ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠢ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ
ᠨᠡᠶᠢᠲᠡᠯᠡᠭᠰᠡᠨ ᠴᠠᠭ᠄
2017/2/13
                         ᠥᠪᠥᠷ ᠵᠠᠰᠠᠭ ᠠᠯᠪᠠᠨ ᠲᠠᠷᠬᠠᠭᠠᠭᠰᠠᠨ ﹇2016﹈ 105 ᠳ᠋ᠤᠭᠠᠷ ᠲᠤᠭᠠᠳᠤ                                        8 ᠳ᠋ᠤᠭᠠᠷ ᠰᠠᠷ᠎ᠠ ᠶᠢᠨ 29 ᠤ ᠡᠳᠥᠷ      ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ︽ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠢ ᠴᠢᠩᠭᠠᠳᠬᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠷᠥ ᠲᠠᠷᠬᠠᠭᠠᠭᠰᠠᠨ ﹇2012﹈ 30 ᠳ᠋ᠤᠭᠠᠷ ᠲᠣᠭᠠᠲᠤ︶ ᠪᠠ ︽ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠢ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠵᠠᠰᠠᠭ ᠲᠠᠷᠬᠠᠭᠠᠭᠰᠠᠨ ﹇2013﹈ 47 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠥᠨᠳᠦᠰᠦᠯᠡᠨ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠢ ᠰᠢᠨᠵᠢᠯᠡᠬᠦ ᠤᠬᠠᠭᠠᠨᠴᠢ ᠪᠠᠷ ᠵᠠᠰᠠᠬᠤ᠂ ᠶᠡᠷᠦᠩᠬᠡᠶᠢᠯᠡᠨ ᠵᠠᠰᠠᠬᠤ᠂ ᠰᠢᠰᠲ᠋ᠧᠮᠴᠢᠯᠡᠨ ᠵᠠᠰᠠᠬᠤ ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠡ᠊ᠨᠳᠡᠯ ᠢ ᠤᠯᠠᠮ ᠨᠢᠭᠡ ᠠᠯᠬᠤᠮ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠵᠤ᠂ ᠪᠦᠬᠦ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠶᠢᠳᠠᠯ ᠢ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠭᠤᠯᠬᠤ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠬᠡ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠢ ᠴᠢᠩᠭᠠᠳᠬᠠᠬᠤ ᠪᠠᠷ ᠳᠣᠣᠷᠠᠬᠢ ᠮᠡᠲᠦ ᠰᠠᠨᠠᠯ ᠢ ᠳᠤᠷᠠᠳᠪᠠ᠃      ᠨᠢᠭᠡ᠂ ᠵᠢᠯᠣᠭᠤᠳᠬᠤ ᠦᠵᠡᠯ ᠰᠠᠨᠠᠭ᠎ᠠ      ᠰᠢᠨᠵᠢᠯᠡᠬᠦ ᠤᠬᠠᠭᠠᠨᠴᠢ ᠬᠦᠭᠵᠢᠯᠲᠡ ᠶᠢᠨ ᠦᠵᠡᠯᠲᠡ ᠪᠠᠷ ᠶᠡᠷᠦᠩᠬᠡᠶᠢᠯᠡᠨ ᠵᠠᠬᠢᠷᠴᠤ᠂ ︽ᠬᠥᠮᠥᠨ ᠢᠶᠠᠷ ᠦᠨᠳᠦᠰᠦ ᠪᠣᠯᠭᠠᠵᠤ᠂ ᠠᠮᠤᠷ ᠲᠦᠪᠰᠢᠨ ᠢᠶᠠᠷ ᠬᠦᠭᠵᠢᠭᠦᠯᠬᠦ︾ ᠣᠨᠣᠯᠵᠢᠬᠤᠨ ᠢ ᠪᠠᠷᠢᠮᠲᠠᠯᠠᠵᠤ᠂ ︽ᠨᠠᠮ ᠤᠨ ᠬᠤᠷᠢᠶ᠎ᠠ ᠤᠳᠤᠷᠢᠳᠴᠤ᠂ ᠵᠠᠰᠠᠭ ᠤᠨ ᠣᠷᠳᠣᠨ ᠢᠶᠠᠷ ᠭᠤᠣᠯ ᠤᠳᠤᠷᠢᠳᠤᠮᠵᠢ ᠪᠣᠯᠭᠠᠬᠤ᠂ ᠰᠠᠯᠠᠭ᠎ᠠ ᠮᠦᠴᠢᠷ ᠤᠳ ᠭᠤᠣᠯᠴᠢᠯᠠᠨ ᠬᠠᠮᠢᠶᠠᠷᠴᠤ᠂ ᠦᠨᠳᠦᠰᠦᠨ ᠱᠠᠲᠤ ᠭᠤᠣᠯ ᠠᠳᠬᠤᠬᠤ᠂ ᠣᠯᠠᠨ ᠲᠦᠮᠡᠨ ᠣᠷᠣᠯᠴᠠᠵᠤ᠂ ᠨᠡᠶᠢᠭᠡᠮ ᠢᠶᠠᠷ ᠢᠶᠠᠨ ᠬᠠᠮᠳᠤᠷᠠᠨ ᠬᠦᠳᠡᠯᠦᠯᠴᠡᠬᠦ︾ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ︽ᠬᠤᠶᠠᠷ ᠲᠣᠭᠲᠠᠴᠠ︾᠂ ︽ᠳᠦᠷᠪᠡᠨ ᠬᠦᠴᠦᠨ︾ ᠪᠠ ︽ᠲᠦᠷᠪᠡᠨ ᠶᠡᠭᠡ ᠲᠤᠯᠭᠠᠭᠤᠷᠢ︾ ᠶᠢᠨ ᠬᠠᠮᠢᠶᠠᠷᠤᠯᠲᠠ ᠶᠢᠨ ᠵᠠᠭᠪᠤᠷ ︵︽ᠬᠤᠶᠠᠷ ᠲᠣᠭᠲᠠᠴᠠ︾᠄ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠴᠠ ᠪᠠ ᠠᠵᠢᠯ ᠤᠨ ᠲᠣᠭᠲᠠᠴᠠ︔ ︽ᠲᠦᠷᠪᠡᠨ ᠬᠦᠴᠦᠨ︾᠄ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠵᠠᠮ ᠬᠠᠷᠢᠯᠴᠠᠭᠠᠨ ᠤ ᠴᠠᠭᠳᠠᠭ᠎ᠠ ᠶᠢᠨ ᠳᠤᠮᠳᠠ ᠠᠩᠭᠢ᠂ ᠮᠠᠯᠵᠢᠬᠤ ᠲᠠᠷᠢᠶᠠᠯᠠᠬᠤ ᠣᠷᠣᠨ ᠤ ᠰᠤᠮᠤ ᠰᠢᠶᠠᠩ ᠪᠠᠯᠭᠠᠰᠤ ᠳᠤ ᠲᠣᠮᠢᠯᠠᠭᠰᠠᠨ ᠰᠠᠯᠪᠤᠷᠢ᠂ ᠲᠠᠷᠢᠶᠠᠯᠠᠩ ᠤᠨ ᠮᠠᠰᠢᠨ ᠤ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠦᠷᠲᠡᠭᠡ ᠪᠠ ᠢᠳᠬᠠᠨ ᠰᠤᠷᠭᠠᠬᠤ ᠦᠷᠲᠡᠭᠡ︔ ︽ᠲᠥᠷᠪᠡᠨ ᠶᠡᠭᠡ ᠲᠤᠯᠭᠠᠭᠤᠷᠢ︾᠄ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠰᠢᠰᠲ᠋ᠧᠮ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠰᠡᠷᠭᠡᠶᠢᠯᠡᠨ ᠬᠢᠵᠠᠭᠠᠷᠯᠠᠬᠤ ᠰᠢᠰᠲ᠋ᠧᠮᠵᠢ ᠶᠢᠨ ᠪᠦᠲᠤᠭᠡᠨ ᠪᠠᠶᠢᠭᠤᠯᠤᠯᠲᠠ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠮᠤᠷ ᠲᠦᠪᠰᠢᠨ ᠪᠣᠯᠣᠨ ᠠᠮᠢ ᠨᠠᠰᠤᠨ ᠤ ᠬᠠᠮᠠᠭᠠᠯᠠᠯᠳᠠ ᠶᠢᠨ ᠢᠨᠵᠧᠨᠧᠷᠢᠩ ᠤᠨ ᠪᠠᠶᠢᠭᠤᠯᠤᠯᠲᠠ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠪᠠ ᠲᠠᠷᠢᠶᠠᠯᠠᠩ ᠤᠨ ᠮᠠᠰᠢᠨ ᠤ ᠦᠢᠯᠡᠳᠪᠦᠷᠢᠯᠡᠯ ᠤᠨ ᠠᠶᠤᠯ ᠦᠭᠡᠢ ᠶᠢᠨ ᠤᠬᠠᠭᠤᠯᠤᠨ ᠬᠦᠮᠦᠵᠢᠭᠦᠯᠬᠦ ᠢᠨᠵᠧᠨᠧᠷᠢᠩ︶ ᠢ ᠪᠠᠶᠢᠭᠤᠯᠵᠤ᠂ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠪᠠᠷ ᠳᠠᠮᠵᠢᠵᠤ᠂ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠦᠨᠡᠨᠬᠦ ᠳᠡᠭᠡᠭᠰᠢᠯᠡᠭᠦᠯᠦᠨ᠂ ᠮᠠᠨ ᠤ ᠣᠷᠣᠨ ᠤ ᠠᠵᠤ ᠠᠬᠤᠢ ᠨᠡᠶᠢᠭᠡᠮ ᠤᠨ ᠬᠦᠭᠵᠢᠯᠲᠡ ᠳᠤ ᠦᠢᠯᠡᠴᠢᠯᠡᠬᠦ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠬᠠᠮᠠᠭᠠᠯᠠᠬᠤ᠂ ᠠᠷᠠᠳ ᠣᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠠ ᠠᠮᠤᠷ ᠲᠦᠪᠰᠢᠨ ᠢᠶᠠᠷ ᠭᠠᠳᠠᠭᠰᠢ ᠶᠠᠪᠤᠵᠤ ᠰᠠᠭᠤᠬᠤ ᠶᠢ ᠪᠠᠳᠤᠯᠠᠬᠤ ᠳᠤ ᠵᠠᠮ ᠬᠠᠷᠢᠯᠴᠠᠭᠠᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠢ ᠪᠣᠯᠭᠠᠬᠤ ᠬᠡᠷᠡᠭᠲᠡᠢ᠃      ᠬᠤᠶᠠᠷ᠂ ᠠᠵᠢᠯ ᠤᠨ ᠬᠠᠷᠠᠯᠲᠠ      ︵ᠨᠢᠭᠡ︶ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠰᠠᠭᠤᠷᠢ ᠠᠵᠢᠯ ᠢᠶᠠᠨ ᠴᠢᠩᠭᠠᠳᠬᠠᠨ᠎ᠠ᠃      2020 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ᠶᠢᠨ ᠵᠠᠰᠠᠮᠠᠯ ᠵᠠᠮ ᠤᠨ ᠳᠠᠯᠳᠠ ᠭᠡᠮ ᠤᠳ ᠢ ᠵᠠᠰᠠᠬᠤ ᠠᠵᠢᠯ ᠢᠶᠠᠨ ᠦᠨᠳᠦᠰᠦᠨ ᠳᠡᠭᠡᠨ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠰᠠᠭᠤᠷᠢ ᠪᠡᠯᠡᠳᠭᠡᠮᠵᠢ ᠶᠢ ᠢᠯᠡᠳᠲᠡ ᠰᠠᠶᠢᠵᠢᠷᠠᠭᠤᠯᠤᠨ᠎ᠠ᠃      ︵ᠬᠤᠶᠠᠷ︶ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠳᠥᠷᠢᠮ ᠢ ᠪᠦᠷᠢᠨᠰᠢᠭᠦᠯᠦᠨ᠎ᠡ᠃      ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠬᠠᠤᠯᠢ ᠬᠡᠷᠡᠭᠵᠢᠭᠦᠯᠦᠯᠲᠡ ᠶᠢ ᠬᠠᠮᠢᠶᠠᠷᠤᠨ ᠡᠵᠡᠮᠳᠡᠬᠦ᠂ ᠳᠠᠯᠳᠠ ᠭᠡᠮ ᠢ ᠪᠠᠶᠢᠴᠠᠭᠠᠨ ᠴᠡᠭᠴᠡᠯᠡᠨ ᠵᠠᠰᠠᠬᠤ᠂ ᠲᠡᠷᠭᠡ ᠬᠦᠰᠭᠡ ᠵᠢᠴᠢ ᠵᠢᠯᠣᠭᠤᠴᠢ ᠶᠢᠨ ᠬᠠᠮᠢᠶᠠᠷᠤᠯᠲᠠ ᠶᠢᠨ ᠳᠥᠷᠢᠮ ᠢ ᠪᠦᠷᠢᠨᠰᠢᠭᠦᠯᠵᠦ ᠬᠠᠮᠢᠶᠠᠷᠤᠨ ᠵᠢᠷᠤᠮᠵᠢᠭᠤᠯᠤᠨ᠎ᠠ᠃ ᠰᠤᠮᠤ ᠰᠢᠶᠠᠩ ᠪᠠᠯᠭᠠᠰᠤ ᠳᠤ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠦᠷᠲᠡᠭᠡ ᠪᠠ ᠲᠤᠰᠬᠠᠢ ᠲᠤᠰᠢᠶᠠᠯ ᠲᠠᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠭᠴᠢ ᠭᠠᠷᠭᠠᠵᠤ᠂ ᠭᠠᠴᠠᠭ᠎ᠠ ᠲᠤᠰᠬᠤᠨ ᠳᠤ ᠵᠠᠮ ᠬᠠᠷᠢᠯᠴᠠᠭᠠᠨ ᠤ ᠠᠮᠤᠷ ᠲᠦᠪᠰᠢᠨ ᠤ ᠢᠳᠬᠠᠨ ᠰᠤᠷᠭᠠᠬᠤ ᠦᠷᠲᠡᠭᠡ ᠪᠠ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠪᠰᠤᠷᠤᠨ ᠬᠠᠮᠢᠶᠠᠷᠤᠭᠴᠢ ︵ᠳᠣᠷᠣᠭᠰᠢ ︽ᠬᠤᠶᠠᠷ ᠦᠷᠲᠡᠭᠡ᠂ ᠬᠤᠶᠠᠷ ᠬᠠᠮᠢᠶᠠᠷᠤᠭᠴᠢ︾ ᠭᠡᠵᠦ ᠲᠣᠪᠴᠢᠯᠠᠨ᠎ᠠ︶ ᠪᠠᠶᠢᠭᠤᠯᠤᠨ᠎ᠠ᠃ ᠰᠤᠮᠤ ᠰᠢᠶᠠᠩ ᠪᠠᠯᠭᠠᠰᠤ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠦᠷᠲᠡᠭᠡ ᠪᠠᠶᠢᠷᠢᠯᠠᠭᠤᠯᠤᠨ ᠲᠣᠬᠢᠷᠠᠭᠤᠯᠬᠤ ᠨᠣᠷᠮ᠎ᠠ ᠶᠢ 2016 ᠣᠨ ᠤ ᠵᠢᠯ ᠤᠨ ᠰᠡᠭᠦᠯᠴᠢ ᠪᠣᠯᠲᠠᠯ᠎ᠠ 100% ᠳᠤ ᠬᠦᠷᠦᠭᠦᠯᠤᠨ᠎ᠠ︔ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠢᠳᠬᠠᠨ ᠰᠤᠷᠭᠠᠬᠤ ᠦᠷᠲᠡᠭᠡ ᠶᠢᠨ ᠪᠠᠶᠢᠷᠢᠯᠠᠭᠤᠯᠤᠨ ᠲᠣᠬᠢᠷᠠᠭᠤᠯᠬᠤ ᠨᠣᠷᠮ᠎ᠠ ᠶᠢ 2016 ᠣᠨ ᠤ ᠵᠢᠯ ᠤᠨ ᠰᠡᠭᠦᠯᠴᠢ ᠪᠣᠯᠲᠠᠯ᠎ᠠ 60% ᠳᠤ ᠬᠦᠷᠦᠭᠦᠯᠵᠦ᠂ 2020 ᠣᠨ ᠪᠣᠯᠲᠠᠯ᠎ᠠ 100% ᠳᠤ ᠬᠦᠷᠦᠭᠦᠯᠦᠨ᠎ᠡ᠃ ᠲᠠᠷᠢᠶᠠᠯᠠᠩ ᠤᠨ ᠮᠠᠰᠢᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠰᠤᠮᠤ ᠰᠢᠶᠠᠩ ᠪᠠᠯᠭᠠᠰᠤ ᠶᠢᠨ ᠬᠤᠪᠢᠶᠠᠷᠢ ᠰᠠᠯᠪᠤᠷᠢ ᠪᠠᠶᠢᠭᠤᠯᠤᠮᠵᠢ ᠶᠢᠨ ᠪᠠᠶᠢᠭᠤᠯᠤᠯᠲᠠ ᠶᠢ 2020 ᠣᠨ ᠪᠣᠯᠲᠠᠯ᠎ᠠ 60% ᠳᠤ ᠬᠦᠷᠦᠭᠦᠯᠦᠨ᠎ᠡ᠃      ︵ᠭᠤᠷᠪᠠ︶ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ᠪᠠᠷᠢᠯ ᠢ ᠲᠡᠭᠦᠯᠳᠡᠷᠵᠢᠭᠦᠯᠦᠨ᠎ᠡ᠃      ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠰᠢᠰᠲ᠋ᠧᠮ ᠤᠨ ᠠᠰᠢᠭᠯᠠᠯᠲᠠ ᠳᠤ ᠣᠷᠤᠭᠤᠯᠬᠤ᠂ ᠠᠮᠤᠷ ᠲᠦᠪᠰᠢᠨ ᠪᠠᠶᠢᠬᠤ ᠡᠰᠡᠬᠦ ᠶᠢ ᠰᠣᠳᠤᠯᠤᠨ ᠮᠠᠭᠠᠳᠯᠠᠵᠤ ᠤᠷᠢᠳᠴᠢᠯᠠᠨ ᠰᠡᠷᠡᠮᠵᠢᠯᠡᠬᠦ ᠪᠠ ᠤᠷᠢᠳᠴᠢᠯᠠᠨ ᠰᠡᠷᠭᠡᠶᠢᠯᠡᠬᠦ ᠴᠢᠳᠠᠪᠤᠷᠢ ᠴᠢᠩᠭᠠᠳᠬᠠᠭᠳᠠᠬᠤ ᠪᠣᠯᠣᠨ᠎ᠠ᠃ 2016 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠦᠨᠳᠦᠰᠦᠨ ᠳᠡᠭᠡᠨ ᠪᠠᠶᠢᠭᠤᠯᠤᠭᠳᠠᠬᠤ ᠪᠣᠯᠣᠨ᠎ᠠ︔ 2017 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠰᠤᠮᠤ ᠰᠢᠶᠠᠩ ᠪᠠᠯᠭᠠᠰᠤ ᠶᠢᠨ ᠬᠡᠷᠡᠭᠯᠡᠬᠦ ᠨᠣᠷᠮ᠎ᠠ ᠶᠢ 100% ᠳᠤ ᠬᠦᠷᠦᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠵᠠᠮ ᠤᠨ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠲᠣᠭᠲᠠᠭᠤᠨ ᠢᠶᠠᠷ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠮ ᠤᠨ ᠭᠤᠣᠯ ᠴᠢᠬᠤᠯᠠ ᠴᠢᠬ᠂ ᠴᠢᠬᠤᠯᠠ ᠵᠠᠮ ᠤᠨ ᠬᠡᠰᠡᠭ ᠲᠤ ᠵᠠᠮ ᠬᠠᠷᠢᠯᠴᠠᠭᠠᠨ ᠤ ᠬᠢᠨᠠᠨ ᠡᠵᠡᠮᠳᠡᠬᠦ ᠳᠥᠬᠦᠭᠡᠷᠦᠮᠵᠢ ᠤᠭᠰᠠᠷᠠᠨ ᠬᠡᠷᠡᠭᠯᠡᠨ᠎ᠡ᠃      ︵ᠲᠥᠷᠪᠡ︶ ᠮᠠᠯᠵᠢᠬᠤ ᠲᠠᠷᠢᠶᠠᠯᠠᠬᠤ ᠣᠷᠣᠨ ᠤ ᠵᠠᠮ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠦᠷ᠎ᠡ ᠳ᠋ᠦ᠋ᠶᠢᠩ ᠢ ᠰᠢᠯᠢᠳᠡᠭᠵᠢᠭᠦᠯᠦᠨ᠎ᠡ᠃      ᠮᠣᠲ᠋ᠣᠷ ᠲᠡᠷᠭᠡ ᠶᠢᠨ ᠠᠶᠤᠯ ᠠᠴᠠ ᠬᠠᠮᠠᠭᠠᠯᠠᠬᠤ ᠲᠣᠭᠤᠯᠠᠭ᠎ᠠ ᠵᠡᠭᠦᠬᠦ ᠨᠣᠷᠮ᠎ᠠ ᠶᠢ 95% ᠳᠤ ᠬᠦᠷᠦᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠮᠠᠰᠢᠨ ᠲᠡᠷᠭᠡ ᠶᠢᠨ ᠬᠠᠤᠯᠢ ᠰᠠᠬᠢᠬᠤ ᠨᠣᠷᠮ᠎ᠠ ᠶᠢ 90% ᠳᠤ ᠬᠦᠷᠦᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠳᠤ ᠣᠷᠣᠰᠢᠵᠤ ᠪᠠᠶᠢᠭ᠎ᠠ ᠮᠣᠲ᠋ᠣᠷ ᠲᠡᠷᠭᠡ ᠶᠢᠨ ︽ᠭᠤᠷᠪᠠ ᠪᠠᠶᠢᠬᠤ ᠦᠭᠡᠢ︾ ︵ᠲᠡᠷᠭᠡᠨ ᠪᠠᠶᠢᠰᠠ ᠪᠠᠶᠢᠬᠤ ᠦᠭᠡᠢ᠂ ᠵᠢᠯᠣᠭᠤᠴᠢ ᠶᠢᠨ ᠦᠨᠡᠮᠯᠡᠯ ᠪᠠᠶᠢᠬᠤ ᠦᠭᠡᠢ᠂ ᠠᠶᠤᠯ ᠠᠴᠠ ᠬᠠᠮᠠᠭᠠᠯᠠᠬᠤ ᠲᠤᠭᠤᠯᠠᠭ᠎ᠠ ᠪᠠᠶᠢᠬᠤ ᠦᠭᠡᠢ︶᠂ ᠬᠦᠳᠡᠭᠡ ᠲᠤᠰᠬᠤᠨ ᠤ ᠮᠣᠬᠤᠯᠠᠭ ᠮᠠᠰᠢᠨ ᠲᠡᠷᠭᠡᠨ ᠤ ︽ᠭᠤᠷᠪᠠ ᠦᠭᠡᠢ︾ ︵ᠲᠡᠷᠭᠡᠨ ᠤ ᠪᠠᠶᠢᠳᠠᠯ ᠨᠢ ᠬᠢᠷᠢ ᠲᠡᠩᠴᠡᠬᠦ ᠦᠭᠡᠢ᠂ ᠵᠢᠯᠣᠭᠤᠴᠢ ᠨᠢ ᠬᠠᠤᠯᠢ ᠰᠠᠬᠢᠬᠤ ᠦᠭᠡᠢ᠂ ᠮᠡᠷᠭᠡᠵᠢᠯ ᠴᠢᠳᠠᠪᠤᠷᠢ ᠶᠢ ᠡᠵᠡᠮᠰᠢᠭᠰᠡᠨ ᠦᠭᠡᠢ︶ ᠪᠠ ᠮᠠᠯᠵᠢᠬᠤ ᠲᠠᠷᠢᠶᠠᠯᠠᠬᠤ ᠣᠷᠣᠨ ᠤ ᠰᠤᠷᠤᠭᠴᠢ ᠲᠣᠰᠴᠦ ᠬᠦᠷᠭᠡᠬᠦ ᠮᠠᠰᠢᠨ ᠲᠡᠷᠭᠡᠨ ᠤ ︽ᠭᠤᠷᠪᠠ ᠠᠴᠠ ᠵᠦᠷᠢᠴᠡᠭᠰᠡᠨ︾ ︵ᠬᠠᠤᠯᠢ ᠠᠴᠠ ᠵᠥᠷᠢᠴᠡᠨ ᠡᠵᠡᠩᠨᠡᠨ ᠠᠵᠢᠯᠯᠠᠬᠤ᠂ ᠬᠠᠤᠯᠢ ᠠᠴᠠ ᠵᠥᠷᠢᠴᠡᠨ ᠰᠠᠭᠤᠳᠠᠯ ᠤᠨ ᠲᠤᠭ᠎ᠠ ᠠᠴᠠ ᠬᠡᠲᠦᠷᠡᠭᠦᠯᠦᠨ ᠲᠡᠭᠡᠭᠡᠪᠦᠷᠢᠯᠡᠬᠦ᠂ ᠪᠠᠷᠠᠭᠠᠨ ᠤ ᠮᠠᠰᠢᠨ ᠪᠠ ᠲᠷᠡᠺᠲ᠋ᠦᠷ ᠨᠢ ᠬᠠᠤᠯᠢ ᠠᠴᠠ ᠵᠥᠷᠢᠴᠡᠨ ᠬᠦᠮᠦᠨ ᠲᠡᠭᠡᠭᠡᠪᠦᠷᠢᠯᠡᠬᠦ︶ ᠵᠡᠷᠭᠡ ᠵᠠᠮ ᠤᠨ ᠠᠮᠤᠷ ᠲᠦᠪᠰᠢᠨ ᠤ ᠠᠰᠠᠭᠤᠳᠠᠯ ᠤᠳ ᠢ ᠰᠢᠢᠳᠪᠦᠷᠢᠯᠡᠨ᠎ᠡ᠃      ᠭᠤᠷᠪᠠ᠂ ᠠᠵᠢᠯ ᠤᠨ ᠡᠭᠦᠷᠭᠡ      ︵ᠨᠢᠭᠡ︶ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠬᠦ ᠬᠡᠷᠡᠭᠲᠡᠢ᠃      1. ᠬᠠᠮᠢᠶᠠᠷᠤᠯᠲᠠ ᠶᠢᠨ ᠲᠤᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠢᠯ ᠤᠨ ᠠᠯᠪᠠᠨ ᠭᠡᠷ ᠠᠴᠠ ᠪᠦᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠵᠣᠬᠢᠶᠠᠨ ᠪᠠᠶᠢᠭᠤᠯᠤᠨ ᠤᠳᠤᠷᠢᠳᠬᠤ ᠶᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠤᠨ ᠤᠳᠤᠷᠢᠳᠬᠤ ᠲᠤᠭᠤᠶᠢᠯᠠᠩ ᠠᠴᠠ ᠪᠦᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠵᠣᠬᠢᠴᠠᠭᠤᠯᠬᠤ ᠠᠵᠢᠯ ᠢ ᠡᠭᠦᠷᠭᠡᠯᠡᠨ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠤᠨ ᠤᠳᠤᠷᠢᠳᠬᠤ ᠲᠤᠭᠤᠶᠢᠯᠠᠩ ᠵᠢᠴᠢ ᠪᠦᠷᠢᠯᠳᠦᠭᠦᠨ ᠨᠢᠭᠡᠴᠡ ᠨᠦᠭᠦᠳ ᠠᠴᠠ ᠬᠠᠷᠢᠶᠠᠯᠠᠬᠤ ᠣᠷᠣᠨ ᠤ ᠣᠷᠣᠨ ᠪᠦᠰᠡ ᠶᠢᠨ ᠳᠣᠲᠣᠷᠠᠬᠢ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠵᠣᠬᠢᠶᠠᠨ ᠪᠠᠶᠢᠭᠤᠯᠤᠨ ᠵᠣᠬᠢᠴᠠᠭᠤᠯᠬᠤ ᠪᠠ ᠡᠳᠦᠷ ᠳᠣᠲᠣᠮ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠪᠣᠳᠠᠲᠠᠢ ᠬᠠᠷᠢᠭᠤᠴᠠᠨ᠎ᠠ᠃ ᠰᠤᠮᠤ ᠰᠢᠶᠠᠩ ᠪᠠᠯᠭᠠᠰᠤ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠪᠠᠶᠢᠭᠤᠯᠤᠮᠵᠢ ᠶᠢᠨ ᠪᠠᠶᠢᠭᠤᠯᠤᠯᠲᠠ ᠶᠢ ᠭᠤᠣᠯᠳᠠᠯᠭ᠎ᠠ ᠲᠠᠢ ᠴᠢᠩᠭᠠᠳᠬᠠᠵᠤ᠂ ᠠᠵᠢᠯᠲᠠᠨ ᠢᠶᠠᠨ ᠲᠡᠭᠦᠯᠳᠡᠷᠵᠢᠭᠦᠯᠤᠨ᠂ ᠵᠠᠷᠤᠳᠠᠯ ᠢ ᠪᠠᠳᠤᠯᠠᠵᠤ᠂ ᠳᠥᠷᠢᠮ ᠢᠶᠠᠨ ᠲᠡᠭᠦᠯᠳᠡᠷᠵᠢᠭᠦᠯᠬᠦ ᠶᠢᠨ ᠬᠠᠮᠳᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠦᠷᠲᠡᠭᠡ ᠪᠠᠶᠢᠭᠤᠯᠵᠤ᠂ ᠰᠤᠮᠤ ᠰᠢᠶᠠᠩ ᠪᠠᠯᠭᠠᠰᠤ ᠶᠢᠨ ᠤᠳᠤᠷᠢᠳᠤᠯᠭ᠎ᠠ ᠠᠴᠠ ᠦᠷᠲᠡᠭᠡ ᠶᠢᠨ ᠳᠠᠷᠤᠭ᠎ᠠ ᠶᠢᠨ ᠡᠭᠦᠷᠭᠡ ᠶᠢ ᠡᠭᠦᠷᠭᠡᠯᠡᠵᠦ᠂ ᠲᠤᠰᠬᠠᠢ ᠲᠤᠰᠢᠶᠠᠯ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠭᠴᠢ ᠶᠢ 2 ᠠᠴᠠ ᠳᠡᠭᠡᠭᠰᠢ ᠲᠣᠬᠢᠷᠠᠭᠤᠯᠬᠤ ᠬᠡᠷᠡᠭᠲᠡᠢ᠃ ᠭᠠᠴᠠᠭ᠎ᠠ ᠲᠤᠰᠬᠤᠨ ᠤ ᠵᠦᠪᠯᠡᠯ ᠨᠢ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠢ ᠡᠳᠦᠷ ᠳᠣᠲᠣᠮ ᠤᠨ ᠠᠵᠢᠯ ᠳᠠᠭᠠᠨ ᠣᠷᠤᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠢᠳᠬᠠᠨ ᠰᠤᠷᠭᠠᠬᠤ ᠦᠷᠲᠡᠭᠡ ᠪᠠᠶᠢᠭᠤᠯᠤᠨ᠂ ᠭᠠᠴᠠᠭ᠎ᠠ ᠲᠤᠰᠬᠤᠨ ᠪᠣᠯᠭᠠᠨ ᠳᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠪᠰᠤᠷᠤᠨ ᠬᠠᠮᠢᠶᠠᠷᠤᠭᠴᠢ ᠶᠢ ᠶᠠᠳᠠᠬᠤ ᠳᠤ 2 ᠠᠴᠠ ᠳᠡᠭᠡᠭᠰᠢ ᠲᠣᠬᠢᠷᠠᠭᠤᠯᠵᠤ᠂ ᠭᠠᠴᠠᠭ᠎ᠠ ᠲᠤᠰᠬᠤᠨ ᠤ ᠨᠠᠮ ᠤᠨ ᠡᠭᠦᠷ ᠤᠨ ᠱᠦᠵᠢ᠂ ᠭᠠᠴᠠᠭ᠎ᠠ ᠲᠤᠰᠬᠤᠨ ᠤ ᠳᠠᠷᠤᠭ᠎ᠠ ᠪᠣᠶᠣ ᠠᠮᠤᠷ ᠢ ᠬᠠᠮᠠᠭᠠᠯᠠᠬᠤ ᠭᠡᠰᠢᠭᠦᠨ ᠠᠴᠠ ᠬᠠᠷᠢᠭᠤᠴᠠᠯᠭᠠᠲᠠᠨ ᠪᠣᠯᠬᠤ ᠬᠡᠷᠡᠭᠲᠡᠢ᠃      2. ᠬᠠᠷᠢᠶᠠᠲᠤ ᠣᠷᠣᠨ ᠤ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠢ᠃ ︽ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯ ᠦᠬᠡᠢ ᠦᠢᠯᠡᠳᠪᠦᠷᠢᠯᠡᠯ ᠤᠨ ︿ᠨᠠᠮ ᠪᠠ ᠵᠠᠰᠠᠭ ᠤᠨ ᠬᠢᠨ ᠠᠳᠠᠯᠢ ᠬᠠᠷᠢᠭᠤᠴᠠᠯᠭ᠎ᠠ ᠲᠠᠢ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠬᠦᠷᠬᠡᠯᠡᠬᠦ﹀ ᠶᠢᠨ ᠲᠦᠷ ᠬᠡᠷᠡᠭᠵᠢᠭᠦᠯᠬᠦ ᠠᠷᠭ᠎ᠠ︾ ᠶᠢᠨ ᠱᠠᠭᠠᠷᠳᠠᠯᠭ᠎ᠠ ᠶᠣᠰᠤᠭᠠᠷ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠢ ︽ᠨᠠᠮ ᠪᠠ ᠵᠠᠰᠠᠭ ᠤᠨ ᠬᠢᠨ ᠠᠳᠠᠯᠢ ᠬᠠᠷᠢᠭᠤᠴᠠᠯᠭ᠎ᠠ ᠲᠠᠢ ᠪᠠᠶᠢᠵᠤ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠬᠦᠷᠬᠡᠯᠡᠬᠦ᠂ ᠬᠠᠷᠢᠭᠤᠴᠠᠯᠭ᠎ᠠ ᠠᠯᠳᠠᠭᠰᠠᠨ ᠪᠣᠯ ᠬᠠᠷᠢᠭᠤᠴᠠᠯᠭ᠎ᠠ ᠨᠡᠬᠡᠮᠵᠢᠯᠡᠵᠦ᠂ ᠵᠡᠷᠭᠡᠪᠡᠷ ᠠᠳᠬᠤᠵᠤ ᠬᠠᠮᠲᠤ ᠪᠠᠷ ᠬᠠᠮᠢᠶᠠᠷᠬᠤ︾ ᠬᠠᠷᠢᠶᠠᠲᠤ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ︽ᠭᠤᠣᠯ ᠴᠤᠭᠴᠠ ᠨᠢ ᠰᠢᠶᠠᠨ ᠳᠤ ᠪᠠᠶᠢᠵᠤ᠂ ᠬᠠᠮᠢᠶᠠᠷᠤᠯᠲᠠ ᠨᠢ ᠰᠢᠶᠠᠩ ᠳᠤ ᠪᠠᠶᠢᠬᠤ᠂ ᠲᠣᠰᠬᠤᠨ ᠳᠤ ᠬᠦᠷᠲᠡᠯ᠎ᠡ ᠤᠷᠳᠤᠳᠬᠠᠬᠤ︾ ᠬᠠᠮᠢᠶᠠᠷᠤᠯᠲᠠ ᠶᠢᠨ ᠵᠠᠭᠪᠤᠷ ᠢ ᠢᠳᠡᠪᠬᠢᠲᠡᠢ ᠠᠬᠢᠭᠤᠯᠬᠤ ᠶᠢᠨ ᠬᠠᠮᠲᠤ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠪᠠ ᠲᠠᠷᠢᠶᠠᠯᠠᠩ ᠤᠨ ᠮᠠᠰᠢᠨ ᠤ ᠦᠢᠯᠡᠳᠪᠦᠷᠢᠯᠡᠯ ᠤᠨ ᠠᠶᠤᠯᠭᠦᠢ ᠶᠢᠨ ᠠᠵᠢᠯ ᠢ ᠰᠤᠮᠤ ᠰᠢᠶᠠᠩ ᠪᠠᠯᠭᠠᠰᠤ ᠶᠢᠨ ᠠᠶᠤᠯ ᠦᠬᠡᠢ ᠦᠢᠯᠡᠳᠪᠦᠷᠢᠯᠡᠯ ᠤᠨ ᠠᠵᠢᠯ ᠳᠤ ᠦᠨᠡᠯᠡᠯᠲᠡ ᠬᠢᠬᠦ ᠶᠢᠨ ᠨᠢᠭᠡ ᠵᠦᠢᠯ ᠤᠨ ᠴᠢᠬᠤᠯᠠ ᠠᠭᠤᠯᠭ᠎ᠠ ᠪᠣᠯᠭᠠᠵᠤ᠂ ᠰᠤᠮᠤ ᠰᠢᠶᠠᠩ ᠪᠠᠯᠭᠠᠰᠤ ᠶᠢᠨ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠪᠠ ᠲᠠᠷᠢᠶᠠᠯᠠᠩ ᠤᠨ ᠮᠠᠰᠢᠨ ᠤ ᠦᠢᠯᠡᠳᠪᠦᠷᠢᠯᠡᠯ ᠤᠨ ᠠᠶᠤᠯ ᠦᠬᠡᠢ ᠶᠢᠨ ᠬᠠᠷᠢᠶᠠᠲᠤ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠬᠡᠷᠡᠭᠲᠡᠢ᠃      3. ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠤᠨ ᠤᠳᠤᠷᠢᠳᠬᠤ ᠲᠤᠭᠤᠶᠢᠯᠠᠩ ᠤᠳ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠪᠠᠨ ᠴᠢᠩᠭᠠᠷᠠᠭᠤᠯᠵᠤ᠂ ᠣᠷᠣᠨ ᠪᠦᠰᠡ ᠶᠢᠨ ᠳᠣᠲᠣᠷᠠᠬᠢ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠤᠨ ᠨᠢᠭᠡᠳᠦᠯᠲᠡᠢ ᠲᠥᠯᠦᠪᠯᠡᠨ ᠵᠣᠬᠢᠴᠠᠭᠤᠯᠬᠤ ᠡᠷᠴᠢᠮ ᠢ ᠴᠢᠩᠭᠠᠳᠬᠠᠵᠤ᠂ ᠠᠳᠠᠯᠢ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠪᠠ ᠳᠣᠣᠷᠠᠳᠤ ᠱᠠᠲᠤᠨ ᠤ ᠠᠷᠠᠳ ᠤᠨ ᠵᠠᠰᠠᠭ ᠤᠨ ᠣᠷᠳᠣᠨ ᠢ ᠰᠢᠮᠳᠠᠭᠤᠯᠤᠨ ᠪᠠᠶᠢᠴᠠᠭᠠᠵᠤ ᠪᠠᠶᠢᠭᠠᠳ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠭᠡᠵᠦ᠂ ᠬᠢᠨᠠᠯᠲᠠ ᠲᠠᠯᠪᠢᠨ ᠪᠠᠶᠢᠴᠠᠭᠠᠬᠤ ᠪᠠ ᠰᠢᠯᠭᠠᠨ ᠬᠢᠨᠠᠬᠤ ᠶᠢ ᠴᠢᠩᠭᠠᠳᠬᠠᠬᠤ ᠬᠡᠷᠡᠭᠲᠡᠢ᠃ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ᠬᠤᠶᠠᠷ ᠱᠠᠲᠤᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠤᠨ ᠤᠳᠤᠷᠢᠳᠬᠤ ᠳᠤᠭᠤᠶᠢᠯᠠᠩ ᠨᠢ ᠲᠣᠭᠲᠠᠮᠠᠯ ᠬᠤᠭᠤᠴᠠᠭ᠎ᠠ ᠲᠠᠢ ᠪᠠᠷ ᠪᠦᠷᠢᠯᠳᠦᠭᠦᠨ ᠨᠢᠭᠡᠴᠡ ᠶᠢᠨ ᠬᠠᠮᠳᠤᠷᠠᠭᠰᠠᠨ ᠬᠤᠷᠠᠯᠳᠤᠭᠠᠨ ᠬᠤᠷᠠᠯᠳᠤᠭᠤᠯᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠶᠢᠳᠠᠯ ᠢ ᠵᠠᠳᠠᠯᠵᠤ ᠰᠣᠳᠣᠯᠣᠨ ᠮᠠᠭᠠᠳᠯᠠᠵᠤ᠂ ᠬᠤᠯᠪᠣᠭᠳᠠᠯ ᠪᠦᠬᠦᠢ ᠠᠰᠠᠭᠤᠳᠠᠯ ᠤᠳ ᠢ ᠴᠠᠭ ᠲᠤᠬᠠᠢ ᠳᠤᠨᠢ ᠵᠤᠬᠢᠴᠠᠭᠤᠯᠤᠨ ᠰᠢᠢᠳᠪᠦᠷᠢᠯᠠᠵᠤ᠂ ᠬᠤᠯᠪᠣᠭᠳᠠᠯ ᠪᠦᠬᠦᠢ ᠰᠠᠯᠠᠭ᠎ᠠ ᠮᠦᠴᠢᠷ ᠪᠠ ︽ᠬᠤᠶᠠᠷ ᠦᠷᠲᠡᠭᠡ᠂ ᠬᠤᠶᠠᠷ ᠠᠵᠢᠯᠲᠠᠨ︾ ᠤ ᠠᠵᠢᠯ ᠢ ᠪᠠᠶᠢᠷᠢᠯᠠᠭᠤᠯᠤᠨ ᠪᠠᠶᠢᠴᠠᠭᠠᠨ ᠵᠢᠯᠣᠭᠤᠳᠴᠤ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠢ ᠢᠳᠡᠪᠬᠢᠲᠡᠢ ᠠᠬᠢᠭᠤᠯᠬᠤ ᠬᠡᠷᠡᠭᠲᠡᠢ᠃      4. ᠠᠵᠢᠯ ᠲᠦᠷᠦᠯ ᠤᠨ ᠬᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠲᠥᠷᠥᠯ ᠤᠨ ᠬᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠬᠠᠤᠯᠢ ᠶᠣᠰᠤᠭᠠᠷ ᠡᠭᠦᠷᠭᠡᠯᠡᠬᠦ ᠬᠡᠷᠡᠭᠲᠡᠢ᠃      ᠠᠶᠤᠯ ᠦᠬᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ᠄ ᠲᠤᠰ ᠭᠠᠵᠠᠷ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠶᠡᠷᠦᠩᠬᠡᠶᠢᠯᠡᠭᠰᠡᠨ ᠬᠢᠨᠠᠯᠲᠠ ᠲᠠᠯᠪᠢᠬᠤ᠂ ᠵᠣᠬᠢᠴᠠᠭᠤᠯᠬᠤ ᠪᠠ ᠵᠢᠯᠣᠭᠤᠳᠬᠤ ᠠᠵᠢᠯ ᠢ ᠬᠠᠷᠢᠭᠤᠴᠠᠵᠤ᠂ ᠠᠳᠡᠯ ᠤᠨ ᠬᠠᠷᠢᠭᠤᠴᠠᠯᠭ᠎ᠠ ᠨᠡᠬᠡᠮᠵᠢᠯᠡᠬᠦ ᠠᠵᠢᠯ ᠢ ᠬᠠᠤᠯᠢ ᠶᠣᠰᠤᠭᠠᠷ ᠦᠷᠨᠢᠭᠦᠯᠦᠨ᠎ᠡ᠃      ᠳᠤᠲᠣᠭᠠᠳᠤ ᠶᠢ ᠬᠠᠮᠠᠭᠠᠯᠠᠬᠤ ᠰᠠᠯᠠᠭ᠎ᠠ ᠮᠦᠴᠢᠷ᠄ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠲᠦᠷᠦᠭᠦᠯᠡᠨ ᠵᠣᠬᠢᠶᠠᠨ ᠪᠠᠶᠢᠭᠤᠯᠤᠨ ᠬᠠᠷᠢᠭᠤᠴᠠᠵᠤ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠵᠠᠮ ᠢᠶᠠᠷ ᠬᠠᠤᠯᠢ ᠬᠡᠷᠡᠭᠵᠢᠭᠦᠯᠬᠦ᠂ ᠮᠠᠰᠢᠨ ᠲᠡᠷᠭᠡ ᠶᠢᠨ ᠳᠠᠩᠰᠠᠯᠠᠨ ᠬᠠᠮᠢᠶᠠᠷᠬᠤ᠂ ᠮᠠᠰᠢᠨ ᠲᠡᠷᠭᠡᠨ ᠤ ᠵᠢᠯᠣᠭᠤᠴᠢ ᠶᠢᠨ ᠦᠨᠡᠮᠯᠡᠯ ᠢ ᠬᠠᠷᠭᠤᠭᠤᠯᠤᠨ ᠣᠯᠭᠤᠵᠤ ᠬᠠᠮᠢᠶᠠᠷᠬᠤ ᠵᠡᠷᠭᠡ ᠠᠵᠢᠯ ᠤᠳ ᠢ ᠬᠠᠷᠢᠭᠤᠴᠠᠵᠤ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠠᠳᠡᠯ ᠢ ᠬᠠᠤᠯᠢ ᠶᠣᠰᠣᠭᠠᠷ ᠰᠢᠢᠳᠪᠦᠷᠢᠯᠡᠨ᠎ᠡ᠃      ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠦᠴᠢᠷ᠄ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠰᠠᠭᠤᠷᠢ ᠪᠡᠯᠡᠳᠭᠡᠮᠵᠢ ᠪᠠ ᠮᠡᠷᠭᠡᠵᠢᠯ ᠤᠨ ᠲᠤᠯᠭᠠᠭᠤᠷᠢᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠶᠢ ᠮᠠᠯᠵᠢᠬᠤ ᠲᠠᠷᠢᠶᠠᠯᠠᠬᠤ ᠣᠷᠣᠨ ᠤ ᠵᠠᠮ ᠤᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠤᠭᠤᠯᠤᠯᠲᠠ ᠶᠢᠨ ᠲᠦᠯᠦᠪᠯᠡᠭᠡ ᠳᠤ ᠣᠷᠤᠭᠤᠯᠬᠤ ᠶᠢᠨ ᠬᠠᠮᠳᠤ᠂ ᠬᠠᠮᠢᠶ᠎ᠠ ᠪᠦᠬᠦᠢ ᠪᠡᠯᠡ ᠣᠷᠤᠭᠤᠯᠤᠯᠲᠠ ᠶᠢ ᠲᠥᠷᠥᠯ ᠵᠦᠢᠯ ᠤᠨ ᠲᠦᠢᠮᠤ ᠲᠦᠰᠦᠪ ᠲᠤ ᠣᠷᠤᠭᠤᠯᠵᠤ᠂ ᠵᠠᠮ ᠤᠨ ᠪᠦᠲᠦᠭᠡᠨ ᠪᠠᠶᠢᠭᠤᠯᠤᠯᠲᠠ ᠪᠠ ᠠᠷᠠᠴᠢᠯᠠᠨ ᠬᠠᠮᠠᠭᠠᠯᠠᠬᠤ᠂ ᠵᠠᠮ ᠤᠨ ᠠᠮᠤᠷ ᠲᠦᠪᠰᠢᠨ ᠤ ᠪᠡᠯᠡᠳᠭᠡᠮᠵᠢ ᠶᠢᠨ ᠪᠦᠲᠦᠭᠡᠨ ᠪᠠᠶᠢᠭᠤᠯᠬᠤ ᠪᠠ ᠬᠠᠮᠠᠭᠠᠯᠠᠨ ᠬᠠᠮᠢᠶᠠᠷᠬᠤ ᠶᠢ ᠬᠠᠷᠢᠭᠤᠴᠠᠨ᠎ᠠ᠃ ᠲᠡᠭᠡᠭᠡᠪᠦᠷᠢ ᠶᠢᠨ ᠠᠵᠤ ᠠᠬᠤᠶᠢᠯᠠᠯ᠂ ᠠᠶᠠᠨᠴᠢᠨ ᠤ ᠲᠡᠭᠡᠭᠡᠪᠦᠷᠢ ᠶᠢᠨ ᠲᠠᠯᠠᠪᠤᠷ ᠦᠷᠲᠡᠭᠡ᠂ ᠵᠠᠰᠠᠮᠠᠯ ᠵᠠᠮ ᠤᠨ ᠦᠮᠴᠢᠲᠡᠨ ᠢ ᠰᠢᠮᠳᠠᠭᠤᠯᠵᠤ ᠪᠠᠶᠢᠭᠠᠳ ᠵᠠᠮ ᠲᠡᠭᠡᠭᠡᠪᠦᠷᠢ ᠶᠢᠨ ᠠᠶᠦᠯ ᠦᠬᠡᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃      ᠲᠠᠷᠢᠶᠠᠯᠠᠩ ᠤᠨ ᠮᠠᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ᠄ ᠲᠷᠠᠺᠲ᠋ᠣᠷ᠂ ᠬᠠᠳᠤᠵᠤ ᠬᠤᠷᠢᠶᠠᠬᠤ ᠬᠠᠮ ᠮᠠᠰᠢᠨ ︵ᠺᠣᠮᠪᠠᠶᠢᠨ︶ ᠵᠢᠴᠢ ᠦᠪᠡᠰᠦᠪᠡᠨ ᠴᠣᠪᠣᠷᠠᠭᠤᠯᠬᠤ ᠲᠠᠷᠢᠶᠠᠯᠠᠩ ᠮᠠᠯ ᠠᠵᠤ ᠠᠬᠤᠢ ᠶᠢᠨ ᠮᠧᠬᠠᠨᠢᠭ ᠤᠨ ᠳᠠᠩᠰᠠᠯᠠᠨ ᠲᠡᠮᠳᠡᠭᠯᠡᠬᠦ ᠪᠠ ᠵᠢᠯᠣᠭᠤᠳᠤᠨ ᠠᠵᠢᠯᠯᠠᠬᠤ ᠬᠦᠮᠦᠰ ᠤᠨ ᠬᠢᠷᠢ ᠬᠡᠮ ᠢ ᠬᠠᠷᠭᠤᠭᠤᠯᠤᠨ ᠣᠯᠭᠤᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠲᠷᠠᠺᠲ᠋ᠣᠷ ᠦᠮᠴᠢᠯᠡᠭᠴᠢ ᠪᠣᠯᠣᠨ ᠵᠢᠯᠣᠭᠤᠴᠢ ᠶᠢ ᠰᠢᠮᠳᠠᠭᠤᠯᠵᠤ ᠪᠠᠶᠢᠭᠠᠳ ᠵᠠᠮ ᠬᠠᠷᠢᠯᠴᠠᠭᠠᠨ ᠤ ᠠᠮᠤᠷ ᠲᠦᠪᠰᠢᠨ ᠤ ᠡᠯ᠎ᠡ ᠵᠦᠢᠯ ᠤᠨ ᠳᠦᠷᠢᠮ ᠪᠠ ᠰᠡᠷᠡᠮᠵᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ︔ ᠮᠠᠯᠵᠢᠬᠤ ᠲᠠᠷᠢᠶᠠᠯᠠᠬᠤ ᠣᠷᠣᠨ ᠤ ᠵᠠᠮ ᠤᠨ ᠭᠠᠳᠠᠭᠤᠷᠬᠢ ᠲᠠᠷᠢᠶᠠᠯᠠᠩ ᠤᠨ ᠮᠠᠰᠢᠨ ᠤ ᠠᠳᠡᠯ ᠢ ᠬᠠᠤᠯᠢ ᠶᠣᠰᠤᠭᠠᠷ ᠰᠢᠢᠳᠪᠦᠷᠢᠯᠡᠨ᠎ᠡ︔ ᠳᠣᠲᠣᠭᠠᠳᠤ ᠶᠢ ᠬᠠᠮᠠᠭᠠᠯᠠᠬᠤ ᠶᠢᠨ ᠵᠠᠮ ᠬᠠᠷᠢᠯᠴᠠᠭᠠᠨ ᠤ ᠴᠠᠭᠳᠠᠭ᠎ᠠ ᠯᠤᠭ᠎ᠠ ᠬᠤᠯᠪᠣᠭᠠᠯᠠᠵᠤ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢ ᠦᠷᠨᠢᠭᠦᠯᠦᠨ᠎ᠡ︔ ᠳᠠᠩᠰᠠᠯᠠᠨ ᠲᠡᠮᠳᠡᠭᠯᠡᠬᠦ ᠪᠠ ᠲᠷᠠᠺᠲ᠋ᠣᠷ ᠵᠢᠯᠣᠭᠤᠳᠬᠤ ᠦᠨᠡᠮᠯᠡᠯ ᠢ ᠬᠠᠷᠭᠤᠭᠤᠯᠤᠨ ᠣᠯᠭᠤᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ᠡᠳ᠋ ᠤᠨ ᠵᠠᠰᠠᠭ ᠤᠨ ᠰᠠᠯᠠᠭ᠎ᠠ ᠮᠦᠴᠢᠷ᠄ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠪᠠ ᠲᠠᠷᠢᠶᠠᠯᠠᠩ ᠤᠨ ᠮᠠᠰᠢᠨ ᠤ ᠠᠶᠤᠯ ᠦᠬᠡᠢ ᠶᠢᠨ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠦᠬᠦᠢ ᠪᠡᠯᠡ ᠮᠦᠩᠭᠦ ᠶᠢ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ︽ᠬᠤᠶᠠᠷ ᠦᠷᠲᠡᠭᠡ᠂ ᠬᠤᠶᠠᠷ ᠠᠵᠢᠯᠲᠠᠨ︾᠂ ︽ᠵᠠᠰᠠᠮᠠᠯ ᠵᠠᠮ ᠤᠨ ᠠᠮᠤᠷ ᠲᠦᠪᠰᠢᠨ ᠠᠮᠢ ᠨᠠᠰᠤᠨ ᠤ ᠬᠠᠮᠠᠭᠠᠯᠠᠯᠲᠠ ᠶᠢᠨ ᠢᠨᠵᠧᠨᠧᠷᠢᠩ︾ ᠤᠨ ᠪᠠᠶᠢᠭᠤᠯᠤᠯᠲᠠ᠂ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ᠂ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠨ ᠤ ᠲᠡᠬᠡᠬᠡᠪᠦᠷᠢ ᠶᠢᠨ ᠳᠠᠭᠠᠳᠬᠠᠯ᠂ ᠡᠵᠡᠩᠨᠡᠨ ᠠᠵᠢᠯᠯᠠᠬᠤ ᠨᠦᠬᠦᠪᠦᠷᠢ ᠵᠡᠷᠭᠡ ᠵᠠᠷᠤᠳᠠᠯ ᠢ ᠭᠤᠣᠯᠳᠠᠯᠭ᠎ᠠ ᠲᠠᠢ ᠪᠠᠲᠤᠯᠠᠬᠤ ᠶᠢ ᠬᠠᠷᠢᠭᠤᠴᠠᠨ᠎ᠠ᠃      ᠬᠦᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠦᠴᠢᠷ᠄ ᠬᠤᠯᠪᠣᠭᠳᠠᠯ ᠪᠦᠬᠦᠢ ᠰᠠᠯᠠᠭ᠎ᠠ ᠮᠦᠴᠢᠷ ᠢ ᠵᠤᠬᠢᠴᠠᠭᠤᠯᠵᠦ ᠪᠠᠶᠢᠭᠠᠳ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠰᠠᠭᠤᠷᠢ ᠪᠡᠯᠡᠳᠭᠡᠮᠵᠢ ᠪᠠ ᠮᠡᠷᠭᠡᠵᠢᠯ ᠤᠨ ᠲᠤᠯᠭᠠᠭᠤᠷᠢᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠮᠠᠯᠵᠢᠬᠤ ᠲᠠᠷᠢᠶᠠᠯᠠᠬᠤ ᠣᠷᠣᠨ ᠤ ᠵᠠᠮ ᠤᠨ ᠪᠦᠲᠦᠭᠡᠨ ᠪᠠᠶᠢᠭᠤᠯᠤᠯᠲᠠ ᠶᠢᠨ ᠲᠦᠯᠦᠪᠵᠢᠭᠦᠯᠭᠡ ᠳᠤ ᠣᠷᠤᠭᠤᠯᠵᠤ᠂ ᠪᠦᠲᠦᠭᠡᠨ ᠪᠠᠶᠢᠭᠤᠯᠬᠤ ᠨᠢᠭᠡᠴᠡ ᠳᠤ ᠬᠢᠨᠠᠯᠲᠠ ᠲᠠᠯᠪᠢᠵᠤ ᠪᠠᠶᠢᠭᠠᠳ ᠠᠮᠤᠷ ᠲᠦᠪᠰᠢᠨ ᠤ ᠪᠡᠯᠡᠳᠭᠡᠮᠵᠢ ᠶᠢᠨ ᠣᠷᠤᠭᠤᠯᠤᠯᠲᠠ ᠶᠢ ᠵᠠᠮ ᠤᠨ ᠪᠦᠲᠦᠭᠡᠨ ᠪᠠᠶᠢᠭᠤᠯᠤᠯᠲᠠ ᠶᠢᠨ ᠲᠦᠷᠥᠯ ᠵᠦᠢᠯ ᠤᠨ ᠵᠢᠱᠢᠨ ᠪᠣᠳᠣᠬᠤ ᠳᠤ ᠣᠷᠤᠭᠤᠯᠬᠤ ᠶᠢ ᠬᠠᠷᠢᠭᠤᠴᠠᠨ᠎ᠠ᠃      ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠰᠠᠯᠠᠭ᠎ᠠ ᠮᠦᠴᠢᠷ᠄ ᠮᠠᠰᠢᠨᠳᠤ ᠲᠡᠷᠭᠡᠨ ᠤ ᠠᠮᠤᠷ ᠲᠦᠪᠰᠢᠨ ᠤ ᠮᠡᠷᠭᠡᠵᠢᠯ ᠤᠨ ᠰᠢᠯᠭᠠᠨ ᠪᠠᠶᠢᠴᠠᠭᠠᠬᠤ ᠪᠠᠶᠢᠭᠤᠯᠤᠮᠵᠢ ᠳᠤ ᠬᠢᠷᠢ ᠬᠡᠮ ᠤᠨ ᠬᠠᠮᠢᠶᠠᠷᠤᠯᠲᠠ ᠪᠠ ᠬᠢᠷᠢ ᠴᠢᠳᠠᠮᠵᠢ ᠶᠢ ᠨᠢ ᠮᠡᠳᠡᠷᠡᠬᠦ ᠬᠠᠮᠢᠶᠠᠷᠤᠯᠲᠠ ᠶᠢ ᠬᠡᠷᠡᠭᠵᠢᠭᠦᠯᠵᠦ᠂ ᠮᠠᠰᠢᠨᠳᠤ ᠲᠡᠷᠭᠡᠨ ᠤ ᠠᠮᠤᠷ ᠲᠦᠪᠰᠢᠨ ᠤ ᠮᠡᠷᠭᠡᠵᠢᠯ ᠤᠨ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠬᠠᠮᠢᠶ᠎ᠠ ᠪᠦᠬᠦᠢ ᠪᠠᠶᠢᠴᠠᠭᠠᠨ ᠰᠢᠯᠭᠠᠬᠤ ᠲᠥᠬᠦᠭᠡᠷᠦᠮᠵᠢ ᠳᠤ ᠰᠢᠯᠭᠠᠨ ᠪᠠᠶᠢᠴᠠᠭᠠᠵᠤ ᠬᠡᠮᠵᠢᠨ ᠲᠣᠭᠲᠠᠭᠠᠵᠤ ᠵᠦᠪᠰᠢᠶᠡᠷᠡᠵᠦ ᠪᠠᠶᠢᠬᠤ ᠡᠰᠡᠬᠦ᠂ ᠤᠯᠤᠰ ᠤᠨ ᠮᠠᠰᠢᠨᠳᠤ ᠲᠡᠷᠭᠡᠨ ᠤ ᠠᠮᠤᠷ ᠲᠦᠪᠰᠢᠨ ᠤ ᠮᠡᠷᠭᠡᠵᠢᠯ ᠤᠨ ᠰᠢᠯᠭᠠᠨ ᠪᠠᠶᠢᠴᠠᠭᠠᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠭᠰᠡᠨ ᠪᠠᠶᠢᠬᠤ ᠡᠰᠡᠬᠦ ᠳᠤ ᠬᠢᠨᠠᠯᠲᠠ ᠬᠠᠮᠢᠶᠠᠷᠤᠯᠲᠠ ᠬᠢᠬᠦ ᠶᠢ ᠬᠠᠷᠢᠭᠤᠴᠠᠨ᠎ᠠ᠃      ᠰᠤᠷᠭᠠᠨ ᠬᠦᠮᠦᠵᠢᠯ ᠤᠨ ᠰᠠᠯᠠᠭ᠎ᠠ ᠮᠦᠴᠢᠷ᠄ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠤᠨ ᠳᠡᠮᠵᠢᠯᠭᠡ ᠬᠠᠮᠵᠢᠯᠴᠠᠭ᠎ᠠ ᠶᠢᠨ ᠳᠣᠣᠷ᠎ᠠ᠂ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠶᠢᠨ ᠲᠡᠷᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠨᠤᠭᠤᠳ ᠢ ᠰᠢᠮᠳᠠᠭᠤᠯᠵᠤ ᠪᠠᠶᠢᠭᠠᠳ ᠵᠠᠮ ᠬᠠᠷᠢᠯᠴᠠᠭᠠᠨ ᠤ ᠠᠮᠤᠷ ᠲᠦᠪᠰᠢᠨ ᠪᠠ ᠲᠠᠷᠢᠶᠠᠯᠠᠩ ᠤᠨ ᠮᠠᠰᠢᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠪᠠ ᠰᠤᠷᠭᠠᠨ ᠬᠦᠮᠦᠵᠢᠭᠦᠯᠬᠦ ᠠᠵᠢᠯ ᠢ ᠨᠠᠶᠢᠳᠠᠪᠤᠷᠢᠵᠢᠭᠤᠯᠤᠨ᠎ᠠ᠃      ᠴᠠᠭ ᠠᠭᠤᠷ ᠤᠨ ᠰᠠᠯᠠᠭ᠎ᠠ ᠮᠦᠴᠢᠷ᠄ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠵᠦᠭᠯᠡᠭᠦᠷ ᠲᠣᠭᠲᠠᠭᠠᠵᠤ᠂ ᠭᠠᠢ ᠭᠠᠮᠰᠢᠭ ᠲᠠᠢ ᠴᠠᠭ ᠠᠭᠤᠷ ᠤᠨ ᠤᠷᠢᠳᠴᠢᠯᠠᠨ ᠰᠡᠷᠡᠮᠵᠢᠯᠡᠬᠦ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠬᠦ ᠶᠢ ᠬᠠᠷᠢᠭᠤᠴᠠᠨ᠎ᠠ᠃      5. ᠵᠠᠮ ᠲᠡᠭᠡᠭᠡᠪᠦᠷᠢ ᠶᠢᠨ ᠠᠵᠤ ᠠᠬᠤᠶᠢᠯᠠᠯ ᠤᠨ ᠠᠶᠤᠯ ᠦᠬᠡᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠬᠤᠲᠠ ᠬᠦᠳᠡᠭᠡ ᠶᠢᠨ ᠠᠶᠠᠨᠴᠢᠨ ᠤ ᠲᠡᠬᠡᠬᠡᠪᠦᠷᠢ ᠶᠢᠨ ᠨᠢᠭᠡ ᠴᠣᠭᠴᠠᠵᠢᠭᠤᠯᠬᠤ᠂ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠨ ᠤ ᠲᠡᠬᠡᠬᠡᠪᠦᠷᠢ ᠶᠢᠨ ᠨᠡᠶᠢᠲᠡ ᠶᠢᠨ ᠮᠠᠰᠢᠨᠴᠢᠯᠠᠬᠤ ᠦᠢᠯᠡᠴᠢᠯᠡᠭᠡᠨ ᠤ ᠲᠣᠭᠲᠠᠴᠠ ᠶᠢ ᠰᠦᠪᠡᠭᠴᠢᠯᠡᠵᠦ᠂ ᠠᠶᠠᠨᠴᠢᠨ ᠤ ᠲᠡᠬᠡᠬᠡᠪᠦᠷᠢ᠂ ᠪᠠᠷᠠᠭᠠᠨ ᠤ ᠲᠡᠭᠡᠭᠡᠪᠦᠷᠢ ᠶᠢᠨ ᠠᠵᠤ ᠠᠬᠤᠶᠢᠯᠠᠯ ᠤᠨ ᠠᠶᠤᠯ ᠦᠬᠡᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠪᠠᠨ ᠲᠦᠷᠭᠡᠳᠭᠡᠨ ᠠᠬᠢᠭᠤᠯᠬᠤ ᠬᠡᠷᠡᠭᠲᠡᠢ᠃ ᠡᠯ᠎ᠡ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠥᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠳᠠᠭᠠᠭᠤᠯᠢ ᠣᠳᠣ ᠪᠠᠷ ᠣᠷᠣᠨ ᠪᠠᠶᠢᠷᠢ ᠲᠣᠭᠲᠠᠭᠠᠬᠤ ᠬᠦᠳᠡᠯᠦᠩᠭᠦᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠶᠤᠯ ᠦᠬᠡᠢ ᠶᠢᠨ ᠣᠷᠣᠭᠤᠯᠤᠯᠲᠠ ᠶᠢ ᠪᠣᠳᠠᠲᠠᠶᠢᠵᠢᠭᠤᠯᠬᠤ᠂ ᠠᠶᠤᠯ ᠦᠬᠡᠢ ᠶᠢᠨ ᠪᠣᠯᠪᠠᠰᠤᠷᠠᠭᠤᠯᠤᠯ ᠢ ᠪᠣᠳᠠᠲᠠᠶᠢᠵᠢᠭᠤᠯᠬᠤ᠂ ᠰᠠᠭᠤᠷᠢ ᠬᠠᠮᠢᠶᠠᠷᠤᠯᠲᠠ ᠶᠢ ᠪᠣᠳᠠᠲᠠᠶᠢᠵᠢᠭᠤᠯᠬᠤ ᠪᠠ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠶᠢ ᠪᠣᠳᠠᠲᠠᠶᠢᠵᠢᠭᠤᠯᠬᠤ ᠶᠢ ᠭᠦᠢᠴᠡᠳᠭᠡᠬᠦ ᠬᠡᠷᠡᠭᠲᠡᠢ᠃      6. ᠲᠠᠷᠢᠶᠠᠯᠠᠩ ᠤᠨ ᠮᠠᠰᠢᠨ ᠤ ᠬᠤᠷᠰᠢᠶ᠎ᠠ᠂ ᠲᠠᠷᠢᠶᠠᠯᠠᠩ ᠤᠨ ᠮᠠᠰᠢᠨ ᠤ ᠦᠢᠯᠡᠴᠢᠯᠡᠭᠡ ᠶᠢᠨ ᠠᠵᠢᠯ ᠢ ᠡᠷᠬᠢᠯᠡᠨ ᠬᠢᠵᠦ ᠪᠠᠶᠢᠭ᠎ᠠ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ ᠲᠠᠷᠢᠶᠠᠯᠠᠩ ᠤᠨ ᠮᠠᠰᠢᠨ ᠤ ᠲᠣᠮᠤ ᠡᠷᠦᠬᠡ᠂ ᠲᠠᠷᠢᠶᠠᠯᠠᠩ ᠤᠨ ᠮᠠᠰᠢᠨ ᠢᠶᠠᠷ ᠠᠵᠢᠯᠯᠠᠭᠤᠯᠬᠤ ᠺᠣᠮᠫᠠᠨᠢ ᠵᠡᠷᠭᠡ ᠶᠢᠨ ᠠᠶᠤᠯ ᠦᠬᠡᠢ ᠦᠢᠯᠡᠳᠪᠦᠷᠢᠯᠡᠯ ᠵᠢᠴᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠲᠠᠷᠢᠶᠠᠯᠠᠩ ᠤᠨ ᠮᠠᠰᠢᠨ ᠤ ᠵᠠᠮ ᠬᠠᠷᠢᠯᠴᠠᠭᠠᠨ ᠤ ᠠᠮᠤᠷ ᠲᠦᠪᠰᠢᠨ ᠪᠠ ᠠᠶᠤᠯ ᠦᠬᠡᠢ ᠦᠢᠯᠡᠳᠪᠦᠷᠢᠯᠡᠯ ᠤᠨ ᠲᠥᠷᠢᠮ ᠲᠣᠭᠲᠠᠭᠠᠵᠤ᠂ ᠠᠵᠢᠯᠯᠠᠬᠤ ᠮᠠᠰᠢᠨᠲᠦ ᠲᠡᠷᠭᠡ ᠶᠢᠨ ᠠᠶᠤᠯ ᠦᠬᠡᠢ ᠶᠢᠨ ᠮᠡᠷᠭᠡᠵᠢᠯ ᠤᠨ ᠪᠠᠶᠢᠳᠠᠯ ᠨᠢ ᠰᠠᠶᠢᠨ ᠰᠠᠶᠢᠬᠠᠨ ᠪᠠᠶᠢᠬᠤ ᠶᠢ ᠪᠠᠳᠤᠯᠠᠬᠤ ᠶᠢᠨ ᠬᠠᠮᠲᠤ᠂ ᠠᠵᠢᠯᠯᠠᠭᠰᠠᠳ ᠲᠤ ᠠᠮᠤᠷ ᠲᠦᠪᠰᠢᠨ ᠤ ᠬᠦᠮᠦᠵᠢᠯ ᠬᠢᠬᠦ ᠬᠡᠷᠡᠭᠲᠡᠢ︔ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠶᠠᠪᠤᠴᠠ ᠳᠤ᠂ ᠣᠶᠢᠷ᠎ᠠ ᠵᠠᠮ ᠢᠶᠠᠷ ᠲᠡᠭᠡᠭᠡᠪᠦᠷᠢᠯᠡᠬᠦ᠂ ᠠᠵᠢᠯᠯᠠᠬᠤ ᠪᠠᠨ ᠰᠢᠯᠵᠢᠭᠦᠯᠬᠦ ᠵᠡᠷᠭᠡ ᠱᠠᠭᠠᠷᠳᠠᠯᠭ᠎ᠠ ᠪᠠᠷ ᠵᠠᠮ ᠳᠡᠭᠡᠷ᠎ᠡ ᠶᠠᠪᠤᠭᠤᠯᠬᠤ ᠴᠢᠬᠤᠯᠠ ᠲᠠᠢ ᠮᠠᠰᠢᠨᠲᠦ ᠲᠡᠷᠭᠡ ᠨᠢ ᠡᠷᠬᠡᠪᠰᠢ ᠵᠠᠮ ᠬᠠᠷᠢᠯᠴᠠᠭᠠᠨ ᠤ ᠠᠮᠤᠷ ᠲᠦᠪᠰᠢᠨ ᠤ ᠲᠣᠭᠲᠠᠭᠠᠯ ᠢ ᠴᠢᠩᠭ᠎ᠠ ᠰᠠᠬᠢᠬᠤ ᠬᠡᠷᠡᠭᠲᠡᠢ᠃      ︵ᠬᠤᠶᠠᠷ︶ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃      1. ︽ᠳᠥᠷᠪᠡᠨ ᠬᠦᠴᠦᠨ︾ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠶᠢᠨ ᠵᠠᠮ ᠬᠠᠷᠢᠯᠴᠠᠭᠠᠨ ᠤ ᠴᠠᠭᠳᠠᠭ᠎ᠠ ᠶᠢᠨ ᠳᠤᠮᠳᠠ ᠠᠩᠭᠢ ᠪᠠ ᠲᠠᠷᠢᠶᠠᠯᠠᠩ ᠤᠨ ᠮᠠᠰᠢᠨ ᠤ ᠠᠶᠤᠯ ᠦᠬᠡᠢ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢ ᠬᠦᠴᠦᠯᠡᠨ ᠪᠠᠶᠢᠭᠤᠯᠬᠤ ᠪᠠᠷ ᠰᠠᠭᠤᠷᠢᠯᠠᠬᠤ ᠭᠤᠤᠯᠯᠠᠬᠴᠢ ᠪᠣᠯᠭᠠᠵᠤ᠂ ᠰᠤᠮᠤ ᠰᠢᠶᠠᠩ ᠪᠠᠯᠭᠠᠰᠤ ᠳᠤ ᠲᠣᠮᠢᠯᠠᠭᠰᠠᠨ ᠰᠠᠯᠪᠤᠷᠢ ᠪᠠᠷ ᠰᠠᠴᠤᠷᠠᠭᠠᠯᠳᠠ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠦᠷᠲᠡᠭᠡ ᠪᠠ ᠢᠳᠬᠠᠨ ᠰᠤᠷᠭᠠᠬᠤ ᠦᠷᠲᠡᠭᠡ ᠪᠠᠷ ᠲᠡᠬᠦᠰᠬᠡᠯ ᠤᠨ ᠬᠠᠮᠢᠶᠠᠷᠤᠯᠲᠠ ᠶᠢᠨ ᠬᠦᠴᠦᠨ ᠢ ᠬᠦᠴᠦᠯᠡᠨ ᠪᠠᠶᠢᠭᠤᠯᠵᠤ᠂ ᠱᠠᠲᠤ ᠬᠤᠪᠢᠶᠠᠨ ᠬᠠᠮᠢᠶᠠᠷᠤᠨ ᠡᠵᠡᠮᠰᠢᠬᠦ ᠰᠢᠰᠲ᠋ᠧᠮᠵᠢ ᠶᠢ ᠪᠠᠶᠢᠭᠤᠯᠬᠤ ᠬᠡᠷᠡᠭᠲᠡᠢ᠃      2. ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠬᠦ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠶᠢᠨ ᠵᠠᠮ ᠬᠠᠷᠢᠯᠴᠠᠭᠠᠨ ᠤ ᠴᠠᠬᠳᠠᠭ᠎ᠠ ᠶᠢᠨ ᠳᠤᠮᠳᠠ ᠠᠩᠭᠢ ᠨᠢ ᠲᠣᠭᠲᠠᠮᠠᠯ ᠬᠤᠭᠤᠴᠠᠭ᠎ᠠ ᠲᠠᠢ ᠪᠠᠷ ᠮᠠᠯᠵᠢᠬᠤ ᠲᠠᠷᠢᠶᠠᠯᠠᠬᠤ ᠣᠷᠣᠨ ᠤ ᠵᠠᠮ ᠤᠨ ᠠᠮᠤᠷ ᠲᠦᠪᠰᠢᠨ ᠤ ᠪᠠᠶᠢᠳᠠᠯ ᠢ ᠰᠣᠳᠣᠯᠣᠨ ᠮᠠᠭᠠᠳᠯᠠᠵᠤ᠂ ᠰᠤᠮᠤ ᠰᠢᠶᠠᠩ ᠪᠠᠯᠭᠠᠰᠤ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠤᠨ ᠳᠤᠭᠤᠶᠢᠯᠠᠩ ᠳᠤ ᠵᠠᠮ ᠬᠠᠷᠢᠯᠴᠠᠭᠠᠨ ᠤ ᠠᠳᠡᠯ᠂ ᠵᠠᠮ ᠬᠠᠷᠢᠯᠴᠠᠭᠠᠨ ᠤ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠪᠠ ᠣᠷᠣᠰᠢᠵᠤ ᠪᠠᠶᠢᠭ᠎ᠠ ᠳᠣᠪᠤᠶᠢᠮ᠎ᠠ ᠠᠰᠠᠭᠤᠳᠠᠯ ᠤᠳ ᠢ ᠨᠡᠪᠲᠡᠷᠡᠭᠦᠯᠦᠨ ᠮᠡᠳᠡᠭᠦᠯᠤᠨ᠎ᠠ︔ ᠮᠠᠯᠵᠢᠬᠤ ᠲᠠᠷᠢᠶᠠᠯᠠᠬᠤ ᠣᠷᠣᠨ ᠤ ᠵᠠᠮ ᠤᠨ ᠠᠮᠤᠷ ᠲᠦᠪᠰᠢᠨ ᠤ ᠠᠵᠢᠯ ᠤᠨ ᠲᠤᠰᠬᠠᠢ ᠴᠡᠭᠴᠡᠯᠡᠨ ᠵᠠᠰᠠᠯᠲᠠ ᠶᠢ ᠦᠷᠨᠢᠭᠦᠯᠤᠨ᠎ᠠ︔ ᠵᠠᠮ ᠢᠶᠠᠷ ᠴᠠᠭᠳᠠᠨ ᠲᠣᠭᠤᠷᠢᠬᠤ ᠲᠠᠢ ᠤᠶᠠᠯᠳᠤᠭᠤᠯᠤᠨ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠳᠠᠯᠳᠠ ᠭᠡᠮ ᠢ ᠬᠠᠶᠢᠨ ᠰᠢᠨᠵᠢᠵᠤ ᠵᠢᠭᠰᠠᠭᠠᠨ ᠪᠠᠶᠢᠴᠠᠭᠠᠨ᠎ᠠ︔ ︽ᠬᠤᠶᠠᠷ ᠠᠵᠢᠯᠲᠡᠨ︾ ᠳᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠪᠣᠯᠪᠠᠰᠤᠷᠠᠭᠤᠯᠤᠯ ᠬᠢᠨ᠎ᠠ︔ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠳᠡᠯ ᠢ ᠢᠳᠡᠪᠬᠢᠲᠡᠢ ᠰᠢᠢᠳᠪᠦᠷᠢᠯᠡᠬᠦ ᠪᠠ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢ ᠦᠷᠨᠢᠭᠦᠯᠬᠦ ᠬᠡᠷᠡᠭᠲᠡᠢ᠃ ᠰᠣᠮᠣ ᠰᠢᠶᠠᠩ ᠪᠠᠯᠭᠠᠰᠤ ᠳᠤ ᠲᠣᠮᠢᠯᠠᠭᠰᠠᠨ ᠰᠠᠯᠪᠤᠷᠢ ᠨᠢ ᠠᠵᠢᠯ ᠤᠨ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠡᠷᠦᠬᠡ ᠳᠤ ᠣᠷᠣᠵᠤ ᠠᠰᠠᠭᠤᠨ ᠰᠤᠷᠪᠤᠯᠵᠢᠯᠠᠬᠤ ᠲᠣᠬᠢᠶᠠᠯ ᠲᠠᠢ ᠤᠶᠠᠯᠳᠤᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠦᠮᠥᠨ᠂ ᠲᠡᠷᠭᠡ᠂ ᠵᠠᠮ ᠵᠡᠷᠭᠡ ᠰᠠᠭᠤᠷᠢ ᠮᠡᠳᠡᠭᠡ ᠵᠠᠩᠭᠢ ᠶᠢ ᠲᠡᠮᠳᠡᠭᠯᠡᠨ ᠰᠢᠨᠡᠳᠭᠡᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯ ᠢ ᠦᠷᠨᠢᠭᠦᠯᠦᠨ᠂ ᠰᠣᠮᠣ ᠰᠢᠶᠠᠩ ᠪᠠᠯᠭᠠᠰᠤ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠬᠠᠪᠰᠤᠷᠴᠦ ᠪᠠᠶᠢᠭᠠᠳ ᠬᠦᠳᠡᠭᠡ ᠲᠤᠰᠬᠤᠨ ᠤ ᠢᠳᠬᠠᠨ ᠰᠤᠷᠭᠠᠬᠤ ᠦᠷᠲᠡᠭᠡ ᠶᠢᠨ ᠠᠵᠢᠯ ᠢ ᠪᠠᠶᠢᠴᠠᠭᠠᠵᠤ ᠰᠢᠯᠭᠠᠨ ᠬᠢᠨᠠᠬᠤ ᠶᠢ ᠴᠢᠩᠭᠠᠳᠬᠠᠬᠤ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠦᠷᠲᠡᠭᠡ ᠪᠠ ᠢᠳᠬᠠᠨ ᠰᠤᠷᠭᠠᠬᠤ ᠦᠷᠲᠡᠭᠡ ᠪᠣᠯ ᠰᠣᠮᠣ ᠰᠢᠶᠠᠩ ᠪᠠᠯᠭᠠᠰᠤ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠦᠷᠨᠢᠭᠦᠯᠬᠦ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠪᠠᠶᠢᠵᠦ᠂ ᠭᠠᠴᠠᠭ᠎ᠠ ᠲᠤᠰᠬᠤᠨ ᠤ ᠠᠷᠠᠳ ᠤᠨ ᠭᠡᠷ ᠪᠠᠶᠢᠰᠢᠩ ᠲᠤ ᠲᠦᠰᠢᠭᠯᠡᠬᠦ ᠪᠣᠶᠤ ᠲᠤᠰᠠᠭᠠᠷ ᠨᠢ ᠬᠠᠷᠠᠭᠤᠯ ᠤᠨ ᠪᠦᠬᠦᠬᠡᠭ ᠢ ᠪᠠᠶᠢᠭᠤᠯᠵᠤ᠂ ᠭᠤᠣᠯᠳᠠᠭᠤ ᠤᠯᠤᠰ᠂ ᠮᠤᠵᠢ᠂ ᠰᠢᠶᠠᠨ ᠤ ᠵᠠᠮ ᠳᠤ ᠣᠷᠣᠬᠤ ᠰᠣᠮᠣ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠵᠠᠮ ᠤᠨ ᠠᠭᠤᠯᠵᠠᠷ᠂ ᠴᠤᠭᠯᠠᠭ᠎ᠠ ᠮᠠᠶᠢᠮᠠᠢ ᠶᠢᠨ ᠭᠠᠵᠠᠷ ᠲᠤ ᠣᠷᠣᠵᠤ ᠭᠠᠷᠬᠤ ᠵᠠᠮ᠂ ᠰᠢᠶᠠᠩ ᠲᠤᠰᠬᠤᠨ ᠤ ᠣᠯᠠᠨ ᠵᠠᠮ ᠤᠨ ᠠᠭᠤᠯᠵᠠᠷ ᠲᠤ ᠪᠠᠶᠢᠷᠢᠯᠠᠭᠤᠯᠵᠤ᠂ ᠬᠠᠩᠰᠢ ᠶᠢᠨ ᠡᠳᠦᠷ᠂ ᠲᠠᠪᠤᠨ ᠰᠠᠷ᠎ᠠ ᠶᠢᠨ ᠨᠢᠭᠡᠨ᠂ ᠨᠠᠢᠮᠠᠨ ᠰᠠᠷ᠎ᠠ ᠶᠢᠨ ᠲᠡᠷᠭᠡᠯ᠂ ᠤᠯᠤᠰ ᠤᠨ ᠪᠠᠶᠠᠷ ᠵᠡᠷᠭᠡ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ ᠵᠢᠴᠢ ᠰᠥᠮ᠎ᠡ ᠶᠢᠨ ᠴᠤᠭᠯᠠᠭᠠᠨ᠂ ᠴᠤᠭᠯᠠᠭ᠎ᠠ ᠮᠠᠶᠢᠮᠠᠢ ᠳᠤ ᠣᠴᠢᠬᠤ᠂ ᠠᠷᠠᠳ ᠤᠨ ᠵᠠᠩ ᠦᠢᠯᠡ ᠶᠢᠨ ᠠᠵᠢᠯᠯᠠᠭ᠎ᠠ ᠶᠢᠨ ᠬᠤᠭᠤᠴᠠᠭ᠎ᠠ ᠪᠣᠯᠬᠤ ᠪᠦᠷᠢ ᠳᠤ ᠵᠠᠮ ᠬᠠᠷᠢᠯᠴᠠᠭᠠᠨ ᠤ ᠠᠮᠤᠷ ᠲᠦᠪᠰᠢᠨ ᠤ ᠢᠳᠬᠠᠨ ᠰᠤᠷᠭᠠᠬᠤ ᠠᠵᠢᠯᠯᠠᠭ᠎ᠠ ᠶᠢ ᠦᠷᠨᠢᠭᠦᠯᠬᠦ ᠬᠡᠷᠡᠭᠲᠡᠢ᠃      ᠬᠤᠰᠢᠭᠤ ᠰᠢᠶᠠᠨ ︵ᠬᠤᠲᠠ᠂ ᠲᠣᠭᠤᠷᠢᠭ︶ ᠵᠢᠴᠢ ᠰᠣᠮᠣ ᠰᠢᠶᠠᠩ ᠪᠠᠯᠭᠠᠰᠤ ᠶᠢᠨ ᠲᠡᠷᠢᠶᠠᠯᠠᠩ ᠤᠨ ᠮᠠᠰᠢᠨ ᠤ ᠠᠶᠤᠯ ᠦᠬᠡᠢ ᠶᠢᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠰᠠᠯᠪᠤᠷᠢ ᠪᠠᠶᠢᠭᠤᠯᠤᠮᠵᠢ ᠨᠤᠭᠤᠳ ᠳᠣᠲᠣᠭᠠᠳᠤ ᠶᠢ ᠬᠠᠮᠠᠭᠠᠯᠠᠬᠤ ᠶᠢᠨ ᠵᠠᠮ ᠬᠠᠷᠢᠯᠴᠠᠭᠠᠨ ᠤ ᠴᠠᠭᠳᠠᠭ᠎ᠠ ᠲᠠᠢ ᠬᠤᠯᠪᠣᠭᠠᠯᠠᠵᠤ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠶᠢᠴᠠᠭᠠᠯᠲᠠ ᠶᠢ ᠦᠷᠨᠢᠭᠦᠯᠵᠦ᠂ ᠲᠷᠠᠺᠲ᠋ᠤᠷ ᠪᠠ ᠬᠠᠳᠤᠵᠤ ᠬᠤᠷᠢᠶᠠᠬᠤ ᠬᠠᠮ ᠮᠠᠰᠢᠨ ︵ᠺᠣᠮᠪᠠᠶᠢᠨ︶ ᠫᠠᠶᠢᠰᠠ ᠦᠭᠡᠢ ᠪᠠᠷ ᠶᠠᠪᠤᠬᠤ᠂ ᠵᠢᠯᠣᠭᠤᠴᠢ ᠶᠢᠨ ᠦᠨᠡᠮᠯᠡᠯ ᠦᠭᠡᠢ ᠪᠠᠷ ᠵᠢᠯᠣᠭᠤᠳᠬᠤ᠂ ᠬᠠᠤᠯᠢ ᠠᠴᠠ ᠵᠦᠷᠢᠴᠡᠨ ᠬᠦᠮᠦᠨ ᠲᠡᠬᠡᠬᠡᠪᠦᠷᠢᠯᠡᠬᠦ ᠵᠡᠷᠭᠡ ᠬᠦᠨᠳᠦ ᠬᠡᠴᠡᠭᠦᠦ ᠵᠠᠮ ᠬᠠᠷᠢᠯᠴᠠᠭᠠᠨ ᠤ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠬᠢᠨᠠᠨ ᠬᠠᠮᠢᠶᠠᠷᠬᠤ ᠪᠠᠨ ᠴᠢᠩᠭᠠᠷᠠᠭᠤᠯᠬᠤ ᠬᠡᠷᠡᠭᠲᠡᠢ᠃       3. ︽ᠬᠤᠶᠠᠷ ᠠᠵᠢᠯᠲᠠᠨ︾ ᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠢ᠃ ᠰᠣᠮᠣ ᠰᠢᠶᠠᠩ ᠪᠠᠯᠭᠠᠰᠤ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠭᠴᠢ᠂ ᠭᠠᠴᠠᠭ᠎ᠠ ᠲᠤᠰᠬᠤᠨ ᠤ ᠵᠠᠮ ᠬᠠᠷᠢᠯᠴᠠᠭᠠᠨ ᠤ ᠬᠠᠪᠰᠤᠷᠤᠨ ᠬᠠᠮᠢᠶᠠᠷᠤᠭᠴᠢ ᠶᠢᠨ ᠭᠤᠣᠯ ᠡᠭᠦᠷᠭᠡ ᠬᠠᠷᠢᠭᠤᠴᠠᠯᠭ᠎ᠠ ᠪᠣᠯ ᠵᠠᠮ ᠢᠶᠠᠷ ᠴᠠᠭᠳᠠᠨ ᠪᠠᠶᠢᠴᠠᠭᠠᠬᠤ ᠶᠢ ᠦᠷᠨᠢᠭᠦᠯᠵᠦ᠂ ᠵᠠᠮ ᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ᠂ ᠵᠠᠮ ᠬᠠᠷᠢᠯᠴᠠᠭᠠᠨ ᠤ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠵᠠᠯᠠᠷᠠᠭᠤᠯᠬᠤ᠂ ᠬᠤᠷᠢᠭᠯᠠᠬᠤ ᠪᠠ ᠢᠳᠬᠠᠨ ᠰᠤᠷᠭᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠪᠠ ᠲᠠᠷᠢᠶᠠᠯᠠᠩ ᠤᠨ ᠮᠠᠰᠢᠨ ᠤ ᠦᠢᠯᠡᠳᠪᠦᠷᠢᠯᠡᠯ ᠤᠨ ᠠᠶᠤᠯ ᠦᠬᠡᠢ ᠶᠢᠨ ᠤᠬᠠᠭᠤᠯᠤᠨ ᠰᠠᠨᠠᠭᠤᠯᠬᠤ ᠵᠡᠷᠭᠡ ᠠᠵᠢᠯ ᠢ ᠦᠷᠨᠢᠭᠦᠯᠬᠦ ᠪᠤᠯᠤᠨ᠎ᠠ᠃ ᠭᠠᠴᠠᠭ᠎ᠠ ᠲᠣᠰᠬᠤᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠪᠰᠤᠷᠤᠨ ᠬᠠᠮᠢᠶᠠᠷᠤᠭᠴᠢ ᠨᠢ ᠰᠣᠮᠣ ᠰᠢᠶᠠᠩ ᠪᠠᠯᠭᠠᠰᠤ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠭᠴᠢ ᠶᠢᠨ ᠵᠢᠯᠣᠭᠤᠳᠤᠯᠭ᠎ᠠ ᠶᠢᠨ ᠳᠣᠣᠷ᠎ᠠ᠂ ᠬᠠᠷᠢᠶᠠᠯᠠᠬᠤ ᠭᠠᠴᠠᠭ᠎ᠠ ᠲᠣᠰᠬᠤᠨ ᠤ ᠳᠣᠲᠣᠷᠠᠬᠢ ᠵᠢᠯᠣᠭᠤᠴᠢ ᠪᠠ ᠲᠡᠷᠭᠡ ᠬᠦᠰᠭᠡ ︵ᠲᠷᠠᠺᠲ᠋ᠤᠷ᠂ ᠬᠠᠳᠤᠵᠤ ᠬᠤᠷᠢᠶᠠᠬᠤ ᠬᠠᠮ ᠮᠠᠰᠢᠨ ︵ᠺᠣᠮᠪᠠᠶᠢᠨ︶ ᠵᠢᠴᠢ ᠦᠪᠡᠰᠦᠪᠡᠨ ᠴᠣᠪᠣᠷᠠᠭᠤᠯᠬᠤ ᠲᠠᠷᠢᠶᠠᠯᠠᠩ ᠮᠠᠯ ᠠᠵᠤ ᠠᠬᠤᠢ ᠶᠢᠨ ᠮᠧᠬᠠᠨᠢᠭ ᠢ ᠪᠠᠭᠲᠠᠭᠠᠨ᠎ᠠ︶ ᠶᠢᠨ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠪᠠ ᠳᠠᠩᠰᠠᠯᠠᠬᠤ ᠶᠢ ᠰᠠᠶᠢᠲᠤᠷ ᠬᠢᠬᠦ ᠬᠡᠷᠡᠭᠲᠡᠢ︔ ᠵᠠᠮ ᠬᠠᠷᠢᠯᠴᠠᠭᠠᠨ ᠤ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠳᠠᠷᠦ᠋ᠢᠬᠠᠨ ᠢᠳᠬᠠᠨ ᠬᠤᠷᠢᠭᠯᠠᠬᠤ ᠶᠢᠨ ᠬᠠᠮᠳᠤ᠂ ᠠᠵᠢᠯ ᠤᠨ ᠲᠡᠮᠳᠡᠭᠯᠡᠯ ᠢᠶᠠᠨ ᠰᠠᠶᠢᠲᠤᠷ ᠬᠢᠬᠦ ᠬᠡᠷᠡᠭᠲᠡᠢ︔ ᠵᠠᠮ ᠬᠠᠷᠢᠯᠴᠠᠭᠠᠨ ᠤ ᠠᠳᠡᠯ ᠪᠠ ᠲᠠᠷᠢᠶᠠᠯᠠᠩ ᠤᠨ ᠮᠠᠰᠢᠨ ᠤ ᠠᠳᠡᠯ ᠲᠣᠬᠢᠶᠠᠯᠳᠤᠭᠰᠠᠨ ᠪᠣᠯ᠂ ᠭᠠᠴᠠᠭ᠎ᠠ ᠲᠤᠰᠬᠤᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠪᠰᠤᠷᠤᠨ ᠬᠠᠮᠢᠶᠠᠷᠤᠭᠴᠢ ᠴᠠᠭ ᠲᠤᠬᠠᠢ ᠳᠤᠨᠢ ᠮᠡᠳᠡᠭᠦᠯᠬᠦ ᠶᠢᠨ ᠬᠠᠮᠲᠤ᠂ ᠰᠢᠢᠳᠪᠦᠷᠢᠯᠡᠬᠦ ᠬᠦᠮᠦᠰ ᠬᠦᠷᠬᠦ ᠠᠴᠠ ᠡᠮᠦᠨ᠎ᠡ ᠠᠬᠤᠢ ᠲᠠᠯᠠᠪᠠᠢ ᠶᠢ ᠢᠳᠡᠪᠬᠢᠲᠡᠢ ᠬᠠᠮᠠᠭᠠᠯᠠᠵᠤ᠂ ᠰᠢᠷᠬᠠᠳᠤᠭᠰᠠᠳ ᠢ ᠠᠪᠤᠷᠠᠬᠤ ᠪᠠᠷ ᠵᠣᠬᠢᠶᠠᠨ ᠪᠠᠶᠢᠭᠤᠯᠵᠤ᠂ ᠣᠪᠣᠭᠠᠷᠠᠯᠳᠤᠨ ᠦᠵᠡᠭᠰᠡᠳ ᠢ ᠢᠳᠬᠠᠨ ᠬᠤᠷᠢᠭᠯᠠᠬᠤ ᠬᠡᠷᠡᠭᠲᠡᠢ᠃ ᠡᠭᠦᠨ ᠤ ᠬᠠᠮᠲᠤ ᠢᠳᠬᠠᠨ ᠰᠤᠷᠭᠠᠬᠰᠠᠨ ᠲᠡᠮᠳᠡᠭᠯᠡᠯ᠂ ᠤᠬᠠᠭᠤᠯᠤᠬᠰᠠᠨ ᠲᠡᠮᠳᠡᠭᠯᠡᠯ ᠪᠠ ᠵᠢᠭᠰᠠᠭᠠᠨ ᠪᠠᠶᠢᠴᠠᠭᠠᠭᠰᠠᠨ ᠲᠡᠮᠳᠡᠭᠯᠡᠯ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ᠃      ︵ᠭᠤᠷᠪᠠ︶ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠰᠡᠷᠭᠡᠶᠢᠯᠡᠨ ᠡᠵᠡᠮᠰᠢᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃      1. ᠵᠠᠰᠠᠮᠠᠯ ᠵᠠᠮ ᠤᠨ ᠠᠮᠤᠷ ᠲᠦᠪᠰᠢᠨ ᠠᠮᠢ ᠨᠠᠰᠤᠨ ᠤ ᠬᠠᠮᠠᠭᠠᠯᠠᠯᠲᠠ ᠶᠢᠨ ᠢᠨᠵᠧᠨᠧᠷᠢᠩ ᠤᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ︽ᠵᠠᠰᠠᠮᠠᠯ ᠵᠠᠮ ᠤᠨ ᠠᠮᠤᠷ ᠲᠦᠪᠰᠢᠨ ᠠᠮᠢ ᠨᠠᠰᠤᠨ ᠤ ᠬᠠᠮᠠᠭᠠᠯᠠᠯᠲᠠ ᠶᠢᠨ ᠢᠨᠵᠧᠨᠧᠷᠢᠩ ᠢ ᠬᠡᠷᠡᠭᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2015﹈ 112 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠤᠭᠠᠷ᠂ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠪᠠ ᠵᠠᠰᠠᠮᠠᠯ ᠵᠠᠮ ᠤᠨ ᠠᠮᠤᠷ ᠲᠦᠪᠰᠢᠨ ᠠᠮᠢ ᠨᠠᠰᠤᠨ ᠤ ᠬᠠᠮᠠᠭᠠᠯᠠᠯᠲᠠ ᠶᠢᠨ ᠢᠨᠵᠧᠨᠧᠷᠢᠩ ᠢ ᠡᠯ᠎ᠡ ᠭᠠᠵᠠᠷ ᠣᠷᠣᠨ ᠤ ᠡᠳᠦᠷ ᠳᠣᠲᠣᠮ ᠤᠨ ᠴᠢᠬᠤᠯᠠ ᠵᠦᠪᠯᠡᠬᠦ ᠵᠦᠢᠯ ᠳᠡᠭᠡᠨ ᠣᠷᠤᠭᠤᠯᠵᠤ᠂ ︽ᠠᠮᠢ ᠨᠠᠰᠤᠨ ᠤ ᠬᠠᠮᠠᠭᠠᠯᠠᠯᠲᠠ ᠶᠢᠨ ᠢᠨᠵᠧᠨᠧᠷᠢᠩ︾ ᠢ ᠮᠠᠯᠵᠢᠬᠤ ᠲᠠᠷᠢᠶᠠᠯᠠᠬᠤ ᠣᠷᠣᠨ ᠤ ᠵᠠᠮ ᠲᠡᠰᠢ ᠤᠷᠳᠤᠳᠬᠠᠬᠤ ᠶᠢ ᠠᠬᠢᠭᠤᠯᠬᠤ ᠬᠡᠷᠡᠭᠲᠡᠢ᠃      2. ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠶᠢ ᠴᠢᠩᠭᠠᠳᠬᠠᠬᠤ ᠬᠡᠷᠡᠭᠲᠡᠢ᠃ ᠵᠠᠮ ᠬᠠᠷᠢᠯᠴᠠᠭᠠᠨ ᠤ ᠬᠠᠤᠯᠢ ᠠᠴᠠ ᠵᠦᠷᠢᠴᠡᠭᠰᠡᠨ ᠡᠯ᠎ᠡ ᠲᠥᠷᠥᠯ ᠤᠨ ᠦᠢᠯᠡ ᠠᠵᠢᠯᠯᠠᠭ᠎ᠠ ᠳᠤ ᠲᠠᠷᠤᠯᠲᠠ ᠴᠢᠩᠭ᠎ᠠ ᠲᠠᠢ ᠪᠠᠷ ᠴᠢᠩᠭ᠎ᠠ ᠬᠠᠮᠢᠶᠠᠷᠬᠤ ᠪᠠᠶᠢᠳᠠᠯ ᠢ ᠢᠮᠠᠭᠲᠠ ᠪᠠᠳᠤᠯᠠᠵᠤ᠂ ᠮᠠᠯᠵᠢᠬᠤ ᠲᠠᠷᠢᠶᠠᠯᠠᠬᠤ ᠣᠷᠣᠨ ᠤ ᠮᠣᠬᠤᠯᠠᠭ ᠮᠠᠰᠢᠨ᠂ ᠮᠣᠲ᠋ᠣᠷ ᠲᠡᠷᠭᠡ᠂ ᠲᠷᠠᠺᠲ᠋ᠤᠷ ᠤᠨ ᠶᠡᠷᠦᠩᠬᠡᠢ ᠴᠡᠭᠴᠡᠯᠡᠨ ᠵᠠᠰᠠᠯᠲᠠ ᠶᠢ ᠦᠷᠭᠦᠯᠵᠢᠯᠡᠨ ᠦᠷᠨᠢᠭᠦᠯᠵᠦ᠂ ᠵᠠᠮ ᠬᠠᠷᠢᠯᠴᠠᠭᠠᠨ ᠤ ᠬᠠᠤᠯᠢ ᠠᠴᠠ ᠵᠦᠷᠢᠴᠡᠭᠰᠡᠨ ᠡᠯ᠎ᠡ ᠲᠥᠷᠥᠯ ᠤᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠨᠡᠶᠢᠭᠡᠮ ᠤᠨ ᠲᠠᠯ᠎ᠠ ᠪᠠᠷ ᠬᠢ ᠤᠬᠠᠭᠤᠯᠭ᠎ᠠ ᠬᠦᠮᠦᠵᠢᠯ ᠤᠨ ᠰᠠᠨᠠᠭᠤᠯᠭ᠎ᠠ ᠶᠢ ᠥᠷᠭᠡᠨ ᠳᠡᠯᠭᠡᠷᠡᠩᠭᠦᠢ ᠦᠷᠨᠢᠭᠦᠯᠵᠦ᠂ ᠨᠡᠶᠢᠳᠡ ᠣᠯᠠᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠦᠵᠡᠯ ᠤᠬᠠᠮᠰᠠᠷ ᠢ ᠬᠦᠴᠦᠯᠡᠨ ᠴᠢᠩᠭᠠᠳᠬᠠᠬᠤ ᠬᠡᠷᠡᠭᠲᠡᠢ᠃ ᠡᠯ᠎ᠡ ᠠᠶᠢᠮᠠᠭ ᠬᠤᠲᠠ ᠨᠤᠭᠤᠳ ᠵᠠᠮ ᠬᠠᠷᠢᠯᠴᠠᠭᠠᠨ ᠤ ᠬᠠᠤᠯᠢ ᠠᠴᠠ ᠵᠦᠷᠢᠴᠡᠭᠰᠡᠨ ᠢ ᠢᠯᠡᠴᠢᠯᠡᠨ ᠮᠡᠳᠡᠭᠦᠯᠪᠡᠯ ᠱᠠᠩᠨᠠᠬᠤ ᠳᠥᠷᠢᠮ ᠪᠠᠶᠢᠭᠤᠯᠵᠤ᠂ ᠢᠯᠡᠴᠢᠯᠡᠨ ᠮᠡᠳᠡᠭᠦᠯᠬᠦ ᠤᠳᠠᠰᠤ ᠶᠢ ᠨᠡᠶᠢᠲᠡᠯᠡᠵᠦ᠂ ᠰᠦᠯᠵᠢᠶ᠎ᠡ᠂ ᠭᠠᠷ ᠤᠲᠠᠰᠤ ᠵᠡᠷᠭᠡ ᠢᠯᠡᠴᠢᠯᠡᠬᠦ ᠵᠠᠮ ᠮᠦᠷ ᠢ ᠰᠠᠭᠠᠳ ᠦᠭᠡᠢ ᠨᠡᠪᠲᠡᠷᠡᠭᠦᠯᠦᠨ᠂ ᠣᠯᠠᠨ ᠲᠦᠮᠡᠨ ᠢ ᠥᠷᠭᠡᠨ ᠳᠡᠯᠭᠡᠷᠡᠩᠭᠦᠢ ᠳᠠᠶᠢᠴᠢᠯᠠᠵᠤ ᠪᠠᠶᠢᠭᠠᠳ ᠭᠤᠣᠯᠳᠠᠯᠭ᠎ᠠ ᠲᠠᠢ ᠲᠡᠷᠭᠡ ᠬᠦᠰᠭᠡ ᠶᠢᠨ ᠵᠠᠮ ᠬᠠᠷᠢᠯᠴᠠᠭᠠᠨ ᠤ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠪᠠ ᠬᠦᠨᠳᠦ ᠬᠡᠴᠡᠭᠦᠦ ᠵᠠᠮ ᠬᠠᠷᠢᠯᠴᠠᠭᠠᠨ ᠤ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠨᠤᠭᠤᠳ ᠢ ᠢᠯᠡᠴᠢᠯᠡᠨ ᠮᠡᠳᠡᠭᠦᠯᠵᠦ᠂ ᠣᠯᠠᠨ ᠵᠠᠮ ᠮᠦᠷ ᠢᠶᠠᠷ ᠪᠡᠯᠡ ᠮᠦᠩᠭᠦ ᠴᠤᠭᠯᠠᠭᠤᠯᠵᠤ᠂ ᠢᠯᠡᠴᠢᠯᠡᠨ ᠮᠡᠳᠡᠭᠦᠯᠦᠭᠰᠡᠨ ᠨᠢ ᠦᠨᠡᠨ ᠪᠣᠳᠠᠲᠠᠢ ᠪᠠᠶᠢᠬᠤ ᠶᠢ ᠨᠢ ᠱᠠᠩᠨᠠᠨ ᠬᠦᠬᠢᠭᠦᠯᠵᠦ᠂ ᠨᠡᠶᠢᠭᠡᠮ ᠤᠨ ᠬᠦᠴᠦᠨ ᠳᠤ ᠲᠦᠰᠢᠭᠯᠡᠨ ᠣᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠵᠤ᠂ ᠪᠦᠬᠦ ᠠᠷᠠᠳ ᠢᠶᠠᠷ ᠢᠶᠠᠨ ᠬᠢᠨᠠᠯᠲᠡ ᠲᠠᠯᠪᠢᠵᠤ᠂ ᠬᠠᠮᠳᠤᠪᠠᠷ ᠵᠢᠷᠤᠮᠯᠠᠨ ᠰᠠᠬᠢᠵᠦ᠂ ᠬᠦᠮᠦᠨ ᠪᠣᠯᠭᠠᠨ ᠪᠡᠶ᠎ᠡ ᠪᠠᠨ ᠱᠠᠭᠠᠷᠳᠠᠬᠤ ᠰᠠᠶᠢᠨ ᠰᠠᠶᠢᠬᠠᠨ ᠣᠷᠴᠢᠨ ᠠᠬᠤᠢ ᠶᠢ ᠶᠡᠬᠡᠪᠡᠷ ᠪᠣᠢ ᠪᠣᠯᠭᠠᠬᠤ ᠬᠡᠷᠡᠭᠲᠡᠢ᠃      ︵ᠳᠥᠷᠪᠡ︶ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃      1. ᠬᠠᠮᠢᠶᠠᠷᠤᠯᠲᠠ ᠶᠢᠨ ᠰᠢᠰᠲ᠋ᠧᠮ ᠤᠨ ᠬᠡᠷᠡᠭᠯᠡᠭᠡᠨ ᠢ ᠴᠢᠩᠭᠠᠳᠬᠠᠬᠤ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭᠠᠨ ᠤ ᠲᠡᠭᠡᠭᠡᠪᠦᠷᠢ ᠶᠢᠨ ᠰᠠᠯᠠᠭ᠎ᠠ ᠮᠦᠴᠢᠷ ᠤᠳ ᠤᠨ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭ᠎ᠠ ᠶᠢᠨ ᠨᠡᠶᠢᠭᠡᠮᠴᠢᠯᠡᠭᠰᠡᠨ ᠬᠠᠮᠢᠶᠠᠷᠤᠯᠲᠠ ᠶᠢᠨ ᠲᠠᠪᠴᠠᠩ ᠳᠤ ᠲᠥᠰᠢᠭᠯᠡᠨ᠂ ᠬᠠᠮᠢᠶᠠᠷᠤᠯᠲᠠ ᠶᠢᠨ ᠠᠷᠭ᠎ᠠ ᠪᠠᠷᠢᠯ ᠤᠨ ᠰᠢᠨᠵᠢᠯᠡᠬᠦ ᠤᠬᠠᠭᠠᠨ ᠮᠡᠷᠭᠡᠵᠢᠯᠡᠯᠲᠡ ᠶᠢ ᠪᠡᠶᠡᠯᠡᠭᠦᠯᠵᠦ᠂ ᠡᠯ᠎ᠡ ᠠᠶᠢᠮᠠᠭ ᠬᠤᠲᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠲᠡᠯᠭᠡᠷᠡᠭᠦᠯᠦᠨ ᠬᠡᠷᠡᠭᠯᠡᠬᠦ ᠶᠢ ᠰᠠᠶᠢᠲᠤᠷ ᠬᠢᠵᠦ᠂ ᠬᠥᠳᠡᠯᠦᠩᠭᠦᠢ ᠪᠠᠷ ᠴᠤᠭᠯᠠᠭᠤᠯᠬᠤ᠂ ᠬᠠᠮᠢᠶᠠᠷᠬᠤ᠂ ᠤᠷᠢᠳᠴᠢᠯᠠᠨ ᠰᠡᠷᠡᠮᠵᠢᠯᠡᠬᠦ ᠪᠠ ᠮᠦᠷᠳᠡᠵᠦ ᠰᠢᠯᠭᠠᠨ ᠬᠢᠨᠠᠬᠤ ᠶᠢ ᠪᠡᠶᠡᠯᠡᠭᠦᠯᠬᠦ ᠬᠡᠷᠡᠭᠲᠡᠢ᠃      2. ᠰᠢᠨᠵᠢᠯᠡᠬᠦ ᠤᠬᠠᠭᠠᠨ ᠮᠡᠷᠭᠡᠵᠢᠯ ᠤᠨ ᠲᠠᠯ᠎ᠠ ᠪᠠᠷ ᠬᠢ ᠣᠷᠤᠭᠤᠯᠤᠯᠲᠠ ᠶᠢᠨ ᠡᠷᠴᠢᠮ ᠢᠶᠠᠨ ᠨᠡᠮᠡᠭᠳᠡᠭᠦᠯᠬᠦ ᠬᠡᠷᠡᠭᠲᠡᠢ᠃ ᠡᠯ᠎ᠡ ᠠᠶᠢᠮᠠᠭ ᠬᠤᠲᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠪᠠ ᠲᠠᠷᠢᠶᠠᠯᠠᠩ ᠤᠨ ᠮᠠᠰᠢᠨ ᠤ ᠦᠢᠯᠡᠳᠪᠦᠷᠢᠯᠡᠯ ᠤᠨ ᠠᠶᠦᠯᠭᠦᠢ ᠶᠢᠨ ᠬᠠᠮᠢᠶᠠᠷᠤᠯᠲᠠ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠲᠤᠨᠤᠭ ᠲᠦᠬᠦᠬᠡᠷᠦᠮᠵᠢ ᠪᠠ ᠮᠡᠳᠡᠭᠡ ᠵᠠᠩᠭᠢᠴᠢᠯᠠᠬᠤ ᠮᠡᠷᠭᠡᠵᠢᠯ ᠤᠨ ᠲᠠᠯ᠎ᠠ ᠪᠠᠷ ᠬᠢ ᠣᠷᠣᠭᠤᠯᠤᠯᠲᠠ ᠶᠢ ᠴᠢᠩᠭᠠᠳᠬᠠᠵᠤ᠂ ᠵᠠᠰᠠᠮᠠᠯ ᠵᠠᠮ ᠤᠨ ᠨᠡᠬᠡᠮᠵᠢᠯᠡᠨ ᠪᠠᠷᠢᠪᠴᠢᠯᠠᠵᠤ ᠬᠢᠵᠠᠭᠠᠷᠯᠠᠨ ᠬᠢᠨᠠᠬᠤ ᠬᠠᠷᠠᠭᠤᠯ ᠪᠣᠭᠤᠮᠲᠠ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠰᠢᠬᠦ ᠰᠢᠰᠲ᠋ᠧᠮ ᠢᠶᠠᠨ ᠴᠢᠩᠭᠠᠳᠬᠠᠬᠤ ᠬᠡᠷᠡᠭᠲᠡᠢ᠃      ︵ᠲᠠᠪᠤ︶ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃       1. ᠠᠮᠤᠷ ᠲᠦᠪᠰᠢᠨ ᠤ ᠤᠬᠠᠭᠤᠯᠭ᠎ᠠ ᠬᠦᠮᠦᠵᠢᠯ ᠤᠨ ᠤᠷᠲᠤ ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠨᠤᠭᠤᠳ ︽ᠵᠠᠮ ᠬᠠᠷᠢᠯᠴᠠᠭᠠᠨ ᠤ ᠪᠣᠯᠪᠠᠰᠤᠨ ᠠᠵᠢᠯᠯᠠᠭᠠᠨ ᠤ ᠲᠦᠯᠦᠪᠯᠡᠭᠡ︾ ᠶᠢ ᠭᠦᠨᠵᠡᠭᠡᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭ᠎ᠠ ᠵᠢᠴᠢ ᠲᠠᠷᠢᠶᠠᠯᠠᠩ ᠤᠨ ᠮᠠᠰᠢᠨ ᠤ ᠠᠶᠤᠯ ᠦᠬᠡᠢ ᠶᠢᠨ ᠤᠬᠠᠭᠤᠯᠭ᠎ᠠ ᠬᠦᠮᠦᠵᠢᠯ ᠤᠨ ᠲᠤᠰᠬᠠᠢ ᠲᠥᠯᠦᠪᠯᠡᠭᠡ ᠶᠢ ᠲᠣᠭᠲᠠᠭᠠᠬᠤ ᠶᠢᠨ ᠬᠠᠮᠳᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠬᠠᠭᠤᠯᠭ᠎ᠠ ᠶᠢᠨ ᠲᠠᠯ᠎ᠠ ᠪᠠᠷ ᠬᠢ ᠣᠷᠤᠭᠤᠯᠤᠯᠲᠠ ᠪᠠᠨ ᠨᠡᠮᠡᠭᠳᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭ᠎ᠠ ᠵᠢᠴᠢ ᠲᠠᠷᠢᠶᠠᠯᠠᠩ ᠤᠨ ᠮᠠᠰᠢᠨ ᠤ ᠠᠶᠤᠯ ᠦᠬᠡᠢ ᠶᠢᠨ ᠤᠬᠠᠭᠤᠯᠭ᠎ᠠ ᠬᠦᠮᠦᠵᠢᠯ ᠤᠨ ᠠᠵᠢᠯ ᠤᠨ ᠬᠡᠪᠰᠢᠵᠢᠯ ᠪᠠ ᠲᠥᠷᠢᠮᠵᠢᠯ ᠢ ᠠᠬᠢᠭᠤᠯᠬᠤ ᠬᠡᠷᠡᠭᠲᠡᠢ᠃      2. ᠠᠶᠤᠯ ᠦᠬᠡᠢ ᠶᠢᠨ ᠤᠬᠠᠭᠤᠯᠭ᠎ᠠ ᠶᠢᠨ ᠵᠢᠬᠰᠠᠭᠠᠯ ᠤᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠲᠠᠢ ᠤᠶᠠᠯᠳᠤᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠲᠣᠮᠤ ᠯᠠᠪᠠᠢ᠂ ᠤᠬᠠᠭᠤᠯᠭ᠎ᠠ ᠶᠢᠨ ᠴᠣᠩᠬᠤ᠂ ᠬᠠᠨ᠎ᠠ ᠶᠢᠨ ᠰᠣᠨᠢᠨ ᠢ ︽ᠬᠦᠳᠡᠭᠡ ᠲᠤᠰᠬᠤᠨ ᠳᠤ ᠣᠷᠤᠭᠤᠯᠬᠤ︾ ᠵᠢᠴᠢ ᠠᠮᠤᠷ ᠲᠦᠪᠰᠢᠨ ᠤ ᠤᠬᠠᠭᠤᠯᠭ᠎ᠠ ᠶᠢ ︽ᠰᠤᠷᠭᠠᠭᠤᠯᠢ ᠶᠢᠨ ᠬᠦᠷᠢᠶᠡᠨ ᠳᠤ ᠣᠷᠤᠭᠤᠯᠬᠤ︾ ᠠᠵᠢᠯ ᠢ ᠠᠬᠢᠭᠤᠯᠵᠤ᠂ 2016 ᠣᠨ ᠤ ᠵᠢᠯ ᠤᠨ ᠰᠡᠭᠦᠯᠴᠢ ᠠᠴᠠ ᠡᠮᠤᠨ᠎ᠠ᠂ ᠮᠠᠯᠵᠢᠬᠤ ᠲᠠᠷᠢᠶᠠᠯᠠᠬᠤ ᠣᠷᠣᠨ ᠤ ᠲᠣᠮᠣ ᠯᠠᠪᠠᠢ᠂ ᠤᠬᠠᠭᠤᠯᠭ᠎ᠠ ᠶᠢᠨ ᠪᠣᠯᠣᠩ ︵ᠴᠣᠩᠬᠤ᠂ ᠬᠠᠨ᠎ᠠ ᠶᠢᠨ ᠰᠣᠨᠢᠨ︶ ᠤᠨ ᠲᠥᠭᠡᠮᠡᠯᠵᠢᠭᠦᠯᠬᠦ ᠨᠣᠷᠮ᠎ᠠ ᠶᠢ 100% ᠳᠤ ᠬᠦᠷᠦᠭᠦᠯᠵᠦ᠂ ᠰᠤᠷᠭᠠᠭᠤᠯᠢ᠂ ᠬᠡᠤᠭᠡᠳ ᠤᠨ ᠴᠡᠴᠡᠷᠯᠢᠭ ᠲᠤ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠪᠣᠯᠣᠩ ᠭᠠᠷᠭᠠᠬᠤ ᠶᠢ 100% ᠳᠤ ᠬᠦᠷᠦᠭᠦᠯᠵᠦ᠂ ᠰᠤᠷᠤᠯᠭ᠎ᠠ ᠶᠢᠨ ᠬᠤᠭᠤᠴᠠᠭ᠎ᠠ ᠪᠦᠷᠢ ᠶᠠᠳᠠᠬᠤ ᠳᠤ 2 ᠤᠳᠠᠭ᠎ᠠ ᠠᠴᠠ ᠳᠡᠭᠡᠭᠰᠢ ᠵᠠᠮ ᠬᠠᠷᠢᠯᠴᠠᠭ᠎ᠠ ᠪᠠ ᠲᠠᠷᠢᠶᠠᠯᠠᠩ ᠤᠨ ᠮᠠᠰᠢᠨ ᠤ ᠠᠶᠦᠯ ᠦᠬᠡᠢ ᠶᠢᠨ ᠬᠢᠴᠢᠶᠡᠯ ᠬᠢᠬᠦ ᠬᠡᠷᠡᠭᠲᠡᠢ᠃ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠰᠠᠷ᠎ᠠ ᠪᠦᠷᠢ 1 ᠬᠤᠭᠤᠴᠠᠭᠠᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠲᠤᠯᠸᠢᠰ᠂ ᠷᠠᠳᠢᠣ᠋ ᠨᠡᠪᠲᠡᠷᠡᠭᠦᠯᠭᠡ ᠶᠢᠨ ᠤᠬᠠᠭᠤᠯᠭ᠎ᠠ ᠶᠢᠨ ᠫᠷᠦᠭᠷᠡᠮ ᠲᠣᠬᠢᠷᠠᠭᠤᠯᠬᠤ ᠬᠡᠷᠡᠭᠲᠡᠢ᠃       ︵ᠵᠢᠷᠭᠤᠭ᠎ᠠ︶ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠦᠨᠡᠯᠡᠯᠲᠡ ᠬᠢᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃      1. ᠠᠮᠤᠷ ᠲᠦᠪᠰᠢᠨ ᠤ ᠰᠢᠯᠭᠠᠨ ᠬᠢᠨᠠᠵᠤ ᠦᠨᠡᠯᠡᠯᠲᠡ ᠬᠢᠬᠦ ᠶᠢ ᠳᠡᠰ ᠱᠠᠳᠤ ᠬᠤᠪᠢᠶᠠᠨ ᠬᠡᠷᠡᠭᠵᠢᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠤᠨ ᠤᠳᠤᠷᠢᠳᠬᠤ ᠳᠤᠭᠤᠶᠢᠯᠠᠩ ᠨᠢ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠡᠯ᠎ᠡ ᠠᠶᠢᠮᠠᠭ ᠬᠤᠲᠠ ᠶᠢᠨ ᠠᠶᠤᠯ ᠦᠬᠡᠢ ᠦᠢᠯᠡᠳᠪᠦᠷᠢᠯᠡᠯ ᠤᠨ ᠣᠨ ᠤ ᠰᠢᠯᠭᠠᠨ ᠬᠢᠨᠠᠬᠤ ᠠᠭᠤᠯᠭ᠎ᠠ ᠳᠤ ᠣᠷᠤᠭᠤᠯᠵᠤ᠂ ᠡᠯ᠎ᠡ ᠠᠶᠢᠮᠠᠭ ᠬᠤᠲᠠ ᠴᠦ ᠲᠤᠰ ᠠᠵᠢᠯ ᠢ ᠲᠤᠤᠷᠠᠳᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠢ ᠦᠨᠡᠯᠡᠬᠦ ᠶᠢᠨ ᠨᠢᠭᠡ ᠵᠦᠢᠯ ᠤᠨ ᠴᠢᠬᠤᠯᠠ ᠠᠭᠤᠯᠭ᠎ᠠ ᠪᠣᠯᠭᠠᠵᠤ ᠣᠨ ᠤ ᠰᠢᠯᠭᠠᠨ ᠬᠢᠨᠠᠬᠤ ᠳᠤ ᠣᠷᠣᠭᠤᠯᠬᠤ ᠬᠡᠷᠡᠭᠲᠡᠢ᠃      2. ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠬᠤ ᠬᠡᠷᠡᠭᠲᠡᠢ᠃ ᠡᠯ᠎ᠡ ᠭᠠᠵᠠᠷ ᠣᠷᠣᠨ ᠨᠤᠭᠤᠳ ᠬᠤᠯᠪᠣᠭᠳᠠᠯ ᠪᠦᠬᠦᠢ ᠲᠣᠭᠲᠠᠭᠠᠯ ᠶᠣᠰᠤᠭᠠᠷ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠳᠡᠯ ᠢ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠠᠳᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠ ᠠᠵᠢᠯ ᠲᠥᠷᠥᠯ ᠤᠨ ᠬᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠢ᠃      ᠳᠥᠷᠪᠡ᠂ ᠠᠵᠢᠯ ᠤᠨ ᠱᠠᠭᠠᠷᠳᠠᠯᠭ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠡᠢ᠃      ᠡᠯ᠎ᠡ ᠠᠶᠢᠮᠠᠭ ᠬᠤᠲᠠ ᠨᠤᠭᠤᠳ ᠠᠶᠤᠯ ᠦᠬᠡᠢ ᠪᠠᠷ ᠬᠦᠭᠵᠢᠭᠦᠯᠬᠦ ᠣᠨᠣᠯᠵᠢᠬᠤᠨ ᠢ ᠪᠠᠲᠤ ᠪᠠᠬᠢ ᠪᠣᠢ ᠪᠣᠯᠭᠠᠵᠤ᠂ ᠬᠢᠵᠠᠭᠠᠷ ᠱᠣᠭᠤᠮ ᠤᠨ ᠰᠡᠳᠬᠢᠴᠡ ᠶᠢ ᠴᠢᠩᠭᠠᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠢ ᠦᠨᠡᠨᠬᠦ ᠴᠢᠩᠭᠠᠳᠬᠠᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠭ᠎ᠠ ᠮᠦᠴᠢᠷ ᠤᠳ ᠨᠢᠭᠲᠠ ᠬᠠᠮᠵᠢᠯᠴᠠᠨ᠂ ᠪᠠᠶᠢᠭᠤᠯᠤᠯ ᠲᠣᠭᠲᠠᠴᠠ ᠪᠠᠨ ᠲᠡᠭᠦᠯᠳᠡᠷᠵᠢᠭᠦᠯᠦᠨ᠂ ᠠᠵᠢᠯ ᠤᠨ ᠠᠷᠭ᠎ᠠ ᠳᠤ ᠰᠢᠨ᠎ᠡ ᠶᠢ ᠡᠭᠦᠳᠴᠦ᠂ ᠠᠷᠭ᠎ᠠ ᠬᠡᠮᠵᠢᠶ᠎ᠡ ᠪᠠᠨ ᠨᠠᠶᠢᠳᠠᠪᠤᠷᠢᠵᠢᠭᠤᠯᠬᠤ ᠶᠢ ᠴᠢᠩᠭᠠᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠠᠬᠢᠭᠤᠯᠬᠤ ᠬᠡᠷᠡᠭᠲᠡᠢ᠃      ︵ᠬᠤᠶᠠᠷ︶ ᠠᠵᠢᠯ ᠤᠨ ᠠᠷᠭ᠎ᠠ ᠬᠡᠮᠵᠢᠶ᠎ᠠ ᠪᠠᠨ ᠨᠠᠷᠢᠯᠢᠬᠵᠢᠭᠤᠯᠬᠤ ᠬᠡᠷᠡᠭᠲᠡᠢ᠃      ᠡᠯ᠎ᠡ ᠠᠶᠢᠮᠠᠭ ᠬᠤᠲᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠪᠣᠳᠠᠲᠠᠢ ᠲᠠᠢ ᠪᠠᠨ ᠤᠶᠠᠯᠳᠤᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠡᠷᠡᠭᠵᠢᠭᠦᠯᠬᠦ ᠲᠦᠰᠦᠯ ᠪᠠ ᠣᠨ ᠤ ᠠᠬᠢᠭᠤᠯᠬᠤ ᠲᠥᠯᠥᠪᠯᠡᠭᠡ ᠲᠣᠭᠲᠠᠭᠠᠵᠤ᠂ ᠠᠵᠢᠯ ᠤᠨ ᠡᠭᠦᠷᠭᠡ ᠪᠠᠨ ᠲᠣᠳᠣᠷᠬᠠᠶᠢᠯᠠᠵᠤ᠂ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠤᠨ ᠲᠠᠯ᠎ᠠ ᠪᠠᠷ ᠰᠢᠨ᠎ᠡ ᠰᠢᠪᠳᠤᠯᠤᠯᠲᠠ ᠲᠠᠢ ᠪᠤᠯᠬᠤ ᠪᠠᠷ ᠴᠢᠷᠮᠠᠶᠢᠬᠤ ᠬᠡᠷᠡᠭᠲᠡᠢ᠃      ︵ᠭᠤᠷᠪᠠ︶ ᠠᠵᠢᠯ ᠤᠨ ᠪᠠᠳᠤᠯᠠᠭ᠎ᠠ ᠶᠢ ᠴᠢᠩᠭᠠᠷᠠᠭᠤᠯᠬᠤ ᠬᠡᠷᠡᠭᠲᠡᠢ᠃      ᠡᠯ᠎ᠡ ᠠᠶᠢᠮᠠᠭ ᠬᠤᠲᠠ ᠨᠤᠭᠤᠳ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠲᠠᠯ᠎ᠠ ᠪᠠᠷ ᠬᠢ ᠣᠷᠤᠭᠤᠯᠤᠯᠲᠠ ᠪᠠᠨ ᠨᠡᠮᠡᠭᠳᠡᠭᠦᠯᠵᠦ᠂ ᠲᠤᠰᠬᠠᠢ ᠪᠡᠯᠡ ᠮᠦᠩᠭᠦ ᠲᠣᠬᠢᠷᠠᠭᠤᠯᠬᠤ ᠶᠢᠨ ᠬᠠᠮᠳᠤ᠂ ᠡᠳ᠋ ᠤᠨ ᠵᠠᠰᠠᠭ ᠤᠨ ᠲᠦᠰᠦᠪ ᠲᠤ ᠣᠷᠤᠭᠤᠯᠵᠤ᠂ ᠬᠡᠷᠡᠭᠯᠡᠯᠲᠡ ᠬᠠᠮᠢᠶᠠᠷᠤᠯᠲᠠ ᠶᠢ ᠵᠢᠷᠤᠮᠵᠢᠭᠤᠯᠬᠤ ᠬᠡᠷᠡᠭᠲᠡᠢ᠃ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠭᠴᠢ᠂ ᠬᠠᠪᠰᠤᠷᠤᠨ ᠬᠠᠮᠢᠶᠠᠷᠤᠭᠴᠢ ᠳᠤ ᠵᠠᠷᠴᠢᠮ ᠳᠡᠭᠡᠷ᠎ᠡ ᠪᠠᠨ ᠬᠦᠮᠦᠨ ᠪᠦᠷᠢ 500 ᠲᠦᠭᠦᠷᠢᠭ / ᠰᠠᠷ᠎ᠠ ᠠᠴᠠ ᠳᠣᠣᠷ᠎ᠠ ᠦᠭᠡᠢ ᠪᠠᠶᠢᠯᠭᠠᠬᠤ ᠶᠢ ᠪᠠᠲᠤᠯᠠᠬᠤ ᠪᠠᠷᠢᠮᠵᠢᠶ᠎ᠠ ᠲᠣᠭᠲᠠᠭᠠᠵᠤ᠂ ᠢᠳᠬᠠᠨ ᠰᠤᠷᠭᠠᠬᠤ ᠦᠷᠲᠡᠭᠡ ᠶᠢᠨ ᠠᠵᠢᠯ ᠤᠨ ᠵᠠᠷᠤᠳᠠᠯ ᠢ ᠢᠳᠡᠪᠬᠢᠲᠡᠢ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠠᠶᠢᠮᠠᠭ ᠬᠤᠲᠠ ᠨᠤᠭᠤᠳ ᠪᠠᠲᠤᠯᠠᠭ᠎ᠠ ᠶᠢᠨ ᠬᠠᠷᠢᠭᠤᠴᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠣᠯᠠᠨ ᠵᠠᠮ ᠮᠦᠷ ᠢᠶᠠᠷ ᠪᠡᠯᠡ ᠮᠦᠩᠭᠦ ᠴᠤᠭᠯᠠᠭᠤᠯᠵᠤ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠪᠠᠲᠤᠯᠠᠵᠤ᠂ ᠢᠳᠬᠠᠨ ᠰᠤᠷᠭᠠᠬᠤ ᠦᠷᠲᠡᠭᠡ ᠶᠢᠨ ᠪᠦᠲᠦᠮᠵᠢᠲᠡᠢ ᠪᠠᠷ ᠡᠭᠦᠷᠭᠡ ᠴᠢᠳᠠᠪᠤᠷᠢ ᠪᠠᠨ ᠭᠦᠢᠴᠡᠳᠭᠡᠬᠦ ᠶᠢ ᠪᠠᠲᠤᠯᠠᠬᠤ ᠬᠡᠷᠡᠭᠲᠡᠢ᠃ ᠡᠭᠦᠨ ᠠᠴᠠ ᠭᠠᠳᠠᠨ᠎ᠠ᠂ ᠠᠵᠢᠯ ᠤᠨ ᠪᠣᠳᠠᠲᠠᠢ ᠪᠠ ᠲᠤᠰ ᠱᠠᠲᠤᠨ ᠤ ᠡᠳ᠋ ᠤᠨ ᠵᠠᠰᠠᠭ ᠤᠨ ᠬᠦᠴᠦᠨ ᠢᠶᠠᠨ ᠦᠨᠳᠦᠰᠦᠯᠡᠨ ᠠᠰᠳᠠᠭᠠᠨ ᠨᠦᠬᠦᠪᠦᠷᠢ ᠲᠣᠬᠢᠷᠠᠭᠤᠯᠬᠤ ᠶᠢᠨ ᠬᠠᠮᠳᠤ᠂ ᠠᠵᠢᠯ ᠳᠤ ᠭᠠᠷᠬᠤ ᠶᠢ ᠲᠡᠮᠳᠡᠭᠯᠡᠬᠦ᠂ ᠠᠵᠢᠯ ᠤᠨ ᠠᠮᠵᠢᠯᠲᠠ ᠪᠦᠳᠦᠮᠵᠢ ᠶᠢ ᠰᠢᠯᠭᠠᠬᠤ ᠯᠤᠭ᠎ᠠ ᠬᠤᠯᠪᠣᠭᠳᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠨᠤᠭᠤᠳ ᠰᠣᠮᠣ ᠰᠢᠶᠠᠩ ᠪᠠᠯᠭᠠᠰᠤ ᠶᠢᠨ ᠲᠠᠷᠢᠶᠠᠯᠠᠩ ᠤᠨ ᠮᠠᠰᠢᠨ ᠤ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠰᠠᠯᠪᠤᠷᠢ ᠪᠠᠶᠢᠭᠤᠯᠤᠮᠵᠢ ᠶᠢᠨ ᠪᠠᠶᠢᠭᠤᠯᠤᠯᠲᠠ ᠶᠢ ᠲᠦᠷᠭᠡᠳᠭᠡᠵᠦ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠬᠠᠮᠢᠶᠠᠷᠤᠨ ᠡᠵᠡᠮᠳᠡᠬᠦ ᠳᠤᠮᠳᠠᠬᠢ ᠲᠠᠷᠢᠶᠠᠯᠠᠩ ᠤᠨ ᠮᠠᠰᠢᠨ ᠤ ᠠᠶᠤᠯ ᠦᠬᠡᠢ ᠶᠢᠨ ᠬᠢᠨᠠᠨ ᠬᠠᠮᠢᠶᠠᠷᠬᠤ ᠪᠠᠶᠢᠭᠤᠯᠤᠮᠵᠢ ᠶᠢᠨ ᠦᠢᠯᠡᠳᠦᠯ ᠢ ᠨᠢ ᠪᠠᠳᠠᠷᠠᠭᠤᠯᠬᠤ ᠬᠡᠷᠡᠭᠲᠡᠢ᠃      ︵ᠲᠥᠷᠪᠡ︶ ᠬᠠᠷᠢᠭᠤᠴᠠᠯᠭ᠎ᠠ ᠶᠢ ᠨᠢ ᠭᠡᠳᠡᠷᠬᠡᠨ ᠪᠠᠶᠢᠴᠠᠭᠠᠬᠤ ᠶᠢ ᠴᠢᠩᠳᠠᠯᠠᠬᠤ ᠬᠡᠷᠡᠭᠲᠡᠢ᠃      ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠳᠤ ᠭᠠᠷᠤᠭᠰᠠᠨ ᠬᠦᠨᠳᠦ ᠬᠡᠴᠡᠭᠦᠦ ᠠᠴᠠ ᠳᠡᠭᠡᠭᠰᠢᠬᠢ ᠵᠠᠮ ᠬᠠᠷᠢᠯᠴᠠᠭᠠᠨ ᠤ ᠠᠳᠡᠯ ᠢ ︽ᠦᠢᠯᠡᠳᠪᠦᠷᠢᠯᠡᠯ ᠤᠨ ᠠᠶᠤᠯ ᠦᠬᠡᠢ ᠶᠢᠨ ᠠᠳᠡᠯ ᠤᠨ ᠮᠡᠳᠡᠭᠦᠯᠦᠯᠲᠡ ᠪᠠ ᠪᠠᠶᠢᠴᠠᠭᠠᠨ ᠰᠢᠢᠳᠪᠦᠷᠢᠯᠡᠬᠦ ᠲᠥᠷᠢᠮ︾ ︵ᠲᠥᠷᠥ ᠶᠢᠨ ᠶᠠᠪᠤᠳᠠᠯ ᠤᠨ ᠬᠤᠷᠢᠶ᠎ᠠ ᠶᠢᠨ 493 ᠳ᠋ᠤᠭᠠᠷ ᠲᠣᠭᠠᠲᠤ ᠵᠠᠷᠯᠢᠭ︶ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯ ᠦᠬᠡᠢ ᠶᠢᠨ ᠦᠢᠯᠡᠳᠪᠦᠷᠢᠯᠡᠯ ᠤᠨ ︿ᠨᠠᠮ ᠪᠠ ᠵᠠᠰᠠᠭ ᠤᠨ ᠬᠢᠨ ᠠᠳᠠᠯᠢ ᠬᠠᠷᠢᠭᠤᠴᠠᠯᠭ᠎ᠠ ᠲᠠᠢ ᠪᠠᠶᠢᠬᠤ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠬᠦᠷᠬᠡᠯᠡᠬᠦ﹀ ᠶᠢᠨ ᠲᠦᠷ ᠬᠡᠷᠡᠭᠵᠢᠭᠦᠯᠬᠦ ᠠᠷᠭ᠎ᠠ︾ ᠵᠢᠴᠢ ︽ᠲᠥᠷᠪᠡ ᠶᠢ ᠦᠩᠭᠡᠷᠡᠭᠦᠯᠬᠦ ᠦᠭᠡᠢ︾ ᠵᠠᠷᠴᠢᠮ ᠶᠣᠰᠤᠭᠠᠷ᠂ ᠬᠠᠷᠢᠭᠤᠴᠠᠯᠭ᠎ᠠ ᠶᠢ ᠭᠡᠳᠡᠷᠬᠡᠨ ᠪᠠᠶᠢᠴᠠᠭᠠᠬᠤ ᠲᠥᠷᠢᠮ ᠢ ᠴᠢᠩᠭ᠎ᠠ ᠬᠡᠷᠡᠭᠵᠢᠭᠦᠯᠵᠦ᠂ ᠬᠠᠷᠢᠭᠤᠴᠠᠯᠭᠠᠲᠤ ᠤᠳᠤᠷᠢᠳᠤᠯᠭ᠎ᠠ᠂ ᠰᠢᠭᠤᠳ ᠬᠠᠷᠢᠭᠤᠴᠠᠯᠭᠠᠲᠠᠨ ᠪᠠ ᠬᠠᠮᠢᠶ᠎ᠠ ᠪᠦᠬᠦᠢ ᠬᠠᠷᠢᠭᠤᠴᠠᠯᠭ᠎ᠠ ᠲᠠᠢ ᠬᠦᠮᠦᠨ ᠠᠴᠠ ᠬᠠᠷᠢᠭᠤᠴᠠᠯᠭ᠎ᠠ ᠶᠢ ᠬᠠᠤᠯᠢ ᠶᠣᠰᠤᠭᠠᠷ ᠨᠡᠬᠡᠮᠵᠢᠯᠡᠬᠦ ᠬᠡᠷᠡᠭᠲᠡᠢ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号