2016 ᠣᠨ ᠳᠤ ᠥᠪᠥᠷ ᠮᠣᠩᠭᠤᠯ ᠤᠨ ᠭᠠᠳᠠᠭᠠᠳᠤ ᠠᠷᠠᠯᠵᠢᠶ᠎ᠠ ᠤᠯᠠᠷᠢᠯ ᠳᠠᠷᠠᠭᠠᠯᠠᠨ ᠲᠤᠭᠲᠠᠪᠤᠷᠢᠵᠢᠪᠠ
ᠨᠡᠶᠢᠲᠡᠯᠡᠭᠰᠡᠨ ᠴᠠᠭ᠄
2017/2/13
     2016 ᠣᠨ ᠳᠤ᠂ ᠥᠪᠥᠷ ᠮᠣᠩᠭᠤᠯ ᠤᠨ ᠭᠠᠳᠠᠭᠠᠳᠤ ᠠᠷᠠᠯᠵᠢᠶᠠᠨ ᠤ ᠭᠠᠳᠠᠭᠠᠳᠤ ᠤᠷᠤᠭᠤᠯᠤᠯᠲᠠ ᠭᠠᠷᠭᠠᠯᠲᠠ ᠡᠬᠢᠨ ᠳᠡᠭᠡᠨ ᠮᠠᠭᠤ ᠪᠠᠶᠢᠵᠤ᠂ ᠰᠡᠭᠦᠯᠡᠷ ᠨᠢ ᠳᠡᠭᠡᠭᠰᠢᠯᠡᠵᠦ᠂ ᠠᠯᠬᠤᠮ ᠠᠯᠬᠤᠮ ᠢᠶᠠᠷ ᠲᠤᠭᠲᠠᠪᠤᠷᠢᠵᠢᠬᠤ ᠰᠠᠶᠢᠨ ᠬᠠᠨᠳᠤᠰᠢ ᠲᠠᠢ ᠪᠤᠯᠵᠤ᠂ ᠪᠦᠬᠦ ᠵᠢᠯ ᠳᠤ ᠭᠠᠳᠠᠭᠠᠳᠤ ᠤᠷᠤᠭᠤᠯᠤᠯᠲᠠ ᠭᠠᠷᠭᠠᠯᠲᠠ ᠶᠢᠨ ᠪᠦᠬᠦ ᠦᠷᠲᠡᠭ ᠢ 117.01 ᠳ᠋ᠦᠩᠰᠢᠭᠤᠷ ᠳ᠋ᠣᠯᠯᠠᠷ ᠪᠡᠶᠡᠯᠡᠭᠦᠯᠵᠦ᠂ ᠡᠭᠦᠨ ᠳᠤ ᠭᠠᠳᠠᠭᠠᠳᠤ ᠤᠷᠤᠭᠤᠯᠤᠯᠲᠠ ᠨᠢ 2015 ᠣᠨ ᠤ ᠪᠠᠭᠤᠷᠠᠬᠤ ᠬᠠᠨᠳᠤᠰᠢ ᠶᠢ ᠡᠷᠭᠢᠭᠦᠯᠵᠦ᠂ 2.1% ᠨᠡᠮᠡᠭᠳᠡᠵᠡᠢ᠃ ᠪᠦᠷᠢᠳᠬᠡᠯ ᠤᠨ ᠲᠤᠭ᠎ᠠ ᠪᠠᠷᠢᠮᠲᠠ ᠠᠴᠠ ᠦᠵᠡᠪᠡᠯ᠂ 2016 ᠣᠨ ᠳᠤ᠂ ᠥᠪᠥᠷ ᠮᠣᠩᠭᠤᠯ ᠤᠨ ᠭᠠᠳᠠᠭᠠᠳᠤ ᠤᠷᠤᠭᠤᠯᠤᠯᠲᠠ ᠭᠠᠷᠭᠠᠯᠲᠠ ᠤᠯᠠᠷᠢᠯ ᠳᠠᠷᠠᠭᠠᠯᠠᠨ ᠲᠤᠭᠲᠠᠪᠤᠷᠢᠵᠢᠵᠤ᠂ ᠳᠥᠷᠪᠡᠳᠦᠭᠡᠷ ᠤᠯᠠᠷᠢᠯ ᠳᠤ ᠨᠡᠮᠡᠭᠳᠡᠯ ᠲᠠᠢ ᠪᠤᠯᠵᠤ᠂ ᠰᠠᠶᠢᠵᠢᠷᠠᠬᠤ ᠬᠠᠨᠳᠤᠰᠢ ᠲᠠᠢ ᠪᠤᠯᠪᠠ᠃ ᠨᠢᠭᠡᠳᠦᠭᠡᠷ ᠬᠤᠶᠠᠳᠤᠭᠠᠷ ᠭᠤᠷᠪᠠᠳᠤᠭᠠᠷ ᠤᠯᠠᠷᠢᠯ ᠳᠤ᠂ ᠪᠦᠬᠦ ᠣᠷᠣᠨ ᠤ ᠭᠠᠳᠠᠭᠠᠳᠤ ᠤᠷᠤᠭᠤᠯᠤᠯᠲᠠ ᠭᠠᠷᠭᠠᠯᠲᠠ ᠲᠤᠰ ᠲᠤᠰ 17.7%᠂ 12.6%᠂ 10.8% ᠪᠠᠭᠤᠷᠠᠵᠤ᠂ ᠳᠥᠷᠪᠡᠳᠦᠭᠡᠷ ᠤᠯᠠᠷᠢᠯ ᠳᠤ᠂ ᠭᠠᠳᠠᠭᠠᠳᠤ ᠤᠷᠤᠭᠤᠯᠤᠯᠲᠠ ᠭᠠᠷᠭᠠᠯᠲᠠ ᠶᠢᠨ ᠲᠤᠭ᠎ᠠ 9.4%᠎ ᠪᠠᠷ ᠨᠡᠮᠡᠭᠳᠡᠵᠡᠢ᠃ ᠠᠳᠠᠯᠢ ᠬᠤᠭᠤᠴᠠᠭᠠᠨ ᠳᠤ᠂ ᠥᠪᠥᠷ ᠮᠣᠩᠭᠤᠯ ᠤᠨ ᠠᠵᠤ ᠦᠢᠯᠡᠰ ᠤᠨ ᠰᠢᠯᠵᠢᠯᠲᠡ ᠶᠢ ᠬᠦᠯᠢᠶᠡᠨ ᠠᠪᠬᠤ ᠠᠩᠬ᠎ᠠ ᠠᠯᠬᠤᠮ ᠤᠨ ᠠᠮᠵᠢᠯᠲᠠ ᠣᠯᠵᠤ᠂ ᠡᠳ᠋ᠰᠢᠭᠦᠯᠭᠡ ᠶᠢᠨ ᠠᠷᠠᠯᠵᠢᠶ᠎ᠠ ᠦᠳᠲᠡᠷ ᠲᠦᠷᠭᠡᠨ ᠨᠡᠮᠡᠭᠳᠡᠪᠡ᠃ 2016 ᠣᠨ ᠳᠤ᠂ ᠥᠪᠥᠷ ᠮᠣᠩᠭᠤᠯ ᠤᠨ ᠡᠳ᠋ᠰᠢᠭᠦᠯᠭᠡ ᠶᠢᠨ ᠠᠷᠠᠯᠵᠢᠶ᠎ᠠ ᠨᠢ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠦᠷᠲᠡᠭ ᠢ 4.89 ᠳ᠋ᠦᠩᠰᠢᠭᠤᠷ ᠳ᠋ᠣᠯᠯᠠᠷ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 100.4% ᠨᠡᠮᠡᠭᠳᠡᠪᠡ᠂ ᠡᠭᠦᠨ ᠳᠤ᠂ ᠭᠠᠳᠠᠭᠠᠳᠤ ᠭᠠᠷᠭᠠᠯᠲᠠ ᠶᠢᠨ ᠨᠡᠮᠡᠭᠳᠡᠯ ᠤᠨ ᠬᠡᠮᠵᠢᠶ᠎ᠡ ᠨᠢ 1.9 ᠳᠠᠬᠢᠨ ᠳᠤ ᠬᠦᠷᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号