ᠥᠪᠥᠷ ᠮᠣᠩᠭᠤᠯ ᠤᠨ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠡᠨᠡ ᠵᠢᠯ ᠲᠠᠷᠢᠶᠠᠯᠠᠩ ᠳᠤ ᠬᠤᠯᠪᠣᠭᠳᠠᠬᠤ ᠵᠢᠭᠡᠯᠡᠯᠭᠡ ᠶᠢ 260 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠭᠦᠯᠬᠦ ᠪᠣᠯᠣᠨ᠎ᠠ
ᠨᠡᠶᠢᠲᠡᠯᠡᠭᠰᠡᠨ ᠴᠠᠭ᠄
2017/2/16
     2 ᠳ᠋ᠤᠭᠠᠷ ᠰᠠᠷ᠎ᠠ ᠶᠢᠨ 14᠎ ᠤ ᠡᠳᠦᠷ ᠬᠤᠷᠠᠯᠳᠤᠭᠤᠯᠤᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠬᠤᠯᠪᠣᠭᠠᠲᠤ ᠬᠤᠷᠰᠢᠶᠠᠨ ᠤ ᠭᠡᠰᠢᠭᠦᠳ ᠤᠨ ᠶᠡᠭᠡ ᠬᠤᠷᠠᠯ ᠠᠴᠠ ᠣᠶᠢᠯᠠᠭᠠᠭᠰᠠᠨ ᠢᠶᠠᠷ 2017 ᠣᠨ ᠳᠤ ᠥᠪᠥᠷ ᠮᠣᠩᠭᠤᠯ ᠤᠨ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠢᠲᠡᠭᠡᠮᠵᠢᠲᠦ ᠵᠢᠭᠡᠯᠡᠯᠭᠡ ᠲᠠᠯᠪᠢᠬᠤ ᠪᠠᠨ ᠦᠷᠭᠦᠯᠵᠢᠯᠡᠨ ᠨᠡᠮᠡᠭᠳᠡᠭᠦᠯᠵᠦ᠂ ᠪᠦᠬᠦ ᠵᠢᠯ ᠳᠤ ᠲᠠᠷᠢᠶᠠᠯᠠᠩ ᠳᠤ ᠬᠤᠯᠪᠣᠭᠳᠠᠬᠤ ᠵᠢᠭᠡᠯᠡᠯᠭᠡ ᠶᠢ 260 ᠳ᠋ᠦᠩᠰᠢᠭᠤᠷ ᠣᠷᠴᠢᠮ ᠲᠥᠭᠦᠷᠢᠭ ᠰᠢᠨ᠎ᠡ ᠪᠠᠷ ᠨᠡᠮᠡᠭᠳᠡᠭᠦᠯᠵᠦ ᠂ ᠵᠢᠯ ᠤᠨ ᠡᠴᠦᠰ ᠤᠨ ᠦᠯᠡᠳᠡᠪᠦᠷᠢ ᠶᠢ 1900 ᠳ᠋ᠦᠩᠰᠢᠭᠤᠷ ᠲᠥᠭᠦᠷᠢᠭ ᠲᠤ ᠬᠦᠷᠦᠭᠦᠯᠬᠦ ᠪᠠᠷ ᠲᠥᠯᠥᠪᠯᠡᠵᠦ᠂ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ ᠶᠢᠨ ᠠᠬᠢᠴᠠ ᠶᠢ ᠲᠦᠷᠭᠡᠳᠬᠡᠬᠦ ᠳᠤ ᠬᠦᠴᠦᠲᠡᠶ ᠪᠠᠲᠤᠯᠠᠭ᠎ᠠ ᠬᠠᠩᠭᠠᠬᠤ ᠪᠠᠷ ᠪᠠᠶᠢᠨ᠎ᠠ᠃      2017 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠨᠢ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠶᠡᠬᠡᠪᠡᠷ ᠲᠡᠮᠵᠢᠵᠦ᠂ ᠠᠰ ᠲᠤᠨᠢ ᠬᠠᠷᠠᠭᠠᠯᠵᠠᠬᠤ ᠬᠦᠦ ᠮᠥᠩᠭᠦᠲᠤ ᠨᠤᠷᠮ᠎ᠠ ᠶᠢᠨ ᠪᠡᠯᠡ ᠮᠥᠩᠭᠦ ᠶᠢ 50 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠬᠢᠯᠢ ᠬᠢᠵᠠᠭᠠᠷ ᠣᠷᠣᠨ ᠤ ᠮᠠᠯ ᠠᠵᠤ ᠠᠬᠤᠶ ᠶᠢ ᠭᠤᠣᠯᠳᠠᠯᠭ᠎ᠠ ᠲᠠᠢ ᠲᠡᠳᠬᠦᠨ ᠳᠡᠮᠵᠢᠵᠦ᠂ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠵᠤ ᠪᠠᠶᠢᠭ᠎ᠠ ᠭᠠᠵᠠᠷ ᠣᠷᠣᠨ ᠤ ᠬᠥᠭᠵᠢᠯᠲᠡ ᠶᠢ ᠲᠥᠷᠭᠡᠳᠬᠡᠨ᠎ᠡ᠃ ᠣᠨᠴᠠᠯᠢᠭ ᠪᠦᠬᠦᠢ ᠳᠠᠪᠠᠭᠤᠯᠢᠭ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠲᠠᠯ᠎ᠠ ᠪᠠᠷ᠂ ᠥᠪᠥᠷ ᠮᠣᠩᠭᠤᠯ ᠤᠨ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠨᠢ ᠪᠣᠬᠢᠷᠲᠤᠯ ᠦᠭᠡᠢ ᠳᠠᠪᠠᠭᠤᠯᠢᠭ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠬᠠᠩᠭᠠᠯᠭ᠎ᠠ ᠶᠢ ᠨᠡᠮᠡᠭᠳᠡᠭᠦᠯᠬᠦ ᠶᠢ ᠲᠤᠪᠤᠶᠢᠢᠮ᠎ᠠ ᠪᠠᠶᠢᠷᠢᠨ ᠳᠤ ᠲᠠᠯᠪᠢᠵᠤ᠂ ᠠᠰ ᠲᠤᠨᠢ 100 ᠳ᠋ᠦᠩᠰᠢᠭᠤᠷ ᠲᠥᠭᠦᠷᠢᠭ ᠤᠨ ᠲᠤᠰᠬᠠᠶ ᠵᠢᠭᠡᠯᠡᠯᠭᠡ ᠲᠠᠯᠪᠢᠵᠤ᠂ ᠪᠣᠬᠢᠷᠲᠤᠯ ᠦᠭᠡᠢ ᠲᠠᠷᠢᠶᠠᠯᠠᠩ ᠮᠠᠯ ᠠᠵᠤ ᠠᠬᠤᠶ ᠂ ᠤᠰᠤ ᠠᠷᠪᠢᠯᠠᠬᠤ ᠲᠠᠷᠢᠶᠠᠯᠠᠩ ᠮᠠᠯ ᠠᠵᠤ ᠠᠬᠤᠶ᠂ ᠦᠷ᠎ᠡ ᠠᠰᠢᠭ ᠲᠠᠢ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢ ᠳᠡᠮᠵᠢᠨ᠎ᠡ᠃ ︽ᠭᠤᠷᠪᠠ ᠶᠢ ᠦᠭᠡᠶᠢᠰᠬᠡᠬᠦ ᠨᠢᠭᠡ ᠶᠢ ᠪᠠᠭᠤᠷᠠᠭᠤᠯᠬᠤ ᠨᠢᠭᠡ ᠶᠢ ᠨᠥᠬᠦᠪᠥᠷᠢᠯᠡᠬᠦ︾᠎ ᠶᠢ ᠢᠳᠡᠪᠬᠢᠲᠡᠶ ᠲᠡᠮᠵᠢᠵᠤ᠂ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠬᠦ ᠪᠠ ᠮᠠᠯᠴᠢᠨ ᠲᠠᠷᠢᠶᠠᠴᠢᠳ ᠤᠨ ᠬᠤᠲᠠ ᠣᠷᠣᠵᠤ ᠭᠡᠷ ᠪᠠᠶᠢᠰᠢᠩ ᠬᠤᠳᠠᠯᠳᠤᠨ ᠠᠪᠬᠤ ᠶᠢ ᠨᠢ ᠳᠡᠮᠵᠢᠨ᠎ᠡ᠃ ᠵᠠᠬ᠎ᠠ ᠳᠡᠯᠭᠡᠭᠦᠷᠴᠢᠯᠡᠯᠲᠡ ᠶᠢᠨ ᠥᠷᠢ ᠶᠢ ᠰᠲ᠋ᠣᠺ ᠤᠨ ᠡᠷᠬᠡ ᠪᠣᠯᠭᠠᠨ ᠬᠤᠪᠢᠷᠠᠭᠤᠯᠬᠤ ᠵᠡᠷᠭᠡ ᠠᠷᠭ᠎ᠠ ᠪᠠᠷᠢᠯ ᠢ ᠬᠠᠶᠢᠨ ᠰᠦᠪᠡᠭᠴᠢᠯᠡᠨ ᠠᠰᠢᠭᠯᠠᠵᠤ ᠪᠠᠶᠢᠭᠠᠳ ᠡᠳ᠋ ᠬᠦᠷᠦᠩᠭᠡ ᠶᠢᠨ ᠪᠦᠲᠦᠴᠡ ᠶᠢ ᠰᠢᠯᠢᠳᠡᠭᠵᠢᠭᠦᠯᠵᠦ᠂ ᠠᠵᠤ ᠠᠬᠤᠶᠢᠯᠠᠯ ᠢ ᠬᠠᠪᠰᠤᠷᠴᠤ ᠬᠦᠰᠢᠬᠦᠷᠭᠡ ᠶᠢ ᠦᠭᠡᠶᠢᠰᠬᠡᠨ᠎ᠡ᠃      2017 ᠣᠨ ᠳᠤ᠂ ᠥᠪᠥᠷ ᠮᠣᠩᠭᠤᠯ ᠤᠨ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠲᠤᠶᠢᠯ ᠤᠨ ᠤᠨᠤᠪᠴᠢᠲᠠᠢ ᠪᠠᠷ ᠶᠠᠳᠠᠭᠤ ᠶᠢ ᠲᠡᠳᠬᠦᠬᠦ ᠵᠢᠭᠡᠯᠡᠯᠭᠡ ᠶᠢ 20 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠭᠦᠯᠵᠦ᠂ ᠵᠢᠯ ᠤᠨ ᠰᠡᠭᠦᠯᠴᠢ ᠶᠢᠨ ᠦᠯᠡᠳᠡᠪᠦᠷᠢ ᠲᠤᠭ᠎ᠠ ᠶᠢ 50 ᠳ᠋ᠦᠩᠰᠢᠭᠤᠷ ᠲᠥᠭᠦᠷᠢᠭ ᠲᠤ ᠬᠦᠷᠦᠭᠦᠯᠬᠦ ᠪᠠᠷ ᠲᠥᠯᠥᠪᠯᠡᠵᠦ ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠠᠬᠢᠭᠤᠯᠬᠤ ᠪᠠᠷ ᠬᠦᠴᠦᠯᠡᠬᠦ ᠴᠢᠭ᠋ ᠪᠣᠯᠭᠠᠵᠤ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠪᠠᠭ᠎ᠠ ᠲᠣᠭᠠᠨ ᠤ ᠵᠢᠭᠡᠯᠡᠯᠭᠡ ᠶᠢᠨ ᠳᠠᠭᠠᠭᠠᠯᠲᠠ ᠪᠣᠯᠤᠨ ᠲᠦᠭᠰᠢᠭᠦᠷᠢ ᠨᠥᠬᠦᠪᠥᠷᠢᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠡᠷᠦᠬᠡ ᠳᠤ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠣᠯᠭᠤᠬᠤ ᠬᠡᠪᠴᠢᠶ᠎ᠡ ᠶᠢ ᠥᠷᠭᠡᠳᠬᠡᠨ᠎ᠡ᠃ ᠮᠥᠩᠭᠦᠨ ᠭᠦᠶᠯᠭᠡᠭᠡᠨ ᠢᠶᠠᠷ ᠶᠠᠳᠠᠭᠤ ᠶᠢ ᠲᠡᠳᠬᠦᠬᠦ ᠶᠠᠪᠤᠳᠠᠯ ᠢ ᠰᠢᠨ᠎ᠡ ᠮᠠᠯᠵᠢᠬᠤ ᠲᠠᠷᠢᠶᠠᠯᠠᠬᠤ ᠣᠷᠣᠨ ᠤ ᠪᠦᠳᠦᠭᠡᠨ ᠪᠠᠶᠢᠭᠤᠯᠤᠯᠲᠠ ᠯᠤᠭ᠎ᠠ ᠤᠶᠠᠯᠳᠤᠭᠤᠯᠬᠤ ᠶᠢ ᠪᠠᠷᠢᠮᠲᠠᠯᠠᠵᠤ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭ᠎ᠠ᠂ ᠭᠤᠣᠯᠳᠠᠯᠭ᠎ᠠ ᠲᠠᠢ ᠤᠰᠤᠨ ᠠᠰᠢᠭᠯᠠᠯᠲᠠ ᠶᠢᠨ ᠪᠠᠷᠢᠯᠭ᠎ᠠ᠂ ᠤᠰᠤᠯᠠᠯᠲᠠ ᠶᠢᠨ ᠣᠷᠣᠨ ᠢ ᠦᠷᠭᠦᠯᠵᠢᠯᠡᠨ ᠪᠦᠲᠦᠭᠡᠨ ᠪᠠᠶᠢᠭᠤᠯᠵᠤ ᠢᠵᠢ ᠪᠦᠷᠢᠳᠦᠭᠦᠯᠬᠦ ᠪᠠ ᠤᠰᠤ ᠠᠷᠪᠢᠯᠠᠬᠤ ᠥᠭᠡᠷᠡᠴᠢᠯᠡᠯᠲᠡ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠬᠦ ᠵᠡᠷᠭᠡ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠪᠦᠳᠦᠬᠡᠨ ᠪᠠᠶᠢᠭᠤᠯᠤᠯᠲᠠ ᠶᠢ ᠳᠡᠮᠵᠢᠨ᠎ᠡ᠃ ᠣᠷᠣᠨ ᠨᠤᠲᠤᠭ ᠤᠨ ᠵᠠᠰᠠᠭ ᠤᠨ ᠣᠷᠳᠣᠨ ᠯᠤᠭ᠎ᠠ ᠨᠡᠪᠲᠡᠷᠡᠯᠴᠡᠬᠦ ᠶᠢ ᠴᠢᠩᠭᠠᠳᠬᠠᠵᠤ᠂ ᠶᠠᠳᠠᠭᠤ ᠬᠦᠴᠢᠷᠳᠡᠯ ᠲᠠᠢ ᠡᠷᠤᠭᠡ ᠶᠢ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠲᠦᠷᠦ ᠶᠢᠨ ᠪᠤᠳᠤᠯᠭ᠎ᠠ ᠶᠢᠨ ᠠᠰᠢᠭ ᠲᠤᠰᠠ ᠲᠠᠢ ᠬᠤᠯᠪᠣᠬᠤ ᠲᠣᠭᠲᠠᠴᠠ ᠪᠠᠶᠢᠭᠤᠯᠬᠤ ᠶᠢ ᠲᠦᠯᠬᠢᠨ ᠠᠬᠢᠭᠤᠯᠵᠤ᠂ ᠤᠨᠴᠠᠯᠢᠬᠲᠤ ᠳᠠᠷᠢᠵᠤ ᠲᠡᠵᠢᠭᠡᠬᠦ ᠦᠢᠯᠡᠰ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳᠡᠰᠢᠯᠡᠭᠦᠯᠬᠦ ᠠᠵᠤ ᠦᠢᠯᠡᠳᠪᠦᠷᠢ ᠵᠡᠷᠭᠡ ᠳᠤ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠦᠵᠡᠭᠦᠯᠬᠦ ᠡᠷᠴᠢᠮ ᠢᠶᠠᠨ ᠨᠡᠮᠡᠭᠳᠡᠭᠦᠯᠵᠦ᠂ ᠶᠠᠳᠠᠭᠤ ᠬᠦᠴᠢᠷᠳᠡᠯ ᠲᠠᠢ ᠡᠷᠦᠬᠡ ᠳᠤ ᠲᠠᠷᠢᠶᠠᠯᠠᠩ ᠮᠠᠯ ᠠᠵᠤ ᠠᠬᠤᠶ ᠶᠢᠨ ᠪᠦᠬᠦ ᠠᠵᠤ ᠦᠢᠯᠡᠰ ᠤᠨ ᠬᠡᠯᠬᠢᠶ᠎ᠡ ᠪᠠ ᠦᠷᠲᠡᠭ ᠤᠨ ᠬᠡᠯᠬᠢᠶ᠎ᠡ ᠶᠢᠨ ᠥᠷᠲᠡᠭ ᠤᠨ ᠨᠡᠮᠡᠭᠳᠡᠯ ᠤᠨ ᠠᠰᠢᠭ ᠣᠷᠣᠯᠭ᠎ᠠ ᠶᠢ ᠨᠡᠩ ᠢᠯᠡᠭᠦᠦ ᠬᠦᠷᠲᠡᠬᠦ ᠶᠢ ᠠᠬᠢᠭᠤᠯᠤᠨ᠎ᠠ᠃      ᠡᠭᠦᠨ ᠠᠴᠠ ᠭᠠᠳᠠᠨ᠎ᠠ᠂ ᠬᠥᠳᠡᠯᠮᠦᠷᠢ ᠨᠢᠭᠲᠠᠷᠠᠭᠰᠠᠨ ᠬᠡᠯᠪᠡᠷᠢ ᠶᠢᠨ ᠠᠵᠤ ᠦᠢᠯᠡᠰ ᠤᠨ ᠬᠥᠭᠵᠢᠯᠲᠡ ᠶᠢ ᠭᠤᠤᠯᠳᠠᠯᠭ᠎ᠠ ᠲᠠᠢ ᠳᠡᠮᠵᠢᠵᠦ᠂ ᠠᠳᠠᠯ ᠦᠢᠯᠡᠰ ᠴᠣᠭᠴᠠᠯᠠᠬᠤ ᠬᠦᠷᠢᠶᠡᠯᠡᠩ ᠲᠣᠭᠤᠷᠢᠭ᠂ ᠰᠢᠨ᠎ᠡ ᠶᠢ ᠡᠭᠦᠳᠬᠦ ᠦᠢᠯᠡᠳᠪᠦᠷᠢ ᠶᠢᠨ ᠭᠠᠵᠠᠷ᠂ ᠰᠢᠨ᠎ᠡ ᠶᠢ ᠡᠭᠦᠳᠦᠭᠴᠢᠳ ᠤᠨ ᠣᠷᠣᠨ ᠵᠠᠶ ᠵᠡᠷᠭᠡ ᠨᠡᠪᠴᠢᠭᠦᠯᠬᠦ ᠲᠠᠪᠴᠠᠩ ᠤᠨ ᠪᠠᠶᠢᠭᠤᠯᠤᠯᠲᠠ ᠶᠢ ᠲᠡᠮᠵᠢᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢ ᠠᠬᠢᠭᠤᠯᠬᠤ ᠪᠠ ᠠᠳᠠᠯ ᠦᠢᠯᠡᠰ ᠴᠣᠭᠴᠠᠯᠠᠬᠤ ᠶᠢ ᠬᠥᠲᠥᠯᠥᠨ ᠳᠠᠭᠠᠭᠤᠯᠬᠤ ᠲᠥᠯᠥᠪᠯᠡᠭᠡ ᠶᠢ ᠲᠡᠳᠬᠦᠨ ᠲᠡᠮᠵᠢᠵᠤ᠂ ᠠᠳᠠᠯ ᠦᠢᠯᠡᠰ ᠪᠦᠲᠦᠭᠡᠬᠦ ᠬᠦᠰᠡᠯ ᠡᠷᠡᠮᠡᠯᠵᠡᠯ ᠪᠠ ᠴᠢᠳᠠᠪᠤᠷᠢ ᠲᠠᠢ ᠨᠡᠩ ᠤᠯᠠᠨ ᠬᠥᠮᠥᠰ ᠤᠨ ᠪᠡᠶ᠎ᠡ ᠪᠠᠨ ᠳᠠᠭᠠᠭᠠᠵᠤ ᠠᠳᠠᠯ ᠦᠢᠯᠡᠰ ᠴᠤᠭᠴᠠᠯᠠᠬᠤ ᠶᠢ ᠨᠢ ᠲᠦᠯᠬᠢᠨ ᠠᠬᠢᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号