ᠥᠪᠥᠷ ᠵᠠᠰᠠᠭ ᠠᠯᠪᠠᠨ ᠲᠠᠷᠬᠠᠭᠠᠭᠰᠠᠨ ﹇2016﹈ 105 ᠳ᠋ᠤᠭᠠᠷ ᠲᠤᠭᠠᠳᠤ | 8 ᠳ᠋ᠤᠭᠠᠷ ᠰᠠᠷ᠎ᠠ ᠶᠢᠨ 29 ᠤ ᠡᠳᠥᠷ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ | ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠡ ᠳᠤ᠄ | ︽ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠢ ᠴᠢᠩᠭᠠᠳᠬᠠᠬᠤ ᠲᠤᠬᠠᠢ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠰᠠᠨᠠᠯ︾ ︵ᠲᠥᠷᠥ ᠲᠠᠷᠬᠠᠭᠠᠭᠰᠠᠨ ﹇2012﹈ 30 ᠳ᠋ᠤᠭᠠᠷ ᠲᠣᠭᠠᠲᠤ︶ ᠪᠠ ︽ᠵᠠᠮ | ᠬᠠᠷᠢᠯᠴᠠᠭᠠᠨ ᠤ ᠠᠮᠤᠷ ᠲᠦᠪᠰᠢᠨ ᠤ ᠠᠵᠢᠯ ᠢ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠵᠠᠰᠠᠭ ᠲᠠᠷᠬᠠᠭᠠᠭᠰᠠᠨ ﹇2013﹈ 47 | ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠥᠨᠳᠦᠰᠦᠯᠡᠨ᠂ ᠮᠠᠯᠵᠢᠬᠤ ᠲᠠᠷᠢᠶᠠᠯᠠᠬᠤ ᠣᠷᠣᠨ ᠤ ᠵᠠᠮ | ᠬᠠᠷᠢᠯᠴᠠᠭᠠᠨ ᠤ ᠠᠮᠤᠷ ᠲᠦᠪᠰᠢᠨ ᠢ ᠰᠢᠨᠵᠢᠯᠡᠬᠦ ᠤᠬᠠᠭᠠᠨᠴᠢ ᠪᠠᠷ ᠵᠠᠰᠠᠬᠤ᠂ ᠶᠡᠷᠦᠩᠬᠡᠶᠢᠯᠡᠨ ᠵᠠᠰᠠᠬᠤ᠂ | ᠰᠢᠰᠲ᠋ᠧᠮᠴᠢᠯᠡᠨ ᠵᠠᠰᠠᠬᠤ ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠡ᠊ᠨᠳᠡᠯ ᠢ | ᠤᠯᠠᠮ ᠨᠢᠭᠡ ᠠᠯᠬᠤᠮ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠵᠤ᠂ ᠪᠦᠬᠦ ᠣᠷᠣᠨ ᠤ ᠵᠠᠮ ᠬᠠᠷᠢᠯᠴᠠᠭᠠᠨ ᠤ ᠠᠮᠤᠷ | ᠲᠦᠪᠰᠢᠨ ᠤ ᠪᠠᠶᠢᠳᠠᠯ ᠢ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠭᠤᠯᠬᠤ ᠶᠢ ᠠᠬᠢᠭᠤᠯᠬᠤ ᠶᠢᠨ ᠲᠤᠰᠠᠳᠠ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠬᠡ ᠮᠠᠯᠵᠢᠬᠤ | ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠢ ᠴᠢᠩᠭᠠᠳᠬᠠᠬᠤ ᠪᠠᠷ ᠳᠣᠣᠷᠠᠬᠢ ᠮᠡᠲᠦ | ᠰᠠᠨᠠᠯ ᠢ ᠳᠤᠷᠠᠳᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢᠨᠵᠢᠯᠡᠬᠦ ᠤᠬᠠᠭᠠᠨᠴᠢ ᠬᠦᠭᠵᠢᠯᠲᠡ ᠶᠢᠨ ᠦᠵᠡᠯᠲᠡ ᠪᠠᠷ ᠶᠡᠷᠦᠩᠬᠡᠶᠢᠯᠡᠨ ᠵᠠᠬᠢᠷᠴᠤ᠂ ︽ᠬᠥᠮᠥᠨ ᠢᠶᠠᠷ | ᠦᠨᠳᠦᠰᠦ ᠪᠣᠯᠭᠠᠵᠤ᠂ ᠠᠮᠤᠷ ᠲᠦᠪᠰᠢᠨ ᠢᠶᠠᠷ ᠬᠦᠭᠵᠢᠭᠦᠯᠬᠦ︾ ᠣᠨᠣᠯᠵᠢᠬᠤᠨ ᠢ ᠪᠠᠷᠢᠮᠲᠠᠯᠠᠵᠤ᠂ ︽ᠨᠠᠮ ᠤᠨ | ᠬᠤᠷᠢᠶ᠎ᠠ ᠤᠳᠤᠷᠢᠳᠴᠤ᠂ ᠵᠠᠰᠠᠭ ᠤᠨ ᠣᠷᠳᠣᠨ ᠢᠶᠠᠷ ᠭᠤᠣᠯ ᠤᠳᠤᠷᠢᠳᠤᠮᠵᠢ ᠪᠣᠯᠭᠠᠬᠤ᠂ ᠰᠠᠯᠠᠭ᠎ᠠ ᠮᠦᠴᠢᠷ ᠤᠳ | ᠭᠤᠣᠯᠴᠢᠯᠠᠨ ᠬᠠᠮᠢᠶᠠᠷᠴᠤ᠂ ᠦᠨᠳᠦᠰᠦᠨ ᠱᠠᠲᠤ ᠭᠤᠣᠯ ᠠᠳᠬᠤᠬᠤ᠂ ᠣᠯᠠᠨ ᠲᠦᠮᠡᠨ ᠣᠷᠣᠯᠴᠠᠵᠤ᠂ | ᠨᠡᠶᠢᠭᠡᠮ ᠢᠶᠠᠷ ᠢᠶᠠᠨ ᠬᠠᠮᠳᠤᠷᠠᠨ ᠬᠦᠳᠡᠯᠦᠯᠴᠡᠬᠦ︾ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ | ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ︽ᠬᠤᠶᠠᠷ ᠲᠣᠭᠲᠠᠴᠠ︾᠂ ︽ | ᠳᠦᠷᠪᠡᠨ ᠬᠦᠴᠦᠨ︾ ᠪᠠ ︽ᠲᠦᠷᠪᠡᠨ ᠶᠡᠭᠡ ᠲᠤᠯᠭᠠᠭᠤᠷᠢ︾ ᠶᠢᠨ ᠬᠠᠮᠢᠶᠠᠷᠤᠯᠲᠠ ᠶᠢᠨ ᠵᠠᠭᠪᠤᠷ ︵︽ᠬᠤᠶᠠᠷ | ᠲᠣᠭᠲᠠᠴᠠ︾᠄ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ | ᠲᠣᠭᠲᠠᠴᠠ ᠪᠠ ᠠᠵᠢᠯ ᠤᠨ ᠲᠣᠭᠲᠠᠴᠠ︔ ︽ᠲᠦᠷᠪᠡᠨ ᠬᠦᠴᠦᠨ︾᠄ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ | ᠵᠠᠮ ᠤᠨ ᠵᠠᠮ ᠬᠠᠷᠢᠯᠴᠠᠭᠠᠨ ᠤ ᠴᠠᠭᠳᠠᠭ᠎ᠠ ᠶᠢᠨ ᠳᠤᠮᠳᠠ ᠠᠩᠭᠢ᠂ ᠮᠠᠯᠵᠢᠬᠤ ᠲᠠᠷᠢᠶᠠᠯᠠᠬᠤ ᠣᠷᠣᠨ ᠤ ᠰᠤᠮᠤ ᠰᠢᠶᠠᠩ | ᠪᠠᠯᠭᠠᠰᠤ ᠳᠤ ᠲᠣᠮᠢᠯᠠᠭᠰᠠᠨ ᠰᠠᠯᠪᠤᠷᠢ᠂ ᠲᠠᠷᠢᠶᠠᠯᠠᠩ ᠤᠨ ᠮᠠᠰᠢᠨ ᠤ ᠠᠶᠤᠯ ᠦᠭᠡᠢ ᠶᠢᠨ ᠬᠢᠨᠠᠯᠲᠠ | ᠬᠠᠮᠢᠶᠠᠷᠤᠯᠲᠠ ᠶᠢᠨ ᠪᠠᠶᠢᠭᠤᠯᠤᠮᠵᠢ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ | ᠬᠠᠮᠢᠶᠠᠷᠤᠯᠲᠠ ᠶᠢᠨ ᠦᠷᠲᠡᠭᠡ ᠪᠠ ᠢᠳᠬᠠᠨ ᠰᠤᠷᠭᠠᠬᠤ ᠦᠷᠲᠡᠭᠡ︔ ︽ᠲᠥᠷᠪᠡᠨ ᠶᠡᠭᠡ ᠲᠤᠯᠭᠠᠭᠤᠷᠢ︾᠄ | ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠰᠢᠰᠲ᠋ᠧᠮ᠂ | ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠰᠡᠷᠭᠡᠶᠢᠯᠡᠨ ᠬᠢᠵᠠᠭᠠᠷᠯᠠᠬᠤ ᠰᠢᠰᠲ᠋ᠧᠮᠵᠢ ᠶᠢᠨ ᠪᠦᠲᠤᠭᠡᠨ | ᠪᠠᠶᠢᠭᠤᠯᠤᠯᠲᠠ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠮᠤᠷ ᠲᠦᠪᠰᠢᠨ ᠪᠣᠯᠣᠨ ᠠᠮᠢ ᠨᠠᠰᠤᠨ ᠤ | ᠬᠠᠮᠠᠭᠠᠯᠠᠯᠳᠠ ᠶᠢᠨ ᠢᠨᠵᠧᠨᠧᠷᠢᠩ ᠤᠨ ᠪᠠᠶᠢᠭᠤᠯᠤᠯᠲᠠ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ | ᠠᠮᠤᠷ ᠲᠦᠪᠰᠢᠨ ᠪᠠ ᠲᠠᠷᠢᠶᠠᠯᠠᠩ ᠤᠨ ᠮᠠᠰᠢᠨ ᠤ ᠦᠢᠯᠡᠳᠪᠦᠷᠢᠯᠡᠯ ᠤᠨ ᠠᠶᠤᠯ ᠦᠭᠡᠢ ᠶᠢᠨ ᠤᠬᠠᠭᠤᠯᠤᠨ | ᠬᠦᠮᠦᠵᠢᠭᠦᠯᠬᠦ ᠢᠨᠵᠧᠨᠧᠷᠢᠩ︶ ᠢ ᠪᠠᠶᠢᠭᠤᠯᠵᠤ᠂ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠪᠠᠷ ᠳᠠᠮᠵᠢᠵᠤ᠂ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠦᠨᠡᠨᠬᠦ ᠳᠡᠭᠡᠭᠰᠢᠯᠡᠭᠦᠯᠦᠨ᠂ ᠮᠠᠨ ᠤ | ᠣᠷᠣᠨ ᠤ ᠠᠵᠤ ᠠᠬᠤᠢ ᠨᠡᠶᠢᠭᠡᠮ ᠤᠨ ᠬᠦᠭᠵᠢᠯᠲᠡ ᠳᠤ ᠦᠢᠯᠡᠴᠢᠯᠡᠬᠦ᠂ ᠨᠡᠶᠢᠭᠡᠮ ᠤᠨ ᠡᠶ᠎ᠡ ᠵᠣᠬᠢᠴᠠᠯ ᠲᠠᠢ | ᠲᠣᠭᠲᠠᠭᠤᠨ ᠪᠠᠶᠢᠬᠤ ᠶᠢ ᠬᠠᠮᠠᠭᠠᠯᠠᠬᠤ᠂ ᠠᠷᠠᠳ ᠣᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠠ | ᠠᠮᠤᠷ ᠲᠦᠪᠰᠢᠨ ᠢᠶᠠᠷ ᠭᠠᠳᠠᠭᠰᠢ ᠶᠠᠪᠤᠵᠤ ᠰᠠᠭᠤᠬᠤ ᠶᠢ ᠪᠠᠳᠤᠯᠠᠬᠤ ᠳᠤ ᠵᠠᠮ ᠬᠠᠷᠢᠯᠴᠠᠭᠠᠨ ᠤ ᠰᠠᠶᠢᠨ ᠰᠠᠶᠢᠬᠠᠨ | ᠣᠷᠴᠢᠨ ᠲᠣᠭᠤᠷᠢᠨ ᠢ ᠪᠣᠢ ᠪᠣᠯᠭᠠᠬᠤ ᠬᠡᠷᠡᠭᠲᠡᠢ᠃ | ᠬᠤᠶᠠᠷ᠂ ᠠᠵᠢᠯ ᠤᠨ ᠬᠠᠷᠠᠯᠲᠠ | ︵ᠨᠢᠭᠡ︶ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠰᠠᠭᠤᠷᠢ | ᠠᠵᠢᠯ ᠢᠶᠠᠨ ᠴᠢᠩᠭᠠᠳᠬᠠᠨ᠎ᠠ᠃ | 2020 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠬᠤᠰᠢᠭᠤ ᠰᠢᠶᠠᠨ ︵ᠬᠤᠲᠠ᠂ ᠲᠣᠭᠤᠷᠢᠭ︶᠂ | ᠰᠤᠮᠤ ᠰᠢᠶᠠᠩ ᠪᠠᠯᠭᠠᠰᠤ ᠶᠢᠨ ᠵᠠᠰᠠᠮᠠᠯ ᠵᠠᠮ ᠤᠨ ᠳᠠᠯᠳᠠ ᠭᠡᠮ ᠤᠳ ᠢ ᠵᠠᠰᠠᠬᠤ ᠠᠵᠢᠯ ᠢᠶᠠᠨ ᠦᠨᠳᠦᠰᠦᠨ ᠳᠡᠭᠡᠨ | ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ | ᠰᠠᠭᠤᠷᠢ ᠪᠡᠯᠡᠳᠭᠡᠮᠵᠢ ᠶᠢ ᠢᠯᠡᠳᠲᠡ ᠰᠠᠶᠢᠵᠢᠷᠠᠭᠤᠯᠤᠨ᠎ᠠ᠃ | ︵ᠬᠤᠶᠠᠷ︶ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ | ᠬᠠᠮᠢᠶᠠᠷᠤᠯᠲᠠ ᠶᠢᠨ ᠳᠥᠷᠢᠮ ᠢ ᠪᠦᠷᠢᠨᠰᠢᠭᠦᠯᠦᠨ᠎ᠡ᠃ | ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠬᠠᠤᠯᠢ ᠬᠡᠷᠡᠭᠵᠢᠭᠦᠯᠦᠯᠲᠡ ᠶᠢ ᠬᠠᠮᠢᠶᠠᠷᠤᠨ ᠡᠵᠡᠮᠳᠡᠬᠦ᠂ | ᠳᠠᠯᠳᠠ ᠭᠡᠮ ᠢ ᠪᠠᠶᠢᠴᠠᠭᠠᠨ ᠴᠡᠭᠴᠡᠯᠡᠨ ᠵᠠᠰᠠᠬᠤ᠂ ᠲᠡᠷᠭᠡ ᠬᠦᠰᠭᠡ ᠵᠢᠴᠢ ᠵᠢᠯᠣᠭᠤᠴᠢ ᠶᠢᠨ ᠬᠠᠮᠢᠶᠠᠷᠤᠯᠲᠠ ᠶᠢᠨ | ᠳᠥᠷᠢᠮ ᠢ ᠪᠦᠷᠢᠨᠰᠢᠭᠦᠯᠵᠦ ᠬᠠᠮᠢᠶᠠᠷᠤᠨ ᠵᠢᠷᠤᠮᠵᠢᠭᠤᠯᠤᠨ᠎ᠠ᠃ ᠰᠤᠮᠤ ᠰᠢᠶᠠᠩ ᠪᠠᠯᠭᠠᠰᠤ ᠳᠤ ᠵᠠᠮ ᠬᠠᠷᠢᠯᠴᠠᠭᠠᠨ ᠤ | ᠠᠮᠤᠷ ᠲᠦᠪᠰᠢᠨ ᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠵᠠᠮ ᠬᠠᠷᠢᠯᠴᠠᠭᠠᠨ ᠤ ᠠᠮᠤᠷ | ᠲᠦᠪᠰᠢᠨ ᠤ ᠬᠠᠮᠢᠶᠠᠷᠤᠯᠲᠠ ᠶᠢᠨ ᠦᠷᠲᠡᠭᠡ ᠪᠠ ᠲᠤᠰᠬᠠᠢ ᠲᠤᠰᠢᠶᠠᠯ ᠲᠠᠢ ᠵᠠᠮ ᠬᠠᠷᠢᠯᠴᠠᠭᠠᠨ ᠤ ᠠᠮᠤᠷ ᠲᠦᠪᠰᠢᠨ ᠤ | ᠬᠠᠮᠢᠶᠠᠷᠤᠭᠴᠢ ᠭᠠᠷᠭᠠᠵᠤ᠂ ᠭᠠᠴᠠᠭ᠎ᠠ ᠲᠤᠰᠬᠤᠨ ᠳᠤ ᠵᠠᠮ ᠬᠠᠷᠢᠯᠴᠠᠭᠠᠨ ᠤ ᠠᠮᠤᠷ ᠲᠦᠪᠰᠢᠨ ᠤ ᠢᠳᠬᠠᠨ | ᠰᠤᠷᠭᠠᠬᠤ ᠦᠷᠲᠡᠭᠡ ᠪᠠ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠪᠰᠤᠷᠤᠨ ᠬᠠᠮᠢᠶᠠᠷᠤᠭᠴᠢ ︵ᠳᠣᠷᠣᠭᠰᠢ ︽ | ᠬᠤᠶᠠᠷ ᠦᠷᠲᠡᠭᠡ᠂ ᠬᠤᠶᠠᠷ ᠬᠠᠮᠢᠶᠠᠷᠤᠭᠴᠢ︾ ᠭᠡᠵᠦ ᠲᠣᠪᠴᠢᠯᠠᠨ᠎ᠠ︶ ᠪᠠᠶᠢᠭᠤᠯᠤᠨ᠎ᠠ᠃ ᠰᠤᠮᠤ ᠰᠢᠶᠠᠩ | ᠪᠠᠯᠭᠠᠰᠤ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠦᠷᠲᠡᠭᠡ ᠪᠠᠶᠢᠷᠢᠯᠠᠭᠤᠯᠤᠨ | ᠲᠣᠬᠢᠷᠠᠭᠤᠯᠬᠤ ᠨᠣᠷᠮ᠎ᠠ ᠶᠢ 2016 ᠣᠨ ᠤ ᠵᠢᠯ ᠤᠨ ᠰᠡᠭᠦᠯᠴᠢ ᠪᠣᠯᠲᠠᠯ᠎ᠠ 100% ᠳᠤ ᠬᠦᠷᠦᠭᠦᠯᠤᠨᠠ︔ | ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠢᠳᠬᠠᠨ ᠰᠤᠷᠭᠠᠬᠤ ᠦᠷᠲᠡᠭᠡ ᠶᠢᠨ ᠪᠠᠶᠢᠷᠢᠯᠠᠭᠤᠯᠤᠨ | ᠲᠣᠬᠢᠷᠠᠭᠤᠯᠬᠤ ᠨᠣᠷᠮ᠎ᠠ ᠶᠢ 2016 ᠣᠨ ᠤ ᠵᠢᠯ ᠤᠨ ᠰᠡᠭᠦᠯᠴᠢ ᠪᠣᠯᠲᠠᠯ᠎ᠠ 60% ᠳᠤ ᠬᠦᠷᠦᠭᠦᠯᠵᠦ᠂ 2020 | ᠣᠨ ᠪᠣᠯᠲᠠᠯ᠎ᠠ 100% ᠳᠤ ᠬᠦᠷᠦᠭᠦᠯᠦᠨ᠎ᠡ᠃ ᠲᠠᠷᠢᠶᠠᠯᠠᠩ ᠤᠨ ᠮᠠᠰᠢᠨ ᠤ ᠬᠢᠨᠠᠯᠲᠠ ᠬᠠᠮᠢᠶᠠᠷᠤᠯᠲᠠ ᠶᠢᠨ | ᠪᠠᠶᠢᠭᠤᠯᠤᠮᠵᠢ ᠶᠢᠨ ᠰᠤᠮᠤ ᠰᠢᠶᠠᠩ ᠪᠠᠯᠭᠠᠰᠤ ᠶᠢᠨ ᠬᠤᠪᠢᠶᠠᠷᠢ ᠰᠠᠯᠪᠤᠷᠢ ᠪᠠᠶᠢᠭᠤᠯᠤᠮᠵᠢ ᠶᠢᠨ ᠪᠠᠶᠢᠭᠤᠯᠤᠯᠲᠠ ᠶᠢ | 2020 ᠣᠨ ᠪᠣᠯᠲᠠᠯ᠎ᠠ 60% ᠳᠤ ᠬᠦᠷᠦᠭᠦᠯᠦᠨ᠎ᠡ᠃ | ︵ᠭᠤᠷᠪᠠ︶ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ | ᠬᠠᠮᠢᠶᠠᠷᠤᠯᠲᠠ ᠶᠢᠨ ᠠᠷᠭ᠎ᠠ ᠪᠠᠷᠢᠯ ᠢ ᠲᠡᠭᠦᠯᠳᠡᠷᠵᠢᠭᠦᠯᠦᠨ᠎ᠡ᠃ | ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ | ᠰᠢᠰᠲ᠋ᠧᠮ ᠤᠨ ᠠᠰᠢᠭᠯᠠᠯᠲᠠ ᠳᠤ ᠣᠷᠤᠭᠤᠯᠬᠤ᠂ ᠠᠮᠤᠷ ᠲᠦᠪᠰᠢᠨ ᠪᠠᠶᠢᠬᠤ ᠡᠰᠡᠬᠦ ᠶᠢ ᠰᠣᠳᠤᠯᠤᠨ ᠮᠠᠭᠠᠳᠯᠠᠵᠤ | ᠤᠷᠢᠳᠴᠢᠯᠠᠨ ᠰᠡᠷᠡᠮᠵᠢᠯᠡᠬᠦ ᠪᠠ ᠤᠷᠢᠳᠴᠢᠯᠠᠨ ᠰᠡᠷᠭᠡᠶᠢᠯᠡᠬᠦ ᠴᠢᠳᠠᠪᠤᠷᠢ ᠴᠢᠩᠭᠠᠳᠬᠠᠭᠳᠠᠬᠤ ᠪᠣᠯᠣᠨ᠎ᠠ᠃ 2016 | ᠣᠨ ᠤ ᠵᠢᠯ ᠤᠨ ᠰᠡᠭᠦᠯᠴᠢ ᠠᠴᠠ ᠡᠮᠦᠨ᠎ᠡ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ | ᠲᠦᠪᠰᠢᠨ ᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠦᠨᠳᠦᠰᠦᠨ ᠳᠡᠭᠡᠨ ᠪᠠᠶᠢᠭᠤᠯᠤᠭᠳᠠᠬᠤ ᠪᠣᠯᠣᠨ᠎ᠠ︔ | 2017 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠰᠤᠮᠤ ᠰᠢᠶᠠᠩ ᠪᠠᠯᠭᠠᠰᠤ ᠶᠢᠨ ᠬᠡᠷᠡᠭᠯᠡᠬᠦ | ᠨᠣᠷᠮ᠎ᠠ ᠶᠢ 100% ᠳᠤ ᠬᠦᠷᠦᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠵᠠᠮ ᠤᠨ ᠰᠡᠷᠭᠡᠶᠢᠯᠡᠨ ᠡᠵᠡᠮᠳᠡᠬᠦ | ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠲᠣᠭᠲᠠᠭᠤᠨ ᠢᠶᠠᠷ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ | ᠵᠠᠮ ᠤᠨ ᠭᠤᠣᠯ ᠴᠢᠬᠤᠯᠠ ᠴᠢᠬ᠂ ᠴᠢᠬᠤᠯᠠ ᠵᠠᠮ ᠤᠨ ᠬᠡᠰᠡᠭ ᠲᠤ ᠵᠠᠮ ᠬᠠᠷᠢᠯᠴᠠᠭᠠᠨ ᠤ ᠬᠢᠨᠠᠨ ᠡᠵᠡᠮᠳᠡᠬᠦ | ᠳᠥᠬᠦᠭᠡᠷᠦᠮᠵᠢ ᠤᠭᠰᠠᠷᠠᠨ ᠬᠡᠷᠡᠭᠯᠡᠨ᠎ᠡ᠃ | ︵ᠲᠥᠷᠪᠡ︶ ᠮᠠᠯᠵᠢᠬᠤ ᠲᠠᠷᠢᠶᠠᠯᠠᠬᠤ ᠣᠷᠣᠨ ᠤ ᠵᠠᠮ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠦᠷ᠎ᠡ | ᠳ᠋ᠦ᠋ᠶᠢᠩ ᠢ ᠰᠢᠯᠢᠳᠡᠭᠵᠢᠭᠦᠯᠦᠨ᠎ᠡ᠃ | ᠮᠣᠲ᠋ᠣᠷ ᠲᠡᠷᠭᠡ ᠶᠢᠨ ᠠᠶᠤᠯ ᠠᠴᠠ ᠬᠠᠮᠠᠭᠠᠯᠠᠬᠤ ᠲᠣᠭᠤᠯᠠᠭ᠎ᠠ ᠵᠡᠭᠦᠬᠦ ᠨᠣᠷᠮ᠎ᠠ ᠶᠢ 95% ᠳᠤ ᠬᠦᠷᠦᠭᠦᠯᠵᠦ᠂ | ᠮᠠᠯᠵᠢᠬᠤ ᠲᠠᠷᠢᠶᠠᠯᠠᠬᠤ ᠣᠷᠣᠨ ᠤ ᠮᠠᠰᠢᠨ ᠲᠡᠷᠭᠡ ᠶᠢᠨ ᠬᠠᠤᠯᠢ ᠰᠠᠬᠢᠬᠤ ᠨᠣᠷᠮ᠎ᠠ ᠶᠢ 90% ᠳᠤ ᠬᠦᠷᠦᠭᠦᠯᠦᠨ᠎ᠡ᠃ | ᠮᠠᠯᠵᠢᠬᠤ ᠲᠠᠷᠢᠶᠠᠯᠠᠬᠤ ᠣᠷᠣᠨ ᠳᠤ ᠣᠷᠣᠰᠢᠵᠤ ᠪᠠᠶᠢᠭ᠎ᠠ ᠮᠣᠲ᠋ᠣᠷ ᠲᠡᠷᠭᠡ ᠶᠢᠨ ︽ᠭᠤᠷᠪᠠ ᠪᠠᠶᠢᠬᠤ ᠦᠭᠡᠢ︾ ︵ | ᠲᠡᠷᠭᠡᠨ ᠪᠠᠶᠢᠰᠠ ᠪᠠᠶᠢᠬᠤ ᠦᠭᠡᠢ᠂ ᠵᠢᠯᠣᠭᠤᠴᠢ ᠶᠢᠨ ᠦᠨᠡᠮᠯᠡᠯ ᠪᠠᠶᠢᠬᠤ ᠦᠭᠡᠢ᠂ ᠠᠶᠤᠯ ᠠᠴᠠ ᠬᠠᠮᠠᠭᠠᠯᠠᠬᠤ | ᠲᠤᠭᠤᠯᠠᠭ᠎ᠠ ᠪᠠᠶᠢᠬᠤ ᠦᠭᠡᠢ︶᠂ ᠬᠦᠳᠡᠭᠡ ᠲᠤᠰᠬᠤᠨ ᠤ ᠮᠣᠬᠤᠯᠠᠭ ᠮᠠᠰᠢᠨ ᠲᠡᠷᠭᠡᠨ ᠤ ︽ᠭᠤᠷᠪᠠ ᠦᠭᠡᠢ︾ ︵ | ᠲᠡᠷᠭᠡᠨ ᠤ ᠪᠠᠶᠢᠳᠠᠯ ᠨᠢ ᠬᠢᠷᠢ ᠲᠡᠩᠴᠡᠬᠦ ᠦᠭᠡᠢ᠂ ᠵᠢᠯᠣᠭᠤᠴᠢ ᠨᠢ ᠬᠠᠤᠯᠢ ᠰᠠᠬᠢᠬᠤ ᠦᠭᠡᠢ᠂ ᠮᠡᠷᠭᠡᠵᠢᠯ | ᠴᠢᠳᠠᠪᠤᠷᠢ ᠶᠢ ᠡᠵᠡᠮᠰᠢᠭᠰᠡᠨ ᠦᠭᠡᠢ︶ ᠪᠠ ᠮᠠᠯᠵᠢᠬᠤ ᠲᠠᠷᠢᠶᠠᠯᠠᠬᠤ ᠣᠷᠣᠨ ᠤ ᠰᠤᠷᠤᠭᠴᠢ ᠲᠣᠰᠴᠦ ᠬᠦᠷᠭᠡᠬᠦ ᠮᠠᠰᠢᠨ | ᠲᠡᠷᠭᠡᠨ ᠤ ︽ᠭᠤᠷᠪᠠ ᠠᠴᠠ ᠵᠦᠷᠢᠴᠡᠭᠰᠡᠨ︾ ︵ᠬᠠᠤᠯᠢ ᠠᠴᠠ ᠵᠥᠷᠢᠴᠡᠨ ᠡᠵᠡᠩᠨᠡᠨ ᠠᠵᠢᠯᠯᠠᠬᠤ᠂ ᠬᠠᠤᠯᠢ ᠠᠴᠠ | ᠵᠥᠷᠢᠴᠡᠨ ᠰᠠᠭᠤᠳᠠᠯ ᠤᠨ ᠲᠤᠭ᠎ᠠ ᠠᠴᠠ ᠬᠡᠲᠦᠷᠡᠭᠦᠯᠦᠨ ᠲᠡᠭᠡᠭᠡᠪᠦᠷᠢᠯᠡᠬᠦ᠂ ᠪᠠᠷᠠᠭᠠᠨ ᠤ ᠮᠠᠰᠢᠨ ᠪᠠ ᠲᠷᠡᠺᠲ᠋ᠦᠷ ᠨᠢ | ᠬᠠᠤᠯᠢ ᠠᠴᠠ ᠵᠥᠷᠢᠴᠡᠨ ᠬᠦᠮᠦᠨ ᠲᠡᠭᠡᠭᠡᠪᠦᠷᠢᠯᠡᠬᠦ︶ ᠵᠡᠷᠭᠡ ᠵᠠᠮ ᠤᠨ ᠠᠮᠤᠷ ᠲᠦᠪᠰᠢᠨ ᠤ ᠠᠰᠠᠭᠤᠳᠠᠯ ᠤᠳ ᠢ | ᠰᠢᠢᠳᠪᠦᠷᠢᠯᠡᠨ᠎ᠡ᠃ | ᠭᠤᠷᠪᠠ᠂ ᠠᠵᠢᠯ ᠤᠨ ᠡᠭᠦᠷᠭᠡ | ︵ᠨᠢᠭᠡ︶ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ | ᠬᠠᠷᠢᠭᠤᠴᠠᠯᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠬᠦ ᠬᠡᠷᠡᠭᠲᠡᠢ᠃ | 1. ᠬᠠᠮᠢᠶᠠᠷᠤᠯᠲᠠ ᠶᠢᠨ ᠲᠤᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠢᠯ ᠤᠨ ᠠᠯᠪᠠᠨ ᠭᠡᠷ ᠠᠴᠠ ᠪᠦᠬᠦ ᠣᠷᠣᠨ ᠤ | ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ | ᠵᠣᠬᠢᠶᠠᠨ ᠪᠠᠶᠢᠭᠤᠯᠤᠨ ᠤᠳᠤᠷᠢᠳᠬᠤ ᠶᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ | ᠠᠮᠤᠷ ᠲᠦᠪᠰᠢᠨ ᠤ ᠠᠵᠢᠯ ᠤᠨ ᠤᠳᠤᠷᠢᠳᠬᠤ ᠲᠤᠭᠤᠶᠢᠯᠠᠩ ᠠᠴᠠ ᠪᠦᠬᠦ ᠣᠷᠣᠨ ᠤ ᠮᠠᠯᠵᠢᠬᠤ ᠲᠠᠷᠢᠶᠠᠯᠠᠬᠤ | ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠵᠣᠬᠢᠴᠠᠭᠤᠯᠬᠤ ᠠᠵᠢᠯ ᠢ ᠡᠭᠦᠷᠭᠡᠯᠡᠨ᠂ | ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠮ ᠬᠠᠷᠢᠯᠴᠠᠭᠠᠨ ᠤ ᠠᠮᠤᠷ ᠲᠦᠪᠰᠢᠨ ᠤ | ᠠᠵᠢᠯ ᠤᠨ ᠤᠳᠤᠷᠢᠳᠬᠤ ᠲᠤᠭᠤᠶᠢᠯᠠᠩ ᠵᠢᠴᠢ ᠪᠦᠷᠢᠯᠳᠦᠭᠦᠨ ᠨᠢᠭᠡᠴᠡ ᠨᠦᠭᠦᠳ ᠠᠴᠠ ᠬᠠᠷᠢᠶᠠᠯᠠᠬᠤ ᠣᠷᠣᠨ ᠤ | ᠣᠷᠣᠨ ᠪᠦᠰᠡ ᠶᠢᠨ ᠳᠣᠲᠣᠷᠠᠬᠢ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ | ᠬᠠᠮᠢᠶᠠᠷᠤᠯᠲᠠ ᠶᠢᠨ ᠠᠵᠢᠯ ᠤᠨ ᠵᠣᠬᠢᠶᠠᠨ ᠪᠠᠶᠢᠭᠤᠯᠤᠨ ᠵᠣᠬᠢᠴᠠᠭᠤᠯᠬᠤ ᠪᠠ ᠡᠳᠦᠷ ᠳᠣᠲᠣᠮ ᠤᠨ ᠬᠢᠨᠠᠯᠲᠠ | ᠬᠠᠮᠢᠶᠠᠷᠤᠯᠲᠠ ᠶᠢᠨ ᠠᠵᠢᠯ ᠢ ᠪᠣᠳᠠᠲᠠᠢ ᠬᠠᠷᠢᠭᠤᠴᠠᠨ᠎ᠠ᠃ ᠰᠤᠮᠤ ᠰᠢᠶᠠᠩ ᠪᠠᠯᠭᠠᠰᠤ ᠶᠢᠨ ᠵᠠᠮ ᠬᠠᠷᠢᠯᠴᠠᠭᠠᠨ ᠤ | ᠠᠮᠤᠷ ᠲᠦᠪᠰᠢᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠪᠠᠶᠢᠭᠤᠯᠤᠮᠵᠢ ᠶᠢᠨ ᠪᠠᠶᠢᠭᠤᠯᠤᠯᠲᠠ ᠶᠢ | ᠭᠤᠣᠯᠳᠠᠯᠭ᠎ᠠ ᠲᠠᠢ ᠴᠢᠩᠭᠠᠳᠬᠠᠵᠤ᠂ ᠠᠵᠢᠯᠲᠠᠨ ᠢᠶᠠᠨ ᠲᠡᠭᠦᠯᠳᠡᠷᠵᠢᠭᠦᠯᠤᠨ᠂ ᠵᠠᠷᠤᠳᠠᠯ ᠢ ᠪᠠᠳᠤᠯᠠᠵᠤ᠂ ᠳᠥᠷᠢᠮ ᠢᠶᠠᠨ | ᠲᠡᠭᠦᠯᠳᠡᠷᠵᠢᠭᠦᠯᠬᠦ ᠶᠢᠨ ᠬᠠᠮᠳᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠦᠷᠲᠡᠭᠡ | ᠪᠠᠶᠢᠭᠤᠯᠵᠤ᠂ ᠰᠤᠮᠤ ᠰᠢᠶᠠᠩ ᠪᠠᠯᠭᠠᠰᠤ ᠶᠢᠨ ᠤᠳᠤᠷᠢᠳᠤᠯᠭ᠎ᠠ ᠠᠴᠠ ᠦᠷᠲᠡᠭᠡ ᠶᠢᠨ ᠳᠠᠷᠤᠭ᠎ᠠ ᠶᠢᠨ ᠡᠭᠦᠷᠭᠡ ᠶᠢ | ᠡᠭᠦᠷᠭᠡᠯᠡᠵᠦ᠂ ᠲᠤᠰᠬᠠᠢ ᠲᠤᠰᠢᠶᠠᠯ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠭᠴᠢ ᠶᠢ 2 ᠠᠴᠠ | ᠳᠡᠭᠡᠭᠰᠢ ᠲᠣᠬᠢᠷᠠᠭᠤᠯᠬᠤ ᠬᠡᠷᠡᠭᠲᠡᠢ᠃ ᠭᠠᠴᠠᠭ᠎ᠠ ᠲᠤᠰᠬᠤᠨ ᠤ ᠵᠦᠪᠯᠡᠯ ᠨᠢ ᠮᠠᠯᠵᠢᠬᠤ ᠲᠠᠷᠢᠶᠠᠯᠠᠬᠤ ᠣᠷᠣᠨ ᠤ ᠵᠠᠮ | ᠬᠠᠷᠢᠯᠴᠠᠭᠠᠨ ᠤ ᠠᠮᠤᠷ ᠲᠦᠪᠰᠢᠨ ᠤ ᠠᠵᠢᠯ ᠢ ᠡᠳᠦᠷ ᠳᠣᠲᠣᠮ ᠤᠨ ᠠᠵᠢᠯ ᠳᠠᠭᠠᠨ ᠣᠷᠤᠭᠤᠯᠵᠤ᠂ ᠮᠠᠯᠵᠢᠬᠤ | ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠢᠳᠬᠠᠨ ᠰᠤᠷᠭᠠᠬᠤ ᠦᠷᠲᠡᠭᠡ ᠪᠠᠶᠢᠭᠤᠯᠤᠨ᠂ | ᠭᠠᠴᠠᠭ᠎ᠠ ᠲᠤᠰᠬᠤᠨ ᠪᠣᠯᠭᠠᠨ ᠳᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠪᠰᠤᠷᠤᠨ ᠬᠠᠮᠢᠶᠠᠷᠤᠭᠴᠢ ᠶᠢ | ᠶᠠᠳᠠᠬᠤ ᠳᠤ 2 ᠠᠴᠠ ᠳᠡᠭᠡᠭᠰᠢ ᠲᠣᠬᠢᠷᠠᠭᠤᠯᠵᠤ᠂ ᠭᠠᠴᠠᠭ᠎ᠠ ᠲᠤᠰᠬᠤᠨ ᠤ ᠨᠠᠮ ᠤᠨ ᠡᠭᠦᠷ ᠤᠨ ᠱᠦᠵᠢ᠂ ᠭᠠᠴᠠᠭ᠎ᠠ | ᠲᠤᠰᠬᠤᠨ ᠤ ᠳᠠᠷᠤᠭ᠎ᠠ ᠪᠣᠶᠣ ᠠᠮᠤᠷ ᠢ ᠬᠠᠮᠠᠭᠠᠯᠠᠬᠤ ᠭᠡᠰᠢᠭᠦᠨ ᠠᠴᠠ ᠬᠠᠷᠢᠭᠤᠴᠠᠯᠭᠠᠲᠠᠨ ᠪᠣᠯᠬᠤ ᠬᠡᠷᠡᠭᠲᠡᠢ᠃ | 2. ᠬᠠᠷᠢᠶᠠᠲᠤ ᠣᠷᠣᠨ ᠤ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠢ᠃ ︽ᠥᠪᠦᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠶᠤᠯ ᠦᠬᠡᠢ ᠦᠢᠯᠡᠳᠪᠦᠷᠢᠯᠡᠯ ᠤᠨ ︿ᠨᠠᠮ ᠪᠠ ᠵᠠᠰᠠᠭ ᠤᠨ ᠬᠢᠨ ᠠᠳᠠᠯᠢ | ᠬᠠᠷᠢᠭᠤᠴᠠᠯᠭ᠎ᠠ ᠲᠠᠢ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠬᠦᠷᠬᠡᠯᠡᠬᠦ﹀ ᠶᠢᠨ ᠲᠦᠷ | ᠬᠡᠷᠡᠭᠵᠢᠭᠦᠯᠬᠦ ᠠᠷᠭ᠎ᠠ︾ ᠶᠢᠨ ᠱᠠᠭᠠᠷᠳᠠᠯᠭ᠎ᠠ ᠶᠣᠰᠤᠭᠠᠷ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ | ᠲᠣᠭᠤᠷᠢᠭ︶ ᠨᠢ ︽ᠨᠠᠮ ᠪᠠ ᠵᠠᠰᠠᠭ ᠤᠨ ᠬᠢᠨ ᠠᠳᠠᠯᠢ ᠬᠠᠷᠢᠭᠤᠴᠠᠯᠭ᠎ᠠ ᠲᠠᠢ ᠪᠠᠶᠢᠵᠤ᠂ ᠨᠢᠭᠡ ᠠᠵᠢᠯ ᠤᠨ | ᠪᠠᠶᠢᠷᠢ ᠳᠤ ᠬᠤᠣᠰ ᠬᠠᠷᠢᠭᠤᠴᠠᠯᠭ᠎ᠠ ᠡᠬᠦᠷᠬᠡᠯᠡᠬᠦ᠂ ᠬᠠᠷᠢᠭᠤᠴᠠᠯᠭ᠎ᠠ ᠠᠯᠳᠠᠭᠰᠠᠨ ᠪᠣᠯ ᠬᠠᠷᠢᠭᠤᠴᠠᠯᠭ᠎ᠠ ᠨᠡᠬᠡᠮᠵᠢᠯᠡᠵᠦ᠂ | ᠵᠡᠷᠭᠡᠪᠡᠷ ᠠᠳᠬᠤᠵᠤ ᠬᠠᠮᠲᠤ ᠪᠠᠷ ᠬᠠᠮᠢᠶᠠᠷᠬᠤ︾ ᠬᠠᠷᠢᠶᠠᠲᠤ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ︽ | ᠭᠤᠣᠯ ᠴᠤᠭᠴᠠ ᠨᠢ ᠰᠢᠶᠠᠨ ᠳᠤ ᠪᠠᠶᠢᠵᠤ᠂ ᠬᠠᠮᠢᠶᠠᠷᠤᠯᠲᠠ ᠨᠢ ᠰᠢᠶᠠᠩ ᠳᠤ ᠪᠠᠶᠢᠬᠤ᠂ ᠲᠣᠰᠬᠤᠨ ᠳᠤ ᠬᠦᠷᠲᠡᠯ᠎ᠡ | ᠤᠷᠳᠤᠳᠬᠠᠬᠤ︾ ᠬᠠᠮᠢᠶᠠᠷᠤᠯᠲᠠ ᠶᠢᠨ ᠵᠠᠭᠪᠤᠷ ᠢ ᠢᠳᠡᠪᠬᠢᠲᠡᠢ ᠠᠬᠢᠭᠤᠯᠬᠤ ᠶᠢᠨ ᠬᠠᠮᠲᠤ᠂ ᠮᠠᠯᠵᠢᠬᠤ ᠲᠠᠷᠢᠶᠠᠯᠠᠬᠤ | ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠪᠠ ᠲᠠᠷᠢᠶᠠᠯᠠᠩ ᠤᠨ ᠮᠠᠰᠢᠨ ᠤ ᠦᠢᠯᠡᠳᠪᠦᠷᠢᠯᠡᠯ ᠤᠨ | ᠠᠶᠤᠯᠭᠦᠢ ᠶᠢᠨ ᠠᠵᠢᠯ ᠢ ᠰᠤᠮᠤ ᠰᠢᠶᠠᠩ ᠪᠠᠯᠭᠠᠰᠤ ᠶᠢᠨ ᠠᠶᠤᠯ ᠦᠬᠡᠢ ᠦᠢᠯᠡᠳᠪᠦᠷᠢᠯᠡᠯ ᠤᠨ ᠠᠵᠢᠯ ᠳᠤ ᠦᠨᠡᠯᠡᠯᠲᠡ | ᠬᠢᠬᠦ ᠶᠢᠨ ᠨᠢᠭᠡ ᠵᠦᠢᠯ ᠤᠨ ᠴᠢᠬᠤᠯᠠ ᠠᠭᠤᠯᠭ᠎ᠠ ᠪᠣᠯᠭᠠᠵᠤ᠂ ᠰᠤᠮᠤ ᠰᠢᠶᠠᠩ ᠪᠠᠯᠭᠠᠰᠤ ᠶᠢᠨ ᠮᠠᠯᠵᠢᠬᠤ ᠲᠠᠷᠢᠶᠠᠯᠠᠬᠤ | ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠪᠠ ᠲᠠᠷᠢᠶᠠᠯᠠᠩ ᠤᠨ ᠮᠠᠰᠢᠨ ᠤ ᠦᠢᠯᠡᠳᠪᠦᠷᠢᠯᠡᠯ ᠤᠨ ᠠᠶᠤᠯ | ᠦᠬᠡᠢ ᠶᠢᠨ ᠬᠠᠷᠢᠶᠠᠲᠤ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ | ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠵᠤ᠂ ᠮᠠᠯᠵᠢᠬᠤ ᠲᠠᠷᠢᠶᠠᠯᠠᠬᠤ | ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠭᠡᠬᠦ ᠬᠡᠷᠡᠭᠲᠡᠢ᠃ | 3. ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠥᠪᠡᠷᠲᠡᠭᠡᠨ ᠵᠠᠰᠠᠬᠤ | ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠮ ᠬᠠᠷᠢᠯᠴᠠᠭᠠᠨ ᠤ ᠠᠮᠤᠷ | ᠲᠦᠪᠰᠢᠨ ᠤ ᠠᠵᠢᠯ ᠤᠨ ᠤᠳᠤᠷᠢᠳᠬᠤ ᠲᠤᠭᠤᠶᠢᠯᠠᠩ ᠤᠳ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠡᠭᠦᠷᠭᠡ | ᠴᠢᠳᠠᠪᠤᠷᠢ ᠪᠠᠨ ᠴᠢᠩᠭᠠᠷᠠᠭᠤᠯᠵᠤ᠂ ᠣᠷᠣᠨ ᠪᠦᠰᠡ ᠶᠢᠨ ᠳᠣᠲᠣᠷᠠᠬᠢ ᠮᠠᠯᠵᠢᠬᠤ ᠲᠠᠷᠢᠶᠠᠯᠠᠬᠤ ᠣᠷᠣᠨ ᠤ ᠵᠠᠮ | ᠬᠠᠷᠢᠯᠴᠠᠭᠠᠨ ᠤ ᠠᠮᠤᠷ ᠲᠦᠪᠰᠢᠨ ᠤ ᠠᠵᠢᠯ ᠤᠨ ᠨᠢᠭᠡᠳᠦᠯᠲᠡᠢ ᠲᠥᠯᠦᠪᠯᠡᠨ ᠵᠣᠬᠢᠴᠠᠭᠤᠯᠬᠤ ᠡᠷᠴᠢᠮ ᠢ | ᠴᠢᠩᠭᠠᠳᠬᠠᠵᠤ᠂ ᠠᠳᠠᠯᠢ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠪᠠ ᠳᠣᠣᠷᠠᠳᠤ ᠱᠠᠲᠤᠨ ᠤ | ᠠᠷᠠᠳ ᠤᠨ ᠵᠠᠰᠠᠭ ᠤᠨ ᠣᠷᠳᠣᠨ ᠢ ᠰᠢᠮᠳᠠᠭᠤᠯᠤᠨ ᠪᠠᠶᠢᠴᠠᠭᠠᠵᠤ ᠪᠠᠶᠢᠭᠠᠳ ᠮᠠᠯᠵᠢᠬᠤ ᠲᠠᠷᠢᠶᠠᠯᠠᠬᠤ ᠣᠷᠣᠨ ᠤ ᠵᠠᠮ | ᠬᠠᠷᠢᠯᠴᠠᠭᠠᠨ ᠤ ᠠᠮᠤᠷ ᠲᠦᠪᠰᠢᠨ ᠤ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ | ᠦᠨᠡᠨᠬᠦ ᠭᠦᠢᠴᠡᠳᠭᠡᠵᠦ᠂ ᠬᠢᠨᠠᠯᠲᠠ ᠲᠠᠯᠪᠢᠨ ᠪᠠᠶᠢᠴᠠᠭᠠᠬᠤ ᠪᠠ ᠰᠢᠯᠭᠠᠨ ᠬᠢᠨᠠᠬᠤ ᠶᠢ ᠴᠢᠩᠭᠠᠳᠬᠠᠬᠤ ᠬᠡᠷᠡᠭᠲᠡᠢ᠃ | ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ᠬᠤᠶᠠᠷ ᠱᠠᠲᠤᠨ ᠤ ᠵᠠᠮ ᠬᠠᠷᠢᠯᠴᠠᠭᠠᠨ ᠤ | ᠠᠮᠤᠷ ᠲᠦᠪᠰᠢᠨ ᠤ ᠠᠵᠢᠯ ᠤᠨ ᠤᠳᠤᠷᠢᠳᠬᠤ ᠳᠤᠭᠤᠶᠢᠯᠠᠩ ᠨᠢ ᠲᠣᠭᠲᠠᠮᠠᠯ ᠬᠤᠭᠤᠴᠠᠭ᠎ᠠ ᠲᠠᠢ ᠪᠠᠷ ᠪᠦᠷᠢᠯᠳᠦᠭᠦᠨ | ᠨᠢᠭᠡᠴᠡ ᠶᠢᠨ ᠬᠠᠮᠳᠤᠷᠠᠭᠰᠠᠨ ᠬᠤᠷᠠᠯᠳᠤᠭᠠᠨ ᠬᠤᠷᠠᠯᠳᠤᠭᠤᠯᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ | ᠪᠠᠶᠢᠳᠠᠯ ᠢ ᠵᠠᠳᠠᠯᠵᠤ ᠰᠣᠳᠣᠯᠣᠨ ᠮᠠᠭᠠᠳᠯᠠᠵᠤ᠂ ᠬᠤᠯᠪᠣᠭᠳᠠᠯ ᠪᠦᠬᠦᠢ ᠠᠰᠠᠭᠤᠳᠠᠯ ᠤᠳ ᠢ ᠴᠠᠭ ᠲᠤᠬᠠᠢ ᠳᠤᠨᠢ | ᠵᠤᠬᠢᠴᠠᠭᠤᠯᠤᠨ ᠰᠢᠢᠳᠪᠦᠷᠢᠯᠠᠵᠤ᠂ ᠬᠤᠯᠪᠣᠭᠳᠠᠯ ᠪᠦᠬᠦᠢ ᠰᠠᠯᠠᠭ᠎ᠠ ᠮᠦᠴᠢᠷ ᠪᠠ ︽ᠬᠤᠶᠠᠷ ᠦᠷᠲᠡᠭᠡ᠂ ᠬᠤᠶᠠᠷ | ᠠᠵᠢᠯᠲᠠᠨ︾ ᠤ ᠠᠵᠢᠯ ᠢ ᠪᠠᠶᠢᠷᠢᠯᠠᠭᠤᠯᠤᠨ ᠪᠠᠶᠢᠴᠠᠭᠠᠨ ᠵᠢᠯᠣᠭᠤᠳᠴᠤ᠂ ᠮᠠᠯᠵᠢᠬᠤ ᠲᠠᠷᠢᠶᠠᠯᠠᠬᠤ ᠣᠷᠣᠨ ᠤ ᠵᠠᠮ | ᠬᠠᠷᠢᠯᠴᠠᠭᠠᠨ ᠤ ᠠᠮᠤᠷ ᠲᠦᠪᠰᠢᠨ ᠤ ᠠᠵᠢᠯ ᠢ ᠢᠳᠡᠪᠬᠢᠲᠡᠢ ᠠᠬᠢᠭᠤᠯᠬᠤ ᠬᠡᠷᠡᠭᠲᠡᠢ᠃ | 4. ᠠᠵᠢᠯ ᠲᠦᠷᠦᠯ ᠤᠨ ᠬᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ | ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠮᠠᠯᠵᠢᠬᠤ ᠲᠠᠷᠢᠶᠠᠯᠠᠬᠤ ᠣᠷᠣᠨ ᠤ ᠵᠠᠮ | ᠬᠠᠷᠢᠯᠴᠠᠭᠠᠨ ᠤ ᠠᠮᠤᠷ ᠲᠦᠪᠰᠢᠨ ᠤ ᠠᠵᠢᠯ ᠲᠥᠷᠥᠯ ᠤᠨ ᠬᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ | ᠬᠠᠤᠯᠢ ᠶᠣᠰᠤᠭᠠᠷ ᠡᠭᠦᠷᠭᠡᠯᠡᠬᠦ ᠬᠡᠷᠡᠭᠲᠡᠢ᠃ | ᠠᠶᠤᠯ ᠦᠬᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ᠄ ᠲᠤᠰ ᠭᠠᠵᠠᠷ | ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠶᠡᠷᠦᠩᠬᠡᠶᠢᠯᠡᠭᠰᠡᠨ ᠬᠢᠨᠠᠯᠲᠠ | ᠲᠠᠯᠪᠢᠬᠤ᠂ ᠵᠣᠬᠢᠴᠠᠭᠤᠯᠬᠤ ᠪᠠ ᠵᠢᠯᠣᠭᠤᠳᠬᠤ ᠠᠵᠢᠯ ᠢ ᠬᠠᠷᠢᠭᠤᠴᠠᠵᠤ᠂ ᠠᠳᠡᠯ ᠤᠨ ᠬᠠᠷᠢᠭᠤᠴᠠᠯᠭ᠎ᠠ ᠨᠡᠬᠡᠮᠵᠢᠯᠡᠬᠦ | ᠠᠵᠢᠯ ᠢ ᠬᠠᠤᠯᠢ ᠶᠣᠰᠤᠭᠠᠷ ᠦᠷᠨᠢᠭᠦᠯᠦᠨ᠎ᠡ᠃ | ᠳᠤᠲᠣᠭᠠᠳᠤ ᠶᠢ ᠬᠠᠮᠠᠭᠠᠯᠠᠬᠤ ᠰᠠᠯᠠᠭ᠎ᠠ ᠮᠦᠴᠢᠷ᠄ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ | ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠲᠦᠷᠦᠭᠦᠯᠡᠨ ᠵᠣᠬᠢᠶᠠᠨ ᠪᠠᠶᠢᠭᠤᠯᠤᠨ ᠬᠠᠷᠢᠭᠤᠴᠠᠵᠤ᠂ ᠮᠠᠯᠵᠢᠬᠤ | ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠵᠠᠮ ᠢᠶᠠᠷ ᠬᠠᠤᠯᠢ ᠬᠡᠷᠡᠭᠵᠢᠭᠦᠯᠬᠦ᠂ ᠮᠠᠰᠢᠨ ᠲᠡᠷᠭᠡ ᠶᠢᠨ ᠳᠠᠩᠰᠠᠯᠠᠨ | ᠬᠠᠮᠢᠶᠠᠷᠬᠤ᠂ ᠮᠠᠰᠢᠨ ᠲᠡᠷᠭᠡᠨ ᠤ ᠵᠢᠯᠣᠭᠤᠴᠢ ᠶᠢᠨ ᠦᠨᠡᠮᠯᠡᠯ ᠢ ᠬᠠᠷᠭᠤᠭᠤᠯᠤᠨ ᠣᠯᠭᠤᠵᠤ ᠬᠠᠮᠢᠶᠠᠷᠬᠤ ᠵᠡᠷᠭᠡ | ᠠᠵᠢᠯ ᠤᠳ ᠢ ᠬᠠᠷᠢᠭᠤᠴᠠᠵᠤ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ | ᠠᠳᠡᠯ ᠢ ᠬᠠᠤᠯᠢ ᠶᠣᠰᠣᠭᠠᠷ ᠰᠢᠢᠳᠪᠦᠷᠢᠯᠡᠨ᠎ᠡ᠃ | ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠦᠴᠢᠷ᠄ ᠮᠠᠯᠵᠢᠬᠤ ᠲᠠᠷᠢᠶᠠᠯᠠᠬᠤ ᠣᠷᠣᠨ ᠤ ᠵᠠᠮ | ᠬᠠᠷᠢᠯᠴᠠᠭᠠᠨ ᠤ ᠠᠮᠤᠷ ᠲᠦᠪᠰᠢᠨ ᠤ ᠰᠠᠭᠤᠷᠢ ᠪᠡᠯᠡᠳᠭᠡᠮᠵᠢ ᠪᠠ ᠮᠡᠷᠭᠡᠵᠢᠯ ᠤᠨ ᠲᠤᠯᠭᠠᠭᠤᠷᠢᠯᠠᠬᠤ ᠰᠢᠰᠲ᠋ᠧᠮᠵᠢ ᠶᠢᠨ | ᠪᠠᠶᠢᠭᠤᠯᠤᠯᠲᠠ ᠶᠢ ᠲᠡᠭᠦᠯᠳᠡᠷᠵᠢᠭᠦᠯᠬᠦ ᠶᠢ ᠮᠠᠯᠵᠢᠬᠤ ᠲᠠᠷᠢᠶᠠᠯᠠᠬᠤ ᠣᠷᠣᠨ ᠤ ᠵᠠᠮ ᠤᠨ ᠪᠦᠲᠦᠭᠡᠨ ᠪᠠᠶᠢᠭᠤᠯᠤᠯᠲᠠ ᠶᠢᠨ | ᠪᠡᠯᠡ ᠣᠷᠤᠭᠤᠯᠤᠯᠲᠠ ᠶᠢᠨ ᠲᠦᠯᠦᠪᠯᠡᠭᠡ ᠳᠤ ᠣᠷᠤᠭᠤᠯᠬᠤ ᠶᠢᠨ ᠬᠠᠮᠳᠤ᠂ ᠬᠠᠮᠢᠶ᠎ᠠ ᠪᠦᠬᠦᠢ ᠪᠡᠯᠡ | ᠣᠷᠤᠭᠤᠯᠤᠯᠲᠠ ᠶᠢ ᠲᠥᠷᠥᠯ ᠵᠦᠢᠯ ᠤᠨ ᠲᠦᠢᠮᠤ ᠲᠦᠰᠦᠪ ᠲᠤ ᠣᠷᠤᠭᠤᠯᠵᠤ᠂ ᠵᠠᠮ ᠤᠨ ᠪᠦᠲᠦᠭᠡᠨ | ᠪᠠᠶᠢᠭᠤᠯᠤᠯᠲᠠ ᠪᠠ ᠠᠷᠠᠴᠢᠯᠠᠨ ᠬᠠᠮᠠᠭᠠᠯᠠᠬᠤ᠂ ᠵᠠᠮ ᠤᠨ ᠠᠮᠤᠷ ᠲᠦᠪᠰᠢᠨ ᠤ ᠪᠡᠯᠡᠳᠭᠡᠮᠵᠢ ᠶᠢᠨ ᠪᠦᠲᠦᠭᠡᠨ | ᠪᠠᠶᠢᠭᠤᠯᠬᠤ ᠪᠠ ᠬᠠᠮᠠᠭᠠᠯᠠᠨ ᠬᠠᠮᠢᠶᠠᠷᠬᠤ ᠶᠢ ᠬᠠᠷᠢᠭᠤᠴᠠᠨ᠎ᠠ᠃ ᠲᠡᠭᠡᠭᠡᠪᠦᠷᠢ ᠶᠢᠨ ᠠᠵᠤ ᠠᠬᠤᠶᠢᠯᠠᠯ᠂ ᠠᠶᠠᠨᠴᠢᠨ ᠤ | ᠲᠡᠭᠡᠭᠡᠪᠦᠷᠢ ᠶᠢᠨ ᠲᠠᠯᠠᠪᠤᠷ ᠦᠷᠲᠡᠭᠡ᠂ ᠵᠠᠰᠠᠮᠠᠯ ᠵᠠᠮ ᠤᠨ ᠦᠮᠴᠢᠲᠡᠨ ᠢ ᠰᠢᠮᠳᠠᠭᠤᠯᠵᠤ ᠪᠠᠶᠢᠭᠠᠳ ᠵᠠᠮ | ᠲᠡᠭᠡᠭᠡᠪᠦᠷᠢ ᠶᠢᠨ ᠠᠶᠦᠯ ᠦᠬᠡᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠎ᠠ᠃ | ᠲᠠᠷᠢᠶᠠᠯᠠᠩ ᠤᠨ ᠮᠠᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ᠄ ᠲᠷᠠᠺᠲ᠋ᠣᠷ᠂ ᠬᠠᠳᠤᠵᠤ | ᠬᠤᠷᠢᠶᠠᠬᠤ ᠬᠠᠮ ᠮᠠᠰᠢᠨ ︵ᠺᠣᠮᠪᠠᠶᠢᠨ︶ ᠵᠢᠴᠢ ᠦᠪᠡᠰᠦᠪᠡᠨ ᠴᠣᠪᠣᠷᠠᠭᠤᠯᠬᠤ ᠲᠠᠷᠢᠶᠠᠯᠠᠩ ᠮᠠᠯ ᠠᠵᠤ ᠠᠬᠤᠢ ᠶᠢᠨ | ᠮᠧᠬᠠᠨᠢᠭ ᠤᠨ ᠳᠠᠩᠰᠠᠯᠠᠨ ᠲᠡᠮᠳᠡᠭᠯᠡᠬᠦ ᠪᠠ ᠵᠢᠯᠣᠭᠤᠳᠤᠨ ᠠᠵᠢᠯᠯᠠᠬᠤ ᠬᠦᠮᠦᠰ ᠤᠨ ᠬᠢᠷᠢ ᠬᠡᠮ ᠢ ᠬᠠᠷᠭᠤᠭᠤᠯᠤᠨ | ᠣᠯᠭᠤᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠲᠷᠠᠺᠲ᠋ᠣᠷ ᠦᠮᠴᠢᠯᠡᠭᠴᠢ ᠪᠣᠯᠣᠨ ᠵᠢᠯᠣᠭᠤᠴᠢ ᠶᠢ | ᠰᠢᠮᠳᠠᠭᠤᠯᠵᠤ ᠪᠠᠶᠢᠭᠠᠳ ᠵᠠᠮ ᠬᠠᠷᠢᠯᠴᠠᠭᠠᠨ ᠤ ᠠᠮᠤᠷ ᠲᠦᠪᠰᠢᠨ ᠤ ᠡᠯ᠎ᠡ ᠵᠦᠢᠯ ᠤᠨ ᠳᠦᠷᠢᠮ ᠪᠠ ᠰᠡᠷᠡᠮᠵᠢᠯᠡᠬᠦ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ︔ ᠮᠠᠯᠵᠢᠬᠤ ᠲᠠᠷᠢᠶᠠᠯᠠᠬᠤ ᠣᠷᠣᠨ ᠤ ᠵᠠᠮ ᠤᠨ ᠭᠠᠳᠠᠭᠤᠷᠬᠢ | ᠲᠠᠷᠢᠶᠠᠯᠠᠩ ᠤᠨ ᠮᠠᠰᠢᠨ ᠤ ᠠᠳᠡᠯ ᠢ ᠬᠠᠤᠯᠢ ᠶᠣᠰᠤᠭᠠᠷ ᠰᠢᠢᠳᠪᠦᠷᠢᠯᠡᠨ᠎ᠡ︔ ᠳᠣᠲᠣᠭᠠᠳᠤ ᠶᠢ ᠬᠠᠮᠠᠭᠠᠯᠠᠬᠤ ᠶᠢᠨ ᠵᠠᠮ | ᠬᠠᠷᠢᠯᠴᠠᠭᠠᠨ ᠤ ᠴᠠᠭᠳᠠᠭ᠎ᠠ ᠯᠤᠭ᠎ᠠ ᠬᠤᠯᠪᠣᠭᠠᠯᠠᠵᠤ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ | ᠲᠦᠪᠰᠢᠨ ᠤ ᠬᠠᠮᠢᠶᠠᠷᠤᠯᠲᠠ ᠶᠢ ᠦᠷᠨᠢᠭᠦᠯᠦᠨ᠎ᠡ︔ ᠳᠠᠩᠰᠠᠯᠠᠨ ᠲᠡᠮᠳᠡᠭᠯᠡᠬᠦ ᠪᠠ ᠲᠷᠠᠺᠲ᠋ᠣᠷ ᠵᠢᠯᠣᠭᠤᠳᠬᠤ ᠦᠨᠡᠮᠯᠡᠯ ᠢ | ᠬᠠᠷᠭᠤᠭᠤᠯᠤᠨ ᠣᠯᠭᠤᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠡᠳ᠋ ᠤᠨ ᠵᠠᠰᠠᠭ ᠤᠨ ᠰᠠᠯᠠᠭ᠎ᠠ ᠮᠦᠴᠢᠷ᠄ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ | ᠲᠦᠪᠰᠢᠨ ᠤ ᠠᠵᠢᠯ ᠪᠠ ᠲᠠᠷᠢᠶᠠᠯᠠᠩ ᠤᠨ ᠮᠠᠰᠢᠨ ᠤ ᠠᠶᠤᠯ ᠦᠬᠡᠢ ᠶᠢᠨ ᠬᠢᠨᠠᠯᠲᠠ ᠬᠠᠮᠢᠶᠠᠷᠤᠯᠲᠠ ᠶᠢᠨ ᠬᠠᠮᠢᠶ᠎ᠠ | ᠪᠦᠬᠦᠢ ᠪᠡᠯᠡ ᠮᠦᠩᠭᠦ ᠶᠢ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ︽ᠬᠤᠶᠠᠷ ᠦᠷᠲᠡᠭᠡ᠂ ᠬᠤᠶᠠᠷ | ᠠᠵᠢᠯᠲᠠᠨ︾᠂ ︽ᠵᠠᠰᠠᠮᠠᠯ ᠵᠠᠮ ᠤᠨ ᠠᠮᠤᠷ ᠲᠦᠪᠰᠢᠨ ᠠᠮᠢ ᠨᠠᠰᠤᠨ ᠤ ᠬᠠᠮᠠᠭᠠᠯᠠᠯᠲᠠ ᠶᠢᠨ ᠢᠨᠵᠧᠨᠧᠷᠢᠩ︾ ᠤᠨ | ᠪᠠᠶᠢᠭᠤᠯᠤᠯᠲᠠ᠂ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ᠂ ᠮᠠᠯᠵᠢᠬᠤ ᠲᠠᠷᠢᠶᠠᠯᠠᠬᠤ ᠣᠷᠣᠨ ᠤ | ᠠᠶᠠᠨᠴᠢᠨ ᠤ ᠲᠡᠬᠡᠬᠡᠪᠦᠷᠢ ᠶᠢᠨ ᠳᠠᠭᠠᠳᠬᠠᠯ᠂ ᠡᠵᠡᠩᠨᠡᠨ ᠠᠵᠢᠯᠯᠠᠬᠤ ᠨᠦᠬᠦᠪᠦᠷᠢ ᠵᠡᠷᠭᠡ ᠵᠠᠷᠤᠳᠠᠯ ᠢ | ᠭᠤᠣᠯᠳᠠᠯᠭ᠎ᠠ ᠲᠠᠢ ᠪᠠᠲᠤᠯᠠᠬᠤ ᠶᠢ ᠬᠠᠷᠢᠭᠤᠴᠠᠨ᠎ᠠ᠃ | ᠬᠦᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠦᠴᠢᠷ᠄ ᠬᠤᠯᠪᠣᠭᠳᠠᠯ ᠪᠦᠬᠦᠢ ᠰᠠᠯᠠᠭ᠎ᠠ ᠮᠦᠴᠢᠷ ᠢ | ᠵᠤᠬᠢᠴᠠᠭᠤᠯᠵᠦ ᠪᠠᠶᠢᠭᠠᠳ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠰᠠᠭᠤᠷᠢ | ᠪᠡᠯᠡᠳᠭᠡᠮᠵᠢ ᠪᠠ ᠮᠡᠷᠭᠡᠵᠢᠯ ᠤᠨ ᠲᠤᠯᠭᠠᠭᠤᠷᠢᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠮᠠᠯᠵᠢᠬᠤ ᠲᠠᠷᠢᠶᠠᠯᠠᠬᠤ | ᠣᠷᠣᠨ ᠤ ᠵᠠᠮ ᠤᠨ ᠪᠦᠲᠦᠭᠡᠨ ᠪᠠᠶᠢᠭᠤᠯᠤᠯᠲᠠ ᠶᠢᠨ ᠲᠦᠯᠦᠪᠵᠢᠭᠦᠯᠭᠡ ᠳᠤ ᠣᠷᠤᠭᠤᠯᠵᠤ᠂ ᠪᠦᠲᠦᠭᠡᠨ ᠪᠠᠶᠢᠭᠤᠯᠬᠤ | ᠨᠢᠭᠡᠴᠡ ᠳᠤ ᠬᠢᠨᠠᠯᠲᠠ ᠲᠠᠯᠪᠢᠵᠤ ᠪᠠᠶᠢᠭᠠᠳ ᠠᠮᠤᠷ ᠲᠦᠪᠰᠢᠨ ᠤ ᠪᠡᠯᠡᠳᠭᠡᠮᠵᠢ ᠶᠢᠨ ᠣᠷᠤᠭᠤᠯᠤᠯᠲᠠ ᠶᠢ ᠵᠠᠮ ᠤᠨ | ᠪᠦᠲᠦᠭᠡᠨ ᠪᠠᠶᠢᠭᠤᠯᠤᠯᠲᠠ ᠶᠢᠨ ᠲᠦᠷᠥᠯ ᠵᠦᠢᠯ ᠤᠨ ᠵᠢᠱᠢᠨ ᠪᠣᠳᠣᠬᠤ ᠳᠤ ᠣᠷᠤᠭᠤᠯᠬᠤ ᠶᠢ ᠬᠠᠷᠢᠭᠤᠴᠠᠨ᠎ᠠ᠃ | ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠰᠠᠯᠠᠭ᠎ᠠ ᠮᠦᠴᠢᠷ᠄ ᠮᠠᠰᠢᠨᠳᠤ ᠲᠡᠷᠭᠡᠨ ᠤ ᠠᠮᠤᠷ | ᠲᠦᠪᠰᠢᠨ ᠤ ᠮᠡᠷᠭᠡᠵᠢᠯ ᠤᠨ ᠰᠢᠯᠭᠠᠨ ᠪᠠᠶᠢᠴᠠᠭᠠᠬᠤ ᠪᠠᠶᠢᠭᠤᠯᠤᠮᠵᠢ ᠳᠤ ᠬᠢᠷᠢ ᠬᠡᠮ ᠤᠨ ᠬᠠᠮᠢᠶᠠᠷᠤᠯᠲᠠ ᠪᠠ ᠬᠢᠷᠢ | ᠴᠢᠳᠠᠮᠵᠢ ᠶᠢ ᠨᠢ ᠮᠡᠳᠡᠷᠡᠬᠦ ᠬᠠᠮᠢᠶᠠᠷᠤᠯᠲᠠ ᠶᠢ ᠬᠡᠷᠡᠭᠵᠢᠭᠦᠯᠵᠦ᠂ ᠮᠠᠰᠢᠨᠳᠤ ᠲᠡᠷᠭᠡᠨ ᠤ ᠠᠮᠤᠷ ᠲᠦᠪᠰᠢᠨ ᠤ | ᠮᠡᠷᠭᠡᠵᠢᠯ ᠤᠨ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠬᠠᠮᠢᠶ᠎ᠠ ᠪᠦᠬᠦᠢ ᠪᠠᠶᠢᠴᠠᠭᠠᠨ ᠰᠢᠯᠭᠠᠬᠤ | ᠲᠥᠬᠦᠭᠡᠷᠦᠮᠵᠢ ᠳᠤ ᠰᠢᠯᠭᠠᠨ ᠪᠠᠶᠢᠴᠠᠭᠠᠵᠤ ᠬᠡᠮᠵᠢᠨ ᠲᠣᠭᠲᠠᠭᠠᠵᠤ ᠵᠦᠪᠰᠢᠶᠡᠷᠡᠵᠦ ᠪᠠᠶᠢᠬᠤ ᠡᠰᠡᠬᠦ᠂ ᠤᠯᠤᠰ ᠤᠨ | ᠮᠠᠰᠢᠨᠳᠤ ᠲᠡᠷᠭᠡᠨ ᠤ ᠠᠮᠤᠷ ᠲᠦᠪᠰᠢᠨ ᠤ ᠮᠡᠷᠭᠡᠵᠢᠯ ᠤᠨ ᠰᠢᠯᠭᠠᠨ ᠪᠠᠶᠢᠴᠠᠭᠠᠬᠤ ᠪᠠᠷᠢᠮᠵᠢᠶ᠎ᠠ ᠶᠢ ᠴᠢᠩᠭ᠎ᠠ | ᠬᠡᠷᠡᠭᠵᠢᠭᠦᠯᠦᠭᠰᠡᠨ ᠪᠠᠶᠢᠬᠤ ᠡᠰᠡᠬᠦ ᠳᠤ ᠬᠢᠨᠠᠯᠲᠠ ᠬᠠᠮᠢᠶᠠᠷᠤᠯᠲᠠ ᠬᠢᠬᠦ ᠶᠢ ᠬᠠᠷᠢᠭᠤᠴᠠᠨ᠎ᠠ᠃ | ᠰᠤᠷᠭᠠᠨ ᠬᠦᠮᠦᠵᠢᠯ ᠤᠨ ᠰᠠᠯᠠᠭ᠎ᠠ ᠮᠦᠴᠢᠷ᠄ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠤᠨ | ᠳᠡᠮᠵᠢᠯᠭᠡ ᠬᠠᠮᠵᠢᠯᠴᠠᠭ᠎ᠠ ᠶᠢᠨ ᠳᠣᠣᠷ᠎ᠠ᠂ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠶᠢᠨ ᠲᠡᠷᠭᠡᠨ ᠤ ᠠᠮᠤᠷ | ᠲᠦᠪᠰᠢᠨ ᠤ ᠬᠠᠮᠢᠶᠠᠷᠤᠯᠲᠠ ᠶᠢᠨ ᠠᠵᠢᠯ ᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠮᠠᠯᠵᠢᠬᠤ ᠲᠠᠷᠢᠶᠠᠯᠠᠬᠤ | ᠣᠷᠣᠨ ᠤ ᠰᠤᠷᠭᠠᠭᠤᠯᠢ ᠨᠤᠭᠤᠳ ᠢ ᠰᠢᠮᠳᠠᠭᠤᠯᠵᠤ ᠪᠠᠶᠢᠭᠠᠳ ᠵᠠᠮ ᠬᠠᠷᠢᠯᠴᠠᠭᠠᠨ ᠤ ᠠᠮᠤᠷ ᠲᠦᠪᠰᠢᠨ ᠪᠠ | ᠲᠠᠷᠢᠶᠠᠯᠠᠩ ᠤᠨ ᠮᠠᠰᠢᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠪᠠ ᠰᠤᠷᠭᠠᠨ ᠬᠦᠮᠦᠵᠢᠭᠦᠯᠬᠦ | ᠠᠵᠢᠯ ᠢ ᠨᠠᠶᠢᠳᠠᠪᠤᠷᠢᠵᠢᠭᠤᠯᠤᠨ᠎ᠠ᠃ | ᠴᠠᠭ ᠠᠭᠤᠷ ᠤᠨ ᠰᠠᠯᠠᠭ᠎ᠠ ᠮᠦᠴᠢᠷ᠄ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ | ᠲᠦᠪᠰᠢᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠵᠦᠭᠯᠡᠭᠦᠷ ᠲᠣᠭᠲᠠᠭᠠᠵᠤ᠂ ᠭᠠᠢ ᠭᠠᠮᠰᠢᠭ ᠲᠠᠢ ᠴᠠᠭ | ᠠᠭᠤᠷ ᠤᠨ ᠤᠷᠢᠳᠴᠢᠯᠠᠨ ᠰᠡᠷᠡᠮᠵᠢᠯᠡᠬᠦ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠬᠦ ᠶᠢ ᠬᠠᠷᠢᠭᠤᠴᠠᠨ᠎ᠠ᠃ | 5. ᠵᠠᠮ ᠲᠡᠭᠡᠭᠡᠪᠦᠷᠢ ᠶᠢᠨ ᠠᠵᠤ ᠠᠬᠤᠶᠢᠯᠠᠯ ᠤᠨ ᠠᠶᠤᠯ ᠦᠬᠡᠢ ᠦᠢᠯᠡᠳᠪᠦᠷᠢᠯᠡᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠬᠤᠲᠠ ᠬᠦᠳᠡᠭᠡ ᠶᠢᠨ ᠠᠶᠠᠨᠴᠢᠨ ᠤ ᠲᠡᠬᠡᠬᠡᠪᠦᠷᠢ ᠶᠢᠨ ᠨᠢᠭᠡ | ᠴᠣᠭᠴᠠᠵᠢᠭᠤᠯᠬᠤ᠂ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠨ ᠤ ᠲᠡᠬᠡᠬᠡᠪᠦᠷᠢ ᠶᠢᠨ ᠨᠡᠶᠢᠲᠡ ᠶᠢᠨ ᠮᠠᠰᠢᠨᠴᠢᠯᠠᠬᠤ | ᠦᠢᠯᠡᠴᠢᠯᠡᠭᠡᠨ ᠤ ᠲᠣᠭᠲᠠᠴᠠ ᠶᠢ ᠰᠦᠪᠡᠭᠴᠢᠯᠡᠵᠦ᠂ ᠠᠶᠠᠨᠴᠢᠨ ᠤ ᠲᠡᠬᠡᠬᠡᠪᠦᠷᠢ᠂ ᠪᠠᠷᠠᠭᠠᠨ ᠤ ᠲᠡᠭᠡᠭᠡᠪᠦᠷᠢ ᠶᠢᠨ ᠠᠵᠤ | ᠠᠬᠤᠶᠢᠯᠠᠯ ᠤᠨ ᠠᠶᠤᠯ ᠦᠬᠡᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠪᠠᠨ ᠲᠦᠷᠭᠡᠳᠭᠡᠨ | ᠠᠬᠢᠭᠤᠯᠬᠤ ᠬᠡᠷᠡᠭᠲᠡᠢ᠃ ᠡᠯ᠎ᠡ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠥᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠳᠠᠭᠠᠭᠤᠯᠢ ᠣᠳᠣ ᠪᠠᠷ ᠣᠷᠣᠨ ᠪᠠᠶᠢᠷᠢ ᠲᠣᠭᠲᠠᠭᠠᠬᠤ ᠬᠦᠳᠡᠯᠦᠩᠭᠦᠢ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠠᠶᠤᠯ ᠦᠬᠡᠢ ᠶᠢᠨ ᠣᠷᠣᠭᠤᠯᠤᠯᠲᠠ ᠶᠢ ᠪᠣᠳᠠᠲᠠᠶᠢᠵᠢᠭᠤᠯᠬᠤ᠂ ᠠᠶᠤᠯ | ᠦᠬᠡᠢ ᠶᠢᠨ ᠪᠣᠯᠪᠠᠰᠤᠷᠠᠭᠤᠯᠤᠯ ᠢ ᠪᠣᠳᠠᠲᠠᠶᠢᠵᠢᠭᠤᠯᠬᠤ᠂ ᠰᠠᠭᠤᠷᠢ ᠬᠠᠮᠢᠶᠠᠷᠤᠯᠲᠠ ᠶᠢ ᠪᠣᠳᠠᠲᠠᠶᠢᠵᠢᠭᠤᠯᠬᠤ ᠪᠠ ᠪᠠᠴᠢᠮ | ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠶᠢ ᠪᠣᠳᠠᠲᠠᠶᠢᠵᠢᠭᠤᠯᠬᠤ ᠶᠢ ᠭᠦᠢᠴᠡᠳᠭᠡᠬᠦ ᠬᠡᠷᠡᠭᠲᠡᠢ᠃ | 6. ᠲᠠᠷᠢᠶᠠᠯᠠᠩ ᠤᠨ ᠮᠠᠰᠢᠨ ᠤ ᠬᠤᠷᠰᠢᠶ᠎ᠠ᠂ ᠲᠠᠷᠢᠶᠠᠯᠠᠩ ᠤᠨ ᠮᠠᠰᠢᠨ ᠤ ᠦᠢᠯᠡᠴᠢᠯᠡᠭᠡ ᠶᠢᠨ ᠠᠵᠢᠯ ᠢ | ᠡᠷᠬᠢᠯᠡᠨ ᠬᠢᠵᠦ ᠪᠠᠶᠢᠭ᠎ᠠ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ ᠲᠠᠷᠢᠶᠠᠯᠠᠩ ᠤᠨ ᠮᠠᠰᠢᠨ ᠤ ᠲᠣᠮᠤ ᠡᠷᠦᠬᠡ᠂ | ᠲᠠᠷᠢᠶᠠᠯᠠᠩ ᠤᠨ ᠮᠠᠰᠢᠨ ᠢᠶᠠᠷ ᠠᠵᠢᠯᠯᠠᠭᠤᠯᠬᠤ ᠺᠣᠮᠫᠠᠨᠢ ᠵᠡᠷᠭᠡ ᠶᠢᠨ ᠠᠶᠤᠯ ᠦᠬᠡᠢ ᠦᠢᠯᠡᠳᠪᠦᠷᠢᠯᠡᠯ ᠵᠢᠴᠢ ᠵᠠᠮ | ᠬᠠᠷᠢᠯᠴᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠲᠠᠷᠢᠶᠠᠯᠠᠩ ᠤᠨ | ᠮᠠᠰᠢᠨ ᠤ ᠵᠠᠮ ᠬᠠᠷᠢᠯᠴᠠᠭᠠᠨ ᠤ ᠠᠮᠤᠷ ᠲᠦᠪᠰᠢᠨ ᠪᠠ ᠠᠶᠤᠯ ᠦᠬᠡᠢ ᠦᠢᠯᠡᠳᠪᠦᠷᠢᠯᠡᠯ ᠤᠨ ᠲᠥᠷᠢᠮ ᠲᠣᠭᠲᠠᠭᠠᠵᠤ᠂ | ᠠᠵᠢᠯᠯᠠᠬᠤ ᠮᠠᠰᠢᠨᠲᠦ ᠲᠡᠷᠭᠡ ᠶᠢᠨ ᠠᠶᠤᠯ ᠦᠬᠡᠢ ᠶᠢᠨ ᠮᠡᠷᠭᠡᠵᠢᠯ ᠤᠨ ᠪᠠᠶᠢᠳᠠᠯ ᠨᠢ ᠰᠠᠶᠢᠨ ᠰᠠᠶᠢᠬᠠᠨ ᠪᠠᠶᠢᠬᠤ ᠶᠢ | ᠪᠠᠳᠤᠯᠠᠬᠤ ᠶᠢᠨ ᠬᠠᠮᠲᠤ᠂ ᠠᠵᠢᠯᠯᠠᠭᠰᠠᠳ ᠲᠤ ᠠᠮᠤᠷ ᠲᠦᠪᠰᠢᠨ ᠤ ᠬᠦᠮᠦᠵᠢᠯ ᠬᠢᠬᠦ ᠬᠡᠷᠡᠭᠲᠡᠢ︔ ᠲᠠᠷᠢᠶᠠᠯᠠᠩ ᠮᠠᠯ | ᠠᠵᠤ ᠠᠬᠤᠢ ᠶᠢᠨ ᠦᠢᠯᠡᠳᠪᠦᠷᠢᠯᠡᠯ ᠤᠨ ᠶᠠᠪᠤᠴᠠ ᠳᠤ᠂ ᠣᠶᠢᠷ᠎ᠠ ᠵᠠᠮ ᠢᠶᠠᠷ ᠲᠡᠭᠡᠭᠡᠪᠦᠷᠢᠯᠡᠬᠦ᠂ ᠠᠵᠢᠯᠯᠠᠬᠤ ᠪᠠᠨ | ᠰᠢᠯᠵᠢᠭᠦᠯᠬᠦ ᠵᠡᠷᠭᠡ ᠱᠠᠭᠠᠷᠳᠠᠯᠭ᠎ᠠ ᠪᠠᠷ ᠵᠠᠮ ᠳᠡᠭᠡᠷ᠎ᠡ ᠶᠠᠪᠤᠭᠤᠯᠬᠤ ᠴᠢᠬᠤᠯᠠ ᠲᠠᠢ ᠮᠠᠰᠢᠨᠲᠦ ᠲᠡᠷᠭᠡ ᠨᠢ ᠡᠷᠬᠡᠪᠰᠢ ᠵᠠᠮ | ᠬᠠᠷᠢᠯᠴᠠᠭᠠᠨ ᠤ ᠠᠮᠤᠷ ᠲᠦᠪᠰᠢᠨ ᠤ ᠲᠣᠭᠲᠠᠭᠠᠯ ᠢ ᠴᠢᠩᠭ᠎ᠠ ᠰᠠᠬᠢᠬᠤ ᠬᠡᠷᠡᠭᠲᠡᠢ᠃ | ︵ᠬᠤᠶᠠᠷ︶ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ | ᠬᠠᠮᠢᠶᠠᠷᠤᠯᠲᠠ ᠶᠢᠨ ᠠᠵᠢᠯ ᠤᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ | 1. ︽ᠳᠥᠷᠪᠡᠨ ᠬᠦᠴᠦᠨ︾ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠮᠠᠯᠵᠢᠬᠤ ᠲᠠᠷᠢᠶᠠᠯᠠᠬᠤ | ᠣᠷᠣᠨ ᠤ ᠳᠣᠲᠣᠭᠠᠳᠤ ᠶᠢ ᠬᠠᠮᠠᠭᠠᠯᠠᠬᠤ ᠶᠢᠨ ᠵᠠᠮ ᠬᠠᠷᠢᠯᠴᠠᠭᠠᠨ ᠤ ᠴᠠᠭᠳᠠᠭ᠎ᠠ ᠶᠢᠨ ᠳᠤᠮᠳᠠ ᠠᠩᠭᠢ ᠪᠠ | ᠲᠠᠷᠢᠶᠠᠯᠠᠩ ᠤᠨ ᠮᠠᠰᠢᠨ ᠤ ᠠᠶᠤᠯ ᠦᠬᠡᠢ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢ ᠬᠦᠴᠦᠯᠡᠨ | ᠪᠠᠶᠢᠭᠤᠯᠬᠤ ᠪᠠᠷ ᠰᠠᠭᠤᠷᠢᠯᠠᠬᠤ ᠭᠤᠤᠯᠯᠠᠬᠴᠢ ᠪᠣᠯᠭᠠᠵᠤ᠂ ᠰᠤᠮᠤ ᠰᠢᠶᠠᠩ ᠪᠠᠯᠭᠠᠰᠤ ᠳᠤ ᠲᠣᠮᠢᠯᠠᠭᠰᠠᠨ ᠰᠠᠯᠪᠤᠷᠢ ᠪᠠᠷ | ᠰᠠᠴᠤᠷᠠᠭᠠᠯᠳᠠ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ | ᠬᠠᠮᠢᠶᠠᠷᠤᠯᠲᠠ ᠶᠢᠨ ᠦᠷᠲᠡᠭᠡ ᠪᠠ ᠢᠳᠬᠠᠨ ᠰᠤᠷᠭᠠᠬᠤ ᠦᠷᠲᠡᠭᠡ ᠪᠠᠷ ᠲᠡᠬᠦᠰᠬᠡᠯ ᠤᠨ ᠬᠠᠮᠢᠶᠠᠷᠤᠯᠲᠠ ᠶᠢᠨ | ᠬᠦᠴᠦᠨ ᠢ ᠬᠦᠴᠦᠯᠡᠨ ᠪᠠᠶᠢᠭᠤᠯᠵᠤ᠂ ᠱᠠᠲᠤ ᠬᠤᠪᠢᠶᠠᠨ ᠬᠠᠮᠢᠶᠠᠷᠤᠨ ᠡᠵᠡᠮᠰᠢᠬᠦ ᠰᠢᠰᠲ᠋ᠧᠮᠵᠢ ᠶᠢ ᠪᠠᠶᠢᠭᠤᠯᠬᠤ | ᠬᠡᠷᠡᠭᠲᠡᠢ᠃ | 2. ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠬᠦ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ | ᠳᠣᠲᠣᠭᠠᠳᠤ ᠶᠢ ᠬᠠᠮᠠᠭᠠᠯᠠᠬᠤ ᠶᠢᠨ ᠵᠠᠮ ᠬᠠᠷᠢᠯᠴᠠᠭᠠᠨ ᠤ ᠴᠠᠬᠳᠠᠭ᠎ᠠ ᠶᠢᠨ ᠳᠤᠮᠳᠠ ᠠᠩᠭᠢ ᠨᠢ ᠲᠣᠭᠲᠠᠮᠠᠯ | ᠬᠤᠭᠤᠴᠠᠭ᠎ᠠ ᠲᠠᠢ ᠪᠠᠷ ᠮᠠᠯᠵᠢᠬᠤ ᠲᠠᠷᠢᠶᠠᠯᠠᠬᠤ ᠣᠷᠣᠨ ᠤ ᠵᠠᠮ ᠤᠨ ᠠᠮᠤᠷ ᠲᠦᠪᠰᠢᠨ ᠤ ᠪᠠᠶᠢᠳᠠᠯ ᠢ ᠰᠣᠳᠣᠯᠣᠨ | ᠮᠠᠭᠠᠳᠯᠠᠵᠤ᠂ ᠰᠤᠮᠤ ᠰᠢᠶᠠᠩ ᠪᠠᠯᠭᠠᠰᠤ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠤᠨ | ᠳᠤᠭᠤᠶᠢᠯᠠᠩ ᠳᠤ ᠵᠠᠮ ᠬᠠᠷᠢᠯᠴᠠᠭᠠᠨ ᠤ ᠠᠳᠡᠯ᠂ ᠵᠠᠮ ᠬᠠᠷᠢᠯᠴᠠᠭᠠᠨ ᠤ ᠬᠠᠤᠯᠢ ᠠᠴᠠ ᠵᠦᠷᠢᠴᠡᠭᠰᠡᠨ ᠦᠢᠯᠡ | ᠠᠵᠢᠯᠯᠠᠭ᠎ᠠ ᠪᠠ ᠣᠷᠣᠰᠢᠵᠤ ᠪᠠᠶᠢᠭ᠎ᠠ ᠳᠣᠪᠤᠶᠢᠮ᠎ᠠ ᠠᠰᠠᠭᠤᠳᠠᠯ ᠤᠳ ᠢ ᠨᠡᠪᠲᠡᠷᠡᠭᠦᠯᠦᠨ ᠮᠡᠳᠡᠭᠦᠯᠤᠨ᠎ᠠ︔ ᠮᠠᠯᠵᠢᠬᠤ | ᠲᠠᠷᠢᠶᠠᠯᠠᠬᠤ ᠣᠷᠣᠨ ᠤ ᠵᠠᠮ ᠤᠨ ᠠᠮᠤᠷ ᠲᠦᠪᠰᠢᠨ ᠤ ᠠᠵᠢᠯ ᠤᠨ ᠲᠤᠰᠬᠠᠢ ᠴᠡᠭᠴᠡᠯᠡᠨ ᠵᠠᠰᠠᠯᠲᠠ ᠶᠢ ᠦᠷᠨᠢᠭᠦᠯᠤᠨ᠎ᠠ︔ | ᠵᠠᠮ ᠢᠶᠠᠷ ᠴᠠᠭᠳᠠᠨ ᠲᠣᠭᠤᠷᠢᠬᠤ ᠲᠠᠢ ᠤᠶᠠᠯᠳᠤᠭᠤᠯᠤᠨ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ | ᠠᠮᠤᠷ ᠲᠦᠪᠰᠢᠨ ᠤ ᠳᠠᠯᠳᠠ ᠭᠡᠮ ᠢ ᠬᠠᠶᠢᠨ ᠰᠢᠨᠵᠢᠵᠤ ᠵᠢᠭᠰᠠᠭᠠᠨ ᠪᠠᠶᠢᠴᠠᠭᠠᠨ᠎ᠠ︔ ︽ᠬᠤᠶᠠᠷ ᠠᠵᠢᠯᠲᠡᠨ︾ ᠳᠤ | ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠪᠣᠯᠪᠠᠰᠤᠷᠠᠭᠤᠯᠤᠯ ᠬᠢᠨ᠎ᠠ︔ ᠮᠠᠯᠵᠢᠬᠤ | ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠳᠡᠯ ᠢ ᠢᠳᠡᠪᠬᠢᠲᠡᠢ ᠰᠢᠢᠳᠪᠦᠷᠢᠯᠡᠬᠦ ᠪᠠ ᠵᠠᠮ ᠬᠠᠷᠢᠯᠴᠠᠭᠠᠨ ᠤ ᠠᠮᠤᠷ | ᠲᠦᠪᠰᠢᠨ ᠤ ᠤᠬᠠᠭᠤᠯᠭ᠎ᠠ ᠶᠢ ᠦᠷᠨᠢᠭᠦᠯᠬᠦ ᠬᠡᠷᠡᠭᠲᠡᠢ᠃ ᠰᠣᠮᠣ ᠰᠢᠶᠠᠩ ᠪᠠᠯᠭᠠᠰᠤ ᠳᠤ ᠲᠣᠮᠢᠯᠠᠭᠰᠠᠨ ᠰᠠᠯᠪᠤᠷᠢ ᠨᠢ | ᠠᠵᠢᠯ ᠤᠨ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠡᠷᠦᠬᠡ ᠳᠤ ᠣᠷᠣᠵᠤ ᠠᠰᠠᠭᠤᠨ ᠰᠤᠷᠪᠤᠯᠵᠢᠯᠠᠬᠤ | ᠲᠣᠬᠢᠶᠠᠯ ᠲᠠᠢ ᠤᠶᠠᠯᠳᠤᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠦᠮᠥᠨ᠂ ᠲᠡᠷᠭᠡ᠂ ᠵᠠᠮ ᠵᠡᠷᠭᠡ ᠰᠠᠭᠤᠷᠢ | ᠮᠡᠳᠡᠭᠡ ᠵᠠᠩᠭᠢ ᠶᠢ ᠲᠡᠮᠳᠡᠭᠯᠡᠨ ᠰᠢᠨᠡᠳᠭᠡᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯ ᠢ | ᠦᠷᠨᠢᠭᠦᠯᠦᠨ᠂ ᠰᠣᠮᠣ ᠰᠢᠶᠠᠩ ᠪᠠᠯᠭᠠᠰᠤ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ | ᠠᠵᠢᠯ ᠤᠨ ᠤᠳᠤᠷᠢᠳᠬᠤ ᠳᠤᠭᠤᠶᠢᠯᠠᠩ ᠢ ᠬᠠᠪᠰᠤᠷᠴᠦ ᠪᠠᠶᠢᠭᠠᠳ ᠬᠦᠳᠡᠭᠡ ᠲᠤᠰᠬᠤᠨ ᠤ ᠢᠳᠬᠠᠨ ᠰᠤᠷᠭᠠᠬᠤ | ᠦᠷᠲᠡᠭᠡ ᠶᠢᠨ ᠠᠵᠢᠯ ᠢ ᠪᠠᠶᠢᠴᠠᠭᠠᠵᠤ ᠰᠢᠯᠭᠠᠨ ᠬᠢᠨᠠᠬᠤ ᠶᠢ ᠴᠢᠩᠭᠠᠳᠬᠠᠬᠤ ᠬᠡᠷᠡᠭᠲᠡᠢ᠃ ᠮᠠᠯᠵᠢᠬᠤ ᠲᠠᠷᠢᠶᠠᠯᠠᠬᠤ | ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠦᠷᠲᠡᠭᠡ ᠪᠠ ᠢᠳᠬᠠᠨ ᠰᠤᠷᠭᠠᠬᠤ | ᠦᠷᠲᠡᠭᠡ ᠪᠣᠯ ᠰᠣᠮᠣ ᠰᠢᠶᠠᠩ ᠪᠠᠯᠭᠠᠰᠤ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ | ᠲᠦᠪᠰᠢᠨ ᠤ ᠬᠠᠮᠢᠶᠠᠷᠤᠯᠲᠠ ᠶᠢᠨ ᠠᠵᠢᠯ ᠢ ᠦᠷᠨᠢᠭᠦᠯᠬᠦ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠪᠠᠶᠢᠵᠦ᠂ ᠭᠠᠴᠠᠭ᠎ᠠ | ᠲᠤᠰᠬᠤᠨ ᠤ ᠠᠷᠠᠳ ᠤᠨ ᠭᠡᠷ ᠪᠠᠶᠢᠰᠢᠩ ᠲᠤ ᠲᠦᠰᠢᠭᠯᠡᠬᠦ ᠪᠣᠶᠤ ᠲᠤᠰᠠᠭᠠᠷ ᠨᠢ ᠬᠠᠷᠠᠭᠤᠯ ᠤᠨ ᠪᠦᠬᠦᠬᠡᠭ ᠢ | ᠪᠠᠶᠢᠭᠤᠯᠵᠤ᠂ ᠭᠤᠣᠯᠳᠠᠭᠤ ᠤᠯᠤᠰ᠂ ᠮᠤᠵᠢ᠂ ᠰᠢᠶᠠᠨ ᠤ ᠵᠠᠮ ᠳᠤ ᠣᠷᠣᠬᠤ ᠰᠣᠮᠣ ᠰᠢᠶᠠᠩ ᠪᠠᠯᠭᠠᠰᠤ᠂ ᠭᠠᠴᠠᠭ᠎ᠠ | ᠲᠣᠰᠬᠤᠨ ᠤ ᠵᠠᠮ ᠤᠨ ᠠᠭᠤᠯᠵᠠᠷ᠂ ᠴᠤᠭᠯᠠᠭ᠎ᠠ ᠮᠠᠶᠢᠮᠠᠢ ᠶᠢᠨ ᠭᠠᠵᠠᠷ ᠲᠤ ᠣᠷᠣᠵᠤ ᠭᠠᠷᠬᠤ ᠵᠠᠮ᠂ ᠰᠢᠶᠠᠩ | ᠲᠤᠰᠬᠤᠨ ᠤ ᠣᠯᠠᠨ ᠵᠠᠮ ᠤᠨ ᠠᠭᠤᠯᠵᠠᠷ ᠲᠤ ᠪᠠᠶᠢᠷᠢᠯᠠᠭᠤᠯᠵᠤ᠂ ᠬᠠᠩᠰᠢ ᠶᠢᠨ ᠡᠳᠦᠷ᠂ ᠲᠠᠪᠤᠨ ᠰᠠᠷ᠎ᠠ ᠶᠢᠨ ᠨᠢᠭᠡᠨ᠂ | ᠨᠠᠢᠮᠠᠨ ᠰᠠᠷ᠎ᠠ ᠶᠢᠨ ᠲᠡᠷᠭᠡᠯ᠂ ᠤᠯᠤᠰ ᠤᠨ ᠪᠠᠶᠠᠷ ᠵᠡᠷᠭᠡ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ ᠵᠢᠴᠢ | ᠰᠥᠮ᠎ᠡ ᠶᠢᠨ ᠴᠤᠭᠯᠠᠭᠠᠨ᠂ ᠴᠤᠭᠯᠠᠭ᠎ᠠ ᠮᠠᠶᠢᠮᠠᠢ ᠳᠤ ᠣᠴᠢᠬᠤ᠂ ᠠᠷᠠᠳ ᠤᠨ ᠵᠠᠩ ᠦᠢᠯᠡ ᠶᠢᠨ ᠠᠵᠢᠯᠯᠠᠭ᠎ᠠ ᠶᠢᠨ | ᠬᠤᠭᠤᠴᠠᠭ᠎ᠠ ᠪᠣᠯᠬᠤ ᠪᠦᠷᠢ ᠳᠤ ᠵᠠᠮ ᠬᠠᠷᠢᠯᠴᠠᠭᠠᠨ ᠤ ᠠᠮᠤᠷ ᠲᠦᠪᠰᠢᠨ ᠤ ᠢᠳᠬᠠᠨ ᠰᠤᠷᠭᠠᠬᠤ ᠠᠵᠢᠯᠯᠠᠭ᠎ᠠ ᠶᠢ | ᠦᠷᠨᠢᠭᠦᠯᠬᠦ ᠬᠡᠷᠡᠭᠲᠡᠢ᠃ | ᠬᠤᠰᠢᠭᠤ ᠰᠢᠶᠠᠨ ︵ᠬᠤᠲᠠ᠂ ᠲᠣᠭᠤᠷᠢᠭ︶ ᠵᠢᠴᠢ ᠰᠣᠮᠣ ᠰᠢᠶᠠᠩ ᠪᠠᠯᠭᠠᠰᠤ ᠶᠢᠨ ᠲᠡᠷᠢᠶᠠᠯᠠᠩ ᠤᠨ | ᠮᠠᠰᠢᠨ ᠤ ᠠᠶᠤᠯ ᠦᠬᠡᠢ ᠶᠢᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠰᠠᠯᠪᠤᠷᠢ ᠪᠠᠶᠢᠭᠤᠯᠤᠮᠵᠢ ᠨᠤᠭᠤᠳ | ᠳᠣᠲᠣᠭᠠᠳᠤ ᠶᠢ ᠬᠠᠮᠠᠭᠠᠯᠠᠬᠤ ᠶᠢᠨ ᠵᠠᠮ ᠬᠠᠷᠢᠯᠴᠠᠭᠠᠨ ᠤ ᠴᠠᠭᠳᠠᠭ᠎ᠠ ᠲᠠᠢ ᠬᠤᠯᠪᠣᠭᠠᠯᠠᠵᠤ ᠮᠠᠯᠵᠢᠬᠤ ᠲᠠᠷᠢᠶᠠᠯᠠᠬᠤ | ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠶᠢᠴᠠᠭᠠᠯᠲᠠ ᠶᠢ ᠦᠷᠨᠢᠭᠦᠯᠵᠦ᠂ ᠲᠷᠠᠺᠲ᠋ᠤᠷ ᠪᠠ ᠬᠠᠳᠤᠵᠤ | ᠬᠤᠷᠢᠶᠠᠬᠤ ᠬᠠᠮ ᠮᠠᠰᠢᠨ ︵ᠺᠣᠮᠪᠠᠶᠢᠨ︶ ᠫᠠᠶᠢᠰᠠ ᠦᠭᠡᠢ ᠪᠠᠷ ᠶᠠᠪᠤᠬᠤ᠂ ᠵᠢᠯᠣᠭᠤᠴᠢ ᠶᠢᠨ ᠦᠨᠡᠮᠯᠡᠯ ᠦᠭᠡᠢ ᠪᠠᠷ | ᠵᠢᠯᠣᠭᠤᠳᠬᠤ᠂ ᠬᠠᠤᠯᠢ ᠠᠴᠠ ᠵᠦᠷᠢᠴᠡᠨ ᠬᠦᠮᠦᠨ ᠲᠡᠬᠡᠬᠡᠪᠦᠷᠢᠯᠡᠬᠦ ᠵᠡᠷᠭᠡ ᠬᠦᠨᠳᠦ ᠬᠡᠴᠡᠭᠦᠦ ᠵᠠᠮ ᠬᠠᠷᠢᠯᠴᠠᠭᠠᠨ ᠤ | ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠬᠢᠨᠠᠨ ᠬᠠᠮᠢᠶᠠᠷᠬᠤ ᠪᠠᠨ ᠴᠢᠩᠭᠠᠷᠠᠭᠤᠯᠬᠤ ᠬᠡᠷᠡᠭᠲᠡᠢ᠃ | 3. ︽ᠬᠤᠶᠠᠷ ᠠᠵᠢᠯᠲᠠᠨ︾ ᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠢ᠃ ᠰᠣᠮᠣ | ᠰᠢᠶᠠᠩ ᠪᠠᠯᠭᠠᠰᠤ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠭᠴᠢ᠂ ᠭᠠᠴᠠᠭ᠎ᠠ ᠲᠤᠰᠬᠤᠨ ᠤ ᠵᠠᠮ | ᠬᠠᠷᠢᠯᠴᠠᠭᠠᠨ ᠤ ᠬᠠᠪᠰᠤᠷᠤᠨ ᠬᠠᠮᠢᠶᠠᠷᠤᠭᠴᠢ ᠶᠢᠨ ᠭᠤᠣᠯ ᠡᠭᠦᠷᠭᠡ ᠬᠠᠷᠢᠭᠤᠴᠠᠯᠭ᠎ᠠ ᠪᠣᠯ ᠵᠠᠮ ᠢᠶᠠᠷ ᠴᠠᠭᠳᠠᠨ | ᠪᠠᠶᠢᠴᠠᠭᠠᠬᠤ ᠶᠢ ᠦᠷᠨᠢᠭᠦᠯᠵᠦ᠂ ᠵᠠᠮ ᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ᠂ ᠵᠠᠮ ᠬᠠᠷᠢᠯᠴᠠᠭᠠᠨ ᠤ | ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠵᠠᠯᠠᠷᠠᠭᠤᠯᠬᠤ᠂ ᠬᠤᠷᠢᠭᠯᠠᠬᠤ ᠪᠠ ᠢᠳᠬᠠᠨ ᠰᠤᠷᠭᠠᠵᠤ᠂ ᠵᠠᠮ | ᠬᠠᠷᠢᠯᠴᠠᠭᠠᠨ ᠤ ᠠᠮᠤᠷ ᠲᠦᠪᠰᠢᠨ ᠪᠠ ᠲᠠᠷᠢᠶᠠᠯᠠᠩ ᠤᠨ ᠮᠠᠰᠢᠨ ᠤ ᠦᠢᠯᠡᠳᠪᠦᠷᠢᠯᠡᠯ ᠤᠨ ᠠᠶᠤᠯ ᠦᠬᠡᠢ ᠶᠢᠨ | ᠤᠬᠠᠭᠤᠯᠤᠨ ᠰᠠᠨᠠᠭᠤᠯᠬᠤ ᠵᠡᠷᠭᠡ ᠠᠵᠢᠯ ᠢ ᠦᠷᠨᠢᠭᠦᠯᠬᠦ ᠪᠤᠯᠤᠨ᠎ᠠ᠃ ᠭᠠᠴᠠᠭ᠎ᠠ ᠲᠣᠰᠬᠤᠨ ᠤ ᠵᠠᠮ ᠬᠠᠷᠢᠯᠴᠠᠭᠠᠨ ᠤ | ᠠᠮᠤᠷ ᠲᠦᠪᠰᠢᠨ ᠤ ᠬᠠᠪᠰᠤᠷᠤᠨ ᠬᠠᠮᠢᠶᠠᠷᠤᠭᠴᠢ ᠨᠢ ᠰᠣᠮᠣ ᠰᠢᠶᠠᠩ ᠪᠠᠯᠭᠠᠰᠤ ᠶᠢᠨ ᠵᠠᠮ ᠬᠠᠷᠢᠯᠴᠠᠭᠠᠨ ᠤ ᠠᠮᠤᠷ | ᠲᠦᠪᠰᠢᠨ ᠤ ᠬᠠᠮᠢᠶᠠᠷᠤᠭᠴᠢ ᠶᠢᠨ ᠵᠢᠯᠣᠭᠤᠳᠤᠯᠭ᠎ᠠ ᠶᠢᠨ ᠳᠣᠣᠷ᠎ᠠ᠂ ᠬᠠᠷᠢᠶᠠᠯᠠᠬᠤ ᠭᠠᠴᠠᠭ᠎ᠠ ᠲᠣᠰᠬᠤᠨ ᠤ | ᠳᠣᠲᠣᠷᠠᠬᠢ ᠵᠢᠯᠣᠭᠤᠴᠢ ᠪᠠ ᠲᠡᠷᠭᠡ ᠬᠦᠰᠭᠡ ︵ᠲᠷᠠᠺᠲ᠋ᠤᠷ᠂ ᠬᠠᠳᠤᠵᠤ ᠬᠤᠷᠢᠶᠠᠬᠤ ᠬᠠᠮ ᠮᠠᠰᠢᠨ ︵ᠺᠣᠮᠪᠠᠶᠢᠨ︶ | ᠵᠢᠴᠢ ᠦᠪᠡᠰᠦᠪᠡᠨ ᠴᠣᠪᠣᠷᠠᠭᠤᠯᠬᠤ ᠲᠠᠷᠢᠶᠠᠯᠠᠩ ᠮᠠᠯ ᠠᠵᠤ ᠠᠬᠤᠢ ᠶᠢᠨ ᠮᠧᠬᠠᠨᠢᠭ ᠢ ᠪᠠᠭᠲᠠᠭᠠᠨ᠎ᠠ︶ ᠶᠢᠨ ᠪᠠᠶᠢᠳᠠᠯ ᠢ | ᠣᠶᠢᠯᠠᠭᠠᠵᠤ ᠵᠢᠭᠰᠠᠭᠠᠨ ᠪᠠᠶᠢᠴᠠᠭᠠᠬᠤ ᠪᠠ ᠳᠠᠩᠰᠠᠯᠠᠬᠤ ᠶᠢ ᠰᠠᠶᠢᠲᠤᠷ ᠬᠢᠬᠦ ᠬᠡᠷᠡᠭᠲᠡᠢ︔ ᠵᠠᠮ ᠬᠠᠷᠢᠯᠴᠠᠭᠠᠨ ᠤ | ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠳᠠᠷᠦ᠋ᠢᠬᠠᠨ ᠢᠳᠬᠠᠨ ᠬᠤᠷᠢᠭᠯᠠᠬᠤ ᠶᠢᠨ ᠬᠠᠮᠳᠤ᠂ ᠠᠵᠢᠯ ᠤᠨ | ᠲᠡᠮᠳᠡᠭᠯᠡᠯ ᠢᠶᠠᠨ ᠰᠠᠶᠢᠲᠤᠷ ᠬᠢᠬᠦ ᠬᠡᠷᠡᠭᠲᠡᠢ︔ ᠵᠠᠮ ᠬᠠᠷᠢᠯᠴᠠᠭᠠᠨ ᠤ ᠠᠳᠡᠯ ᠪᠠ ᠲᠠᠷᠢᠶᠠᠯᠠᠩ ᠤᠨ ᠮᠠᠰᠢᠨ ᠤ ᠠᠳᠡᠯ | ᠲᠣᠬᠢᠶᠠᠯᠳᠤᠭᠰᠠᠨ ᠪᠣᠯ᠂ ᠭᠠᠴᠠᠭ᠎ᠠ ᠲᠤᠰᠬᠤᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠪᠰᠤᠷᠤᠨ | ᠬᠠᠮᠢᠶᠠᠷᠤᠭᠴᠢ ᠴᠠᠭ ᠲᠤᠬᠠᠢ ᠳᠤᠨᠢ ᠮᠡᠳᠡᠭᠦᠯᠬᠦ ᠶᠢᠨ ᠬᠠᠮᠲᠤ᠂ ᠰᠢᠢᠳᠪᠦᠷᠢᠯᠡᠬᠦ ᠬᠦᠮᠦᠰ ᠬᠦᠷᠬᠦ ᠠᠴᠠ ᠡᠮᠦᠨ᠎ᠡ ᠠᠬᠤᠢ | ᠲᠠᠯᠠᠪᠠᠢ ᠶᠢ ᠢᠳᠡᠪᠬᠢᠲᠡᠢ ᠬᠠᠮᠠᠭᠠᠯᠠᠵᠤ᠂ ᠰᠢᠷᠬᠠᠳᠤᠭᠰᠠᠳ ᠢ ᠠᠪᠤᠷᠠᠬᠤ ᠪᠠᠷ ᠵᠣᠬᠢᠶᠠᠨ ᠪᠠᠶᠢᠭᠤᠯᠵᠤ᠂ ᠣᠪᠣᠭᠠᠷᠠᠯᠳᠤᠨ | ᠦᠵᠡᠭᠰᠡᠳ ᠢ ᠢᠳᠬᠠᠨ ᠬᠤᠷᠢᠭᠯᠠᠬᠤ ᠬᠡᠷᠡᠭᠲᠡᠢ᠃ ᠡᠭᠦᠨ ᠤ ᠬᠠᠮᠲᠤ ᠢᠳᠬᠠᠨ ᠰᠤᠷᠭᠠᠬᠰᠠᠨ ᠲᠡᠮᠳᠡᠭᠯᠡᠯ᠂ | ᠤᠬᠠᠭᠤᠯᠤᠬᠰᠠᠨ ᠲᠡᠮᠳᠡᠭᠯᠡᠯ ᠪᠠ ᠵᠢᠭᠰᠠᠭᠠᠨ ᠪᠠᠶᠢᠴᠠᠭᠠᠭᠰᠠᠨ ᠲᠡᠮᠳᠡᠭᠯᠡᠯ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ᠃ | ︵ᠭᠤᠷᠪᠠ︶ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠰᠡᠷᠭᠡᠶᠢᠯᠡᠨ | ᠡᠵᠡᠮᠰᠢᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ | 1. ᠵᠠᠰᠠᠮᠠᠯ ᠵᠠᠮ ᠤᠨ ᠠᠮᠤᠷ ᠲᠦᠪᠰᠢᠨ ᠠᠮᠢ ᠨᠠᠰᠤᠨ ᠤ ᠬᠠᠮᠠᠭᠠᠯᠠᠯᠲᠠ ᠶᠢᠨ ᠢᠨᠵᠧᠨᠧᠷᠢᠩ ᠤᠨ | ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ︽ᠵᠠᠰᠠᠮᠠᠯ ᠵᠠᠮ ᠤᠨ ᠠᠮᠤᠷ ᠲᠦᠪᠰᠢᠨ ᠠᠮᠢ ᠨᠠᠰᠤᠨ ᠤ | ᠬᠠᠮᠠᠭᠠᠯᠠᠯᠲᠠ ᠶᠢᠨ ᠢᠨᠵᠧᠨᠧᠷᠢᠩ ᠢ ᠬᠡᠷᠡᠭᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ | ᠲᠠᠷᠬᠠᠭᠠᠭᠰᠠᠨ ﹇2015﹈ 112 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠤᠭᠠᠷ᠂ ᠠᠮᠤᠷ ᠲᠦᠪᠰᠢᠨ ᠤ | ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠪᠠ ᠵᠠᠰᠠᠮᠠᠯ ᠵᠠᠮ ᠤᠨ ᠠᠮᠤᠷ ᠲᠦᠪᠰᠢᠨ ᠠᠮᠢ ᠨᠠᠰᠤᠨ ᠤ | ᠬᠠᠮᠠᠭᠠᠯᠠᠯᠲᠠ ᠶᠢᠨ ᠢᠨᠵᠧᠨᠧᠷᠢᠩ ᠢ ᠡᠯ᠎ᠡ ᠭᠠᠵᠠᠷ ᠣᠷᠣᠨ ᠤ ᠡᠳᠦᠷ ᠳᠣᠲᠣᠮ ᠤᠨ ᠴᠢᠬᠤᠯᠠ ᠵᠦᠪᠯᠡᠬᠦ ᠵᠦᠢᠯ ᠳᠡᠭᠡᠨ | ᠣᠷᠤᠭᠤᠯᠵᠤ᠂ ︽ᠠᠮᠢ ᠨᠠᠰᠤᠨ ᠤ ᠬᠠᠮᠠᠭᠠᠯᠠᠯᠲᠠ ᠶᠢᠨ ᠢᠨᠵᠧᠨᠧᠷᠢᠩ︾ ᠢ ᠮᠠᠯᠵᠢᠬᠤ ᠲᠠᠷᠢᠶᠠᠯᠠᠬᠤ ᠣᠷᠣᠨ ᠤ ᠵᠠᠮ | ᠲᠡᠰᠢ ᠤᠷᠳᠤᠳᠬᠠᠬᠤ ᠶᠢ ᠠᠬᠢᠭᠤᠯᠬᠤ ᠬᠡᠷᠡᠭᠲᠡᠢ᠃ | 2. ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠶᠢ ᠴᠢᠩᠭᠠᠳᠬᠠᠬᠤ ᠬᠡᠷᠡᠭᠲᠡᠢ᠃ ᠵᠠᠮ | ᠬᠠᠷᠢᠯᠴᠠᠭᠠᠨ ᠤ ᠬᠠᠤᠯᠢ ᠠᠴᠠ ᠵᠦᠷᠢᠴᠡᠭᠰᠡᠨ ᠡᠯ᠎ᠡ ᠲᠥᠷᠥᠯ ᠤᠨ ᠦᠢᠯᠡ ᠠᠵᠢᠯᠯᠠᠭ᠎ᠠ ᠳᠤ ᠲᠠᠷᠤᠯᠲᠠ | ᠴᠢᠩᠭ᠎ᠠ ᠲᠠᠢ ᠪᠠᠷ ᠴᠢᠩᠭ᠎ᠠ ᠬᠠᠮᠢᠶᠠᠷᠬᠤ ᠪᠠᠶᠢᠳᠠᠯ ᠢ ᠢᠮᠠᠭᠲᠠ ᠪᠠᠳᠤᠯᠠᠵᠤ᠂ ᠮᠠᠯᠵᠢᠬᠤ ᠲᠠᠷᠢᠶᠠᠯᠠᠬᠤ ᠣᠷᠣᠨ ᠤ | ᠮᠣᠬᠤᠯᠠᠭ ᠮᠠᠰᠢᠨ᠂ ᠮᠣᠲ᠋ᠣᠷ ᠲᠡᠷᠭᠡ᠂ ᠲᠷᠠᠺᠲ᠋ᠤᠷ ᠤᠨ ᠶᠡᠷᠦᠩᠬᠡᠢ ᠴᠡᠭᠴᠡᠯᠡᠨ ᠵᠠᠰᠠᠯᠲᠠ ᠶᠢ ᠦᠷᠭᠦᠯᠵᠢᠯᠡᠨ | ᠦᠷᠨᠢᠭᠦᠯᠵᠦ᠂ ᠵᠠᠮ ᠬᠠᠷᠢᠯᠴᠠᠭᠠᠨ ᠤ ᠬᠠᠤᠯᠢ ᠠᠴᠠ ᠵᠦᠷᠢᠴᠡᠭᠰᠡᠨ ᠡᠯ᠎ᠡ ᠲᠥᠷᠥᠯ ᠤᠨ ᠦᠢᠯᠡ ᠠᠵᠢᠯᠯᠠᠭ᠎ᠠ ᠶᠢ | ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠨᠡᠶᠢᠭᠡᠮ ᠤᠨ ᠲᠠᠯ᠎ᠠ ᠪᠠᠷ ᠬᠢ ᠤᠬᠠᠭᠤᠯᠭ᠎ᠠ ᠬᠦᠮᠦᠵᠢᠯ ᠤᠨ ᠰᠠᠨᠠᠭᠤᠯᠭ᠎ᠠ ᠶᠢ | ᠥᠷᠭᠡᠨ ᠳᠡᠯᠭᠡᠷᠡᠩᠭᠦᠢ ᠦᠷᠨᠢᠭᠦᠯᠵᠦ᠂ ᠨᠡᠶᠢᠳᠡ ᠣᠯᠠᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠦᠵᠡᠯ | ᠤᠬᠠᠮᠰᠠᠷ ᠢ ᠬᠦᠴᠦᠯᠡᠨ ᠴᠢᠩᠭᠠᠳᠬᠠᠬᠤ ᠬᠡᠷᠡᠭᠲᠡᠢ᠃ ᠡᠯ᠎ᠡ ᠠᠶᠢᠮᠠᠭ ᠬᠤᠲᠠ ᠨᠤᠭᠤᠳ ᠵᠠᠮ ᠬᠠᠷᠢᠯᠴᠠᠭᠠᠨ ᠤ | ᠬᠠᠤᠯᠢ ᠠᠴᠠ ᠵᠦᠷᠢᠴᠡᠭᠰᠡᠨ ᠢ ᠢᠯᠡᠴᠢᠯᠡᠨ ᠮᠡᠳᠡᠭᠦᠯᠪᠡᠯ ᠱᠠᠩᠨᠠᠬᠤ ᠳᠥᠷᠢᠮ ᠪᠠᠶᠢᠭᠤᠯᠵᠤ᠂ ᠢᠯᠡᠴᠢᠯᠡᠨ ᠮᠡᠳᠡᠭᠦᠯᠬᠦ | ᠤᠳᠠᠰᠤ ᠶᠢ ᠨᠡᠶᠢᠲᠡᠯᠡᠵᠦ᠂ ᠰᠦᠯᠵᠢᠶ᠎ᠡ᠂ ᠭᠠᠷ ᠤᠲᠠᠰᠤ ᠵᠡᠷᠭᠡ ᠢᠯᠡᠴᠢᠯᠡᠬᠦ ᠵᠠᠮ ᠮᠦᠷ ᠢ ᠰᠠᠭᠠᠳ ᠦᠭᠡᠢ | ᠨᠡᠪᠲᠡᠷᠡᠭᠦᠯᠦᠨ᠂ ᠣᠯᠠᠨ ᠲᠦᠮᠡᠨ ᠢ ᠥᠷᠭᠡᠨ ᠳᠡᠯᠭᠡᠷᠡᠩᠭᠦᠢ ᠳᠠᠶᠢᠴᠢᠯᠠᠵᠤ ᠪᠠᠶᠢᠭᠠᠳ ᠭᠤᠣᠯᠳᠠᠯᠭ᠎ᠠ ᠲᠠᠢ ᠲᠡᠷᠭᠡ | ᠬᠦᠰᠭᠡ ᠶᠢᠨ ᠵᠠᠮ ᠬᠠᠷᠢᠯᠴᠠᠭᠠᠨ ᠤ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠪᠠ ᠬᠦᠨᠳᠦ ᠬᠡᠴᠡᠭᠦᠦ ᠵᠠᠮ | ᠬᠠᠷᠢᠯᠴᠠᠭᠠᠨ ᠤ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠨᠤᠭᠤᠳ ᠢ ᠢᠯᠡᠴᠢᠯᠡᠨ ᠮᠡᠳᠡᠭᠦᠯᠵᠦ᠂ ᠣᠯᠠᠨ ᠵᠠᠮ | ᠮᠦᠷ ᠢᠶᠠᠷ ᠪᠡᠯᠡ ᠮᠦᠩᠭᠦ ᠴᠤᠭᠯᠠᠭᠤᠯᠵᠤ᠂ ᠢᠯᠡᠴᠢᠯᠡᠨ ᠮᠡᠳᠡᠭᠦᠯᠦᠭᠰᠡᠨ ᠨᠢ ᠦᠨᠡᠨ ᠪᠣᠳᠠᠲᠠᠢ ᠪᠠᠶᠢᠬᠤ ᠶᠢ ᠨᠢ | ᠱᠠᠩᠨᠠᠨ ᠬᠦᠬᠢᠭᠦᠯᠵᠦ᠂ ᠨᠡᠶᠢᠭᠡᠮ ᠤᠨ ᠬᠦᠴᠦᠨ ᠳᠤ ᠲᠦᠰᠢᠭᠯᠡᠨ ᠣᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ | ᠵᠠᠰᠠᠵᠤ᠂ ᠪᠦᠬᠦ ᠠᠷᠠᠳ ᠢᠶᠠᠷ ᠢᠶᠠᠨ ᠬᠢᠨᠠᠯᠲᠡ ᠲᠠᠯᠪᠢᠵᠤ᠂ ᠬᠠᠮᠳᠤᠪᠠᠷ ᠵᠢᠷᠤᠮᠯᠠᠨ ᠰᠠᠬᠢᠵᠦ᠂ ᠬᠦᠮᠦᠨ ᠪᠣᠯᠭᠠᠨ | ᠪᠡᠶ᠎ᠡ ᠪᠠᠨ ᠱᠠᠭᠠᠷᠳᠠᠬᠤ ᠰᠠᠶᠢᠨ ᠰᠠᠶᠢᠬᠠᠨ ᠣᠷᠴᠢᠨ ᠠᠬᠤᠢ ᠶᠢ ᠶᠡᠬᠡᠪᠡᠷ ᠪᠣᠢ ᠪᠣᠯᠭᠠᠬᠤ ᠬᠡᠷᠡᠭᠲᠡᠢ᠃ | ︵ᠳᠥᠷᠪᠡ︶ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ | 1. ᠬᠠᠮᠢᠶᠠᠷᠤᠯᠲᠠ ᠶᠢᠨ ᠰᠢᠰᠲ᠋ᠧᠮ ᠤᠨ ᠬᠡᠷᠡᠭᠯᠡᠭᠡᠨ ᠢ ᠴᠢᠩᠭᠠᠳᠬᠠᠬᠤ ᠬᠡᠷᠡᠭᠲᠡᠢ᠃ ᠳᠣᠲᠣᠭᠠᠳᠤ ᠶᠢ | ᠬᠠᠮᠠᠭᠠᠯᠠᠬᠤ᠂ ᠵᠠᠮ ᠬᠠᠷᠢᠯᠴᠠᠭᠠᠨ ᠤ ᠲᠡᠭᠡᠭᠡᠪᠦᠷᠢ ᠶᠢᠨ ᠰᠠᠯᠠᠭ᠎ᠠ ᠮᠦᠴᠢᠷ ᠤᠳ ᠤᠨ ᠮᠠᠯᠵᠢᠬᠤ ᠲᠠᠷᠢᠶᠠᠯᠠᠬᠤ ᠣᠷᠣᠨ ᠤ | ᠵᠠᠮ ᠬᠠᠷᠢᠯᠴᠠᠭ᠎ᠠ ᠶᠢᠨ ᠨᠡᠶᠢᠭᠡᠮᠴᠢᠯᠡᠭᠰᠡᠨ ᠬᠠᠮᠢᠶᠠᠷᠤᠯᠲᠠ ᠶᠢᠨ ᠲᠠᠪᠴᠠᠩ ᠳᠤ ᠲᠥᠰᠢᠭᠯᠡᠨ᠂ ᠬᠠᠮᠢᠶᠠᠷᠤᠯᠲᠠ ᠶᠢᠨ | ᠠᠷᠭ᠎ᠠ ᠪᠠᠷᠢᠯ ᠤᠨ ᠰᠢᠨᠵᠢᠯᠡᠬᠦ ᠤᠬᠠᠭᠠᠨ ᠮᠡᠷᠭᠡᠵᠢᠯᠡᠯᠲᠡ ᠶᠢ ᠪᠡᠶᠡᠯᠡᠭᠦᠯᠵᠦ᠂ ᠡᠯ᠎ᠡ ᠠᠶᠢᠮᠠᠭ ᠬᠤᠲᠠ᠂ ᠡᠯ᠎ᠡ | ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠲᠡᠯᠭᠡᠷᠡᠭᠦᠯᠦᠨ ᠬᠡᠷᠡᠭᠯᠡᠬᠦ ᠶᠢ ᠰᠠᠶᠢᠲᠤᠷ ᠬᠢᠵᠦ᠂ ᠬᠥᠳᠡᠯᠦᠩᠭᠦᠢ ᠪᠠᠷ | ᠴᠤᠭᠯᠠᠭᠤᠯᠬᠤ᠂ ᠬᠠᠮᠢᠶᠠᠷᠬᠤ᠂ ᠤᠷᠢᠳᠴᠢᠯᠠᠨ ᠰᠡᠷᠡᠮᠵᠢᠯᠡᠬᠦ ᠪᠠ ᠮᠦᠷᠳᠡᠵᠦ ᠰᠢᠯᠭᠠᠨ ᠬᠢᠨᠠᠬᠤ ᠶᠢ ᠪᠡᠶᠡᠯᠡᠭᠦᠯᠬᠦ | ᠬᠡᠷᠡᠭᠲᠡᠢ᠃ | 2. ᠰᠢᠨᠵᠢᠯᠡᠬᠦ ᠤᠬᠠᠭᠠᠨ ᠮᠡᠷᠭᠡᠵᠢᠯ ᠤᠨ ᠲᠠᠯ᠎ᠠ ᠪᠠᠷ ᠬᠢ ᠣᠷᠤᠭᠤᠯᠤᠯᠲᠠ ᠶᠢᠨ ᠡᠷᠴᠢᠮ ᠢᠶᠠᠨ ᠨᠡᠮᠡᠭᠳᠡᠭᠦᠯᠬᠦ | ᠬᠡᠷᠡᠭᠲᠡᠢ᠃ ᠡᠯ᠎ᠡ ᠠᠶᠢᠮᠠᠭ ᠬᠤᠲᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠮᠠᠯᠵᠢᠬᠤ ᠲᠠᠷᠢᠶᠠᠯᠠᠬᠤ | ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠪᠠ ᠲᠠᠷᠢᠶᠠᠯᠠᠩ ᠤᠨ ᠮᠠᠰᠢᠨ ᠤ ᠦᠢᠯᠡᠳᠪᠦᠷᠢᠯᠡᠯ ᠤᠨ | ᠠᠶᠦᠯᠭᠦᠢ ᠶᠢᠨ ᠬᠠᠮᠢᠶᠠᠷᠤᠯᠲᠠ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠲᠤᠨᠤᠭ ᠲᠦᠬᠦᠬᠡᠷᠦᠮᠵᠢ ᠪᠠ ᠮᠡᠳᠡᠭᠡ | ᠵᠠᠩᠭᠢᠴᠢᠯᠠᠬᠤ ᠮᠡᠷᠭᠡᠵᠢᠯ ᠤᠨ ᠲᠠᠯ᠎ᠠ ᠪᠠᠷ ᠬᠢ ᠣᠷᠣᠭᠤᠯᠤᠯᠲᠠ ᠶᠢ ᠴᠢᠩᠭᠠᠳᠬᠠᠵᠤ᠂ ᠵᠠᠰᠠᠮᠠᠯ ᠵᠠᠮ ᠤᠨ ᠨᠡᠬᠡᠮᠵᠢᠯᠡᠨ | ᠪᠠᠷᠢᠪᠴᠢᠯᠠᠵᠤ ᠬᠢᠵᠠᠭᠠᠷᠯᠠᠨ ᠬᠢᠨᠠᠬᠤ ᠬᠠᠷᠠᠭᠤᠯ ᠪᠣᠭᠤᠮᠲᠠ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠰᠢᠬᠦ | ᠰᠢᠰᠲ᠋ᠧᠮ ᠢᠶᠠᠨ ᠴᠢᠩᠭᠠᠳᠬᠠᠬᠤ ᠬᠡᠷᠡᠭᠲᠡᠢ᠃ | ︵ᠲᠠᠪᠤ︶ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ | ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ | 1. ᠠᠮᠤᠷ ᠲᠦᠪᠰᠢᠨ ᠤ ᠤᠬᠠᠭᠤᠯᠭ᠎ᠠ ᠬᠦᠮᠦᠵᠢᠯ ᠤᠨ ᠤᠷᠲᠤ ᠬᠤᠭᠤᠴᠠᠭᠠᠨ ᠤ ᠪᠦᠲᠦᠮᠵᠢᠲᠦ | ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠨᠤᠭᠤᠳ ︽ᠵᠠᠮ ᠬᠠᠷᠢᠯᠴᠠᠭᠠᠨ ᠤ ᠪᠣᠯᠪᠠᠰᠤᠨ | ᠠᠵᠢᠯᠯᠠᠭᠠᠨ ᠤ ᠲᠦᠯᠦᠪᠯᠡᠭᠡ︾ ᠶᠢ ᠭᠦᠨᠵᠡᠭᠡᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭ᠎ᠠ | ᠵᠢᠴᠢ ᠲᠠᠷᠢᠶᠠᠯᠠᠩ ᠤᠨ ᠮᠠᠰᠢᠨ ᠤ ᠠᠶᠤᠯ ᠦᠬᠡᠢ ᠶᠢᠨ ᠤᠬᠠᠭᠤᠯᠭ᠎ᠠ ᠬᠦᠮᠦᠵᠢᠯ ᠤᠨ ᠲᠤᠰᠬᠠᠢ ᠲᠥᠯᠦᠪᠯᠡᠭᠡ ᠶᠢ | ᠲᠣᠭᠲᠠᠭᠠᠬᠤ ᠶᠢᠨ ᠬᠠᠮᠳᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠬᠠᠭᠤᠯᠭ᠎ᠠ ᠶᠢᠨ ᠲᠠᠯ᠎ᠠ ᠪᠠᠷ ᠬᠢ | ᠣᠷᠤᠭᠤᠯᠤᠯᠲᠠ ᠪᠠᠨ ᠨᠡᠮᠡᠭᠳᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭ᠎ᠠ ᠵᠢᠴᠢ ᠲᠠᠷᠢᠶᠠᠯᠠᠩ ᠤᠨ | ᠮᠠᠰᠢᠨ ᠤ ᠠᠶᠤᠯ ᠦᠬᠡᠢ ᠶᠢᠨ ᠤᠬᠠᠭᠤᠯᠭ᠎ᠠ ᠬᠦᠮᠦᠵᠢᠯ ᠤᠨ ᠠᠵᠢᠯ ᠤᠨ ᠬᠡᠪᠰᠢᠵᠢᠯ ᠪᠠ ᠲᠥᠷᠢᠮᠵᠢᠯ ᠢ ᠠᠬᠢᠭᠤᠯᠬᠤ | ᠬᠡᠷᠡᠭᠲᠡᠢ᠃ | 2. ᠠᠶᠤᠯ ᠦᠬᠡᠢ ᠶᠢᠨ ᠤᠬᠠᠭᠤᠯᠭ᠎ᠠ ᠶᠢᠨ ᠵᠢᠬᠰᠠᠭᠠᠯ ᠤᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠬᠤ | ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ︽ᠠᠷᠪᠠ ᠶᠢ ᠪᠦᠷᠢᠨ ᠪᠦᠷᠬᠦᠭᠦᠯᠬᠦ︾ | ᠢᠨᠵᠧᠨᠧᠷᠢᠩ ᠲᠠᠢ ᠤᠶᠠᠯᠳᠤᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠲᠣᠮᠤ ᠯᠠᠪᠠᠢ᠂ ᠤᠬᠠᠭᠤᠯᠭ᠎ᠠ ᠶᠢᠨ | ᠴᠣᠩᠬᠤ᠂ ᠬᠠᠨ᠎ᠠ ᠶᠢᠨ ᠰᠣᠨᠢᠨ ᠢ ︽ᠬᠦᠳᠡᠭᠡ ᠲᠤᠰᠬᠤᠨ ᠳᠤ ᠣᠷᠤᠭᠤᠯᠬᠤ︾ ᠵᠢᠴᠢ ᠠᠮᠤᠷ ᠲᠦᠪᠰᠢᠨ ᠤ | ᠤᠬᠠᠭᠤᠯᠭ᠎ᠠ ᠶᠢ ︽ᠰᠤᠷᠭᠠᠭᠤᠯᠢ ᠶᠢᠨ ᠬᠦᠷᠢᠶᠡᠨ ᠳᠤ ᠣᠷᠤᠭᠤᠯᠬᠤ︾ ᠠᠵᠢᠯ ᠢ ᠠᠬᠢᠭᠤᠯᠵᠤ᠂ 2016 ᠣᠨ ᠤ | ᠵᠢᠯ ᠤᠨ ᠰᠡᠭᠦᠯᠴᠢ ᠠᠴᠠ ᠡᠮᠤᠨ᠎ᠠ᠂ ᠮᠠᠯᠵᠢᠬᠤ ᠲᠠᠷᠢᠶᠠᠯᠠᠬᠤ ᠣᠷᠣᠨ ᠤ ᠲᠣᠮᠣ ᠯᠠᠪᠠᠢ᠂ ᠤᠬᠠᠭᠤᠯᠭ᠎ᠠ ᠶᠢᠨ ᠪᠣᠯᠣᠩ ︵ | ᠴᠣᠩᠬᠤ᠂ ᠬᠠᠨ᠎ᠠ ᠶᠢᠨ ᠰᠣᠨᠢᠨ︶ ᠤᠨ ᠲᠥᠭᠡᠮᠡᠯᠵᠢᠭᠦᠯᠬᠦ ᠨᠣᠷᠮ᠎ᠠ ᠶᠢ 100% ᠳᠤ ᠬᠦᠷᠦᠭᠦᠯᠵᠦ᠂ ᠰᠤᠷᠭᠠᠭᠤᠯᠢ᠂ | ᠬᠡᠤᠭᠡᠳ ᠤᠨ ᠴᠡᠴᠡᠷᠯᠢᠭ ᠲᠤ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠪᠣᠯᠣᠩ ᠭᠠᠷᠭᠠᠬᠤ ᠶᠢ | 100% ᠳᠤ ᠬᠦᠷᠦᠭᠦᠯᠵᠦ᠂ ᠰᠤᠷᠤᠯᠭ᠎ᠠ ᠶᠢᠨ ᠬᠤᠭᠤᠴᠠᠭ᠎ᠠ ᠪᠦᠷᠢ ᠶᠠᠳᠠᠬᠤ ᠳᠤ 2 ᠤᠳᠠᠭ᠎ᠠ ᠠᠴᠠ ᠳᠡᠭᠡᠭᠰᠢ ᠵᠠᠮ | ᠬᠠᠷᠢᠯᠴᠠᠭ᠎ᠠ ᠪᠠ ᠲᠠᠷᠢᠶᠠᠯᠠᠩ ᠤᠨ ᠮᠠᠰᠢᠨ ᠤ ᠠᠶᠦᠯ ᠦᠬᠡᠢ ᠶᠢᠨ ᠬᠢᠴᠢᠶᠡᠯ ᠬᠢᠬᠦ ᠬᠡᠷᠡᠭᠲᠡᠢ᠃ ᠬᠤᠰᠢᠭᠤ ᠰᠢᠶᠠᠨ ᠤ | ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠰᠠᠷ᠎ᠠ ᠪᠦᠷᠢ 1 ᠬᠤᠭᠤᠴᠠᠭᠠᠨ ᠤ ᠵᠠᠮ ᠬᠠᠷᠢᠯᠴᠠᠭᠠᠨ ᠤ ᠠᠮᠤᠷ | ᠲᠦᠪᠰᠢᠨ ᠤ ᠲᠤᠯᠸᠢᠰ᠂ ᠷᠠᠳᠢᠣ᠋ ᠨᠡᠪᠲᠡᠷᠡᠭᠦᠯᠭᠡ ᠶᠢᠨ ᠤᠬᠠᠭᠤᠯᠭ᠎ᠠ ᠶᠢᠨ ᠫᠷᠦᠭᠷᠡᠮ ᠲᠣᠬᠢᠷᠠᠭᠤᠯᠬᠤ ᠬᠡᠷᠡᠭᠲᠡᠢ᠃ | ︵ᠵᠢᠷᠭᠤᠭ᠎ᠠ︶ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠦᠨᠡᠯᠡᠯᠲᠡ | ᠬᠢᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ | 1. ᠠᠮᠤᠷ ᠲᠦᠪᠰᠢᠨ ᠤ ᠰᠢᠯᠭᠠᠨ ᠬᠢᠨᠠᠵᠤ ᠦᠨᠡᠯᠡᠯᠲᠡ ᠬᠢᠬᠦ ᠶᠢ ᠳᠡᠰ ᠱᠠᠳᠤ ᠬᠤᠪᠢᠶᠠᠨ ᠬᠡᠷᠡᠭᠵᠢᠭᠦᠯᠬᠦ | ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠤᠨ ᠤᠳᠤᠷᠢᠳᠬᠤ | ᠳᠤᠭᠤᠶᠢᠯᠠᠩ ᠨᠢ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ | ᠠᠵᠢᠯ ᠢ ᠡᠯ᠎ᠡ ᠠᠶᠢᠮᠠᠭ ᠬᠤᠲᠠ ᠶᠢᠨ ᠠᠶᠤᠯ ᠦᠬᠡᠢ ᠦᠢᠯᠡᠳᠪᠦᠷᠢᠯᠡᠯ ᠤᠨ ᠣᠨ ᠤ ᠰᠢᠯᠭᠠᠨ ᠬᠢᠨᠠᠬᠤ ᠠᠭᠤᠯᠭ᠎ᠠ ᠳᠤ | ᠣᠷᠤᠭᠤᠯᠵᠤ᠂ ᠡᠯ᠎ᠡ ᠠᠶᠢᠮᠠᠭ ᠬᠤᠲᠠ ᠴᠦ ᠲᠤᠰ ᠠᠵᠢᠯ ᠢ ᠲᠤᠤᠷᠠᠳᠤ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠠᠵᠢᠯ ᠢ ᠦᠨᠡᠯᠡᠬᠦ ᠶᠢᠨ ᠨᠢᠭᠡ ᠵᠦᠢᠯ ᠤᠨ ᠴᠢᠬᠤᠯᠠ ᠠᠭᠤᠯᠭ᠎ᠠ ᠪᠣᠯᠭᠠᠵᠤ ᠣᠨ ᠤ ᠰᠢᠯᠭᠠᠨ ᠬᠢᠨᠠᠬᠤ ᠳᠤ | ᠣᠷᠣᠭᠤᠯᠬᠤ ᠬᠡᠷᠡᠭᠲᠡᠢ᠃ | 2. ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠬᠤ ᠬᠡᠷᠡᠭᠲᠡᠢ᠃ ᠡᠯ᠎ᠡ ᠭᠠᠵᠠᠷ ᠣᠷᠣᠨ ᠨᠤᠭᠤᠳ ᠬᠤᠯᠪᠣᠭᠳᠠᠯ | ᠪᠦᠬᠦᠢ ᠲᠣᠭᠲᠠᠭᠠᠯ ᠶᠣᠰᠤᠭᠠᠷ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠳᠡᠯ ᠢ ᠪᠠᠶᠢᠴᠠᠭᠠᠬᠤ | ᠠᠵᠢᠯ ᠢ ᠰᠠᠶᠢᠲᠤᠷ ᠬᠢᠵᠦ᠂ ᠠᠳᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠ ᠠᠵᠢᠯ ᠲᠥᠷᠥᠯ ᠤᠨ ᠬᠢᠨ ᠤ | ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠢ᠃ | ᠳᠥᠷᠪᠡ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠡᠢ᠃ | ᠡᠯ᠎ᠡ ᠠᠶᠢᠮᠠᠭ ᠬᠤᠲᠠ ᠨᠤᠭᠤᠳ ᠠᠶᠤᠯ ᠦᠬᠡᠢ ᠪᠠᠷ ᠬᠦᠭᠵᠢᠭᠦᠯᠬᠦ ᠣᠨᠣᠯᠵᠢᠬᠤᠨ ᠢ ᠪᠠᠲᠤ ᠪᠠᠬᠢ ᠪᠣᠢ | ᠪᠣᠯᠭᠠᠵᠤ᠂ ᠬᠢᠵᠠᠭᠠᠷ ᠱᠣᠭᠤᠮ ᠤᠨ ᠰᠡᠳᠬᠢᠴᠡ ᠶᠢ ᠴᠢᠩᠭᠠᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠮ | ᠬᠠᠷᠢᠯᠴᠠᠭᠠᠨ ᠤ ᠠᠮᠤᠷ ᠲᠦᠪᠰᠢᠨ ᠤ ᠠᠵᠢᠯ ᠢ ᠦᠨᠡᠨᠬᠦ ᠴᠢᠩᠭᠠᠳᠬᠠᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ | ᠰᠠᠯᠭ᠎ᠠ ᠮᠦᠴᠢᠷ ᠤᠳ ᠨᠢᠭᠲᠠ ᠬᠠᠮᠵᠢᠯᠴᠠᠨ᠂ ᠪᠠᠶᠢᠭᠤᠯᠤᠯ ᠲᠣᠭᠲᠠᠴᠠ ᠪᠠᠨ ᠲᠡᠭᠦᠯᠳᠡᠷᠵᠢᠭᠦᠯᠦᠨ᠂ ᠠᠵᠢᠯ ᠤᠨ | ᠠᠷᠭ᠎ᠠ ᠳᠤ ᠰᠢᠨ᠎ᠡ ᠶᠢ ᠡᠭᠦᠳᠴᠦ᠂ ᠠᠷᠭ᠎ᠠ ᠬᠡᠮᠵᠢᠶ᠎ᠡ ᠪᠠᠨ ᠨᠠᠶᠢᠳᠠᠪᠤᠷᠢᠵᠢᠭᠤᠯᠬᠤ ᠶᠢ ᠴᠢᠩᠭᠠᠷᠠᠭᠤᠯᠵᠤ᠂ ᠮᠠᠯᠵᠢᠬᠤ | ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ | ᠰᠠᠶᠢᠵᠢᠷᠠᠬᠤ ᠶᠢ ᠠᠬᠢᠭᠤᠯᠬᠤ ᠬᠡᠷᠡᠭᠲᠡᠢ᠃ | ︵ᠬᠤᠶᠠᠷ︶ ᠠᠵᠢᠯ ᠤᠨ ᠠᠷᠭ᠎ᠠ ᠬᠡᠮᠵᠢᠶ᠎ᠠ ᠪᠠᠨ ᠨᠠᠷᠢᠯᠢᠬᠵᠢᠭᠤᠯᠬᠤ ᠬᠡᠷᠡᠭᠲᠡᠢ᠃ | ᠡᠯ᠎ᠡ ᠠᠶᠢᠮᠠᠭ ᠬᠤᠲᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠪᠣᠳᠠᠲᠠᠢ ᠲᠠᠢ ᠪᠠᠨ | ᠤᠶᠠᠯᠳᠤᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠡᠷᠡᠭᠵᠢᠭᠦᠯᠬᠦ | ᠲᠦᠰᠦᠯ ᠪᠠ ᠣᠨ ᠤ ᠠᠬᠢᠭᠤᠯᠬᠤ ᠲᠥᠯᠥᠪᠯᠡᠭᠡ ᠲᠣᠭᠲᠠᠭᠠᠵᠤ᠂ ᠠᠵᠢᠯ ᠤᠨ ᠡᠭᠦᠷᠭᠡ ᠪᠠᠨ ᠲᠣᠳᠣᠷᠬᠠᠶᠢᠯᠠᠵᠤ᠂ | ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠤᠨ ᠲᠠᠯ᠎ᠠ ᠪᠠᠷ ᠰᠢᠨ᠎ᠡ ᠰᠢᠪᠳᠤᠯᠤᠯᠲᠠ ᠲᠠᠢ | ᠪᠤᠯᠬᠤ ᠪᠠᠷ ᠴᠢᠷᠮᠠᠶᠢᠬᠤ ᠬᠡᠷᠡᠭᠲᠡᠢ᠃ | ︵ᠭᠤᠷᠪᠠ︶ ᠠᠵᠢᠯ ᠤᠨ ᠪᠠᠳᠤᠯᠠᠭ᠎ᠠ ᠶᠢ ᠴᠢᠩᠭᠠᠷᠠᠭᠤᠯᠬᠤ ᠬᠡᠷᠡᠭᠲᠡᠢ᠃ | ᠡᠯ᠎ᠡ ᠠᠶᠢᠮᠠᠭ ᠬᠤᠲᠠ ᠨᠤᠭᠤᠳ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ | ᠲᠦᠪᠰᠢᠨ ᠤ ᠲᠠᠯ᠎ᠠ ᠪᠠᠷ ᠬᠢ ᠣᠷᠤᠭᠤᠯᠤᠯᠲᠠ ᠪᠠᠨ ᠨᠡᠮᠡᠭᠳᠡᠭᠦᠯᠵᠦ᠂ ᠲᠤᠰᠬᠠᠢ ᠪᠡᠯᠡ ᠮᠦᠩᠭᠦ ᠲᠣᠬᠢᠷᠠᠭᠤᠯᠬᠤ ᠶᠢᠨ | ᠬᠠᠮᠳᠤ᠂ ᠡᠳ᠋ ᠤᠨ ᠵᠠᠰᠠᠭ ᠤᠨ ᠲᠦᠰᠦᠪ ᠲᠤ ᠣᠷᠤᠭᠤᠯᠵᠤ᠂ ᠬᠡᠷᠡᠭᠯᠡᠯᠲᠡ ᠬᠠᠮᠢᠶᠠᠷᠤᠯᠲᠠ ᠶᠢ ᠵᠢᠷᠤᠮᠵᠢᠭᠤᠯᠬᠤ | ᠬᠡᠷᠡᠭᠲᠡᠢ᠃ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠭᠴᠢ᠂ ᠬᠠᠪᠰᠤᠷᠤᠨ ᠬᠠᠮᠢᠶᠠᠷᠤᠭᠴᠢ ᠳᠤ ᠵᠠᠷᠴᠢᠮ | ᠳᠡᠭᠡᠷ᠎ᠡ ᠪᠠᠨ ᠬᠦᠮᠦᠨ ᠪᠦᠷᠢ 500 ᠲᠦᠭᠦᠷᠢᠭ / ᠰᠠᠷ᠎ᠠ ᠠᠴᠠ ᠳᠣᠣᠷ᠎ᠠ ᠦᠭᠡᠢ ᠪᠠᠶᠢᠯᠭᠠᠬᠤ ᠶᠢ ᠪᠠᠲᠤᠯᠠᠬᠤ | ᠪᠠᠷᠢᠮᠵᠢᠶ᠎ᠠ ᠲᠣᠭᠲᠠᠭᠠᠵᠤ᠂ ᠢᠳᠬᠠᠨ ᠰᠤᠷᠭᠠᠬᠤ ᠦᠷᠲᠡᠭᠡ ᠶᠢᠨ ᠠᠵᠢᠯ ᠤᠨ ᠵᠠᠷᠤᠳᠠᠯ ᠢ ᠢᠳᠡᠪᠬᠢᠲᠡᠢ | ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠠᠶᠢᠮᠠᠭ ᠬᠤᠲᠠ ᠨᠤᠭᠤᠳ ᠪᠠᠲᠤᠯᠠᠭ᠎ᠠ ᠶᠢᠨ ᠬᠠᠷᠢᠭᠤᠴᠠᠯᠭ᠎ᠠ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ᠣᠯᠠᠨ ᠵᠠᠮ ᠮᠦᠷ ᠢᠶᠠᠷ ᠪᠡᠯᠡ ᠮᠦᠩᠭᠦ ᠴᠤᠭᠯᠠᠭᠤᠯᠵᠤ᠂ ᠲᠥᠷᠥ ᠶᠢᠨ ᠪᠣᠳᠣᠯᠭ᠎ᠠ ᠶᠢᠨ | ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠪᠠᠲᠤᠯᠠᠵᠤ᠂ ᠢᠳᠬᠠᠨ ᠰᠤᠷᠭᠠᠬᠤ ᠦᠷᠲᠡᠭᠡ ᠶᠢᠨ ᠪᠦᠲᠦᠮᠵᠢᠲᠡᠢ ᠪᠠᠷ | ᠡᠭᠦᠷᠭᠡ ᠴᠢᠳᠠᠪᠤᠷᠢ ᠪᠠᠨ ᠭᠦᠢᠴᠡᠳᠭᠡᠬᠦ ᠶᠢ ᠪᠠᠲᠤᠯᠠᠬᠤ ᠬᠡᠷᠡᠭᠲᠡᠢ᠃ ᠡᠭᠦᠨ ᠠᠴᠠ ᠭᠠᠳᠠᠨ᠎ᠠ᠂ ᠠᠵᠢᠯ ᠤᠨ ᠪᠣᠳᠠᠲᠠᠢ | ᠪᠠ ᠲᠤᠰ ᠱᠠᠲᠤᠨ ᠤ ᠡᠳ᠋ ᠤᠨ ᠵᠠᠰᠠᠭ ᠤᠨ ᠬᠦᠴᠦᠨ ᠢᠶᠠᠨ ᠦᠨᠳᠦᠰᠦᠯᠡᠨ ᠠᠰᠳᠠᠭᠠᠨ ᠨᠦᠬᠦᠪᠦᠷᠢ | ᠲᠣᠬᠢᠷᠠᠭᠤᠯᠬᠤ ᠶᠢᠨ ᠬᠠᠮᠳᠤ᠂ ᠠᠵᠢᠯ ᠳᠤ ᠭᠠᠷᠬᠤ ᠶᠢ ᠲᠡᠮᠳᠡᠭᠯᠡᠬᠦ᠂ ᠠᠵᠢᠯ ᠤᠨ ᠠᠮᠵᠢᠯᠲᠠ ᠪᠦᠳᠦᠮᠵᠢ ᠶᠢ | ᠰᠢᠯᠭᠠᠬᠤ ᠯᠤᠭ᠎ᠠ ᠬᠤᠯᠪᠣᠭᠳᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠨᠤᠭᠤᠳ ᠰᠣᠮᠣ ᠰᠢᠶᠠᠩ ᠪᠠᠯᠭᠠᠰᠤ ᠶᠢᠨ | ᠲᠠᠷᠢᠶᠠᠯᠠᠩ ᠤᠨ ᠮᠠᠰᠢᠨ ᠤ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠰᠠᠯᠪᠤᠷᠢ ᠪᠠᠶᠢᠭᠤᠯᠤᠮᠵᠢ ᠶᠢᠨ | ᠪᠠᠶᠢᠭᠤᠯᠤᠯᠲᠠ ᠶᠢ ᠲᠦᠷᠭᠡᠳᠭᠡᠵᠦ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠬᠠᠮᠢᠶᠠᠷᠤᠨ ᠡᠵᠡᠮᠳᠡᠬᠦ | ᠳᠤᠮᠳᠠᠬᠢ ᠲᠠᠷᠢᠶᠠᠯᠠᠩ ᠤᠨ ᠮᠠᠰᠢᠨ ᠤ ᠠᠶᠤᠯ ᠦᠬᠡᠢ ᠶᠢᠨ ᠬᠢᠨᠠᠨ ᠬᠠᠮᠢᠶᠠᠷᠬᠤ ᠪᠠᠶᠢᠭᠤᠯᠤᠮᠵᠢ ᠶᠢᠨ ᠦᠢᠯᠡᠳᠦᠯ ᠢ ᠨᠢ | ᠪᠠᠳᠠᠷᠠᠭᠤᠯᠬᠤ ᠬᠡᠷᠡᠭᠲᠡᠢ᠃ | ︵ᠲᠥᠷᠪᠡ︶ ᠬᠠᠷᠢᠭᠤᠴᠠᠯᠭ᠎ᠠ ᠶᠢ ᠨᠢ ᠭᠡᠳᠡᠷᠬᠡᠨ ᠪᠠᠶᠢᠴᠠᠭᠠᠬᠤ ᠶᠢ ᠴᠢᠩᠳᠠᠯᠠᠬᠤ ᠬᠡᠷᠡᠭᠲᠡᠢ᠃ | ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠳᠤ ᠭᠠᠷᠤᠭᠰᠠᠨ ᠬᠦᠨᠳᠦ ᠬᠡᠴᠡᠭᠦᠦ ᠠᠴᠠ ᠳᠡᠭᠡᠭᠰᠢᠬᠢ | ᠵᠠᠮ ᠬᠠᠷᠢᠯᠴᠠᠭᠠᠨ ᠤ ᠠᠳᠡᠯ ᠢ ︽ᠦᠢᠯᠡᠳᠪᠦᠷᠢᠯᠡᠯ ᠤᠨ ᠠᠶᠤᠯ ᠦᠬᠡᠢ ᠶᠢᠨ ᠠᠳᠡᠯ ᠤᠨ ᠮᠡᠳᠡᠭᠦᠯᠦᠯᠲᠡ ᠪᠠ | ᠪᠠᠶᠢᠴᠠᠭᠠᠨ ᠰᠢᠢᠳᠪᠦᠷᠢᠯᠡᠬᠦ ᠲᠥᠷᠢᠮ︾ ︵ᠲᠥᠷᠥ ᠶᠢᠨ ᠶᠠᠪᠤᠳᠠᠯ ᠤᠨ ᠬᠤᠷᠢᠶ᠎ᠠ ᠶᠢᠨ 493 ᠳ᠋ᠤᠭᠠᠷ ᠲᠣᠭᠠᠲᠤ | ᠵᠠᠷᠯᠢᠭ︶ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯ ᠦᠬᠡᠢ ᠶᠢᠨ ᠦᠢᠯᠡᠳᠪᠦᠷᠢᠯᠡᠯ ᠤᠨ | ︿ᠨᠠᠮ ᠪᠠ ᠵᠠᠰᠠᠭ ᠤᠨ ᠬᠢᠨ ᠠᠳᠠᠯᠢ ᠬᠠᠷᠢᠭᠤᠴᠠᠯᠭ᠎ᠠ ᠲᠠᠢ ᠪᠠᠶᠢᠬᠤ᠂ ᠨᠢᠭᠡ ᠠᠵᠢᠯ ᠤᠨ ᠪᠠᠶᠢᠷᠢ ᠳᠤ ᠬᠤᠣᠰ | ᠬᠠᠷᠢᠭᠤᠴᠠᠯᠭ᠎ᠠ ᠡᠬᠦᠷᠬᠡᠯᠡᠬᠦ﹀ ᠶᠢᠨ ᠲᠦᠷ ᠬᠡᠷᠡᠭᠵᠢᠭᠦᠯᠬᠦ ᠠᠷᠭ᠎ᠠ︾ ᠵᠢᠴᠢ ︽ᠲᠥᠷᠪᠡ ᠶᠢ ᠦᠩᠭᠡᠷᠡᠭᠦᠯᠬᠦ ᠦᠭᠡᠢ︾ | ᠵᠠᠷᠴᠢᠮ ᠶᠣᠰᠤᠭᠠᠷ᠂ ᠬᠠᠷᠢᠭᠤᠴᠠᠯᠭ᠎ᠠ ᠶᠢ ᠭᠡᠳᠡᠷᠬᠡᠨ ᠪᠠᠶᠢᠴᠠᠭᠠᠬᠤ ᠲᠥᠷᠢᠮ ᠢ ᠴᠢᠩᠭ᠎ᠠ ᠬᠡᠷᠡᠭᠵᠢᠭᠦᠯᠵᠦ᠂ | ᠬᠠᠷᠢᠭᠤᠴᠠᠯᠭᠠᠲᠤ ᠤᠳᠤᠷᠢᠳᠤᠯᠭ᠎ᠠ᠂ ᠰᠢᠭᠤᠳ ᠬᠠᠷᠢᠭᠤᠴᠠᠯᠭᠠᠲᠠᠨ ᠪᠠ ᠬᠠᠮᠢᠶ᠎ᠠ ᠪᠦᠬᠦᠢ ᠬᠠᠷᠢᠭᠤᠴᠠᠯᠭ᠎ᠠ ᠲᠠᠢ | ᠬᠦᠮᠦᠨ ᠠᠴᠠ ᠬᠠᠷᠢᠭᠤᠴᠠᠯᠭ᠎ᠠ ᠶᠢ ᠬᠠᠤᠯᠢ ᠶᠣᠰᠤᠭᠠᠷ ᠨᠡᠬᠡᠮᠵᠢᠯᠡᠬᠦ ᠬᠡᠷᠡᠭᠲᠡᠢ᠃ |