭᠢ ᠵᠡᠷᠭᠡ ᠶᠢ ᠬᠠᠮᠵᠢᠯᠴᠠᠵᠤ ᠪᠠᠶᠢᠭᠠᠳ ᠰᠢᠢᠳᠪᠦᠷᠢᠯᠡᠨ᠎ᠡ᠃ | ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠰᠠᠯᠠᠭ᠎ᠠ ᠮᠥᠴᠢᠷ᠄ ᠰᠦᠯᠵᠢᠶᠡᠨ ᠤ ᠵᠢᠭᠤᠯᠴᠢᠯᠠᠯ ᠤᠨ ᠰᠣᠨᠢᠨ | ᠮᠡᠳᠡᠭᠡᠨ ᠤ ᠲᠤᠬᠠᠶᠢᠯᠠᠭᠰᠠᠨ ᠠᠵᠢᠯ ᠤᠨ ᠬᠢᠨᠠᠨ ᠵᠥᠪᠰᠢᠶᠡᠷᠡᠯ ᠪᠣᠯᠣᠨ ᠡᠳᠦᠷ ᠲᠤᠳᠤᠮ ᠤᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠨ᠎ᠠ︔ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠢ ᠵᠣᠬᠢᠴᠠᠭᠤᠯᠵᠤ ᠪᠠᠶᠢᠭᠠᠳ | ᠰᠦᠯᠵᠢᠶᠡᠨ ᠤ ᠵᠢᠭᠤᠯᠴᠢᠯᠠᠯ ᠤᠨ ᠰᠣᠶᠣᠯ ᠤᠨ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠲᠥᠯᠥᠪᠵᠢᠭᠦᠯᠭᠡ ᠪᠣᠯᠣᠨ ᠬᠡᠷᠡᠭᠵᠢᠭᠦᠯᠬᠦ ᠠᠵᠢᠯ ᠢ ᠰᠠᠶᠢᠲᠤᠷ ᠬᠢᠵᠦ᠂ ᠭᠤᠣᠯᠳᠠᠯᠭ᠎ᠠ ᠲᠠᠢ ᠵᠢᠭᠤᠯᠴᠢᠯᠠᠯ ᠤᠨ ᠰᠣᠨᠢᠨ | ᠮᠡᠳᠡᠭᠡᠨ ᠤ ᠰᠦᠯᠵᠢᠶᠡᠨ ᠤ ᠲᠥᠯᠥᠪᠵᠢᠭᠦᠯᠭᠡ ᠶᠢᠨ ᠪᠠᠶᠢᠭᠤᠯᠤᠯᠲᠠ ᠶᠢ ᠬᠠᠷᠢᠭᠤᠴᠠᠵᠤ᠂ ᠰᠦᠯᠵᠢᠶᠡᠨ ᠳᠡᠭᠡᠷᠡᠬᠢ | ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ | ᠵᠢᠭᠤᠯᠴᠢᠯᠠᠯ ᠤᠨ ᠰᠦᠯᠵᠢᠶ᠎ᠡ ᠶᠢ ᠬᠠᠣᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ︔ ᠡᠭᠦᠷᠭᠡ | ᠬᠠᠷᠢᠭᠤᠴᠠᠯᠭ᠎ᠠ ᠶᠢᠨ ᠢᠶᠠᠨ ᠬᠡᠪᠴᠢᠶᠡᠨ ᠳᠣᠲᠣᠷ᠎ᠠ ᠡᠯ᠎ᠡ ᠭᠠᠵᠠᠷ ᠣᠷᠣᠨ ᠤ ᠢᠨᠲ᠋ᠧᠷ ᠰᠦᠯᠵᠢᠶᠡᠨ ᠤ ᠬᠤᠯᠪᠣᠭᠳᠠᠯ | ᠪᠦᠬᠦᠢ ᠰᠠᠯᠠᠭ᠎ᠠ ᠮᠥᠴᠢᠷ ᠢ ᠵᠢᠯᠣᠭᠤᠳᠴᠤ ᠠᠵᠢᠯ ᠦᠷᠨᠢᠭᠦᠯᠦᠨ᠎ᠡ᠃ | ᠠᠷᠠᠳ ᠤᠨ ᠠᠭᠠᠷ ᠤᠨ ᠲᠡᠭᠡᠭᠡᠪᠦᠷᠢ ᠶᠢᠨ ᠰᠠᠯᠠᠭ᠎ᠠ ᠮᠥᠴᠢᠷ᠄ ᠠᠭᠠᠷ ᠤᠨ ᠲᠡᠭᠡᠭᠡᠪᠦᠷᠢ ᠪᠣᠯᠣᠨ ᠨᠡᠶᠢᠳᠡᠮ | ᠬᠡᠷᠡᠭᠯᠡᠭᠡᠨ ᠤ ᠠᠭᠠᠷ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠢ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠬᠠᠤᠯᠢ | ᠶᠣᠰᠣᠭᠠᠷ ᠡᠭᠦᠷᠭᠡᠯᠡᠨ᠎ᠡ︔ ᠠᠭᠠᠷ ᠤᠨ ᠠᠶᠠᠯᠠᠯ ᠤᠨ ᠬᠡᠷᠡᠭᠯᠡᠭᠴᠢᠳ ᠤᠨ ᠡᠷᠬᠡ ᠠᠰᠢᠭ ᠲᠤ ᠬᠠᠯᠳᠠᠭᠰᠠᠨ ᠠᠷᠠᠳ ᠤᠨ | ᠠᠭᠠᠷ ᠤᠨ ᠲᠡᠭᠡᠭᠡᠪᠦᠷᠢ ᠶᠢᠨ ᠠᠵᠤ ᠠᠬᠤᠶᠢᠯᠠᠯ ᠤᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ | ᠰᠢᠢᠳᠪᠦᠷᠢᠯᠡᠵᠦ᠂ ᠵᠢᠭᠤᠯᠴᠢᠯᠠᠭᠴᠢᠳ ᠤᠨ ᠨᠢᠰᠬᠡᠯ ᠤᠨ ᠪᠢᠯᠧᠲ ᠢᠶᠠᠨ ᠪᠤᠴᠠᠭᠠᠬᠤ ᠪᠠ ᠰᠤᠯᠢᠬᠤ ᠬᠠᠤᠯᠢ ᠶᠣᠰᠣᠨ ᠤ | ᠡᠷᠬᠡ ᠠᠰᠢᠭ ᠢ ᠬᠠᠮᠠᠭᠠᠯᠠᠨ᠎ᠠ︔ ᠵᠢᠭᠤᠯᠴᠢᠯᠠᠯ ᠤᠨ ᠰᠠᠯᠠᠭ᠎ᠠ ᠮᠥᠴᠢᠷ ᠲᠠᠢ ᠬᠠᠮᠵᠢᠯᠴᠠᠵᠤ ᠪᠠᠶᠢᠭᠠᠳ | ᠵᠢᠭᠤᠯᠴᠢᠯᠠᠯ ᠤᠨ ᠪᠣᠯᠪᠠᠰᠤᠨ ᠪᠤᠰᠤ ᠦᠢᠯᠡ ᠠᠵᠢᠯᠯᠠᠭ᠎ᠠ ᠵᠡᠷᠭᠡ ᠶᠢ ᠬᠠᠮᠲᠤ ᠪᠠᠷ ᠵᠠᠰᠠᠨ᠎ᠠ᠃ | ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ᠄ ᠪᠡᠶ᠎ᠡ ᠶᠢᠨ ᠲᠠᠮᠢᠷ ᠤᠨ ᠡᠵᠡᠩᠨᠡᠯᠲᠡ ᠶᠢᠨ ᠠᠵᠢᠯᠯᠠᠭ᠎ᠠ ᠳᠤ ᠬᠢᠨᠠᠯᠲᠠ | ᠲᠠᠯᠪᠢᠵᠤ ᠪᠠᠶᠢᠴᠠᠭᠠᠬᠤ ᠬᠠᠷᠢᠭᠤᠴᠠᠯᠭ᠎ᠠ ᠶᠢ ᠬᠠᠤᠯᠢ ᠶᠣᠰᠣᠭᠠᠷ ᠡᠭᠦᠷᠭᠡᠯᠡᠨ᠎ᠡ︔ ᠪᠡᠶ᠎ᠡ ᠶᠢᠨ ᠲᠠᠮᠢᠷ ᠤᠨ | ᠡᠵᠡᠩᠨᠡᠯᠲᠡ ᠶᠢᠨ ᠠᠵᠢᠯᠯᠠᠭ᠎ᠠ ᠶᠢᠨ ᠵᠠᠭᠠᠯᠳᠤᠯᠭ᠎ᠠ ᠶᠢ ᠰᠢᠢᠳᠪᠦᠷᠢᠯᠡᠬᠦ ᠪᠠ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ | ᠬᠠᠷᠢᠭᠤᠴᠠᠨ᠎ᠠ᠃ | ᠠᠶᠤᠯ ᠥᠭᠡᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠄ ᠵᠢᠭᠤᠯᠴᠢᠯᠠᠯ ᠤᠨ ᠠᠵᠤ ᠠᠬᠤᠶᠢᠯᠠᠯ | ᠪᠤᠶᠤ ᠵᠢᠭᠤᠯᠴᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭᠠᠨ ᠤ ᠳᠤᠮᠳᠠ ᠭᠠᠷᠤᠭᠰᠠᠨ | ᠦᠢᠯᠡᠳᠪᠦᠷᠢᠯᠡᠯ ᠤᠨ ᠠᠮᠤᠷ ᠲᠦᠪᠰᠢᠨ ᠤ ᠡ᠊ᠨᠳᠡᠯ ᠢ ᠪᠠᠶᠢᠴᠠᠭᠠᠵᠤ ᠰᠢᠢᠳᠪᠦᠷᠢᠯᠡᠬᠦ ᠶᠢ ᠬᠠᠷᠢᠭᠤᠴᠠᠨ᠎ᠠ︔ ᠠᠵᠢᠯ | ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠵᠣᠬᠢᠴᠠᠭᠤᠯᠤᠨ ᠰᠢᠮᠳᠠᠭᠤᠯᠵᠤ ᠪᠠᠶᠢᠭᠠᠳ ᠠᠮᠤᠷ | ᠲᠦᠪᠰᠢᠨ ᠤ ᠠᠵᠢᠯ ᠢ ᠰᠠᠶᠢᠲᠤᠷ ᠬᠢᠵᠦ᠂ ᠠᠮᠤᠷ ᠲᠦᠪᠰᠢᠨ ᠤ ᠡ᠊ᠨᠳᠡᠯ ᠢ ᠪᠠᠶᠢᠴᠠᠭᠠᠵᠤ ᠰᠢᠢᠳᠪᠦᠷᠢᠯᠡᠬᠦ ᠠᠵᠢᠯ ᠢ | ᠲᠦᠷᠦᠭᠦᠯᠡᠨ ᠵᠣᠬᠢᠶᠠᠨ ᠪᠠᠶᠢᠭᠤᠯᠤᠨ᠎ᠠ᠃ | ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠄ ᠵᠢᠭᠤᠯᠴᠢᠯᠠᠯ ᠤᠨ | ᠦᠵᠡᠮᠵᠢ ᠶᠢᠨ ᠣᠷᠣᠨ᠂ ᠵᠢᠭᠤᠯᠴᠢᠯᠠᠭᠴᠢᠳ ᠤᠨ ᠲᠦᠪᠯᠡᠷᠡᠬᠦᠯᠵᠦ ᠶᠠᠪᠤᠭᠤᠯᠬᠤ ᠲᠥᠪ᠂ ᠵᠢᠭᠤᠯᠴᠢᠯᠠᠯ ᠤᠨ ᠬᠠᠮᠢᠶ᠎ᠠ | ᠪᠦᠬᠦᠢ ᠲᠠᠯᠠᠪᠤᠷ ᠭᠠᠵᠠᠷ ᠤᠨ ᠢᠳᠡᠭᠡᠨ ᠤ ᠵᠦᠢᠯᠡᠰ ᠢ ᠬᠠᠤᠯᠢ ᠠᠴᠠ ᠵᠦᠷᠢᠴᠡᠨ ᠡᠵᠡᠩᠨᠡᠬᠦ ᠠᠵᠢᠯᠯᠠᠭ᠎ᠠ ᠶᠢᠨ | ᠵᠠᠭᠠᠯᠳᠤᠯᠭ᠎ᠠ ᠶᠢ ᠰᠢᠢᠳᠪᠦᠷᠢᠯᠡᠬᠦ ᠪᠠ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ᠎ᠠ︔ ᠵᠢᠭᠤᠯᠴᠢᠯᠠᠯ ᠤᠨ | ᠪᠦᠯᠬᠦᠮ ᠢ ᠬᠦᠯᠢᠶᠡᠨ ᠠᠪᠬᠤ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢᠨ ᠢᠳᠡᠭᠡᠨ ᠤ ᠵᠦᠢᠯ ᠤᠨ | ᠠᠮᠤᠷ ᠲᠦᠪᠰᠢᠨ ᠤ ᠲᠦᠭᠰᠢᠭᠦᠷᠢ ᠶᠢᠨ ᠲᠠᠯᠳᠠ ᠭᠡᠮ ᠢ ᠵᠢᠭᠰᠠᠭᠠᠨ ᠪᠠᠶᠢᠴᠠᠭᠠᠬᠤ ᠪᠠ ᠬᠢᠨᠠᠨ ᠪᠠᠶᠢᠴᠠᠭᠠᠬᠤ ᠶᠢ | ᠬᠠᠷᠢᠭᠤᠴᠠᠨ᠎ᠠ︔ ᠵᠢᠭᠤᠯᠴᠢᠯᠠᠯ ᠤᠨ ᠢᠳᠡᠭᠡᠨ ᠤᠮᠳᠠᠭᠠᠨ ᠤ ᠨᠢᠭᠡᠴᠡ ᠳᠤ ᠢᠳᠡᠭᠡᠨ ᠤᠮᠳᠠᠭᠠᠨ ᠤ ᠦᠢᠯᠡᠴᠢᠯᠡᠭᠡ ᠶᠢᠨ | ᠵᠥᠪᠰᠢᠶᠡᠷᠡᠯ ᠢ ᠬᠡᠷᠡᠭᠵᠢᠭᠦᠯᠦᠨ᠎ᠡ︔ ᠵᠢᠭᠤᠯᠴᠢᠯᠠᠯ ᠤᠨ ᠦᠵᠡᠮᠵᠢ ᠶᠢᠨ ᠣᠷᠣᠨ᠂ ᠪᠠᠭᠤᠳᠠᠯ ᠤᠨ ᠢᠳᠡᠭᠡᠨ ᠤ | ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ᠄ ᠵᠢᠭᠤᠯᠴᠢᠯᠠᠯ ᠤᠨ | ᠦᠢᠯᠡᠴᠢᠯᠡᠭᠡᠨ ᠤ ᠭᠠᠵᠠᠷ ᠤᠨ ᠵᠢᠭᠤᠯᠴᠢᠯᠠᠯ ᠤᠨ ᠬᠥᠲᠥᠴᠢ ᠯᠦᠭᠡ ᠬᠥᠳᠡᠯᠮᠦᠷᠢ ᠶᠢᠨ ᠭᠡᠷ᠎ᠡ ᠦᠯᠦ ᠲᠣᠭᠲᠠᠬᠤ | ᠦᠢᠯᠡ ᠠᠵᠢᠯᠯᠠᠭ᠎ᠠ ᠶᠢ ᠴᠡᠭᠴᠡᠯᠡᠨ ᠵᠠᠰᠠᠬᠤ ᠶᠢ ᠬᠠᠷᠢᠭᠤᠴᠠᠨ᠎ᠠ︔ ᠵᠢᠭᠤᠯᠴᠢᠯᠠᠯ ᠤᠨ ᠠᠵᠤ ᠠᠬᠤᠶᠢᠯᠠᠯ ᠤᠨ | ᠵᠢᠭᠤᠯᠴᠢᠯᠠᠯ ᠤᠨ ᠬᠥᠳᠦᠴᠢᠳ ᠤᠨ ᠬᠥᠳᠡᠯᠮᠦᠷᠢ ᠶᠢᠨ ᠬᠥᠯᠥᠰᠥ ᠣᠯᠭᠤᠮᠵᠢ ᠶᠢ ᠥᠯᠥ ᠥᠭᠬᠦ᠂ ᠤᠳᠠᠭᠠᠰᠢᠷᠠᠭᠤᠯᠬᠤ | ᠂ ᠵᠢᠭᠤᠯᠴᠢᠯᠠᠯ ᠤᠨ ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠬᠤᠯᠪᠣᠭᠳᠠᠯ ᠪᠦᠬᠦᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ᠎ᠠ᠃ | ᠤᠢ ᠰᠢᠭᠤᠶ ᠶᠢᠨ ᠰᠠᠯᠠᠭ᠎ᠠ ᠮᠥᠴᠢᠷ᠄ ᠵᠢᠭᠤᠯᠴᠢᠯᠠᠯ ᠤᠨ ᠦᠵᠡᠮᠵᠢ ᠶᠢᠨ ᠣᠷᠣᠨ ᠤ ᠰᠢᠭᠤᠶᠢᠲᠤ ᠭᠠᠵᠠᠷ ︵ | ᠨᠤᠭᠤ ᠭᠠᠵᠠᠷ︶᠂ ᠣᠢ ᠮᠣᠳᠣ ᠶᠢ ᠬᠠᠤᠯᠢ ᠠᠴᠠ ᠵᠥᠷᠢᠴᠡᠵᠦ ᠡᠵᠡᠯᠡᠨ ᠬᠡᠷᠡᠭᠯᠡᠬᠦ᠂ ᠰᠦᠢᠳᠬᠡᠬᠦ᠂ ᠵᠢᠭᠤᠯᠴᠢᠯᠠᠯ ᠤᠨ | ᠠᠵᠤ ᠠᠬᠤᠶᠢᠯᠠᠯ ᠪᠤᠶᠤ ᠠᠵᠢᠯᠯᠠᠵᠤ ᠪᠠᠶᠢᠭ᠎ᠠ ᠬᠥᠮᠦᠰ ᠤᠨ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ | ᠰᠠᠷᠢᠭᠠᠯᠠᠭᠰᠠᠨ ᠵᠡᠷᠭᠡ ᠤᠢ ᠰᠢᠭᠤᠶ ᠶᠢᠨ ᠡᠬᠢ ᠪᠠᠶᠠᠯᠢᠭ ᠢ ᠡᠪᠳᠡᠭᠰᠡᠨ ᠠᠰᠠᠭᠤᠳᠠᠯ ᠤᠳ ᠢ ᠴᠡᠭᠴᠡᠯᠡᠨ ᠵᠠᠰᠠᠬᠤ ᠶᠢ | ᠬᠠᠷᠢᠭᠤᠴᠠᠨ᠎ᠠ︔ ᠤᠢ ᠰᠢᠭᠤᠶ ᠶᠢᠨ ᠴᠡᠴᠡᠷᠯᠢᠭ ᠢ ᠨᠡᠭᠡᠭᠡᠨ ᠬᠥᠭᠵᠢᠭᠦᠯᠵᠦ ᠪᠦᠳᠦᠭᠡᠨ ᠪᠠᠶᠢᠭᠤᠯᠤᠭᠰᠠᠨ᠂ | ᠰᠢᠭᠤᠶᠢᠲᠤ ᠭᠠᠵᠠᠷ ᠢ ᠲᠠᠲᠠᠪᠤᠷᠢᠯᠠᠨ ᠡᠵᠡᠯᠡᠨ ᠬᠡᠷᠡᠭᠯᠡᠭᠰᠡᠨ ᠨᠢ ᠨᠢᠭᠡᠨᠲᠡ ᠴᠣᠬᠤᠯᠠᠪᠤᠷᠢᠯᠠᠭᠤᠯᠤᠭᠰᠠᠨ ᠤᠢ | ᠰᠢᠭᠤᠶ ᠶᠢᠨ ᠴᠡᠴᠡᠷᠯᠢᠭ ᠤᠨ ᠶᠡᠷᠦᠩᠬᠡᠶ ᠲᠥᠯᠥᠪᠵᠢᠭᠦᠯᠭᠡ ᠳᠤ ᠨᠡᠶᠢᠴᠡᠬᠦ ᠡᠰᠡᠬᠦ ᠶᠢ ᠬᠢᠨᠠᠨ ᠬᠠᠮᠢᠶᠠᠷᠤᠨ᠎ᠠ᠃ | ᠬᠠᠤᠯᠢ ᠲᠦᠷᠢᠮ ᠤᠨ ᠰᠠᠯᠠᠭ᠎ᠠ ᠮᠥᠴᠢᠷ᠄ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠢ ᠵᠢᠯᠣᠭᠤᠳᠣᠨ | ᠳᠡᠮᠵᠢᠵᠦ ᠪᠠᠶᠢᠭᠠᠳ ᠵᠢᠭᠤᠯᠴᠢᠯᠠᠯ ᠤᠨ ᠵᠠᠬ᠎ᠠ ᠳᠡᠯᠭᠡᠭᠦᠷ ᠢ ᠴᠡᠭᠴᠡᠯᠡᠨ ᠵᠠᠰᠠᠬᠤ ᠬᠠᠤᠯᠢ ᠲᠣᠭᠲᠠᠭᠠᠯ ᠲᠦᠷᠢᠮ ᠢ | ᠲᠣᠭᠲᠠᠭᠠᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠢ ᠴᠡᠭᠴᠡᠯᠡᠨ ᠵᠠᠰᠠᠬᠤ ᠠᠵᠢᠯ ᠢ ᠬᠠᠤᠯᠢ ᠶᠣᠰᠣᠭᠠᠷ | ᠦᠷᠨᠢᠭᠦᠯᠦᠨ᠎ᠡ︔ ᠡᠯ᠎ᠡ ᠰᠠᠯᠠᠭ᠎ᠠ ᠮᠥᠴᠢᠷ ᠤᠨ ᠬᠢᠨ ᠤ ᠵᠢᠭᠤᠯᠴᠢᠯᠠᠯ ᠳᠤ ᠬᠤᠯᠪᠣᠭᠳᠠᠬᠤ ᠬᠡᠷᠡᠭ ᠢ ᠬᠠᠤᠯᠢ ᠶᠣᠰᠣᠭᠠᠷ | ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠪᠤᠶᠤ ᠲᠣᠬᠢᠷᠠᠯᠴᠠᠬᠤ ᠬᠠᠤᠯᠢ ᠴᠠᠭᠠᠵᠠ ᠶᠢᠨ ᠵᠦᠢᠯᠡᠰ ᠢ ᠵᠢᠯᠣᠭᠤᠳᠤᠨ᠎ᠠ᠃ | ᠣᠷᠣᠨ ᠰᠠᠭᠤᠴᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠵᠢᠴᠢ ᠰᠤᠮᠤ | ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠄ ᠭᠤᠣᠯᠳᠠᠯᠭ᠎ᠠ ᠲᠠᠢ ᠦᠵᠡᠮᠵᠢ ᠶᠢᠨ ᠣᠷᠣᠨ᠂ | ᠦᠵᠡᠮᠵᠢ ᠶᠢᠨ ᠭᠠᠵᠠᠷ ᠤᠨ ᠡᠷᠬᠢᠨ ᠲᠣᠭᠤᠷᠢᠨ ᠵᠢᠴᠢ ᠱᠤᠭᠤᠮ ᠳᠠᠭᠠᠤ ᠳᠤᠷ᠎ᠠ ᠪᠠᠷ ᠢᠶᠠᠨ ᠪᠣᠰᠬᠠᠵᠤ᠂ | ᠳᠤᠷ᠎ᠠ ᠪᠠᠷ ᠢᠶᠠᠨ ᠪᠠᠷᠢᠬᠤ ᠵᠡᠷᠭᠡ ᠲᠠᠯ᠎ᠠ ᠪᠠᠷ ᠬᠢ ᠵᠠᠭᠠᠯᠳᠤᠯᠭ᠎ᠠ ᠶᠢ ᠰᠢᠢᠳᠪᠦᠷᠢᠯᠡᠬᠦ ᠪᠠ ᠬᠡᠷᠡᠭ ᠢ ᠪᠠᠶᠢᠴᠠᠭᠠᠨ | ᠰᠢᠢᠳᠪᠦᠷᠢᠯᠡᠬᠦ ᠶᠢ ᠬᠠᠷᠢᠭᠤᠴᠠᠨ᠎ᠠ᠃ ᠤᠯᠤᠰ ᠤᠨ ᠭᠠᠵᠠᠷ ᠰᠢᠷᠣᠶ ᠡᠬᠢ ᠪᠠᠶᠠᠯᠢᠭ᠂ ᠣᠷᠴᠢᠨ ᠲᠣᠭᠤᠷᠢᠨ ᠤ | ᠬᠠᠮᠠᠭᠠᠯᠠᠯᠲᠠ᠂ ᠱᠠᠰᠢᠨ ᠰᠤᠷᠲᠠᠬᠤᠨ᠂ ᠲᠠᠷᠢᠶᠠᠯᠠᠩ ᠮᠠᠯ ᠠᠵᠤ ᠠᠬᠤᠶ᠂ ᠤᠰᠤᠨ ᠠᠰᠢᠭᠯᠠᠯᠲᠠ᠂ ᠭᠠᠯ | ᠤᠨᠲᠠᠷᠠᠭᠠᠬᠤ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ᠂ ᠬᠤᠳᠠ ᠶᠢᠨ ᠶᠠᠪᠤᠳᠠᠯ ᠤᠨ ᠬᠠᠮᠢᠶᠠᠷᠤᠯᠲᠠ ᠵᠡᠷᠭᠡ | ᠪᠤᠰᠤᠳ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠲᠤᠰ ᠰᠠᠯᠠᠭ᠎ᠠ ᠮᠥᠴᠢᠷ ᠤᠨ ᠢᠶᠠᠨ ᠡᠭᠦᠷᠭᠡ ᠬᠠᠷᠢᠭᠤᠴᠠᠯᠭ᠎ᠠ ᠪᠣᠯᠣᠨ | ᠬᠠᠮᠢᠶᠠᠷᠬᠤ ᠬᠦᠷᠢᠶ᠎ᠡ ᠬᠡᠪᠴᠢᠶᠡᠨ ᠳᠠᠬᠢ ᠬᠠᠮᠢᠶ᠎ᠠ ᠪᠦᠬᠦᠢ ᠠᠰᠠᠭᠤᠳᠠᠯ ᠤᠨ ᠵᠠᠭᠠᠯᠳᠤᠯᠭ᠎ᠠ ᠶᠢ ᠰᠢᠢᠳᠪᠦᠷᠢᠯᠡᠬᠦ ᠪᠠ | ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ᠎ᠠ᠃ | 3.ᠵᠢᠭᠤᠯᠴᠢᠯᠠᠯ ᠤᠨ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠎ᠠ᠃ ᠡᠯ᠎ᠡ ᠵᠢᠭᠤᠯᠴᠢᠯᠠᠯ ᠤᠨ ᠠᠵᠤ ᠠᠬᠤᠶᠢᠯᠠᠯ ᠨᠢ ᠬᠤᠯᠪᠣᠭᠳᠠᠯ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ ᠶᠣᠰᠣᠭᠠᠷ ᠡᠵᠡᠩᠨᠡᠯᠲᠡ ᠶᠢᠨ ᠦᠢᠯᠡᠴᠢᠯᠡᠭᠡᠨ ᠤ ᠥᠢᠯᠡ ᠠᠵᠢᠯᠯᠠᠭ᠎ᠠ ᠶᠢ | ᠰᠠᠨᠠᠭᠠᠴᠢᠯᠠᠭ᠎ᠠ ᠠᠴᠠ ᠪᠠᠨ ᠵᠢᠷᠤᠮᠵᠢᠭᠤᠯᠤᠨ᠎ᠠ᠃ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠨᠢ ︽ᠵᠦᠢ ᠵᠤᠬᠢᠰ | ᠦᠭᠡᠢ ᠳᠣᠣᠷ᠎ᠠ ᠦᠨ᠎ᠡ ᠪᠠᠷ ᠵᠢᠭᠤᠯᠴᠢᠯᠠᠬᠤ︾᠂ ᠠᠯᠪᠠᠳᠠᠵᠤ ᠪᠠᠶᠢᠭᠠᠳ ᠶᠠᠭᠤᠮ᠎ᠠ ᠠᠪᠤᠭᠤᠯᠬᠤ ᠵᠡᠷᠭᠡ ᠬᠠᠤᠯᠢ ᠠᠴᠠ | ᠵᠥᠷᠢᠴᠡᠭᠰᠡᠨ ᠠᠵᠢᠯᠯᠠᠭ᠎ᠠ ᠶᠢ ᠡᠷᠡᠰ ᠬᠤᠷᠢᠭᠯᠠᠨ᠎ᠠ᠃ ᠰᠦᠯᠵᠢᠶᠡᠨ ᠳᠡᠭᠡᠷᠡᠬᠢ ᠵᠢᠭᠤᠯᠴᠢᠯᠠᠯ ᠤᠨ ᠠᠵᠤ | ᠠᠬᠤᠶᠢᠯᠠᠯ ᠨᠢ ᠲᠥᠪ ᠭᠤᠣᠯᠴᠢ ᠪᠠᠷ ᠥᠷᠢᠰᠥᠯᠳᠦᠬᠦ ᠲᠦᠷᠢᠮ ᠢ ᠵᠢᠷᠤᠮᠯᠠᠨ ᠰᠠᠬᠢᠨ᠎ᠠ︔ ᠪᠠᠷᠠᠭ᠎ᠠ ᠬᠤᠳᠠᠯᠳᠤᠬᠤ | ᠳᠡᠯᠭᠡᠭᠦᠷ ᠨᠢ ᠬᠤᠳᠠᠯᠳᠤᠭᠠᠨ ᠤ ᠬᠡᠭᠡᠯᠢ ᠲᠦᠯᠬᠢᠬᠦ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠨ᠎ᠠ᠃ | ᠬᠤᠭᠤᠯᠠᠨ ᠭᠡᠷ᠂ ᠦᠵᠡᠮᠵᠢ ᠶᠢᠨ ᠣᠷᠣᠨ᠂ ᠵᠠᠮ ᠬᠠᠷᠢᠯᠴᠠᠭ᠎ᠠ ᠲᠡᠭᠡᠭᠡᠪᠦᠷᠢ᠂ ᠢᠳᠡᠭᠡᠨ ᠤᠮᠳᠠᠭᠠᠨ ᠵᠡᠷᠭᠡ ᠠᠵᠤ | ᠠᠬᠤᠶᠢᠯᠠᠯ ᠨᠢ ᠵᠢᠭᠤᠯᠴᠢᠯᠠᠭᠴᠢᠳ ᠤᠨ ᠠᠶᠠᠨ ᠵᠠᠮ ᠤᠨ ᠠᠮᠤᠷ ᠲᠦᠪᠰᠢᠨ ᠢ ᠪᠠᠲᠤᠯᠠᠵᠤ᠂ ᠦᠢᠯᠡᠴᠢᠯᠡᠭᠡᠨ ᠤ ᠴᠢᠨᠠᠷ | ᠴᠢᠨᠰᠠᠭ᠎ᠠ ᠶᠢ ᠳᠡᠭᠡᠭᠰᠢᠯᠡᠭᠦᠯᠦᠨ᠎ᠡ᠃ ᠡᠯ᠎ᠡ ᠵᠠᠬ᠎ᠠ ᠳᠡᠯᠭᠡᠭᠦᠷ ᠤᠨ ᠭᠤᠣᠯ ᠴᠣᠭᠴᠠ ᠨᠢ ︽ᠵᠢᠭᠤᠯᠴᠢᠯᠠᠭᠴᠢᠳ ᠢᠶᠠᠷ | ᠦᠨᠳᠦᠰᠦ ᠪᠣᠯᠭᠠᠵᠤ᠂ ᠦᠨᠡᠨᠴᠢ ᠰᠢᠳᠤᠷᠭᠤ ᠦᠢᠯᠡᠴᠢᠯᠡᠬᠦ︾ ᠵᠢᠭᠤᠯᠴᠢᠯᠠᠯ ᠤᠨ ᠠᠵᠢᠯ ᠲᠦᠷᠦᠯ ᠤᠨ ᠭᠤᠣᠯᠯᠠᠭᠴᠢ | ᠥᠷᠲᠡᠭ ᠤᠨ ᠦᠵᠡᠯᠲᠡ ᠶᠢ ᠢᠳᠡᠪᠬᠢᠲᠡᠢ ᠦᠢᠯᠡᠳᠦᠯᠭᠡᠵᠢᠭᠦᠯᠵᠦ᠂ ᠵᠢᠭᠤᠯᠴᠢᠯᠠᠯ ᠤᠨ ᠦᠢᠯᠡᠴᠢᠯᠡᠭᠡᠨ ᠤ ᠠᠵᠢᠯ ᠤᠨ | ᠳᠤᠮᠳᠠ ᠦᠨᠡᠨᠴᠢ ᠢᠲᠡᠭᠡᠮᠵᠢᠲᠡᠶ᠂ ᠶᠣᠰᠣ ᠮᠣᠷᠠᠯ ᠲᠠᠢ ᠪᠠᠷ ᠵᠣᠴᠢᠳ ᠲᠤ ᠬᠠᠨᠳᠤᠵᠤ᠂ ᠵᠢᠭᠤᠯᠴᠢᠯᠠᠯ ᠤᠨ ᠵᠠᠬ᠎ᠠ | ᠳᠡᠯᠭᠡᠭᠦᠷ ᠤᠨ ᠡᠮᠬᠢ ᠵᠢᠷᠤᠮ ᠢ ᠬᠠᠮᠲᠤ ᠪᠠᠷ ᠬᠠᠮᠠᠭᠠᠯᠠᠨ᠂ ᠵᠢᠭᠤᠯᠴᠢᠯᠠᠭᠴᠢᠳ ᠲᠤ ᠰᠢᠯᠢᠳᠡᠭ ᠦᠢᠯᠡᠴᠢᠯᠡᠭᠡ | ᠬᠦᠷᠲᠡᠭᠡᠨ᠎ᠡ᠃ | 4.ᠨᠡᠶᠢᠭᠡᠮ ᠨᠡᠶᠢᠲᠡ ᠶᠢᠨ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠤᠨ᠎ᠠ᠃ ︽12301︾ | ᠵᠢᠭᠤᠯᠴᠢᠯᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠪᠠ ᠵᠢᠭᠤᠯᠴᠢᠯᠠᠯ ᠤᠨ ᠵᠠᠭᠠᠯᠳᠤᠯᠭ᠎ᠠ ᠶᠢ ᠬᠦᠯᠢᠶᠡᠨ ᠠᠪᠴᠤ | ᠰᠢᠢᠳᠪᠦᠷᠢᠯᠡᠬᠦ ᠲᠠᠪᠴᠠᠩ ᠢ ᠪᠠᠶᠢᠭᠤᠯᠤᠨ᠂ ᠲᠣᠣᠷ ᠰᠦᠯᠵᠢᠶᠡᠨ ᠤ ᠵᠠᠭᠠᠯᠳᠤᠯᠭ᠎ᠠ ᠬᠢᠵᠦ ᠢᠯᠡᠴᠢᠯᠡᠨ ᠮᠡᠳᠡᠭᠦᠯᠬᠦ | ᠴᠢᠳᠠᠪᠬᠢ ᠶᠢ ᠲᠡᠭᠦᠯᠳᠡᠷᠵᠢᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠡᠯ᠎ᠡ ᠲᠥᠷᠥᠯ ᠤᠨ ᠵᠢᠭᠤᠯᠴᠢᠯᠠᠯ ᠤᠨ | ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠰᠦᠪᠡᠭᠴᠢ ᠶᠢ ᠢᠳᠡᠪᠬᠢᠲᠡᠶ ᠬᠠᠩᠭᠠᠬᠤ ᠶᠢ | ᠵᠣᠷᠢᠬᠵᠢᠭᠤᠯᠤᠨ᠎ᠠ᠃ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠲᠤ ᠨᠡᠶᠢᠭᠡᠮ ᠤᠨ ᠬᠢᠨᠠᠯᠲᠠ | ᠲᠠᠯᠪᠢᠬᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠣᠯᠪᠠᠰᠤᠷᠠᠭᠤᠯᠬᠤ᠂ ᠳᠠᠩᠰᠠ ᠬᠠᠮᠢᠶᠠᠷᠬᠤ᠂ ᠰᠠᠨᠠᠯ | ᠴᠤᠭᠯᠠᠭᠤᠯᠬᠤ ᠪᠠ ᠬᠠᠷᠢᠭᠤ ᠲᠤᠰᠬᠠᠵᠤ ᠰᠢᠢᠳᠪᠦᠷᠢᠯᠡᠬᠦ ᠵᠡᠷᠭᠡ ᠠᠵᠢᠯ ᠢ ᠰᠠᠶᠢᠲᠤᠷ ᠬᠢᠨ᠎ᠡ᠃ ᠵᠠᠭᠤᠴᠢᠯᠠᠭᠤᠷ ᠤᠨ | ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠯᠲᠠ ᠶᠢ ᠴᠢᠩᠭᠠᠳᠬᠠᠵᠤ᠂ ᠲᠤᠬᠠᠶ ᠶᠢᠨ ᠭᠠᠵᠠᠷ ᠤᠨ ᠵᠠᠭᠤᠴᠢᠯᠠᠭᠤᠷ᠂ | ᠰᠦᠯᠵᠢᠶᠡᠨ ᠳᠡᠭᠡᠷ᠎ᠡ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠲᠤᠰᠬᠠᠶ ᠵᠠᠰᠠᠬᠤ ᠠᠵᠢᠯ ᠦᠷᠨᠢᠭᠦᠯᠦᠭᠰᠡᠨ ᠪᠠᠶᠢᠳᠠᠯ ᠢ | ᠴᠠᠭ ᠲᠤᠨᠢ ᠲᠣᠬᠢᠷᠠᠭᠤᠯᠤᠨ ᠨᠡᠶᠢᠲᠡᠯᠡᠵᠦ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠤᠬᠠᠮᠰᠠᠷ ᠠᠴᠠ ᠪᠠᠨ | ᠬᠦᠯᠢᠶᠡᠬᠦ ᠶᠢᠨ ᠬᠠᠮᠲᠤ ᠨᠢᠭᠡ ᠪᠦᠯᠦᠭ ᠵᠢᠭᠤᠯᠴᠢᠯᠠᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠨᠡᠶᠢᠲᠡᠯᠢᠭ | ᠬᠡᠷᠡᠭ ᠤᠨ ᠵᠢᠱᠢᠶ᠎ᠡ ᠶᠢ ᠵᠣᠬᠢᠶᠠᠨ ᠪᠠᠶᠢᠭᠤᠯᠵᠤ ᠢᠯᠡᠴᠢᠯᠡᠨ᠎ᠡ᠃ | 5.ᠵᠢᠭᠤᠯᠴᠢᠯᠠᠯ ᠤᠨ ᠠᠵᠢᠯ ᠲᠦᠷᠦᠯ ᠤᠨ ᠨᠡᠶᠢᠭᠡᠮᠯᠢᠭ ᠤᠨ ᠦᠢᠯᠡᠳᠦᠯ ᠢ ᠪᠠᠳᠠᠷᠠᠭᠤᠯᠤᠨ᠎ᠠ᠃ | ᠵᠢᠭᠤᠯᠴᠢᠯᠠᠯ ᠤᠨ ᠠᠵᠢᠯ ᠲᠦᠷᠦᠯ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ ᠪᠦᠷᠢᠨᠰᠢᠭᠦᠯᠵᠦ᠂ | ᠵᠢᠭᠤᠯᠴᠢᠯᠠᠯ ᠤᠨ ᠦᠨᠡᠨᠴᠢ ᠢᠲᠡᠭᠡᠮᠵᠢ ᠶᠢᠨ ᠬᠤᠯᠪᠣᠭ᠎ᠠ ᠪᠠᠶᠢᠭᠤᠯᠬᠤ ᠶᠢ ᠬᠦᠲᠦᠯᠦᠨ ᠵᠢᠯᠣᠭᠤᠳᠴᠦ᠂ | ᠵᠢᠭᠤᠯᠴᠢᠯᠠᠯ ᠤᠨ ᠠᠵᠤ ᠠᠬᠤᠶᠢᠯᠠᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠪᠣᠯᠤᠨ | ᠪᠣᠯᠪᠠᠰᠤᠨ ᠪᠤᠰᠤ ᠵᠢᠭᠤᠯᠴᠢᠯᠠᠯ ᠢ ᠬᠤᠷᠢᠭᠯᠠᠬᠤ ᠨᠡᠶᠢᠲᠡ ᠶᠢᠨ ᠭᠡᠷ᠎ᠡ ᠶᠢ ᠲᠣᠭᠲᠠᠭᠠᠵᠤ᠂ ᠬᠠᠤᠯᠢ ᠶᠢ ᠰᠠᠬᠢᠵᠤ᠂ | ᠦᠨᠡᠨᠴᠢ ᠢᠲᠡᠭᠡᠮᠵᠢᠲᠡᠶ ᠪᠠᠷ ᠡᠵᠡᠩᠨᠡᠬᠦ ᠬᠠᠮᠳᠤᠷᠠᠭᠰᠠᠨ ᠰᠠᠨᠠᠭᠠᠴᠢᠯᠠᠭ᠎ᠠ ᠶᠢᠨ ᠪᠢᠴᠢᠭ ᠢ ᠨᠡᠶᠢᠲᠡᠯᠡᠵᠦ᠂ | ᠵᠢᠭᠤᠯᠴᠢᠯᠠᠯ ᠤᠨ ᠠᠵᠤ ᠠᠬᠤᠶᠢᠯᠠᠯ ᠤᠨ ᠬᠠᠷᠢᠯᠴᠠᠨ ᠬᠢᠨᠠᠯᠲᠠ ᠲᠠᠯᠪᠢᠬᠤ ᠶᠢ ᠵᠣᠷᠢᠬᠵᠢᠭᠤᠯᠤᠨ᠂ ᠨᠡᠶᠢᠲᠡ ᠶᠢᠨ ᠭᠡᠷ᠎ᠡ | ᠪᠠ ᠰᠠᠨᠠᠭᠠᠴᠢᠯᠠᠭ᠎ᠠ ᠶᠢᠨ ᠪᠢᠴᠢᠭ ᠢ ᠤᠬᠠᠮᠰᠠᠷ ᠠᠴᠠ ᠪᠠᠨ ᠵᠢᠷᠤᠮᠯᠠᠵᠤ᠂ ᠠᠵᠢᠯ ᠲᠥᠷᠥᠯ ᠤᠨ ᠥᠪᠡᠷ ᠢ ᠪᠠᠨ | ᠱᠠᠭᠠᠷᠳᠠᠬᠤ ᠪᠠᠷ ᠳᠠᠮᠵᠢᠭᠤᠯᠤᠨ᠂ ᠡᠵᠡᠩᠨᠡᠯᠲᠡ ᠨᠢ ᠦᠨᠡᠨᠴᠢ ᠢᠲᠡᠭᠡᠮᠵᠢᠲᠡᠶ᠂ ᠦᠢᠯᠡᠴᠢᠯᠡᠭᠡ ᠨᠢ ᠴᠢᠨᠠᠷ ᠰᠠᠶᠢᠲᠠᠶ | ᠨᠢᠭᠡ ᠪᠦᠯᠦᠭ ᠨᠡᠷᠡᠲᠦ ᠲᠥᠷᠥᠯ ᠲᠡᠮᠳᠡᠭᠲᠦ ᠵᠢᠭᠤᠯᠴᠢᠯᠠᠯ ᠤᠨ ᠠᠵᠤ ᠠᠬᠤᠶᠢᠯᠠᠯ ᠢ ᠪᠣᠢ ᠪᠣᠯᠭᠠᠨ᠎ᠠ᠃ | ︵ᠬᠤᠶᠠᠷ︶ ᠵᠢᠭᠤᠯᠴᠢᠯᠠᠯ ᠤᠨ ᠠᠵᠢᠯ ᠲᠦᠷᠦᠯ ᠤᠨ ᠬᠠᠮᠢᠶᠠᠷᠤᠯᠲᠠ ᠶᠢᠨ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ | 1.ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠤᠨ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠤᠨ᠎ᠠ᠃ | ᠵᠢᠭᠤᠯᠴᠢᠯᠠᠯ ᠤᠨ ᠠᠵᠢᠯ ᠲᠦᠷᠦᠯ ᠤᠨ ᠬᠠᠮᠢᠶᠠᠷᠤᠯᠲᠠ ᠶᠢᠨ ᠪᠠᠶᠢᠭᠤᠯᠤᠯ ᠪᠠ ᠲᠣᠭᠲᠠᠴᠠ ᠶᠢᠨ ᠥᠭᠡᠷᠡᠴᠢᠯᠡᠯᠲᠡ ᠶᠢ | ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠤᠨ ᠬᠥᠭᠵᠢᠯᠲᠡ ᠶᠢᠨ | ᠠᠮᠢᠵᠢᠷᠠᠯ ᠤᠨ ᠬᠦᠴᠦᠨ ᠢ ᠴᠢᠩᠭᠠᠷᠠᠭᠤᠯᠤᠨ᠎ᠠ᠃ ᠤᠯᠤᠰ ᠤᠨ ᠵᠢᠭᠤᠯᠴᠢᠯᠠᠯ ᠤᠨ ᠲᠣᠪᠴᠢᠶ᠎ᠠ ᠶᠢᠨ ︽ | ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠤᠨ ᠦᠢᠯᠡᠴᠢᠯᠡᠭᠡᠨ ᠤ ᠲᠣᠣᠷ ᠴᠢᠬ ᠪᠠᠶᠢᠭᠤᠯᠬᠤ ᠲᠦᠷᠦ ᠶᠢᠨ | ᠪᠤᠳᠤᠯᠭ᠎ᠠ ᠶᠢ ᠠᠭᠤᠵᠢᠭᠤ ᠪᠣᠯᠭᠠᠬᠤ ᠬᠤᠯᠪᠣᠭᠳᠠᠯ ᠪᠦᠬᠦᠢ ᠵᠦᠢᠯᠡᠰ ᠤᠨ ᠲᠤᠬᠠᠶ ᠮᠡᠳᠡᠭᠳᠡᠯ︾ ︵ᠵᠢᠭᠤᠯᠴᠢᠯᠠᠯ | ᠲᠠᠷᠬᠠᠭᠠᠭᠰᠠᠨ ﹇2015﹈ 211 ᠳ᠋ᠤᠭᠡᠷ ᠲᠣᠭᠠᠲᠤ︶ ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ | ᠥᠪᠡᠷᠲᠡᠭᠡᠨ ᠵᠠᠰᠠᠬᠤ ᠣᠷᠣᠨ ᠤ ᠬᠠᠮᠢᠶᠠᠷᠤᠯᠲᠠ ᠶᠢᠨ ᠠᠷᠭ᠎ᠠ ᠶᠢ ᠰᠤᠳᠤᠯᠤᠨ ᠲᠣᠭᠲᠠᠭᠠᠵᠤ᠂ ᠵᠢᠭᠤᠯᠴᠢᠯᠠᠯ ᠤᠨ | ᠦᠢᠯᠡᠴᠢᠯᠡᠭᠡᠨ ᠤ ᠭᠠᠵᠠᠷ ᠤᠨ ᠬᠤᠪᠢᠶᠠᠷᠢ ᠭᠠᠵᠠᠷ ᠪᠣᠯᠣᠨ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ | ᠂ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠤᠨ ᠦᠢᠯᠡᠴᠢᠯᠡᠭᠡᠨ ᠤ ᠲᠣᠣᠷ ᠴᠢᠬ ᠤᠨ ᠬᠥᠭᠵᠢᠯᠲᠡ ᠶᠢ | ᠵᠢᠷᠤᠮᠵᠢᠭᠤᠯᠤᠨ᠎ᠠ᠃ | 2.ᠵᠢᠭᠤᠯᠴᠢᠯᠠᠯ ᠤᠨ ᠬᠥᠲᠥᠴᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠬᠠᠶᠢᠨ ᠰᠦᠪᠡᠭᠴᠢᠯᠡᠨ᠎ᠡ᠃ | ᠵᠢᠭᠤᠯᠴᠢᠯᠠᠯ ᠤᠨ ᠬᠥᠲᠥᠴᠢ ᠶᠢᠨ ᠣᠨ ᠤ ᠬᠢᠨᠠᠨ ᠪᠠᠶᠢᠢᠴᠠᠭᠠᠯᠳᠠ ᠶᠢ ᠬᠦᠴᠦᠨ ᠦᠭᠡᠢ ᠪᠣᠯᠭᠠᠵᠤ᠂ ᠲᠤᠰᠬᠠᠶ | ᠤᠷᠢᠬᠤ ᠵᠢᠭᠤᠯᠴᠢᠯᠠᠯ ᠤᠨ ᠬᠥᠲᠥᠴᠢ ᠪᠣᠯᠤᠨ ᠣᠨᠴᠠᠯᠢᠭᠲᠤ ᠵᠢᠭᠤᠯᠴᠢᠯᠠᠯ ᠤᠨ ᠬᠥᠲᠥᠴᠢ ᠶᠢᠨ ᠠᠵᠢᠯ ᠢ ᠲᠣᠷᠰᠢᠨ | ᠬᠡᠷᠡᠭᠵᠢᠭᠦᠯᠵᠦ᠂ ᠵᠢᠭᠤᠯᠴᠢᠯᠠᠯ ᠤᠨ ᠬᠥᠲᠥᠴᠢ ᠶᠢᠨ ᠴᠢᠯᠦᠬᠡᠳᠡᠢ ᠪᠠᠷ ᠠᠵᠢᠯ ᠡᠷᠬᠢᠯᠡᠬᠦ ᠡᠬᠢᠨ ᠤ ᠬᠤᠭᠤᠴᠠᠭᠠᠨ ᠤ | ᠪᠡᠯᠡᠳᠬᠡᠯ ᠠᠵᠢᠯ ᠢ ᠰᠠᠶᠢᠲᠤᠷ ᠬᠢᠵᠦ᠂ ᠵᠢᠭᠤᠯᠴᠢᠯᠠᠯ ᠤᠨ ᠬᠥᠲᠥᠴᠢ ᠶᠢᠨ ᠬᠥᠯᠥᠰᠥ ᠣᠯᠭᠤᠮᠵᠢ ᠶᠢᠨ | ᠥᠭᠡᠷᠡᠴᠢᠯᠡᠯᠲᠡ ᠶᠢ ᠬᠠᠶᠢᠨ ᠰᠦᠪᠡᠭᠴᠢᠯᠡᠨ᠎ᠡ᠃ ᠤᠯᠤᠰ ᠤᠨ ᠵᠢᠭᠤᠯᠴᠢᠯᠠᠯ ᠤᠨ ᠲᠣᠪᠴᠢᠶ᠎ᠠ᠂ ᠬᠥᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠳᠤᠮᠳᠠᠳᠤ ᠶᠢᠨ ᠪᠦᠬᠦ ᠤᠯᠤᠰ ᠤᠨ | ᠠᠵᠢᠯᠴᠢᠨ ᠤ ᠶᠡᠷᠦᠩᠬᠡᠶ ᠡᠪᠯᠡᠯ ᠤᠨ ︽ᠵᠢᠭᠤᠯᠴᠢᠯᠠᠯ ᠤᠨ ᠬᠦᠲᠦᠴᠢ ᠶᠢᠨ ᠬᠥᠳᠡᠯᠮᠦᠷᠢ ᠶᠢᠨ ᠡᠷᠬᠡ ᠠᠰᠢᠭ ᠤᠨ | ᠪᠠᠲᠤᠯᠠᠭ᠎ᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠵᠢᠯᠣᠭᠤᠳᠬᠤ ᠰᠠᠨᠠᠯ︾ ︵ᠵᠢᠭᠤᠯᠴᠢᠯᠠᠯ | ᠲᠠᠷᠬᠠᠭᠠᠭᠰᠠᠨ ﹇2015﹈ 164 ᠳ᠋ᠤᠭᠡᠷ ᠲᠣᠭᠠᠲᠤ︶ ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ | ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠠᠴᠠ ᠵᠢᠭᠤᠯᠴᠢᠯᠠᠯ ᠤᠨ ᠬᠥᠳᠦᠴᠢᠳ ᠤᠨ ᠬᠥᠳᠡᠯᠮᠦᠷᠢ ᠶᠢᠨ | ᠳᠠᠭᠠᠳᠬᠠᠯ ᠤᠨ ᠵᠠᠷᠤᠳᠠᠯ ᠲᠤᠰᠢᠶᠠᠭᠰᠠᠨ ᠪᠠᠶᠢᠳᠠᠯ ᠢ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ | ᠵᠢᠭᠤᠯᠴᠢᠯᠠᠯ ᠤᠨ ᠬᠥᠳᠦᠴᠢᠳ ᠤᠨ ᠶᠡᠷᠦᠩᠬᠡᠶᠢᠯᠡᠭᠰᠡᠨ ᠳᠠᠭᠠᠳᠬᠠᠯ ᠢ ᠢᠳᠡᠪᠬᠢᠲᠡᠶ ᠪᠠᠷ ᠬᠡᠷᠡᠭᠵᠢᠭᠦᠯᠦᠨ᠂ | ᠵᠢᠭᠤᠯᠴᠢᠯᠠᠯ ᠤᠨ ᠬᠥᠳᠦᠴᠢᠳ ᠤᠨ ᠡᠯ᠎ᠡ ᠵᠦᠢᠯ ᠤᠨ ᠡᠷᠬᠡ ᠠᠰᠢᠭ ᠢ ᠪᠠᠲᠤᠯᠠᠨ᠎ᠠ᠃ | 3.ᠵᠢᠭᠤᠯᠴᠢᠯᠠᠯ ᠤᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠷᠢᠯ ᠢ ᠰᠠᠶᠢᠵᠢᠷᠠᠭᠤᠯᠤᠨ᠎ᠠ᠃ | ᠵᠢᠭᠤᠯᠴᠢᠯᠠᠯ ᠤᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠤᠯᠤᠰ ᠤᠨ ᠵᠢᠭᠤᠯᠴᠢᠯᠠᠯ ᠤᠨ ᠲᠣᠪᠴᠢᠶ᠎ᠠ ᠶᠢᠨ ᠵᠢᠭᠤᠯᠴᠢᠯᠠᠯ ᠤᠨ ᠪᠦᠯᠬᠦᠮ ᠤᠨ | ᠬᠠᠮᠢᠶᠠᠷᠤᠯᠲᠠ ᠶᠢᠨ ᠰᠢᠰᠲ᠋ᠧᠮ᠂ ᠵᠢᠭᠤᠯᠴᠢᠯᠠᠯ ᠤᠨ ᠪᠦᠯᠬᠦᠮ ᠤᠨ ᠡᠯᠧᠺᠲᠷᠣᠨ ᠨᠡᠷᠡᠰ ᠤᠨ ᠬᠦᠰᠦᠨᠦᠭᠲᠦ᠂ | ᠡᠯᠧᠺᠲᠷᠣᠨ ᠠᠶᠠᠯᠠᠯ ᠤᠨ ᠬᠠᠭᠤᠳᠠᠰᠤ ᠪᠣᠯᠣᠨ ᠡᠯᠧᠺᠲᠷᠣᠨ ᠭᠡᠷ᠎ᠡ ᠶᠢᠨ ᠰᠠᠭᠤᠷᠢᠨ ᠳᠡᠭᠡᠷ᠎ᠡ᠂ ᠮᠠᠨ ᠤ ᠣᠷᠣᠨ ᠤ | ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠤᠨ ᠬᠥᠭᠵᠢᠯᠲᠡ ᠶᠢᠨ ᠪᠣᠳᠠᠲᠠᠶ ᠪᠠᠶᠢᠳᠠᠯ ᠳᠤ ᠴᠢᠭᠯᠡᠭᠦᠯᠦᠨ᠂ | ᠥᠪᠡᠷᠮᠢᠴᠡ ᠣᠨᠴᠠᠯᠢᠭᠲᠤ ᠵᠢᠷᠤᠭ ᠲᠥᠯᠥᠪᠯᠡᠭᠡ ᠬᠢᠵᠦ᠂ ᠡᠯ᠎ᠡ ᠵᠦᠢᠯ ᠤᠨ ᠴᠢᠳᠠᠮᠵᠢ ᠶᠢ ᠲᠡᠭᠦᠯᠳᠡᠷᠵᠢᠭᠦᠯᠵᠦ᠂ | ᠮᠠᠨ ᠤ ᠣᠷᠣᠨ ᠤ ᠣᠨᠴᠠᠯᠢᠭ ᠲᠤ ᠲᠣᠬᠢᠷᠠᠭᠰᠠᠨ ᠵᠢᠭᠤᠯᠴᠢᠯᠠᠯ ᠤᠨ ᠠᠵᠢᠯ ᠲᠥᠷᠥᠯ ᠤᠨ ᠬᠢᠨᠠᠯᠲᠠ | ᠬᠠᠮᠢᠶᠠᠷᠤᠯᠲᠠ ᠶᠢᠨ ᠲᠠᠪᠴᠠᠩ ᠢ ᠪᠠᠶᠢᠭᠤᠯᠤᠨ᠂ ᠬᠢᠨᠠᠨ ᠬᠠᠮᠢᠶᠠᠷᠬᠤ ᠠᠷᠭ᠎ᠠ ᠪᠠᠷᠢᠯ ᠢ ᠰᠠᠶᠢᠵᠢᠷᠠᠭᠤᠯᠵᠤ᠂ | ᠵᠢᠭᠤᠯᠴᠢᠯᠠᠯ ᠤᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | 4.ᠵᠢᠭᠤᠯᠴᠢᠯᠠᠯ ᠤᠨ ᠠᠵᠤ ᠠᠬᠤᠶᠢᠯᠠᠯ ᠤᠨ ᠦᠨᠡᠨᠴᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠤᠨ᠎ᠠ᠃ ︽ᠵᠢᠭᠤᠯᠴᠢᠯᠠᠯ ᠤᠨ ᠡᠵᠡᠩᠨᠡᠯᠲᠡ ᠶᠢᠨ ᠦᠢᠯᠡᠴᠢᠯᠡᠭᠡᠨ ᠤ ᠡᠷᠡᠭᠦᠯ ᠪᠤᠰᠤ ᠮᠡᠳᠡᠭᠡ | ᠵᠠᠩᠭᠢ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠵᠤ᠂ | ᠵᠢᠭᠤᠯᠴᠢᠯᠠᠯ ᠤᠨ ᠠᠵᠢᠯ ᠲᠥᠷᠥᠯ ᠤᠨ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠲᠦᠷᠢᠮ ᠪᠣᠯᠣᠨ | ᠵᠢᠭᠤᠯᠴᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠲᠦᠷᠢᠮ ᠢ ᠲᠦᠷᠭᠡᠳᠬᠡᠨ ᠪᠠᠶᠢᠭᠤᠯᠵᠤ᠂ | ᠵᠢᠭᠤᠯᠴᠢᠯᠠᠯ ᠤᠨ ᠠᠵᠤ ᠠᠬᠤᠶᠢᠯᠠᠯ ᠤᠨ ᠡᠷᠡᠭᠦᠯ ᠪᠤᠰᠤ ᠮᠡᠳᠡᠭᠡ ᠵᠠᠩᠭᠢ ᠶᠢ ᠥᠪᠡᠷᠲᠡᠭᠡᠨ ᠵᠠᠰᠠᠭ ᠣᠷᠣᠨ ᠤ | ᠵᠢᠭᠤᠯᠴᠢᠯᠠᠯ ᠤᠨ ᠲᠣᠪᠴᠢᠶ᠎ᠠ ᠶᠢᠨ ᠮᠡᠳᠡᠭᠡ ᠵᠠᠩᠭᠢ ᠨᠡᠶᠢᠲᠡᠯᠡᠬᠦ ᠲᠠᠪᠴᠠᠩ ᠢᠶᠠᠷ ᠳᠠᠮᠵᠢᠭᠤᠯᠤᠨ ᠤᠯᠠᠷᠢᠯ ᠢᠶᠠᠷ ᠢᠯᠡ | ᠨᠡᠶᠢᠲᠡᠯᠡᠨ᠎ᠡ᠃ | ︵ᠭᠤᠷᠪᠠ︶ ᠵᠢᠭᠤᠯᠴᠢᠯᠠᠯ ᠤᠨ ᠬᠠᠤᠯᠢ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠤᠨ ᠪᠠᠶᠢᠴᠠᠭᠠᠬᠤ ᠲᠦᠷᠢᠮ ᠢ | ᠪᠠᠶᠢᠭᠤᠯᠤᠨ᠎ᠠ᠃ | 1.ᠵᠢᠭᠤᠯᠴᠢᠯᠠᠯ ᠤᠨ ᠬᠢᠨ ᠤ ᠬᠠᠮᠲᠤᠷᠠᠨ ᠬᠠᠤᠯᠢ ᠬᠡᠷᠡᠭᠵᠢᠭᠦᠯᠬᠦ ᠳᠦᠷᠢᠮ ᠢ ᠪᠠᠶᠢᠭᠤᠯᠤᠨ᠎ᠠ᠃ ᠲᠣᠭᠲᠠᠮᠠᠯ | ᠬᠤᠭᠤᠴᠠᠭ᠎ᠠ ᠲᠠᠢ ᠪᠠᠷ ᠬᠠᠮᠲᠤᠷᠠᠭᠰᠠᠨ ᠬᠤᠷᠠᠯ ᠬᠢᠵᠦ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠲᠢᠭᠯᠡᠮ ᠤᠨ | ᠵᠠᠰᠠᠬᠤ ᠠᠵᠢᠯ ᠢ ᠰᠤᠳᠤᠯᠤᠨ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠠᠮᠲᠤᠷᠠᠨ ᠬᠢᠨᠠᠨ ᠪᠠᠶᠢᠴᠠᠭᠠᠬᠤ | ᠲᠥᠯᠥᠪᠯᠡᠭᠡ ᠶᠢ ᠲᠣᠭᠲᠠᠭᠠᠵᠤ᠂ ᠬᠠᠮᠲᠤᠷᠠᠨ ᠬᠢᠨᠠᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠶᠠᠷ | ᠳᠤᠷᠠᠰᠬᠠᠯ ᠠᠮᠠᠷᠠᠯᠲᠠ ᠶᠢᠨ ᠡᠳᠦᠷ ᠪᠣᠯᠤᠨ ᠵᠢᠭᠤᠯᠴᠢᠯᠠᠯ ᠤᠨ ᠬᠦᠭᠵᠢᠶᠡᠨᠲᠡᠢ ᠤᠯᠠᠷᠢᠯ ᠳᠤ ᠵᠢᠭᠤᠯᠴᠢᠯᠠᠯ ᠤᠨ ᠵᠠᠬ᠎ᠠ | ᠳᠡᠯᠭᠡᠭᠦᠷ ᠪᠠ ᠭᠤᠣᠯᠳᠠᠯᠭ᠎ᠠ ᠲᠠᠢ ᠵᠢᠭᠤᠯᠴᠢᠯᠠᠯ ᠤᠨ ᠦᠵᠡᠮᠵᠢ ᠶᠢᠨ ᠣᠷᠣᠨ᠂ ᠵᠢᠭᠤᠯᠴᠢᠯᠠᠯ ᠤᠨ ᠬᠤᠭᠤᠯᠠᠨ ᠭᠠᠵᠠᠷ᠂ | ᠵᠢᠭᠤᠯᠴᠢᠯᠠᠯ ᠤᠨ ᠵᠠᠮ ᠬᠠᠷᠢᠯᠴᠠᠭ᠎ᠠ ᠵᠢᠴᠢ ᠵᠢᠭᠤᠯᠴᠢᠯᠠᠯ ᠤᠨ ᠠᠵᠢᠯᠯᠠᠭᠠᠨ ᠤ ᠲᠠᠯᠠᠪᠤᠷ ᠭᠠᠵᠠᠷ ᠤᠳ ᠢ ᠬᠠᠮᠲᠤᠷᠠᠨ | ᠬᠢᠨᠠᠯᠲᠠ ᠲᠠᠯᠪᠢᠵᠤ ᠪᠠᠶᠢᠴᠠᠭᠠᠨ᠎ᠠ᠃ ᠠᠵᠢᠯ ᠲᠥᠷᠥᠯ ᠤᠨ ᠬᠥᠭᠵᠢᠯᠲᠡ ᠳᠤ ᠬᠤᠯᠪᠣᠭᠳᠠᠬᠤ᠂ ᠨᠥᠯᠥᠭᠡ ᠪᠠᠷ ᠬᠦᠨᠳᠦ | ᠶᠡᠭᠡ ᠬᠡᠷᠡᠭ ᠢ ᠴᠠᠭ ᠲᠤᠬᠠᠶ ᠳᠤᠨᠢ ᠰᠤᠳᠤᠯᠤᠨ ᠵᠣᠬᠢᠴᠠᠭᠤᠯᠵᠤ᠂ ᠨᠢᠭᠡᠳᠦᠯᠲᠡᠶ ᠠᠵᠢᠯᠯᠠᠭ᠎ᠠ ᠠᠪᠤᠨ᠎ᠠ᠃ | 2.ᠰᠠᠯᠠᠭ᠎ᠠ ᠮᠥᠴᠢᠷ ᠤᠨ ᠬᠢᠨ ᠤ ᠬᠠᠤᠯᠢ ᠬᠡᠷᠡᠭᠵᠢᠭᠦᠯᠬᠦ ᠠᠵᠢᠯ ᠤᠨ ᠳᠦᠷᠢᠮ ᠢ ᠪᠠᠶᠢᠭᠤᠯᠤᠨ᠎ᠠ᠃ ᠡᠯ᠎ᠡ | ᠬᠤᠯᠪᠣᠭᠳᠠᠯ ᠪᠥᠬᠦᠢ ᠡᠭᠦᠷᠭᠡ ᠴᠢᠳᠠᠪᠤᠷᠢᠳᠤ ᠰᠠᠯᠠᠭ᠎ᠠ ᠮᠥᠴᠢᠷ ᠤᠳ ᠬᠠᠤᠯᠢ ᠪᠠᠷ ᠲᠣᠭᠲᠠᠭᠠᠭᠰᠠᠨ ᠡᠭᠦᠷᠭᠡ | ᠬᠠᠷᠢᠭᠤᠴᠠᠯᠭ᠎ᠠ ᠶᠣᠰᠣᠭᠠᠷ᠂ ᠲᠤᠰ ᠰᠠᠯᠠᠭ᠎ᠠ ᠮᠥᠴᠢᠷ ︵ᠰᠢᠰᠲ᠋ᠧᠮ︶ ᠤᠨ ᠢᠶᠠᠨ ᠵᠢᠭᠤᠯᠴᠢᠯᠠᠯ ᠤᠨ ᠵᠠᠬ᠎ᠠ | ᠳᠡᠯᠭᠡᠭᠦᠷ ᠤᠨ ᠬᠠᠤᠯᠢ ᠬᠡᠷᠡᠭᠵᠢᠭᠦᠯᠬᠦ ᠳᠤ ᠬᠢᠨᠠᠵᠤ ᠬᠠᠮᠢᠶᠠᠷᠬᠤ ᠠᠵᠢᠯ ᠤᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ | ᠲᠤᠰ ᠰᠠᠯᠠᠭ᠎ᠠ ᠮᠥᠴᠢᠷ ︵ᠰᠢᠰᠲ᠋ᠧᠮ︶ ᠤᠨ ᠢᠶᠠᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠠᠤᠯᠢ | ᠬᠡᠷᠡᠭᠵᠢᠭᠦᠯᠬᠦ ᠳᠤ ᠬᠢᠨᠠᠵᠤ ᠬᠠᠮᠢᠶᠠᠷᠬᠤ ᠠᠵᠢᠯ ᠤᠨ ᠣᠨ ᠤ ᠲᠥᠯᠥᠪᠯᠡᠭᠡ ᠶᠢ ᠲᠣᠭᠲᠠᠭᠠᠨ᠎ᠠ︔ ᠬᠠᠮᠢᠶ᠎ᠠ ᠪᠦᠬᠦᠢ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠢᠨᠠᠯᠲᠠ ᠪᠠᠶᠢᠴᠠᠭᠠᠯᠲᠠ ᠶᠢ ᠰᠠᠶᠢᠲᠤᠷ ᠠᠳᠬᠤᠵᠤ᠂ ᠬᠤᠯᠪᠣᠭᠳᠠᠯ ᠪᠦᠬᠦᠢ | ᠵᠠᠭᠠᠯᠳᠤᠯᠭ᠎ᠠ ᠪᠣᠯᠣᠨ ᠬᠡᠷᠡᠭ ᠢ ᠴᠠᠭ ᠲᠤᠬᠠᠶ ᠳᠤᠨᠢ ᠬᠦᠯᠢᠶᠡᠨ ᠠᠪᠴᠤ ᠬᠠᠤᠯᠢ ᠶᠤᠰᠤᠭᠠᠷ ᠰᠢᠢᠳᠪᠦᠷᠢᠯᠡᠵᠦ᠂ | ᠬᠠᠤᠯᠢ ᠶᠢ ᠴᠢᠩᠭ᠎ᠠ᠂ ᠵᠢᠷᠤᠮᠵᠢᠭᠤᠨ᠂ ᠲᠥᠪ ᠭᠤᠣᠯᠴᠢ᠂ ᠪᠣᠯᠪᠠᠰᠤᠨ ᠢᠶᠠᠷ ᠬᠡᠷᠡᠭᠵᠢᠭᠦᠯᠦᠨ᠎ᠡ᠃ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠤ ᠵᠢᠭᠤᠯᠴᠢᠯᠠᠯ ᠤᠨ ᠵᠠᠬ᠎ᠠ ᠳᠡᠯᠭᠡᠭᠦᠷ ᠢ ᠬᠢᠨᠠᠵᠤ ᠪᠠᠶᠢᠴᠠᠭᠠᠭᠰᠠᠨ ᠪᠠᠶᠢᠳᠠᠯ ᠢ ᠴᠠᠭ | ᠲᠣᠬᠠᠢ ᠳᠤᠨᠢ ᠮᠡᠳᠡᠭᠡᠯᠡᠨ᠎ᠡ᠃ | 3.ᠰᠠᠯᠠᠭ᠎ᠠ ᠮᠥᠴᠢᠷ ᠤᠨ ᠬᠢᠨ ᠤ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠳᠦᠷᠢᠮ ᠢ ᠪᠠᠶᠢᠭᠤᠯᠤᠨ᠎ᠠ᠃ | ᠡᠯ᠎ᠡ ᠰᠠᠯᠠᠭ᠎ᠠ ᠮᠥᠴᠢᠷ ᠤᠳ ᠰᠦᠯᠵᠢᠶᠡᠨ ᠳᠡᠭᠡᠷ᠎ᠡ ᠬᠠᠮᠲᠤᠷᠠᠨ ᠠᠵᠢᠯᠯᠠᠬᠤ ᠰᠢᠰᠲ᠋ᠧᠮ ᠢ ᠠᠰᠢᠭᠯᠠᠨ᠂ ᠠᠵᠤ | ᠠᠬᠤᠶᠢᠯᠠᠯ ᠤᠨ ᠡᠵᠡᠩᠨᠡᠯᠲᠡ ᠶᠢᠨ ᠦᠨᠡᠮᠯᠡᠯ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠵᠥᠪᠰᠢᠶᠡᠷᠡᠯ᠂ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠠᠰᠠᠭ ᠵᠠᠬᠢᠷᠭᠠᠨ ᠤ ᠰᠢᠳᠬᠡᠯ᠂ ᠵᠢᠭᠤᠯᠴᠢᠯᠠᠯ ᠤᠨ | ᠵᠠᠬ᠎ᠠ ᠳᠡᠯᠭᠡᠭᠦᠷ ᠤᠨ ᠪᠠᠶᠢᠴᠠᠭᠠᠯᠲᠠ ᠵᠠᠭᠠᠯᠳᠤᠯᠭ᠎ᠠ ᠵᠡᠷᠭᠡ ᠲᠠᠯ᠎ᠠ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠢ | ᠬᠠᠮᠲᠤ ᠪᠠᠷ ᠬᠦᠷᠲᠡᠵᠦ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠨ᠎ᠡ᠃ | 4 .ᠬᠡᠷᠡᠭ ᠢ ᠰᠢᠯᠵᠢᠭᠦᠯᠦᠨ ᠬᠦᠷᠭᠡᠵᠦ ᠭᠦᠢᠴᠡᠳᠬᠡᠬᠦ ᠳᠦᠷᠢᠮ ᠢ ᠪᠠᠶᠢᠭᠤᠯᠤᠨ᠎ᠠ᠃ ᠡᠯ᠎ᠡ ᠬᠤᠯᠪᠣᠭᠳᠠᠯ | ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠳᠤᠮᠳᠠ | ᠬᠠᠷᠢᠯᠴᠠᠨ ᠰᠢᠯᠵᠢᠭᠦᠯᠦᠨ ᠬᠦᠷᠭᠡᠵᠦ ᠭᠦᠢᠴᠡᠳᠬᠡᠭᠰᠡᠨ ᠬᠡᠷᠡᠭ ᠢ ᠴᠠᠭ ᠲᠣᠬᠠᠢ ᠳᠤᠨᠢ ᠰᠢᠢᠳᠪᠦᠷᠢᠯᠡᠨ᠎ᠡ᠃ ᠲᠤᠰ | ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠳᠤ ᠬᠤᠯᠪᠣᠭᠳᠠᠬᠤ ᠮᠥᠷᠲᠡᠭᠡᠨ ᠪᠠᠰᠠ ᠪᠤᠰᠤᠳ ᠰᠠᠯᠠᠭ᠎ᠠ | ᠮᠥᠴᠢᠷ ᠤᠨ ᠡᠭᠦᠷᠭᠡ ᠬᠠᠷᠢᠭᠤᠴᠠᠯᠭ᠎ᠠ ᠳᠤ ᠬᠤᠯᠪᠣᠭᠳᠠᠭᠰᠠᠨ ᠬᠡᠷᠡᠭ ᠤᠨ ᠬᠠᠮᠢᠶ᠎ᠠ ᠪᠦᠬᠦᠢ ᠮᠠᠲ᠋ᠧᠷᠢᠶᠠᠯ ᠢ ᠴᠠᠭ | ᠲᠣᠬᠠᠢ ᠳᠤᠨᠢ ᠰᠢᠯᠵᠢᠭᠦᠯᠦᠨ ᠬᠦᠷᠭᠡᠵᠦ᠂ ᠵᠡᠷᠭᠡᠪᠡᠷ ᠲᠤᠰ ᠲᠤᠰ ᠲᠤᠨᠢ ᠰᠢᠢᠳᠪᠦᠷᠢᠯᠡᠬᠦ ᠪᠤᠶᠤ ᠬᠠᠮᠲᠤᠷᠠᠨ | ᠰᠢᠢᠳᠪᠦᠷᠢᠯᠡᠬᠦ ᠠᠷᠭ᠎ᠠ ᠮᠠᠶ᠋ᠢᠭ ᠢᠶᠠᠷ ᠬᠡᠷᠡᠭ ᠢ ᠭᠦᠢᠴᠡᠳᠬᠡᠨ᠎ᠡ︔ ᠬᠡᠷᠡᠭ ᠢ ᠰᠢᠢᠳᠪᠦᠷᠢᠯᠡᠵᠦ ᠳᠠᠭᠤᠰᠤᠭᠰᠠᠨ ᠤ | ᠳᠠᠷᠠᠭ᠎ᠠ᠂ ᠰᠢᠢᠳᠪᠦᠷᠢᠯᠡᠭᠰᠡᠨ ᠦᠷ᠎ᠡ ᠳ᠋ᠦ᠋ᠶᠢᠩ ᠢᠶᠠᠨ ᠬᠠᠮᠢᠶ᠎ᠠ ᠪᠦᠬᠦᠢ ᠪᠤᠰᠤᠳ ᠰᠠᠯᠠᠭ᠎ᠠ ᠮᠥᠴᠢᠷ ᠪᠣᠯᠣᠨ | ᠵᠢᠭᠤᠯᠴᠢᠯᠠᠯ ᠤᠨ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠬᠠᠷᠢᠭᠤ ᠮᠡᠳᠡᠭᠳᠡᠨ᠎ᠡ᠃ | 5.ᠬᠠᠷᠢᠭᠤᠴᠠᠯᠭ᠎ᠠ ᠨᠡᠬᠡᠮᠵᠢᠯᠡᠬᠦ ᠲᠥᠷᠢᠮ ᠢ ᠪᠠᠶᠢᠭᠤᠯᠤᠨ᠎ᠠ᠃ ᠲᠤᠰ ᠰᠠᠯᠠᠭ᠎ᠠ ᠮᠥᠴᠢᠷ ᠤᠨ ᠡᠭᠦᠷᠭᠡ | ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠭᠰᠡᠨ ᠦᠭᠡᠶ ᠪᠤᠶᠤ ᠵᠣᠬᠢᠰ ᠦᠭᠡᠢ ᠭᠦᠢᠴᠡᠳᠬᠡᠵᠦ᠂ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠪᠣᠯᠤᠨ ᠵᠢᠭᠤᠯᠴᠢᠯᠠᠯ ᠤᠨ | ᠵᠠᠭᠠᠯᠳᠤᠯᠭ᠎ᠠ ᠶᠢᠨ ᠰᠢᠢᠳᠪᠦᠷᠢᠯᠡᠯᠲᠡ ᠶᠢ ᠨᠦᠯᠦᠭᠡᠯᠡᠨ᠂ ᠵᠢᠭᠤᠯᠴᠢᠯᠠᠭᠴᠢ᠂ ᠵᠢᠭᠤᠯᠴᠢᠯᠠᠯ ᠤᠨ ᠡᠵᠡᠩᠨᠡᠭᠴᠢ ᠪᠣᠯᠣᠨ | ᠵᠢᠭᠤᠯᠴᠢᠯᠠᠯ ᠤᠨ ᠠᠵᠢᠯ ᠬᠢᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠤᠭᠰᠠᠨ ᠪᠠᠶᠢᠪᠠᠯ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠠᠵᠢᠯᠲᠠᠳ ᠤᠨ ᠬᠠᠷᠢᠭᠤᠴᠠᠯᠭ᠎ᠠ ᠶᠢ ᠬᠠᠣᠯᠢ ᠲᠣᠭᠲᠠᠭᠠᠯ ᠶᠣᠰᠣᠭᠠᠷ | ᠨᠡᠬᠡᠮᠵᠢᠯᠡᠨ᠎ᠡ᠃ | ︵ᠳᠦᠷᠪᠡ︶ ᠪᠣᠯᠪᠠᠰᠤᠨ ᠵᠢᠭᠤᠯᠴᠢᠯᠠᠯ ᠤᠨ ᠬᠥᠲᠥᠯᠥᠨ ᠵᠢᠯᠣᠭᠤᠳᠬᠤ ᠠᠵᠢᠯ ᠢ ᠴᠢᠩᠭᠠᠷᠠᠭᠤᠯᠤᠨ᠎ᠠ᠃ | 1.ᠵᠢᠭᠤᠯᠴᠢᠯᠠᠭᠴᠢᠳ ᠤᠨ ᠪᠣᠯᠪᠠᠰᠤᠨ ᠪᠤᠰᠤ ᠦᠢᠯᠡ ᠠᠵᠢᠯᠯᠠᠭ᠎ᠠ ᠶᠢ ᠵᠠᠰᠠᠬᠤ ᠠᠵᠢᠯ ᠢ ᠴᠢᠩᠭᠠᠳᠬᠠᠨ᠎ᠠ᠃ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠴᠡᠭᠴᠡᠯᠡᠨ ᠵᠠᠰᠠᠬᠤ | ᠠᠵᠢᠯ ᠲᠠᠢ ᠤᠶᠠᠯᠳᠤᠭᠤᠯᠤᠨ᠂ ᠪᠣᠯᠪᠠᠰᠤᠨ ᠵᠢᠭᠤᠯᠴᠢᠯᠠᠯ ᠢᠶᠠᠷ ᠭᠠᠷᠳᠠᠴᠠ ᠪᠣᠯᠭᠠᠵᠤ᠂ ᠵᠢᠭᠤᠯᠴᠢᠯᠠᠯ ᠤᠨ ᠠᠵᠢᠯ | ᠲᠦᠷᠦᠯ ᠤᠨ ᠬᠠᠮᠢᠶᠠᠷᠤᠯᠲᠠ ᠶᠢ ᠴᠢᠩᠭᠠᠳᠬᠠᠨ ᠰᠢᠨᠡᠴᠢᠯᠡᠵᠦ᠂ ᠵᠢᠭᠤᠯᠴᠢᠯᠠᠭᠴᠢᠳ ᠤᠨ ᠪᠣᠯᠪᠠᠰᠤᠨ ᠪᠤᠰᠤ ᠦᠢᠯᠡ | ᠠᠵᠢᠯᠯᠠᠭ᠎ᠠ ᠶᠢ ᠵᠠᠰᠠᠬᠤ ᠡᠷᠴᠢᠮ ᠢᠶᠠᠨ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ︽ | ᠵᠢᠭᠤᠯᠴᠢᠯᠠᠭᠴᠢ ᠶᠢᠨ ᠪᠣᠯᠪᠠᠰᠤᠨ ᠪᠤᠰᠤ ᠵᠢᠭᠤᠯᠴᠢᠯᠠᠯ ᠤᠨ ᠦᠢᠯᠡ ᠠᠵᠢᠯᠯᠠᠭ᠎ᠠ ᠶᠢ ᠲᠡᠮᠳᠡᠭᠯᠡᠨ ᠬᠠᠮᠢᠶᠠᠷᠬᠤ ᠶᠢᠨ | ᠲᠦᠷ ᠬᠡᠷᠡᠭᠵᠢᠭᠦᠯᠬᠦ ᠠᠷᠭ᠎ᠠ︾ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠡᠷᠡᠭᠵᠢᠭᠦᠯᠬᠦ ᠨᠠᠷᠢᠨ ᠳᠦᠷᠢᠮ ᠢ | ᠲᠥᠷᠭᠡᠳᠬᠡᠨ ᠲᠣᠭᠲᠠᠭᠠᠵᠤ᠂ ᠪᠣᠯᠪᠠᠰᠤᠨ ᠪᠤᠰᠤ ᠵᠢᠭᠤᠯᠴᠢᠯᠠᠯ ᠢ ᠲᠤᠰᠬᠠᠶ ᠵᠠᠰᠠᠬᠤ ᠠᠵᠢᠯᠯᠠᠭ᠎ᠠ ᠶᠢ ᠲᠣᠭᠲᠠᠮᠠᠯ | ᠬᠤᠭᠤᠴᠠᠭ᠎ᠠ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠥᠷᠨᠢᠭᠦᠯᠵᠦ᠂ ᠪᠣᠯᠪᠠᠰᠤᠨ ᠪᠤᠰᠤ ᠵᠢᠭᠤᠯᠴᠢᠯᠠᠯ ᠤᠨ | ᠦᠢᠯᠡ ᠠᠵᠢᠯᠯᠠᠭ᠎ᠠ ᠶᠢ ᠴᠢᠩᠭ᠎ᠠ ᠴᠡᠭᠴᠡᠯᠡᠨ ᠵᠠᠰᠠᠨ᠎ᠠ᠃ | 2.ᠪᠣᠯᠪᠠᠰᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠢ | ᠦᠷᠨᠢᠭᠦᠯᠦᠨ᠎ᠡ᠃ ᠨᠡᠷᠡᠲᠦ ᠲᠥᠷᠥᠯ ᠲᠡᠮᠳᠡᠭᠲᠦ ᠵᠢᠭᠤᠯᠴᠢᠯᠠᠯ ᠤᠨ ᠦᠵᠡᠮᠵᠢ ᠶᠢᠨ ᠣᠷᠣᠨ᠂ ᠵᠠᠮ ᠱᠤᠭᠤᠮ ᠤᠨ | ᠪᠠᠶᠢᠭᠤᠯᠤᠯᠲᠠ ᠶᠢᠨ ᠠᠵᠢᠯ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠵᠢᠭᠤᠯᠴᠢᠯᠠᠯ ᠤᠨ | ᠵᠢᠱᠢᠶ᠎ᠡ ᠦᠵᠡᠭᠦᠯᠬᠦ ᠭᠠᠵᠠᠷ ᠣᠷᠣᠨ ᠤ ᠪᠠᠷᠢᠮᠵᠢᠶ᠎ᠠ ᠶᠢ ᠬᠠᠶᠢᠨ ᠰᠦᠪᠡᠭᠴᠢᠯᠡᠨ ᠲᠣᠭᠲᠠᠭᠠᠵᠤ᠂ ᠣᠷᠣᠨ ᠪᠦᠰᠡ ᠶᠢᠨ | ᠪᠦᠬᠦᠯᠢ ᠴᠣᠭᠴᠠ ᠶᠢᠨ ᠪᠣᠯᠪᠠᠰᠤᠨ ᠵᠢᠭᠤᠯᠴᠢᠯᠠᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠵᠢᠭᠤᠯᠴᠢᠯᠠᠯ ᠬᠢᠭᠡᠳ | ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠬᠠᠷᠢᠯᠴᠠᠨ ᠠᠭᠤᠰᠤᠯᠴᠠᠬᠤ ᠶᠢ ᠠᠬᠢᠭᠤᠯᠵᠤ᠂ ᠥᠪᠡᠷᠲᠡᠭᠡᠨ ᠵᠠᠰᠠᠬᠤ | ᠣᠷᠣᠨ ᠤ ᠵᠢᠭᠤᠯᠴᠢᠯᠠᠯ ᠤᠨ ᠦᠢᠯᠡᠰ ᠤᠨ ᠪᠣᠯᠪᠠᠰᠤᠨ ᠪᠥᠭᠡᠳ ᠡᠮᠬᠢ ᠲᠢᠭᠯᠢᠮ ᠲᠠᠢ ᠪᠠᠷ ᠬᠥᠭᠵᠢᠬᠦ ᠶᠢ | ᠠᠬᠢᠭᠤᠯᠤᠨ᠎ᠠ᠃ | 3.ᠪᠣᠯᠪᠠᠰᠤᠨ ᠵᠢᠭᠤᠯᠴᠢᠯᠠᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠴᠢᠩᠭᠠᠷᠠᠭᠤᠯᠤᠨ᠎ᠠ᠃ ︽ᠳᠤᠮᠳᠠᠳᠤ | ᠤᠯᠤᠰ ᠲᠤ ᠨᠡᠮᠡᠷᠢ ᠦᠵᠡᠭᠦᠯᠵᠦ᠂ ᠥᠪᠥᠷ ᠮᠣᠩᠭᠤᠯ ᠢᠶᠠᠨ ᠪᠠᠭ᠋ᠠᠳᠤᠨ ᠳᠠᠭᠤᠯᠠᠬᠤ︾ ᠪᠣᠯᠪᠠᠰᠤᠨ ᠵᠢᠭᠤᠯᠴᠢᠯᠠᠯ ᠤᠨ | ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠵᠢᠴᠢ ︽ᠥᠪᠥᠷ ᠮᠣᠩᠭᠤᠯ ᠤᠨ ᠰᠠᠶᠢᠨ ᠵᠢᠭᠤᠯᠴᠢᠯᠠᠯ ᠤᠨ ᠬᠦᠲᠦᠴᠢ᠂ | ᠥᠪᠥᠷ ᠮᠣᠩᠭᠤᠯ ᠤᠨ ᠰᠠᠶᠢᠨ ᠵᠢᠭᠤᠯᠴᠢᠯᠠᠭᠴᠢ︾ ᠶᠢ ᠰᠢᠯᠭᠠᠷᠠᠭᠤᠯᠬᠤ᠂ ᠪᠣᠯᠪᠠᠰᠤᠨ ᠵᠢᠭᠤᠯᠴᠢᠯᠠᠯ ᠤᠨ ᠲᠡᠷᠢᠭᠦᠨ ᠤ | ᠨᠢᠭᠡᠴᠡ ᠶᠢ ᠰᠤᠩᠭᠤᠨ ᠪᠣᠢ ᠪᠣᠯᠭᠠᠬᠤ᠂ ᠪᠣᠯᠪᠠᠰᠤᠨ ᠵᠢᠭᠤᠯᠴᠢᠯᠠᠯ ᠢ ᠨᠡᠶᠢᠭᠡᠮ ᠲᠣᠭᠤᠷᠢᠭ ᠲᠤ ᠣᠷᠣᠭᠤᠯᠬᠤ ᠵᠡᠷᠭᠡ | ᠭᠤᠣᠯ ᠰᠡᠳᠦᠪᠲᠦ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠤᠨ ᠦᠷᠨᠢᠭᠦᠯᠵᠦ᠂ ᠪᠣᠯᠪᠠᠰᠤᠨ ᠵᠢᠭᠤᠯᠴᠢᠯᠠᠯ ᠤᠨ | ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠨ᠎ᠠ᠃ | ︵ᠲᠠᠪᠤ︶ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠪᠠᠲᠤᠯᠠᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ | 1.ᠵᠢᠭᠤᠯᠴᠢᠯᠠᠯ ᠤᠨ ᠬᠠᠤᠯᠢ ᠲᠦᠷᠢᠮ ᠤᠨ ᠳᠦᠷᠦ ᠶᠢᠨ ᠪᠤᠳᠤᠯᠭ᠎ᠠ ᠶᠢ ᠪᠠᠲᠤᠯᠠᠬᠤ ᠰᠢᠰᠲ᠋ᠧᠮᠵᠢ ᠶᠢ | ᠲᠡᠭᠦᠯᠳᠡᠷᠵᠢᠭᠦᠯᠦᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠳᠦᠷᠢᠮ︾ | ᠳᠤ ᠵᠠᠰᠠᠪᠤᠷᠢ ᠣᠷᠣᠭᠤᠯᠬᠤ ᠠᠵᠢᠯ ᠢ ᠢᠳᠡᠪᠬᠢᠲᠡᠶ ᠪᠠᠷ ᠠᠬᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠵᠢᠭᠤᠯᠴᠢᠯᠠᠯ ᠤᠨ ᠳᠥᠷᠢᠮ ᠤᠨ ᠬᠡᠷᠡᠭᠵᠢᠭᠦᠯᠬᠦ ᠨᠠᠷᠢᠨ ᠳᠥᠷᠢᠮ︾᠂ ︽ᠵᠢᠭᠤᠯᠴᠢᠯᠠᠯ ᠤᠨ | ᠦᠵᠡᠮᠵᠢ ᠶᠢᠨ ᠣᠷᠣᠨ ᠤ ᠲᠠᠶᠢᠯᠪᠤᠷᠢᠯᠠᠭᠴᠢ ᠶᠢᠨ ᠬᠠᠮᠢᠶᠠᠷᠤᠯᠲᠠ ᠶᠢᠨ ᠠᠷᠭ᠎ᠠ︾᠂ ︽ᠵᠢᠭᠤᠯᠴᠢᠯᠠᠯ ᠤᠨ ᠡᠬᠢ | ᠪᠠᠶᠠᠯᠢᠭ ᠤᠨ ᠨᠡᠭᠡᠭᠡᠨ ᠬᠦᠭᠵᠢᠭᠦᠯᠵᠦ ᠪᠥᠳᠥᠭᠡᠨ ᠪᠠᠶᠢᠭᠤᠯᠬᠤ ᠬᠠᠮᠢᠶᠠᠷᠤᠯᠲᠠ ᠶᠢᠨ ᠠᠷᠭ᠎ᠠ︾ ᠵᠡᠷᠭᠡ ᠢᠵᠢ | ᠪᠦᠷᠢᠳᠦᠭᠦᠯᠬᠦ ᠳᠦᠷᠢᠮ ᠢ ᠲᠦᠷᠭᠡᠳᠬᠡᠨ ᠲᠣᠭᠲᠠᠭᠠᠵᠤ᠂ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠤᠨ | ᠦᠢᠯᠡᠴᠢᠯᠡᠭᠡᠨ ᠤ ᠲᠣᠣᠷ ᠴᠢᠬ ᠢ ᠬᠠᠮᠢᠶᠠᠷᠬᠤ᠂ ᠵᠢᠭᠤᠯᠴᠢᠯᠠᠯ ᠤᠨ ᠵᠠᠭᠠᠯᠳᠤᠯᠭ᠎ᠠ ᠶᠢ ᠬᠦᠯᠢᠶᠡᠨ ᠠᠪᠴᠤ | ᠰᠢᠢᠳᠪᠦᠷᠢᠯᠡᠬᠦ᠂ ᠦᠵᠡᠮᠵᠢ ᠶᠢᠨ ᠣᠷᠣᠨ ᠤ ᠣᠷᠴᠢᠨ ᠲᠣᠭᠤᠷᠢᠨ ᠬᠢᠭᠡᠳ ᠡᠭᠦᠳᠡᠨ ᠪᠢᠯᠧᠲ ᠤᠨ ᠬᠠᠮᠢᠶᠠᠷᠤᠯᠲᠠ᠂ | ᠵᠢᠭᠤᠯᠴᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠵᠡᠷᠭᠡ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ | ᠵᠢᠭᠤᠯᠴᠢᠯᠠᠯ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠪᠣᠯᠤᠨ ᠵᠠᠬ᠎ᠠ ᠳᠡᠯᠭᠡᠭᠦᠷ ᠤᠨ ᠡᠮᠬᠢ | ᠲᠢᠭᠯᠢᠮ ᠤᠨ ᠵᠠᠰᠠᠯᠲᠠ ᠲᠠᠢ ᠵᠣᠬᠢᠴᠠᠭᠰᠠᠨ ᠵᠢᠭᠤᠯᠴᠢᠯᠠᠯ ᠤᠨ ᠬᠠᠤᠯᠢ ᠲᠦᠷᠢᠮ ᠤᠨ ᠲᠦᠷᠦ ᠶᠢᠨ ᠪᠤᠳᠤᠯᠭ᠎ᠠ ᠶᠢ | ᠪᠠᠲᠤᠯᠠᠬᠤ ᠰᠢᠰᠲ᠋ᠧᠮᠵᠢ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ | 2.ᠵᠣᠬᠢᠶᠠᠨ ᠪᠠᠶᠢᠭᠤᠯᠤᠯᠲᠠ ᠪᠣᠯᠣᠨ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠨ᠎ᠠ᠃ ᠡᠯ᠎ᠡ ᠭᠠᠵᠠᠷ | ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ︽ᠱᠠᠲᠤ ᠬᠤᠪᠢᠶᠠᠨ ᠬᠠᠷᠢᠭᠤᠴᠠᠵᠤ᠂ ᠬᠠᠷᠢᠶ᠎ᠠ | ᠣᠷᠣᠨ ᠢᠶᠠᠷ ᠬᠠᠮᠢᠶᠠᠷᠬᠤ︾ ᠵᠠᠷᠴᠢᠮ ᠪᠣᠯᠤᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠣᠰᠣᠭᠠᠷ᠂ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠲᠤᠰ ᠭᠠᠵᠠᠷ ᠣᠷᠣᠨ᠂ ᠲᠤᠰ ᠰᠠᠯᠠᠭ᠎ᠠ | ᠮᠥᠴᠢᠷ ︵ᠰᠢᠰᠲ᠋ᠧᠮ︶ ᠤᠨ ᠢᠶᠠᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠯᠲᠠ | ᠬᠠᠮᠢᠶᠠᠷᠤᠯᠲᠠ ᠶᠢᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠦᠷᠨᠢᠭᠦᠯᠵᠦ᠂ ᠡᠯ᠎ᠡ ᠵᠦᠢᠯ ᠤᠨ ᠠᠵᠢᠯ ᠤᠨ | ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ | ᠪᠠᠲᠤᠯᠠᠨ᠎ᠠ᠃ ᠵᠢᠭᠤᠯᠴᠢᠯᠠᠯ ᠤᠨ ᠬᠠᠮᠲᠤᠷᠠᠨ ᠬᠠᠤᠯᠢ ᠬᠡᠷᠡᠭᠵᠢᠭᠦᠯᠬᠦ ᠶᠢ ᠲᠦᠷᠦᠭᠦᠯᠡᠨ ᠬᠢᠬᠦ ᠰᠠᠯᠠᠭ᠎ᠠ ᠮᠥᠴᠢᠷ ᠨᠢ | ᠠᠵᠢᠯ ᠤᠨ ᠲᠥᠰᠦᠯ ᠢ ᠲᠣᠭᠲᠠᠭᠠᠬᠤ ᠳᠠᠭᠠᠨ ᠠᠵᠢᠯ ᠤᠨ ᠬᠡᠷᠡᠭᠴᠡᠭᠡ ᠶᠢ ᠦᠨᠳᠦᠰᠦᠯᠡᠨ ᠬᠠᠮᠵᠢᠯᠴᠠᠬᠤ ᠰᠠᠯᠠᠭ᠎ᠠ | ᠮᠥᠴᠢᠷ ᠪᠣᠯᠣᠨ ᠨᠢᠭᠡᠴᠡ ᠶᠢ ᠨᠡᠮᠡᠵᠦ᠂ ᠨᠡᠮᠡᠭᠳᠡᠭᠰᠡᠨ ᠰᠠᠯᠠᠭ᠎ᠠ ᠮᠦᠴᠢᠷ ᠪᠣᠯᠣᠨ ᠨᠢᠭᠡᠴᠡ ᠨᠢ ᠲᠥᠷᠦᠭᠦᠯᠡᠨ ᠬᠢᠬᠦ | ᠰᠠᠯᠠᠭ᠎ᠠ ᠮᠥᠴᠢᠷ ᠤᠨ ᠠᠵᠢᠯ ᠢ ᠢᠳᠡᠪᠬᠢᠲᠡᠶ ᠪᠠᠷ ᠬᠠᠮᠵᠢᠯᠴᠠᠵᠤ᠂ ᠲᠦᠯᠬᠢᠯᠴᠡᠵᠦ ᠪᠣᠯᠬᠤ ᠦᠭᠡᠢ᠃ ᠡᠯ᠎ᠡ | ᠱᠠᠲᠤᠨ ᠤ ᠵᠠᠰᠠᠭ ᠤᠨ ᠣᠷᠳᠣᠨ ᠨᠢ ᠬᠠᠤᠯᠢ ᠬᠡᠷᠡᠭᠵᠢᠭᠦᠯᠬᠦ ᠵᠠᠷᠤᠳᠠᠯ ᠤᠨ ᠪᠠᠲᠤᠯᠠᠬᠤ ᠠᠵᠢᠯ ᠢ ᠰᠠᠶᠢᠲᠤᠷ ᠬᠢᠨ᠎ᠠ᠃ | 3.ᠵᠢᠭᠤᠯᠴᠢᠯᠠᠯ ᠤᠨ ᠵᠠᠭᠠᠯᠳᠤᠯᠭ᠎ᠠ ᠶᠢ ᠨᠢᠭᠡᠳᠦᠯᠲᠡᠢ ᠬᠦᠯᠢᠶᠡᠨ ᠠᠪᠴᠤ ᠰᠢᠢᠳᠪᠦᠷᠢᠯᠡᠬᠦ ᠲᠣᠭᠲᠠᠴᠠ ᠶᠢ | ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠣᠪᠴᠢᠶ᠎ᠠ ᠨᠢ 2016 ᠣᠨ ᠤ ᠵᠢᠯ ᠤᠨ | ᠰᠡᠭᠦᠯᠴᠢ ᠠᠴᠠ ᠡᠮᠦᠨ᠎ᠡ ᠪᠥᠬᠦ ᠣᠷᠣᠨ ᠤ ᠵᠢᠭᠤᠯᠴᠢᠯᠠᠯ ᠤᠨ ᠵᠠᠭᠠᠯᠳᠤᠯᠭ᠎ᠠ ᠶᠢ ᠨᠢᠭᠡᠳᠦᠯᠲᠡᠶ ᠬᠦᠯᠢᠶᠡᠨ ᠠᠪᠬᠤ | ᠰᠢᠢᠳᠪᠦᠷᠢᠯᠡᠬᠦ ᠪᠠᠶᠢᠭᠤᠯᠤᠮᠵᠢ ᠶᠢ ᠪᠠᠶᠢᠭᠤᠯᠬᠤ ᠪᠤᠶᠤ ᠲᠣᠭᠲᠠᠭᠠᠵᠤ᠂ ᠨᠡᠶᠢᠭᠡᠮ ᠨᠡᠶᠢᠲᠡ ᠳᠤ ᠵᠠᠭᠠᠯᠳᠤᠯᠭ᠎ᠠ ᠶᠢᠨ | ᠤᠲᠠᠰᠤ ᠶᠢ ᠢᠯᠡ ᠨᠡᠶᠢᠲᠡᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠤᠶᠤ ᠠᠶᠢᠮᠠᠭ ᠤᠨ ᠵᠠᠬᠢᠷᠭ᠎ᠠ᠂ | ᠬᠤᠳᠠ ᠶᠢᠨ ᠠᠷᠠᠳ ᠤᠨ ᠵᠠᠰᠠᠭ ᠤᠨ ᠣᠷᠳᠣᠨ ᠳᠤ ᠵᠢᠭᠤᠯᠴᠢᠯᠠᠯ ᠤᠨ ᠵᠠᠭᠠᠯᠳᠤᠯᠭ᠎ᠠ ᠶᠢ ᠬᠦᠯᠢᠶᠡᠨ ᠠᠪᠴᠤ | ᠰᠢᠢᠳᠪᠦᠷᠢᠯᠡᠭᠰᠡᠨ ᠪᠠᠶᠢᠳᠠᠯ ᠢ ᠰᠢᠯᠵᠢᠭᠦᠯᠦᠨ ᠭᠦᠢᠴᠡᠳᠬᠡᠬᠦ᠂ ᠮᠥᠷᠳᠡᠬᠦ᠂ ᠵᠣᠬᠢᠴᠠᠭᠤᠯᠬᠤ᠂ ᠰᠢᠮᠳᠠᠭᠤᠯᠤᠨ | ᠭᠦᠢᠴᠡᠳᠬᠡᠯᠭᠡᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ ᠡᠯ᠎ᠡ ᠠᠶᠢᠮᠠᠭ ᠬᠤᠲᠠ ᠨᠢ 2017 ᠣᠨ ᠤ ᠵᠢᠯ ᠤᠨ | ᠰᠡᠭᠦᠯᠴᠢ ᠠᠴᠠ ᠡᠮᠦᠨ᠎ᠡ ᠵᠢᠭᠤᠯᠴᠢᠯᠠᠯ ᠤᠨ ᠵᠠᠭᠠᠯᠳᠤᠯᠭ᠎ᠠ ᠶᠢ ᠨᠢᠭᠡᠳᠦᠯᠲᠡᠶ ᠬᠦᠯᠢᠶᠡᠨ ᠠᠪᠴᠤ ᠰᠢᠢᠳᠪᠦᠷᠢᠯᠡᠬᠦ | ᠪᠠᠶᠢᠭᠤᠯᠤᠮᠵᠢ ᠶᠢ ᠪᠠᠶᠢᠭᠤᠯᠬᠤ ᠪᠤᠶᠤ ᠲᠣᠭᠲᠠᠭᠠᠵᠤ᠂ ᠪᠠᠶᠢᠭᠤᠯᠤᠮᠵᠢ᠂ ᠡᠭᠦᠷᠭᠡ ᠴᠢᠳᠠᠪᠤᠷᠢ᠂ ᠣᠷᠣᠨ ᠲᠤᠭ᠎ᠠ᠂ | ᠠᠵᠢᠯᠲᠠᠳ ᠢ ᠪᠤᠳᠠᠳᠠᠶᠢᠢᠵᠢᠭᠤᠯᠬᠤ ᠶᠢ ᠪᠡᠶᠡᠯᠡᠭᠦᠯᠵᠦ᠂ ᠵᠢᠭᠤᠯᠴᠢᠯᠠᠯ ᠤᠨ ᠵᠠᠭᠠᠯᠳᠤᠯᠭ᠎ᠠ ᠶᠢᠨ ᠵᠠᠮ ᠮᠥᠷ ᠰᠢᠯᠤᠭᠤᠨ | ᠪᠤᠰᠤ᠂ ᠬᠠᠷᠢᠯᠴᠠᠨ ᠲᠦᠯᠬᠢᠯᠴᠡᠬᠦ᠂ ᠤᠳᠠᠭᠠᠰᠢᠷᠠᠭᠤᠯᠵᠤ ᠲᠦᠯᠬᠢᠯᠴᠡᠬᠦ ᠵᠡᠷᠭᠡ ᠠᠰᠠᠭᠤᠳᠠᠯ ᠢ ᠦᠨᠳᠦᠰᠦᠨ ᠠᠴᠠ ᠨᠢ | ᠵᠠᠰᠠᠨ᠎ᠠ᠃ | 4.ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠳᠬᠠᠨ᠎ᠠ᠃ ᠪᠥᠬᠦ ᠣᠷᠣᠨ ᠤ ᠵᠢᠭᠤᠯᠴᠢᠯᠠᠯ ᠤᠨ ᠵᠠᠬ᠎ᠠ | ᠳᠡᠯᠭᠡᠭᠦᠷ ᠤᠨ ᠡᠮᠬᠢ ᠲᠢᠭᠯᠢᠮ ᠤᠨ ᠲᠠᠯ᠎ᠠ ᠪᠠᠷ ᠬᠢ ᠵᠢᠭᠤᠯᠴᠢᠯᠠᠭᠴᠢᠳ ᠤᠨ ᠰᠡᠳᠬᠢᠯ ᠬᠠᠨᠤᠮᠵᠢᠲᠠᠢ ᠪᠠᠶᠢᠬᠤ | ᠬᠡᠮᠵᠢᠶ᠎ᠡ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠦᠷᠨᠢᠭᠦᠯᠵᠦ᠂ ᠡᠯ᠎ᠡ ᠠᠶᠢᠮᠠᠭ ᠬᠤᠳᠠ ᠶᠢᠨ | ᠵᠢᠭᠤᠯᠴᠢᠯᠠᠭᠴᠢᠳ ᠤᠨ ᠰᠡᠳᠬᠢᠯ ᠬᠠᠨᠤᠮᠵᠢᠲᠠᠢ ᠪᠠᠶᠢᠬᠤ ᠬᠡᠮᠵᠢᠶ᠎ᠡ ᠶᠢᠨ ᠢᠯᠡᠳᠬᠡᠭᠴᠢ ᠶᠢ ᠵᠢᠭᠰᠠᠭᠠᠵᠤ᠂ | ᠵᠢᠭᠤᠯᠴᠢᠯᠠᠭᠴᠢᠳ ᠤᠨ ᠰᠡᠳᠬᠢᠯ ᠬᠠᠨᠤᠮᠵᠢᠲᠠᠢ ᠪᠠᠶᠢᠬᠤ ᠬᠡᠮᠵᠢᠶ᠎ᠡ ᠶᠢᠨ ᠪᠠᠶᠢᠴᠠᠭᠠᠯᠲᠠ ᠶᠢᠨ ᠮᠡᠳᠡᠭᠦᠯᠦᠯᠲᠡ ᠶᠢ | ᠨᠠᠶᠢᠷᠠᠭᠤᠯᠤᠨ ᠵᠣᠬᠢᠶᠠᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠲᠢᠭᠯᠢᠮ ᠤᠨ ᠢᠯᠡᠳᠬᠡᠭᠴᠢ ᠪᠣᠯᠤᠨ | ᠵᠢᠭᠤᠯᠴᠢᠯᠠᠭᠴᠢᠳ ᠤᠨ ᠰᠡᠳᠬᠢᠯ ᠬᠠᠨᠤᠮᠵᠢᠲᠠᠢ ᠪᠠᠶᠢᠬᠤ ᠬᠡᠮᠵᠢᠶ᠎ᠡ ᠶᠢᠨ ᠢᠯᠡᠳᠬᠡᠭᠴᠢ ᠶᠢ ᠨᠡᠶᠢᠭᠡᠮ ᠨᠡᠶᠢᠲᠡ ᠳᠤ | ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ᠎ᠡ᠃ ᠪᠣᠯᠵᠣᠨ ᠶᠠᠷᠢᠯᠴᠠᠬᠤ ᠪᠠ ᠬᠠᠷᠢᠭᠤᠴᠠᠯᠭ᠎ᠠ ᠬᠡᠯᠡᠯᠴᠡᠬᠦ | ᠲᠣᠭᠲᠠᠴᠠ ᠶᠢ ᠪᠠᠶᠢᠭᠤᠯᠤᠨ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠯᠲᠠ | ᠬᠠᠮᠢᠶᠠᠷᠤᠯᠲᠠ ᠨᠢ ᠰᠤᠯᠠ ᠪᠠᠶᠢᠭ᠎ᠠ ᠠᠶᠢᠮᠠᠭ ᠬᠤᠳᠠ ᠪᠣᠯᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ | ᠪᠣᠯᠵᠣᠨ ᠶᠠᠷᠢᠯᠴᠠᠵᠤ᠂ ᠬᠠᠷᠢᠭᠤᠴᠠᠯᠭ᠎ᠠ ᠨᠡᠬᠡᠮᠵᠢᠯᠡᠨ᠎ᠡ᠃ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠤᠨ | ᠳᠡᠰ ᠵᠡᠷᠭᠡ ᠪᠠᠷ ᠪᠤᠴᠠᠭᠠᠨ ᠭᠠᠷᠭᠠᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠬᠦᠨᠳᠦ ᠶᠡᠭᠡ ᠬᠠᠤᠯᠢ | ᠲᠣᠭᠲᠠᠭᠠᠯ ᠠᠴᠠ ᠵᠦᠷᠢᠴᠡᠨ ᠡᠵᠡᠩᠨᠡᠭᠰᠡᠨ ᠪᠠ ᠦᠢᠯᠡᠴᠢᠯᠡᠭᠡᠨ ᠤ ᠶᠠᠰᠤ ᠴᠢᠨᠠᠷ ᠤᠨ ᠬᠦᠨᠳᠦ ᠶᠡᠭᠡ ᠠᠰᠠᠭᠤᠳᠠᠯ | ᠭᠠᠷᠭᠠᠭᠰᠠᠨ ᠵᠢᠭᠤᠯᠴᠢᠯᠠᠯ ᠤᠨ ᠡᠵᠡᠩᠨᠡᠭᠴᠢ ᠪᠠ ᠠᠵᠢᠯ ᠬᠢᠭᠰᠡᠳ ᠲᠤ ᠨᠢᠭᠡ ᠪᠢᠯᠧᠲ ᠢᠶᠠᠷ ᠬᠦᠴᠤᠨ ᠦᠬᠡᠢ | ᠪᠤᠯᠭᠠᠬᠤ ᠲᠦᠷᠢᠮ ᠢ ᠠᠯᠬᠤᠮ ᠠᠯᠬᠤᠮ ᠢᠶᠠᠷ ᠪᠠᠶᠢᠭᠤᠯᠤᠨ ᠬᠡᠷᠡᠭᠵᠢᠭᠦᠯᠦᠨ᠎ᠡ︔ ᠵᠢᠭᠤᠯᠴᠢᠯᠠᠯ ᠤᠨ ᠵᠠᠬ᠎ᠠ | ᠳᠡᠯᠭᠡᠭᠦᠷ ᠤᠨ ᠡᠮᠬᠢ ᠲᠢᠭᠯᠢᠮ ᠢ ᠬᠦᠨᠳᠦ ᠨᠣᠴᠢᠲᠠᠶ ᠰᠠᠮᠠᠭᠤᠷᠠᠭᠤᠯᠤᠭᠰᠠᠨ᠂ ᠵᠢᠭᠤᠯᠴᠢᠯᠠᠭᠴᠢᠳ ᠤᠨ ᠬᠠᠤᠯᠢ | ᠶᠣᠰᠣᠨ ᠤ ᠡᠷᠬᠡ ᠠᠰᠢᠭ ᠲᠤ ᠬᠠᠯᠳᠠᠭᠰᠠᠨ ᠪᠠᠶᠢᠪᠠᠯ᠂ ᠡᠵᠡᠩᠨᠡᠯᠲᠡ ᠶᠢ ᠨᠢ ᠡᠷᠡᠰ ᠵᠣᠭᠰᠣᠭᠠᠵᠤ᠂ ᠪᠠᠷᠢᠮᠵᠢᠶ᠎ᠠ ᠳᠤ | ᠬᠦᠷᠬᠦ ᠦᠭᠡᠢ ᠪᠦᠬᠡᠳ ᠵᠢᠷᠤᠮᠵᠢᠯ ᠦᠭᠡᠢ ᠠᠵᠤ ᠠᠬᠤᠶᠢᠯᠠᠯ ᠪᠣᠯᠤᠨ ᠠᠵᠢᠯ ᠬᠢᠭᠰᠡᠳ ᠢ ᠵᠢᠭᠤᠯᠴᠢᠯᠠᠯ ᠤᠨ ᠵᠠᠬ᠎ᠠ | ᠳᠡᠯᠭᠡᠭᠦᠷ ᠠᠴᠠ ᠠᠯᠬᠤᠮ ᠠᠯᠬᠤᠮ ᠢᠶᠠᠷ ᠭᠠᠷᠭᠠᠨ᠎ᠠ᠃ | 5.ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠴᠢᠩᠭᠠᠳᠬᠠᠨ᠎ᠠ᠃ ᠡᠯ᠎ᠡ ᠭᠠᠵᠠᠷ | ᠣᠷᠣᠨ᠂ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠵᠢᠭᠤᠯᠴᠢᠯᠠᠯ ᠤᠨ ᠬᠠᠤᠯᠢ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ | ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢᠶᠠᠨ ᠴᠢᠩᠭᠠᠳᠬᠠᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ | ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠵᠢᠯᠳᠡᠨ ᠳᠤ ᠬᠠᠤᠯᠢ ᠴᠠᠭᠠᠵᠠ ᠬᠠᠤᠯᠢ ᠲᠣᠭᠲᠠᠭᠠᠯ ᠪᠠ ᠬᠠᠤᠯᠢ | ᠬᠡᠷᠡᠭᠵᠢᠭᠦᠯᠬᠦ ᠲᠡᠰ ᠳᠠᠷᠠᠭᠠᠯᠠᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠵᠢᠭᠤᠯᠴᠢᠯᠠᠯ ᠤᠨ ᠠᠵᠢᠯ ᠬᠢᠭᠰᠡᠳ ᠲᠤ | ᠬᠠᠤᠯᠢ ᠶᠣᠰᠣᠭᠠᠷ ᠡᠵᠡᠩᠨᠡᠬᠦ ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠤᠨ᠂ ᠲᠡᠳᠡᠨ ᠳᠤ ᠬᠠᠤᠯᠢ ᠴᠠᠭᠠᠵᠠ | ᠬᠠᠤᠯᠢ ᠲᠣᠭᠲᠠᠭᠠᠯ ᠤᠨ ᠭᠤᠣᠯ ᠠᠭᠤᠯᠭ᠎ᠠ ᠶᠢ ᠵᠥᠪ ᠣᠨᠣᠪᠴᠢᠲᠠᠢ ᠡᠵᠡᠮᠰᠢᠭᠦᠯᠵᠦ᠂ ᠵᠢᠭᠤᠯᠴᠢᠯᠠᠯ ᠢ ᠬᠠᠤᠯᠢ | ᠶᠣᠰᠣᠭᠠᠷ ᠬᠦᠭᠵᠢᠭᠦᠯᠬᠦ᠂ ᠵᠢᠭᠤᠯᠴᠢᠯᠠᠯ ᠢ ᠬᠠᠤᠯᠢ ᠶᠣᠰᠣᠭᠠᠷ ᠵᠠᠰᠠᠬᠤ ᠦᠵᠡᠯᠲᠡ ᠪᠠ ᠦᠵᠡᠯ ᠤᠬᠠᠮᠰᠠᠷ ᠢ ᠪᠠᠲᠤ | ᠪᠠᠬᠢ ᠪᠣᠢ ᠪᠣᠯᠭᠠᠵᠤ᠂ ᠥᠷᠭᠡᠨ ᠤᠯᠠᠨ ᠵᠢᠭᠤᠯᠴᠢᠯᠠᠭᠴᠢᠳ ᠢ ᠰᠤᠷᠭᠠᠨ ᠬᠥᠮᠥᠵᠢᠭᠦᠯᠵᠦ ᠬᠦᠲᠦᠯᠦᠨ ᠵᠢᠯᠤᠭᠤᠳᠴᠦ | ᠪᠠᠶᠢᠭᠠᠳ ᠤᠬᠠᠮᠵᠢᠳᠠᠢ ᠪᠠᠷ ᠬᠡᠷᠡᠭᠯᠡᠭᠡ ᠬᠢᠬᠦ ᠪᠤᠯᠭᠠᠵᠦ᠂ ᠪᠣᠯᠪᠠᠰᠤᠨ ᠢᠶᠠᠷ ᠵᠢᠭᠤᠯᠴᠢᠯᠠᠭᠤᠯᠤᠨᠠ᠃ |