ᠪᠦᠬᠦ ᠤᠷᠤᠨ ᠤ ᠬᠤᠳᠠᠯᠳᠤᠭᠠᠨ ᠤ ᠶᠠᠪᠤᠳᠠᠯ ᠪᠠ ᠬᠢᠯᠢ ᠶᠢᠨ ᠪᠤᠭᠤᠮᠳᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2017/2/16
     2 ᠳ᠋ᠤᠭᠠᠷ ᠰᠠᠷ᠎ᠠ ᠶᠢᠨ 14᠎ ᠤ ᠡᠳᠦᠷ᠂ ᠪᠦᠬᠦ ᠤᠷᠤᠨ ᠤ ᠬᠤᠳᠠᠯᠳᠤᠭᠠᠨ ᠤ ᠶᠠᠪᠤᠳᠠᠯ ᠪᠠ ᠬᠢᠯᠢ ᠶᠢᠨ ᠪᠤᠭᠤᠮᠳᠠ ᠶᠢᠨ ᠠᠵᠢᠯ ᠤᠨ ᠬᠤᠷᠠᠯ ᠬᠤᠷᠠᠯᠳᠤᠵᠤ᠂ 2016 ᠣᠨ ᠤ ᠪᠦᠬᠦ ᠤᠷᠤᠨ ᠤ ᠬᠤᠳᠠᠯᠳᠤᠭᠠᠨ ᠤ ᠶᠠᠪᠤᠳᠠᠯ ᠪᠠ ᠬᠢᠯᠢ ᠶᠢᠨ ᠪᠤᠭᠤᠮᠳᠠ ᠶᠢᠨ ᠠᠵᠢᠯ ᠢ ᠳ᠋ᠦᠩᠨᠡᠵᠦ᠂ ᠪᠠᠶᠢᠳᠠᠯ ᠢ ᠵᠠᠳᠠᠯᠤᠨ᠂ ᠲᠤᠷᠰᠢᠯᠭ᠎ᠠ ᠪᠠᠨ ᠰᠤᠯᠢᠯᠴᠠᠵᠤ᠂ 2017 ᠣᠨ ᠤ ᠠᠵᠢᠯ ᠢᠶᠠᠨ ᠰᠤᠳᠤᠯᠤᠨ ᠪᠠᠶᠢᠷᠢᠯᠠᠭᠤᠯᠵᠠᠢ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠦᠪᠡᠷᠳᠡᠭᠡᠨ ᠵᠠᠰᠠᠬᠤ ᠤᠷᠤᠨ ᠤ ᠪᠠᠶᠢᠩᠭᠤ ᠶᠢᠨ ᠲᠡᠳ᠋ ᠲᠡᠷᠢᠭᠦᠯᠡᠭᠴᠢ ᠵᠠᠩ ᠵᠢᠶᠠᠨ ᠮᠢᠨ ᠬᠤᠷᠠᠯ ᠳᠤ ᠤᠷᠤᠯᠴᠠᠨ ᠶᠠᠷᠢᠶ᠎ᠠ ᠲᠠᠯᠪᠢᠵᠠᠢ᠃      ᠵᠠᠩ ᠵᠢᠶᠠᠨ ᠮᠢᠨ ᠵᠢᠭᠠᠵᠤ ᠭᠠᠷᠭᠠᠭᠰᠠᠨ ᠨᠢ᠂ 2016 ᠣᠨ ᠳᠤ ᠪᠦᠬᠦ ᠤᠷᠤᠨ ᠤ ᠬᠤᠳᠠᠯᠳᠤᠭᠠᠨ ᠤ ᠶᠠᠪᠤᠳᠠᠯ ᠪᠠ ᠬᠢᠯᠢ ᠶᠢᠨ ᠪᠤᠭᠤᠮᠳᠠ ᠶᠢᠨ ᠰᠢᠰᠲ᠋ᠧᠮ ᠤᠨ ᠬᠢᠨ ᠬᠦᠴᠢᠷ ᠪᠡᠷᠭᠡᠰᠢᠶᠡᠯ ᠢ ᠲᠠᠪᠠᠨ᠂ ᠰᠠᠨᠠᠭᠠᠴᠢᠯᠠᠭ᠎ᠠ ᠠᠴᠠ ᠪᠠᠨ ᠠᠵᠢᠯᠯᠠᠨ᠂ ᠭᠦᠢᠯᠭᠡᠭᠡ ᠶᠢ ᠠᠮᠢᠳᠤᠯᠢᠠᠠᠵᠢᠭᠤᠯᠬᠤ᠂ ᠬᠡᠷᠡᠭᠯᠡᠭᠡ ᠶᠢ ᠦᠷᠭᠡᠳᠭᠡᠬᠦ᠂ ᠭᠠᠳᠠᠭᠠᠳᠤ ᠠᠷᠠᠯᠵᠢᠶ᠎ᠠ ᠶᠢ ᠲᠤᠭᠳᠠᠭᠤᠨ ᠪᠠᠶᠢᠯᠭᠠᠬᠤ᠂ ᠨᠡᠭᠡᠭᠡᠯᠳᠡ ᠬᠢᠬᠦ ᠶᠢ ᠠᠬᠢᠭᠤᠯᠬᠤ ᠲᠠᠯ᠎ᠠ ᠪᠠᠷ ᠬᠦᠴᠦᠯᠡᠵᠦ᠂ ᠬᠤᠳᠠᠯᠳᠤᠭᠠᠨ ᠤ ᠶᠠᠪᠤᠳᠠᠯ ᠤᠨ ᠡᠷᠬᠢᠯᠳᠡ ᠲᠤᠭᠳᠠᠭᠤᠨ ᠤ ᠲᠤᠮᠳᠠ ᠰᠠᠶᠢᠵᠢᠷᠠᠯᠳᠠ ᠲᠠᠢ᠂ ᠤᠳᠤ ᠦᠶ᠎ᠡ ᠶᠢᠨ ᠭᠦᠢᠯᠭᠡᠭᠡᠨ ᠤ ᠦᠢᠯᠡᠰ ᠲᠦᠷᠭᠡᠨ ᠬᠦᠭᠵᠢᠵᠦ᠂ ᠭᠠᠳᠠᠭᠠᠳᠤ ᠠᠷᠠᠯᠵᠢᠶ᠎ᠠ ᠲᠤᠭᠳᠠᠭᠤᠨ  ᠎ ᠢᠶᠠᠷ ᠰᠠᠶᠢᠵᠢᠷᠠᠨ᠂ ᠨᠡᠭᠡᠭᠡᠯᠳᠡ ᠶᠢᠨ ᠲᠠᠪᠴᠠᠩ ᠤᠨ ᠪᠠᠶᠢᠭᠤᠯᠤᠯᠳᠠ ᠰᠢᠨ᠎ᠠ ᠰᠢᠪᠳᠤᠯᠤᠯᠳᠠ ᠶᠢ ᠪᠡᠶᠡᠯᠡᠭᠦᠯᠪᠡ ᠭᠡᠵᠡᠢ᠃      ᠵᠠᠩ ᠵᠢᠶᠠᠨ ᠮᠢᠨ᠂ ᠰᠢᠨ᠎ᠠ ᠴᠠᠭ ᠦᠶ᠎ᠠ ᠶᠢᠨ ᠬᠤᠳᠠᠯᠳᠤᠭᠠᠨ ᠤ ᠶᠠᠪᠤᠳᠠᠯ ᠪᠤᠯᠤᠨ ᠬᠢᠯᠢ ᠶᠢᠨ ᠪᠤᠭᠤᠮᠳᠠ ᠶᠢᠨ ᠠᠵᠢᠯ ᠢ ᠰᠠᠶᠢᠳᠤᠷ ᠬᠢᠬᠦ ᠨᠢ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠠᠬᠢᠭᠤᠯᠬᠤ ᠳᠤ ᠴᠢᠬᠤᠯᠠ ᠠᠴᠢ ᠬᠤᠯᠪᠤᠭᠳᠠᠯ ᠲᠠᠢ᠃ ᠠᠮᠵᠢᠯᠳᠠ ᠪᠠᠨ ᠨᠤᠳᠠᠯᠠᠵᠤ᠂ ᠰᠢᠨ᠎ᠠ ᠪᠠᠶᠢᠳᠠᠯ ᠲᠤᠤᠷᠡᠬᠢ ᠬᠤᠳᠠᠯᠳᠤᠭᠠᠨ ᠤ ᠶᠠᠪᠤᠳᠠᠯ ᠪᠠ ᠬᠢᠯᠢ ᠶᠢᠨ ᠪᠤᠭᠤᠮᠳᠠ ᠶᠢᠨ ᠠᠵᠢᠯ ᠢ ᠰᠠᠶᠢᠳᠤᠷ ᠬᠢᠬᠦ ᠢᠳᠡᠭᠡᠯ ᠵᠤᠷᠢᠭ ᠢᠶᠠᠨ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠳᠡᠢ᠃ ᠪᠠᠶᠢᠳᠠᠯ ᠢ ᠡᠵᠡᠮᠳᠡᠵᠦ᠂ ᠰᠢᠨ᠎ᠠ ᠪᠠᠶᠢᠳᠠᠯ ᠲᠤᠤᠷᠠᠬᠢ ᠬᠤᠳᠠᠯᠳᠤᠭᠠᠨ ᠤ ᠶᠠᠪᠤᠳᠠᠯ ᠪᠠ ᠬᠢᠯᠢ ᠶᠢᠨ ᠪᠤᠭᠤᠮᠳᠠ ᠶᠢᠨ ᠠᠵᠢᠯ ᠢ ᠰᠠᠶᠢᠳᠤᠷ ᠬᠢᠬᠦ ᠰᠠᠨᠠᠭᠠᠴᠢᠯᠠᠭᠠᠳᠤ ᠴᠢᠨᠠᠷ ᠢᠶᠠᠨ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠳᠡᠢ᠃ ᠭᠤᠤᠯᠳᠠᠯᠭ᠎ᠠ ᠶᠢ ᠲᠤᠪᠤᠶᠢᠯᠭᠠᠵᠤ᠂ ᠰᠢᠨ᠎ᠠ ᠪᠠᠶᠢᠳᠠᠯ ᠲᠤᠤᠷᠠᠬᠢ ᠬᠤᠳᠠᠯᠳᠤᠭᠠᠨ ᠤ ᠶᠠᠪᠤᠳᠠᠯ ᠪᠠ ᠬᠢᠯᠢ ᠶᠢᠨ ᠪᠤᠭᠤᠮᠳᠠ ᠶᠢᠨ ᠠᠵᠢᠯ ᠤᠨ ᠰᠢᠨ᠎ᠠ ᠪᠠᠶᠢᠳᠠᠯ ᠢ ᠤᠯᠠᠮ ᠨᠢᠭᠡ ᠠᠯᠬᠤᠮ ᠨᠡᠭᠡᠭᠡᠬᠦ ᠬᠡᠷᠡᠭᠳᠡᠢ᠃ ᠴᠢᠩᠭ᠎ᠠ ᠠᠳᠬᠤᠵᠤ ᠪᠤᠳᠠᠳᠠᠢ ᠳᠤ ᠨᠠᠶᠢᠳᠠᠪᠤᠷᠢᠵᠢᠭᠤᠯᠤᠨ᠂ ᠰᠢᠨ᠎ᠠ ᠪᠠᠶᠢᠳᠠᠯ ᠲᠤᠤᠷᠠᠬᠢ ᠬᠤᠳᠠᠯᠳᠤᠭᠠᠨ ᠤ ᠶᠠᠪᠤᠳᠠᠯ ᠪᠠ ᠬᠢᠯᠢ ᠶᠢᠨ ᠪᠤᠭᠤᠮᠳᠠ ᠶᠢᠨ ᠠᠵᠢᠯ ᠢ ᠰᠠᠶᠢᠳᠤᠷ ᠬᠢᠬᠦ ᠴᠢᠳᠠᠪᠤᠷᠢ ᠪᠠ ᠲᠦᠪᠰᠢᠨ ᠢᠶᠠᠨ ᠤᠯᠠᠮ ᠨᠢᠭᠡ ᠠᠯᠬᠤᠮ ᠲᠡᠭᠡᠭᠰᠢᠯᠡᠭᠦᠯᠬᠦ ᠬᠡᠷᠡᠭᠳᠡᠢ ᠭᠡᠵᠦ ᠴᠢᠬᠤᠯᠠᠴᠢᠯᠠᠪᠠ᠃      ᠵᠠᠩ ᠵᠢᠶᠠᠨ ᠮᠢᠨ᠂ ᠪᠦᠬᠦ ᠤᠷᠤᠨ ᠤ ᠡᠯ᠎ᠠ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠵᠢᠴᠢ ᠬᠤᠳᠠᠯᠳᠤᠭᠠᠨ ᠤ ᠶᠠᠪᠤᠳᠠᠯ ᠤᠨ ᠰᠢᠰᠲ᠋ᠧᠮ ᠤᠨ ᠬᠢᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠲᠦᠪ ᠤᠨ ᠪᠠ ᠦᠪᠡᠷᠳᠡᠭᠡᠨ ᠵᠠᠰᠠᠬᠤ ᠤᠷᠤᠨ ᠤ ᠡᠯ᠎ᠠ ᠲᠦᠷᠦᠯ ᠤᠨ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠲᠡᠭᠡᠷ᠎ᠠ ᠨᠢᠭᠡᠳᠭᠡᠵᠦ᠂ ᠲᠤᠭᠳᠠᠭᠤᠨ ᠤ ᠲᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ ᠂ ᠪᠦᠬᠦ ᠤᠷᠤᠨ ᠤ ᠤᠯᠤᠰ ᠤᠨ ᠲᠤᠳᠤᠭᠠᠳᠤ ᠶᠢᠨ ᠠᠷᠠᠯᠵᠢᠶ᠎ᠠ ᠶᠢᠨ ᠭᠦᠢᠯᠭᠡᠭᠡ᠂ ᠭᠠᠳᠠᠭᠠᠳᠤ ᠠᠷᠠᠯᠵᠢᠶ᠎ᠠ᠂ ᠭᠠᠳᠠᠭᠠᠳᠤ ᠪᠡᠯᠡ᠂ ᠭᠠᠳᠠᠭᠠᠳᠤ ᠳᠤ ᠪᠡᠯᠡ ᠤᠷᠤᠭᠤᠯᠬᠤ ᠬᠢᠭᠡᠳ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢᠨ ᠬᠠᠷᠢᠴᠠᠭ᠎ᠠ ᠶᠢ ᠵᠦᠪ ᠤᠨᠤᠪᠴᠢᠳᠠᠢ ᠡᠵᠡᠮᠳᠡᠨ᠂ ᠰᠢᠨ᠎ᠠ ᠰᠡᠳᠭᠢᠴᠡ᠂ ᠰᠢᠨ᠎ᠠ ᠣᠨᠣᠯᠵᠢᠬᠤᠨ᠂ ᠰᠢᠨ᠎ᠠ ᠠᠷᠭ᠎ᠠ ᠪᠠᠷ ᠬᠤᠳᠠᠯᠳᠤᠭᠠᠨ ᠤ ᠶᠠᠪᠤᠳᠠᠯ ᠪᠤᠯᠤᠨ ᠬᠢᠯᠢ ᠶᠢᠨ ᠪᠤᠭᠤᠮᠳᠠ ᠶᠢᠨ ᠠᠵᠢᠯ ᠤᠨ ᠰᠢᠨ᠎ᠠ ᠤᠷᠤᠨ ᠵᠠᠢ ᠶᠢ ᠦᠷᠭᠡᠳᠭᠡᠵᠦ᠂ ᠬᠤᠳᠠᠯᠳᠤᠭᠠᠨ ᠤ ᠶᠠᠪᠤᠳᠠᠯ ᠪᠤᠯᠤᠨ ᠬᠢᠯᠢ ᠶᠢᠨ ᠪᠤᠭᠤᠮᠳᠠ ᠶᠢᠨ ᠬᠦᠭᠵᠢᠯᠳᠡ ᠶᠢᠨ ᠰᠢᠨ᠎ᠠ ᠬᠦᠳᠡᠯᠭᠡᠭᠦᠷ ᠢ ᠪᠦᠷᠢᠯᠳᠦᠭᠦᠯᠦᠨ᠂ ᠪᠦᠬᠦ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠶᠡᠭᠡ ᠲᠠᠯ᠎ᠠ ᠳᠤ ᠨᠡᠩ ᠰᠠᠶᠢᠲᠤᠷ ᠦᠢᠯᠡᠴᠢᠯᠡᠬᠦ ᠬᠡᠷᠡᠭᠳᠡᠢ ᠭᠡᠵᠦ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号