ᠪᠦᠬᠦ ᠤᠷᠤᠨ ᠤ ᠮᠦᠩᠭᠦᠨ ᠬᠦᠢᠯᠭᠡᠭᠡᠨ ᠤ ᠠᠵᠢᠯ ᠤᠨ ᠲᠧᠯᠸᠢᠰ ᠤᠳᠠᠰᠤ ᠬᠤᠷᠠᠯ ᠬᠤᠷᠠᠯᠳᠤᠪᠠ  ᠵᠠᠩ ᠵᠢᠶᠠᠨ ᠮᠢᠨ ᠬᠤᠷᠠᠯ ᠳᠤ ᠤᠷᠤᠯᠴᠠᠨ ᠶᠠᠷᠢᠶ᠎ᠠ ᠳᠠᠯᠪᠢᠵᠠᠢ
ᠨᠡᠶᠢᠲᠡᠯᠡᠭᠰᠡᠨ ᠴᠠᠭ᠄
2017/2/14
     2 ᠳ᠋ᠤᠭᠠᠷ ᠰᠠᠷ᠎ᠠ ᠶᠢᠨ 13᠎ ᠤ ᠡᠳᠦᠷ᠂ ᠪᠦᠬᠦ ᠤᠷᠤᠨ ᠤ ᠮᠦᠩᠭᠦᠨ ᠬᠦᠢᠯᠭᠡᠭᠡᠨ ᠤ ᠲᠧᠯᠸᠢᠰ ᠤᠳᠠᠰᠤ ᠬᠤᠷᠠᠯ ᠬᠤᠷᠠᠯᠳᠤᠵᠤ᠂ 2016 ᠤᠨ ᠤ ᠮᠦᠩᠭᠦᠨ ᠬᠦᠢᠯᠭᠡᠭᠡᠨ ᠤ ᠠᠵᠢᠯ ᠢ ᠳ᠋ᠦᠩᠨᠡᠨ᠂ ᠡᠨᠡ ᠵᠢᠯ ᠤᠨ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠦᠪᠡᠷᠳᠡᠭᠡᠨ ᠵᠠᠰᠠᠬᠤ ᠤᠷᠤᠨ ᠤ ᠪᠠᠶᠢᠩᠭᠤ ᠶᠢᠨ ᠳᠡᠳ᠋ ᠳᠡᠷᠢᠭᠦᠯᠡᠭᠴᠢ ᠵᠠᠩ ᠵᠢᠶᠠᠨ ᠮᠢᠨ ᠬᠤᠷᠠᠯ ᠳᠤ ᠤᠷᠤᠯᠴᠠᠨ ᠶᠠᠷᠢᠶ᠎ᠠ ᠳᠠᠯᠪᠢᠵᠠᠢ᠃      ᠵᠠᠩ ᠵᠢᠶᠠᠨ ᠮᠢᠨ ᠵᠢᠭᠠᠵᠤ ᠭᠠᠷᠭᠠᠭᠰᠠᠨ ᠨᠢ᠂ 2016 ᠤᠨ ᠳᠤ ᠪᠦᠬᠦ ᠤᠷᠤᠨ ᠤ ᠮᠦᠩᠭᠦᠨ ᠬᠦᠢᠯᠭᠡᠭᠡᠨ ᠎ ᠤ ᠰᠢᠰᠲ᠋ᠧᠮᠵᠢ ᠶᠢᠨ ᠬᠢᠨ ᠵᠠᠮ ᠨᠡᠭᠡᠭᠡᠨ ᠤᠷᠤᠭᠰᠢᠯᠠᠨ᠂ ᠯᠠᠪᠳᠠᠭᠤᠨ ᠪᠠᠳᠤᠳᠠᠢ ᠠᠵᠢᠯᠯᠠᠵᠤ᠂ ᠮᠦᠩᠭᠦᠨ ᠬᠦᠢᠯᠭᠡᠭᠡᠨ ᠎ ᠤ ᠦᠢᠯᠡᠰ ᠤᠨ ᠬᠡᠪᠴᠢᠶᠡᠵᠢᠯ᠂ ᠬᠤᠷᠳᠤᠴᠠ᠂ ᠶᠠᠰᠤ ᠴᠢᠨᠠᠷ᠂ ᠦᠷ᠎ᠠ ᠠᠰᠢᠭ ᠪᠦᠷ ᠲᠡᠭᠡᠭᠰᠢᠯᠡᠵᠤ᠂ ᠪᠦᠬᠦ ᠤᠷᠤᠨ ᠎ ᠤ ᠠᠵᠤ ᠠᠬᠤᠢ ᠨᠡᠶᠢᠭᠡᠮ ᠤᠨ ᠬᠦᠭᠵᠢᠯᠳᠡ ᠳᠤ ᠬᠦᠴᠤᠨ ᠪᠦᠬᠦᠢ ᠳᠤᠯᠭᠠᠭᠤᠷᠢᠯᠠᠯ ᠪᠤᠯᠪᠠ᠃ ᠮᠦᠩᠭᠦᠨ ᠬᠦᠢᠯᠭᠡᠭᠡᠨ ᠎ ᠤ ᠶᠡᠷᠦᠩᠬᠡᠶᠢᠯᠡᠭᠰᠡᠨ ᠬᠦᠴᠤᠨ ᠢᠯᠡᠳᠳᠡ ᠨᠡᠮᠡᠭᠳᠡᠵᠤ᠂ ᠮᠦᠩᠭᠦᠨ ᠬᠦᠢᠯᠭᠡᠭᠡᠨ ᠤ ᠰᠢᠰᠲ᠋ᠧᠮᠵᠢ ᠠᠯᠬᠤᠮ ᠠᠯᠬᠤᠮ ᠢᠶᠠᠷ ᠳᠡᠭᠦᠯᠳᠡᠷᠵᠢᠨ᠂ ᠰᠢᠭᠤᠳ ᠪᠡᠯᠡ ᠬᠤᠷᠠᠮᠳᠤᠭᠤᠯᠭ᠎ᠠ ᠳᠠᠰᠤᠷᠠᠯᠳᠠ ᠦᠭᠡᠢ ᠦᠷᠭᠡᠳᠴᠦ᠂ ᠮᠦᠩᠭᠦᠨ ᠬᠦᠢᠯᠭᠡᠭᠡᠨ ᠤ ᠦᠭᠡᠷᠡᠴᠢᠯᠡᠯᠳᠡ ᠶᠢᠨ ᠦᠷ᠎ᠠ ᠪᠦᠳᠦᠮᠵᠢ ᠢᠯᠡᠷᠭᠡᠢ ᠪᠤᠯᠪᠠ ᠭᠡᠵᠠᠢ᠃      ᠵᠠᠩ ᠵᠢᠶᠠᠨ ᠮᠢᠨ᠂ ᠤᠳᠤᠬᠠᠨ ᠳᠤ ᠮᠦᠩᠭᠦᠨ ᠬᠦᠢᠯᠭᠡᠭᠡᠨ ᠤ ᠠᠵᠢᠯ ᠤᠨ ᠪᠠᠶᠢᠳᠠᠯ ᠢ ᠵᠦᠪ ᠢᠶᠠᠷ ᠳᠠᠨᠢᠵᠤ᠂ ᠦᠵᠠᠯ ᠤᠬᠠᠮᠰᠠᠷ ᠳᠠᠨᠢᠯᠳᠠ ᠪᠠᠨ ᠴᠢᠨᠠᠭᠰᠢᠳᠠ ᠨᠢᠭᠡᠳᠭᠡᠭᠦ ᠬᠡᠷᠡᠭᠳᠠᠢ᠃ ᠭᠤᠤᠯᠳᠠᠯᠭ᠎ᠠ ᠪᠠ ᠬᠦᠴᠢᠷᠳᠠᠯ ᠲᠠᠢ ᠳᠠᠯ᠎ᠠ ᠶᠢ ᠰᠠᠶᠢᠳᠤᠷ ᠠᠳᠬᠤᠵᠤ᠂ 2017 ᠤᠨ ᠤ ᠮᠦᠩᠭᠦᠨ ᠬᠦᠢᠯᠭᠡᠭᠡᠨ ᠤ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠭᠦ ᠬᠡᠷᠡᠭᠳᠠᠢ᠃ ᠪᠦᠬᠦ ᠤᠷᠤᠨ ᠤ ᠮᠦᠩᠭᠦᠨ ᠬᠦᠢᠯᠭᠡᠭᠡᠨ ᠤ ᠰᠢᠰᠲ᠋ᠧᠮᠵᠢ ᠶᠢᠨ ᠬᠢᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠡᠷᠬᠡᠪᠰᠢ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠭᠳᠠᠭᠤᠨ ᠤ ᠳᠤᠮᠳᠠ ᠤᠷᠤᠭᠰᠢᠯᠠᠨ ᠳᠠᠪᠰᠢᠬᠤ ᠶᠡᠷᠦᠩᠬᠡᠢ ᠬᠦᠭ ᠠᠶᠠᠰ ᠶᠤᠰᠤᠭᠠᠷ᠂ ᠮᠦᠩᠭᠦᠨ ᠬᠦᠢᠯᠭᠡᠭᠡᠨ ᠢᠶᠠᠷ ᠪᠤᠳᠠᠳᠤ ᠴᠤᠭᠴᠠ ᠶᠢᠨ ᠠᠵᠤ ᠠᠬᠤᠢ ᠳᠤ ᠦᠢᠯᠡᠴᠢᠯᠡᠭᠦ ᠦᠨᠳᠦᠰᠤᠨ ᠱᠠᠭᠠᠷᠳᠠᠯᠭ᠎ᠠ ᠶᠢ ᠪᠠᠷᠢᠮᠳᠠᠯᠠᠵᠤ᠂ ᠢᠳᠡᠭᠡᠮᠵᠢᠳᠤ ᠵᠢᠭᠡᠯᠡᠯᠭᠡ ᠶᠢᠨ ᠬᠡᠪᠴᠢᠶ᠎ᠠ ᠪᠠᠨ ᠬᠦᠴᠦᠯᠡᠨ ᠦᠷᠭᠡᠳᠭᠡᠭᠦ᠂ ᠮᠦᠩᠭᠦᠨ ᠬᠦᠢᠯᠭᠡᠭᠡᠨ ᠤ ᠰᠢᠰᠲ᠋ᠧᠮᠵᠢ ᠪᠠᠨ ᠬᠦᠴᠦᠯᠡᠨ ᠳᠡᠭᠦᠯᠳᠡᠷᠵᠢᠭᠦᠯᠬᠦ᠂ ᠰᠢᠭᠤᠳ ᠪᠡᠯᠡ ᠬᠤᠷᠠᠮᠳᠤᠭᠤᠯᠭ᠎ᠠ ᠶᠢ ᠬᠦᠴᠦᠯᠡᠨ ᠨᠡᠮᠡᠭᠳᠡᠭᠦᠯᠬᠦ᠂ ᠮᠦᠩᠭᠦᠨ ᠬᠦᠢᠯᠭᠡᠭᠡᠨ ᠤ ᠦᠭᠡᠷᠡᠴᠢᠯᠡᠯᠳᠡ ᠶᠢ ᠬᠦᠴᠦᠯᠡᠨ ᠬᠦᠨᠵᠡᠭᠡᠶᠢᠷᠡᠭᠦᠯᠬᠦ᠂ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠬᠦᠴᠦᠯᠡᠨ ᠰᠠᠶᠢᠳᠤᠷ ᠬᠢᠬᠦ᠂ ᠲᠦᠭᠡᠮᠡᠯ ᠬᠦᠷᠳᠡᠭᠡᠮᠵᠢᠳᠤ ᠮᠦᠩᠭᠦᠨ ᠬᠦᠢᠯᠭᠡᠭᠡ ᠶᠢ ᠬᠦᠴᠦᠯᠡᠨ ᠬᠦᠭᠵᠢᠭᠦᠯᠬᠦ᠂ ᠮᠦᠩᠭᠦᠨ ᠬᠦᠢᠯᠭᠡᠭᠡᠨ ᠤ ᠦᠢᠯᠡᠴᠢᠯᠡᠭᠡ ᠶᠢᠨ ᠰᠢᠨ᠎ᠠ ᠶᠢ ᠡᠭᠦᠳᠭᠦ᠂ ᠠᠷᠠᠳ ᠤᠨ ᠳᠤᠮᠳᠠᠬᠢ ᠪᠡᠯᠡ ᠬᠦᠷᠦᠩᠭᠡ ᠶᠢ ᠬᠦᠴᠦᠯᠡᠨ ᠠᠰᠢᠬᠯᠠᠬᠤ ᠵᠡᠷᠭᠡ ᠨᠠᠶᠢᠮᠠᠨ ᠳᠠᠯ᠎ᠠ ᠶᠢᠨ ᠠᠵᠢᠯ ᠢ ᠭᠤᠤᠯᠳᠠᠯᠭ᠎ᠠ ᠲᠠᠢ ᠠᠳᠬᠤᠬᠤ ᠬᠡᠷᠡᠭᠳᠠᠢ ᠬᠡᠵᠤ ᠴᠢᠬᠤᠯᠠᠴᠢᠯᠠᠵᠠᠢ᠃      ᠬᠤᠷᠠᠯ ᠳᠤ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠠᠴᠠ 2016 ᠤᠨ ᠤ ᠮᠦᠩᠭᠦᠨ ᠬᠦᠢᠯᠭᠡᠭᠡᠨ ᠤ ᠠᠵᠢᠯ ᠤᠨ ᠳᠡᠷᠢᠭᠦᠨ ᠤ ᠬᠠᠮᠳᠤ ᠨᠡᠶᠢᠳᠡ ᠪᠠ ᠰᠢᠯᠢᠳᠡᠭ ᠬᠤᠪᠢ ᠬᠦᠮᠦᠨ ᠢ ᠰᠠᠶᠢᠰᠢᠶᠠᠨ ᠬᠦᠬᠢᠬᠦᠯᠵᠦ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠳᠠᠨ ᠠᠴᠠ ᠳᠤᠰᠪᠤᠷᠢ 2016 ᠤᠨ ᠎ ᠤ ᠠᠵᠢᠯ ᠤᠨ ᠪᠠᠶᠢᠳᠠᠯ ᠢᠶᠠᠨ ᠮᠡᠳᠡᠭᠦᠯᠵᠤ᠂ ᠤᠳᠤᠬᠠᠨ ᠤ ᠠᠵᠤ ᠠᠬᠤᠢ ᠮᠦᠩᠭᠦᠨ ᠬᠦᠢᠯᠭᠡᠭᠡᠨ ᠤ ᠪᠠᠶᠢᠳᠠᠯ ᠢ ᠵᠠᠳᠠᠯᠤᠨ᠂ ᠡᠨᠡ ᠵᠢᠯ ᠤᠨ ᠠᠵᠢᠯ ᠤᠨ ᠰᠡᠳᠬᠢᠴᠠ ᠪᠠ ᠠᠷᠭ᠎ᠠ ᠪᠤᠳᠤᠯᠭ᠎ᠠ ᠪᠠᠨ ᠳᠤᠷᠠᠳᠤᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号