ᠮᠠᠨ ᠤ ᠤᠷᠤᠨ ᠤ ᠣᠷᠴᠢᠮᠬᠠᠨ ᠳᠤ ᠨᠡᠶᠢᠲᠡᠯᠡᠨ ᠬᠡᠷᠡᠭᠵᠢᠭᠦᠯᠦᠭᠰᠡᠨ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ︿13 · 5﹀ ᠶᠢᠨ ᠬᠤᠭᠤᠴᠠᠭᠠᠨ ᠤ ᠮᠠᠯ ᠵᠢᠭᠦᠷᠲᠡᠨ ᠨᠢᠲᠤᠯᠬᠤ ᠠᠵᠢᠯ ᠲᠦᠷᠦᠯ ᠤᠨ | ᠬᠥᠭᠵᠢᠯᠲᠡ ᠶᠢᠨ ᠲᠥᠯᠥᠪᠵᠢᠭᠦᠯᠭᠡ ︵2016 — 2020 ᠣᠨ︶︾ ᠶᠢ ᠦᠨᠳᠦᠰᠦᠯᠡᠪᠡᠯ᠂ 2020 ᠣᠨ | ᠪᠣᠯᠬᠤ ᠳᠤ᠂ ᠥᠪᠥᠷ ᠮᠣᠩᠭᠤᠯ ᠨᠢᠲᠤᠯᠭᠠᠨ ᠤ ᠠᠵᠢᠯ ᠲᠦᠷᠦᠯ ᠤᠨ ᠬᠠᠮᠢᠶ᠎ᠠ ᠪᠦᠬᠦᠢ ᠬᠠᠤᠯᠢ ᠲᠦᠷᠢᠮ᠂ ᠪᠠᠷᠢᠮᠵᠢᠶ᠎ᠠ | ᠂ ᠵᠢᠷᠤᠮᠵᠢᠭᠰᠠᠨ ᠰᠢᠰᠲ᠋ᠧᠮᠵᠢ ᠶᠢ ᠦᠨᠳᠦᠰᠦᠨ ᠳᠡᠭᠡᠨ ᠪᠦᠷᠢᠯᠳᠦᠭᠦᠯᠵᠦ᠂ ᠪᠦᠬᠦ ᠣᠷᠣᠨ ᠤ ᠮᠠᠯ ᠵᠢᠭᠦᠷᠲᠡᠨ | ᠨᠢᠲᠤᠯᠬᠤ ᠠᠵᠢᠯᠯᠠᠭ᠎ᠠ ᠶᠢ ᠬᠠᠤᠯᠢ ᠶᠣᠰᠣᠭᠠᠷ ᠵᠢᠷᠤᠮᠵᠢᠭᠤᠯᠤᠨ᠂ ᠠᠯᠠᠵᠤ ᠨᠢᠲᠤᠯᠬᠤ ᠠᠵᠢᠯ ᠲᠥᠷᠥᠯ ᠤᠨ ᠬᠡᠪ ᠤᠨ | ᠡᠮᠬᠢ ᠵᠢᠷᠤᠮ ᠢ ᠬᠠᠮᠠᠭᠠᠯᠠᠵᠤ᠂ ᠨᠢᠲᠤᠯᠭᠠᠨ ᠤ ᠶᠠᠪᠤᠴᠠ ᠳᠠᠬᠢ ᠮᠢᠬᠠᠨ ᠢᠳᠡᠭᠡᠨ ᠤ ᠶᠠᠰᠤ ᠴᠢᠨᠠᠷ ᠤᠨ ᠠᠮᠤᠷ | ᠲᠥᠪᠰᠢᠨ ᠢ ᠪᠠᠲᠤᠯᠠᠬᠤ ᠪᠣᠯᠣᠨ᠎ᠠ᠃ | ᠣᠶᠢᠯᠠᠭᠠᠭᠰᠠᠨ ᠢᠶᠠᠷ᠂ 2015 ᠣᠨ ᠤ ᠡᠴᠦᠰ ᠪᠣᠯᠬᠤ ᠳᠤ᠂ ᠪᠦᠬᠦ ᠤᠷᠤᠨ ᠤ ᠮᠠᠯ ᠵᠢᠭᠦᠷᠲᠡᠨ ᠨᠢᠲᠤᠯᠬᠤ | ᠲᠣᠭᠲᠠᠭᠠᠭᠰᠠᠨ ᠴᠢᠭ᠋ ᠤᠨ ᠦᠢᠯᠡᠳᠪᠦᠷᠢ ︵ᠲᠠᠯᠠᠪᠤᠷ︶ 712 ᠪᠠᠶᠢᠵᠤ᠂ ᠡᠭᠦᠨ ᠳᠤ᠂ ᠭᠠᠭ᠋ᠠᠶ ᠨᠢᠲᠤᠯᠬᠤ | ᠲᠣᠭᠲᠠᠭᠠᠭᠰᠠᠨ ᠴᠢᠭ᠋ ᠤᠨ ᠦᠢᠯᠡᠳᠪᠦᠷᠢ ︵ᠲᠠᠯᠠᠪᠤᠷ︶ 208᠂ ᠦᠬᠡᠷ ᠬᠤᠨᠢ ᠨᠢᠲᠤᠯᠬᠤ ᠲᠣᠭᠲᠠᠭᠠᠭᠰᠠᠨ | ᠴᠢᠭ᠋ ᠤᠨ ᠦᠢᠯᠡᠳᠪᠦᠷᠢ ︵ᠲᠠᠯᠠᠪᠤᠷ︶ 466᠂ ᠵᠢᠭᠦᠷᠲᠡᠨ ᠤ ᠳᠦᠷᠦᠯ ᠤᠨ ᠬᠢ 32᠂ ᠪᠤᠰᠤᠳ ᠠᠯᠠᠵᠤ | ᠨᠢᠲᠤᠯᠬᠤ ᠦᠢᠯᠡᠳᠪᠦᠷᠢ 6 ᠪᠠᠶᠢᠪᠠ᠃ ᠪᠦᠬᠦ ᠣᠷᠣᠨ ᠤ ᠮᠠᠯ ᠵᠢᠭᠦᠷᠲᠡᠨ ᠨᠢᠲᠤᠯᠬᠤ ᠠᠵᠢᠯ ᠲᠦᠷᠦᠯ ᠴᠢᠬ | ᠲᠣᠭᠲᠠᠭᠠᠨ ᠠᠯᠠᠵᠤ ᠨᠢᠲᠤᠯᠬᠤ᠂ ᠲᠦᠪᠯᠡᠷᠡᠭᠦᠯᠵᠦ ᠪᠠᠶᠢᠭᠠᠳ ᠬᠢᠵᠢᠭ ᠪᠠᠶᠢᠴᠠᠭᠠᠬᠤ ᠂ ᠨᠢᠭᠡᠳᠦᠯᠲᠡᠢ ᠪᠥᠭᠡᠮ ᠢᠶᠠᠷ | ᠬᠤᠳᠠᠯᠳᠤᠬᠤ᠂ ᠲᠠᠷᠠᠬᠠᠶ ᠡᠵᠡᠩᠨᠡᠬᠦ ᠪᠠᠶᠢᠷᠢᠰᠢᠯ ᠢ ᠠᠩᠬ᠎ᠠ ᠠᠯᠬᠤᠮ ᠪᠤᠢ ᠪᠣᠯᠭᠠᠵᠤ᠂ ᠤᠯᠠᠨ ᠲᠦᠮᠡᠨ ᠤ ᠬᠤᠭᠤᠯᠠᠨ | ᠰᠢᠷᠡᠭᠡᠨ ᠳᠠᠬᠢ ᠮᠢᠬᠠᠨ ᠢᠳᠡᠭᠡᠨ ᠤ ᠠᠮᠤᠷ ᠲᠥᠪᠰᠢᠨ ᠢ ᠪᠠᠲᠤᠯᠠᠬᠤ ᠳᠤ ᠢᠳᠡᠪᠬᠢ ᠦᠢᠯᠡᠳᠦᠯ ᠦᠵᠡᠭᠦᠯᠪᠡ᠃ | ᠪᠦᠬᠦ ᠣᠷᠣᠨ ᠤ 12 ᠠᠶᠢᠮᠠᠭ ᠬᠤᠳᠠ ᠶᠢᠨ 102 ᠰᠢᠶᠠᠨ ︵ᠲᠣᠭᠤᠷᠢᠭ︶ ᠲᠠᠷᠢᠶᠠᠯᠠᠩ ᠮᠠᠯ ᠠᠵᠤ ᠠᠬᠤᠶ ᠶᠢᠨ | ᠰᠢᠰᠲ᠋ᠧᠮ ᠳᠤ ᠮᠠᠯ ᠵᠢᠭᠦᠷᠲᠡᠨ ᠨᠢᠲᠤᠯᠬᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠤᠨ᠂ ᠡᠭᠦᠷᠭᠡ | ᠬᠠᠷᠢᠭᠤᠴᠠᠯᠭ᠎ᠠ ᠶᠢ ᠨᠢ ᠲᠣᠳᠣᠷᠬᠠᠶᠢᠯᠠᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ᠂ ᠬᠤᠰᠢᠭᠤ ᠰᠢᠶᠠᠨ | ᠭᠤᠷᠪᠠᠨ ᠱᠠᠲᠤᠨ ᠤ ᠵᠠᠰᠠᠭ ᠵᠠᠬᠢᠷᠭᠠᠨ ᠤ ᠬᠠᠮᠢᠶᠠᠷᠤᠯᠲᠠ᠂ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠪᠠ | ᠮᠡᠷᠭᠡᠵᠢᠯ ᠤᠨ ᠲᠠᠯ᠎ᠠ ᠪᠠᠷ ᠲᠤᠯᠭᠠᠭᠤᠷᠢᠯᠠᠬᠤ ᠬᠠᠮᠢᠶᠠᠷᠤᠯᠲᠠ ᠶᠢᠨ ᠲᠥᠯᠥᠪ ᠪᠠᠶᠢᠳᠠᠯ ᠢ ᠪᠣᠢ ᠪᠣᠯᠭᠠᠪᠠ᠃ | ᠠᠮᠵᠢᠯᠲᠠ ᠪᠦᠲᠦᠮᠵᠢ ᠣᠯᠣᠭᠰᠠᠨ ᠤ ᠬᠠᠮᠲᠤ ᠪᠠᠰᠠ ᠡᠳᠦᠶ ᠲᠡᠳᠦᠶ ᠠᠰᠠᠭᠤᠳᠠᠯ ᠣᠷᠣᠰᠢᠵᠤ ᠪᠠᠶᠢᠨ᠎ᠠ᠄ | ᠬᠡᠰᠡᠭ ᠪᠦᠯᠦᠭ ᠬᠠᠭᠤᠴᠢᠨ ᠠᠵᠤ ᠠᠬᠤᠶᠢᠯᠠᠯ ᠤᠨ ᠭᠠᠵᠠᠷ ᠲᠠᠯᠠᠪᠤᠷ ᠤᠨ ᠰᠤᠩᠭᠤᠯᠲᠠ ᠨᠢ ᠵᠦᠢ ᠵᠤᠬᠢᠰ ᠦᠬᠡᠢ᠂ | ᠠᠯᠠᠵᠤ ᠨᠢᠲᠤᠯᠬᠤ ᠦᠢᠯᠡᠳᠪᠦᠷᠢᠯᠡᠯ ᠤᠨ ᠤᠷ᠎ᠠ ᠮᠡᠷᠭᠡᠵᠢᠯ ᠲᠥᠬᠦᠭᠡᠷᠦᠮᠵᠢ ᠨᠢ ᠬᠤᠴᠣᠷᠤᠩᠭᠤᠶ ᠪᠠᠶᠢᠵᠤ᠂ ᠤᠯᠤᠰ᠂ | ᠥᠪᠡᠷᠲᠡᠭᠡᠨ ᠵᠠᠰᠠᠬᠤ ᠣᠷᠣᠨ ᠤ ᠮᠠᠯ ᠵᠢᠭᠦᠷᠲᠡᠨ ᠨᠢᠲᠤᠯᠬᠤ ᠲᠣᠭᠲᠠᠭᠠᠭᠰᠠᠨ ᠴᠢᠭ᠋ ᠤᠨ ᠠᠵᠤ ᠠᠬᠤᠶᠢᠯᠠᠯ | ᠪᠠᠶᠢᠭᠤᠯᠬᠤ ᠪᠠᠷᠢᠮᠵᠢᠶ᠎ᠠ ᠳᠤ ᠬᠦᠷᠦᠭᠡᠳᠦᠢ ᠪᠠᠶᠢᠨ᠎ᠠ︔ ᠳᠣᠣᠷ᠎ᠠ ᠲᠥᠪᠰᠢᠨᠲᠦ ᠳᠠᠪᠬᠤᠷᠳᠠᠭᠤᠯᠤᠨ ᠪᠦᠳᠦᠭᠡᠨ | ᠪᠠᠶᠢᠭᠤᠯᠬᠤ ᠪᠠᠶᠢᠳᠠᠯ ᠬᠦᠨᠳᠦ ᠨᠣᠴᠢᠲᠠᠶ ᠪᠠᠶᠢᠵᠤ᠂ ︽ᠪᠠᠭ᠎ᠠ᠂ ᠰᠤᠯᠠ ᠵᠠᠳᠠᠭᠠᠶ᠂ ᠡᠮᠬᠢ ᠵᠠᠮᠪᠠᠷᠠᠭ᠎ᠠ ᠦᠭᠡᠢ︾ | ᠦᠵᠡᠭᠳᠡᠯ ᠥᠷᠭᠡᠨ ᠳᠡᠯᠭᠡᠷᠡᠩᠭᠦᠶ ᠣᠷᠣᠰᠢᠵᠤ᠂ ᠠᠵᠢᠯ ᠲᠦᠷᠦᠯ ᠤᠨ ᠦᠢᠯᠡᠳᠪᠦᠷᠢᠯᠡᠬᠦ ᠴᠢᠳᠠᠪᠤᠷᠢ ᠬᠦᠨᠳᠦ | ᠨᠣᠴᠢᠲᠠᠶ ᠦᠯᠡᠭᠦᠳᠡᠵᠦ ᠪᠠᠶᠢᠨ᠎ᠠ︔ ᠮᠠᠯ ᠵᠢᠭᠦᠷᠲᠡᠨ ᠨᠢᠲᠤᠯᠬᠤ ᠠᠵᠤ ᠠᠬᠤᠶᠢᠯᠠᠯ ᠤᠨ ᠬᠡᠪᠴᠢᠶᠡᠵᠢᠯ ᠤᠨ ᠬᠡᠮᠵᠢᠶ᠎ᠡ | ᠳᠣᠣᠷ᠎ᠠ᠂ ᠬᠠᠭᠠᠰ ᠮᠠᠰᠢᠨᠴᠢᠯᠠᠭᠰᠠᠨ ᠪᠤᠶᠤ ᠭᠠᠷ ᠦᠢᠯᠡᠳᠪᠦᠷᠢᠯᠡᠯ ᠤᠨ ᠮᠠᠶ᠋ᠢᠭ ᠤᠨ ᠵᠢᠵᠢᠭ ᠬᠡᠯᠪᠡᠷᠢ ᠶᠢᠨ ᠨᠢᠲᠤᠯᠬᠤ | ᠲᠠᠯᠠᠪᠤᠷ ᠴᠢᠭ᠋ ᠶᠡᠭᠡ ᠬᠡᠮᠵᠢᠶ᠎ᠡ ᠪᠠᠷ ᠣᠷᠣᠰᠢᠵᠤ ᠪᠠᠶᠢᠬᠤ ᠪᠠ ᠣᠷᠣᠯᠠᠨ ᠠᠯᠠᠵᠤ ᠨᠢᠲᠤᠯᠬᠤ ᠦᠵᠡᠭᠳᠡᠯ ᠨᠡᠶᠢᠳᠡᠮ | ᠣᠷᠣᠰᠢᠵᠤ᠂ ᠪᠦᠲᠦᠬᠡᠭᠳᠡᠬᠦᠨ ᠤ ᠶᠠᠰᠤ ᠴᠢᠨᠠᠷ ᠤᠨ ᠠᠮᠤᠷ ᠲᠥᠪᠰᠢᠨ ᠢ ᠪᠠᠲᠤᠯᠠᠬᠤ ᠬᠢᠷᠢ ᠲᠥᠪᠰᠢᠨ ᠳᠣᠣᠷ᠎ᠠ | ᠪᠠᠶᠢᠬᠤ ᠵᠡᠷᠭᠡ ᠪᠣᠯᠣᠨ᠎ᠠ᠃ ᠡᠳᠡᠭᠡᠷ ᠠᠰᠠᠭᠤᠳᠠᠯ ᠳᠤ ᠴᠢᠭᠯᠡᠭᠦᠯᠦᠨ᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ︿13 · 5﹀ ᠶᠢᠨ ᠬᠤᠭᠤᠴᠠᠭᠠᠨ ᠤ ᠮᠠᠯ ᠵᠢᠭᠦᠷᠲᠡᠨ ᠨᠢᠲᠤᠯᠬᠤ ᠠᠵᠢᠯ ᠲᠦᠷᠦᠯ ᠤᠨ | ᠬᠥᠭᠵᠢᠯᠲᠡ ᠶᠢᠨ ᠲᠥᠯᠥᠪᠵᠢᠭᠦᠯᠭᠡ ︵2016 — 2020 ᠣᠨ︶︾ ᠳᠤ ᠲᠣᠳᠣᠷᠬᠠᠶ ᠲᠣᠭᠲᠠᠭᠠᠭᠰᠠᠨ ᠨᠢ᠄ | 2020 ᠣᠨ ᠪᠣᠯᠬᠤ ᠳᠤ᠂ ᠪᠦᠬᠦ ᠣᠷᠣᠨ ᠤ ᠬᠤᠪᠢ ᠶᠢᠨ ᠡᠵᠡᠩᠨᠡᠭᠰᠡᠨ᠂ ᠨᠡᠷᠡᠳᠦ ᠲᠡᠮᠳᠡᠭᠴᠢᠯᠡᠭᠰᠡᠨ᠂ ᠨᠠᠷᠢᠯᠢᠭ | ᠡᠳ᠋ᠰᠢᠭᠦᠯᠬᠦ ᠠᠯᠠᠵᠤ ᠨᠢᠲᠤᠯᠬᠤ ᠠᠵᠤ ᠠᠬᠤᠶᠢᠯᠠᠯ ᠤᠨ ᠡᠵᠡᠯᠡᠬᠦ ᠬᠤᠪᠢ ᠶᠢᠨ ᠵᠢᠩ ᠢ 50% ᠠᠴᠠ ᠳᠡᠭᠡᠭᠰᠢ ᠳᠤ | ᠬᠦᠷᠦᠭᠦᠯᠵᠦ᠂ ᠮᠠᠯ ᠵᠢᠭᠦᠷᠲᠡᠨ ᠨᠢᠲᠤᠯᠬᠤ ᠠᠵᠤ ᠠᠬᠤᠶᠢᠯᠠᠯ ᠤᠨ ᠣᠷᠣᠯᠠᠨ ᠠᠯᠠᠬᠤ ᠨᠣᠷᠮ᠎ᠠ ᠶᠢ 20% ᠠᠴᠠ | ᠳᠡᠭᠡᠭᠰᠢ ᠪᠠᠭᠤᠷᠠᠭᠤᠯᠤᠨ᠂ ᠮᠠᠯ ᠵᠢᠭᠦᠷᠲᠡᠨ ᠨᠢᠲᠤᠯᠬᠤ ᠲᠠᠯᠠᠪᠤᠷ ᠴᠢᠭ᠋ ᠤᠨ ︽ᠪᠠᠭ᠎ᠠ᠂ ᠰᠤᠯᠠ ᠵᠠᠳᠠᠭᠠᠶ᠂ ᠡᠮᠬᠢ | ᠵᠠᠮᠪᠠᠷᠠᠭ᠎ᠠ ᠦᠭᠡᠢ︾ ᠪᠠᠶᠢᠳᠠᠯ ᠢ ᠦᠨᠳᠦᠰᠦᠨ ᠳᠤᠨᠢ ᠰᠠᠶᠢᠵᠢᠷᠠᠭᠤᠯᠵᠤ᠂ ᠮᠢᠬᠠᠨ ᠤ ᠪᠦᠲᠦᠭᠡᠭᠳᠡᠬᠦᠨ ᠤ ᠶᠠᠰᠤ | ᠴᠢᠨᠠᠷ ᠤᠨ ᠠᠮᠤᠷ ᠲᠥᠪᠰᠢᠨ ᠤ ᠰᠣᠭᠤᠴᠢᠨ ᠪᠠᠶᠢᠴᠠᠭᠠᠵᠤ ᠬᠢᠷᠢ ᠲᠡᠩᠴᠡᠬᠦ ᠨᠤᠷᠮ᠎ᠠ ᠶᠢ 97% ᠠᠴᠠ ᠳᠡᠭᠡᠭᠰᠢ ᠳᠤ | ᠬᠦᠷᠦᠭᠦᠯᠵᠦ᠂ ᠮᠠᠯ ᠵᠢᠭᠦᠷᠲᠡᠨ ᠨᠢᠲᠤᠯᠬᠤ ᠶᠠᠪᠤᠴᠠ ᠳᠤ ᠡᠪᠡᠳᠴᠢᠨ ᠬᠡᠮ ᠲᠠᠢ ᠮᠠᠯ ᠵᠢᠭᠦᠷᠲᠡᠨ ᠢ ᠬᠦᠨᠦᠭᠡᠯ | ᠥᠬᠡᠶᠢᠳᠡᠭᠦᠯᠦᠨ ᠰᠢᠶᠳᠪᠦᠷᠢᠯᠡᠬᠦ ᠨᠤᠷᠮ᠎ᠠ ᠶᠢ 100% ᠳᠤ ᠬᠦᠷᠦᠭᠦᠯᠬᠦ ᠬᠡᠷᠡᠭᠲᠡᠢ︔ ᠨᠢᠲᠤᠯᠭᠠᠨ ᠤ ᠠᠵᠢᠯ | ᠲᠦᠷᠤᠯ ᠤᠨ ᠬᠢᠨ ᠳᠡᠰ ᠲᠦᠷᠦᠯ ᠬᠤᠪᠢᠶᠠᠨ ᠬᠠᠮᠢᠶᠠᠷᠬᠤ ᠶᠢ ᠦᠨᠳᠦᠰᠦᠨ ᠳᠡᠭᠡᠨ ᠪᠡᠶᠡᠯᠡᠭᠦᠯᠵᠦ᠂ ᠤᠯᠤᠰ᠂ | ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠤ ᠳᠥᠷᠪᠡᠨ ᠱᠠᠲᠤᠨ ᠤ ᠮᠠᠯ ᠵᠢᠭᠦᠷᠲᠡᠨ | ᠨᠢᠲᠤᠯᠬᠤ ᠠᠵᠢᠯ ᠲᠦᠷᠦᠯ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠠᠪᠴᠠᠩ ᠪᠣᠯᠣᠨ ᠬᠡᠪᠴᠢᠶᠡᠵᠢᠯ ᠠᠴᠠ | ᠳᠡᠭᠡᠭᠰᠢᠬᠢ ᠮᠠᠯ ᠵᠢᠭᠦᠷᠲᠡᠨ ᠨᠢᠲᠤᠯᠬᠤ ᠠᠵᠤ ᠠᠬᠤᠶᠢᠯᠠᠯ ᠤᠨ ᠬᠠᠷᠠᠭᠠᠨ ᠳᠠᠪᠲᠠᠮᠵᠢᠲᠤ ᠴᠠᠭ ᠲᠤᠬᠠᠢ ᠲᠤᠨᠢ ᠬᠢᠨᠠᠨ | ᠡᠵᠡᠮᠳᠡᠬᠦ ᠰᠢᠰᠲ᠋ᠧᠮ ᠢ ᠪᠠᠶᠢᠭᠤᠯᠬᠤ ᠬᠡᠷᠡᠭᠲᠡᠢ᠃ ᠮᠠᠯ ᠵᠢᠭᠦᠷᠲᠡᠨ ᠨᠢᠲᠤᠯᠬᠤ ᠲᠣᠭᠲᠠᠭᠠᠭᠰᠠᠨ ᠴᠢᠭ᠋ ᠤᠨ ᠠᠵᠤ | ᠠᠬᠤᠶᠢᠯᠠᠯ ᠤᠨ ᠠᠵᠢᠯᠲᠠᠳ ᠲᠤ ᠴᠥᠮ ᠲᠤᠰᠬᠠᠶ ᠮᠡᠷᠭᠡᠵᠢᠯ ᠤᠨ ᠪᠣᠯᠪᠠᠰᠤᠷᠠᠭᠤᠯᠤᠯ ᠬᠦᠷᠲᠡᠭᠡᠵᠦ᠂ ᠮᠢᠬᠠᠨ ᠤ ᠶᠠᠰᠤ | ᠴᠢᠨᠠᠷ ᠢ ᠰᠢᠯᠭᠠᠨ ᠪᠠᠶᠢᠴᠠᠭᠠᠬᠤ ᠠᠵᠢᠯᠲᠠᠳ ᠤᠨ ᠲᠤᠰᠬᠠᠶ ᠮᠡᠷᠭᠡᠵᠢᠯ ᠤᠨ ᠬᠢᠷᠢ ᠲᠥᠪᠰᠢᠨ ᠨᠢ ᠠᠵᠢᠯ | ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠳᠡᠶᠢᠯᠦᠭᠰᠡᠨ ᠪᠠᠶᠢᠬᠤ ᠬᠡᠷᠡᠭᠲᠡᠢ︔ ᠮᠠᠯ ᠵᠢᠭᠦᠷᠲᠡᠨ | ᠨᠢᠲᠤᠯᠬᠤ ᠲᠣᠭᠲᠠᠭᠠᠭᠰᠠᠨ ᠴᠢᠭ᠋ ᠤᠨ ᠳᠦᠷᠢᠮ ᠢ ᠪᠦᠬᠦ ᠲᠠᠯ᠎ᠠ ᠪᠠᠷ ᠠᠬᠢᠭᠤᠯᠵᠤ᠂ ᠡᠯ᠎ᠡ ᠱᠠᠲᠤᠨ ᠤ ᠵᠠᠰᠠᠭ ᠤᠨ | ᠣᠷᠳᠣᠨ ᠤ ᠰᠠᠯᠠᠭ᠎ᠠ ᠮᠦᠴᠢᠷ ᠤᠳ ᠳᠠᠯᠳᠠᠭᠤᠷ ᠪᠠ ᠳᠤᠷ᠎ᠠ ᠪᠠᠷ ᠢᠶᠠᠨ ᠮᠠᠯ ᠵᠢᠭᠦᠷᠲᠡᠨ ᠨᠢᠲᠤᠯᠬᠤ ᠳᠤ ᠴᠣᠬᠢᠯᠲᠠ | ᠥᠭᠬᠦ ᠡᠷᠴᠢᠮ ᠢᠶᠠᠨ ᠲᠠᠰᠤᠷᠠᠯᠲᠠ ᠦᠭᠡᠶ ᠴᠢᠩᠭᠠᠳᠬᠠᠵᠤ᠂ ᠳᠠᠯᠳᠠᠭᠤᠷ ᠪᠠ ᠳᠤᠷ᠎ᠠ ᠪᠠᠷ ᠢᠶᠠᠨ ᠨᠢᠲᠤᠯᠬᠤ᠂ ᠬᠠᠤᠯᠢ | ᠪᠤᠰᠤ ᠴᠠᠭᠠᠵᠠᠲᠠᠶ ᠡᠮ ᠤᠨ ᠵᠦᠢᠯ ᠪᠤᠶᠤ ᠨᠡᠮᠡᠯᠲᠡ ᠡᠳ᠋ ᠢ ᠬᠡᠷᠡᠭᠯᠡᠬᠦ ᠵᠡᠷᠭᠡ ᠬᠠᠤᠯᠢ ᠠᠴᠠ ᠵᠥᠷᠢᠴᠡᠭᠰᠡᠨ ᠥᠢᠯᠡ | ᠠᠵᠢᠯᠯᠠᠭ᠎ᠠ ᠶᠢ ᠦᠨᠳᠦᠰᠦᠨ ᠳᠤᠨᠢ ᠦᠭᠡᠶᠢᠰᠬᠡᠵᠦ᠂ ᠶᠠᠰᠤ ᠴᠢᠨᠠᠷ ᠨᠢ ᠠᠮᠤᠷ ᠲᠥᠪᠰᠢᠨ ᠪᠠᠶᠢᠬᠤ ᠪᠠ ᠲᠥᠪ | ᠭᠤᠣᠯᠴᠢ ᠡᠮᠬᠢ ᠵᠢᠷᠤᠮ ᠲᠠᠢ ᠪᠠᠷ ᠥᠷᠢᠰᠥᠯᠳᠦᠬᠦ ᠣᠷᠴᠢᠨ ᠨᠥᠬᠦᠴᠡᠯ ᠢ ᠪᠤᠢ ᠪᠣᠯᠭᠠᠬᠤ ᠬᠡᠷᠡᠭᠲᠡᠢ ᠭᠡᠵᠡᠢ᠃ | |