ᠥᠪᠥᠷ ᠵᠠᠰᠠᠭ ᠲᠠᠷᠬᠠᠭᠠᠭᠰᠠᠨ ﹇2016﹈ 98 ᠳ᠋ᠤᠭᠠᠷ ᠲᠤᠭᠠᠳᠤ | 2016 ᠣᠨ ᠤ 8 ᠳ᠋ᠣᠭᠠᠷ ᠰᠠᠷ᠎ᠠ ᠶᠢᠨ 23 ᠤ ᠡᠳᠣᠷ | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ | ᠬᠡᠷᠩᠵᠢᠭᠦᠯᠭᠦ ᠲᠥᠯᠥᠪᠯᠡᠭᠡ ︵2016 — 2020 ᠣᠨ︶︾ ᠶᠢ ᠡᠳᠣᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠳᠠᠢ ᠲᠠᠢ ᠪᠠᠨ ᠤᠶᠠᠯᠳᠤᠭᠤᠯᠵᠤ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ | ᠬᠡᠷᠩᠵᠢᠭᠦᠯᠭᠦ ᠲᠥᠯᠥᠪᠯᠡᠭᠡ | ︵2016 — 2020 ᠣᠨ︶ | ᠪᠦᠭᠦ ᠠᠷᠠᠳ ᠤᠨ ᠪᠡᠶ᠎ᠡ ᠴᠢᠭᠢᠷᠠᠭᠵᠢᠭᠤᠯᠣᠯᠳᠠ ᠨᠢ ᠪᠦᠬᠦ ᠠᠷᠠᠳ ᠲᠦᠮᠡᠨ ᠪᠠᠶ᠎ᠠ ᠪᠠᠨ ᠴᠢᠩᠭᠠᠷᠠᠭᠤᠯᠵᠣ᠂ | ᠡᠷᠠᠭᠦᠯ ᠰᠠᠷᠠᠭᠤᠯ ᠠᠮᠢᠳᠤᠷᠠᠬᠤ ᠶᠢᠨ ᠰᠠᠭᠤᠷᠢ ᠪᠠ ᠪᠠᠲᠤᠯᠠᠭ᠎ᠠ ᠪᠣᠯᠣᠨ᠎ᠠ᠂ ᠠᠷᠠᠳ ᠲᠦᠮᠡᠨ ᠤ ᠪᠡᠶ᠎ᠡ ᠰᠡᠳᠬᠢᠯ ᠤᠨ | ᠡᠷᠡᠭᠦᠯ ᠴᠢᠬᠢᠷᠠᠭ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠶᠢᠨ ᠴᠢᠬᠤᠯᠠ ᠠᠭᠤᠯᠤᠭᠳᠠᠬᠤᠨ | ᠪᠣᠯᠣᠨ᠎ᠠ᠂ ᠬᠥᠮᠦᠨ ᠨᠢᠭᠡᠪᠣᠷᠢ ᠶᠢᠨ ᠥᠰᠣᠨ ᠪᠤᠶᠢᠵᠢᠬᠤ ᠪᠠ ᠵᠣᠯ ᠵᠢᠷᠭᠠᠯᠲᠤ ᠠᠮᠢᠳᠤᠷᠠᠯ ᠢ ᠪᠡᠶᠡᠯᠡᠭᠦᠯᠬᠦ ᠶᠢᠨ | ᠴᠢᠬᠤᠯᠠ ᠰᠠᠭᠤᠷᠢ ᠪᠣᠯᠣᠨ᠎ᠠ᠃ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠦᠢᠯᠡᠴᠢᠯᠡᠭᠡᠨ ᠤ ᠰᠢᠰᠲ᠋ᠧᠮ ᠢ | ᠪᠠᠶᠢᠭᠤᠯᠵᠣ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠢ ᠨᠡᠩ ᠥᠷᠭᠡᠨ ᠳᠡᠯᠭᠡᠷᠡᠩᠭᠦᠶ ᠪᠠᠷ | ᠥᠷᠨᠢᠭᠦᠯᠣᠨ᠂ ᠦᠨᠳᠦᠰᠦᠲᠡᠨ ᠤ ᠣᠨᠴᠠᠯᠢᠭ ᠪᠠ ᠣᠷᠣᠨ ᠨᠤᠲᠤᠭ ᠤᠨ ᠣᠨᠴᠠᠯᠢᠭ ᠲᠠᠢ ᠪᠦᠭᠦ ᠠᠷᠠᠳ ᠤᠨ ᠪᠡᠶ᠎ᠡ | ᠴᠢᠭᠢᠷᠠᠭᠵᠢᠭᠤᠯᠬᠤ ᠠᠵᠢᠯ ᠦᠢᠯᠡᠰ ᠤᠨ ᠬᠥᠭᠵᠢᠯᠲᠡ ᠶᠢᠨ ᠬᠡᠪ ᠵᠠᠭᠪᠤᠷ ᠢ ᠪᠣᠢ ᠪᠣᠯᠭᠠᠬᠤ ᠶᠢᠨ ᠲᠣᠰᠠᠳᠠ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠳᠦᠷᠢᠮ︾᠂ ︽ᠪᠦᠭᠦ | ᠠᠷᠠᠳ ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ ︵2016 — 2020 ᠣᠨ︶︾ ᠪᠠ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠷᠢᠮ︾ ᠢ | ᠦᠨᠳᠣᠰᠣᠯᠡᠵᠣ᠂ ᠲᠤᠰ ᠬᠡᠷᠡᠭᠵᠢᠭᠦᠯᠬᠦ ᠲᠥᠯᠥᠪᠯᠡᠭᠡ ᠶᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠᠨ ᠨᠠᠢᠮᠠᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ᠂ ᠳᠥᠷᠪᠡᠳᠦᠭᠡᠷ ᠪᠦᠭᠦᠳᠠ ᠬᠤᠷᠠᠯ᠂ ᠲᠠᠪᠤᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠠᠯᠢ | ᠣᠯᠠᠨ ᠴᠢᠬᠤᠯᠠ ᠶᠠᠷᠢᠶ᠎ᠠ ᠪᠣᠯᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ᠶᠠᠷᠢᠭᠰᠠᠨ ᠴᠢᠬᠤᠯᠠ | ᠶᠠᠷᠢᠶ᠎ᠠ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ︽ᠳᠥᠷᠪᠡᠨ ᠪᠦᠬᠦ ᠲᠠᠯ᠎ᠠ︾ ᠶᠢᠨ | ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠰᠢᠢᠣᠡᠪᠣᠷᠢᠳᠣ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠰᠢᠨ᠎ᠡ ᠶᠢ ᠡᠭᠦᠳᠬᠦ᠂ | ᠵᠣᠬᠢᠴᠠᠩᠭᠤᠢ᠂ ᠪᠣᠬᠢᠷᠳᠣᠯ ᠦᠭᠡᠢ᠂ ᠨᠡᠭᠡᠭᠡᠯᠳᠡ ᠲᠠᠢ᠂ ᠬᠠᠮᠲᠤ ᠪᠠᠷ ᠭᠦᠷᠳᠡᠭᠦ ᠬᠥᠭᠵᠢᠯᠲᠡ ᠶᠢᠨ ᠣᠨᠣᠯᠵᠢᠬᠤᠨ ᠢ | ᠪᠠᠲᠤ ᠪᠠᠬᠢ ᠪᠤᠢ ᠪᠣᠯᠭᠠᠬᠤ ᠪᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠤ ᠪᠡᠶ᠎ᠡ ᠮᠠᠬᠠᠪᠣᠣᠨ | ᠴᠢᠨᠠᠷ ᠴᠢᠨᠰᠠᠭ᠎ᠠ ᠶᠢ ᠴᠢᠩᠭᠠᠷᠠᠭᠤᠯᠣᠨ᠂ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠪᠠᠷ ᠦᠨᠳᠦᠰᠦᠨ | ᠬᠠᠷᠠᠯᠲᠠ ᠪᠣᠯᠭᠠᠵᠤ᠂ ᠤᠯᠠᠨ ᠲᠦᠮᠡᠨ ᠤ ᠪᠡᠶ᠎ᠡ ᠶᠢᠨ ᠲᠠᠮᠢᠷ ᠢ ᠠᠮᠢᠳᠤᠷᠠᠯᠵᠢᠭᠤᠯᠬᠤ ᠶᠠᠪᠤᠴᠠ ᠶᠢ ᠠᠬᠢᠭᠤᠯᠬᠤ᠂ | ᠠᠷᠠᠳ ᠤᠯᠠᠨ ᠤ ᠡᠳᠦᠷ ᠢᠷᠡᠬᠦᠶ᠎ᠡ ᠨᠡᠮᠡᠭᠳᠡᠵᠦ ᠪᠦᠭᠦᠢ ᠤᠯᠠᠨ ᠡᠰᠢᠵᠢᠭᠰᠡᠨ ᠪᠡᠶ᠎ᠡ ᠶᠢᠨ ᠲᠠᠮᠢᠷ ᠤᠨ ᠪᠡᠶ᠎ᠡ | ᠴᠢᠭᠢᠷᠠᠭᠵᠢᠭᠤᠯᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠡᠭᠦᠰᠣᠯᠳᠠ ᠪᠠ ᠲᠣᠰᠣᠯᠳᠠ ᠶᠢᠨ ᠴᠢᠬ ᠪᠣᠯᠭᠠᠵᠤ᠂ | ᠬᠥᠮᠦᠨ ᠢᠶᠠᠷ ᠦᠨᠳᠦᠰᠦ ᠪᠣᠯᠭᠠᠬᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠬᠠᠤᠯᠢ ᠶᠣᠰᠣᠭᠠᠷ ᠪᠠᠶ᠎ᠡ ᠶᠢᠨ | ᠳᠠᠮᠢᠷ ᠢ ᠵᠠᠰᠠᠬᠤ᠂ ᠦᠨᠳᠦᠰᠦᠨ ᠵᠦᠢᠯ ᠢ ᠪᠠᠳᠣᠯᠠᠬᠤ᠂ ᠤᠯᠠᠨ ᠡᠰᠢᠲᠦ ᠬᠠᠷᠢᠯᠴᠠᠨ ᠠᠬᠢᠭᠤᠯᠬᠤ᠂ ᠪᠣᠳᠠᠲᠤ ᠦᠷ᠎ᠡ | ᠪᠦᠲᠦᠮᠵᠢ ᠶᠢ ᠡᠷᠬᠢᠮᠯᠡᠬᠦ ᠠᠵᠢᠯ ᠤᠨ ᠵᠠᠷᠴᠢᠮ ᠢ ᠪᠠᠷᠢᠮᠲᠠᠯᠠᠵᠤ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ | ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠨᠢᠭᠡᠳᠦᠯᠲᠡᠶ ᠲᠥᠯᠥᠪᠯᠡᠵᠦ ᠪᠠᠶᠢᠭᠤᠯᠤᠨ᠂ ᠪᠦᠭᠦ | ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠤᠳᠤ ᠦᠶ᠎ᠡ ᠶᠢᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠵᠦ᠂ ᠠᠷᠠᠳ | ᠤᠯᠠᠨ ᠳᠤ ᠬᠠᠮᠳᠣᠪᠠᠷ ᠪᠠᠶᠢᠭᠤᠯᠵᠤ ᠬᠠᠮᠳᠣᠪᠠᠷ ᠭᠦᠷᠳᠡᠭᠦ ᠳᠤᠮᠳᠠᠬᠢ ᠭᠦᠷᠳᠡᠭᠡᠮᠵᠢᠳᠡᠢ ᠪᠠᠶᠢᠬᠤ ᠲᠥᠷᠥᠭᠳᠡᠯ ᠢ | ᠨᠡᠮᠡᠭᠳᠡᠭᠦᠯᠣᠨ᠂ ᠡᠬᠡ ᠤᠯᠤᠰ ᠤᠨ ᠤᠮᠠᠷᠠᠲᠤ ᠶᠢᠨ ᠪᠡᠶ᠎ᠡ ᠶᠢᠨ ᠲᠠᠮᠢᠷ ᠤᠨ ᠦᠵᠡᠰᠭᠦᠯᠡᠭᠳᠣ ᠰᠠᠶᠢᠬᠠᠨ ᠦᠵᠡᠮᠵᠢ ᠶᠢ | ᠪᠣᠢ ᠪᠣᠯᠭᠠᠬᠤ᠂ ᠡᠷᠡᠭᠦᠯ ᠡᠩᠭᠡ ᠥᠪᠥᠷ ᠮᠣᠩᠭᠤᠯ ᠢ ᠪᠥᠳᠥᠭᠡᠨ ᠪᠠᠶᠢᠭᠤᠯᠬᠤ ᠶᠢ ᠠᠬᠢᠭᠤᠯᠬᠤ ᠳᠤ ᠪᠠᠲᠤ ᠪᠠᠬᠢ | ᠰᠠᠭᠤᠷᠢ ᠲᠠᠯᠪᠢᠬᠤ ᠶᠢ ᠠᠬᠢᠭᠤᠯᠣᠨ᠎ᠠ᠃ | ᠬᠤᠶᠠᠷ᠂ ᠶᠡᠷᠦᠩᠬᠡᠶ ᠬᠠᠷᠠᠯᠲᠠ | ︵ᠨᠢᠭᠡ︶ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠶᠢᠭᠤᠯᠤᠯᠲᠠ ᠶᠢ ᠤᠯᠠᠮ ᠢᠶᠠᠷ | ᠲᠡᠭᠦᠯᠳᠡᠷᠵᠢᠭᠦᠯᠣᠨ᠎ᠠ᠃ ᠪᠦᠬᠦ ᠣᠷᠣᠨ ᠤ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠲᠤᠭ᠎ᠠ | ᠬᠡᠮᠵᠢᠶ᠎ᠡ ᠶᠢ 2100 ᠪᠣᠯᠳᠠᠯ᠎ᠠ ᠨᠡᠮᠡᠭᠳᠡᠭᠦᠯᠵᠣ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠭᠠᠵᠠᠷ ᠣᠷᠣᠨ ᠤ | ᠪᠡᠶ᠎ᠡ ᠶᠢᠨ ᠲᠠᠮᠢᠷ ᠤᠨ ᠶᠡᠷᠦᠩᠬᠡᠶ ᠨᠠᠶᠢᠭᠡᠮᠯᠢᠭ ᠤᠨ ᠪᠦᠷᠬᠦᠴᠡ ᠶᠢᠨ ᠨᠣᠷᠮ᠎ᠠ ᠶᠢ 100% ᠳᠤ ᠭᠦᠷᠣᠭᠦᠯᠣᠨ᠎ᠠ᠂ | ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠦᠭᠤᠳᠦᠬᠴᠢ ᠶᠢᠨ ᠨᠡᠶᠢᠭᠡᠮᠯᠢᠭ ᠤᠨ ᠪᠦᠷᠬᠦᠴᠡ ᠶᠢᠨ ᠨᠣᠷᠮ᠎ᠠ ᠶᠢ | 95% ᠳᠤ ᠬᠦᠷᠣᠭᠦᠯᠣᠨ᠎ᠠ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠪᠦᠷᠬᠦᠴᠡ ᠶᠢᠨ | ᠨᠣᠷᠮ᠎ᠠ ᠶᠢ 100% ᠳᠤ ᠭᠦᠷᠣᠭᠦᠯᠣᠨ᠎ᠠ᠂ ᠲᠠᠩ ᠵᠦᠢᠯ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠪᠣᠯᠤᠨ ᠠᠵᠢᠯ | ᠲᠥᠷᠥᠯ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠲᠤᠭ᠎ᠠ ᠬᠡᠮᠵᠢᠶ᠎ᠡ ᠶᠢ ᠢᠯᠡᠳᠲᠡ ᠨᠡᠮᠡᠭᠳᠡᠭᠦᠯᠣᠨ᠎ᠠ᠃ ᠪᠦᠭᠦ | ᠠᠷᠠᠳ ᠤᠨ ᠪᠡᠶ᠎ᠡ ᠴᠢᠭᠢᠷᠠᠭᠵᠢᠭᠤᠯᠬᠤ ᠭᠦᠳᠡᠯᠭᠡᠭᠡᠨ ᠤ ᠦᠷᠳᠡᠭᠡ ᠴᠢᠬ ᠤᠨ ᠬᠥᠮᠦᠨ ᠤ ᠲᠤᠭ᠎ᠠ ᠶᠢᠨ ᠬᠠᠷᠢᠴᠠᠯ ᠢ | ᠲᠦᠮᠠᠨ ᠤ ᠳᠠᠪᠤ ᠳᠤ ᠭᠦᠷᠣᠭᠦᠯᠣᠨ᠎ᠠ᠃ | ︵ᠬᠤᠶᠠᠷ︶ ᠪᠡᠶ᠎ᠡ ᠴᠢᠭᠢᠷᠠᠭᠵᠢᠭᠤᠯᠬᠤ ᠶᠢᠨ ᠵᠢᠭᠠᠨ ᠵᠢᠯᠣᠭᠤᠳᠣᠭᠴᠢ ᠶᠢ ᠢᠯᠡᠳᠲᠡ ᠨᠡᠮᠡᠭᠳᠡᠭᠦᠯᠣᠨ᠎ᠠ᠃ | ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠦᠭᠤᠳᠦᠬᠴᠢ ᠶᠢ 5 ᠲᠦᠮᠠᠨ ᠭᠦᠮᠣᠨ ᠳᠤ ᠬᠦᠷᠣᠭᠦᠯᠵᠣ᠂ ᠬᠥᠮᠦᠨ ᠤ | ᠲᠣᠭᠠᠨ ᠤ ᠬᠠᠷᠢᠴᠠᠯ ᠢ 2 ‰ ᠲᠤ ᠭᠦᠷᠣᠭᠦᠯᠣᠨ᠎ᠠ᠃ | ︵ᠭᠤᠷᠪᠠ︶ ᠪᠡᠶ᠎ᠡ ᠶᠢᠨ ᠲᠠᠮᠢᠷ ᠪᠣᠯᠪᠠᠰᠤᠷᠠᠬᠤ ᠭᠦᠮᠣᠨ ᠤ ᠲᠤᠭ᠎ᠠ ᠶᠢ ᠮᠡᠳᠡᠭᠳᠡᠭᠦ᠋ᠢᠴᠨ ᠨᠡᠮᠡᠭᠳᠡᠭᠦᠯᠣᠨ᠎ᠠ᠃ | ᠦᠷᠭᠦᠯᠵᠢ ᠪᠡᠶ᠎ᠡ ᠶᠢᠨ ᠲᠠᠮᠢᠷ ᠤᠨ ᠪᠣᠯᠪᠠᠰᠤᠷᠠᠯ ᠬᠢᠵᠦ ᠪᠠᠶᠢᠭ᠎ᠠ ᠬᠥᠮᠦᠨ ᠤ ᠲᠣᠭᠠᠨ ᠤ ᠬᠠᠷᠢᠴᠠᠯ ᠢ 42% | ᠣᠷᠴᠢᠮ ᠳᠤ ᠬᠦᠷᠣᠭᠦᠯᠣᠨ᠎ᠠ᠃ ᠭᠠᠷᠠᠭ ᠪᠦᠷᠢ 1 ᠤᠳᠠᠭ᠎ᠠ ᠪᠣᠯᠣᠨ ᠲᠡᠭᠦᠨ ᠠᠴᠠ ᠳᠡᠭᠡᠭᠰᠢ ᠪᠡᠶ᠎ᠡ ᠶᠢᠨ ᠲᠠᠮᠢᠷ ᠤᠨ | ᠪᠣᠯᠪᠠᠰᠤᠷᠠᠯ ᠳᠤ ᠣᠷᠣᠯᠴᠠᠭᠰᠠᠨ ᠬᠥᠮᠦᠨ ᠤ ᠲᠤᠭ᠎ᠠ ᠶᠢᠨ ᠬᠠᠷᠢᠴᠠᠯ ᠢ 50% ᠠᠴᠠ ᠳᠡᠭᠡᠭᠰᠢ ᠳᠤ ᠬᠦᠷᠦᠭᠦᠯᠦᠨ᠎ᠡ᠃ | ᠰᠤᠷᠤᠭᠴᠢᠳ ᠰᠤᠷᠭᠠᠭᠤᠯᠢ ᠳᠤ ᠪᠠᠶᠢᠬᠤ ᠬᠤᠭᠤᠴᠠᠭᠠᠨ ᠳᠠᠭᠠᠨ ᠡᠳᠦᠷ ᠪᠦᠷᠢ ᠠᠳᠠᠭ ᠲᠠᠭᠠᠨ 1 ᠴᠠᠭ ᠤᠨ | ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠭᠦᠳᠡᠯᠭᠡᠭᠡᠨ ᠳᠤ ᠣᠷᠣᠯᠴᠠᠬᠤ ᠬᠡᠷᠩᠳᠠᠢ᠃ | ︵ᠳᠦᠷᠪᠡ︶ ᠪᠡᠶ᠎ᠡ ᠶᠢᠨ ᠲᠠᠮᠢᠷ ᠤᠨ ᠳᠠᠯᠠᠪᠣᠷ ᠤᠨ ᠪᠡᠯᠡᠣᠡᠭᠡᠮᠵᠢ ᠶᠢ ᠲᠡᠩᠴᠡᠭᠦᠷᠢᠲᠡᠶ ᠬᠥᠭᠵᠢᠭᠦᠯᠣᠨ᠎ᠠ᠃ | ᠪᠦᠬᠦ ᠣᠷᠣᠨ ᠤ ᠪᠡᠶ᠎ᠡ ᠶᠢᠨ ᠲᠠᠮᠢᠷ ᠤᠨ ᠲᠠᠯᠠᠪᠤᠷ ᠤᠨ ᠲᠤᠭ᠎ᠠ ᠬᠡᠮᠵᠢᠶ᠎ᠡ ᠶᠢ 4 ᠲᠦᠮᠨ ᠳᠤ ᠭᠦᠷᠣᠭᠦᠯᠣᠨ᠎ᠠ᠂ ᠬᠥᠮᠦᠨ | ᠨᠢᠭᠡᠪᠣᠷᠢ ᠶᠢᠨ ᠳᠤᠮᠳᠠᠴᠢ ᠪᠡᠶ᠎ᠡ ᠶᠢᠨ ᠲᠠᠮᠢᠷ ᠤᠨ ᠳᠠᠯᠠᠪᠣᠷ ᠤᠨ ᠲᠠᠯᠠᠪᠠᠢ ᠶᠢ 2.5 ᠳᠡᠭᠰᠢ ᠲᠦᠷᠪᠡᠯᠵᠢᠨ ᠮᠤᠲᠷ ᠲᠤ | ᠭᠦᠷᠣᠭᠦᠯᠣᠨ᠎ᠠ᠃ ᠬᠤᠰᠢᠭᠤ ᠰᠢᠶᠠᠨ ︵ᠬᠤᠳᠠ᠂ ᠲᠣᠭᠤᠷᠢᠭ︶ ᠤ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ | ᠭᠦᠳᠡᠯᠭᠡᠭᠡᠨ ᠤ ᠲᠥᠪ᠂ ᠰᠤᠮᠤ ᠰᠢᠶᠠᠩ ᠪᠠᠯᠭᠠᠰᠤ ᠶᠢᠨ ᠵᠢᠵᠢᠭ ᠬᠡᠯᠪᠡᠷᠢ ᠶᠢᠨ ᠪᠦᠭᠦ ᠠᠷᠠᠳ ᠤᠨ ᠪᠡᠶ᠎ᠡ | ᠴᠢᠭᠢᠷᠠᠭᠵᠢᠭᠤᠯᠬᠤ ᠭᠦᠳᠡᠯᠭᠡᠭᠡᠨ ᠤ ᠲᠥᠪ᠂ ᠭᠠᠴᠠᠭ᠎ᠠ ᠲᠣᠰᠬᠤᠨ ᠤ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ | ᠭᠦᠳᠡᠯᠭᠡᠭᠡᠨ ᠤ ᠦᠷᠳᠡᠭᠡ ᠴᠢᠬ᠂ ᠨᠡᠶᠢᠭᠡᠮ ᠲᠣᠭᠤᠷᠢᠭ ᠤᠨ ᠪᠡᠶ᠎ᠡ ᠴᠢᠬᠢᠷᠠᠭᠵᠢᠭᠤᠯᠬᠤ ᠪᠡᠯᠡᠳᠬᠡᠮᠵᠢ ᠶᠢ ᠪᠦᠷᠢᠨ | ᠪᠦᠷᠬᠦᠭᠦᠯᠭᠦ ᠶᠢ ᠪᠡᠶᠡᠯᠡᠭᠦᠯᠣᠨ᠎ᠠ᠃ ᠠᠷᠠᠳ ᠤᠯᠠᠨ ᠤ ᠪᠡᠶ᠎ᠡ ᠶᠢᠨ ᠲᠠᠮᠢᠷ ᠤᠨ ᠪᠡᠯᠡᠣᠡᠭᠡᠮᠵᠢ ᠶᠢᠨ ᠣᠯᠠᠨ ᠨᠠᠶᠢᠳᠠ ᠶᠢᠨ | ᠦᠢᠯᠡᠴᠢᠯᠡᠭᠡ ᠭᠦᠷᠳᠡᠭᠦ ᠭᠦᠳᠡᠯᠭᠡᠭᠡᠨ ᠤ ᠷᠠᠳᠢᠦ᠋ᠰ ᠢ ᠪᠠᠭᠠᠰᠬᠠᠵᠣ᠂ ︽10 ᠮᠢᠨᠦ᠋ᠲ ᠤᠨ ᠲᠣᠳᠣᠷ᠎ᠠ ᠭᠦᠷᠴᠣ | ᠳᠡᠶᠢᠯᠭᠦ ᠪᠡᠶ᠎ᠡ ᠴᠢᠭᠢᠷᠠᠭᠵᠢᠭᠤᠯᠬᠤ ᠲᠣᠭᠤᠷᠢᠭ︾ ᠢ ᠪᠣᠢ ᠪᠣᠯᠭᠠᠨ᠎ᠠ᠃ | ︵ᠲᠠᠪᠤ︶ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠭᠦᠳᠡᠯᠭᠡᠭᠡᠨ ᠢ ᠥᠷᠭᠡᠨ ᠢᠶᠠᠷ ᠦᠷᠨᠢᠭᠦᠯᠣᠨ᠎ᠠ᠃ | ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶ ᠨᠢ ᠬᠤᠶᠠᠷ ᠵᠢᠯ ᠪᠤᠯᠬᠤ ᠪᠦᠷᠢ ᠳᠤ 5 | ᠵᠦᠢᠯ ᠠᠴᠠ ᠳᠤᠲᠠᠭᠤ ᠪᠠᠶᠢᠯᠭᠠᠬᠤ ᠦᠭᠡᠢ ᠲᠤᠰ ᠵᠠᠰᠠᠭ ᠵᠠᠬᠢᠷᠭᠠᠨ ᠤ ᠣᠷᠣᠨ ᠤ ᠪᠦᠭᠦ ᠠᠷᠠᠳ ᠤᠨ ᠪᠡᠶ᠎ᠡ | ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ ᠴᠤᠭᠯᠠᠭᠠᠨ ᠢ ᠨᠢᠬᠡ ᠤᠳᠠᠭ᠎ᠠ ᠥᠷᠨᠢᠭᠦᠯᠵᠦ᠂ ᠵᠢᠯ ᠪᠦᠷᠢ | ᠦᠷᠨᠢᠭᠦᠯᠣᠭ᠍ᠰᠡᠨ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠤᠷᠤᠯᠳᠤᠭᠠᠨ ᠤ ᠵᠦᠢᠯᠡᠰ ᠨᠢ 12 ᠤᠳᠠᠭ᠎ᠠ ᠠᠴᠠ | ᠳᠤᠲᠠᠭᠤ ᠪᠠᠶᠢᠵᠤ ᠪᠣᠯᠬᠤ ᠦᠭᠡᠢ᠃ ᠪᠦᠬᠦ ᠣᠷᠣᠨ ᠳᠤ ᠵᠢᠯ ᠪᠦᠷᠢ ᠣᠯᠠᠨ ᠣᠯᠣᠰ ᠤᠨ ᠴᠢᠨᠠᠷᠲᠠᠶ ᠪᠡᠶ᠎ᠡ | ᠴᠢᠭᠢᠷᠠᠭᠵᠢᠭᠤᠯᠬᠤ ᠤᠷᠤᠯᠳᠤᠭᠠᠨ ᠤ ᠵᠦᠢᠯᠡᠰ ᠤᠨ ᠠᠵᠢᠯᠯᠠᠭ᠎ᠠ ᠶᠢ 15 ᠤᠳᠠᠭ᠎ᠠ ᠠᠴᠠ ᠳᠡᠭᠡᠭᠰᠢ ᠡᠷᠬᠢᠯᠡᠵᠣ᠂ ᠪᠦᠬᠦ | ᠤᠯᠤᠰ ᠤᠨ ᠴᠢᠨᠠᠷᠲᠠᠶ ᠪᠡᠶ᠎ᠡ ᠴᠢᠭᠢᠷᠠᠭᠵᠢᠭᠤᠯᠬᠤ ᠣᠷᠣᠯᠳᠣᠭᠠᠨ ᠤ ᠵᠦᠢᠯᠡᠰ ᠤᠨ ᠠᠵᠢᠯᠯᠠᠭ᠎ᠠ ᠶᠢ 60 ᠤᠳᠠᠭ᠎ᠠ ᠠᠴᠠ | ᠳᠡᠭᠡᠭᠰᠢ ᠡᠷᠬᠢᠯᠡᠵᠣ᠂ ᠪᠥᠬᠦ ᠣᠷᠣᠨ ᠤ ᠴᠢᠨᠠᠷᠳᠠᠢ ᠪᠡᠶ᠎ᠡ ᠴᠢᠭᠢᠷᠠᠭᠵᠢᠭᠤᠯᠬᠤ ᠣᠷᠣᠯᠳᠣᠭᠠᠨ ᠤ ᠵᠦᠢᠯᠡᠰ ᠤᠨ | ᠠᠵᠢᠯᠯᠠᠭ᠎ᠠ ᠶᠢ 90 ᠤᠳᠠᠭ᠎ᠠ ᠠᠴᠠ ᠳᠡᠭᠡᠭᠰᠢ ᠡᠷᠬᠢᠯᠡᠨ᠎ᠠ᠃ | ︵ᠵᠢᠷᠭᠤᠭ᠎ᠠ︶ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠪᠡᠶ᠎ᠡ ᠮᠠᠬᠠᠪᠣᠳ ᠤᠨ ᠴᠢᠨᠠᠷ ᠴᠢᠨᠰᠠᠭ᠎ᠠ ᠶᠢ | ᠨᠡᠶᠢᠳᠡᠮ ᠳᠡᠭᠡᠭᠰᠢᠯᠡᠭᠦᠯᠣᠨ᠎ᠠ᠃ ︽ᠢᠷᠭᠡᠨ ᠤ ᠪᠡᠶ᠎ᠡ ᠮᠠᠬᠠᠪᠣᠣᠨ ᠤᠨ ᠰᠢᠯᠭᠠᠨ ᠲᠣᠭᠲᠠᠭᠠᠬᠤ ᠪᠠᠷᠢᠮᠵᠢᠶ᠎ᠠ︾ ᠳᠤ ᠬᠢᠷᠢ | ᠲᠡᠩᠴᠡᠭᠰᠡᠨ ᠠᠴᠠ ᠳᠡᠭᠡᠭᠰᠢᠬᠢ ᠬᠤᠲᠠ ᠬᠥᠳᠡᠭᠡ ᠶᠢᠨ ᠬᠥᠮᠦᠨ ᠤ ᠲᠣᠭᠠᠨ ᠤ ᠬᠠᠷᠢᠴᠠᠯ ᠢ 90 ᠠᠴᠠ ᠳᠡᠭᠡᠭᠰᠢ ᠳᠤ | ᠬᠦᠷᠦᠭᠦᠯᠭᠦ ᠪᠠᠷ ᠴᠢᠷᠮᠠᠶᠢᠨ᠎ᠠ᠂ ᠡᠭᠦᠨ ᠤ ᠳᠣᠲᠣᠷ᠎ᠠ 20 ᠨᠠᠰᠤᠨ ᠠᠴᠠ 59 ᠨᠠᠰᠣ ᠭᠦᠷᠳᠡᠯᠡᠬᠢ ᠬᠥᠮᠦᠰ ᠤᠨ ᠪᠡᠶ᠎ᠡ | ᠮᠠᠬᠠᠪᠣᠣᠨ ᠤᠨ ᠪᠠᠶᠢᠳᠠᠯ ᠢ ᠢᠯᠡᠳᠲᠡ ᠰᠠᠶᠢᠵᠢᠷᠠᠭᠤᠯᠵᠣ᠂ ᠪᠡᠶ᠎ᠡ ᠮᠠᠬᠠᠪᠣᠳ ᠤᠨ ᠴᠢᠨᠠᠷ ᠴᠢᠨᠰᠠᠭ᠎ᠠ ᠶᠢᠨ ᠬᠠᠮᠢᠶ᠎ᠠ | ᠪᠦᠭᠦᠢ ᠭᠦᠢᠴᠡᠳᠬᠡᠯ ᠲᠤᠭ᠎ᠠ ᠶᠢ ᠰᠠᠶᠢᠨ ᠬᠠᠨᠳᠣᠰᠢ ᠲᠠᠢ ᠪᠣᠯᠭᠠᠨ᠎ᠠ᠃ ᠰᠤᠷᠭᠠᠭᠤᠯᠢ ᠳᠤ ᠪᠠᠶᠢᠭ᠎ᠠ ᠰᠤᠷᠤᠭᠴᠢ ᠶᠢ ︽ | ᠤᠯᠤᠰ ᠤᠨ ᠰᠤᠷᠤᠭᠴᠢᠳ ᠤᠨ ᠪᠡᠶ᠎ᠡ ᠮᠠᠬᠠᠪᠣᠣᠨ ᠤᠨ ᠡᠷᠡᠭᠦᠯᠵᠢᠯ ᠤᠨ ᠪᠠᠷᠢᠮᠵᠢᠶ᠎ᠠ︾ ᠶᠢᠨ ᠦᠨᠳᠦᠰᠦᠨ | ᠱᠠᠭᠠᠷᠳᠠᠯᠭ᠎ᠠ ᠳᠤ ᠨᠠᠶᠢᠳᠠᠮ ᠭᠦᠷᠣᠭᠦᠯᠵᠣ᠂ ᠳᠠᠭᠠᠭᠠᠴᠨ᠂ ᠭᠦᠴᠣ ᠴᠢᠳᠠᠯ᠂ ᠬᠤᠷᠳᠤᠴᠠ ᠵᠡᠷᠭᠡ ᠪᠡᠶ᠎ᠡ | ᠮᠠᠬᠠᠪᠣᠣᠨ ᠤᠨ ᠬᠦᠴᠣ ᠴᠢᠳᠠᠯ ᠤᠨ ᠴᠢᠨᠠᠷ ᠴᠢᠨᠰᠠᠭ᠎ᠠ ᠶᠢ ᠢᠯᠡᠳᠲᠡ ᠳᠡᠭᠡᠭᠰᠢᠯᠡᠭᠦᠯᠣᠨ᠎ᠠ᠃ | ︵ᠲᠤᠯᠤᠭ᠎ᠠ︶ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠴᠢᠯᠡᠭᠡᠨ ᠤ ᠦᠢᠯᠡᠰ ᠢ ᠲᠠᠰᠤᠷᠠᠯᠲᠠ | ᠦᠭᠡᠢ ᠪᠤᠵᠠᠭᠠᠶᠢᠷᠠᠭᠤᠯᠣᠨ᠎ᠠ᠃ ᠪᠡᠶ᠎ᠡ ᠶᠢᠨ ᠲᠠᠮᠢᠷ ᠤᠨ ᠬᠡᠷᠡᠭᠯᠡᠭᠡ ᠶᠢᠨ ᠶᠡᠷᠦᠩᠬᠡᠶ ᠬᠡᠮᠵᠢᠶ᠎ᠡ ᠶᠢ 268 ᠳ᠋ᠦᠩᠰᠢᠭᠤᠷ | ᠲᠥᠭᠦᠷᠢᠭ ᠲᠤ ᠭᠦᠷᠣᠭᠦᠯᠵᠣ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠᠷ ᠪᠡᠶ᠎ᠡ ᠶᠢᠨ ᠲᠠᠮᠢᠷ ᠤᠨ ᠠᠵᠤ | ᠦᠢᠯᠡᠰ ᠤᠨ ᠬᠥᠭᠵᠢᠯᠲᠡ ᠶᠢ ᠠᠬᠢᠭᠤᠯᠬᠤ᠂ ᠳᠣᠲᠣᠭᠠᠳᠤ ᠬᠡᠷᠡᠭᠴᠡᠭᠡ ᠶᠢ ᠳᠠᠶᠢᠴᠢᠯᠠᠬᠤ ᠪᠠ ᠠᠵᠣ ᠠᠬᠤᠢ ᠶᠢᠨ | ᠰᠢᠨ᠎ᠡ ᠨᠡᠮᠡᠭᠳᠡᠯ ᠤᠨ ᠴᠡᠭ ᠢ ᠪᠤᠶ ᠪᠣᠯᠭᠠᠬᠤ ᠶᠢᠨ ᠬᠥᠳᠡᠯᠭᠡᠬᠦ ᠬᠦᠴᠣᠨ ᠤ ᠢᠷᠠᠯᠳᠠ ᠪᠣᠯᠭᠠᠨ᠎ᠠ᠃ | ᠭᠤᠷᠪᠠ᠂ ᠭᠤᠣᠯ ᠡᠭᠦᠷᠭᠡ | ︵ᠨᠢᠭᠡ︶ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠨ᠎ᠠ᠃ | ᠲᠧᠯᠸᠢᠰ᠂ ᠷᠠᠳᠢᠣ᠋ ᠨᠡᠪᠲᠡᠷᠡᠭᠦᠯᠭᠡ᠂ ᠰᠣᠨᠢᠨ ᠰᠡᠳᠬᠦᠯ᠂ ᠲᠣᠣᠷ ᠰᠦᠯᠵᠢᠶ᠎ᠡ ᠵᠡᠷᠭᠡ ᠰᠣᠨᠢᠨ ᠮᠡᠳᠡᠭᠡᠨ ᠤ | ᠵᠠᠭᠤᠴᠢᠯᠠᠭᠤᠷ ᠪᠠ ᠴᠢᠬᠤᠯᠠ ᠪᠠᠶᠠᠷ ᠳᠤᠷᠠᠰᠬᠠᠯ ᠤᠨ ᠡᠳᠦᠷ᠂ ᠴᠢᠬᠤᠯᠠ ᠶᠡᠭᠡ ᠪᠡᠶ᠎ᠡ ᠶᠢᠨ ᠲᠠᠮᠢᠷ ᠤᠨ ᠤᠷᠤᠯᠳᠤᠭᠠᠨ | ᠵᠡᠷᠭᠡ ᠴᠠᠭ ᠲᠣᠬᠢᠶᠠᠯ ᠢ ᠠᠰᠢᠭᠯᠠᠵᠣ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠬᠥᠮᠦᠵᠢᠯ ᠢ | ᠭᠦᠨᠵᠡᠭᠡᠶ ᠥᠷᠨᠢᠭᠦᠯᠵᠦ᠂ ᠪᠡᠶ᠎ᠡ ᠶᠢᠨ ᠲᠠᠮᠢᠷ ᠤᠨ ᠰᠣᠶᠣᠯ ᠢ ᠶᠡᠬᠡᠪᠡᠷ ᠰᠣᠷᠳᠠᠯᠴᠢᠯᠠᠨ᠂ ᠰᠢᠨᠵᠢᠯᠡᠬᠦ ᠤᠬᠠᠭᠠᠠᠴᠢ ᠪᠠᠷ | ᠪᠡᠶ᠎ᠡ ᠴᠢᠭᠢᠷᠠᠭᠵᠢᠭᠤᠯᠬᠤ ᠮᠡᠳᠡᠯᠭᠡ ᠶᠢ ᠲᠦᠭᠡᠮᠡᠯᠵᠢᠭᠦᠯᠵᠦ᠂ ᠰᠢᠨᠵᠢᠯᠡᠬᠦ ᠤᠬᠠᠭᠠᠠᠴᠢ ᠪᠠᠷ ᠪᠡᠶ᠎ᠡ ᠴᠢᠭᠢᠷᠠᠭᠵᠢᠭᠤᠯᠬᠤ | ᠠᠷᠭ᠎ᠠ ᠶᠢ ᠳᠡᠯᠭᠡᠷᠡᠭᠦᠯᠣᠨ᠂ ᠡᠷᠡᠭᠦᠯ ᠰᠠᠷᠠᠭᠤᠯ ᠠᠮᠢᠳᠤᠷᠠᠯ ᠤᠨ ᠣᠨᠣᠯᠵᠢᠬᠤᠨ ᠢ ᠰᠠᠨᠠᠭᠠᠴᠢᠯᠠᠵᠤ᠂ ᠪᠡᠶ᠎ᠡ ᠶᠢᠨ | ᠲᠠᠮᠢᠷ ᠤᠨ ᠪᠡᠶ᠎ᠡ ᠴᠢᠭᠢᠷᠠᠭᠵᠢᠭᠤᠯᠬᠤ ᠳᠤ ᠣᠷᠣᠯᠴᠠᠬᠤ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠨ᠂ ᠭᠦᠮᠣᠨ | ᠪᠦᠭᠦᠨ ᠪᠣᠯᠪᠠᠰᠣᠷᠠᠬᠤ ᠲᠣᠷᠠᠳᠠᠢ᠂ ᠪᠣᠯᠪᠠᠰᠣᠷᠠᠵᠣ ᠴᠢᠳᠠᠬᠤ᠂ ᠦᠷᠭᠦᠯᠵᠢ ᠪᠣᠯᠪᠠᠰᠤᠷᠠᠬᠤ᠂ ᠳᠦᠷᠢᠮ ᠢ | ᠴᠢᠬᠤᠯᠠᠴᠢᠯᠠᠬᠤ᠂ ᠦᠨᠡᠨᠴᠢ ᠢᠲᠡᠭᠡᠮᠵᠢᠲᠡᠶ ᠪᠠᠶᠢᠬᠤ ᠶᠢ ᠡᠷᠬᠢᠮᠯᠡᠭᠦ᠂ ᠬᠤᠪᠢ ᠨᠡᠮᠡᠷᠢ ᠦᠵᠡᠭᠦᠯᠭᠦ ᠪᠠᠷ ᠴᠢᠷᠮᠠᠶᠢᠬᠤ᠂ | ᠴᠡᠩᠬᠡᠯ ᠪᠠᠶᠠᠰᠣᠯ ᠢ ᠬᠤᠪᠢᠶᠠᠯᠴᠠᠨ ᠭᠦᠷᠳᠡᠭᠦ ᠲᠣᠷᠠᠳᠠᠢ ᠨᠡᠶᠢᠭᠡᠮ ᠤᠨ ᠰᠠᠶᠢᠨ ᠰᠠᠶᠢᠬᠠᠨ ᠬᠡᠪ ᠰᠤᠷᠲᠠᠯ ᠢ ᠪᠤᠢ | ᠪᠣᠯᠭᠠᠨ᠎ᠠ᠃ ︽ᠢᠨᠲ᠋ᠧᠷ ᠰᠦᠯᠵᠢᠶ᠎ᠡ + ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ︾ ᠵᠡᠷᠭᠡ ᠠᠴᠢᠶᠠᠯᠠᠪᠣᠷᠢ ᠪᠠᠷ | ᠳᠡᠮᠵᠢᠭᠤᠯᠣᠨ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠦᠯᠢᠭᠡᠷ ᠳᠠᠭᠤᠷᠢᠶᠠᠯ ᠢ ᠪᠤᠢ ᠪᠣᠯᠭᠠᠵᠤ᠂ ᠪᠦᠭᠦ | ᠠᠷᠠᠳ ᠤᠨ ᠪᠡᠶ᠎ᠡ ᠴᠢᠬᠢᠷᠠᠭᠵᠢᠭᠤᠯᠣᠭᠰᠠᠨ ᠦᠯᠢᠭᠡᠷ ᠢ ᠰᠠᠶᠢᠳᠣᠷ ᠶᠠᠷᠢᠵᠣ᠂ ᠤᠯᠠᠨ ᠨᠡᠶᠢᠲᠡ ᠶᠢᠨ ᠬᠢᠨ ᠤ ᠪᠦᠭᠦ | ᠠᠷᠠᠣᠨ ᠤᠨ ᠪᠡᠶ᠎ᠡ ᠴᠢᠭᠢᠷᠠᠭᠵᠢᠭᠤᠯᠬᠤ ᠶᠢᠨ ᠣᠶᠢᠯᠠᠭᠠᠬᠤ ᠨᠤᠷᠮ᠎ᠠ ᠂ ᠣᠷᠣᠯᠴᠠᠬᠤ ᠨᠤᠷᠮ᠎ᠠ ᠶᠢ ᠳᠡᠭᠡᠭᠰᠢᠯᠡᠭᠦᠯᠵᠦ᠂ | ᠨᠡᠶᠢᠭᠡᠮ ᠤᠨ ᠡᠯ᠎ᠡ ᠡᠲᠡᠭᠡᠳ ᠤᠨ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠢᠳᠡᠪᠬᠢ ᠭᠦᠴᠣᠨ ᠢ | ᠨᠢᠭᠲᠠᠷᠠᠭᠤᠯᠣᠨ᠂ ᠦᠨᠳᠦᠰᠦᠲᠡᠨ ᠤ ᠦᠪᠡᠷ ᠢ ᠪᠠᠨ ᠢᠲᠡᠭᠡᠭᠦ ᠰᠡᠣᠡᠬᠢᠯᠭᠡ ᠪᠠ ᠣᠮᠤᠭ ᠪᠠᠭ᠋ᠠᠳᠤᠯᠳᠣ ᠰᠡᠣᠡᠭᠢᠯᠭᠡ ᠶᠢ | ᠨᠡᠮᠡᠭᠳᠡᠭᠦᠯᠣᠨ᠎ᠠ᠃ | ︵ᠬᠤᠶᠠᠷ︶ ᠲᠣᠣᠷ ᠰᠥᠯᠵᠢᠶᠡᠵᠢᠭᠰᠡᠨ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ | ᠪᠡᠶ᠎ᠡ ᠴᠢᠭᠢᠷᠠᠭᠵᠢᠭᠤᠯᠬᠤ ᠶᠢ ᠵᠢᠯᠣᠭᠤᠳᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠡᠯ᠎ᠡ ᠱᠠᠲᠤᠨ ᠤ | ᠪᠡᠶ᠎ᠡ ᠶᠢᠨ ᠲᠠᠮᠢᠷ ᠤᠨ ᠶᠡᠷᠦᠩᠬᠡᠶ ᠨᠠᠶᠢᠭᠡᠮᠯᠢᠭ ᠢᠶᠠᠷ ᠭᠦᠳᠣᠴᠢ ᠪᠣᠯᠭᠠᠵᠣ᠂ ᠨᠡᠶᠢᠭᠡᠮ ᠤᠨ ᠪᠡᠶ᠎ᠡ ᠶᠢᠨ ᠲᠠᠮᠢᠷ ᠤᠨ | ᠵᠢᠭᠠᠨ ᠵᠢᠯᠦᠭᠤᠳᠦᠬᠴᠢ ᠶᠢᠨ ᠨᠡᠶᠢᠭᠡᠮᠯᠢᠭ ᠢᠶᠠᠷ ᠭᠤᠣᠯ ᠴᠣᠭᠴᠠ ᠪᠣᠯᠭᠠᠵᠣ᠂ ᠲᠠᠩ ᠵᠦᠢᠯ ᠤᠨ ᠭᠦᠳᠡᠯᠭᠡᠭᠡᠨ ᠤ | ᠨᠡᠶᠢᠭᠡᠮᠯᠢᠭ ᠪᠣᠯᠤᠨ ᠠᠷᠠᠣᠨ ᠣᠯᠠᠨ ᠤ ᠪᠡᠶ᠎ᠡ ᠶᠢᠨ ᠲᠠᠮᠢᠷ ᠤᠨ ᠨᠡᠶᠢᠭᠡᠮᠯᠢᠭ ᠢᠶᠠᠷ ᠭᠤᠣᠯ ᠱᠣᠭᠤᠮ ᠪᠣᠯᠭᠠᠵᠤ᠂ | ᠪᠡᠶ᠎ᠡ ᠶᠢᠨ ᠲᠠᠮᠢᠷ ᠤᠨ ᠺᠯᠦ᠋ᠪ ᠪᠠ ᠪᠡᠶ᠎ᠡ ᠴᠢᠭᠢᠷᠠᠭᠵᠢᠭᠤᠯᠬᠤ ᠭᠦᠳᠡᠯᠭᠡᠭᠡᠨ ᠤ ᠥᠷᠲᠡᠭᠡ ︵ᠴᠢᠬ︶ ᠪᠠᠷ ᠰᠠᠭᠤᠷᠢ | ᠪᠣᠯᠭᠠᠵᠣ᠂ ᠰᠤᠷᠭᠠᠭᠤᠯᠢ᠂ ᠨᠡᠶᠢᠭᠡᠮ ᠲᠣᠭᠤᠷᠢᠭ᠂ ᠰᠤᠮᠤ ᠰᠢᠶᠠᠩ ᠪᠠᠯᠭᠠᠰᠤ ᠪᠠᠷ ᠭᠤᠣᠯᠳᠠᠯᠭ᠎ᠠ ᠪᠣᠯᠭᠠᠭᠰᠠᠨ ᠪᠠᠶ᠎ᠡ | ᠴᠢᠭᠢᠷᠠᠭᠵᠢᠭᠤᠯᠬᠤ ᠵᠣᠬᠢᠶᠠᠨ ᠪᠠᠶᠢᠭᠤᠯᠤᠯᠲᠠ ᠶᠢ ᠪᠠᠶᠢᠭᠤᠯᠵᠣ᠂ ᠬᠤᠲᠠ ᠬᠥᠳᠡᠭᠡ ᠪᠠᠷ ᠲᠦᠭᠡᠵᠦ᠂ ᠵᠢᠷᠤᠮᠵᠢᠭᠤᠨ | ᠪᠦᠭᠡᠣᠨ ᠡᠮᠬᠢ ᠵᠢᠷᠤᠮ ᠲᠠᠢ᠂ ᠠᠮᠢᠵᠢᠷᠠᠯ ᠤᠨ ᠬᠦᠴᠦᠨ ᠲᠠᠢ ᠨᠡᠶᠢᠭᠡᠮᠴᠢᠯᠡᠭᠰᠡᠨ ᠪᠦᠭᠦ ᠠᠷᠠᠳ ᠤᠨ ᠪᠡᠶ᠎ᠡ | ᠴᠢᠭᠢᠷᠠᠭᠵᠢᠭᠤᠯᠬᠤ ᠵᠣᠬᠢᠶᠠᠨ ᠪᠠᠶᠢᠭᠤᠯᠤᠯᠲᠠ ᠶᠢᠨ ᠲᠤᠤᠷ ᠰᠦᠯᠵᠢᠶᠡᠨ ᠤ ᠰᠢᠰᠲ᠋ᠧᠮᠵᠢ ᠶᠢ ᠪᠦᠷᠢᠯᠳᠣᠭᠦᠯᠣᠨ᠎ᠠ᠃ | ᠦᠨᠳᠦᠰᠦᠨ ᠱᠠᠲᠤᠨ ᠤ ᠺᠯᠦ᠋ᠪ ᠵᠡᠷᠭᠡ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠲᠡᠳᠬᠦᠨ | ᠳᠡᠮᠵᠢᠬᠦ ᠪᠠ ᠬᠥᠲᠥᠯᠥᠨ ᠵᠢᠯᠣᠭᠤᠳᠴᠤ᠂ ᠠᠶᠠᠨᠳᠠᠭᠠᠨ ᠪᠣᠢ ᠪᠣᠯᠣᠭᠰᠠᠨ ᠪᠡᠶ᠎ᠡ ᠴᠢᠭᠢᠷᠠᠭᠵᠢᠭᠤᠯᠬᠤ ᠪᠦᠯᠬᠦᠮ ᠨᠠᠶᠢᠳᠠ | ᠪᠠ ᠥᠷᠳᠡᠭᠡ ᠴᠢᠬ ᠢ ᠬᠠᠤᠯᠢ ᠲᠣᠭᠲᠠᠭᠠᠯ ᠶᠣᠰᠣᠭᠠᠷ ᠲᠣᠭᠲᠠᠮᠠᠯ ᠪᠡᠶ᠎ᠡ ᠴᠢᠬᠢᠷᠠᠭᠵᠢᠭᠤᠯᠬᠤ ᠵᠣᠬᠢᠶᠠᠨ ᠪᠠᠶᠢᠭᠤᠯᠤᠯᠲᠠ | ᠪᠣᠯᠭᠠᠨ ᠬᠤᠪᠢᠷᠠᠭᠤᠯᠬᠤ ᠶᠢ ᠵᠣᠷᠢᠬᠵᠢᠭᠤᠯᠵᠣ᠂ ᠪᠡᠶ᠎ᠡ ᠴᠢᠭᠢᠷᠠᠭᠵᠢᠭᠤᠯᠬᠤ ᠳᠠᠯᠠᠪᠠᠢ ᠳᠤ ᠲᠦᠰᠢᠭᠯᠡᠨ ᠪᠡᠶ᠎ᠡ | ᠴᠢᠭᠢᠷᠠᠭᠵᠢᠭᠤᠯᠬᠤ ᠠᠵᠢᠯᠯᠠᠭ᠎ᠠ ᠦᠷᠨᠢᠭᠦᠯᠭᠦ ᠶᠢᠨ ᠵᠣᠬᠢᠶᠠᠨ ᠪᠠᠶᠢᠭᠤᠯᠣᠨ ᠭᠦᠭᠵᠢᠭᠦᠯᠭᠦ ᠪᠠᠶᠢᠳᠠᠯ ᠲᠦᠯᠣᠪ ᠢ | ᠪᠦᠷᠢᠯᠳᠣᠭᠦᠯᠣᠨ᠎ᠠ᠃ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠦᠭᠤᠳᠦᠬᠴᠢ ᠶᠢᠨ ᠵᠣᠬᠢᠶᠠᠨ ᠪᠠᠶᠢᠭᠤᠯᠤᠯᠲᠠ᠂ | ᠨᠢᠷᠣᠭᠤᠪᠴᠢ᠂ ᠡᠩᠨᠡᠭᠡ ᠶᠢ ᠪᠤᠶᠢᠵᠢᠭᠤᠯᠬᠤ ᠶᠢ ᠴᠢᠩᠭᠠᠳᠬᠠᠵᠤ᠂ ᠬᠥᠳᠡᠯᠭᠡᠭᠡᠨ ᠤ ᠮᠡᠷᠭᠡᠵᠢᠯ ᠴᠢᠳᠠᠪᠤᠷᠢ ᠶᠢ | ᠤᠯᠠᠮᠵᠢᠯᠠᠬᠤ ᠪᠠᠷ ᠠᠭᠤᠯᠭ᠎ᠠ ᠪᠣᠯᠭᠠᠭᠰᠠᠨ ᠦᠷᠭᠦᠯᠵᠢᠯᠡᠭᠰᠡᠨ ᠪᠣᠯᠪᠠᠰᠣᠷᠠᠭᠤᠯᠣᠯ ᠢ ᠵᠣᠬᠢᠶᠠᠨ ᠪᠠᠶᠢᠭᠤᠯᠵᠣ | ᠦᠷᠨᠢᠭᠦᠯᠣᠨ᠂ ᠪᠡᠶ᠎ᠡ ᠴᠢᠭᠢᠷᠠᠭᠵᠢᠭᠤᠯᠬᠤ ᠮᠡᠷᠭᠡᠵᠢᠯ ᠴᠢᠳᠠᠪᠣᠷᠢ᠂ ᠣᠷᠠᠨ ᠮᠡᠷᠭᠡᠰᠢᠯ ᠤᠨ ᠰᠣᠯᠢᠯᠴᠠᠭ᠎ᠠ ᠶᠢᠨ | ᠦᠵᠡᠭᠦᠯᠦᠯᠭᠡ ᠶᠢᠨ ᠮᠣᠷᠦ᠋ᠢᠴᠡᠭᠡᠨ ᠢᠶᠠᠷ ᠳᠡᠮᠵᠢᠭᠤᠯᠵᠣ᠂ ᠪᠡᠶ᠎ᠡ ᠴᠢᠬᠢᠷᠠᠭᠵᠢᠭᠤᠯᠬᠤ ᠶᠢᠨ ᠵᠢᠭᠠᠨ ᠵᠢᠯᠣᠭᠤᠳᠬᠤ | ᠡᠩᠨᠡᠭᠡ ᠶᠢᠨ ᠲᠤᠰᠬᠠᠶ ᠮᠡᠷᠭᠡᠵᠢᠯ ᠤᠨ ᠮᠡᠷᠭᠡᠵᠢᠯ ᠴᠢᠳᠠᠪᠤᠷᠢ ᠪᠣᠯᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠨᠡᠶᠢᠲᠡ ᠶᠢᠨ ᠠᠰᠠᠷᠠᠮᠵᠢ ᠶᠢᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠦᠭᠤᠳᠦᠬᠴᠢ ᠶᠢ | ᠰᠢᠯᠢᠨ ᠰᠣᠩᠭᠤᠬᠤ ᠳᠤ ᠵᠠᠯᠠᠭᠤᠵᠢᠯᠳᠠ᠂ ᠲᠣᠰᠬᠠᠶᠢᠵᠢᠯᠳᠠ᠂ ᠣᠷᠣᠨ ᠪᠦᠰᠡᠵᠢᠯᠳᠠ ᠶᠢ ᠴᠢᠬᠤᠯᠠᠴᠢᠯᠠᠵᠣ᠂ ᠵᠢᠭᠠᠨ | ᠵᠢᠯᠤᠭᠤᠳᠤᠭᠴᠢ ᠪᠠ ᠪᠡᠶ᠎ᠡ ᠴᠢᠬᠢᠷᠠᠭᠵᠢᠭᠤᠯᠬᠤ ᠲᠥᠷᠥᠯ ᠵᠦᠢᠯ᠂ ᠲᠠᠯᠠᠪᠤᠷ ᠭᠠᠵᠠᠷ ᠯᠤᠭ᠎ᠠ ᠤᠶᠠᠯᠳᠤᠭᠤᠯᠬᠤ ᠶᠢ | ᠪᠡᠶᠡᠯᠡᠭᠦᠯᠵᠣ᠂ ᠠᠵᠢᠯ ᠤᠨ ᠪᠠᠶᠢᠷᠢ ᠳᠤ ᠭᠠᠷᠬᠤ ᠨᠤᠷᠮ᠎ᠠ ᠶᠢ ᠦᠨᠡᠡᠭᠦ ᠳᠡᠭᠡᠭᠰᠢᠯᠡᠭᠦᠯᠣᠨ᠎ᠠ᠃ ᠨᠡᠶᠢᠭᠡᠮ ᠤᠨ ᠪᠡᠶ᠎ᠡ ᠶᠢᠨ | ᠲᠠᠮᠢᠷ ᠤᠨ ᠵᠢᠭᠠᠨ ᠵᠢᠯᠦᠭᠤᠳᠦᠬᠴᠢ ᠶᠢᠨ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠲᠣᠬᠢᠷᠠᠭᠤᠯᠬᠤ ᠶᠢ | ᠬᠠᠶᠢᠨ ᠰᠦᠪᠡᠭᠴᠢᠯᠡᠨ᠎ᠠ᠃ ᠠᠵᠢᠯ ᠮᠡᠷᠭᠡᠵᠢᠯ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ | ᠭᠡᠷᠡᠴᠢᠯᠡᠯ ᠤᠨ ᠠᠯᠬᠤᠴᠠ ᠶᠢ ᠲᠦᠷᠭᠡᠳᠬᠡᠵᠦ᠂ ᠵᠢᠯ ᠪᠦᠷᠢ ᠶᠢᠨ ᠬᠢᠨᠠᠨ ᠲᠣᠭᠲᠠᠭᠠᠬᠤ ᠭᠦᠮᠣᠨ ᠤ ᠲᠤᠭ᠎ᠠ ᠶᠢᠨ | ᠨᠡᠮᠡᠭᠳᠡᠯ ᠤᠨ ᠬᠡᠮᠵᠢᠶ᠎ᠡ ᠶᠢ 15% ᠠᠴᠠ ᠳᠡᠭᠡᠭᠰᠢ ᠪᠠᠶᠢᠯᠭᠠᠨ᠎ᠠ᠃ | ︵ᠭᠤᠷᠪᠠ︶ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠯᠡᠣᠡᠭᠡᠮᠵᠢ ᠶᠢᠨ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠣᠨ᠎ᠠ᠃ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ︽ᠠᠷᠪᠠ ᠶᠢ ᠪᠦᠷᠢᠨ | ᠪᠦᠷᠭᠦᠭᠦᠯᠭᠦ︾ ᠢᠨᠵᠧᠨᠧᠷᠢᠩ ᠪᠣᠯᠤᠨ ᠭᠠᠴᠠᠭ᠎ᠠ ᠲᠣᠰᠬᠤᠨ ᠤ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ | ᠪᠡᠯᠡᠣᠡᠭᠡᠮᠵᠢ ᠶᠢᠨ ᠪᠦᠳᠣᠭᠡᠨ ᠪᠠᠶᠢᠭᠤᠯᠤᠯᠲᠠ ᠶᠢ ᠵᠡᠷᠭᠡᠪᠡᠷ ᠠᠬᠢᠭᠤᠯᠵᠤ᠂ 2016 ᠣᠨ ᠤ ᠰᠡᠭᠦᠯᠴᠢ ᠠᠴᠠ ᠡᠮᠦᠨ᠎ᠡ | ᠪᠡᠶ᠎ᠡ ᠴᠢᠭᠢᠷᠠᠭᠵᠢᠭᠤᠯᠬᠤ ᠪᠡᠯᠡᠣᠡᠭᠡᠮᠵᠢ ᠶᠢ ᠪᠦᠷᠢᠨ ᠪᠦᠷᠭᠦᠭᠦᠯᠭᠦ ᠶᠢ ᠪᠡᠶᠡᠯᠡᠭᠦᠯᠦᠨ᠎ᠡ᠃ ᠡᠯ᠎ᠡ ᠱᠠᠲᠤᠨ ᠤ ᠤᠯᠠᠨ | ᠨᠡᠶᠢᠲᠡ ᠶᠢᠨ ᠪᠡᠶ᠎ᠡ ᠶᠢᠨ ᠲᠠᠮᠢᠷ ᠤᠨ ᠪᠡᠯᠡᠣᠡᠭᠡᠮᠵᠢ ᠶᠢᠨ ᠴᠢᠳᠠᠮᠵᠢ ᠶᠢ ᠪᠡᠶᠡᠯᠡᠭᠦᠯᠬᠦ ᠪᠠ ᠳᠡᠭᠡᠭᠰᠢᠯᠡᠭᠦᠯᠵᠦ᠂ ᠬᠤᠰᠢᠭᠤ | ᠰᠢᠶᠠᠨ ︵ᠬᠤᠳᠠ᠂ ᠲᠣᠭᠤᠷᠢᠭ︶ ᠤ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠭᠦᠳᠡᠯᠭᠡᠭᠡᠨ ᠤ ᠲᠥᠪ ᠨᠢ ︽ | 112︾ ᠤᠨ ᠪᠠᠷᠢᠮᠵᠢᠶ᠎ᠠ ᠶᠢ ᠬᠡᠷᠩᠵᠢᠭᠦᠯᠣᠨ᠎ᠠ᠂ ᠳᠠᠷᠣᠢ 1 ᠪᠡᠶ᠎ᠡ ᠶᠢᠨ ᠲᠠᠮᠢᠷ ᠤᠨ ᠲᠠᠯᠠᠪᠠᠶ᠂ 1 ᠪᠡᠶ᠎ᠡ ᠶᠢᠨ | ᠲᠠᠮᠢᠷ ᠤᠨ ᠣᠷᠳᠣᠨ ᠪᠠ 2 ᠪᠠᠷᠢᠮᠵᠢᠶᠠᠳᠣ ᠬᠥᠯ ᠪᠥᠮᠪᠥᠭᠡᠨ ᠤ ᠲᠠᠯᠠᠪᠠᠢ ᠲᠠᠢ ᠪᠠᠶᠢᠬᠤ ᠪᠣᠯᠣᠨ᠎ᠠ᠃ ᠰᠤᠮᠤ ᠰᠢᠶᠠᠩ | ᠪᠠᠯᠭᠠᠰᠤ ᠶᠢᠨ ᠵᠢᠵᠢᠭ ᠬᠡᠯᠪᠡᠷᠢ ᠶᠢᠨ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭᠠᠨ ᠤ ᠲᠥᠪ ᠨᠢ ︽ | 1121︾ ᠤᠨ ᠪᠠᠷᠢᠮᠵᠢᠶ᠎ᠠ ᠶᠢ ᠬᠡᠷᠩᠵᠢᠭᠦᠯᠣᠨ᠎ᠠ᠂ ᠳᠠᠷᠣᠢ 1 ᠰᠠᠭᠰᠤᠨ ᠪᠥᠮᠪᠥᠭᠡᠨ ᠲᠠᠯᠠᠪᠠᠢ ᠪᠤᠶᠤ ᠬᠥᠯ | ᠪᠥᠮᠪᠥᠭᠡᠨ ᠤ ᠰᠢᠩᠭᠡᠯᠢᠭ ᠲᠠᠯᠠᠪᠠᠢ᠂ 1 ᠡᠭᠦᠳᠡᠨ ᠪᠥᠮᠪᠥᠭᠡᠨ ᠤ ᠲᠠᠯᠠᠪᠠᠢ᠂ 2 ᠫᠢᠩᠫᠠᠩ ᠪᠦᠮᠪᠣᠭᠡᠨ ᠤ ᠳᠠᠶᠢᠰᠨ ᠪᠠ | 1 ᠢᠵᠢ ᠪᠡᠶ᠎ᠡ ᠴᠢᠭᠢᠷᠠᠭᠵᠢᠭᠤᠯᠬᠤ ᠠᠷᠭ᠎ᠠ ᠵᠠᠮ ᠲᠠᠢ ᠪᠠᠶᠢᠬᠤ ᠪᠣᠯᠣᠨ᠎ᠠ᠃ ᠭᠠᠴᠠᠭ᠎ᠠ ᠲᠣᠰᠬᠤᠨ ᠤ ᠪᠦᠭᠦ | ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭᠠᠨ ᠤ ᠦᠷᠳᠡᠭᠡ ᠴᠢᠬ ᠨᠢ ︽121︾ ᠤᠨ ᠪᠠᠷᠢᠮᠵᠢᠶ᠎ᠠ ᠶᠢ | ᠬᠡᠷᠡᠭᠵᠢᠭᠦᠯᠣᠨ᠎ᠠ᠂ ᠳᠠᠷᠣᠢ 1 ᠰᠠᠭᠰᠤᠨ ᠪᠥᠮᠪᠦᠭᠡ ᠶᠢᠨ ᠲᠠᠯᠠᠪᠠᠢ᠂ 2 ᠫᠢᠩᠫᠠᠩ ᠪᠦᠮᠪᠣᠭᠡᠨ ᠤ ᠳᠠᠶᠢᠰᠨ ᠪᠠ 1 | ᠢᠵᠢ ᠪᠡᠶ᠎ᠡ ᠴᠢᠭᠢᠷᠠᠭᠵᠢᠭᠤᠯᠬᠤ ᠠᠷᠭ᠎ᠠ ᠵᠠᠮ ᠲᠠᠢ ᠪᠠᠶᠢᠬᠤ ᠪᠣᠯᠣᠨ᠎ᠠ᠃ ᠨᠡᠶᠢᠭᠡᠮ ᠲᠣᠭᠤᠷᠢᠭ ᠨᠢ ᠳᠥᠭᠦᠮ | ᠠᠪᠰᠠᠷᠬᠠᠨ᠂ ᠬᠡᠷᠡᠭᠯᠡᠭᠡᠨ ᠤ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠪᠡᠯᠡᠣᠡᠭᠡᠮᠵᠢ ᠶᠢ ᠪᠠᠶᠢᠭᠤᠯᠣᠨ᠂ | ᠨᠥᠬᠦᠴᠡᠯ ᠲᠠᠢ ᠨᠢ ᠤᠯᠠᠨ ᠴᠢᠳᠠᠮᠵᠢᠳᠣ ᠬᠥᠯ ᠪᠥᠮᠪᠥᠭᠡᠨ ᠤ ᠰᠢᠩᠭᠡᠯᠢᠭ ᠲᠠᠯᠠᠪᠠᠢ ᠶᠢ ᠨᠢᠬᠡ ᠪᠠᠶᠢᠭᠤᠯᠣᠨ᠎ᠠ᠃ | ᠬᠥᠮᠦᠨ ᠠᠮᠠ ᠶᠢᠨ ᠲᠤᠭ᠎ᠠ ᠨᠢ ᠨᠡᠯᠢᠶᠡᠳ ᠶᠡᠭᠡ᠂ ᠰᠠᠭᠤᠷᠢᠰᠢᠭᠰᠠᠨ ᠬᠥᠮᠦᠨ ᠵᠣᠵᠠᠭᠠᠨ ᠪᠠᠶᠢᠭ᠎ᠠ ᠰᠤᠮᠤ ᠰᠢᠶᠠᠩ | ᠪᠠᠯᠭᠠᠰᠣ ᠶᠢᠨ ᠵᠠᠰᠠᠭ ᠤᠨ ᠣᠷᠳᠣᠨ ᠤ ᠰᠠᠭᠤᠭ᠎ᠠ ᠭᠠᠵᠠᠷ ᠲᠤ᠂ ᠨᠢᠭᠡ ᠪᠦᠯᠦᠭ ᠤᠯᠡᠠ ᠴᠢᠳᠠᠮᠵᠢᠳᠣ ᠪᠦᠭᠦ | ᠠᠷᠠᠳ ᠤᠨ ᠪᠡᠶ᠎ᠡ ᠴᠢᠭᠢᠷᠠᠭᠵᠢᠭᠤᠯᠬᠤ ᠣᠷᠳᠣᠨ ᠢ ᠪᠠᠶᠢᠭᠤᠯᠣᠨ᠎ᠠ᠃ ᠨᠥᠬᠦᠴᠡᠯ ᠲᠠᠢ ᠭᠠᠵᠠᠷ ᠣᠷᠣᠨ ᠳᠤ | ᠲᠡᠰᠢᠯᠲᠡ ᠶᠢᠨ ᠣᠷᠳᠣᠨ᠂ ᠤᠮᠪᠠᠯᠲᠠ ᠶᠢᠨ ᠣᠷᠳᠣᠨ ᠪᠠᠶᠢᠭᠤᠯᠬᠤ ᠶᠢ ᠵᠣᠷᠢᠬᠵᠢᠭᠤᠯᠣᠨ᠎ᠠ᠃ ᠪᠦᠭᠦ ᠠᠷᠠᠳ ᠤᠨ | ᠪᠡᠶ᠎ᠡ ᠴᠢᠭᠢᠷᠠᠭᠵᠢᠭᠤᠯᠬᠤ ᠶᠢᠨ ᠵᠢᠱᠢᠶ᠎ᠡ ᠦᠵᠡᠭᠦᠯᠬᠦ ᠬᠤᠰᠢᠭᠤ ᠰᠢᠶᠠᠨ ︵ᠬᠤᠳᠠ᠂ ᠲᠣᠭᠤᠷᠢᠭ︶ ᠢ ᠪᠦᠲᠦᠭᠡᠨ | ᠪᠠᠶᠢᠭᠤᠯᠬᠤ ᠪᠠ ᠨᠡᠷᠡᠶᠢᠳᠬᠦ᠂ ᠵᠤᠭᠤᠰ ᠢᠶᠠᠷ ᠲᠤᠰᠠᠯᠠᠬᠤ ᠠᠵᠢᠯ ᠢ ᠰᠠᠶᠢᠳᠣᠷ ᠬᠢᠵᠣ᠂ ᠨᠢᠭᠡ ᠪᠦᠯᠦᠭ ᠥᠪᠡᠷᠲᠡᠭᠡᠨ | ᠵᠠᠰᠠᠬᠤ ᠣᠷᠣᠨ ᠤ ᠳᠡᠰ ᠤᠨ ᠵᠢᠱᠢᠶ᠎ᠡ ᠦᠵᠡᠭᠦᠯᠬᠦ ᠬᠤᠰᠢᠭᠤ ᠰᠢᠶᠠᠨ ︵ᠬᠤᠳᠠ᠂ ᠲᠣᠭᠤᠷᠢᠭ︶ ᠢ ᠪᠤᠶᠢᠵᠢᠭᠤᠯᠣᠨ | ᠪᠣᠢ ᠪᠣᠯᠭᠠᠨ᠎ᠠ᠃ | ︵ᠲᠦᠷᠪᠡ︶ ᠤᠯᠠᠨ ᠲᠦᠮᠡᠨᠴᠢ ᠴᠢᠨᠠᠷᠲᠠᠶ ᠪᠡᠶ᠎ᠡ ᠶᠢᠨ ᠲᠠᠮᠢᠷ ᠤᠨ ᠪᠡᠶ᠎ᠡ ᠴᠢᠬᠢᠷᠠᠭᠵᠢᠭᠤᠯᠣᠬᠤ ᠠᠵᠢᠯᠯᠠᠭ᠎ᠠ ᠶᠢ | ᠭᠦᠨᠵᠡᠭᠡᠶ ᠥᠷᠨᠢᠭᠦᠯᠣᠨ᠎ᠠ᠃ ︽231︾ ᠪᠡᠶ᠎ᠡ ᠶᠢᠨ ᠲᠠᠮᠢᠷ ᠤᠨ ᠠᠮᠢᠳᠤᠷᠠᠯ ᠤᠨ ᠠᠶᠢᠵᠠᠮ ᠭᠦᠭ ᠢ ᠦᠷᠭᠦᠯᠵᠢᠯᠡᠨ | ᠴᠢᠪᠬᠠᠳᠠᠭᠤᠯᠣᠨᠠ᠂ ᠳᠠᠷᠣᠢ᠄ ᠠᠷᠠᠳ ᠢᠷᠭᠡᠣᠨ ᠢ 2 ᠵᠦᠢᠯ ᠠᠴᠠ ᠳᠡᠭᠡᠭᠰᠢᠬᠢ ᠪᠡᠶ᠎ᠡ ᠶᠢᠨ ᠲᠠᠮᠢᠷ ᠤᠨ ᠪᠡᠶ᠎ᠡ | ᠴᠢᠬᠢᠷᠠᠭᠵᠢᠭᠤᠯᠬᠤ ᠠᠷᠭ᠎ᠠ ᠶᠢ ᠰᠣᠷᠴᠣ ᠴᠢᠳᠠᠬᠤ ᠶᠢ ᠰᠠᠨᠠᠭᠠᠴᠢᠯᠠᠨ᠂ ᠭᠠᠷᠠᠭ ᠪᠦᠷᠢ 3 ᠤᠳᠠᠭ᠎ᠠ ᠠᠴᠠ ᠳᠤᠲᠠᠭᠤ | ᠦᠭᠡᠢ ᠣᠷᠣᠯᠴᠠᠬᠤ᠂ ᠤᠳᠠᠭ᠎ᠠ ᠪᠦᠷᠢ 1 ᠴᠠᠭ ᠤᠨ ᠳᠤᠮᠳᠠ ᠵᠡᠷᠭᠡ ᠶᠢᠨ ᠡᠷᠴᠢᠮ ᠲᠠᠢ ᠪᠡᠶ᠎ᠡ ᠴᠢᠭᠢᠷᠠᠭᠵᠢᠭᠤᠯᠬᠤ | ᠠᠵᠢᠯᠯᠠᠭ᠎ᠠ ᠳᠤ ᠣᠷᠣᠯᠴᠠᠬᠤ ᠶᠢ ᠪᠠᠲᠤᠯᠠᠨ᠎ᠠ᠃ ︽ᠭᠤᠷᠪᠠᠨ ᠨᠢᠭᠡ︾ ᠶᠢᠨ ᠢᠨᠵᠧᠨᠧᠷᠢᠩ ᠢ ᠢᠳᠡᠪᠬᠢᠲᠡᠶ | ᠳᠡᠯᠭᠡᠷᠡᠭᠦᠯᠣᠨ᠎ᠠ᠂ ᠳᠠᠷᠣᠢ᠄ ᠰᠤᠮᠤ ᠰᠢᠶᠠᠩ ᠪᠠᠯᠭᠠᠰᠤ᠂ ᠨᠡᠶᠢᠭᠡᠮ ᠲᠣᠭᠤᠷᠢᠭ ᠨᠢᠭᠡᠪᠦᠷᠢ ᠪᠡᠶ᠎ᠡ ᠶᠢᠨ ᠲᠠᠮᠢᠷ ᠤᠨ ᠪᠡᠶ᠎ᠡ | ᠴᠢᠭᠢᠷᠠᠭᠵᠢᠭᠤᠯᠬᠤ ᠵᠣᠬᠢᠶᠠᠨ ᠪᠠᠶᠢᠭᠤᠯᠤᠯᠲᠠ ᠶᠢ ᠨᠢᠬᠡ ᠪᠠᠶᠢᠭᠤᠯᠣᠨ᠂ ᠨᠡᠶᠢᠭᠡᠮ ᠤᠨ ᠪᠡᠶ᠎ᠡ ᠶᠢᠨ ᠲᠠᠮᠢᠷ ᠤᠨ | ᠵᠢᠯᠣᠭᠤᠳᠬᠤ ᠬᠥᠮᠦᠨ ᠢ ᠨᠢᠬᠡ ᠲᠣᠬᠢᠷᠠᠭᠤᠯᠵᠣ᠂ ᠠᠷᠠᠣᠨ ᠣᠯᠠᠨ ᠪᠠ ᠭᠠᠵᠠᠷ ᠣᠷᠣᠨ ᠤ ᠣᠨᠴᠠᠯᠢᠭ ᠲᠤ | ᠳᠣᠭᠢᠷᠬᠠᠰᠠᠨ ᠤᠯᠠᠨ ᠲᠦᠮᠡᠨ ᠤ ᠪᠡᠶ᠎ᠡ ᠶᠢᠨ ᠲᠠᠮᠢᠷ ᠤᠨ ᠨᠢᠭᠡ ᠵᠦᠢᠯ ᠤᠨ ᠨᠠᠷᠡᠳᠣ ᠲᠥᠷᠥᠯ ᠲᠡᠮᠳᠡᠭᠳᠣ | ᠠᠵᠢᠯᠯᠠᠭᠠᠨ ᠢ ᠥᠷᠨᠢᠭᠦᠯᠣᠨ᠎ᠠ᠃ ︽ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ︾ ᠢᠶᠠᠷ ᠠᠨᠢᠰᠣ ᠪᠣᠯᠭᠠᠵᠣ | ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ᠂ ᠦᠨᠳᠦᠰᠦᠲᠡᠨ ᠤ ᠤᠯᠠᠮᠵᠢᠯᠠᠯᠲᠤ | ᠪᠠᠶᠠᠷ ᠤᠨ ᠡᠳᠦᠷ᠂ ᠲᠠᠷᠢᠶᠠᠯᠠᠩ ᠤᠨ ᠰᠡᠯᠡᠭᠦᠦ ᠤᠯᠠᠷᠢᠯ ᠵᠡᠷᠭᠡ ᠵᠠᠩᠭᠢᠶᠠᠰᠣ ᠴᠠᠭ ᠢ ᠭᠦᠢᠴᠡᠳ ᠠᠰᠢᠭᠯᠠᠵᠤ᠂ | ᠰᠠᠭᠰᠤᠨ ᠪᠥᠮᠪᠦᠭᠡ᠂ ᠠᠯᠠᠭᠠᠳᠠᠬᠤ ᠪᠥᠮᠪᠦᠭᠡ᠂ ᠲᠣᠣᠷ ᠪᠥᠮᠪᠦᠭᠡ᠂ ᠫᠢᠩᠫᠠᠩ ᠪᠥᠮᠪᠦᠭᠡ᠂ ᠥᠳᠥᠨ ᠪᠥᠮᠪᠦᠭᠡ᠂ | ᠵᠡᠪᠰᠡᠭ ᠤᠨ ᠡᠷᠳᠡᠮ᠂ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ᠂ ᠷᠠᠳᠢᠣ᠋ ᠲᠠᠮᠢᠷ᠂ ᠨᠠᠭᠠᠳᠣᠮ ᠲᠠᠯᠠᠪᠠᠶ ᠶᠢᠨ | ᠪᠥᠵᠢᠭ ᠵᠡᠷᠭᠡ ᠣᠯᠠᠨ ᠲᠦᠮᠡᠨ ᠤ ᠦᠵᠡᠵᠣ ᠰᠣᠨᠢᠷᠬᠠᠬᠤ ᠳᠤᠷ᠎ᠠ ᠪᠠᠬ᠎ᠠ ᠲᠠᠢ ᠤᠷᠤᠯᠳᠤᠭᠠᠨ ᠤ ᠵᠦᠢᠯᠡᠰ ᠤᠨ | ᠠᠵᠢᠯᠯᠠᠭ᠎ᠠ ᠶᠢ ᠥᠷᠭᠡᠨ ᠳᠡᠯᠭᠡᠷ ᠢᠶᠠᠷ ᠥᠷᠨᠢᠭᠦᠯᠣᠨ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠰᠢᠨ᠎ᠡ ᠰᠢᠯᠢᠳᠡᠭ | ᠲᠦᠷᠣᠯ ᠵᠦᠢᠯ ᠢ ᠵᠣᠬᠢᠶᠠᠨ ᠪᠦᠳᠣᠭᠡᠵᠣ ᠨᠠᠶᠢᠷᠠᠭᠤᠯᠬᠤ ᠪᠠ ᠳᠡᠯᠭᠡᠷᠡᠭᠦᠯᠬᠦ ᠶᠢ ᠵᠣᠬᠢᠶᠠᠨ ᠪᠠᠶᠢᠭᠤᠯᠵᠣ᠂ ᠪᠡᠶ᠎ᠡ ᠶᠢᠨ | ᠲᠠᠮᠢᠷ ᠤᠨ ᠬᠥᠮᠦᠨ ᠠᠮᠠ ᠶᠢᠨ ᠲᠤᠭ᠎ᠠ ᠬᠡᠮᠵᠢᠶ᠎ᠡ ᠶᠢ ᠥᠷᠭᠡᠳᠬᠡᠵᠦ᠂ ᠠᠷᠠᠳ ᠤᠯᠠᠨ ᠤ ᠵᠣᠯ ᠵᠢᠷᠭᠠᠯᠳᠣ ᠰᠡᠳᠬᠢᠯᠭᠡ᠂ | ᠰᠡᠣᠡᠬᠢᠯ ᠬᠠᠨᠤᠮᠵᠢᠳᠠᠢ ᠪᠠᠶᠢᠬᠤ ᠬᠡᠮᠵᠢᠶ᠎ᠠ ᠶᠢ ᠳᠡᠭᠡᠭᠰᠢᠯᠡᠭᠦᠯᠣᠨ᠎ᠠ᠃ | ︵ᠲᠠᠪᠤ︶ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠢ ᠶᠡᠭᠡᠪᠡᠷ | ᠭᠦᠭᠵᠢᠭᠦᠯᠣᠨ᠎ᠠ᠃ ︽ᠡᠷ᠎ᠡ ᠶᠢᠨ ᠭᠤᠷᠪᠠᠨ ᠨᠠᠭᠠᠳᠣᠮ︾᠂ ᠨᠠᠭᠠᠳᠤᠮ ᠤᠨ ᠬᠤᠷᠠᠯ ᠵᠡᠷᠭᠡ ᠠᠵᠢᠯᠯᠠᠭᠠᠨ ᠢ | ᠢᠳᠡᠪᠬᠢᠲᠡᠶ ᠥᠷᠨᠢᠭᠦᠯᠵᠦ᠂ ᠮᠣᠷᠡᠨ ᠮᠡᠷᠭᠡᠵᠢᠯ᠂ ᠪᠥᠬᠡ ᠪᠠᠷᠢᠯᠳᠤᠬᠤ᠂ ᠰᠤᠷ ᠬᠠᠷᠪᠤᠬᠤ᠂ ᠪᠤᠶᠢᠺᠤ ᠪᠥᠮᠪᠦᠭᠡ᠂ | ᠲᠡᠮᠡᠭᠡᠨ ᠪᠥᠮᠪᠦᠭᠡ᠂ ᠪᠢᠯᠠᠭᠤ᠂ ᠠᠨᠳᠠᠶ ᠶᠢᠨ ᠪᠡᠶ᠎ᠡ ᠴᠢᠭᠢᠷᠠᠭᠵᠢᠭᠤᠯᠬᠤ ᠲᠠᠮᠢᠷ᠂ ᠰᠠᠪᠬᠠᠨ ᠪᠥᠵᠢᠭ ᠵᠡᠷᠭᠡ | ᠦᠨᠳᠦᠰᠦᠲᠡᠨ ᠤ ᠪᠡᠶ᠎ᠡ ᠶᠢᠨ ᠲᠠᠮᠢᠷ ᠤᠨ ᠲᠦᠷᠣᠯ ᠵᠦᠢᠯ ᠢ ᠢᠳᠡᠪᠬᠢᠳᠠᠢ ᠲᠡᠯᠬᠡᠷᠡᠬᠦᠯᠦᠨᠠ᠃ ᠡᠯ᠎ᠡ ᠠᠶᠢᠮᠠᠭ | ᠬᠤᠳᠠ ᠨᠢ 1 ᠠᠴᠠ 2 ᠵᠦᠢᠯ ᠤᠨ ᠦᠨᠳᠦᠰᠦᠲᠡᠨ ᠤ ᠤᠯᠠᠮᠵᠢᠯᠠᠯᠲᠤ ᠣᠨᠴᠠᠯᠢᠭᠳᠣ ᠨᠡᠷᠠᠳᠣ ᠲᠦᠷᠣᠯ | ᠲᠡᠮᠳ᠋ᠩᠳᠣ ᠶᠢᠨ ᠲᠦᠷᠦᠯ ᠵᠦᠢᠯ ᠢ ᠪᠣᠢ ᠪᠣᠯᠭᠠᠨ᠎ᠠ᠃ ᠪᠦᠭᠦ ᠣᠷᠣᠨ ᠤ ᠴᠥᠭᠡᠨ ᠲᠣᠭᠠᠲᠤ ᠦᠨᠳᠦᠰᠦᠲᠡᠨ ᠤ | ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠰᠠᠶᠢᠳᠣᠷ ᠡᠷᠬᠢᠯᠡᠨ᠎ᠠ᠃ ᠦᠨᠳᠦᠰᠦᠲᠡᠨ ᠤ ᠲᠦᠪᠯᠡᠷᠠᠨ | ᠰᠠᠭᠤᠷᠢᠰᠢᠭᠰᠠᠨ ᠣᠷᠣᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠦᠷᠦᠯ ᠵᠦᠢᠯ ᠢ ᠬᠠᠤᠯᠢ ᠶᠣᠰᠣᠭᠠᠷ | ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠢᠴᠢᠶᠡᠯ ᠤᠨ ᠠᠭᠤᠯᠭ᠎ᠠ ᠳᠤ ᠣᠷᠣᠭᠤᠯᠣᠨ᠎ᠠ᠃ ᠴᠥᠭᠡᠨ ᠲᠣᠭᠠᠲᠤ | ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠪᠠᠭᠠᠵᠢ ᠬᠡᠷᠡᠭᠰᠡᠯ ᠤᠨ ᠣᠷᠣᠨ ᠨᠤᠲᠤᠭ ᠤᠨ ᠴᠢᠨᠠᠷᠲᠠᠶ | ᠪᠠᠷᠢᠮᠵᠢᠶ᠎ᠠ ᠳᠤ ᠵᠠᠰᠠᠪᠤᠷᠢ ᠣᠷᠣᠭᠤᠯᠬᠤ ᠠᠵᠢᠯ ᠢ ᠰᠠᠶᠢᠲᠤᠷ ᠬᠢᠨ᠎ᠠ᠃ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ | ᠲᠠᠮᠢᠷ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠦᠷᠭᠦᠯᠵᠢᠯᠡᠨ ᠪᠤᠶᠢᠵᠢᠭᠤᠯᠵᠣ ᠬᠥᠭᠵᠢᠭᠦᠯᠣᠨ᠂ ᠴᠥᠭᠡᠨ | ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠦᠷᠣᠯ ᠵᠦᠢᠯ ᠤᠨ ᠨᠤᠳᠤᠭ ᠣᠷᠣᠨ ᠢ ᠡᠭᠦᠳᠦᠨ | ᠪᠠᠶᠢᠭᠤᠯᠵᠤ᠂ ᠦᠨᠳᠦᠰᠦᠲᠡᠨ ᠤ ᠪᠠ ᠠᠷᠠᠳ ᠤᠨ ᠤᠯᠠᠮᠵᠢᠯᠠᠯᠲᠤ ᠪᠡᠶ᠎ᠡ ᠶᠢᠨ ᠲᠠᠮᠢᠷ ᠤᠨ ᠰᠢᠯᠢᠳᠡᠭ ᠲᠦᠷᠣᠯ ᠵᠦᠢᠯ ᠢ | ᠪᠣᠳᠠᠰ ᠤᠨ ᠪᠤᠰᠤ ᠰᠣᠶᠣᠯ ᠤᠨ ᠥᠪ ᠤᠨ ᠭᠠᠷᠴᠠᠭᠯᠠᠯ ᠳᠤ ᠣᠷᠣᠭᠤᠯᠣᠨ᠎ᠠ᠃ ᠤᠯᠠᠮᠵᠢᠯᠠᠯᠲᠤ ᠪᠡᠶ᠎ᠡ ᠶᠢᠨ ᠲᠠᠮᠢᠷ ᠤᠨ | ᠲᠦᠷᠣᠯ ᠵᠦᠢᠯ ᠤᠨ ᠺᠯᠦ᠋ᠪ ᠪᠠᠶᠢᠭᠤᠯᠬᠤ ᠶᠢ ᠤᠯᠠᠮ ᠨᠢᠭᠡ ᠠᠯᠬᠤᠮ ᠠᠬᠢᠭᠤᠯᠣᠨ᠎ᠠ᠃ | ︵ᠵᠢᠷᠭᠤᠭ᠎ᠠ︶ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠠᠵᠢᠯ ᠤᠨ ᠬᠢᠷᠢ ᠬᠡᠮᠵᠢᠶ᠎ᠡ ᠶᠢ | ᠳᠡᠭᠡᠭᠰᠢᠯᠡᠭᠦᠯᠣᠨ᠎ᠠ᠃ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠵᠢᠭᠦᠯᠭᠦ᠂ ᠳᠦᠷᠢᠮᠵᠢᠭᠦᠯᠭᠦ᠂ ᠰᠢᠨᠵᠢᠯᠡᠬᠦ | ᠤᠬᠠᠭᠠᠨᠵᠢᠭᠤᠯᠬᠤ᠂ ᠠᠮᠢᠳᠤᠷᠠᠯᠵᠢᠭᠤᠯᠬᠤ ᠠᠬᠢᠴᠨ ᠶᠢ ᠢᠳᠡᠪᠬᠢᠲᠡᠶ ᠠᠬᠢᠭᠤᠯᠵᠤ᠂ ︽ᠨᠠᠮ ᠵᠠᠰᠠᠭ ᠢᠶᠠᠷ | ᠭᠤᠣᠯᠯᠠᠭᠤᠯᠬᠤ᠂ ᠰᠠᠯᠠᠭ᠎ᠠ ᠮᠥᠴᠢᠷ ᠬᠠᠷᠢᠭᠤᠴᠠᠯᠭ᠎ᠠ ᠪᠠᠨ ᠭᠦᠢᠴᠡᠳᠬᠡᠭᠦ᠂ ᠨᠡᠶᠢᠭᠡᠮᠯᠢᠭ ᠠᠴᠠ ᠵᠣᠬᠢᠶᠠᠨ ᠪᠠᠶᠢᠭᠤᠯᠬᠤ | ᠂ ᠨᠡᠶᠢᠭᠡᠮ ᠠᠴᠠ ᠳᠡᠮᠵᠢᠯᠭᠡ ᠦᠵᠡᠭᠦᠯᠭᠦ᠂ ᠭᠤᠣᠯᠳᠠᠯᠭ᠎ᠠ ᠪᠠᠨ ᠦᠨᠳᠦᠰᠦᠨ ᠱᠠᠲᠤᠨ ᠳᠤ ᠳᠠᠯᠪᠢᠬᠤ᠂ ᠪᠦᠭᠦ | ᠠᠷᠠᠣᠨ ᠲᠤ ᠬᠠᠨᠳᠣᠭᠤᠯᠣᠭᠰᠠᠨ︾ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠠᠵᠢᠯ ᠤᠨ ᠰᠢᠨ᠎ᠡ ᠪᠠᠶᠢᠷᠢᠰᠢᠯ ᠢ | ᠪᠤᠢ ᠪᠣᠯᠭᠠᠨ᠎ᠠ᠃ ᠪᠡᠶ᠎ᠡ ᠶᠢᠨ ᠲᠠᠮᠢᠷ ᠤᠨ ᠳᠠᠯᠠᠪᠠᠢ ᠶᠢᠨ ᠪᠡᠯᠡᠣᠡᠭᠡᠮᠵᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠬᠤ ᠪᠠᠷ ᠰᠠᠭᠤᠷᠢ ᠪᠣᠯᠭᠠᠨ᠂ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠣᠯᠳᠠ ᠶᠢᠨ ᠲᠤᠤᠷ ᠰᠦᠯᠵᠢᠶ᠎ᠡ ᠶᠢ | ᠲᠡᠭᠦᠯᠳᠡᠷᠵᠢᠭᠦᠯᠬᠦ ᠪᠠᠷ ᠲᠦᠰᠢᠭ ᠪᠣᠯᠭᠠᠵᠤ᠂ ᠪᠡᠶ᠎ᠡ ᠶᠢᠨ ᠲᠠᠮᠢᠷ ᠤᠨ ᠪᠡᠶ᠎ᠡ ᠴᠢᠬᠢᠷᠠᠭᠵᠢᠭᠤᠯᠬᠤ ᠠᠵᠢᠯᠯᠠᠭᠠᠨ ᠢ | ᠥᠷᠨᠢᠭᠦᠯᠬᠦ ᠪᠠᠷ ᠠᠷᠭ᠎ᠠ ᠪᠠᠷᠢᠯ ᠪᠣᠯᠭᠠᠵᠣ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠠᠵᠢᠯ ᠤᠨ ᠵᠣᠬᠢᠶᠠᠨ | ᠪᠠᠶᠢᠭᠤᠯᠤᠯᠲᠠ ᠲᠠᠢ᠂ ᠠᠵᠢᠯᠳᠠᠨ ᠲᠠᠢ᠂ ᠵᠢᠭᠰᠠᠭᠠᠯ ᠤᠨ ᠭᠠᠵᠡᠷ ᠲᠠᠢ᠂ ᠵᠠᠷᠤᠳᠠᠯ ᠮᠦᠩᠭᠦ ᠲᠠᠢ ᠪᠠᠶᠢᠬᠤ ᠶᠢ | ᠪᠡᠶᠡᠯᠡᠭᠦᠯᠵᠣ᠂ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠦᠨᠡᠨᠬᠦ ᠪᠠᠲᠤᠯᠠᠨ᠎ᠠ᠃ ᠨᠡᠶᠢᠭᠡᠮ ᠲᠣᠭᠤᠷᠢᠭ ᠤᠨ ᠣᠯᠠᠨ | ᠨᠡᠶᠢᠲᠡ ᠶᠢᠨ ᠦᠢᠯᠡᠴᠢᠯᠡᠭᠡᠨ ᠤ ᠪᠡᠯᠡᠣᠡᠭᠡᠮᠵᠢ ᠪᠠ ᠨᠡᠶᠢᠭᠡᠮ ᠤᠨ ᠲᠠᠯᠠᠪᠤᠷ ᠭᠠᠵᠡᠷ ᠢ ᠠᠰᠢᠭᠯᠠᠨ ᠨᠠᠰᠤᠲᠠᠶᠢᠴᠤᠳ ᠲᠤ | ᠳᠣᠭᠢᠷᠬᠠᠰᠠᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠠᠵᠢᠯᠯᠠᠭᠠᠨ ᠢ ᠵᠤᠬᠢᠶᠠᠨ ᠪᠠᠶᠢᠭᠤᠯᠵᠦ ᠦᠷᠨᠢᠭᠦᠯᠭᠦ ᠶᠢ | ᠳᠡᠮᠵᠢᠨ᠎ᠠ᠃ ᠨᠠᠰᠤᠲᠠᠶᠢᠴᠤᠳ ᠲᠤ ᠦᠢᠯᠡᠴᠢᠯᠡᠭᠦ ᠨᠡᠶᠢᠭᠡᠮ ᠤᠨ ᠨᠢᠭᠡ ᠪᠦᠯᠦᠭ ᠪᠡᠶ᠎ᠡ ᠶᠢᠨ ᠲᠠᠮᠢᠷ ᠤᠨ ᠵᠢᠭᠠᠨ | ᠵᠢᠯᠦᠭᠤᠳᠦᠬᠴᠢ ᠪᠠ ᠰᠠᠶᠢᠨ ᠲᠣᠷᠠᠴᠣᠣᠨ ᠤᠨ ᠨᠢᠷᠣᠭᠤᠪᠴᠢ ᠶᠢᠨ ᠡᠩᠨᠡᠭᠡ ᠶᠢ ᠪᠣᠯᠪᠠᠰᠤᠷᠠᠭᠤᠯᠬᠤ ᠪᠠ ᠪᠠᠶᠢᠭᠤᠯᠵᠣ᠂ | ᠡᠷᠦᠬᠡ ᠳᠤ ᠭᠦᠷᠴᠣ ᠦᠢᠯᠡᠴᠢᠯᠡᠭᠦ ᠶᠢ ᠰᠠᠨᠠᠭᠠᠴᠢᠯᠠᠨ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠵᠣᠷ ᠢ | ᠬᠠᠩᠭᠠᠨ᠂ ᠨᠠᠰᠤᠲᠠᠶᠢᠴᠤᠳ ᠤᠨ ᠨᠢᠭᠡ ᠵᠦᠢᠯ ᠤᠨ ᠠᠵᠢᠯᠯᠠᠭᠠᠨ ᠢ ᠰᠣᠩᠭᠤᠬᠤ᠂ ᠨᠢᠭᠡ ᠪᠦᠯᠬᠦᠮ ᠨᠠᠶᠢᠳᠠ ᠳᠤ | ᠣᠷᠣᠯᠴᠠᠬᠤ᠂ ᠨᠢᠭᠡ ᠵᠦᠢᠯ ᠤᠨ ᠴᠡᠩᠭᠡᠯ ᠪᠠᠶᠠᠰᠣᠯ ᠢ ᠭᠦᠷᠳᠡᠭᠦ᠂ ᠨᠢᠭᠡᠨ ᠡᠷᠡᠭᠦᠯ ᠳᠡᠩᠭᠡᠯᠡᠭᠦᠨ ᠪᠡᠶ᠎ᠡ | ᠮᠠᠬᠠᠪᠣᠣᠨ ᠲᠠᠢ ᠪᠣᠯᠬᠤ ᠶᠢ ᠬᠥᠲᠥᠯᠥᠨ ᠵᠢᠯᠣᠭᠤᠳᠴᠤ᠂ ᠨᠠᠰᠤᠲᠠᠶᠢᠴᠤᠳ ᠤᠨ ᠪᠠᠶ᠎ᠡ ᠶᠢᠨ ᠲᠠᠮᠢᠷ ᠤᠨ ᠪᠡᠶ᠎ᠡ | ᠴᠢᠬᠢᠷᠠᠭᠵᠢᠭᠤᠯᠬᠤ ᠠᠵᠢᠯᠯᠠᠭᠠᠨ ᠢ ᠬᠡᠪᠰᠢᠭᠦᠯᠬᠦ ᠶᠢ ᠪᠡᠶᠡᠯᠡᠭᠦᠯᠣᠨ᠎ᠠ᠃ | ︵ᠲᠤᠯᠤᠭ᠎ᠠ︶ ᠵᠠᠯᠠᠭᠤᠴᠣᠣᠨ ᠪᠠᠭᠠᠴᠤᠳ ᠤᠨ ᠪᠡᠶ᠎ᠡ ᠶᠢᠨ ᠲᠠᠮᠢᠷ ᠢ ᠬᠥᠭᠵᠢᠭᠦᠯᠭᠦ ᠡᠷᠴᠢᠮ ᠢᠶᠠᠨ | ᠴᠢᠩᠭᠠᠷᠠᠭᠤᠯᠣᠨ᠎ᠠ᠃ ᠬᠡᠭᠡᠷ᠎ᠡ ᠭᠠᠳᠠᠨᠠᠬᠢ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠥᠷᠭᠡᠨ ᠳᠡᠯᠭᠡᠷ ᠢᠶᠠᠷ ᠥᠷᠨᠢᠭᠦᠯᠵᠦ | ᠂ ︽ᠬᠡᠭᠡᠷ᠎ᠡ ᠭᠠᠳᠠᠨᠠᠬᠢ ᠪᠡᠶ᠎ᠡ ᠶᠢᠨ ᠲᠠᠮᠢᠷ ᠤᠨ ᠵᠤᠰᠠᠯᠠᠩ︾᠂ ︽ᠵᠠᠭᠤᠨ ᠲᠦᠮᠡᠨ ᠵᠠᠯᠠᠭᠤᠴᠣᠣᠨ ᠪᠠᠭᠠᠴᠤᠳ ᠤᠨ | ᠮᠥᠰᠥ ᠴᠠᠰᠣᠨ ᠳᠠᠮᠢᠷ ᠤᠨ ᠭᠦᠳᠡᠯᠭᠡᠭᠡᠨ ᠳᠤ ᠣᠷᠣᠯᠴᠠᠬᠤ︾ ᠵᠡᠷᠭᠡ ᠵᠠᠯᠠᠭᠤᠴᠣᠣᠨ ᠪᠠᠭᠠᠴᠤᠳ ᠤᠨ ᠪᠡᠶ᠎ᠡ ᠶᠢᠨ | ᠲᠠᠮᠢᠷ ᠤᠨ ᠨᠡᠷᠠᠳᠣ ᠲᠥᠷᠥᠯ ᠳᠡᠮᠳᠡᠭᠳᠣ ᠠᠵᠢᠯᠯᠠᠭᠠᠨ ᠤ ᠵᠢᠱᠢᠶ᠎ᠡ ᠦᠵᠡᠭᠦᠯᠵᠣ ᠬᠥᠲᠥᠯᠥᠨ ᠳᠠᠭᠠᠭᠤᠯᠬᠤ | ᠦᠢᠯᠡᠳᠦᠯ ᠢ ᠪᠠᠳᠠᠷᠠᠭᠤᠯᠣᠨ᠂ ᠵᠠᠯᠠᠭᠤᠴᠣᠣᠨ ᠪᠠᠭᠠᠴᠤᠳ ᠤᠨ ᠪᠡᠶ᠎ᠠ ᠪᠣᠯᠪᠠᠰᠤᠷᠠᠬᠤ ᠳᠤᠷ᠎ᠠ ᠰᠣᠨᠢᠷᠬᠠᠯ ᠢ | ᠬᠥᠮᠦᠵᠢᠭᠦᠯᠵᠦ᠂ ᠬᠥᠳᠡᠯᠭᠡᠭᠡᠨ ᠤ ᠣᠷ᠎ᠡ ᠮᠡᠷᠭᠡᠰᠢᠯ ᠢ ᠡᠵᠡᠮᠰᠢᠨ᠂ ᠨᠠᠰᠤᠨ ᠲᠤᠷᠰᠢᠳᠠ ᠪᠣᠯᠪᠠᠰᠤᠷᠠᠬᠤ ᠳᠠᠳᠬᠠᠯ ᠢ | ᠪᠣᠢ ᠪᠣᠯᠭᠠᠵᠣ᠂ ᠵᠠᠯᠠᠭᠤᠴᠣᠣᠨ ᠪᠠᠭᠠᠴᠤᠳ ᠤᠨ ᠪᠡᠶ᠎ᠡ ᠮᠠᠬᠠᠪᠣᠣᠨ ᠤᠨ ᠴᠢᠨᠠᠷ ᠴᠢᠨᠰᠠᠭ᠎ᠠ ᠶᠢ ᠲᠠᠰᠤᠷᠠᠯᠳᠠ ᠦᠭᠡᠢ | ᠳᠡᠭᠡᠭᠰᠢᠯᠡᠭᠦᠯᠣᠨ᠎ᠠ᠃ ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠤᠨ ᠰᠢᠰᠲ᠋ᠧᠮ ᠤᠨ ᠡᠬᠢ ᠪᠠᠶᠠᠯᠢᠭ ᠢ ᠢᠳᠡᠪᠬᠢᠳᠠᠢ | ᠡᠮᠬᠢᠯᠡᠨ ᠨᠡᠶᠢᠯᠡᠭᠦᠯᠵᠦ᠂ ᠲᠡᠳᠬᠦᠨ ᠳᠡᠮᠵᠢᠬᠦ ᠡᠷᠴᠢᠮ ᠢ ᠴᠢᠩᠭᠠᠷᠠᠭᠤᠯᠤᠨ᠂ 2020 ᠣᠨ ᠪᠣᠯᠳᠠᠯ᠎ᠠ ᠡᠯ᠎ᠡ | ᠱᠠᠲᠤᠨ ᠤ ᠡᠯ᠎ᠡ ᠲᠥᠷᠥᠯ ᠤᠨ ᠵᠠᠯᠠᠭᠤᠴᠣᠣᠨ ᠪᠠᠭᠠᠴᠤᠳ ᠤᠨ ᠪᠡᠶ᠎ᠡ ᠶᠢᠨ ᠲᠠᠮᠢᠷ ᠤᠨ ᠺᠯᠦ᠋ᠪ ᠢ 300 ᠳᠤ | ᠬᠦᠷᠣᠭᠦᠯᠵᠣ᠂ ᠪᠡᠶ᠎ᠡ ᠶᠢᠨ ᠲᠠᠮᠢᠷ ᠤᠨ ᠤᠯᠠᠮᠵᠢᠯᠠᠯᠲᠤ ᠲᠦᠷᠦᠯ ᠵᠦᠢᠯ ᠤᠨ ᠰᠤᠷᠭᠠᠭᠤᠯᠢ ᠶᠢ 170 ᠳᠤ | ᠬᠦᠷᠣᠭᠦᠯᠵᠣ᠂ ᠰᠠᠭᠰᠤᠨ ᠪᠥᠮᠪᠦᠭᠡ᠂ ᠠᠯᠠᠭᠠᠳᠠᠬᠤ ᠪᠥᠮᠪᠦᠭᠡ ᠶᠢᠨ ᠣᠨᠴᠠᠯᠢᠭᠳᠣ ᠰᠤᠷᠭᠠᠭᠤᠯᠢ ᠶᠢ 150 ᠳᠤ | ᠬᠦᠷᠣᠭᠦᠯᠣᠨ᠎ᠠ᠃ ᠵᠠᠯᠠᠭᠤᠴᠣᠣᠨ ᠪᠠᠭᠠᠴᠤᠳ ᠤᠨ ᠰᠤᠷᠭᠠᠭᠤᠯᠢ ᠶᠢᠨ ᠭᠠᠳᠠᠨᠠᠬᠢ ᠪᠡᠶ᠎ᠡ ᠶᠢᠨ ᠲᠠᠮᠢᠷ ᠤᠨ | ᠠᠵᠢᠯᠯᠠᠭᠠᠨ ᠤ ᠲᠥᠪ ᠵᠢᠴᠢ ᠵᠠᠯᠠᠭᠤᠴᠣᠣᠨ ᠪᠠᠭᠠᠴᠤᠳ ᠤᠨ ᠭᠡᠷ ᠤᠨ ᠭᠠᠳᠠᠨᠠᠬᠢ ᠠᠵᠢᠯᠯᠠᠭᠠᠨ ᠤ ᠬᠤᠸᠠᠷᠠᠨ ᠢ | ᠡᠭᠦᠳᠦᠨ ᠪᠠᠶᠢᠭᠤᠯᠵᠣ᠂ ᠲᠡᠳᠡᠬᠡᠷ ᠤᠨ ᠤᠯᠠᠨ ᠡᠰᠢᠲᠦ ᠰᠤᠷᠭᠠᠨ ᠬᠥᠮᠦᠵᠢᠯ ᠤᠨ ᠴᠢᠳᠠᠮᠵᠢ ᠶᠢ ᠪᠠᠳᠠᠷᠠᠭᠤᠯᠣᠨ᠂ | ᠵᠠᠯᠠᠭᠤᠴᠣᠣᠨ ᠪᠠᠭᠠᠴᠤᠳ ᠤᠨ ᠡᠳᠦᠷ ᠢᠷᠡᠬᠦᠶ᠎ᠡ ᠨᠡᠮᠡᠭᠳᠡᠵᠦ ᠪᠦᠭᠦᠢ ᠪᠡᠶ᠎ᠡ ᠴᠢᠭᠢᠷᠠᠭᠵᠢᠭᠤᠯᠬᠤ ᠬᠡᠷᠡᠭᠴᠡᠭᠡ | ᠱᠠᠭᠠᠷᠳᠠᠯᠭ᠎ᠠ ᠶᠢ ᠬᠠᠩᠭᠠᠨ᠎ᠠ᠃ | ︵ᠨᠠᠢᠮᠠ︶ ᠬᠥᠯ ᠪᠥᠮᠪᠦᠭᠡ ᠶᠢᠨ ᠬᠥᠳᠡᠯᠭᠡᠭᠡᠨ ᠤ ᠬᠥᠭᠵᠢᠯᠲᠡ ᠶᠢ ᠲᠦᠷᠭᠡᠳᠬᠡᠨ᠎ᠠ᠃ ᠪᠦᠬᠦ ᠤᠯᠤᠰ ᠤᠨ | ᠬᠥᠯ ᠪᠥᠮᠪᠥᠭᠡᠨ ᠤ ᠥᠭᠡᠷᠡᠴᠢᠯᠡᠯᠲᠡ ᠬᠥᠭᠵᠢᠭᠦᠯᠦᠯᠲᠡ ᠶᠢᠨ ᠲᠤᠷᠰᠢᠯᠲᠠ ᠶᠢᠨ ᠴᠢᠬ ᠤᠨ ᠮᠤᠵᠢ ᠣᠷᠣᠨ | ᠪᠣᠯᠤᠭᠰᠠᠨ ᠤ ᠬᠤᠪᠢ ᠳᠤ᠂ ᠬᠦᠯ ᠪᠥᠮᠪᠦᠭᠡ ᠶᠢᠨ ᠬᠥᠳᠡᠯᠭᠡᠭᠡᠨ ᠢ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠶᠡᠭᠡ | ᠪᠠᠶᠢᠷᠢᠰᠢᠯ ᠳᠤ ᠣᠷᠣᠭᠤᠯᠵᠣ᠂ ᠲᠠᠪᠤᠨ ᠬᠥᠮᠦᠨ ᠤ ᠳᠦᠷᠢᠮᠲᠦ᠂ ᠳᠣᠯᠣᠭᠠᠨ ᠬᠥᠮᠦᠨ ᠤ ᠳᠦᠷᠢᠮᠲᠦ᠂ ᠠᠷᠪᠠᠨ | ᠨᠢᠭᠡᠨ ᠬᠥᠮᠦᠨ ᠤ ᠳᠦᠷᠢᠮᠲᠦ ᠪᠠ ᠡᠯᠡᠰᠦᠨ ᠳᠠᠩ᠂ ᠰᠢᠩᠭᠡᠯᠢᠭ ᠮᠠᠶ᠋ᠢᠭ ᠤᠨ ᠵᠡᠷᠭᠡ ᠣᠯᠠᠨ ᠶᠠᠩᠵᠤ ᠬᠡᠯᠪᠡᠷᠢ ᠶᠢᠨ | ᠤᠯᠠᠨ ᠲᠦᠮᠡᠨᠴᠢ ᠴᠢᠨᠠᠷᠲᠠᠶ ᠬᠦᠯ ᠪᠥᠮᠪᠦᠭᠡ ᠶᠢᠨ ᠭᠦᠳᠡᠯᠭᠡᠭᠡᠨ ᠢ ᠥᠷᠭᠡᠨ ᠳᠡᠯᠭᠡᠷ ᠢᠶᠠᠷ ᠥᠷᠨᠢᠭᠦᠯᠵᠦ᠂ ᠬᠥᠯ | ᠪᠥᠮᠪᠥᠭᠡᠨ ᠶᠢᠨ ᠬᠥᠳᠡᠯᠭᠡᠭᠡᠨ ᠤ ᠥᠷᠨᠢᠨ ᠬᠥᠭᠵᠢᠵᠦ ᠶᠢ ᠠᠬᠢᠭᠤᠯᠣᠨ᠂ ᠬᠥᠯ ᠪᠦᠮᠪᠦᠭᠡ ᠨᠠᠭᠠᠳᠬᠤ ᠭᠦᠮᠣᠨ | ᠠᠮᠨ ᠶᠢ 300 ᠲᠦᠮᠡᠨ ᠬᠥᠮᠦᠨ ᠳᠤ ᠬᠦᠷᠣᠭᠦᠯᠵᠣ᠂ ᠬᠦᠯ ᠪᠥᠮᠪᠦᠭᠡ ᠶᠢᠨ ᠬᠥᠳᠡᠯᠭᠡᠭᠡᠨ ᠢ ᠤᠯᠠᠨ ᠲᠦᠮᠡᠨ ᠤ | ᠨᠡᠶᠢᠳᠡᠮ ᠣᠷᠣᠯᠴᠠᠬᠤ ᠪᠡᠶ᠎ᠡ ᠶᠢᠨ ᠲᠠᠮᠢᠷ ᠤᠨ ᠲᠦᠷᠣᠯ ᠵᠦᠢᠯ ᠪᠣᠯᠭᠠᠨ᠎ᠠ᠃ ᠨᠡᠶᠢᠭᠡᠮ ᠲᠣᠭᠤᠷᠢᠭ ᠤᠨ ᠬᠥᠯ | ᠪᠥᠮᠪᠥᠭᠡᠨ ᠤ ︽ᠵᠢᠷᠭᠤᠭᠠᠨ ᠨᠢᠭᠡ︾ ᠶᠢᠨ ᠢᠨᠵᠧᠨᠧᠷᠢᠩ ᠢ ᠪᠡᠶᠡᠯᠡᠭᠦᠯᠣᠨ᠎ᠠ᠂ ᠳᠠᠷᠣᠢ ᠨᠢᠭᠡ ᠨᠡᠶᠢᠭᠡᠮ ᠲᠣᠭᠤᠷᠢᠭ ᠲᠤ | ᠬᠥᠯ ᠪᠥᠮᠪᠦᠭᠡ ᠶᠢᠨ ᠵᠣᠬᠢᠶᠠᠨ ᠪᠠᠶᠢᠭᠤᠯᠵᠤ ᠤᠳᠤᠷᠢᠳᠬᠤ ᠪᠠᠶᠢᠭᠤᠯᠤᠮᠵᠢ ᠶᠢ ᠪᠠᠶᠢᠭᠤᠯᠬᠤ᠂ ᠨᠡᠶᠢᠭᠡᠮ | ᠲᠣᠭᠤᠷᠢᠭ ᠤᠨ ᠨᠢᠭᠡ ᠰᠠᠯᠠᠭ᠎ᠠ ᠠᠵᠢᠯ ᠤᠨ ᠴᠢᠯᠥᠭᠡᠨ ᠤ ᠬᠦᠯ ᠪᠥᠮᠪᠦᠭᠡ ᠶᠢᠨ ᠡᠩᠨᠡᠭᠡ ᠶᠢ ᠪᠠᠶᠢᠭᠤᠯᠬᠤ᠂ ᠨᠡᠶᠢᠭᠡᠮ | ᠲᠣᠭᠤᠷᠢᠭ ᠤᠨ ᠬᠥᠯ ᠪᠥᠮᠪᠦᠭᠡ ᠶᠢᠨ ᠬᠥᠳᠡᠯᠭᠡᠭᠡᠨ ᠤ ᠨᠢᠭᠡ ᠬᠡᠰᠡᠭ ᠲᠠᠯᠠᠪᠤᠷ ᠭᠠᠵᠠᠷ ᠢ ᠨᠠᠶᠢᠳᠠᠪᠤᠷᠢᠵᠢᠭᠤᠯᠬᠤ᠂ | ᠨᠡᠶᠢᠭᠡᠮ ᠲᠣᠭᠤᠷᠢᠭ ᠤᠨ ᠬᠦᠯ ᠪᠥᠮᠪᠦᠭᠡ ᠶᠢᠨ ᠦᠢᠯᠡᠰ ᠢ ᠬᠥᠭᠵᠢᠭᠦᠯᠭᠦ ᠨᠢᠭᠡᠨ ᠵᠦᠢᠯ ᠤᠨ ᠠᠯᠪᠠᠨ ᠵᠠᠷᠤᠳᠠᠯ ᠢ | ᠲᠣᠬᠢᠷᠠᠭᠤᠯᠬᠤ᠂ ᠨᠡᠶᠢᠭᠡᠮ ᠲᠣᠭᠤᠷᠢᠭ ᠤᠨ ᠨᠢᠭᠡ ᠤᠳᠠᠭ᠎ᠠ ᠶᠢᠨ ᠬᠥᠯ ᠪᠥᠮᠪᠦᠭᠡ ᠶᠢᠨ ᠬᠤᠯᠪᠣᠭᠠᠳᠣ ᠤᠷᠤᠯᠳᠤᠭᠠᠨ ᠢ | ᠵᠣᠬᠢᠶᠠᠨ ᠪᠠᠶᠢᠭᠤᠯᠵᠣ ᠥᠷᠨᠢᠭᠦᠯᠭᠦ᠂ ᠨᠡᠶᠢᠭᠡᠮ ᠲᠣᠭᠤᠷᠢᠭ ᠤᠨ ᠬᠥᠯ ᠪᠥᠮᠪᠥᠭᠡᠨ ᠤ ᠨᠢᠭᠡ ᠲᠦᠭᠦᠷ ᠠᠵᠢᠯ ᠤᠨ | ᠲᠣᠭᠲᠠᠴᠠ ᠶᠢ ᠪᠠᠶᠢᠭᠤᠯᠣᠨ᠎ᠠ᠃ ᠬᠥᠯ ᠪᠥᠮᠪᠦᠭᠡ ᠶᠢᠨ ᠭᠦᠳᠡᠯᠭᠡᠭᠡᠨ ᠢ ᠳᠤᠮᠳᠠᠳᠤ ᠪᠠᠭ᠎ᠠ ᠰᠤᠷᠭᠠᠭᠤᠯᠢ ᠶᠢᠨ | ᠲᠠᠮᠢᠷ ᠤᠨ ᠬᠢᠴᠢᠶᠡᠯ ᠤᠨ ᠵᠢᠭᠠᠨ ᠰᠤᠷᠭᠠᠬᠤ ᠠᠭᠤᠯᠭ᠎ᠠ ᠳᠤ ᠣᠷᠣᠭᠤᠯᠵᠣ ᠬᠡᠴᠢᠶᠠᠯᠯᠡᠭᠦ ᠴᠠᠭ ᠤᠨ ᠬᠤᠪᠢ ᠶᠢᠨ | ᠵᠢᠩ ᠢ ᠨᠡᠮᠡᠭᠳᠡᠭᠦᠯᠦᠨ᠎ᠡ᠃ ᠶᠡᠭᠡ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠠᠩᠬ᠎ᠠ | ᠵᠡᠷᠭᠡ ᠶᠢᠨ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠶᠢᠨ ᠳᠥᠷᠪᠡᠳᠦᠭᠡᠷ ᠳᠡᠰ ᠤᠨ ᠬᠥᠯ ᠪᠥᠮᠪᠥᠭᠡᠨ ᠤ | ᠤᠷᠤᠯᠳᠤᠭᠠᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠬᠡᠦᠬᠡᠳ ᠤᠨ ᠬᠥᠯ ᠪᠥᠮᠪᠦᠭᠡ ᠶᠢᠨ ᠰᠡᠬᠡᠭᠡᠷᠡᠭᠦᠯᠬᠦ | ᠬᠥᠮᠦᠵᠢᠯ ᠢ ᠥᠷᠨᠢᠭᠦᠯᠣᠨ᠎ᠠ᠃ ᠨᠡᠶᠢᠭᠡᠮ ᠳᠠᠶᠠᠭᠠᠷ ᠤᠨ ᠬᠥᠯ ᠪᠥᠮᠪᠦᠭᠡ ᠪᠠ ᠰᠤᠷᠭᠠᠭᠤᠯᠢ ᠶᠢᠨ ᠬᠦᠷᠢᠶᠡᠯᠡᠩ ᠤᠨ | ᠬᠥᠯ ᠪᠥᠮᠪᠦᠭᠡ ᠶᠢ ᠭᠦᠭᠵᠢᠭᠦᠯᠭᠦ ᠪᠠᠷ ᠳᠡᠮᠵᠢᠭᠤᠯᠵᠣ᠂ ᠬᠥᠯ ᠪᠥᠮᠪᠦᠭᠡ ᠶᠢᠨ ᠬᠥᠳᠡᠯᠭᠡᠭᠡᠨ ᠤ ᠤᠯᠠᠨ ᠲᠦᠮᠡᠨ ᠤ | ᠰᠠᠭᠤᠷᠢ ᠶᠢ ᠥᠷᠭᠡᠳᠬᠡᠨ᠂ ᠠᠵᠢᠯ ᠮᠡᠷᠭᠡᠵᠢᠯ ᠤᠨ ᠬᠥᠯ ᠪᠥᠮᠪᠦᠭᠡ ᠳᠤ ᠴᠢᠳᠠᠪᠤᠷᠢᠲᠠᠨ ᠨᠥᠭᠡᠴᠡᠯᠡᠨᠠ︔ ᠠᠵᠢᠯ | ᠮᠡᠷᠭᠡᠵᠢᠯ ᠤᠨ ᠬᠥᠯ ᠪᠥᠮᠪᠦᠭᠡ ᠶᠢ ᠬᠥᠭᠵᠢᠭᠦᠯᠬᠦ ᠪᠠᠷ ᠳᠠᠮᠵᠢᠭᠤᠯᠤᠨ᠂ ᠨᠡᠶᠢᠭᠡᠮ ᠳᠠᠶᠠᠭᠠᠷ ᠤᠨ ᠬᠥᠯ ᠪᠥᠮᠪᠦᠭᠡ ᠪᠠ | ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠲᠦᠭᠡᠮᠡᠯᠵᠢᠭᠦᠯᠬᠦ ᠪᠠ ᠳᠡᠭᠡᠭᠰᠢᠯᠡᠭᠦᠯᠭᠦ ᠶᠢ ᠳᠠᠶᠢᠴᠢᠯᠠᠨ᠎ᠠ᠃ | ︵ᠶᠢᠰᠦ︶ ᠤᠯᠠᠨ ᠲᠦᠮᠡᠨ ᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠦᠨᠡᠡᠭᠦ ᠠᠬᠢᠭᠤᠯᠣᠨ᠎ᠠ᠃ | ᠤᠯᠤᠰ ᠤᠨ ︽ᠭᠤᠷᠪᠠᠨ ᠳ᠋ᠦᠩᠰᠢᠭᠤᠷ ᠬᠥᠮᠦᠨ ᠮᠥᠰᠥ ᠴᠠᠰᠣᠨ ᠤ ᠳᠠᠮᠢᠷ ᠤᠨ ᠭᠦᠳᠡᠯᠭᠡᠭᠡᠨ ᠳᠤ ᠣᠷᠣᠯᠴᠠᠬᠤ︾ | ᠠᠵᠢᠯᠯᠠᠭ᠎ᠠ ᠶᠢ ᠢᠳᠡᠪᠬᠢᠲᠡᠶ ᠴᠤᠤᠷᠢᠶᠠᠲᠤᠨ ᠲᠠᠭᠠᠵᠤ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ | ᠤᠬᠠᠭᠤᠯᠣᠯ ᠢ ᠰᠠᠶᠢᠲᠤᠷ ᠬᠢᠵᠣ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠷᠢᠳᠢ ᠰᠢᠳᠢ ᠶᠢ ᠨᠡᠩ ᠣᠯᠠᠨ | ᠬᠥᠮᠦᠰ ᠲᠤ ᠣᠶᠢᠯᠠᠭᠠᠭᠤᠯᠤᠨ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠤᠯᠠᠨ ᠲᠦᠮᠡᠨᠴᠢ ᠰᠠᠭᠤᠷᠢ ᠶᠢ | ᠨᠡᠩ ᠪᠠᠲᠤᠳᠬᠠᠨ ᠪᠠᠬᠢᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ | ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠬᠢᠯᠡᠭᠦ ᠠᠨᠢᠰᠣ ᠶᠢ ᠡᠵᠡᠮᠳᠠᠵᠣ᠂ | ᠤᠯᠠᠨ ᠲᠦᠮᠡᠨ ᠤ ᠡᠪᠦᠯ ᠤᠨ ᠤᠯᠠᠷᠢᠯ ᠤᠨ ᠳᠠᠮᠢᠷ ᠤᠨ ᠭᠦᠳᠡᠯᠭᠡᠭᠡᠨ ᠢ ᠳᠡᠯᠭᠡᠷᠡᠭᠦᠯᠵᠦ ᠲᠦᠭᠡᠮᠡᠯᠵᠢᠭᠦᠯᠬᠦ | ᠲᠥᠯᠥᠪᠯᠡᠭᠡ ᠶᠢ ᠬᠡᠷᠡᠭᠵᠢᠭᠦᠯᠣᠨ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠰᠣᠷᠭᠠᠭᠤᠯᠢ ᠶᠢᠨ | ᠬᠦᠷᠢᠶᠡᠯᠡᠩ ᠳᠤ ᠣᠷᠣᠭᠤᠯᠬᠤ᠂ ᠦᠵᠡᠮᠵᠢ ᠶᠢᠨ ᠣᠷᠣᠨ ᠳᠤ ᠣᠷᠣᠭᠤᠯᠬᠤ᠂ ᠨᠠᠭᠠᠳᠣᠮ ᠲᠠᠯᠠᠪᠠᠶ ᠳᠤ ᠣᠷᠣᠭᠤᠯᠬᠤ᠂ | ᠭᠤᠣᠯ ᠮᠦᠷᠡᠨ ᠳᠤ ᠣᠷᠣᠭᠤᠯᠬᠤ ᠶᠢ ᠢᠳᠡᠪᠬᠢᠲᠡᠶ ᠠᠬᠢᠭᠤᠯᠣᠨ᠎ᠠ᠃ ᠡᠯ᠎ᠡ ᠭᠠᠵᠠᠷ ᠣᠷᠣᠨ ᠤ ᠬᠢᠨ ᠪᠠᠶᠢᠭᠠᠯᠢ᠂ | ᠬᠥᠮᠦᠨ ᠨᠠᠶᠢᠭᠡᠮ ᠤᠨ ᠡᠬᠢ ᠪᠠᠶᠠᠯᠢᠭ ᠲᠤ ᠲᠦᠰᠢᠭᠯᠡᠨ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠮᠥᠰᠥ | ᠴᠠᠰᠤᠨ ᠤ ᠰᠢᠷᠢᠰ ᠤᠷᠤᠯᠳᠤᠭᠠᠨ ᠢ ᠦᠷᠨᠢᠭᠦᠯᠵᠣ᠂ ᠪᠦᠬᠦ ᠣᠷᠣᠨ ᠳᠤ ᠨᠡᠷ᠎ᠡ ᠴᠤᠤᠲᠠᠶ᠂ ᠪᠦᠬᠦ ᠤᠯᠤᠰ ᠲᠤ | ᠨᠥᠯᠥᠭᠡ ᠲᠠᠢ ᠣᠯᠠᠨ ᠲᠦᠮᠡᠨᠴᠢ ᠮᠦᠰᠣ ᠴᠠᠰᠣᠨ ᠤ ᠤᠷᠤᠯᠳᠤᠭᠠᠨ ᠤ ᠵᠦᠢᠯᠡᠰ ᠪᠠ ᠠᠵᠢᠯᠯᠠᠭ᠎ᠠ ᠦᠷᠨᠢᠭᠦᠯᠭᠦ ᠶᠢ | ᠵᠣᠷᠢᠬᠵᠢᠭᠤᠯᠣᠨ᠎ᠠ᠃ ᠡᠯ᠎ᠡ ᠭᠠᠵᠠᠷ ᠣᠷᠣᠨ ᠳᠤ ᠮᠦᠰᠣᠨ ᠲᠠᠯᠠᠪᠠᠢ᠂ ᠴᠠᠰᠤᠨ ᠲᠠᠯᠠᠪᠠᠢ ᠵᠡᠷᠭᠡ ᠲᠠᠯᠠᠪᠠᠢ ᠶᠢ | ᠪᠦᠳᠣᠭᠡᠨ ᠪᠠᠶᠢᠭᠤᠯᠬᠤ ᠶᠢ ᠠᠬᠢᠭᠤᠯᠵᠣ᠂ ᠰᠣᠯᠢᠯᠴᠠᠭ᠎ᠠ ᠪᠠ ᠬᠠᠮᠲᠤᠷᠠᠯᠴᠠᠭ᠎ᠠ ᠪᠠᠨ ᠴᠢᠩᠭᠠᠳᠬᠠᠨ᠂ ᠵᠡᠭᠦᠨ ᠬᠡᠰᠡᠭ | ᠪᠠ ᠪᠠᠷᠠᠭᠤᠨ ᠬᠡᠰᠡᠭ ᠤᠨ ᠬᠠᠮᠵᠢᠯᠴᠠᠨ ᠬᠥᠭᠵᠢᠬᠦ ᠶᠢ ᠠᠬᠢᠭᠤᠯᠣᠨ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ | ᠬᠥᠮᠦᠨ ᠠᠮᠠ ᠶᠢᠨ ᠲᠤᠭ᠎ᠠ ᠬᠡᠮᠵᠢᠶ᠎ᠡ ᠶᠢ ᠥᠷᠭᠡᠳᠬᠡᠵᠦ᠂ ᠪᠦᠬᠦ ᠣᠷᠣᠨ ᠳᠤ 600 ᠲᠦᠮᠡᠨ ᠬᠥᠮᠦᠨ ᠮᠥᠰᠥ | ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠬᠤ ᠬᠠᠷᠠᠯᠲᠠ ᠶᠢ ᠪᠡᠶᠡᠯᠡᠭᠦᠯᠣᠨ᠎ᠠ᠃ | ︵ᠠᠷᠪᠠ︶ ᠪᠡᠶ᠎ᠡ ᠶᠢᠨ ᠲᠠᠮᠢᠷ ᠤᠨ ᠪᠡᠶ᠎ᠡ ᠴᠢᠬᠢᠷᠠᠭᠵᠢᠭᠤᠯᠬᠤ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ | ᠲᠦᠷᠭᠡᠣᠡᠭᠡᠨ᠎ᠠ᠃ ᠪᠡᠶ᠎ᠡ ᠶᠢᠨ ᠲᠠᠮᠢᠷ ᠤᠨ ᠠᠵᠤ ᠦᠢᠯᠡᠰ ᠢ ᠬᠥᠭᠵᠢᠭᠦᠯᠬᠦ ᠳᠠᠬᠢ ᠪᠦᠭᠦ ᠠᠷᠠᠳ ᠤᠨ ᠪᠡᠶ᠎ᠡ | ᠴᠢᠭᠢᠷᠠᠭᠵᠢᠭᠤᠯᠬᠤ ᠶᠢᠨ ᠬᠥᠳᠡᠯᠭᠡᠭᠦ ᠬᠦᠴᠦᠨ ᠤ ᠰᠤᠷᠪᠤᠯᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠭᠦ | ᠠᠷᠠᠳ ᠤᠨ ᠪᠡᠶ᠎ᠡ ᠴᠢᠭᠢᠷᠠᠭᠵᠢᠭᠤᠯᠬᠤ ᠯᠤᠭ᠎ᠠ ᠬᠠᠮᠢᠶ᠎ᠠ ᠪᠦᠬᠦᠢ ᠪᠡᠶ᠎ᠡ ᠴᠢᠭᠢᠷᠠᠭᠵᠢᠭᠤᠯᠬᠤ ᠰᠡᠯᠡᠭᠦᠴᠡᠯ᠂ | ᠮᠦᠷᠦᠶᠢᠴᠡᠬᠡᠨ ᠤ ᠦᠵᠡᠭᠦᠯᠦᠯᠭᠡ᠂ ᠲᠠᠯᠠᠪᠠᠢ ᠣᠷᠳᠣᠨ ᠤ ᠦᠢᠯᠡᠴᠢᠯᠡᠭᠡ᠂ ᠪᠠᠶ᠎ᠡ ᠮᠠᠬᠠᠪᠣᠳ ᠤᠨ ᠴᠢᠨᠠᠷ | ᠴᠢᠨᠰᠠᠭ᠎ᠠ ᠶᠢᠨ ᠬᠢᠨᠠᠨ ᠰᠢᠨᠵᠢᠭᠦ᠂ ᠪᠡᠶ᠎ᠡ ᠴᠢᠭᠢᠷᠠᠭᠵᠢᠭᠤᠯᠬᠤ ᠪᠣᠯᠪᠠᠰᠤᠷᠠᠭᠤᠯᠣᠯ ᠪᠠ ᠪᠡᠶ᠎ᠡ ᠶᠢᠨ ᠲᠠᠮᠢᠷ ᠤᠨ ᠬᠡᠷᠡᠭᠰᠡᠯ | ᠦᠢᠯᠡᠳᠬᠦ ᠪᠣᠯᠣᠨ ᠪᠣᠷᠣᠯᠠᠭᠤᠯᠬᠤ ᠵᠡᠷᠭᠡ ᠪᠡᠶ᠎ᠡ ᠶᠢᠨ ᠲᠠᠮᠢᠷ ᠤᠨ ᠠᠵᠤ ᠦᠢᠯᠡᠰ ᠤᠨ ᠲᠥᠷᠥᠯ ᠠᠩᠬᠢᠯᠡᠯ | ᠬᠡᠪᠴᠢᠶ᠎ᠡ ᠶᠢ ᠥᠷᠭᠡᠳᠬᠡᠵᠣ᠂ ᠠᠵᠢᠯ ᠦᠢᠯᠡᠰ ᠤᠨ ᠪᠡᠶ᠎ᠡ ᠶᠢᠨ ᠲᠠᠮᠢᠷ ᠤᠨ ᠠᠵᠤ ᠦᠢᠯᠡᠰ ᠤᠨ ᠲᠣᠮᠳᠠᠬᠢ ᠪᠡᠶ᠎ᠡ | ᠴᠢᠭᠢᠷᠠᠭᠵᠢᠭᠤᠯᠬᠤ ᠦᠢᠯᠡᠴᠢᠯᠡᠭᠡᠨ ᠤ ᠡᠵᠡᠯᠡᠬᠦ ᠬᠤᠪᠢ ᠶᠢᠨ ᠵᠢᠩ ᠢ ᠶᠡᠬᠡᠪᠡᠷ ᠳᠡᠭᠡᠭᠰᠢᠯᠡᠭᠦᠯᠣᠨ᠎ᠠ᠃ ᠨᠤᠲᠤᠭ | ᠪᠡᠯᠴᠢᠭᠡᠷ᠂ ᠡᠯᠡᠰᠦᠨ ᠴᠥᠯ᠂ ᠮᠥᠰᠥ ᠴᠠᠰᠣ᠂ ᠮᠠᠯ ᠮᠠᠯᠵᠢᠯ᠂ ᠵᠠᠩ ᠦᠢᠯᠨ ᠵᠡᠷᠭᠡ ᠳᠠᠪᠠᠭᠤᠯᠢᠭ ᠲᠠᠭᠠᠨ | ᠲᠦᠰᠢᠭᠯᠡᠨ᠂ ᠲᠤᠬᠠᠶ ᠶᠢᠨ ᠭᠠᠵᠠᠷ ᠤᠨ ᠦᠪᠡᠷᠮᠢᠴᠨ ᠣᠨᠴᠠᠯᠢᠭ ᠢ ᠦᠨᠳᠣᠰᠣᠯᠡᠵᠣ ᠳᠡᠷᠭᠡ᠂ ᠮᠣᠷᠢ᠂ ᠮᠥᠰᠥ ᠴᠠᠰᠤ | ᠂ ᠨᠠᠭᠠᠳᠤᠮ ᠤᠨ ᠬᠤᠷᠠᠯ ᠵᠡᠷᠭᠡ ᠨᠡᠷᠡᠲᠦ ᠲᠦᠷᠣᠯ ᠳᠡᠮᠳᠡᠭᠳᠣ ᠤᠷᠤᠯᠳᠤᠭᠠᠨ ᠤ ᠵᠦᠢᠯᠡᠰ ᠪᠠ ᠠᠵᠢᠯᠯᠠᠭ᠎ᠠ ᠶᠢ | ᠭᠤᠣᠯᠳᠠᠯᠭ᠎ᠠ ᠲᠠᠢ ᠪᠤᠢ ᠪᠤᠯᠭᠠᠵᠦ᠂ ᠲᠤᠬᠠᠶ ᠶᠢᠨ ᠭᠠᠵᠠᠷ ᠤᠨ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ | ᠵᠢᠴᠢ ᠲᠠᠯ᠎ᠠ ᠨᠤᠲᠤᠭ ᠤᠨ ᠵᠢᠭᠤᠯᠴᠢᠯᠠᠯ᠂ ᠰᠣᠶᠣᠯ ᠤᠨ ᠵᠠᠭᠤᠴᠢᠯᠠᠭᠤᠷ᠂ ᠦᠨᠳᠦᠰᠦᠲᠡᠨ ᠤ ᠤᠨᠴᠠᠯᠢᠭᠳᠤ ᠲᠠᠸᠠᠷ | ᠪᠣᠷᠣᠯᠠᠭᠤᠯᠬᠤ ᠵᠡᠷᠭᠡ ᠣᠨᠴᠠᠯᠢᠭ ᠪᠦᠬᠦᠢ ᠠᠵᠤ ᠦᠢᠯᠡᠰ ᠤᠨ ᠬᠥᠭᠵᠢᠯᠳᠠ ᠶᠢ ᠳᠠᠶᠢᠴᠢᠯᠠᠨ᠎ᠠ᠃ ᠪᠡᠶ᠎ᠡ ᠶᠢᠨ | ᠲᠠᠮᠢᠷ ᠤᠨ ᠠᠵᠤ ᠦᠢᠯᠡᠰ ᠤᠨ ᠠᠵᠢᠯ ᠲᠥᠷᠥᠯ ᠤᠨ ᠨᠡᠶᠢᠭᠡᠮᠯᠢᠭ ᠤᠨ ᠪᠠᠶᠢᠭᠤᠯᠤᠯᠲᠠ ᠶᠢ ᠲᠦᠷᠭᠡᠳᠬᠡᠵᠦ᠂ ᠠᠵᠢᠯ | ᠲᠥᠷᠥᠯ ᠤᠨ ᠨᠡᠶᠢᠭᠡᠮᠯᠢᠭ ᠤᠨ ᠦᠢᠯᠡᠳᠦᠯ ᠢ ᠪᠠᠳᠠᠷᠠᠭᠤᠯᠣᠨ᠂ ᠪᠡᠶ᠎ᠡ ᠶᠢᠨ ᠲᠠᠮᠢᠷ ᠤᠨ ᠬᠡᠷᠡᠭᠰᠡᠯ᠂ ᠪᠡᠶ᠎ᠡ ᠶᠢᠨ | ᠲᠠᠮᠢᠷ ᠤᠨ ᠦᠢᠯᠡᠴᠢᠯᠡᠭᠡ᠂ ᠪᠡᠶ᠎ᠡ ᠶᠢᠨ ᠲᠠᠮᠢᠷ ᠤᠨ ᠲᠠᠯᠠᠪᠠᠢ ᠣᠷᠳᠣᠨ ᠵᠡᠷᠭᠡ ᠠᠵᠢᠯ ᠲᠥᠷᠥᠯ ᠤᠨ ᠡᠷᠡᠭᠦᠯ ᠢᠶᠠᠷ | ᠬᠥᠭᠵᠢᠭᠦ ᠶᠢ ᠬᠥᠲᠥᠯᠥᠨ ᠵᠢᠯᠣᠭᠤᠳᠣᠨ᠎ᠠ᠃ | ᠲᠦᠷᠪᠡ᠂ ᠭᠤᠣᠯ ᠠᠷᠭ᠎ᠠ ᠬᠡᠮᠵᠢᠶ᠎ᠡ | ︵ᠨᠢᠭᠡ︶ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠤᠨ ᠲᠣᠭᠲᠠᠴᠠ ᠶᠢᠨ ᠰᠢᠨ᠎ᠡ ᠶᠢ | ᠡᠭᠦᠳᠣᠨ᠎ᠠ᠃ ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠰᠠᠯᠠᠭ᠎ᠠ ᠮᠥᠴᠢᠷ ᠬᠠᠮᠵᠢᠯᠴᠠᠬᠤ᠂ ᠨᠡᠶᠢᠭᠡᠮ ᠤᠨ | ᠬᠦᠴᠦᠨ ᠤ ᠬᠢᠨ ᠬᠠᠮᠲᠤᠪᠠᠷ ᠣᠷᠣᠯᠴᠠᠭᠰᠠᠨ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠵᠣᠬᠢᠶᠠᠨ | ᠪᠠᠶᠢᠭᠤᠯᠤᠯᠲᠠ ᠶᠢᠨ ᠪᠦᠲᠦᠴᠡ ᠶᠢ ᠴᠢᠩᠭᠠᠳᠬᠠᠨ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ | ᠪᠠᠶᠢᠯᠳᠤᠬᠤ ᠪᠤᠳᠤᠯᠭ᠎ᠠ ᠶᠢ ᠨᠢᠭᠡᠳᠦᠯᠲᠡᠶ ᠲᠥᠯᠥᠪᠵᠢᠭᠦᠯᠦᠨ ᠨᠠᠶᠢᠳᠠᠪᠤᠷᠢᠵᠢᠭᠤᠯᠵᠤ᠂ ᠪᠦᠭᠦ ᠠᠷᠠᠳ ᠤᠨ ᠪᠡᠶ᠎ᠡ | ᠴᠢᠭᠢᠷᠠᠭᠵᠢᠭᠤᠯᠬᠤ ᠡᠯ᠎ᠡ ᠵᠦᠢᠯ ᠤᠨ ᠠᠵᠢᠯ ᠤᠨ ᠥᠷᠨᠢᠯᠳᠠ ᠶᠢ ᠠᠬᠢᠭᠤᠯᠣᠨ᠎ᠠ᠃ ᠵᠠᠰᠠᠭ ᠤᠨ ᠣᠷᠳᠣᠨ ᠭᠤᠣᠯᠳᠠᠭᠤ | ᠬᠤᠷᠸ᠎ᠠ ᠲᠠᠯ᠎ᠠ ᠶᠢᠨ ᠬᠠᠮᠢᠶᠠᠷᠤᠯᠲᠠ᠂ ᠳᠦᠷᠦ ᠶᠢᠨ ᠪᠤᠳᠤᠯᠭ᠎ᠠ ᠳᠦᠷᠢᠮ ᠲᠣᠭᠲᠠᠭᠠᠯ ᠢ ᠲᠣᠭᠲᠠᠭᠠᠬᠤ᠂ ᠡᠬᠢ | ᠪᠠᠶᠠᠯᠢᠭ ᠢ ᠡᠮᠬᠢᠯᠡᠨ ᠨᠡᠶᠢᠯᠡᠭᠦᠯᠵᠦ ᠬᠤᠪᠢᠶᠠᠷᠢᠯᠠᠬᠤ᠂ ᠠᠵᠢᠯ ᠤᠨ ᠬᠢᠨᠠᠯᠳᠠ ᠳᠠᠯᠪᠢᠬᠤ ᠦᠨᠡᠯᠡᠨ ᠵᠢᠱᠢᠬᠦ ᠪᠠ ᠰᠠᠯᠠᠭ᠎ᠠ | ᠮᠥᠴᠢᠷ ᠤᠨ ᠠᠯᠤᠰᠯᠠᠨ ᠬᠤᠯᠪᠣᠭᠠᠯᠠᠨ ᠬᠥᠳᠡᠯᠦᠯᠴᠡᠬᠦ ᠶᠢ ᠵᠣᠬᠢᠴᠠᠭᠤᠯᠬᠤ ᠠᠵᠢᠯ ᠢ ᠰᠠᠶᠢᠳᠣᠷ ᠬᠢᠵᠣ᠂ ᠰᠠᠯᠠᠭ᠎ᠠ | ᠮᠥᠴᠢᠷ ᠤᠳ ᠭᠤᠣᠯᠳᠠᠭᠤ ᠠᠵᠢᠯ ᠤᠨ ᠬᠤᠪᠢᠶᠠᠷᠢᠯᠠᠯ ᠶᠣᠰᠣᠭᠠᠷ ᠠᠵᠢᠯ ᠤᠨ ᠲᠥᠯᠥᠪᠵᠢᠭᠦᠯᠭᠡ ᠲᠣᠭᠲᠠᠭᠠᠨ᠂ | ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠵᠤ᠂ ᠨᠡᠶᠢᠭᠡᠮ ᠤᠨ ᠬᠦᠴᠦᠨ ᠤ ᠬᠢᠨ ᠭᠤᠣᠯᠳᠠᠭᠤ ᠡᠳᠦᠷ ᠲᠤᠳᠤᠮ ᠤᠨ | ᠪᠡᠶ᠎ᠡ ᠶᠢᠨ ᠲᠠᠮᠢᠷ ᠤᠨ ᠪᠡᠶ᠎ᠡ ᠴᠢᠬᠢᠷᠠᠭᠵᠢᠭᠤᠯᠬᠤ ᠠᠵᠢᠯᠯᠠᠭᠠᠨ ᠢ ᠬᠥᠲᠥᠯᠥᠨ ᠵᠢᠯᠣᠭᠤᠳᠬᠤ᠂ ᠪᠣᠯᠪᠠᠰᠤᠷᠠᠭᠤᠯᠬᠤ᠂ | ᠵᠣᠬᠢᠶᠠᠨ ᠪᠠᠶᠢᠭᠤᠯᠬᠤ ᠪᠠ ᠪᠡᠶ᠎ᠡ ᠶᠢᠨ ᠲᠠᠮᠢᠷ ᠤᠨ ᠤᠷᠤᠯᠳᠤᠭᠠᠨ ᠤ ᠵᠦᠢᠯᠡᠰ ᠤᠨ ᠠᠵᠢᠯᠯᠠᠭ᠎ᠠ ᠶᠢ ᠳᠠᠭᠠᠭᠠᠨ ᠠᠪᠴᠤ | ᠭᠦᠢᠴᠡᠣᠡᠭᠡᠭᠦ ᠠᠵᠢᠯ ᠢ ᠰᠠᠶᠢᠳᠣᠷ ᠬᠢᠨ᠎ᠠ᠃ ᠭᠠᠵᠠᠷ ᠣᠷᠣᠨ ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ ᠪᠦᠭᠦ | ᠠᠷᠠᠳ ᠤᠨ ᠪᠡᠶ᠎ᠡ ᠴᠢᠭᠢᠷᠠᠭᠵᠢᠭᠤᠯᠬᠤ ᠬᠤᠯᠪᠣᠭᠠᠨ ᠤ ᠵᠣᠬᠢᠶᠠᠨ ᠪᠠᠶᠢᠭᠤᠯᠤᠯᠲᠠ ᠶᠢ ᠬᠠᠶᠢᠨ ᠰᠦᠪᠡᠭᠴᠢᠯᠡᠵᠣ | ᠪᠠᠶᠢᠭᠤᠯᠬᠤ ᠶᠢ ᠵᠣᠷᠢᠬᠵᠢᠭᠤᠯᠵᠣ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠤᠨ ᠥᠷᠨᠢᠯᠳᠠ ᠶᠢ | ᠠᠬᠢᠭᠤᠯᠣᠨ᠎ᠠ᠃ | ︵ᠬᠤᠶᠠᠷ︶ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠲᠤᠰᠬᠠᠶ ᠵᠦᠢᠯ ᠤᠨ ᠪᠡᠯᠡ ᠮᠥᠩᠭᠦ ᠪᠠᠷ ᠲᠡᠳᠬᠦᠬᠦ᠂ ᠡᠷᠬᠡ ᠣᠯᠭᠤᠨ ᠨᠠᠶᠢᠳᠠᠭᠦ᠂ ᠦᠢᠯᠡᠴᠢᠯᠡᠭᠡ ᠬᠤᠳᠠᠯᠳᠤᠨ | ᠠᠪᠬᠤ᠂ ᠥᠭᠡᠷᠡᠴᠢᠯᠡᠯᠲᠡ ᠬᠢᠭᠦ ᠲᠤᠷᠰᠢᠯᠲᠠ ᠶᠢᠨ ᠴᠢᠬ ᠵᠡᠷᠭᠡ ᠠᠷᠭ᠎ᠠ ᠮᠠᠶ᠋ᠢᠭ ᠢᠶᠠᠷ ᠳᠡᠮᠵᠢᠭᠤᠯᠵᠣ᠂ ᠦᠨᠳᠦᠰᠦᠨ | ᠱᠠᠲᠤᠨ ᠤ ᠺᠯᠦ᠋ᠪ᠂ ᠪᠡᠶ᠎ᠡ ᠴᠢᠭᠢᠷᠠᠭᠵᠢᠭᠤᠯᠬᠤ ᠪᠦᠯᠬᠦᠮ ᠨᠠᠶᠢᠳᠠ ᠪᠠ ᠥᠷᠲᠡᠭᠡ ᠴᠢᠬ ᠵᠡᠷᠭᠡ ᠪᠡᠶ᠎ᠡ ᠶᠢᠨ ᠲᠠᠮᠢᠷ ᠤᠨ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠯᠳᠠ ᠶᠢ ᠪᠤᠶᠢᠵᠢᠭᠤᠯᠬᠤ ᠪᠠ ᠲᠡᠳᠬᠦᠨ᠎ᠠ᠃ ᠪᠡᠶ᠎ᠡ ᠶᠢᠨ | ᠲᠠᠮᠢᠷ ᠤᠨ ᠣᠯᠠᠨ ᠲᠦᠮᠡᠨᠴᠢ ᠪᠦᠯᠬᠦᠮ ᠢ ᠵᠠᠰᠠᠬᠤ ᠵᠠᠭᠪᠤᠷ ᠢ ᠰᠠᠶᠢᠵᠢᠷᠠᠭᠤᠯᠵᠣ᠂ ᠠᠵᠢᠯ ᠲᠦᠷᠦᠯ ᠤᠨ ᠨᠡᠶᠢᠭᠡᠮᠯᠢᠭ ᠢ | ᠰᠠᠯᠭᠠᠬᠤ᠂ ᠬᠠᠮᠢᠶᠠᠷᠬᠤ ᠪᠠ ᠡᠷᠬᠢᠯᠡᠬᠦ ᠶᠢ ᠰᠠᠯᠭᠠᠬᠤ᠂ ᠨᠢᠭᠡ ᠠᠵᠢᠯ ᠲᠦᠷᠦᠯ ᠳᠤ ᠤᠯᠠᠨ ᠨᠡᠶᠢᠭᠡᠮᠯᠢᠭ ᠪᠠᠶᠢᠭᠤᠯᠬᠤ᠂ | ᠴᠢᠳᠠᠮᠵᠢ ᠶᠢ ᠰᠢᠯᠢᠳᠡᠭᠵᠢᠭᠦᠯᠭᠦ ᠵᠡᠷᠭᠡ ᠪᠠᠷ ᠭᠤᠣᠯ ᠠᠭᠤᠯᠭ᠎ᠠ ᠪᠣᠯᠭᠠᠭᠰᠠᠨ ᠥᠭᠡᠷᠡᠴᠢᠯᠡᠯᠲᠡ ᠶᠢ ᠢᠳᠡᠪᠬᠢᠲᠡᠶ | ᠠᠬᠢᠭᠤᠯᠵᠤ᠂ ᠪᠡᠶ᠎ᠡ ᠶᠢᠨ ᠲᠠᠮᠢᠷ ᠤᠨ ᠣᠯᠠᠨ ᠲᠦᠮᠡᠨᠴᠢ ᠪᠦᠯᠬᠦᠮ ᠤᠨ ᠪᠣᠳᠠᠳᠣ ᠴᠣᠭᠴᠠᠵᠢᠬᠤ ᠬᠡᠮᠵᠢᠶ᠎ᠡ ᠪᠠ | ᠬᠠᠤᠯᠢ ᠶᠢᠨ ᠡᠷᠭᠡᠳᠠᠨ ᠤ ᠵᠠᠰᠠᠬᠤ ᠬᠢᠷᠢ ᠬᠡᠮᠵᠢᠶ᠎ᠠ ᠶᠢ ᠳᠡᠭᠡᠭᠰᠢᠯᠡᠭᠦᠯᠣᠨ᠎ᠠ᠃ ᠤᠷᠤᠯᠳᠤᠭᠠᠨ ᠤ ᠪᠡᠶ᠎ᠡ ᠶᠢᠨ ᠲᠠᠮᠢᠷ ᠪᠠ | ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠴᠢᠳᠠᠪᠤᠷᠢᠲᠠᠨ ᠤ ᠡᠩᠨᠡᠭᠡ ᠶᠢᠨ ᠬᠠᠷᠢᠯᠴᠠᠨ ᠬᠤᠯᠪᠣᠯᠳᠤᠵᠤ ᠬᠠᠷᠢᠯᠴᠠᠨ | ᠨᠡᠪᠲᠡᠷᠡᠯᠴᠡᠬᠦ ᠶᠢ ᠴᠢᠩᠭᠠᠣᠠᠬᠠᠵᠣ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠰᠤᠷᠭᠠᠭᠤᠯᠢ ᠶᠢᠨ ᠪᠡᠶ᠎ᠡ ᠶᠢᠨ | ᠲᠠᠮᠢᠷ᠂ ᠤᠷᠤᠯᠳᠤᠭᠠᠨ ᠤ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠢ ᠬᠥᠮᠦᠵᠢᠭᠦᠯᠬᠦ ᠠᠵᠢᠯ ᠯᠦᠭᠡ ᠰᠠᠶᠢᠨ | ᠰᠠᠶᠢᠬᠠᠨ ᠬᠠᠷᠢᠯᠴᠠᠨ ᠭᠦᠳᠡᠯᠣᠯᠴᠡᠭᠦ ᠪᠠᠶᠢᠳᠠᠯ ᠢ ᠪᠦᠷᠢᠯᠳᠣᠭᠦᠯᠵᠣ᠂ ᠡᠯ᠎ᠡ ᠲᠦᠷᠦᠯ ᠤᠨ ᠪᠡᠶ᠎ᠡ ᠶᠢᠨ ᠲᠠᠮᠢᠷ ᠤᠨ | ᠴᠢᠳᠠᠪᠤᠷᠢᠲᠠᠨ ᠢ ᠬᠥᠮᠦᠵᠢᠭᠦᠯᠬᠦ ᠪᠠ ᠦᠢᠯᠡᠳᠦᠯ ᠢ ᠨᠢ ᠪᠠᠳᠠᠷᠠᠭᠤᠯᠬᠤ ᠳᠤ ᠨᠥᠬᠦᠴᠡᠯ ᠪᠦᠷᠢᠯᠳᠦᠭᠦᠯᠵᠦ ᠦᠭᠭᠦᠨ᠎ᠠ᠃ | ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠲᠣᠬᠢᠷᠠᠭᠤᠯᠣᠨ | ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠤᠷᠢᠨ ᠬᠡᠷᠡᠭᠯᠡᠵᠣ ᠤᠯᠠᠨ ᠲᠦᠮᠡᠨ ᠤ ᠪᠡᠶ᠎ᠡ | ᠴᠢᠭᠢᠷᠠᠭᠵᠢᠭᠤᠯᠬᠤ ᠶᠢ ᠵᠢᠯᠣᠭᠤᠣᠠᠬᠤ ᠠᠵᠢᠯ ᠡᠷᠬᠢᠯᠡᠭᠦ ᠶᠢ ᠵᠣᠷᠢᠬᠵᠢᠭᠤᠯᠣᠨ᠎ᠠ᠃ | ︵ᠭᠤᠷᠪᠠ︶ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠡᠬᠢ ᠪᠠᠶᠠᠯᠢᠭ ᠤᠨ ᠬᠠᠩᠭᠠᠯᠭ᠎ᠠ ᠶᠢ ᠪᠠᠲᠤᠯᠠᠨ᠎ᠠ᠃ | ᠠᠵᠤ ᠠᠬᠤᠶ ᠨᠡᠶᠢᠭᠡᠮ ᠤᠨ ᠬᠥᠭᠵᠢᠯᠲᠡ᠂ ᠬᠤᠲᠠ ᠪᠠᠯᠭᠠᠰᠤᠵᠢᠯᠳᠠ ᠶᠢᠨ ᠠᠬᠢᠴᠠ ᠪᠣᠯᠤᠨ ᠤᠯᠠᠨ ᠲᠦᠮᠡᠨ ᠤ | ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠵᠠᠰᠠᠭ ᠤᠨ ᠣᠷᠳᠣᠨ ᠪᠠ ᠨᠡᠶᠢᠭᠡᠮ ᠤᠨ ᠬᠦᠷᠦᠩᠭᠡ ᠶᠢᠨ | ᠬᠠᠮᠳᠤᠷᠠᠯᠴᠠᠬᠤ ︵PPP︶ ᠵᠠᠭᠪᠤᠷ ᠢ ᠢᠳᠡᠪᠬᠢᠲᠡᠶ ᠪᠠᠷ ᠳᠡᠯᠭᠡᠷᠡᠭᠦᠯᠵᠦ᠂ ᠨᠡᠶᠢᠭᠡᠮ ᠤᠨ ᠬᠦᠴᠦᠨ ᠤ ᠬᠢᠨ ᠤ | ᠵᠢᠵᠢᠭ ᠬᠡᠯᠪᠡᠷᠢ ᠶᠢᠨ ᠣᠯᠠᠨ ᠶᠠᠩᠵᠤ ᠶᠢᠨ ᠲᠠᠮᠢᠷ ᠤᠨ ᠲᠠᠯᠠᠪᠠᠶ ᠪᠡᠯᠡᠣᠡᠭᠡᠮᠵᠢ ᠪᠠᠶᠢᠭᠤᠯᠬᠤ ᠶᠢ ᠵᠣᠷᠢᠬᠵᠢᠭᠤᠯᠣᠨ᠎ᠠ᠃ | ᠰᠢᠨ᠎ᠡ ᠪᠠᠷ ᠪᠠᠶᠢᠭᠤᠯᠣᠭᠰᠠᠨ ᠣᠷᠣᠨ ᠰᠠᠭᠤᠴᠨ ᠶᠢᠨ ᠲᠣᠭᠤᠷᠢᠭ ᠪᠠ ᠨᠡᠶᠢᠭᠡᠮ ᠲᠣᠭᠤᠷᠢᠭ ᠨᠢ ᠪᠦᠭᠦ ᠠᠷᠠᠳ ᠤᠨ | ᠪᠡᠶ᠎ᠡ ᠴᠢᠭᠢᠷᠠᠭᠵᠢᠭᠤᠯᠬᠤ ᠪᠡᠯᠡᠣᠡᠭᠡᠮᠵᠢ ᠶᠢ ᠢᠵᠢ ᠪᠦᠷᠢᠳᠦᠭᠦᠯᠦᠨ ᠪᠦᠳᠦᠬᠡᠨ ᠪᠠᠶᠢᠭᠤᠯᠬᠤ ᠬᠠᠮᠢᠶ᠎ᠠ ᠪᠦᠬᠦᠢ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠣᠷᠣᠨ ᠰᠠᠭᠤᠴᠠ ᠶᠢᠨ ᠭᠤᠣᠯ ᠴᠣᠭᠴᠠᠳᠣ ᠪᠠᠷᠢᠯᠭ᠎ᠠ ᠯᠤᠭ᠎ᠠ | ᠵᠡᠷᠭᠡᠪᠡᠷ ᠵᠢᠷᠤᠭᠯᠠᠨ ᠲᠥᠯᠥᠪᠯᠡᠬᠦ᠂ ᠵᠡᠷᠭᠡᠪᠡᠷ ᠪᠠᠷᠢᠯᠭ᠎ᠠ ᠪᠠᠷᠢᠬᠤ᠂ ᠵᠡᠷᠭᠡᠪᠡᠷ ᠰᠢᠯᠭᠠᠨ ᠠᠪᠬᠤ᠂ ᠵᠡᠷᠭᠡᠪᠡᠷ | ᠠᠰᠢᠭᠯᠠᠯᠲᠠ ᠳᠤ ᠣᠷᠣᠭᠤᠯᠤᠨ ᠬᠡᠷᠡᠭᠯᠡᠭᠦ ᠶᠢ ᠦᠨᠡᠡᠭᠦ ᠪᠠᠲᠤᠯᠠᠵᠣ᠂ ᠨᠡᠭᠦᠯᠭᠡᠨ ᠬᠡᠷᠡᠭᠯᠡᠭᠦ ᠪᠤᠶᠤ ᠡᠵᠡᠯᠡᠵᠦ ᠪᠣᠯᠬᠤ | ᠦᠭᠡᠢ᠃ ᠵᠡᠭᠡᠯᠢ ᠭᠤᠳᠤᠮᠵᠢ᠂ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠬᠤ ᠳᠤ ᠭᠠᠵᠠᠷ | ᠦᠯᠡᠳᠡᠭᠡᠨ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠯᠡᠣᠡᠭᠡᠮᠵᠢ ᠶᠢ ᠢᠵᠢ ᠪᠦᠷᠢᠳᠣᠭᠦᠯᠣᠨ ᠪᠠᠶᠢᠭᠤᠯᠬᠤ | ᠬᠡᠷᠡᠭᠲᠡᠶ᠃ ᠨᠡᠮᠡᠭᠳᠡᠯ ᠤᠨ ᠬᠡᠮᠵᠢᠶ᠎ᠠ ᠶᠢ ᠤᠯᠠᠮ ᠨᠢᠭᠡ ᠠᠯᠬᠤᠮ ᠥᠷᠭᠡᠳᠬᠡᠵᠦ᠂ ᠬᠠᠭᠤᠴᠢᠨ ᠦᠢᠯᠡᠳᠪᠦᠷᠢ ᠶᠢᠨ ᠭᠡᠷ | ᠪᠠᠶᠢᠰᠢᠩ᠂ ᠰᠠᠩ ᠬᠥᠮᠥᠷᠭᠡ᠂ ᠬᠠᠭᠤᠴᠢᠨ ᠬᠤᠳᠠᠯᠳᠤᠭᠠᠨ ᠤ ᠪᠡᠯᠡᠳᠬᠡᠮᠵᠢ ᠵᠡᠷᠭᠡ ᠶᠢ ᠦᠭᠡᠷᠡᠴᠢᠯᠡᠨ ᠪᠡᠶ᠎ᠡ ᠶᠢᠨ | ᠲᠠᠮᠢᠷ ᠤᠨ ᠪᠡᠶ᠎ᠡ ᠴᠢᠭᠢᠷᠠᠭᠵᠢᠭᠤᠯᠬᠤ ᠳᠤ ᠬᠡᠷᠡᠭᠯᠡᠵᠦ᠂ ᠤᠳᠤ ᠶᠢᠨ ᠪᠠᠶᠢᠭ᠎ᠠ ᠴᠡᠴᠡᠷᠯᠢᠭ᠂ ᠵᠦᠯᠭᠡ ᠭᠠᠵᠡᠷ ᠲᠤ | ᠪᠡᠶ᠎ᠡ ᠶᠢᠨ ᠳᠠᠮᠢᠷ ᠤᠨ ᠴᠢᠳᠠᠮᠵᠢ ᠶᠢ ᠠᠭᠤᠰᠬᠠᠨ᠂ ᠪᠡᠶ᠎ᠡ ᠴᠢᠭᠢᠷᠠᠭᠵᠢᠭᠤᠯᠬᠤ ᠵᠦᠷᠢᠭ ᠵᠠᠮ ᠵᠡᠷᠭᠡ ᠶᠢ ᠨᠡᠮᠡᠨ | ᠪᠠᠶᠢᠷᠢᠯᠠᠭᠤᠯᠣᠨ ᠠᠶᠠᠨᠳᠠᠭᠠᠨ ᠤ ᠪᠡᠶ᠎ᠡ ᠶᠢᠨ ᠲᠠᠮᠢᠷ ᠤᠨ ᠪᠡᠶ᠎ᠡ ᠴᠢᠬᠢᠷᠠᠭᠵᠢᠭᠤᠯᠬᠤ ᠲᠠᠯᠠᠪᠤᠷ ᠭᠠᠵᠠᠷ ᠪᠣᠯᠭᠠᠨ᠎ᠠ᠂ | ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠠᠵᠢᠯᠯᠠᠭ᠎ᠠ ᠶᠢᠨ ᠷᠠᠳᠢᠦ᠋ᠰ ᠢ ᠪᠠᠭᠠᠰᠬᠠᠵᠣ᠂ | ᠬᠤᠳᠠ ᠶᠢᠨ ᠠᠷᠠᠣᠨ ᠤᠨ ᠪᠡᠶ᠎ᠡ ᠴᠢᠭᠢᠷᠠᠭᠵᠢᠭᠤᠯᠬᠤ ᠠᠮᠢᠳᠤᠷᠠᠯ ᠢ ᠪᠠᠶᠠᠯᠢᠬᠵᠢᠭᠤᠯᠣᠨ᠎ᠠ᠃ ᠵᠠᠰᠠᠭ ᠤᠨ | ᠣᠷᠳᠣᠨ ᠠᠴᠠ ᠪᠡᠯᠡ ᠣᠷᠣᠭᠤᠯᠵᠤ ᠪᠠᠶᠢᠭᠤᠯᠣᠭᠰᠠᠨ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠳᠠᠯᠠᠪᠣᠷ | ᠣᠷᠳᠣᠨ ᠤ ᠪᠡᠯᠡᠣᠡᠭᠡᠮᠵᠢ ᠶᠢ ᠰᠦᠢᠳᠬᠡᠯ ᠬᠤᠷᠢᠶᠠᠬᠤ ᠦᠭᠡᠢ ᠪᠤᠶᠤ ᠪᠠᠭ᠎ᠠ ᠰᠦᠢᠳᠬᠡᠯ ᠬᠤᠷᠢᠶᠠᠵᠤ ᠪᠠᠶᠢᠭᠠᠣᠨ | ᠨᠠᠶᠢᠭᠡᠮ ᠨᠠᠶᠢᠳᠠ ᠳᠤ ᠴᠢᠯᠣᠭᠡᠳᠠᠢ ᠨᠡᠭᠡᠭᠡᠭᠦ ᠶᠢ ᠪᠡᠶᠡᠯᠡᠭᠦᠯᠣᠨ᠎ᠠ︔ ᠪᠠᠶᠢᠭᠤᠯᠭ᠎ᠠ᠂ ᠠᠵᠢᠯ ᠦᠢᠯᠡᠰ ᠤᠨ | ᠨᠢᠭᠡᠴᠨ ᠠᠴᠠ ᠪᠠᠶᠢᠭᠤᠯᠣᠭᠰᠠᠨ ᠪᠡᠶ᠎ᠡ ᠶᠢᠨ ᠲᠠᠮᠢᠷ ᠤᠨ ᠳᠠᠯᠠᠪᠣᠷ ᠣᠷᠳᠣᠨ ᠤ ᠪᠡᠯᠡᠣᠡᠭᠡᠮᠵᠢ ᠶᠢ ᠰᠦᠢᠳᠬᠡᠯ | ᠬᠤᠷᠢᠶᠠᠬᠤ ᠦᠭᠡᠢ ᠪᠣᠶᠣ ᠪᠠᠭ᠎ᠠ ᠰᠦᠢᠳᠬᠡᠯ ᠬᠤᠷᠢᠶᠠᠵᠤ ᠪᠠᠶᠢᠭᠠᠣᠨ ᠨᠡᠶᠢᠭᠡᠮ ᠨᠡᠶᠢᠲᠡ ᠳᠤ ᠴᠢᠯᠥᠭᠡᠲᠡᠶ ᠨᠡᠭᠡᠭᠡᠭᠦ ᠶᠢ | ᠵᠣᠷᠢᠬᠵᠢᠭᠤᠯᠣᠨ᠎ᠠ︔ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠷᠳᠤᠨ ᠢ ᠬᠢᠴᠢᠶᠡᠯ ᠤᠨ ᠭᠠᠳᠠᠨᠠᠬᠢ ᠴᠠᠭ | ᠴᠢᠯᠦᠬᠡᠨ ᠳᠤ ᠰᠤᠷᠤᠭᠴᠢᠳ ᠲᠤ ᠴᠢᠯᠥᠭᠡᠲᠡᠶ ᠨᠡᠭᠡᠭᠡᠵᠣ᠂ ᠠᠯᠪᠠᠨ ᠠᠮᠠᠷᠠᠯᠲᠠ ᠶᠢᠨ ᠡᠳᠦᠷ᠂ ᠬᠠᠤᠯᠢ ᠪᠠᠷ | ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠪᠣᠯᠤᠨ ᠰᠤᠷᠭᠠᠭᠤᠯᠢ ᠶᠢᠨ ᠡᠪᠦᠯ ᠵᠤᠨ ᠤ ᠠᠮᠠᠷᠠᠯᠲᠠ ᠶᠢᠨ | ᠬᠤᠭᠤᠴᠠᠭᠠᠨ ᠳᠤ ᠨᠠᠶᠢᠭᠡᠮ ᠨᠠᠶᠢᠳᠠ ᠳᠤ ᠴᠢᠯᠥᠭᠡᠲᠡᠶ ᠨᠡᠭᠡᠭᠡᠭᠦ ᠬᠡᠷᠩᠳᠠᠢ᠃ ᠡᠯ᠎ᠡ ᠭᠠᠵᠠᠷ ᠣᠷᠣᠨ ᠤ ᠬᠢᠨ | ᠣᠨᠴᠠᠯᠢᠭᠳᠣ ᠡᠬᠢ ᠪᠠᠶᠠᠯᠢᠭ ᠲᠠᠭᠠᠨ ᠲᠦᠰᠢᠭᠯᠡᠨ᠂ ᠪᠡᠶ᠎ᠡ ᠶᠢᠨ ᠲᠠᠮᠢᠷ ᠤᠨ ᠣᠨᠴᠠᠯᠢᠭ ᠪᠦᠬᠦᠢ ᠬᠤᠳᠠ᠂ ᠪᠡᠶ᠎ᠡ ᠶᠢᠨ | ᠲᠠᠮᠢᠷ ᠤᠨ ᠠᠮᠢᠳᠤᠷᠠᠯᠵᠢᠭᠤᠯᠣᠭᠰᠠᠨ ᠰᠤᠮᠤ ᠰᠢᠶᠠᠩ ᠪᠠᠯᠭᠠᠰᠤ ᠪᠠ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ | ᠵᠢᠱᠢᠶ᠎ᠡ ᠦᠵᠡᠭᠦᠯᠬᠦ ᠴᠢᠬ ᠢ ᠢᠳᠡᠪᠬᠢᠳᠠᠢ ᠡᠭᠦᠳᠣᠨ ᠪᠠᠶᠢᠭᠤᠯᠬᠤ ᠶᠢ ᠵᠣᠷᠢᠬᠵᠢᠭᠤᠯᠣᠨ᠎ᠠ᠃ | ︵ᠲᠦᠷᠪᠡ︶ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠵᠠᠮ ᠮᠦᠷ ᠢ ᠥᠷᠭᠡᠳᠬᠡᠨ᠎ᠠ᠃ ᠬᠡᠷᠡᠭᠯᠡᠭᠡ ᠶᠢ | ᠭᠦᠳᠣᠯᠣᠨ ᠳᠠᠭᠠᠭᠤᠯᠬᠤ ᠭᠦᠳᠡᠯᠭᠡᠭᠡᠨ ᠤ ᠲᠦᠷᠣᠯ ᠵᠦᠢᠯ ᠢ ᠶᠡᠬᠡᠪᠡᠷ ᠬᠥᠭᠵᠢᠭᠦᠯᠵᠦ᠂ ᠤᠯᠠᠮᠵᠢᠯᠠᠯᠲᠤ ᠪᠡᠶ᠎ᠡ ᠶᠢᠨ | ᠲᠠᠮᠢᠷ ᠤᠨ ᠲᠦᠷᠦᠯ ᠵᠦᠢᠯ ᠢ ᠳᠡᠯᠭᠡᠷᠡᠭᠦᠯᠦᠨ᠂ ᠰᠡᠯᠡᠭᠦᠴᠡᠯ ᠤᠨ ᠬᠥᠳᠡᠯᠭᠡᠭᠡᠨ ᠤ ᠲᠥᠷᠥᠯ ᠵᠦᠢᠯ ᠢ ᠨᠡᠭᠡᠭᠡᠵᠣ᠂ | ᠤᠷᠤᠰ ᠮᠣᠩᠭᠤᠯ ᠵᠢᠴᠢ ᠤᠯᠤᠰ ᠤᠨ ᠳᠣᠲᠣᠭᠠᠳᠤ ᠶᠢᠨ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠪᠦᠭᠦ | ᠠᠷᠠᠳ ᠤᠨ ᠪᠡᠶ᠎ᠡ ᠴᠢᠭᠢᠷᠠᠭᠵᠢᠭᠤᠯᠬᠤ ᠰᠣᠯᠢᠯᠴᠠᠭ᠎ᠠ ᠬᠢᠭᠦ ᠪᠠ ᠬᠠᠮᠲᠤᠷᠠᠨ ᠠᠵᠢᠯᠯᠠᠬᠤ ᠪᠠᠨ ᠴᠢᠩᠭᠠᠳᠬᠠᠨ᠎ᠠ᠃ | ᠤᠯᠠᠨ ᠲᠦᠮᠡᠨᠴᠢ ᠴᠢᠨᠠᠷᠲᠠᠶ ᠪᠡᠶ᠎ᠡ ᠶᠢᠨ ᠲᠠᠮᠢᠷ ᠤᠨ ᠤᠷᠤᠯᠳᠤᠭᠠᠨ ᠤ ᠵᠦᠢᠯᠡᠰ ᠤᠨ ᠠᠵᠢᠯᠯᠠᠭ᠎ᠠ ᠶᠢᠨ ᠬᠢᠨᠠᠨ | ᠵᠥᠪᠰᠢᠶᠡᠷᠡᠬᠦ ᠶᠢ ᠬᠦᠴᠦᠨ ᠦᠭᠡᠢ ᠪᠣᠯᠭᠠᠵᠣ᠂ ᠤᠯᠠᠨ ᠲᠦᠮᠡᠨᠴᠢ ᠴᠢᠨᠠᠷᠲᠠᠶ ᠤᠷᠤᠯᠳᠤᠭᠠᠨ ᠤ ᠵᠦᠢᠯᠡᠰ ᠢ | ᠠᠭᠤᠵᠢᠭᠤ ᠳᠠᠯᠪᠢᠵᠣ᠂ ᠬᠤᠳᠠᠯᠳᠤᠭᠠᠨ ᠤ ᠴᠢᠨᠠᠷᠲᠠᠶ ᠤᠷᠤᠯᠳᠤᠭᠠᠨ ᠤ ᠵᠦᠢᠯᠡᠰ ᠢ ᠠᠮᠢᠳᠣᠯᠢᠭ ᠪᠣᠯᠭᠠᠨ᠂ ᠪᠡᠶ᠎ᠡ ᠶᠢᠨ | ᠲᠠᠮᠢᠷ ᠤᠨ ᠤᠷᠤᠯᠳᠤᠭᠠᠨ ᠤ ᠵᠦᠢᠯᠡᠰ ᠤᠨ ᠬᠠᠩᠭᠠᠯᠭ᠎ᠠ ᠶᠢ ᠪᠠᠶᠠᠯᠢᠬᠵᠢᠭᠤᠯᠣᠨ᠎ᠠ᠃ ︽ᠨᠢᠭᠡ ᠭᠠᠵᠠᠷ ᠣᠷᠣᠨ ᠳᠤ | ᠨᠢᠭᠡ ᠨᠡᠷᠡᠲᠦ ᠲᠦᠷᠣᠯ ᠲᠡᠮᠳᠡᠭᠳᠣ ᠲᠠᠢ᠂ ᠨᠢᠭᠡ ᠭᠠᠵᠠᠷ ᠣᠷᠣᠨ ᠳᠤ ᠨᠢᠭᠡ ᠣᠨᠴᠠᠯᠢᠭ ᠲᠠᠢ︾ ᠪᠠᠶᠢᠬᠤ ᠪᠡᠶ᠎ᠡ ᠶᠢᠨ | ᠲᠠᠮᠢᠷ ᠤᠨ ᠪᠡᠶ᠎ᠡ ᠴᠢᠬᠢᠷᠠᠭᠵᠢᠭᠤᠯᠬᠤ ᠠᠵᠢᠯᠯᠠᠭᠠᠨ ᠢ ᠥᠷᠭᠡᠨ ᠳᠡᠯᠭᠡᠷ ᠢᠶᠠᠷ ᠥᠷᠨᠢᠭᠦᠯᠵᠦ᠂ ᠨᠢᠭᠡ ᠪᠦᠯᠦᠭ | ᠠᠭᠤᠯᠭ᠎ᠠ ᠨᠢ ᠮᠠᠰᠢ ᠭᠦᠷᠢᠶᠡᠯᠡᠯ ᠲᠠᠢ᠂ ᠤᠯᠠᠨ ᠲᠦᠮᠡᠨ ᠤ ᠥᠷᠭᠡᠨ ᠢᠶᠠᠷ ᠣᠷᠣᠯᠴᠠᠭᠰᠠᠨ᠂ ᠵᠣᠬᠢᠶᠠᠨ ᠪᠠᠶᠢᠭᠤᠯᠵᠣ | ᠬᠡᠷᠡᠭᠵᠢᠬᠦᠯᠦᠭᠰᠡᠨ ᠨᠢ ᠵᠢᠷᠣᠮᠵᠢᠭᠤᠨ᠂ ᠨᠡᠶᠢᠭᠡᠮ ᠳᠡᠭᠡᠷ᠎ᠡ ᠨᠡᠯᠢᠶᠡᠳ ᠶᠡᠭᠡ ᠨᠥᠯᠥᠭᠡ ᠲᠠᠢ᠂ ᠣᠷᠣᠨ ᠨᠤᠲᠤᠭ ᠪᠠ | ᠦᠨᠳᠦᠰᠦᠲᠡᠨ ᠤ ᠣᠨᠴᠠᠯᠢᠭ ᠪᠦᠬᠦᠢ ᠤᠯᠠᠨ ᠲᠦᠮᠡᠨᠴᠢ ᠪᠡᠶ᠎ᠡ ᠶᠢᠨ ᠲᠠᠮᠢᠷ ᠤᠨ ᠨᠡᠷᠡᠳᠣ ᠲᠥᠷᠥᠯ ᠳᠡᠮᠳᠡᠭᠳᠣ ᠶᠢᠨ | ᠠᠵᠢᠯᠯᠠᠭᠠᠨ ᠢ ᠪᠣᠢ ᠪᠣᠯᠭᠠᠵᠣ᠂ ᠱᠠᠩᠨᠠᠬᠤ ᠪᠠᠷ ᠨᠦᠭᠦᠪᠣᠷᠢ ᠦᠭᠭᠦ ᠶᠢ ᠣᠷᠣᠯᠠᠭᠤᠯᠬᠤ ᠠᠷᠭ᠎ᠠ ᠮᠠᠶ᠋ᠢᠭ ᠢᠶᠠᠷ | ᠳᠡᠮᠵᠢᠭᠤᠯᠣᠨ᠂ ᠰᠣᠳᠣᠨ ᠲᠥᠷᠥᠯ ᠵᠦᠢᠯ ᠤᠨ ᠲᠤᠭ᠎ᠠ ᠬᠡᠮᠵᠢᠶ᠎ᠡ ᠪᠠ ᠶᠠᠰᠤ ᠴᠢᠨᠠᠷ ᠢ ᠳᠡᠭᠡᠭᠰᠢᠯᠡᠭᠦᠯᠵᠦ᠂ ᠨᠡᠷᠡᠲᠦ | ᠲᠦᠷᠣᠯ ᠳᠡᠮᠳᠡᠭᠳᠣ ᠶᠢᠨ ᠲᠦᠷᠣᠯ ᠵᠦᠢᠯ ᠤᠨ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢ | ᠪᠠᠳᠠᠷᠠᠭᠤᠯᠣᠨ᠎ᠠ᠃ ︽ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠳᠠᠶᠢᠯᠤᠨ ᠬᠢᠴᠢᠶᠡᠯᠯᠡᠬᠦ ᠲᠠᠩᠬᠢᠮ︾᠂ ︽ | ᠰᠢᠨᠵᠢᠯᠡᠬᠦ ᠤᠬᠠᠭᠠᠠᠴᠢ ᠪᠠᠷ ᠪᠡᠶ᠎ᠡ ᠴᠢᠭᠢᠷᠠᠭᠵᠢᠭᠤᠯᠬᠤ ᠶᠢᠨ ᠳᠠᠯ᠎ᠠ ᠨᠤᠲᠤᠭ ᠤᠨ ᠠᠶᠠᠯᠠᠯ︾ ᠪᠣᠯᠤᠨ ︽ | ᠡᠷᠡᠭᠦᠯᠵᠢᠯ ᠤᠨ ᠲᠦᠷᠭᠡᠨ ᠳᠡᠷᠭᠡ ᠶᠢ ᠨᠡᠶᠢᠭᠡᠮ ᠲᠣᠭᠤᠷᠢᠭ ᠲᠤ ᠣᠷᠣᠭᠤᠯᠬᠤ︾ ᠶᠢᠨ ᠬᠦᠷᠢᠶ᠎ᠡ ᠬᠡᠪᠴᠢᠶ᠎ᠡ ᠪᠠ | ᠳᠠᠶᠢᠴᠢᠯᠠᠬᠤ ᠬᠡᠪᠴᠢᠶ᠎ᠡ ᠶᠢ ᠦᠷᠭᠡᠣᠡᠭᠡᠨ᠂ ᠥᠷᠭᠡᠨ ᠤᠯᠠᠨ ᠲᠦᠮᠡᠨ ᠳᠤ ᠰᠢᠨᠵᠢᠯᠡᠬᠦ ᠤᠬᠠᠭᠠᠨᠴᠢ ᠪᠠᠷ ᠪᠡᠶ᠎ᠡ | ᠴᠢᠬᠢᠷᠠᠭᠵᠢᠭᠤᠯᠬᠤ ᠮᠡᠷᠭᠡᠵᠢᠯ ᠴᠢᠳᠠᠪᠤᠷᠢ ᠶᠢ ᠦᠨᠡᠡᠭᠦ ᠦᠢᠯᠠᠭᠠᠨ ᠡᠵᠡᠮᠰᠢᠭᠦᠯᠵᠣ᠂ ᠣᠯᠠᠨ ᠲᠦᠮᠡᠨ ᠳᠤ ᠰᠢᠨᠵᠢᠯᠡᠬᠦ | ᠤᠬᠠᠭᠠᠨᠴᠢ᠂ ᠴᠢᠨᠠᠷ ᠰᠠᠶᠢᠲᠠᠶ᠂ ᠳᠥᠭᠦᠮ ᠲᠦᠳᠠ᠂ ᠠᠮᠤᠷ ᠲᠦᠪᠰᠢᠨ ᠪᠡᠶ᠎ᠡ ᠴᠢᠬᠢᠷᠠᠭᠵᠢᠭᠤᠯᠬᠤ ᠦᠢᠯᠡᠴᠢᠯᠡᠭᠡ ᠪᠠ | ᠵᠢᠯᠣᠭᠤᠳᠣᠯᠭ᠎ᠠ ᠬᠠᠩᠭᠠᠨ᠎ᠠ᠃ | ︵ᠲᠠᠪᠤ︶ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠡᠷᠣᠭᠡ ᠳᠤ ᠣᠷᠣᠭᠤᠯᠬᠤ ᠢᠨᠵᠧᠨᠧᠷᠢᠩ ᠢ | ᠥᠷᠨᠢᠭᠦᠯᠣᠨ᠎ᠠ᠃ ᠤᠯᠠᠨ ᠲᠦᠮᠡᠨ ᠤ ᠪᠡᠶ᠎ᠡ ᠶᠢᠨ ᠲᠠᠮᠢᠷ ᠤᠨ ᠠᠮᠢᠳᠤᠷᠠᠯᠵᠢᠭᠤᠯᠬᠤ ᠶᠠᠪᠤᠴᠨ ᠶᠢ ᠠᠬᠢᠭᠤᠯᠬᠤ | ᠲᠣᠮᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠣᠨ᠂ ︽ᠢᠨᠲ᠋ᠧᠷ | ᠰᠦᠯᠵᠢᠶ᠎ᠡ + ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ︾ ᠶᠢᠨ ᠠᠵᠢᠯᠯᠠᠭᠠᠨ ᠤ ᠲᠥᠯᠥᠪᠯᠡᠭᠡ ᠶᠢ | ᠬᠡᠷᠡᠭᠵᠢᠭᠦᠯᠵᠦ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠡᠷᠣᠭᠡ ᠳᠤ ᠣᠷᠣᠭᠤᠯᠬᠤ ᠢᠨᠵᠧᠨᠧᠷᠢᠩ ᠢ | ᠥᠷᠨᠢᠭᠦᠯᠣᠨ᠎ᠠ᠃ ᠪᠡᠶ᠎ᠡ ᠴᠢᠭᠢᠷᠠᠭᠵᠢᠭᠤᠯᠬᠤ APP ᠭᠠᠷ ᠤᠲᠠᠰᠤᠨ ᠤ ᠦᠵᠦᠭᠦᠷ ᠪᠠ ᠤᠶᠤᠨᠴᠢ ᠪᠡᠶ᠎ᠡ | ᠴᠢᠭᠢᠷᠠᠭᠵᠢᠭᠤᠯᠬᠤ ᠬᠠᠲᠠᠭᠤ ᠲᠣᠨᠤᠭ ᠢ ᠶᠡᠬᠡᠪᠡᠷ ᠬᠥᠭᠵᠢᠭᠦᠯᠵᠦ᠂ ᠪᠥᠬᠦ ᠣᠷᠣᠨ ᠤ ᠪᠡᠶ᠎ᠡ ᠴᠢᠭᠢᠷᠠᠭᠵᠢᠭᠤᠯᠬᠤ ᠠᠷᠭ᠎ᠠ | ᠵᠠᠮ ᠪᠠ ᠪᠡᠶ᠎ᠡ ᠴᠢᠭᠢᠷᠠᠭᠵᠢᠭᠤᠯᠬᠤ ᠳᠠᠯᠠᠪᠣᠷ ᠤᠨ ᠡᠯᠧᠺᠲᠷᠣᠨ ᠭᠠᠵᠠᠷ ᠤᠨ ᠵᠢᠷᠤᠭ ᠢ ᠪᠠᠶᠢᠭᠤᠯᠵᠣ᠂ ᠳᠠᠯᠠᠪᠣᠷ | ᠣᠷᠳᠣᠨ ᠢ ᠤᠷᠢᠳᠴᠢᠯᠠᠨ ᠵᠠᠬᠢᠶᠠᠯᠠᠬᠤ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ᠂ ᠪᠡᠶ᠎ᠡ ᠶᠢᠨ | ᠲᠠᠮᠢᠷ ᠤᠨ ᠤᠷᠤᠯᠳᠤᠭᠠᠨ ᠤ ᠵᠦᠢᠯᠡᠰ᠂ ᠬᠡᠭᠡᠷ᠎ᠡ ᠭᠠᠳᠠᠨ᠎ᠠ ᠰᠡᠯᠡᠭᠦᠴᠡᠭᠦ᠂ ᠬᠥᠳᠡᠯᠭᠡᠭᠡᠨ ᠤ ᠦᠢᠯᠡᠴᠢᠯᠡᠭᠡ᠂ ᠪᠡᠶ᠎ᠡ | ᠴᠢᠭᠢᠷᠠᠭᠵᠢᠭᠤᠯᠬᠤ ᠪᠣᠯᠪᠠᠰᠤᠷᠠᠭᠤᠯᠣᠯ᠂ ᠪᠡᠶ᠎ᠡ ᠶᠢᠨ ᠲᠠᠮᠢᠷ ᠤᠨ ᠬᠤᠳᠠᠯᠳᠤᠭᠠᠨ ᠤ ᠬᠤᠲᠠ ᠵᠡᠷᠭᠡ ᠬᠠᠷᠢᠴᠠᠭᠠᠨ ᠤ | ᠡᠷᠣᠭᠡ ᠶᠢᠨ ᠦᠵᠣᠭᠦᠷ ᠢ ᠰᠦᠢᠣᠡᠭᠡᠯ ᠬᠤᠷᠢᠶᠠᠬᠤ ᠦᠭᠡᠢ ᠪᠠᠷ ᠨᠠᠶᠢᠭᠡᠮ ᠳᠤ ᠬᠠᠩᠭᠠᠵᠣ᠂ ᠭᠠᠳᠠᠬᠰᠢ ᠪᠠᠨ | ᠦᠢᠯᠡᠴᠢᠯᠡᠬᠦ᠂ ᠳᠣᠲᠣᠭᠠᠳᠤ ᠳᠠᠭᠠᠨ ᠬᠠᠮᠢᠶᠠᠷᠣᠯᠳᠠ ᠬᠢᠭᠦ᠂ ᠰᠣᠯᠢᠯᠴᠠᠨ ᠭᠦᠳᠡᠯᠣᠯᠴᠡᠭᠦ᠂ ᠡᠬᠢ ᠪᠠᠶᠠᠯᠢᠭ ᠢ | ᠬᠠᠮᠲᠤ ᠪᠠᠷ ᠭᠦᠷᠳᠡᠭᠦ ᠴᠢᠳᠠᠮᠵᠢ ᠶᠢ ᠪᠡᠶᠡᠯᠡᠭᠦᠯᠣᠨ᠎ᠠ᠃ ᠲᠣᠮᠣ ᠲᠤᠭ᠎ᠠ ᠪᠠᠷᠢᠮᠲᠠ ᠶᠢᠨ ᠮᠡᠷᠭᠡᠵᠢᠯ ᠢ ᠠᠰᠢᠭᠯᠠᠨ | ᠦᠷᠭᠦᠯᠵᠢ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠣᠷᠣᠯᠴᠠᠵᠣ ᠪᠠᠶᠢᠭ᠎ᠠ ᠬᠥᠮᠦᠨ ᠤ ᠲᠤᠭ᠎ᠠ᠂ ᠪᠡᠶ᠎ᠡ ᠶᠢᠨ | ᠲᠠᠮᠢᠷ ᠤᠨ ᠪᠡᠯᠡᠣᠡᠭᠡᠮᠵᠢ ᠶᠢᠨ ᠠᠰᠢᠭᠯᠠᠬᠤ ᠨᠤᠷᠮ᠎ᠠ ᠶᠢ ᠴᠠᠭ ᠲᠤᠬᠠᠶ ᠳᠤᠨᠢ ᠲᠤᠭ᠎ᠠ ᠪᠦᠷᠢᠳᠬᠡᠯ ᠤᠨ ᠵᠠᠳᠠᠯᠤᠯᠲᠠ ᠪᠠ | ᠬᠥᠳᠡᠯᠭᠡᠭᠡᠨ ᠤ ᠪᠡᠶ᠎ᠡ ᠴᠢᠭᠢᠷᠠᠭᠵᠢᠭᠤᠯᠬᠤ ᠦᠷ᠎ᠡ ᠪᠦᠲᠦᠮᠵᠢ ᠳᠤ ᠶᠡᠷᠦᠩᠬᠡᠶᠢᠯᠡᠭᠰᠡᠨ ᠦᠨᠡᠯᠡᠯᠳᠠ ᠬᠢᠵᠣ᠂ ᠪᠦᠭᠦ | ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠰᠢᠨᠵᠢᠯᠡᠬᠦ ᠤᠬᠠᠭᠠᠨᠴᠢ ᠪᠠᠷ ᠵᠢᠯᠣᠭᠤᠳᠬᠤ ᠬᠢᠷᠢ ᠬᠡᠮᠵᠢᠶ᠎ᠡ ᠪᠠ ᠪᠦᠭᠦ | ᠠᠷᠠᠳ ᠤᠨ ᠪᠡᠶ᠎ᠡ ᠴᠢᠭᠢᠷᠠᠭᠵᠢᠭᠤᠯᠬᠤ ᠪᠡᠯᠡᠣᠡᠭᠡᠮᠵᠢ ᠶᠢᠨ ᠠᠶᠤᠯ ᠥᠭᠡᠢ ᠶᠢᠨ ᠬᠢᠨᠠᠯᠲᠠ ᠬᠠᠮᠢᠶᠠᠷᠤᠯᠲᠠ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠵᠣ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠶᠢ ᠵᠢᠯᠣᠭᠤᠳᠬᠤ ᠪᠠ | ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠵᠠᠪᠰᠠᠷ ᠦᠭᠡᠶ ᠵᠣᠯᠭᠠᠭᠤᠯᠬᠤ ᠶᠢ ᠪᠡᠶᠡᠯᠡᠭᠦᠯᠣᠨ᠎ᠠ᠃ | ︵ᠵᠢᠷᠭᠤᠭ᠎ᠠ︶ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠠᠭᠤᠰᠣᠯᠴᠠᠭᠤᠯᠣᠨ ᠬᠥᠭᠵᠢᠭᠦᠯᠬᠦ ᠶᠢ | ᠠᠬᠢᠭᠤᠯᠣᠨ᠎ᠠ᠃ ︽ᠨᠢᠭᠡ ᠪᠦᠰᠡ ᠨᠢᠭᠡ ᠵᠠᠮ︾ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠢᠳᠡᠪᠬᠢᠲᠡᠶ | ᠠᠶᠠᠯᠳᠤᠨ ᠲᠠᠭᠠᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ | ᠪᠠᠶᠢᠳᠠᠯ ᠳᠤ ᠵᠣᠬᠢᠴᠠᠭᠤᠯᠣᠨ᠂ ᠪᠡᠶ᠎ᠡ ᠶᠢᠨ ᠲᠠᠮᠢᠷ ᠪᠣᠯᠤᠨ ᠰᠤᠷᠭᠠᠨ ᠬᠥᠮᠦᠵᠢᠯ᠂ ᠰᠣᠶᠣᠯ ᠪᠣᠯᠪᠠᠰᠤᠷᠠᠯ᠂ | ᠨᠠᠰᠤᠵᠢᠯ ᠤᠨ ᠠᠰᠠᠷᠠᠮᠵᠢ᠂ ᠡᠷᠡᠭᠦᠯ ᠬᠠᠮᠠᠭᠠᠯᠠᠯ᠂ ᠵᠢᠭᠤᠯᠴᠢᠯᠠᠯ ᠵᠡᠷᠭᠡ ᠶᠢᠨ ᠬᠠᠷᠢᠯᠴᠠᠨ ᠠᠭᠤᠰᠣᠯᠴᠠᠬᠤ ᠶᠢ | ᠪᠡᠶᠡᠯᠡᠭᠦᠯᠣᠨ᠎ᠠ᠃ ᠬᠡᠭᠡᠷ᠎ᠡ ᠭᠠᠳᠠᠨᠠᠬᠢ ᠪᠡᠶ᠎ᠡ ᠶᠢᠨ ᠲᠠᠮᠢᠷ ᠤᠨ ᠭᠦᠳᠡᠯᠭᠡᠭᠡᠨ ᠢ ᠵᠠᠯᠠᠭᠤᠴᠣᠣᠨ ᠪᠠᠭᠠᠴᠤᠳ ᠤᠨ ᠬᠡᠪ | ᠴᠢᠨᠠᠷ ᠤᠨ ᠰᠤᠷᠭᠠᠨ ᠬᠥᠮᠦᠵᠢᠯ ᠤᠨ ᠰᠢᠰᠲ᠋ᠧᠮᠵᠢ ᠳᠤ ᠣᠷᠣᠭᠤᠯᠣᠨ᠎ᠠ᠃ ᠣᠳᠣ ᠶᠢᠨ ᠪᠠᠶᠢᠭ᠎ᠠ ᠬᠤᠲᠠ ᠬᠥᠳᠡᠭᠡ ᠶᠢᠨ | ᠤᠯᠠᠨ ᠨᠡᠶᠢᠲᠡ ᠶᠢᠨ ᠪᠡᠯᠡᠣᠡᠭᠡᠮᠵᠢ ᠶᠢ ᠠᠰᠢᠭᠯᠠᠨ᠂ ᠰᠣᠶᠣᠯ ᠤᠬᠠᠭᠤᠯᠣᠯ᠂ ᠰᠢᠨᠵᠢᠯᠡᠬᠦ ᠤᠬᠠᠭᠠᠨ ᠮᠡᠷᠭᠡᠵᠢᠯ ᠢ | ᠲᠦᠭᠡᠮᠡᠯᠵᠢᠭᠦᠯᠬᠦ᠂ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠵᠡᠷᠭᠡ ᠤᠯᠠᠨ ᠡᠰᠢᠲᠦ ᠴᠢᠳᠠᠮᠵᠢ ᠶᠢ ᠨᠢᠭᠡ | ᠴᠤᠭᠴᠠᠵᠢᠭᠤᠯᠣᠭᠰᠠᠨ ᠦᠨᠳᠦᠰᠦᠨ ᠱᠠᠲᠤᠨ ᠤ ᠤᠯᠠᠨ ᠨᠡᠶᠢᠲᠡ ᠶᠢᠨ ᠶᠡᠷᠣᠩᠭᠡᠶᠢᠯᠡᠭᠰᠠᠨ ᠦᠢᠯᠡᠴᠢᠯᠡᠭᠡᠨ ᠤ ᠲᠥᠪ ᠢ | ᠨᠢᠭᠡᠳᠣᠯᠳᠠᠢ ᠲᠦᠯᠣᠪᠯᠡᠵᠣ ᠪᠦᠳᠣᠭᠡᠨ ᠪᠠᠶᠢᠭᠤᠯᠣᠨ᠎ᠠ᠃ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠰᠢᠨᠵᠢᠯᠡᠬᠦ | ᠤᠬᠠᠭᠠᠨ ᠮᠡᠷᠭᠡᠵᠢᠯ ᠤᠨ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠣᠨ᠂ ᠪᠦᠭᠦ ᠠᠷᠠᠳ ᠤᠨ ᠪᠡᠶ᠎ᠡ | ᠴᠢᠭᠢᠷᠠᠭᠵᠢᠭᠤᠯᠬᠤ ᠪᠠ ᠡᠷᠡᠭᠦᠯᠵᠢᠯ ᠨᠠᠰᠤᠵᠢᠯ ᠤᠨ ᠠᠰᠠᠷᠠᠮᠵᠢ᠂ ᠡᠮᠴᠢᠯᠡᠭᠡ ᠡᠷᠡᠭᠦᠯ ᠬᠠᠮᠠᠭᠠᠯᠠᠯ ᠯᠤᠭ᠎ᠠ ᠬᠠᠷᠢᠯᠴᠠᠨ | ᠠᠭᠤᠰᠣᠯᠴᠠᠭᠤᠯᠬᠤ ᠶᠢ ᠠᠬᠢᠭᠤᠯᠵᠣ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠡᠷᠡᠭᠦᠯᠵᠢᠯ ᠤᠨ | ᠬᠠᠮᠢᠶᠠᠷᠤᠯᠲᠠ ᠪᠠ ᠤᠳᠠᠭᠠᠨ ᠴᠢᠨᠠᠷᠲᠠᠶ ᠡᠪᠡᠳᠴᠢᠨ ᠢ ᠰᠡᠷᠭᠡᠶᠢᠯᠡᠨ ᠵᠠᠰᠠᠬᠤ ᠬᠥᠭᠵᠢᠯᠲᠡ ᠶᠢᠨ ᠲᠥᠯᠥᠪᠵᠢᠭᠦᠯᠭᠡ ᠳᠤ | ᠣᠷᠣᠭᠤᠯᠵᠤ᠂ ᠨᠦᠭᠦᠴᠡᠯ ᠲᠠᠢ ᠭᠠᠵᠡᠷ ᠣᠷᠣᠨ ᠳᠤ ᠡᠮᠴᠢᠯᠡᠭᠡᠨ ᠤ ᠳᠠᠭᠠᠳᠬᠠᠯ ᠪᠡᠶ᠎ᠡ ᠴᠢᠬᠢᠷᠠᠭᠵᠢᠭᠤᠯᠬᠤ ᠶᠢᠨ | ᠪᠦᠭᠦᠨ ᠳᠤ ᠲᠣᠬᠢᠷᠠᠬᠤ ᠺᠠᠷᠲ ᠶᠢ ᠬᠡᠷᠩᠵᠢᠭᠦᠯᠣᠨ᠎ᠠ᠃ ᠵᠡᠮᠳᠡᠭᠴᠦᠳ ᠤᠨ ᠡᠷᠡᠭᠦᠯᠵᠢᠯ ᠤᠨ ᠪᠡᠶ᠎ᠡ ᠶᠢᠨ ᠲᠠᠮᠢᠷ ᠪᠠ | ᠪᠡᠶ᠎ᠡ ᠴᠢᠭᠢᠷᠠᠭᠵᠢᠭᠤᠯᠬᠤ ᠪᠡᠶ᠎ᠡ ᠶᠢᠨ ᠲᠠᠮᠢᠷ ᠢ ᠥᠷᠭᠡᠨ ᠳᠡᠯᠭᠡᠷ ᠢᠶᠠᠷ ᠥᠷᠨᠢᠭᠦᠯᠭᠦ ᠶᠢ ᠠᠬᠢᠭᠤᠯᠣᠨ᠎ᠠ᠃ ᠡᠯ᠎ᠡ ᠭᠠᠵᠠᠷ | ᠣᠷᠣᠨ ᠤ ᠲᠤᠰᠬᠠᠶ ᠵᠦᠢᠯ ᠤᠨ ᠲᠥᠯᠥᠪᠵᠢᠭᠦᠯᠭᠡ ᠲᠣᠭᠲᠠᠭᠠᠬᠤ ᠶᠢ ᠵᠣᠷᠢᠬᠵᠢᠭᠤᠯᠵᠣ᠂ ᠨᠡᠶᠢᠭᠡᠮ ᠤᠨ ᠵᠣᠬᠢᠶᠠᠨ | ᠪᠠᠶᠢᠭᠤᠯᠤᠯᠲᠠ ᠪᠣᠯᠣᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠨ ᠶᠢ ᠲᠠᠮᠵᠢᠬᠦ ᠪᠠ ᠬᠦᠳᠦᠯᠦᠨ ᠵᠢᠯᠤᠭᠤᠳᠴᠤ | ᠭᠡᠭᠡᠷ᠎ᠡ ᠭᠠᠳᠠᠨᠠᠬᠢ ᠬᠤᠸᠠᠷᠠᠨ᠂ ᠶᠠᠪᠠᠭᠠᠨ ᠶᠠᠪᠣᠵᠣ ᠲᠣᠭᠤᠢ ᠣᠨᠣᠬᠤ ᠦᠢᠯᠡᠴᠢᠯᠡᠭᠡᠨ ᠤ ᠦᠷᠳᠡᠭᠡ᠂ ᠮᠠᠰᠢᠨ | ᠲᠡᠷᠭᠡᠨ ᠤ ᠬᠡᠭᠡᠷ᠎ᠡ ᠪᠠᠭᠤᠳᠠᠯᠯᠠᠬᠤ ᠬᠤᠸᠠᠷᠠᠨ᠂ ᠠᠭᠠᠷ ᠤᠨ ᠠᠶᠠᠯᠠᠯ ᠤᠨ ᠨᠢᠰᠦᠯᠲᠡ ᠶᠢᠨ ᠬᠤᠸᠠᠷᠠᠨ᠂ ᠮᠥᠰᠥ | ᠴᠠᠰᠤᠨ ᠤ ᠲᠠᠮᠢᠷ ᠤᠨ ᠲᠠᠯᠠᠪᠠᠶ ᠵᠡᠷᠭᠡ ᠪᠡᠶ᠎ᠡ ᠴᠢᠭᠢᠷᠠᠭᠵᠢᠭᠤᠯᠬᠤ ᠦᠢᠯᠡᠴᠢᠯᠡᠭᠡᠨ ᠤ ᠦᠢᠯᠡᠰ ᠢ ᠦᠷᠨᠢᠬᠦᠯᠦᠨ᠎ᠠ᠃ | ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠯᠤᠭ᠎ᠠ ᠬᠠᠮᠢᠶ᠎ᠠ ᠪᠦᠬᠦᠢ ᠪᠡᠶ᠎ᠡ ᠶᠢᠨ ᠲᠠᠮᠢᠷ ᠤᠨ ᠠᠵᠤ ᠦᠢᠯᠡᠰ ᠤᠨ | ᠣᠯᠠᠨ ᠡᠰᠢᠲᠦ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠢᠳᠡᠪᠬᠢᠳᠠᠢ ᠪᠠᠷ ᠪᠤᠶᠢᠵᠢᠭᠤᠯᠣᠨ᠂ ᠨᠡᠶᠢᠭᠡᠮ ᠤᠨ | ᠬᠥᠷᠥᠩᠭᠡ ᠶᠢ ᠲᠠᠲᠠᠨ ᠦᠢᠯᠡᠳᠬᠦᠨ ᠪᠠ ᠦᠢᠯᠡᠴᠢᠯᠡᠭᠡ ᠬᠠᠩᠭᠠᠵᠣ᠂ ᠪᠦᠭᠦ ᠠᠷᠠᠳ ᠤᠨ ᠪᠡᠶ᠎ᠡ | ᠴᠢᠭᠢᠷᠠᠭᠵᠢᠭᠤᠯᠬᠤ ᠶᠢᠨ ᠨᠡᠶᠢᠭᠡᠮᠵᠢᠯᠳᠠ᠂ ᠵᠠᠬ᠎ᠠ ᠳᠡᠯᠭᠡᠭᠦᠷᠵᠢᠯᠳᠠ ᠶᠢ ᠠᠬᠢᠭᠤᠯᠣᠨ᠎ᠠ᠃ | ︵ᠳᠤᠯᠤᠭ᠎ᠠ︶ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠤᠷᠮᠠᠰᠢᠭᠤᠯᠤᠨ ᠵᠣᠷᠢᠬᠵᠢᠭᠤᠯᠬᠤ ᠪᠠ | ᠮᠡᠳᠡᠭᠡ ᠵᠠᠩᠭᠢ ᠶᠢᠨ ᠠᠵᠢᠯ ᠤᠨ ᠲᠣᠭᠲᠠᠴᠠ ᠶᠢ ᠪᠠᠶᠢᠭᠤᠯᠣᠨ᠎ᠠ᠃ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ | ᠤᠷᠤᠯᠳᠤᠭᠠᠨ ᠤ ᠵᠣᠬᠢᠶᠠᠨ ᠪᠠᠶᠢᠭᠤᠯᠤᠯᠲᠠ ᠪᠣᠯᠣᠨ ᠬᠤᠪᠢ ᠬᠥᠮᠦᠨ ᠳᠤ ᠬᠤᠪᠢ ᠬᠤᠷᠠᠮᠳᠣᠭᠤᠯᠬᠤ ᠲᠦᠷᠢᠮ ᠢ | ᠪᠠᠶᠢᠭᠤᠯᠵᠤ᠂ ᠤᠯᠠᠨ ᠵᠠᠮ ᠮᠦᠷ ᠢᠶᠠᠷ ᠣᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠵᠣᠷᠢᠬᠵᠢᠭᠤᠯᠣᠨ᠂ ᠪᠡᠶ᠎ᠡ ᠶᠢᠨ | ᠲᠠᠮᠢᠷ ᠤᠨ ᠪᠡᠶ᠎ᠡ ᠴᠢᠭᠢᠷᠠᠭᠵᠢᠭᠤᠯᠬᠤ ᠳᠤ ᠣᠷᠣᠯᠴᠠᠭᠤᠯᠵᠣ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ | ᠳᠡᠮᠵᠢᠭᠦ ᠪᠠ ᠣᠷᠣᠯᠴᠠᠬᠤ ᠳᠤ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠵᠣᠬᠢᠶᠠᠨ ᠪᠠᠶᠢᠭᠤᠯᠤᠯᠲᠠ ᠪᠠ ᠬᠤᠪᠢ | ᠬᠥᠮᠦᠨ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠱᠠᠩᠨᠠᠨ ᠬᠥᠬᠢᠭᠦᠯᠣᠨᠠ᠃ ᠮᠡᠳᠡᠭᠡ ᠵᠠᠩᠭᠢ ᠶᠢᠨ | ᠦᠢᠯᠡᠴᠢᠯᠡᠭᠡᠨ ᠤ ᠢᠨᠵᠧᠨᠧᠷᠢᠩ ᠢ ᠪᠦᠬᠦ ᠲᠠᠯ᠎ᠠ ᠪᠠᠷ ᠡᠬᠢᠯᠡᠭᠦᠯᠵᠦ᠂ ᠪᠡᠶ᠎ᠡ ᠶᠢᠨ ᠲᠠᠮᠢᠷ ᠤᠨ ᠠᠵᠢᠯ ᠤᠨ ᠰᠠᠭᠤᠷᠢ | ᠲᠤᠭ᠎ᠠ ᠪᠠᠷᠢᠮᠲᠠ ᠶᠢᠨ ᠪᠠᠶᠢᠭᠤᠯᠤᠯᠲᠠ ᠶᠢ ᠲᠦᠷᠭᠡᠳᠬᠡᠨ᠎ᠠ᠂ ᠡᠯ᠎ᠡ ᠠᠶᠢᠮᠠᠭ ᠬᠤᠳᠠ ᠨᠤᠭᠤᠳ ᠳ᠋ᠠᠶᠢᠲ᠋ᠠ ᠬᠥᠮᠥᠷᠭᠡ ᠶᠢ | ᠪᠠᠶᠢᠭᠤᠯᠵᠤ᠂ ᠪᠡᠶ᠎ᠡ ᠶᠢᠨ ᠲᠠᠮᠢᠷ ᠤᠨ ᠲᠡᠯᠡᠪᠡᠢ᠂ ᠢᠷᠭᠡᠨ ᠤ ᠪᠡᠶ᠎ᠡ ᠮᠠᠬᠠᠪᠣᠣᠨ ᠤᠨ ᠬᠢᠨᠠᠨ ᠰᠢᠨᠵᠢᠯᠳᠠ᠂ ᠪᠦᠭᠦ | ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭᠠᠨ᠂ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ | ᠵᠡᠷᠭᠡ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢ ᠴᠤᠭᠯᠠᠭᠤᠯᠬᠤ᠂ | ᠡᠮᠬᠢᠳᠬᠡᠬᠦ᠂ ᠨᠠᠶᠢᠷᠠᠭᠤᠯᠬᠤ᠂ ᠨᠡᠶᠢᠲᠡᠯᠡᠬᠦ ᠠᠵᠢᠯ ᠢ ᠰᠠᠶᠢᠲᠤᠷ ᠭᠢᠭᠦ ᠬᠡᠷᠩᠳᠠᠢ᠃ | ︵ᠨᠠᠢᠮᠠ︶ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠬᠢᠨᠠᠨ ᠰᠢᠨᠵᠢᠭᠦ ᠰᠢᠰᠲ᠋ᠧᠮᠵᠢ ᠶᠢ ᠪᠠᠶᠢᠭᠤᠯᠣᠨ᠎ᠠ᠃ | ᠬᠤᠰᠢᠭᠤ ᠰᠢᠶᠠᠨ ︵ᠬᠤᠳᠠ᠂ ᠲᠣᠭᠤᠷᠢᠭ︶᠂ ᠰᠤᠮᠤ ᠰᠢᠶᠠᠩ ᠪᠠᠯᠭᠠᠰᠣ ᠳᠤ ᠢᠷᠭᠡᠨ ᠤ ᠪᠡᠶ᠎ᠡ ᠮᠠᠬᠠᠪᠣᠣᠨ ᠢ | ᠬᠢᠨᠠᠨ ᠰᠢᠨᠵᠢᠭᠦ ᠲᠥᠪ ᠪᠠ ᠰᠢᠨᠵᠢᠯᠡᠬᠦ ᠤᠬᠠᠭᠠᠨᠴᠢ ᠪᠠᠷ ᠪᠡᠶ᠎ᠡ ᠴᠢᠬᠢᠷᠠᠭᠵᠢᠭᠤᠯᠬᠤ ᠶᠢᠨ ᠵᠢᠭᠠᠨ ᠵᠢᠯᠣᠭᠤᠳᠬᠤ | ᠦᠷᠲᠡᠭᠡ ᠪᠠᠶᠢᠭᠤᠯᠵᠣ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠳᠦᠷ ᠲᠤᠳᠤᠮ ᠤᠨ ᠪᠡᠶ᠎ᠡ ᠮᠠᠬᠠᠪᠣᠣᠨ ᠢ | ᠰᠢᠨᠵᠢᠨ ᠲᠣᠭᠳᠠᠭᠠᠬᠤ᠂ ᠬᠥᠳᠡᠯᠭᠡᠭᠡᠨ ᠤ ᠴᠢᠳᠠᠪᠤᠷᠢ ᠶᠢ ᠦᠨᠡᠯᠡᠨ ᠲᠣᠭᠲᠠᠭᠠᠬᠤ᠂ ᠪᠡᠶ᠎ᠡ ᠮᠠᠬᠠᠪᠣᠳ ᠤᠨ ᠴᠢᠨᠠᠷ | ᠴᠢᠨᠰᠠᠭ᠎ᠠ ᠶᠢ ᠦᠨᠡᠯᠡᠨ ᠵᠢᠱᠢᠬᠦ ᠶᠢ ᠦᠷᠨᠢᠭᠦᠯᠵᠣ᠂ ᠡᠷᠡᠭᠦᠯᠵᠢᠯ ᠤᠨ ᠳᠠᠩᠰᠠ ᠡᠪᠬᠡᠮᠡᠯ ᠢ ᠪᠠᠶᠢᠭᠤᠯᠣᠨ᠂ ︽ | ᠲᠠᠮᠢᠷ ᠤᠨ ᠬᠥᠳᠡᠯᠭᠡᠭᠡᠨ ᠤ ᠵᠣᠷ︾ ᠭᠠᠷᠭᠠᠵᠣ᠂ ᠲᠠᠮᠢᠷ ᠤᠨ ᠬᠥᠳᠡᠯᠭᠡᠭᠡᠨ ᠤ ᠪᠡᠶ᠎ᠡ ᠴᠢᠭᠢᠷᠠᠭᠵᠢᠭᠤᠯᠬᠤ ᠶᠢᠨ | ᠵᠢᠯᠣᠭᠤᠳᠣᠯᠭ᠎ᠠ ᠬᠠᠩᠭᠠᠨ᠎ᠠ᠃ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠶᠢᠨ ᠬᠢᠨᠠᠨ ᠰᠢᠨᠵᠢᠵᠤ ᠵᠢᠱᠢᠶ᠎ᠡ | ᠦᠵᠡᠭᠦᠯᠬᠦ ᠣᠷᠣᠨ ᠢ ᠢᠳᠡᠪᠬᠢᠲᠡᠶ ᠪᠠᠷ ᠡᠭᠦᠳᠦᠨ ᠪᠠᠶᠢᠭᠤᠯᠵᠤ᠂ ᠢᠷᠭᠡᠨ ᠤ ᠪᠡᠶ᠎ᠡ ᠮᠠᠬᠠᠪᠣᠣᠨ ᠶᠢᠨ ᠴᠢᠨᠠᠷ | ᠴᠢᠨᠰᠠᠭ᠎ᠠ ᠶᠢᠨ ᠰᠤᠷᠢᠯᠳᠠ ᠶᠢᠨ ᠬᠡᠮᠵᠢᠭᠦᠷᠯᠢᠭ ᠪᠠ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠᠭᠠᠵᠢ | ᠬᠡᠷᠡᠭᠯᠡᠭᠦᠷ ᠤᠨ ᠲᠣᠣᠷᠵᠢᠭᠤᠯᠣᠯᠳᠠ ᠶᠢ ᠠᠬᠢᠭᠤᠯᠵᠣ᠂ ᠣᠶᠣᠨᠴᠢ ᠰᠤᠷᠢᠯᠳᠠ ᠪᠠ ᠤᠯᠠᠮᠵᠢᠯᠠᠯᠲᠤ ᠰᠤᠷᠢᠯᠳᠠ ᠶᠢᠨ | ᠳᠡᠭᠡᠳᠦ ᠬᠡᠮᠵᠢᠶᠡᠨ ᠤ ᠠᠭᠤᠰᠣᠯᠴᠠᠯ ᠢ ᠠᠬᠢᠭᠤᠯᠣᠨ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠶᠢᠨ | ᠦᠷ᠎ᠡ ᠪᠦᠲᠦᠭᠡᠯ ᠤᠨ ᠤᠯᠠᠷᠢᠭᠤᠯᠤᠯᠳᠠ ᠶᠢ ᠠᠬᠢᠭᠤᠯᠣᠨ᠎ᠠ᠃ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠤᠨ | ᠦᠢᠯᠡᠳᠦᠯ ᠢ ᠪᠠᠳᠠᠷᠠᠭᠤᠯᠤᠨ᠂ ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯ ᠤᠨ ᠠᠵᠢᠯᠲᠠᠨ᠂ ᠪᠡᠶ᠎ᠡ ᠶᠢᠨ ᠲᠠᠮᠢᠷ ᠤᠨ | ᠨᠢᠷᠤᠭᠤᠪᠴᠢ ᠪᠠ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠦᠭᠤᠳᠦᠬᠴᠢ ᠶᠢ ᠪᠣᠯᠪᠠᠰᠤᠷᠠᠭᠤᠯᠵᠣ᠂ ᠪᠡᠶ᠎ᠡ ᠶᠢᠨ | ᠲᠠᠮᠢᠷ ᠤᠨ ᠪᠣᠯᠪᠠᠰᠤᠷᠠᠯ ᠤᠨ ᠰᠢᠨᠵᠢᠨ ᠰᠢᠯᠭᠠᠬᠤ ᠡᠩᠨᠡᠭᠡ ᠶᠢ ᠪᠠᠶᠢᠭᠤᠯᠵᠤ᠂ ︽ᠤᠯᠤᠰ ᠤᠨ ᠪᠡᠶ᠎ᠡ ᠶᠢᠨ ᠲᠠᠮᠢᠷ ᠤᠨ | ᠪᠣᠯᠪᠠᠰᠤᠷᠠᠯ ᠤᠨ ᠪᠠᠷᠢᠮᠵᠢᠶ᠎ᠠ︾ ᠳᠤ ᠭᠦᠷᠣᠭᠦᠯᠭᠦ ᠰᠢᠨᠵᠢᠨ ᠰᠢᠯᠭᠠᠬᠤ ᠶᠢ ᠦᠷᠨᠢᠭᠦᠯᠣᠨ᠂ ᠪᠡᠶ᠎ᠡ ᠶᠢᠨ ᠲᠠᠮᠢᠷ ᠤᠨ | ᠪᠣᠯᠪᠠᠰᠤᠷᠠᠯ ᠤᠨ ᠪᠠᠷᠢᠮᠵᠢᠶ᠎ᠠ ᠶᠢᠨ ᠦᠨᠡᠮᠯᠡᠯ᠂ ᠲᠡᠮᠳᠡᠭ ᠣᠯᠭᠤᠵᠣ᠂ ᠨᠡᠩ ᠠᠷᠪᠢᠨ ᠤᠯᠠᠨ ᠲᠦᠮᠡᠨ ᠤ ᠪᠡᠶ᠎ᠡ ᠶᠢᠨ | ᠲᠠᠮᠢᠷ ᠤᠨ ᠪᠡᠶ᠎ᠡ ᠴᠢᠭᠢᠷᠠᠭᠵᠢᠭᠤᠯᠤᠯᠲᠠ ᠳᠤ ᠣᠷᠣᠯᠴᠠᠬᠤ ᠶᠢ ᠬᠥᠲᠥᠯᠥᠨ ᠵᠢᠯᠣᠭᠤᠳᠣᠨ᠎ᠠ᠃ ᠨᠥᠬᠦᠴᠡᠯ ᠲᠠᠢ | ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠢ ᠵᠤᠷᠢᠬᠵᠢᠭᠤᠯᠵᠦ ᠪᠡᠶ᠎ᠡ ᠮᠠᠬᠠᠪᠣᠣᠨ ᠤᠨ ᠴᠢᠨᠠᠷ ᠴᠢᠨᠰᠠᠭ᠎ᠠ ᠶᠢ | ᠰᠢᠨᠵᠢᠨ ᠲᠣᠭᠲᠠᠭᠠᠬᠤ ᠪᠠ ᠲᠠᠮᠢᠷ ᠤᠨ ᠬᠥᠳᠡᠯᠭᠡᠭᠡᠨ ᠢᠶᠠᠷ ᠡᠷᠡᠭᠦᠯᠵᠢᠭᠦᠯᠬᠦ ᠵᠡᠷᠭᠡ ᠡᠵᠡᠩᠨᠡᠯᠲᠡ ᠶᠢᠨ ᠪᠣᠳᠠᠲᠤ | ᠴᠣᠭᠴᠠ ᠶᠢ ᠡᠷᠬᠢᠯᠡᠭᠦᠯᠤᠨ᠂ ᠢᠷᠭᠡᠨ ᠤ ᠪᠡᠶ᠎ᠡ ᠮᠠᠬᠠᠪᠣᠣᠨ ᠤᠨ ᠴᠢᠨᠠᠷ ᠴᠢᠨᠰᠠᠭ᠎ᠠ ᠶᠢᠨ ᠰᠤᠷᠢᠯᠳᠠ ᠭᠢᠭᠦ᠂ ᠪᠡᠶ᠎ᠡ | ᠴᠢᠭᠢᠷᠠᠭᠵᠢᠭᠤᠯᠬᠤ ᠯᠠᠪᠯᠠᠯᠭ᠎ᠠ ᠥᠭᠬᠦ ᠵᠡᠷᠭᠡ ᠦᠢᠯᠡᠴᠢᠯᠡᠭᠡ ᠶᠢ ᠥᠷᠨᠢᠭᠦᠯᠣᠨ᠎ᠠ᠃ | ᠲᠠᠪᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | ︵ᠨᠢᠭᠡ︶ ᠵᠣᠬᠢᠶᠠᠨ ᠪᠠᠶᠢᠭᠤᠯᠤᠨ ᠤᠳᠤᠷᠢᠣᠠᠬᠤ ᠪᠠ ᠵᠣᠬᠢᠴᠠᠭᠤᠯᠬᠤ ᠪᠠᠨ ᠴᠢᠩᠭᠠᠣᠠᠬᠠᠨ᠎ᠠ᠃ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠤᠯᠠᠨ | ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠪᠠᠶᠢᠭᠤᠯᠬᠤ ᠶᠠᠪᠤᠳᠠᠯ ᠢ ᠴᠢᠬᠤᠯᠠ ᠪᠠᠶᠢᠷᠢᠨ ᠳᠤ ᠲᠠᠯᠪᠢᠵᠤ᠂ ᠪᠦᠭᠦ | ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠢ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠤᠯᠤᠰ | ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠵᠢᠴᠢ ᠤᠯᠠᠨ | ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠣ᠂ ᠬᠠᠮᠢᠶ᠎ᠠ | ᠪᠥᠬᠦᠢ ᠭᠤᠣᠯᠳᠠᠯᠭ᠎ᠠ ᠲᠠᠢ ᠠᠵᠢᠯ ᠢ ᠵᠠᠰᠠᠭ ᠤᠨ ᠣᠷᠳᠣᠨ ᠤ ᠣᠨ ᠤ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠢ ᠲᠦᠯᠭᠢᠨ ᠠᠬᠢᠭᠤᠯᠬᠤ ᠪᠠ ᠰᠢᠯᠭᠠᠨ ᠬᠢᠨᠠᠬᠤ ᠳᠤ ᠣᠷᠣᠭᠤᠯᠣᠨ᠎ᠠ᠃ ᠪᠦᠭᠦ ᠠᠷᠠᠳ ᠤᠨ ᠪᠡᠶ᠎ᠡ | ᠴᠢᠭᠢᠷᠠᠭᠵᠢᠭᠤᠯᠬᠤ ᠠᠵᠢᠯ ᠢ ᠪᠡᠶ᠎ᠡ ᠶᠢᠨ ᠲᠠᠮᠢᠷ ᠤᠨ ᠠᠵᠤ ᠦᠢᠯᠡᠰ ᠪᠠ ᠪᠤᠰᠤᠳ ᠬᠠᠮᠢᠶ᠎ᠠ ᠪᠦᠬᠦᠢ ᠠᠵᠤ | ᠦᠢᠯᠡᠰ ᠲᠤ ᠣᠷᠣᠭᠤᠯᠣᠨ᠂ ᠣᠶᠤᠨ ᠤ ᠪᠣᠯᠪᠠᠰᠤᠨ ᠤ ᠪᠠᠶᠢᠭᠤᠯᠤᠯᠲᠠ ᠪᠣᠯᠤᠨ ᠪᠣᠯᠪᠠᠰᠤᠨ ᠬᠤᠳᠠ᠂ ᠪᠣᠯᠪᠠᠰᠤᠨ | ᠨᠡᠶᠢᠭᠡᠮ ᠲᠣᠭᠤᠷᠢᠭ᠂ ᠪᠣᠯᠪᠠᠰᠤᠨ ᠲᠣᠰᠬᠤᠨ ᠪᠠᠯᠭᠠᠰᠤ᠂ ᠪᠣᠯᠪᠠᠰᠤᠨ ᠨᠢᠭᠡᠴᠨ ᠶᠢ ᠡᠭᠦᠳᠦᠨ ᠪᠠᠶᠢᠭᠤᠯᠬᠤ ᠶᠢ | ᠰᠢᠯᠭᠠᠨ ᠲᠣᠭᠳᠠᠭᠠᠬᠤ ᠰᠢᠰᠲ᠋ᠧᠮᠵᠢ ᠳᠤ ᠣᠷᠣᠭᠤᠯᠵᠣ᠂ ᠤᠯᠠᠨ ᠨᠡᠶᠢᠳᠡ ᠶᠢᠨ ᠰᠣᠶᠣᠯ᠂ ᠡᠷᠡᠭᠦᠯᠵᠢᠯ᠂ ᠡᠷᠡᠭᠦᠯ | ᠬᠠᠮᠠᠭᠠᠯᠠᠯ᠂ ᠨᠠᠰᠤᠵᠢᠯ᠂ ᠵᠢᠭᠤᠯᠴᠢᠯᠠᠯ᠂ ᠰᠢᠨᠵᠢᠯᠡᠬᠦ ᠤᠬᠠᠭᠠᠨ ᠮᠡᠷᠭᠡᠵᠢᠯ ᠪᠠ ᠨᠡᠶᠢᠭᠡᠮ ᠲᠣᠭᠤᠷᠢᠭ ᠤᠨ | ᠦᠢᠯᠡᠴᠢᠯᠡᠭᠡ ᠵᠡᠷᠭᠡ ᠠᠵᠢᠯ ᠳᠤ ᠣᠷᠣᠭᠤᠯᠵᠣ᠂ ᠭᠤᠷᠪᠠ ᠶᠢ ᠣᠷᠣᠭᠤᠯᠬᠤ ᠠᠴᠠ ᠪᠠᠨ ᠤᠯᠠᠨ ᠵᠦᠢᠯ ᠢ ᠣᠷᠣᠭᠤᠯᠵᠤ | ᠳᠡᠰᠢ ᠬᠥᠭᠵᠢᠭᠦᠯᠬᠦ ᠶᠢ ᠪᠡᠶᠡᠯᠡᠭᠦᠯᠣᠨ᠎ᠠ᠃ ᠡᠯ᠎ᠡ ᠱᠠᠲᠤᠨ ᠤ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠤᠨ | ᠺᠣᠮᠢᠰ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠠᠯᠠᠭ᠎ᠠ ᠮᠥᠴᠢᠷ ᠤᠳ ᠬᠠᠮᠲᠤᠷᠠᠨ ᠬᠠᠮᠵᠢᠯᠴᠠᠬᠤ ᠪᠠᠨ | ᠴᠢᠩᠭᠠᠣᠠᠬᠠᠨ᠂ ᠪᠡᠶ᠎ᠡ ᠶᠢᠨ ᠲᠠᠮᠢᠷ ᠤᠨ ᠪᠡᠯᠡᠣᠡᠭᠡᠮᠵᠢ ᠳᠤ ᠬᠡᠷᠡᠭᠯᠡᠬᠦ ᠭᠠᠵᠠᠷ ᠢ ᠬᠤᠳᠠ ᠬᠥᠳᠡᠭᠡ ᠶᠢᠨ | ᠲᠥᠯᠥᠪᠵᠢᠭᠦᠯᠭᠡ᠂ ᠭᠠᠵᠠᠷ ᠰᠢᠷᠣᠶ ᠠᠰᠢᠭᠯᠠᠬᠤ ᠶᠡᠷᠦᠩᠬᠡᠶ ᠲᠥᠯᠥᠪᠵᠢᠭᠦᠯᠭᠡ ᠪᠠ ᠣᠨ ᠤ ᠭᠠᠵᠠᠷ ᠬᠡᠷᠡᠭᠯᠡᠬᠦ | ᠲᠥᠯᠥᠪᠯᠡᠭᠡ ᠳᠤ ᠣᠷᠣᠭᠤᠯᠵᠣ᠂ ᠭᠠᠵᠠᠷ ᠰᠢᠷᠣᠶ ᠬᠡᠷᠡᠭᠯᠡᠬᠦ ᠭᠠᠵᠠᠷ ᠰᠢᠷᠣᠶ ᠶᠢᠨ ᠬᠡᠷᠡᠭᠴᠡᠭᠡ ᠱᠠᠭᠠᠷᠳᠠᠯᠭ᠎ᠠ ᠶᠢ ᠵᠦᠢ | ᠵᠣᠬᠢᠰᠳᠠᠢ ᠲᠣᠬᠢᠷᠠᠭᠤᠯᠣᠨ᠂ ᠴᠢᠳᠠᠮᠵᠢ ᠨᠢ ᠪᠦᠷᠢᠨ ᠲᠡᠭᠦᠯᠳᠡᠷ ᠶᠡᠷᠦᠩᠬᠡᠶᠢᠯᠡᠭᠰᠡᠨ ᠴᠢᠨᠠᠷᠲᠠᠶ ᠦᠨᠳᠦᠰᠦᠨ ᠱᠠᠲᠤᠨ ᠤ | ᠤᠯᠠᠨ ᠨᠡᠶᠢᠲᠡ ᠶᠢᠨ ᠦᠢᠯᠡᠴᠢᠯᠡᠭᠡᠨ ᠤ ᠠᠴᠢᠶᠠᠯᠠᠪᠤᠷᠢ ᠶᠢ ᠪᠠᠶᠢᠭᠤᠯᠵᠤ᠂ ᠡᠷᠡᠭᠦᠯᠵᠢᠯ ᠢ ᠠᠬᠢᠭᠤᠯᠬᠤ᠂ ᠨᠠᠰᠤᠵᠢᠯ ᠤᠨ | ᠦᠢᠯᠡᠴᠢᠯᠡᠭᠡᠨ ᠤ ᠳᠤᠮᠳᠠᠬᠢ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠦᠢᠯᠡᠳᠦᠯ ᠢ ᠭᠦᠢᠴᠡᠣᠨ | ᠪᠠᠳᠠᠷᠠᠭᠤᠯᠣᠨ᠎ᠠ᠃ ᠡᠯ᠎ᠡ ᠱᠠᠲᠤᠨ ᠤ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ | ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ᠂ ᠡᠯ᠎ᠡ ᠠᠵᠢᠯ ᠲᠥᠷᠥᠯ ᠪᠠ | ᠨᠡᠶᠢᠭᠡᠮ ᠤᠨ ᠡᠯ᠎ᠡ ᠡᠲᠡᠭᠡᠳ ᠤᠨ ᠪᠡᠶ᠎ᠡ ᠶᠢᠨ ᠲᠠᠮᠢᠷ ᠡᠷᠬᠢᠯᠡᠭᠦ ᠶᠢ ᠠᠬᠢᠭᠤᠯᠵᠣ᠂ ᠪᠦᠭᠦ ᠠᠷᠠᠳ ᠤᠨ ᠪᠡᠶ᠎ᠡ | ᠴᠢᠭᠢᠷᠠᠭᠵᠢᠭᠤᠯᠬᠤ ᠠᠵᠢᠯ ᠦᠢᠯᠡᠰ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠣᠨ᠎ᠠ᠃ | ︵ᠬᠤᠶᠠᠷ︶ ᠪᠡᠯᠡ ᠮᠦᠩᠭᠦ ᠶᠢᠨ ᠣᠷᠣᠭᠤᠯᠣᠯᠳᠠ ᠪᠠ ᠬᠠᠮᠢᠶᠠᠷᠣᠯᠳᠠ ᠪᠠᠨ ᠴᠢᠩᠭᠠᠷᠠᠭᠤᠯᠣᠨ᠎ᠠ᠃ ᠬᠤᠰᠢᠭᠤ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠪᠦᠭᠦ ᠠᠷᠠᠳ ᠤᠨ ᠪᠡᠶ᠎ᠡ | ᠴᠢᠭᠢᠷᠠᠭᠵᠢᠭᠤᠯᠬᠤ ᠠᠵᠢᠯ ᠤᠨ ᠬᠠᠮᠢᠶ᠎ᠠ ᠪᠦᠬᠦᠢ ᠵᠠᠷᠤᠳᠠᠯ ᠢ ᠡᠳ᠋ ᠤᠨ ᠵᠠᠰᠠᠭ ᠤᠨ ᠲᠥᠰᠦᠪ ᠲᠤ ᠣᠷᠣᠭᠤᠯᠬᠤ ᠶᠢᠨ | ᠬᠠᠮᠲᠤ᠂ ᠤᠯᠤᠰ ᠠᠷᠠᠳ ᠤᠨ ᠠᠵᠤ ᠠᠬᠤᠶ ᠶᠢᠨ ᠬᠥᠭᠵᠢᠯᠲᠡ ᠶᠢ ᠳᠠᠭᠠᠯᠳᠤᠨ ᠪᠦᠭᠦ ᠠᠷᠠᠳ ᠤᠨ ᠪᠡᠶ᠎ᠡ | ᠴᠢᠭᠢᠷᠠᠭᠵᠢᠭᠤᠯᠬᠤ ᠶᠢᠨ ᠣᠷᠣᠭᠤᠯᠤᠯᠲᠠ ᠪᠠᠨ ᠠᠯᠬᠤᠮ ᠠᠯᠬᠤᠮ ᠢᠶᠠᠷ ᠨᠡᠮᠡᠭᠳᠡᠭᠦᠯᠭᠦ ᠬᠡᠷᠩᠳᠠᠢ᠃ ᠲᠤᠰ ᠱᠠᠲᠤᠨ ᠤ | ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠤᠨ ᠬᠡᠷᠡᠭᠯᠡᠵᠣ ᠪᠠᠶᠢᠭ᠎ᠠ ᠪᠡᠶ᠎ᠡ ᠶᠢᠨ ᠲᠠᠮᠢᠷ ᠤᠨ ᠱᠠᠩᠨᠠᠯᠲᠤ | ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠦᠩᠭᠦ ᠶᠢᠨ 70% ᠶᠢ ᠪᠦᠭᠦ ᠠᠷᠠᠳ ᠤᠨ ᠪᠡᠶ᠎ᠡ | ᠴᠢᠭᠢᠷᠠᠭᠵᠢᠭᠤᠯᠬᠤ ᠦᠢᠯᠡᠰ ᠲᠤ ᠵᠠᠷᠣᠴᠠᠭᠤᠯᠣᠨ᠎ᠠ᠃ ᠪᠡᠯᠡ ᠲᠣᠬᠢᠷᠠᠭᠤᠯᠬᠤ ᠲᠣᠭᠲᠠᠴᠠ ᠶᠢ ᠰᠢᠯᠢᠳᠡᠭᠵᠢᠭᠦᠯᠵᠦ᠂ | ᠵᠠᠰᠠᠭ ᠤᠨ ᠣᠷᠳᠣᠨ ᠬᠥᠲᠥᠯᠥᠨ ᠵᠢᠯᠣᠭᠤᠣᠠᠬᠤ᠂ ᠨᠡᠶᠢᠭᠡᠮ ᠤᠨ ᠬᠦᠷᠦᠩᠭᠡ ᠶᠢᠨ ᠬᠠᠮᠲᠤ ᠪᠠᠷ ᠣᠷᠣᠯᠴᠠᠭᠰᠠᠨ | ᠪᠡᠶ᠎ᠡ ᠶᠢᠨ ᠲᠠᠮᠢᠷ ᠤᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠰᠦᠪᠡᠭᠴᠢᠯᠡᠨ | ᠪᠠᠶᠢᠭᠤᠯᠵᠣ᠂ ᠨᠡᠶᠢᠭᠡᠮ ᠤᠨ ᠤᠯᠠᠨ ᠨᠡᠶᠢᠳᠡ ᠶᠢ ᠬᠥᠲᠥᠯᠥᠨ ᠵᠢᠯᠣᠭᠤᠳᠴᠤ ᠪᠠᠶᠢᠭᠠᠳ ᠪᠦᠭᠦ ᠠᠷᠠᠳ ᠤᠨ ᠪᠡᠶ᠎ᠡ | ᠴᠢᠭᠢᠷᠠᠭᠵᠢᠭᠤᠯᠬᠤ ᠦᠢᠯᠡᠰ ᠲᠤ ᠨᠡᠮᠡᠷᠢ ᠬᠠᠨᠳᠢᠪ ᠬᠢᠯᠭᠡᠨ᠎ᠠ᠃ ᠨᠡᠶᠢᠭᠡᠮ ᠤᠨ ᠬᠦᠴᠦᠨ ᠠᠴᠠ ᠣᠯᠠᠨ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠤᠶᠤ ᠡᠯ᠎ᠡ ᠱᠠᠲᠤᠨ ᠤ ᠵᠠᠰᠠᠭ ᠤᠨ ᠣᠷᠳᠣᠨ | ᠵᠢᠴᠢ ᠲᠡᠭᠦᠨ ᠤ ᠰᠠᠯᠠᠭ᠎ᠠ ᠮᠥᠴᠢᠷ ᠢᠶᠠᠷ ᠳᠡᠮᠵᠢᠭᠤᠯᠣᠨ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠲᠤ | ᠬᠡᠷᠩᠯᠡᠭᠦᠯᠬᠦ ᠪᠠᠷ ᠡᠷᠬᠦᠭᠰᠡᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠬᠠᠨᠳᠢᠪᠯᠡᠯ ᠤᠨ ᠬᠢᠨᠢ ᠭᠠᠶᠢᠯᠢ ᠶᠢᠨ | ᠬᠠᠤᠯᠢ ᠶᠢᠨ ᠲᠣᠭᠲᠠᠭᠠᠯ ᠳᠤ ᠨᠡᠶᠢᠴᠡᠬᠦ ᠬᠡᠰᠡᠭ ᠢ ᠨᠢ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠪᠠ | ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢ ᠪᠤᠳᠤᠬᠤ ᠳᠠᠭᠠᠨ ᠬᠠᠤᠯᠢ ᠶᠣᠰᠣᠭᠠᠷ ᠭᠠᠶᠢᠯᠢ ᠲᠤᠰᠢᠶᠠᠬᠤ | ᠶᠣᠰᠣᠲᠠᠶ ᠠᠰᠢᠭ ᠣᠷᠣᠯᠭ᠎ᠠ ᠶᠢᠨ ᠲᠣᠭᠠᠨ ᠤ ᠳᠣᠲᠣᠷ᠎ᠠ ᠠᠴᠠ ᠬᠠᠰᠤᠵᠤ ᠭᠠᠷᠭᠠᠨ᠎ᠠ᠃ ᠠᠵᠤ ᠠᠬᠤᠶ ᠭᠦᠭᠵᠢᠭᠡᠳᠣᠢ | ᠭᠠᠵᠠᠷ ᠣᠷᠣᠨ ᠪᠠ ᠪᠠᠭᠤᠷᠠᠶᠢᠴᠤᠤᠯ ᠤᠨ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠲᠤ ᠵᠠᠷᠤᠳᠠᠯ ᠢᠶᠠᠷ | ᠲᠡᠳᠬᠦᠨ ᠳᠡᠮᠵᠢᠬᠦ ᠡᠷᠴᠢᠮ ᠢ ᠴᠢᠩᠭᠠᠷᠠᠭᠤᠯᠣᠨ᠂ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ ᠪᠠ ᠰᠠᠭᠤᠷᠢ ᠴᠢᠨᠠᠷᠲᠠᠶ | ᠪᠦᠳᠦᠭᠡᠠ ᠪᠠᠶᠢᠭᠤᠯᠤᠯᠲᠠ ᠶᠢ ᠴᠢᠩᠭᠠᠣᠠᠭᠵᠣ᠂ ᠲᠣᠪᠤᠶᠢᠮ᠎ᠠ ᠠᠰᠠᠭᠤᠳᠠᠯ ᠢ ᠰᠢᠢᠣᠡᠪᠣᠷᠢᠯᠡᠨ᠂ ᠭᠤᠣᠯᠳᠠᠯᠭ᠎ᠠ ᠲᠠᠢ | ᠣᠷᠣᠭᠤᠯᠤᠯᠲᠠ ᠶᠢ ᠪᠠᠲᠤᠯᠠᠨ᠎ᠠ᠃ | ︵ᠭᠤᠷᠪᠠ︶ ᠲᠦᠷᠦ ᠶᠢᠨ ᠪᠤᠳᠤᠯᠭ᠎ᠠ ᠪᠠ ᠬᠠᠤᠯᠢ ᠲᠦᠷᠢᠮ ᠤᠨ ᠪᠠᠲᠤᠯᠠᠭ᠎ᠠ ᠶᠢ ᠴᠢᠩᠭᠠᠷᠠᠭᠤᠯᠣᠨ᠎ᠠ᠃ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠪᠡᠶ᠎ᠡ ᠶᠢᠨ ᠲᠠᠮᠢᠷ ᠤᠨ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ | ᠲᠣᠭᠲᠠᠭᠠᠯ ᠢ ᠤᠬᠠᠭᠤᠯᠤᠨ ᠲᠤᠤᠱᠯᠠᠭᠤᠯᠬᠤ ᠡᠷᠴᠢᠮ ᠢ ᠴᠢᠩᠭᠠᠷᠠᠭᠤᠯᠵᠤ᠂ ᠠᠷᠠᠳ ᠢᠷᠭᠡᠳ ᠤᠨ ᠪᠡᠶ᠎ᠡ ᠶᠢᠨ | ᠲᠠᠮᠢᠷ ᠤᠨ ᠪᠡᠶ᠎ᠡ ᠴᠢᠭᠢᠷᠠᠭᠵᠢᠭᠤᠯᠬᠤ ᠡᠷᠬᠡ ᠪᠠ ᠪᠡᠶ᠎ᠡ ᠴᠢᠭᠢᠷᠠᠭᠵᠢᠭᠤᠯᠬᠤ ᠶᠢᠨ ᠠᠮᠤᠷ ᠲᠦᠪᠰᠢᠨ ᠢ ᠬᠠᠤᠯᠢ | ᠶᠣᠰᠣᠭᠠᠷ ᠪᠠᠲᠤᠯᠠᠬᠤ ᠬᠡᠷᠩᠳᠠᠢ᠃ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠬᠠᠤᠯᠢ ᠬᠡᠷᠡᠭᠵᠢᠬᠦᠯᠬᠦ | ᠲᠣᠭᠳᠠᠴᠨ ᠪᠠ ᠬᠠᠤᠯᠢ ᠬᠡᠷᠡᠭᠵᠢᠭᠦᠯᠬᠦ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠵᠢᠭᠤᠷᠠᠯᠳᠤᠭᠠᠨ ᠢ | ᠤᠷᠢᠳᠴᠢᠯᠠᠨ ᠰᠡᠷᠭᠡᠶᠢᠯᠡᠬᠦ ᠪᠠ ᠠᠷᠢᠯᠭᠠᠬᠤ ᠠᠵᠢᠯ ᠢ ᠰᠠᠶᠢᠲᠤᠷ ᠬᠢᠵᠦ᠂ ᠨᠡᠶᠢᠭᠡᠮ ᠤᠨ ᠡᠬᠢ ᠪᠠᠶᠠᠯᠢᠭ ᠢ ᠠᠰᠢᠭᠯᠠᠨ | ᠤᠯᠠᠨ ᠶᠠᠩᠵᠤ ᠶᠢᠨ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠨ᠎ᠠ᠃ ᠬᠢᠨᠠᠯᠳᠠ ᠬᠠᠮᠢᠶᠠᠷᠣᠯᠳᠠ ᠶᠢᠨ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠣᠨ ᠲᠤᠰ | ᠬᠡᠷᠡᠭᠵᠢᠭᠦᠯᠬᠦ ᠲᠥᠯᠥᠪᠯᠡᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠴᠢᠩᠭ᠎ᠠ ᠬᠢᠨᠠᠯᠲᠠ ᠲᠠᠯᠪᠢᠵᠤ᠂ ᠪᠡᠶ᠎ᠡ ᠶᠢᠨ | ᠲᠠᠮᠢᠷ ᠤᠨ ᠰᠠᠯᠠᠭ᠎ᠠ ᠮᠥᠴᠢᠷ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨᠠᠵᠤ ᠪᠠᠶᠢᠴᠠᠭᠠᠬᠤ ᠡᠭᠦᠷᠭᠡ | ᠴᠢᠳᠠᠪᠣᠷᠢ ᠶᠢ ᠬᠠᠤᠯᠢ ᠶᠣᠰᠣᠭᠠᠷ ᠴᠢᠩᠭᠠᠳᠬᠠᠵᠤ᠂ ᠬᠡᠷᠩᠵᠢᠭᠦᠯᠭᠦ ᠲᠥᠯᠥᠪᠯᠡᠭᠡ ᠶᠢᠨ ᠤᠷᠤᠭᠰᠢᠲᠠᠶ | ᠬᠡᠷᠡᠭᠵᠢᠭᠦᠯᠣᠭ᠍ᠳᠡᠭᠦ ᠶᠢ ᠪᠠᠳᠣᠯᠠᠨ᠎ᠠ᠃ | ︵ᠲᠦᠷᠪᠡ︶ ᠶᠠᠪᠤᠴᠨ ᠶᠢᠨ ᠬᠢᠨᠠᠯᠳᠠ ᠬᠠᠮᠢᠶᠠᠷᠣᠯᠳᠠ ᠪᠠ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ | ᠵᠢᠱᠢᠬᠦ ᠶᠢ ᠴᠢᠩᠳᠠᠯᠠᠨ᠎ᠠ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ | ᠲᠤᠰ ᠭᠠᠵᠠᠷ ᠣᠷᠣᠨ ᠤ ︽ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠬᠡᠷᠡᠭᠵᠢᠭᠦᠯᠬᠦ ᠲᠥᠯᠥᠪᠯᠡᠭᠡ ︵ | 2016 — 2020 ᠣᠨ︶︾ ᠶᠢ ᠲᠣᠭᠳᠠᠭᠠᠵᠣ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠ | ᠡᠭᠦᠷᠭᠡ ᠶᠢᠨ ᠠᠵᠢᠯ ᠬᠤᠪᠢᠶᠠᠷᠢᠯᠠᠯ ᠢᠶᠠᠨ ᠲᠣᠳᠣᠷᠬᠠᠶᠢᠯᠠᠵᠣ᠂ ᠬᠢᠨᠠᠯᠳᠠ ᠳᠠᠯᠪᠢᠵᠣ ᠪᠠᠶᠢᠴᠠᠭᠠᠬᠤ ᠶᠢ ᠴᠢᠩᠭᠠᠳᠬᠠᠬᠤ | ᠬᠡᠷᠡᠭᠲᠡᠶ᠃ ᠣᠨ ᠤ ᠠᠵᠢᠯ ᠤᠨ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠣ᠂ ᠠᠬᠢᠭᠤᠯᠬᠤ | ᠠᠯᠬᠤᠮ ᠲᠠᠷᠠᠭᠠᠯᠠᠯ ᠢ ᠲᠣᠳᠣᠷᠬᠠᠶᠢᠯᠠᠨ᠂ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ | ᠲᠥᠯᠥᠪᠵᠢᠭᠦᠯᠭᠡ ᠳᠤ ᠣᠷᠣᠭᠤᠯᠬᠤ᠂ ᠵᠠᠷᠤᠳᠠᠯ ᠢ ᠵᠢᠭᠰᠠᠭᠠᠨ ᠵᠠᠷᠤᠴᠠᠭᠤᠯᠬᠤ᠂ ᠪᠡᠯᠡᠣᠡᠭᠡᠮᠵᠢ ᠶᠢᠨ ᠪᠦᠲᠦᠭᠡᠨ | ᠪᠠᠶᠢᠭᠤᠯᠤᠯᠲᠠ᠂ ᠠᠵᠢᠯᠯᠠᠭ᠎ᠠ ᠥᠷᠨᠢᠭᠦᠯᠭᠦ᠂ ᠲᠡᠳᠬᠦᠨ ᠲᠡᠮᠵᠢᠵᠦ ᠬᠥᠲᠥᠯᠥᠨ ᠵᠢᠯᠣᠭᠤᠳᠬᠤ ᠪᠠ ᠬᠢᠨᠠᠯᠳᠠ | ᠬᠠᠮᠢᠶᠠᠷᠣᠯᠳᠠ ᠵᠡᠷᠭᠡ ᠲᠠᠯ᠎ᠠ ᠶᠢᠨ ᠠᠵᠢᠯ ᠳᠤ ᠴᠢᠭᠯᠡᠭᠦᠯᠦᠨ᠂ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ | ᠬᠦᠢᠴᠡᠳᠭᠡᠯ ᠲᠤᠭ᠎ᠠ ᠶᠢᠨ ᠰᠢᠰᠲ᠋ᠤᠮᠵᠢ ᠶᠢ ᠪᠠᠶᠢᠭᠤᠯᠵᠣ᠂ ᠭᠤᠷᠪᠠᠳᠠᠬᠢ ᠡᠲᠡᠭᠡᠳ ᠢᠶᠠᠷ ᠦᠨᠡᠯᠡᠨ ᠵᠢᠱᠢᠯᠲᠡ ᠪᠠ | ᠨᠡᠶᠢᠭᠡᠮ ᠤᠨ ᠰᠡᠣᠡᠬᠢᠯ ᠬᠠᠨᠤᠮᠵᠢᠳᠠᠢ ᠪᠠᠶᠢᠬᠤ ᠭᠡᠮᠵᠢᠶ᠎ᠠ ᠶᠢ ᠪᠠᠶᠢᠴᠠᠭᠠᠯᠭᠠᠬᠤ ᠶᠢ ᠲᠣᠭᠲᠠᠮᠠᠯ ᠬᠤᠭᠤᠴᠠᠭ᠎ᠠ ᠲᠠᠢ ᠪᠠᠷ | ᠥᠷᠨᠢᠭᠦᠯᠵᠦ᠂ ᠭᠤᠣᠯ ᠬᠠᠷᠠᠯᠲᠠ ᠪᠠ ᠴᠢᠬᠤᠯᠠ ᠶᠡᠭᠡ ᠲᠦᠷᠦᠯ ᠵᠦᠢᠯ ᠢ ᠬᠡᠷᠡᠭᠵᠢᠭᠦᠯᠬᠦ ᠠᠷᠭ᠎ᠠ ᠬᠡᠮᠵᠢᠶ᠎ᠡ ᠪᠣᠯᠣᠨ | ᠶᠠᠪᠣᠭᠳᠠᠭᠤᠯᠵᠣ ᠪᠠᠶᠢᠭ᠎ᠠ ᠪᠠᠶᠢᠳᠠᠯ ᠳᠤ ᠲᠤᠰᠬᠠᠶ ᠵᠦᠢᠯ ᠤᠨ ᠦᠨᠡᠯᠡᠨ ᠵᠢᠱᠢᠯᠳᠠ ᠬᠢᠵᠣ᠂ ᠤᠯᠠᠨ ᠲᠠᠯ᠎ᠠ ᠪᠠᠷ | ᠬᠢᠨᠠᠯᠲᠠ ᠲᠠᠯᠪᠢᠵᠤ ᠬᠠᠷᠢᠭᠤ ᠲᠤᠰᠬᠠᠬᠤ ᠲᠣᠭᠲᠠᠴᠠ ᠶᠢ ᠪᠤᠢ ᠪᠣᠯᠭᠠᠨ᠎ᠠ᠃ 2020 ᠣᠨ ᠪᠣᠯᠳᠠᠯ᠎ᠠ᠂ ᠬᠤᠰᠢᠭᠤ | ᠰᠢᠶᠠᠨ ᠤ ᠱᠠᠲᠤᠨ ᠠᠴᠠ ᠳᠡᠭᠡᠭᠰᠢᠬᠢ ᠪᠡᠶ᠎ᠡ ᠶᠢᠨ ᠲᠠᠮᠢᠷ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠳᠤᠷᠠᠯᠴᠠᠨ᠂ ᠲᠤᠰ ᠭᠠᠵᠠᠷ ᠣᠷᠣᠨ ᠤ ︽ᠪᠦᠭᠦ ᠠᠷᠠᠳ ᠤᠨ ᠪᠡᠶ᠎ᠡ | ᠴᠢᠭᠢᠷᠠᠭᠵᠢᠭᠤᠯᠬᠤ ᠶᠢᠨ ᠬᠡᠷᠡᠭᠵᠢᠭᠦᠯᠬᠦ ᠲᠥᠯᠥᠪᠯᠡᠭᠡ ︵2016 — 2020 ᠣᠨ︶︾ ᠶᠢ ᠬᠡᠷᠡᠭᠵᠢᠭᠦᠯᠦᠭᠰᠡᠨ | ᠪᠠᠶᠢᠳᠠᠯ ᠳᠤ ᠪᠦᠬᠦ ᠲᠠᠯ᠎ᠠ ᠪᠠᠷ ᠦᠨᠡᠯᠡᠨ ᠵᠢᠱᠢᠯᠳᠠ ᠬᠢᠬᠦ ᠶᠢᠨ ᠬᠠᠮᠳᠣ᠂ ᠦᠨᠡᠯᠡᠨ ᠵᠢᠱᠢᠭᠰᠡᠨ ᠮᠡᠳᠡᠭᠦᠯᠦᠯᠲᠡ ᠪᠠᠨ | ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠭᠦ ᠬᠡᠷᠩᠳᠠᠢ᠃ |