| ᠡᠨᠡ ᠵᠢᠯ᠂ ᠥᠪᠥᠷ ᠮᠣᠩᠭᠤᠯ ︽ᠲᠦᠷᠭᠡᠨ ᠢᠯᠡᠭᠡᠮᠵᠢ ᠶᠢ ᠬᠥᠳᠡᠭᠡ ᠪᠠᠭᠤᠯᠭᠠᠬᠤ︾ ᠢᠨᠵᠧᠨᠧᠷᠢᠩ ᠢ | ᠦᠷᠭᠦᠯᠵᠢᠯᠡᠨ ᠡᠷᠴᠢᠮᠲᠡᠢ ᠰᠠᠶᠢᠲᠤᠷ ᠠᠳᠬᠤᠨ᠂ 2017 ᠣᠨ ᠳᠤ ᠲᠦᠷᠭᠡᠨ ᠢᠯᠡᠭᠡᠮᠵᠢ ᠶᠢ ᠬᠥᠳᠡᠭᠡ | ᠪᠦᠷᠬᠦᠭᠦᠯᠬᠦ ᠨᠤᠷᠮ᠎ᠠ ᠶᠢ 83% ᠠᠴᠠ ᠳᠡᠭᠡᠭᠰᠢ ᠳᠤ ᠬᠦᠷᠦᠭᠦᠯᠦᠨ᠎ᠡ᠃ ᠪᠣᠳᠠᠲᠠᠶ ᠪᠠᠶᠢᠳᠠᠯ ᠳᠠᠭᠠᠨ ᠲᠣᠬᠢᠷᠠᠭᠤᠯᠤᠨ᠂ | ᠡᠬᠢ ᠪᠠᠶᠠᠯᠢᠭ ᠢ ᠨᠡᠶᠢᠯᠡᠭᠦᠯᠦᠨ ᠨᠢᠭᠡᠳᠬᠡᠵᠦ᠂ ᠠᠶᠢᠮᠠᠭ ᠬᠤᠲᠠ ᠶᠢᠨ ᠲᠤᠰᠬᠠᠢ ᠲᠥᠷᠥᠯ ᠤᠨ ᠲᠦᠷᠭᠡᠨ | ᠢᠯᠡᠭᠡᠮᠵᠢ ᠶᠢᠨ ᠬᠦᠷᠢᠶᠡᠯᠡᠩ ᠲᠣᠭᠤᠷᠢᠭ ᠤᠨ ᠪᠥᠳᠥᠭᠡᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ | ︽ᠠᠶᠢᠮᠠᠭ ᠬᠤᠲᠠ ᠳᠤ ᠬᠦᠷᠢᠶᠡᠯᠡᠩ ᠲᠣᠭᠤᠷᠢᠭ ᠲᠠᠢ ᠪᠠᠶᠢᠯᠭᠠᠬᠤ︾ ᠠᠵᠢᠯ ᠤᠨ ᠬᠠᠷᠠᠯᠲᠠ ᠶᠢ ᠦᠨᠳᠦᠰᠦᠨ ᠳᠡᠭᠡᠨ | ᠪᠡᠶᠡᠯᠡᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠰᠢᠦᠳᠠᠨ ᠤ ᠰᠠᠯᠠᠭ᠎ᠠ ᠮᠥᠴᠢᠷ ᠨᠢ ᠨᠥᠬᠦᠴᠡᠯ ᠲᠠᠢ ᠭᠠᠵᠠᠷ ᠣᠷᠣᠨ ᠳᠤ | ᠬᠤᠰᠢᠭᠤ ᠰᠢᠶᠠᠨ ᠤ ᠲᠦᠷᠭᠡᠨ ᠢᠯᠡᠭᠡᠮᠵᠢ ᠶᠢᠨ ︵ᠲᠥᠪᠯᠡᠷᠡᠭᠦᠯᠦᠨ ᠲᠠᠷᠬᠠᠭᠠᠬᠤ︶ ᠰᠠᠯᠭᠠᠨ ᠪᠠᠭᠤᠯᠭᠠᠬᠤ ᠲᠥᠪ ᠤᠨ | ᠪᠦᠲᠦᠭᠡᠨ ᠪᠠᠶᠢᠭᠤᠯᠤᠯᠲᠠ ᠶᠢ ᠥᠷᠭᠦᠯᠵᠢᠯᠡᠨ ᠲᠦᠯᠬᠢᠨ ᠠᠬᠢᠭᠤᠯᠵᠤ᠂ ᠰᠢᠶᠠᠩ ᠪᠠᠯᠭᠠᠰᠤ ᠶᠢᠨ ᠣᠯᠠᠨ ᠨᠡᠶᠢᠲᠡ ᠶᠢᠨ | ᠬᠤᠷᠢᠶᠠᠬᠤ ᠬᠦᠷᠭᠡᠬᠦ ᠦᠢᠯᠡᠴᠢᠯᠡᠭᠡᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠲᠥᠷᠭᠡᠨ ᠠᠬᠢᠭᠤᠯᠤᠨ᠎ᠠ᠃ | ᠰᠢᠦᠳᠠᠨ ᠤ ᠨᠡᠶᠢᠳᠡᠮ ᠦᠢᠯᠡᠴᠢᠯᠡᠭᠡᠨ ᠤ ᠦᠵᠦᠭᠦᠷ ᠤᠨ ᠲᠣᠣᠷ ᠰᠦᠯᠵᠢᠶ᠎ᠡ ᠶᠢ ᠪᠦᠷᠢᠨᠰᠢᠭᠦᠯᠦᠨ ᠰᠢᠯᠢᠳᠡᠭᠵᠢᠭᠦᠯᠵᠦ᠂ | ᠲᠤᠰᠬᠤᠨ ᠤ ᠱᠠᠲᠤᠨ ᠤ ᠠᠷᠠᠳ ᠲᠤ ᠳᠥᠭᠦᠮ ᠦᠵᠡᠭᠦᠯᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠤᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠠᠶᠢᠭᠤᠯᠤᠯᠲᠠᠲᠤ ᠲᠣᠰᠬᠤᠨ ᠳᠤ ᠰᠢᠦᠳᠠᠨ ᠰᠢᠭᠤᠳ ᠨᠡᠪᠲᠡᠷᠡᠬᠦ | ᠲᠤᠷᠰᠢᠯᠲᠠ ᠶᠢᠨ ᠴᠢᠭ᠋ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠥᠷᠭᠡᠳᠬᠡᠵᠦ᠂ 60% ᠠᠴᠠ ᠳᠡᠭᠡᠭᠰᠢᠬᠢ | ᠪᠠᠶᠢᠭᠤᠯᠤᠯᠲᠠᠲᠤ ᠲᠤᠰᠬᠤᠨ ᠳᠤ ᠰᠢᠦᠳᠠᠨ ᠰᠢᠭᠤᠳ ᠨᠡᠪᠲᠡᠷᠡᠬᠦ ᠶᠢ ᠪᠡᠶᠡᠯᠡᠭᠦᠯᠦᠨ᠂ ᠮᠠᠯᠵᠢᠬᠤ ᠲᠠᠷᠢᠶᠠᠯᠠᠬᠤ | ᠣᠷᠣᠨ ᠤ ᠦᠵᠦᠭᠦᠷ ᠲᠠᠬᠢ ᠢᠯᠡᠭᠡᠵᠦ ᠬᠦᠷᠭᠡᠬᠦ ᠴᠢᠳᠠᠪᠤᠷᠢ ᠪᠠ ᠬᠢᠷᠢ ᠬᠡᠮᠵᠢᠶ᠎ᠡ ᠶᠢ ᠪᠦᠬᠦ ᠲᠠᠯ᠎ᠠ ᠪᠠᠷ | ᠳᠡᠭᠡᠭᠰᠢᠯᠡᠭᠦᠯᠦᠨ᠎ᠡ᠃ ᠲᠦᠷᠭᠡᠨ ᠢᠯᠡᠭᠡᠮᠵᠢ ᠶᠢᠨ ᠠᠵᠤ ᠠᠬᠤᠶᠢᠯᠠᠯ ᠤᠨ ᠦᠢᠯᠡᠴᠢᠯᠡᠭᠡᠨ ᠤ ᠦᠢᠯᠡᠳᠬᠦ ᠦᠢᠯᠡᠰ ᠤᠨ | ᠢᠨᠵᠧᠨᠧᠷᠢᠩ ᠢ ᠥᠷᠭᠡᠳᠬᠡᠵᠦ᠂ ᠤᠳᠤ ᠪᠠᠶᠢᠭ᠎ᠠ 48 ᠭᠤᠣᠯᠳᠠᠯᠭ᠎ᠠ ᠲᠠᠢ ᠦᠢᠯᠡᠴᠢᠯᠡᠭᠡᠨ ᠤ ᠲᠥᠷᠥᠯ ᠵᠦᠢᠯ ᠢ | ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢᠨ ᠬᠠᠮᠲᠤ ᠵᠢᠱᠢᠶ᠎ᠡ ᠦᠵᠡᠭᠦᠯᠬᠦ ᠲᠥᠷᠥᠯ ᠵᠦᠢᠯ ᠤᠨ ᠬᠤᠯᠪᠣᠭᠳᠠᠬᠤ | ᠬᠦᠷᠢᠶ᠎ᠡ ᠬᠡᠪᠴᠢᠶ᠎ᠡ ᠶᠢ ᠥᠷᠭᠡᠳᠬᠡᠨ᠂ ᠵᠢᠯ ᠤᠨ ᠡᠴᠦᠰ ᠲᠤ ᠦᠢᠯᠡᠴᠢᠯᠡᠭᠡᠨ ᠤ ᠦᠢᠯᠡᠳᠬᠦ ᠦᠢᠯᠡᠰ ᠤᠨ ᠲᠦᠷᠭᠡᠨ | ᠢᠯᠡᠭᠡᠮᠵᠢ ᠶᠢᠨ ᠲᠤᠬᠠᠶᠢᠯᠠᠭᠰᠠᠨ ᠠᠵᠢᠯ ᠤᠨ ᠬᠡᠮᠵᠢᠶ᠎ᠡ ᠶᠢ 2000 ᠲᠦᠮᠡ ᠠᠴᠠ ᠳᠠᠪᠠᠭᠤᠯᠵᠤ᠂ ᠰᠢᠭᠤᠳ | ᠲᠤᠬᠠᠶᠢᠯᠠᠭᠰᠠᠨ ᠠᠵᠢᠯ ᠤᠨ ᠣᠷᠣᠯᠭ᠎ᠠ ᠶᠢ ᠨᠡᠶᠢᠲᠡ 2 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ | ᠴᠢᠷᠮᠠᠶᠢᠨ᠎ᠠ᠃ |