| | 2 ᠳ᠋ᠤᠭᠠᠷ ᠰᠠᠷ᠎ᠠ ᠶᠢᠨ 15 ᠤ ᠡᠳᠦᠷ᠂ ᠰᠤᠷᠪᠤᠯᠵᠢᠯᠠᠭᠴᠢ ᠬᠥᠬᠡᠬᠤᠲᠠ ᠶᠢᠨ ᠵᠠᠰᠠᠭ ᠤᠨ ᠣᠷᠳᠣᠨ ᠤ | ᠰᠣᠨᠢᠨ ᠮᠡᠳᠡᠭᠡᠨ ᠤ ᠠᠯᠪᠠᠨ ᠬᠡᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠤᠯᠵᠤ ᠮᠡᠳᠡᠭᠰᠡᠨ ᠨᠢ᠂ ᠡᠨᠡ | ᠵᠢᠯ ᠤᠨ 9 ᠳ᠋ᠦ᠋ᠭᠡᠷ ᠰᠠᠷ᠎ᠠ ᠶᠢᠨ13-16 ᠤ ᠡᠳᠦᠷ᠂ 26 ᠳ᠋ᠤᠭᠠᠷ ᠬᠤᠭᠤᠴᠠᠭᠠᠨ ᠤ ᠳᠤᠮᠳᠠᠳᠤ ᠤᠯᠤᠰ ᠤᠨ | ᠠᠯᠲᠠᠨ ᠲᠠᠬᠢᠶ᠎ᠠ ᠥᠨᠢᠷ ᠴᠡᠴᠡᠭ ᠺᠢᠨᠣ᠋ ᠶᠢᠨ ᠪᠠᠶᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠥᠬᠡᠬᠤᠲᠠ ᠳᠤ ᠶᠠᠪᠤᠭᠳᠠᠬᠤ ᠪᠠᠷ ᠪᠠᠶᠢᠨ᠎ᠠ᠃ | ᠳᠤᠮᠳᠠᠳᠤ ᠤᠯᠤᠰ ᠤᠨ ᠠᠯᠲᠠᠨ ᠲᠠᠬᠢᠶ᠎ᠠ ᠥᠨᠢᠷ ᠴᠡᠴᠡᠭ ᠺᠢᠨᠣ᠋ ᠶᠢᠨ ᠪᠠᠶᠠᠷ ᠪᠣᠯ ᠲᠥᠪ ᠤᠨ ᠤᠬᠠᠭᠤᠯᠬᠤ | ᠬᠡᠯᠲᠡᠰ ᠵᠦᠪᠰᠢᠶᠡᠷᠡᠵᠦ᠂ ᠳᠤᠮᠳᠠᠳᠤ ᠤᠯᠤᠰ ᠤᠨ ᠤᠳᠬ᠎ᠠ ᠵᠣᠬᠢᠶᠠᠯ ᠤᠷᠠᠯᠢᠭ ᠤᠨ ᠬᠤᠯᠪᠣᠭ᠎ᠠ ᠪᠠ ᠳᠤᠮᠳᠠᠳᠤ | ᠤᠯᠤᠰ ᠤᠨ ᠺᠢᠨᠣ᠋ ᠤᠷᠠᠯᠢᠭᠴᠢᠳ ᠤᠨ ᠨᠡᠶᠢᠭᠡᠮᠯᠢᠭ ᠠᠴᠠ ᠬᠠᠮᠲᠤᠷᠠᠨ ᠡᠷᠭᠢᠯᠡᠭᠰᠡᠨ ᠪᠦᠬᠦ ᠤᠯᠤᠰ ᠤᠨ ᠲᠤᠮᠤ | ᠬᠡᠯᠪᠡᠷᠢ ᠶᠢᠨ ᠰᠣᠶᠣᠯ ᠤᠨ ᠠᠵᠢᠯᠯᠠᠭ᠎ᠠ ᠶᠤᠮ᠂ ᠭᠠᠳᠠᠭᠠᠳᠤ ᠣᠷᠴᠢᠨ ᠤ ᠬᠢᠨ ᠳᠤ ︽ᠳᠤᠮᠳᠠᠳᠤ ᠤᠯᠤᠰ ᠤᠨ | ᠤᠤᠰᠺᠠ︾ ᠬᠡᠮᠡᠭᠳᠡᠵᠦ᠂ ᠵᠢᠯ ᠪᠦᠷᠢ ᠨᠢᠭᠡ ᠬᠤᠭᠤᠴᠠᠭ᠎ᠠ ᠡᠷᠬᠢᠯᠡᠳᠡᠭ᠃ | 2016 ᠤᠨ ᠤ ᠵᠢᠯ ᠤᠨ ᠡᠬᠢ ᠪᠠᠷ᠂ ᠬᠥᠬᠡᠬᠤᠲᠠ ᠳᠤᠮᠳᠠᠳᠤ ᠤᠯᠤᠰ ᠤᠨ ᠺᠢᠨᠤ᠋ | ᠤᠷᠠᠯᠢᠭᠴᠢᠳ ᠤᠨ ᠨᠡᠶᠢᠭᠡᠮᠯᠢᠭ ᠲᠤ ᠺᠢᠨᠣ᠋ ᠤᠷᠠᠯᠢᠭᠴᠢᠳ ᠤᠨ ᠡᠷᠭᠢᠯᠡᠬᠦ ᠭᠤᠶᠤᠴᠢᠯᠠᠬᠤ ᠪᠢᠴᠢᠭ ᠢ ᠵᠢᠩᠬᠢᠨᠢ ᠪᠠᠷ | ᠳᠡᠪᠰᠢᠭᠦᠯᠵᠦ᠂ 2016 ᠤᠨ ᠤ 9 ᠳ᠋ᠦ᠋ᠭᠡᠷ ᠰᠠᠷ᠎ᠠ ᠶᠢᠨ 24 ᠤ ᠡᠳᠦᠷ᠂ ᠲᠠᠩᠱᠠᠨ ᠬᠤᠳᠠ ᠳᠤ ᠡᠷᠬᠢᠯᠡᠭᠰᠡᠨ 25 | ᠳ᠋ᠤᠭᠠᠷ ᠬᠤᠭᠤᠴᠠᠭᠠᠨ ᠤ ᠳᠤᠮᠳᠠᠳᠤ ᠤᠯᠤᠰ ᠤᠨ ᠠᠯᠲᠠᠨ ᠲᠠᠬᠢᠶ᠎ᠠ ᠥᠨᠢᠷ ᠴᠡᠴᠡᠭ ᠺᠢᠨᠣ᠋ ᠶᠢᠨ ᠪᠠᠶᠠᠷ ᠤᠨ | ᠬᠤᠭᠤᠴᠠᠭᠠᠨ ᠳᠤ᠂ ᠬᠥᠬᠡᠬᠤᠲᠠ ᠳᠤᠮᠳᠠᠳᠤ ᠤᠯᠤᠰ ᠤᠨ ᠺᠢᠨᠣ᠋ ᠤᠷᠠᠯᠢᠭᠴᠢᠳ ᠤᠨ ᠨᠡᠶᠢᠭᠡᠮᠯᠢᠭ ᠯᠤᠭ᠎ᠠ ᠵᠢᠩᠬᠢᠨᠢ ᠪᠠᠷ | ᠭᠠᠷ ᠤᠨ ᠦᠰᠦᠭ ᠵᠢᠷᠤᠵᠤ᠂ ᠲᠤᠭ ᠲᠤᠰᠪᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠩᠵᠤᠨ ᠶᠠᠮᠤᠨ ᠤ ᠵᠤᠷᠭᠠᠨ ᠮᠦᠽᠧᠶ ᠶᠢᠨ ᠳᠡᠳ᠋ | ᠳᠠᠷᠤᠭ᠎ᠠ ᠾᠧ ᠵᠢᠩ ᠳ᠋ᠠᠩ 26 ᠳ᠋ᠤᠭᠠᠷ ᠬᠤᠭᠤᠴᠠᠭᠠᠨ ᠤ ᠳᠤᠮᠳᠠᠳᠤ ᠤᠯᠤᠰ ᠤᠨ ᠠᠯᠲᠠᠨ ᠲᠠᠬᠢᠶ᠎ᠠ ᠥᠨᠢᠷ ᠴᠡᠴᠡᠭ | ᠺᠢᠨᠣ᠋ ᠶᠢᠨ ᠪᠠᠶᠠᠷ ᠤᠨ ᠭᠦᠢᠴᠡᠳᠬᠡᠬᠦ ᠺᠣᠮᠢᠰ ᠤᠨ ᠠᠯᠪᠠᠨ ᠭᠡᠷ ᠤᠨ ᠪᠠᠶᠢᠩᠭᠤ ᠶᠢᠨ ᠳᠡᠳ᠋ ᠡᠷᠬᠢᠯᠡᠭᠴᠢ ᠶᠢᠨ | ᠲᠤᠰᠢᠶᠠᠯ ᠢ ᠬᠠᠷᠢᠭᠤᠴᠠᠪᠠ᠂ ᠲᠡᠷᠡ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠲᠠᠨᠢᠯᠴᠠᠭᠤᠯᠤᠭᠰᠠ ᠨᠢ᠂ ᠲᠤᠰ | ᠬᠤᠭᠤᠴᠠᠭᠠᠨ ᠤ ᠺᠢᠨᠣ᠋ ᠶᠢᠨ ᠪᠠᠶᠠᠷ ᠨᠢ ᠺᠢᠨᠣ᠋ ᠶᠢᠨ ᠡᠯᠧᠮᠧᠨ᠋ᠲ ᠢ ᠳᠡᠯᠭᠡᠨ ᠦᠵᠡᠭᠦᠯᠬᠦ ᠮᠥᠷᠲᠡᠭᠡᠨ ᠪᠠᠰᠠ | ᠬᠥᠬᠡᠬᠤᠲᠠ ᠶᠢᠨ ᠭᠠᠵᠠᠷ ᠣᠷᠣᠨ ᠤ ᠣᠨᠴᠠᠯᠢᠭ ᠪᠣᠯᠤᠨ ᠦᠨᠳᠦᠰᠦᠲᠡᠨ ᠤ ᠤᠨᠴᠠᠯᠢᠭ ᠢ ᠳᠤᠪᠤᠶᠢᠯᠭᠠᠬᠤ ᠶᠢᠨ ᠬᠠᠮᠲᠤ | ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠶᠢ ᠳᠤᠪᠤᠶᠢᠯᠭᠠᠵᠤ᠂ ᠣᠯᠠᠨ ᠲᠦᠮᠡᠨ ᠤ ᠣᠷᠣᠯᠴᠠᠬᠤ ᠬᠡᠮᠵᠢᠶ᠎ᠡ ᠪᠠ | ᠲᠦᠷᠦᠭᠳᠡᠯ ᠤᠨ ᠮᠡᠳᠡᠷᠡᠮᠵᠢ ᠶᠢ ᠨᠡᠮᠡᠭᠳᠡᠭᠦᠯᠦᠨ᠎ᠡ᠃ ︽ᠡᠨᠡ ᠵᠢᠯ ᠶᠠᠭ ᠰᠠᠶᠢᠬᠠᠨ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠤᠢ ᠲᠤᠬᠢᠶᠠᠯᠳᠤᠭᠰᠠᠨ ᠪᠤᠯᠬᠤᠷ᠂ ᠲᠤᠰ ᠬᠤᠭᠤᠴᠠᠭᠠᠨ ᠤ | ᠺᠢᠨᠣ᠋ ᠶᠢᠨ ᠪᠠᠶᠠᠷ ᠨᠢ ᠳᠡᠯᠡᠬᠡᠶ ᠳ᠋ᠠᠬᠢᠨ ᠳᠤ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠠᠤᠭ᠎ᠠ ᠶᠡᠭᠡ | ᠦᠷ᠎ᠡ ᠪᠦᠲᠦᠭᠡᠯ ᠢ ᠬᠠᠷᠠᠭᠤᠯᠵᠤ᠂ ᠮᠠᠨ ᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠤ | ᠰᠣᠶᠣᠯ ᠤᠨ ᠰᠣᠯᠢᠯᠴᠠᠭ᠎ᠠ ᠪᠠ ᠬᠦᠭᠵᠢᠯᠲᠡ ᠳᠤ ᠢᠳᠡᠪᠬᠢᠲᠡᠶ ᠦᠢᠯᠡᠳᠦᠯ ᠦᠵᠡᠭᠦᠯᠬᠦ ᠪᠣᠯᠤᠨ᠎ᠠ︾ ᠭᠡᠵᠡᠢ ᠃ | ᠣᠶᠢᠯᠠᠭᠠᠭᠰᠠᠨ ᠢᠶᠠᠷ᠂ ᠲᠤᠰ ᠬᠤᠭᠤᠴᠠᠭᠠᠨ ᠤ ᠺᠢᠨᠣ᠋ ᠶᠢᠨ ᠪᠠᠶᠠᠷ ᠤᠨ ᠬᠤᠭᠤᠴᠠᠭᠠᠨ ᠳᠤ᠂ ᠺᠢᠨᠣ᠋ | ᠤᠷᠠᠯᠢᠭᠴᠢᠳ ᠤᠨ ᠨᠡᠶᠢᠭᠡᠮᠯᠢᠭ ᠤᠨ ᠲᠣᠭᠲᠠᠭᠠᠭᠰᠠᠨ ᠭᠤᠣᠯ ᠴᠣᠭᠴᠠ ᠶᠢᠨ ᠠᠵᠢᠯᠯᠠᠭ᠎ᠠ ᠪᠠ ᠬᠥᠬᠡᠬᠤᠲᠠ ᠶᠢᠨ | ᠦᠪᠡᠷ ᠢᠶᠠᠨ ᠵᠢᠷᠤᠵᠤ ᠲᠦᠯᠦᠪᠯᠡᠭᠰᠡᠨ ᠭᠠᠵᠠᠷ ᠣᠷᠣᠨ ᠤ ᠣᠨᠴᠠᠯᠢᠭ ᠲᠠᠢ ᠠᠵᠢᠯᠯᠠᠭ᠎ᠠ ᠶᠢ ᠦᠷᠨᠢᠭᠦᠯᠵᠦ᠂ ᠪᠠᠷᠤᠭ | 7 ᠲᠥᠷᠥᠯ ᠤᠨ 40 ᠭᠠᠷᠤᠶ ᠵᠦᠢᠯ ᠪᠠᠶᠢᠨ᠎ᠠ᠃ ᠤᠳᠤᠬᠠᠨ ᠳᠤ᠂ ᠺᠢᠨᠣ᠋ ᠶᠢᠨ ᠪᠠᠶᠠᠷ ᠨᠢ ᠡᠬᠢᠯᠡᠯᠲᠡ ᠶᠢᠨ | ᠱᠠᠲᠤᠨ ᠳᠤ ᠣᠷᠣᠵᠤ᠂ ᠤᠯᠠᠨ ᠲᠦᠮᠡᠨᠴᠢ ᠰᠣᠶᠣᠯ ᠤᠨ ᠠᠵᠢᠯᠯᠠᠭ᠎ᠠ ᠨᠢ 3 ᠳ᠋ᠤᠭᠠᠷ ᠰᠠᠷ᠎ᠠ ᠠᠴᠠ 9 ᠳ᠋ᠦ᠋ᠭᠡᠷ ᠰᠠᠷ᠎ᠠ | ᠪᠤᠯᠲᠠᠯ᠎ᠠ ᠵᠠᠯᠭᠠᠯᠳᠤᠭᠠᠪᠠᠷ ᠶᠠᠪᠤᠭᠳᠠᠬᠤ ᠪᠤᠯᠤᠨ᠎ᠠ᠃ |