ᠥᠪᠥᠷ ᠵᠠᠰᠠᠭ ᠲᠠᠷᠬᠠᠭᠠᠭᠰᠠᠨ ﹇2016﹈ 106 ᠳ᠋ᠤᠭᠠᠷ ᠲᠣᠭᠠᠲᠤ | 2016 ᠣᠨ ᠤ 9 ᠳ᠋ᠤᠭᠡᠷ ᠰᠠᠷ᠎ᠠ ᠶᠢᠨ 12 ᠤᠨ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽ᠣᠨᠴᠠ ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠲᠦᠷᠢᠮ ᠢ ᠤᠯᠠᠮ | ᠨᠢᠭᠡ ᠠᠯᠬᠤᠮ ᠪᠦᠷᠢᠨᠰᠢᠭᠦᠯᠬᠦ ᠲᠣᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ | ﹇2016﹈ 14 ᠳ᠋ᠤᠭᠡᠷ ᠲᠣᠭᠠᠲᠤ︶ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢ ᠤᠯᠠᠮ ᠨᠢᠭᠡ ᠠᠯᠬᠤᠮ ᠲᠡᠬᠦᠯᠳᠡᠷᠵᠢᠬᠦᠯᠦᠨ᠂ ᠬᠤᠲᠠ | ᠬᠥᠳᠡᠭᠡ ᠶᠢᠨ ᠨᠢᠭᠡᠳᠦᠯᠲᠡᠶ ᠣᠨᠴᠠ ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ | ᠲᠦᠷᠢᠮ ᠢ ᠪᠦᠷᠢᠨᠰᠢᠬᠦᠯᠬᠦ ᠶᠢᠨ ᠲᠤᠰᠠᠳᠠ᠂ ᠮᠠᠨ ᠤ ᠣᠷᠣᠨ ᠤ ᠪᠤᠳᠠᠲᠠᠢ ᠲᠠᠢ ᠪᠠᠨ ᠤᠶᠠᠯᠳᠤᠭᠤᠯᠤᠨ᠂ ᠳᠣᠣᠷᠠᠬᠢ | ᠰᠠᠨᠠᠯ ᠢ ᠳᠤᠷᠠᠳᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠣᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ | ᠬᠤᠷᠢᠶᠠᠨ ᠤ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠᠷ | ᠵᠢᠯᠤᠭᠤᠳᠤᠯᠭ᠎ᠠ ᠪᠣᠯᠭᠠᠵᠤ᠂ ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠳᠤᠯ ᠦᠭᠡᠢ᠂ ᠨᠡᠭᠡᠭᠡᠯᠳᠡ ᠲᠠᠢ᠂ | ᠬᠠᠮᠲᠤ ᠪᠠᠷ ᠬᠦᠷᠲᠡᠬᠦ ᠬᠥᠭᠵᠢᠯᠲᠡ ᠶᠢᠨ ᠣᠨᠣᠯᠵᠢᠬᠤᠨ ᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ | ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠪᠠ ︽ᠳᠥᠷᠪᠡᠨ ᠪᠦᠬᠦ ᠲᠠᠯ᠎ᠠ︾ ᠶᠢᠨ | ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠮᠠᠨ ᠤ ᠣᠷᠣᠨ ᠤ ᠬᠤᠳᠠ | ᠬᠥᠳᠡᠭᠡ ᠶᠢᠨ ᠣᠨᠴᠠ ᠬᠦᠴᠢᠷᠳᠡᠯᠲᠡᠢ ᠬᠥᠮᠦᠰ ᠤᠨ ᠲᠤᠪᠤᠶᠢᠮ᠎ᠠ ᠬᠦᠴᠢᠷᠳᠡᠯ ᠢ ᠰᠢᠢᠳᠪᠦᠷᠢᠯᠡᠬᠦ᠂ ᠬᠤᠳᠠ | ᠬᠥᠳᠡᠭᠡ ᠶᠢᠨ ᠣᠨᠴᠠ ᠬᠦᠴᠢᠷᠳᠡᠯᠲᠡᠢ ᠬᠥᠮᠦᠰ ᠤᠨ ᠦᠨᠳᠦᠰᠦᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ | ᠬᠠᠷᠠᠯᠲᠠ ᠪᠣᠯᠭᠠᠨ᠂ ᠪᠦᠬᠦᠨ ᠢ ᠪᠠᠳᠤᠯᠠᠵᠦ ᠠᠰᠠᠷᠠᠨ ᠲᠡᠵᠢᠭᠡᠬᠦ᠂ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ᠂ | ᠬᠤᠳᠠ ᠬᠥᠳᠡᠭᠡ ᠶᠢ ᠨᠢᠭᠡᠳᠦᠯᠲᠡᠶ ᠲᠥᠯᠥᠪᠵᠢᠭᠦᠯᠬᠦ᠂ ᠵᠣᠬᠢᠰᠲᠠᠶ ᠪᠠᠲᠤᠯᠠᠬᠤ᠂ ᠬᠥᠭᠵᠢᠯᠲᠡ ᠶᠢᠨ ᠦᠷ᠎ᠡ | ᠪᠦᠲᠦᠭᠡᠯ ᠢ ᠬᠠᠮᠲᠤ ᠪᠠᠷ ᠬᠦᠷᠲᠡᠬᠦ ᠪᠠᠷ ᠦᠨᠳᠦᠰᠦᠨ ᠵᠠᠷᠴᠢᠮ ᠪᠣᠯᠭᠠᠵᠤ᠂ ᠲᠦᠷᠢᠮ ᠢ ᠪᠦᠷᠢᠨᠰᠢᠭᠦᠯᠬᠦ᠂ ᠲᠦᠷᠦ ᠶᠢᠨ | ᠪᠤᠳᠤᠯᠭ᠎ᠠ ᠶᠢ ᠲᠡᠭᠦᠯᠳᠡᠷᠵᠢᠭᠦᠯᠬᠦ᠂ ᠪᠠᠶᠢᠭᠤᠯᠤᠯ ᠢ ᠰᠢᠯᠤᠭᠤᠳᠬᠠᠬᠤ᠂ ᠲᠣᠭᠲᠠᠴᠠ ᠶᠢ ᠪᠦᠷᠢᠨᠰᠢᠭᠦᠯᠬᠦ ᠶᠢ ᠴᠢᠩᠭ᠎ᠠ | ᠠᠳᠬᠤᠵᠤ᠂ ᠮᠠᠨ ᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠲᠠᠪᠤᠨ ᠪᠠᠲᠤᠯᠠᠭᠠᠲᠤ ᠡᠷᠦᠬᠡ ᠶᠢ ᠠᠰᠠᠷᠠᠨ | ᠲᠡᠵᠢᠭᠡᠬᠦ ᠪᠠ ᠬᠤᠳᠠ ᠶᠢᠨ ︽ᠭᠤᠷᠪᠠ ᠥᠭᠡᠢ︾ ᠬᠥᠮᠦᠰ ᠤᠨ ᠪᠠᠲᠤᠯᠠᠭ᠎ᠠ ᠶᠢᠨ ᠲᠦᠷᠢᠮ ᠢ ᠬᠤᠲᠠ ᠬᠥᠳᠡᠭᠡ ᠶᠢᠨ | ᠨᠢᠭᠡᠳᠦᠯᠲᠡᠶ ᠣᠨᠴᠠ ᠬᠦᠴᠢᠷᠳᠡᠯ ᠲᠠᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠲᠦᠷᠢᠮ ᠪᠣᠯᠭᠠᠨ | ᠨᠢᠭᠡᠳᠬᠡᠨ᠎ᠡ᠃ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠯᠦᠭᠡ ᠵᠣᠬᠢᠴᠠᠯᠳᠤᠭᠰᠠᠨ᠂ | ᠨᠡᠶᠢᠭᠡᠮ ᠤᠨ ᠠᠪᠤᠷᠠᠨ ᠲᠤᠰᠠᠯᠠᠬᠤ ᠪᠤᠰᠤᠳ ᠳᠦᠷᠢᠮ᠂ ᠨᠡᠶᠢᠭᠡᠮ ᠤᠨ ᠳᠠᠭᠠᠳᠬᠠᠯ᠂ ᠨᠡᠶᠢᠭᠡᠮ ᠤᠨ ᠠᠰᠠᠷᠠᠮᠵᠢ ᠶᠢᠨ | ᠲᠦᠷᠢᠮ ᠲᠠᠢ ᠵᠤᠯᠭᠠᠯᠳᠤᠭᠰᠠᠨ ᠣᠨᠴᠠ ᠬᠦᠴᠢᠷᠳᠡᠯᠳᠡᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ | ᠲᠦᠷᠢᠮ ᠢ ᠪᠠᠶᠢᠭᠤᠯᠵᠤ᠂ ᠨᠥᠬᠦᠴᠡᠯ ᠲᠤ ᠨᠡᠶᠢᠴᠡᠬᠦ ᠣᠨᠴᠠ ᠬᠦᠴᠢᠷᠳᠡᠯᠲᠡᠢ ᠬᠥᠮᠥᠨ ᠪᠦᠬᠦᠨ ᠢ ᠲᠡᠩᠬᠡᠷᠡᠭᠦᠯᠦᠨ | ᠲᠤᠰᠠᠯᠠᠵᠤ ᠠᠰᠠᠷᠠᠨ ᠲᠡᠵᠢᠭᠡᠬᠦ ᠬᠦᠷᠢᠶ᠎ᠡ ᠬᠡᠪᠴᠢᠶᠡᠨ ᠳᠤ ᠣᠷᠣᠭᠤᠯᠵᠤ᠂ ᠳᠠᠳᠠᠨ ᠤ ᠠᠮᠢᠳᠤᠷᠠᠯ ᠤᠨ ᠦᠨᠳᠦᠰᠦᠨ | ᠡᠷᠬᠡ ᠠᠰᠢᠭ ᠢ ᠦᠨᠡᠨᠬᠦ ᠬᠠᠮᠠᠭᠠᠯᠠᠨ᠎ᠠ᠃ | ᠬᠤᠶᠠᠷ᠂ ᠳᠦᠷᠢᠮ ᠤᠨ ᠠᠭᠤᠯᠭ᠎ᠠ | ︵ᠨᠢᠭᠡ︶ ᠡᠲᠡᠭᠡᠳ ᠤᠨ ᠬᠦᠷᠢᠶ᠎ᠡ ᠬᠡᠪᠴᠢᠶ᠎ᠡ᠃ ᠬᠤᠳᠠ ᠬᠥᠳᠡᠭᠡ ᠶᠢᠨ ᠨᠠᠰᠤᠲᠠᠶᠢᠴᠤᠳ᠂ ᠵᠡᠮᠳᠡᠭᠴᠦᠳ | ᠵᠢᠴᠢ ᠪᠦᠬᠦᠯᠢ 16 ᠨᠠᠰᠤ ᠬᠦᠷᠦᠭᠡᠳᠦᠢ ᠨᠠᠰᠤᠨ ᠳᠤ ᠤᠶᠢᠯᠦ ᠬᠦᠷᠦᠭᠰᠡᠦᠠ ᠪᠣᠯᠬᠤ ᠮᠥᠷᠲᠡᠭᠡᠨ ᠳᠣᠣᠷᠠᠬᠢ | ᠨᠥᠬᠦᠴᠡᠯ ᠢ ᠬᠠᠮᠲᠤ ᠳᠤᠨᠢ ᠪᠦᠷᠢᠯᠳᠦᠭᠦᠯᠦᠭᠰᠡᠨ ᠪᠠᠶᠢᠪᠠᠯ᠂ ᠣᠨᠴᠠ ᠬᠦᠴᠢᠷᠳᠡᠯᠲᠠᠢ ᠬᠥᠮᠦᠰ ᠢ ᠲᠡᠩᠬᠡᠷᠡᠭᠦᠯᠦᠨ | ᠲᠤᠰᠠᠯᠠᠵᠤ ᠠᠰᠠᠷᠠᠨ ᠲᠡᠵᠢᠭᠡᠬᠦ ᠬᠦᠷᠢᠶ᠎ᠡ ᠬᠡᠪᠴᠢᠶ᠎ᠡ ᠳᠤ ᠬᠠᠤᠯᠢ ᠶᠣᠰᠣᠭᠠᠷ ᠣᠷᠣᠭᠤᠯᠤᠨ᠎ᠠ᠃ | ᠬᠥᠳᠡᠯᠮᠦᠷᠢᠯᠡᠬᠦ ᠴᠢᠳᠠᠪᠤᠷᠢ ᠦᠭᠡᠢ᠂ ᠠᠮᠢᠳᠤᠷᠠᠯ ᠤᠨ ᠢᠷᠡᠯᠲᠡ ᠦᠭᠡᠢ᠂ ᠬᠠᠤᠯᠢ ᠪᠠᠷ ᠲᠣᠭᠲᠠᠭᠠᠭᠰᠠᠨ | ᠠᠴᠢᠯᠠᠨ ᠲᠡᠵᠢᠭᠡᠵᠦ ᠠᠰᠠᠷᠠᠨ ᠲᠡᠵᠢᠭᠡᠬᠦ ᠡᠭᠦᠷᠭᠡ ᠪᠦᠬᠦᠢ ᠬᠥᠮᠦᠨ ᠦᠭᠡᠢ ᠪᠤᠶᠤ ᠲᠡᠳᠡᠨ ᠤ ᠬᠠᠤᠯᠢ ᠪᠠᠷ | ᠲᠣᠭᠲᠠᠭᠠᠭᠰᠠᠨ ᠡᠭᠦᠷᠭᠡ ᠪᠦᠬᠦᠢ ᠬᠥᠮᠦᠨ ᠨᠢ ᠡᠭᠦᠷᠭᠡ ᠪᠠᠨ ᠭᠦᠢᠴᠡᠳᠬᠡᠬᠦ ᠴᠢᠳᠠᠪᠤᠷᠢ ᠦᠭᠡᠢ ᠪᠠᠶᠢᠬᠤ᠃ | ᠮᠠᠭᠠᠳᠯᠠᠨ ᠲᠣᠭᠲᠠᠭᠠᠬᠤ ᠪᠣᠳᠠᠲᠠᠶ ᠠᠷᠭ᠎ᠠ ᠶᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ | ᠪᠥᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ︵ᠬᠤᠶᠠᠷ︶ ᠭᠦᠢᠴᠡᠳᠬᠡᠬᠦ ᠳᠡᠰ ᠳᠠᠷᠠᠭᠠᠯᠠᠯ᠃ | 1. ᠭᠤᠶᠤᠴᠢᠯᠠᠬᠤ ᠳᠡᠰ ᠳᠠᠷᠠᠭᠠᠯᠠᠯ᠃ ᠣᠨᠴᠠ ᠬᠦᠴᠢᠷᠳᠡᠯᠲᠠᠢ ᠬᠥᠮᠦᠰ ᠢ ᠲᠡᠩᠬᠡᠷᠡᠭᠦᠯᠦᠨ ᠲᠤᠰᠠᠯᠠᠵᠤ | ᠠᠰᠠᠷᠠᠨ ᠲᠡᠵᠢᠭᠡᠬᠦ ᠶᠢ ᠭᠤᠶᠤᠴᠢᠯᠠᠬᠤ ᠳᠤ᠂ ᠲᠤᠰ ᠬᠦᠮᠦᠨ ᠨᠢ ᠪᠡᠶ᠎ᠡ ᠪᠠᠷ ᠢᠶᠠᠨ ᠡᠷᠦᠬᠡ ᠠᠮᠠ ᠶᠢᠨ ᠳᠠᠩᠰᠠ | ᠪᠠᠶᠢᠭ᠎ᠠ ᠭᠠᠵᠠᠷ ᠤᠨ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ︶ ᠳᠤ ᠪᠢᠴᠢᠭ ᠢᠶᠠᠷ ᠭᠤᠶᠤᠴᠢᠯᠠᠯ ᠭᠠᠷᠭᠠᠵᠤ᠂ ᠲᠣᠭᠲᠠᠭᠠᠯ ᠶᠣᠰᠣᠭᠠᠷ ᠬᠠᠮᠢᠶ᠎ᠠ ᠪᠦᠬᠦᠢ | ᠮᠠᠲ᠋ᠧᠷᠢᠶᠠᠯ ᠢᠶᠠᠨ ᠲᠤᠰᠢᠶᠠᠵᠤ᠂ ᠬᠥᠳᠡᠯᠮᠦᠷᠢᠯᠡᠬᠦ ᠴᠢᠳᠠᠪᠤᠷᠢ᠂ ᠠᠮᠢᠳᠤᠷᠠᠯ ᠤᠨ ᠢᠷᠡᠯᠲᠡ ᠵᠢᠴᠢ ᠠᠴᠢᠯᠠᠨ ᠲᠡᠵᠢᠭᠡᠬᠦ᠂ | ᠠᠰᠠᠷᠠᠨ ᠲᠡᠵᠢᠭᠡᠬᠦ᠂ ᠲᠡᠳᠬᠦᠨ ᠲᠡᠵᠢᠭᠡᠬᠦ ᠪᠠᠶᠢᠳᠠᠯ ᠢᠶᠠᠨ ᠪᠢᠴᠢᠭ ᠤᠨ ᠬᠡᠯᠪᠡᠷᠢ ᠪᠠᠷ ᠲᠤᠲᠤᠷᠬᠠᠶᠢᠯᠠᠨ᠎ᠠ᠃ ᠭᠡᠷᠪᠡ | ᠲᠤᠰ ᠬᠦᠮᠦᠨ ᠨᠢ ᠪᠡᠶ᠎ᠡ ᠪᠠᠷ ᠢᠶᠠᠨ ᠭᠤᠶᠤᠴᠢᠯᠠᠯ ᠬᠢᠬᠦ ᠳᠤ ᠬᠦᠴᠢᠷᠲᠡᠶ ᠪᠠᠶᠢᠪᠠᠯ᠂ ᠭᠠᠴᠠᠭ᠎ᠠ ᠲᠣᠰᠬᠤᠨ ᠤ | ᠠᠷᠠᠳ ᠤᠨ ᠵᠥᠪᠯᠡᠯ ᠳᠤ ᠨᠠᠶᠢᠳᠠᠬᠤ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ︶ ᠪᠤᠶᠤ ᠪᠤᠰᠤᠳ | ᠬᠥᠮᠦᠨ ᠲᠡᠭᠦᠨ ᠢ ᠣᠷᠣᠯᠠᠨ ᠭᠤᠶᠤᠴᠢᠯᠠᠵᠤ ᠪᠣᠯᠤᠨ᠎ᠠ᠃ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠭᠤᠶᠤᠴᠢᠯᠠᠭᠴᠢ ᠶᠢᠨ ᠲᠡᠩᠬᠡᠷᠡᠭᠦᠯᠦᠨ | ᠲᠤᠰᠠᠯᠠᠵᠤ ᠠᠰᠠᠷᠠᠨ ᠲᠡᠵᠢᠭᠡᠬᠦ ᠭᠤᠶᠤᠴᠢᠯᠠᠯ ᠢ ᠣᠯᠣᠭᠰᠠᠨ ᠤ ᠳᠠᠷᠠᠭ᠎ᠠ᠂ ᠳᠤᠰ ᠬᠦᠮᠦᠨ ᠤ ᠭᠤᠶᠤᠴᠢᠯᠠᠭᠰᠠᠨ | ᠵᠦᠢᠯ ᠤᠳ ᠨᠢ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠡᠷᠬᠡ ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠬᠤ | ᠂ ᠭᠤᠶᠤᠴᠢᠯᠠᠭᠰᠠᠨ ᠮᠠᠲ᠋ᠧᠷᠢᠶᠠᠯ ᠨᠢ ᠪᠦᠷᠢᠨ ᠭᠦᠢᠴᠡᠳ᠂ ᠲᠣᠭᠲᠠᠭᠠᠯ ᠳᠤ ᠨᠡᠶᠢᠴᠡᠭᠰᠡᠨ ᠪᠠᠶᠢᠪᠠᠯ᠂ ᠲᠡᠷᠡ | ᠳᠠᠷᠤᠶ ᠳᠤᠨᠢ ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠶ︔ ᠭᠤᠶᠤᠴᠢᠯᠠᠭᠰᠠᠨ ᠮᠠᠲ᠋ᠧᠷᠢᠶᠠᠯ ᠨᠢ ᠭᠦᠢᠴᠡᠳ ᠪᠢᠰᠢ | ᠪᠠᠶᠢᠪᠠᠯ᠂ ᠭᠤᠶᠤᠴᠢᠯᠠᠭᠴᠢ ᠳᠤ ᠨᠥᠬᠦᠪᠥᠷᠢᠯᠡᠬᠦ ᠴᠢᠬᠤᠯᠠᠲᠠᠶ ᠪᠦᠬᠦ ᠠᠭᠤᠯᠭ᠎ᠠ ᠶᠢ ᠨᠢᠭᠡ ᠯᠡ ᠤᠳᠠᠭ᠎ᠠ ᠳᠡᠭᠡᠷ᠎ᠡ | ᠮᠡᠳᠡᠭᠳᠡᠬᠦ ᠬᠡᠷᠡᠭᠲᠡᠶ︔ ᠨᠥᠬᠦᠴᠡᠯ ᠳᠤ ᠢᠯᠡᠷᠬᠡᠶ ᠨᠡᠶᠢᠴᠡᠬᠦ ᠦᠭᠡᠢ ᠪᠤᠶᠤ ᠲᠤᠰ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠡᠷᠬᠡ ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠬᠤ ᠦᠭᠡᠢ ᠪᠠᠶᠢᠪᠠᠯ᠂ ᠬᠦᠯᠢᠶᠡᠨ ᠠᠪᠴᠤ | ᠰᠢᠢᠳᠪᠦᠷᠢᠯᠡᠬᠦ ᠦᠭᠡᠢ ᠪᠠᠶᠢᠬᠤ ᠶᠢᠨ ᠬᠠᠮᠲᠤ ᠲᠡᠭᠦᠨ ᠳᠤ ᠬᠦᠯᠢᠶᠡᠨ ᠠᠪᠴᠤ ᠰᠢᠢᠳᠪᠦᠷᠢᠯᠡᠭᠰᠡᠨ ᠦᠬᠡᠢ ᠪᠠᠶᠢᠬᠤ ᠶᠢᠨ | ᠤᠴᠢᠷ ᠰᠢᠯᠲᠠᠭᠠᠨ ᠢ ᠪᠢᠴᠢᠭ ᠢᠶᠠᠷ ᠮᠡᠳᠡᠭᠳᠡᠨ᠎ᠡ᠃ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ | ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠵᠢᠴᠢ ᠭᠠᠴᠠᠭ᠎ᠠ ᠲᠣᠰᠬᠤᠨ ᠤ ᠵᠥᠪᠯᠡᠯ ︵ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ︶ ᠨᠢ ᠬᠠᠷᠢᠶ᠎ᠠ ᠣᠷᠣᠨ ᠤ ᠳᠣᠲᠣᠷᠠᠬᠢ ᠰᠠᠭᠤᠭᠠᠯᠢ ᠠᠷᠠᠳ ᠤᠨ | ᠠᠮᠢᠳᠤᠷᠠᠯ ᠤᠨ ᠪᠠᠶᠢᠳᠠᠯ ᠢ ᠴᠠᠭ ᠲᠤᠬᠠᠶ ᠳᠤᠨᠢ ᠤᠶᠢᠢᠯᠠᠭᠠᠨ ᠡᠵᠡᠮᠰᠢᠵᠦ᠂ ᠣᠨᠴᠠ ᠬᠦᠴᠢᠷᠳᠡᠯᠲᠡᠢ ᠬᠥᠮᠦᠰ ᠢ | ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠬᠥᠮᠦᠰ ᠤᠨ ᠨᠥᠬᠦᠴᠡᠯ ᠳᠤ ᠨᠡᠶᠢᠴᠡᠭᠰᠡᠨ ᠬᠦᠮᠦᠰ ᠢ ᠮᠡᠳᠡᠪᠡᠯ᠂ | ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠲᠦᠷᠦ ᠶᠢᠨ ᠪᠤᠳᠤᠯᠭ᠎ᠠ ᠶᠢ ᠲᠡᠳᠡᠨ ᠳᠤ ᠬᠡᠯᠡᠵᠦ ᠦᠭᠬᠦᠨ᠎ᠡ᠃ | ᠢᠷᠭᠡᠨ ᠤ ᠬᠡᠷᠡᠭ ᠤᠨ ᠠᠵᠢᠯᠯᠠᠭ᠎ᠠ ᠶᠢᠨ ᠴᠢᠳᠠᠪᠤᠷᠢ ᠦᠭᠡᠢ ᠵᠡᠷᠭᠡ ᠪᠡᠶ᠎ᠡ ᠪᠠᠨ ᠳᠠᠭᠠᠭᠠᠵᠤ ᠭᠤᠶᠤᠴᠢᠯᠠᠬᠤ ᠶᠢᠨ ᠠᠷᠭ᠎ᠠ | ᠦᠭᠡᠢ ᠪᠠᠶᠢᠪᠠᠯ᠂ ᠲᠡᠳᠡᠨ ᠢ ᠰᠠᠨᠠᠭᠠᠴᠢᠯᠠᠭ᠎ᠠ ᠠᠴᠠ ᠪᠠᠨ ᠬᠠᠪᠰᠤᠷᠤᠨ ᠭᠤᠶᠤᠴᠢᠯᠠᠯ ᠬᠢᠵᠤ ᠦᠭᠴᠤ ᠪᠤᠯᠤᠨ᠎ᠠ᠃ | 2. ᠬᠢᠨᠠᠨ ᠬᠠᠷᠭᠤᠭᠤᠯᠬᠤ ᠳᠡᠰ ᠳᠠᠷᠠᠭᠠᠯᠠᠯ᠃ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠭᠤᠶᠤᠴᠢᠯᠠᠯ ᠢ ᠬᠦᠯᠢᠶᠡᠨ ᠠᠪᠤᠬᠰᠠᠨ ᠤ | ᠳᠠᠷᠠᠭ᠎ᠠ᠂ ᠡᠷᠦᠭᠡ ᠳᠤ ᠣᠴᠢᠵᠤ ᠪᠠᠶᠢᠴᠠᠭᠠᠬᠤ᠂ ᠬᠥᠷᠰᠢ ᠵᠡᠷᠭᠡᠯᠡᠳᠡᠭᠡ ᠠᠴᠠ ᠨᠢ ᠰᠤᠷᠪᠤᠯᠵᠢᠯᠠᠬᠤ᠂ ᠵᠠᠬᠢᠳᠠᠯ ᠢᠶᠠᠷ | ᠭᠡᠷᠡᠴᠢ ᠣᠯᠬᠤ᠂ ᠠᠷᠠᠳᠴᠢᠯᠠᠯ ᠢᠶᠠᠷ ᠦᠨᠡᠯᠡᠨ ᠶᠠᠷᠢᠯᠴᠠᠬᠤ᠂ ᠠᠵᠤ ᠠᠬᠤᠶ ᠶᠢᠨ ᠪᠠᠶᠢᠳᠠᠯ ᠢ ᠨᠢ ᠬᠠᠷᠭᠤᠭᠤᠯᠬᠤ | ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠭᠤᠶᠤᠴᠢᠯᠠᠭᠴᠢ ᠶᠢᠨ ᠣᠷᠣᠯᠭ᠎ᠠ ᠶᠢᠨ ᠪᠠᠶᠢᠳᠠᠯ᠂ ᠡᠳ᠋ ᠬᠦᠷᠦᠩᠭᠡ ᠶᠢᠨ | ᠪᠠᠶᠢᠳᠠᠯ ᠵᠢᠴᠢ ᠪᠤᠰᠤᠳ ᠭᠡᠷᠡᠴᠢ ᠮᠠᠲ᠋ᠧᠷᠢᠶᠠᠯ ᠵᠡᠷᠭᠡ ᠳᠠᠯ᠎ᠠ ᠶᠢ ᠨᠢ ᠪᠠᠶᠢᠴᠠᠭᠠᠨ ᠬᠢᠨᠠᠨ ᠬᠠᠷᠭᠤᠭᠤᠯᠤᠭᠠᠳ᠂ 20 | ᠠᠵᠢᠯᠯᠠᠬᠤ ᠡᠳᠦᠷ ᠤᠨ ᠳᠣᠲᠣᠷ᠎ᠠ ᠠᠩᠬ᠎ᠠ ᠬᠢᠨᠠᠬᠰᠠᠨ ᠰᠠᠨᠠᠯ ᠢᠶᠠᠨ ᠳᠤᠷᠠᠳᠬᠤ ᠶᠢᠨ ᠬᠠᠮᠲᠤ᠂ ᠭᠤᠶᠤᠴᠢᠯᠠᠭᠴᠢ ᠶᠢᠨ | ᠪᠠᠶᠢᠭ᠎ᠠ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠲᠤ ᠢᠯᠡ ᠨᠡᠶᠢᠲᠡᠯᠡᠨ᠎ᠠ᠂ ᠢᠯᠡ ᠨᠡᠶᠢᠲᠡᠯᠡᠬᠦ ᠬᠤᠭᠤᠴᠠᠭ᠎ᠠ ᠶᠢ | 7 ᠡᠳᠦᠷ ᠠᠴᠠ ᠴᠦᠬᠡᠨ ᠪᠠᠶᠢᠯᠭᠠᠵᠤ ᠪᠣᠯᠬᠤ ᠦᠭᠡᠢ᠃ ᠢᠯᠡ ᠨᠡᠶᠢᠲᠡᠯᠡᠬᠦ ᠪᠠᠷ ᠳᠠᠮᠵᠢᠭᠠᠳ ᠮᠠᠳᠠᠭ ᠦᠭᠡᠢ ᠪᠠᠶᠢᠪᠠᠯ᠂ | ᠬᠤᠰᠢᠭᠤ ᠰᠢᠶᠠᠨ ︵ᠬᠤᠳᠠ᠂ ᠲᠣᠭᠤᠷᠢᠭ︶ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠳᠤ ᠬᠢᠨᠠᠨ | ᠵᠥᠪᠰᠢᠶᠡᠷᠡᠭᠦᠯᠬᠦ ᠪᠠᠷ ᠮᠡᠳᠡᠭᠦᠯᠦᠨ᠎ᠡ︔ ᠨᠥᠬᠦᠴᠡᠯ ᠳᠤ ᠨᠡᠶᠢᠴᠡᠬᠦ ᠦᠭᠡᠢ ᠪᠠᠶᠢᠪᠠᠯ᠂ ᠤᠴᠢᠷ ᠰᠢᠯᠲᠠᠭᠠᠨ ᠢ ᠨᠢ | ᠪᠢᠴᠢᠭ ᠢᠶᠠᠷ ᠮᠡᠳᠡᠭᠳᠡᠨ᠎ᠡ᠃ ᠭᠤᠶᠤᠴᠢᠯᠠᠭᠴᠢ ᠵᠢᠴᠢ ᠬᠤᠯᠪᠣᠭᠳᠠᠯ ᠪᠦᠭᠦᠢ ᠨᠢᠭᠡᠴᠡ᠂ ᠵᠣᠬᠢᠶᠠᠨ ᠪᠠᠶᠢᠭᠤᠯᠤᠯᠲᠠ | ᠪᠤᠶᠤ ᠬᠤᠪᠢ ᠬᠥᠮᠦᠨ ᠨᠢ ᠪᠠᠶᠢᠴᠠᠭᠠᠯᠲᠠ ᠬᠢᠬᠦ ᠳᠤ ᠬᠠᠮᠵᠢᠯᠴᠠᠨ᠂ ᠬᠤᠯᠪᠣᠭᠳᠠᠯ ᠪᠦᠬᠦᠢ ᠪᠠᠶᠢᠳᠠᠯ ᠢ ᠦᠨᠡᠨ | ᠮᠥᠨ ᠢᠶᠠᠷ ᠨᠢ ᠬᠠᠩᠭᠠᠨ᠎ᠠ᠃ | 3. ᠬᠢᠨᠠᠨ ᠵᠥᠪᠰᠢᠶᠡᠷᠡᠬᠦ ᠲᠡᠰ ᠳᠠᠷᠠᠭᠠᠯᠠᠯ᠃ ᠬᠤᠰᠢᠭᠤ ᠰᠢᠶᠠᠨ ︵ᠬᠤᠳᠠ᠂ ᠲᠣᠭᠤᠷᠢᠭ︶ ᠤ ᠠᠷᠠᠳ ᠤᠨ | ᠶᠠᠪᠤᠳᠠᠯ ᠤᠨ ᠰᠠᠯᠠᠭ᠎ᠠ ᠮᠥᠴᠢᠷ ᠨᠢ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠤ ᠮᠡᠳᠡᠭᠦᠯᠦᠭᠰᠡᠨ ᠪᠠᠶᠢᠴᠠᠭᠠᠯᠲᠠ ᠶᠢᠨ ᠮᠠᠲ᠋ᠧᠷᠢᠶᠠᠯ ᠪᠣᠯᠤᠨ ᠬᠢᠨᠠᠨ | ᠬᠠᠷᠭᠤᠭᠤᠯᠤᠬᠰᠠᠨ ᠰᠠᠨᠠᠯ ᠢ ᠪᠦᠬᠦ ᠲᠠᠯ᠎ᠠ ᠪᠠᠷ ᠬᠢᠨᠠᠨ ᠪᠠᠶᠢᠴᠠᠭᠠᠬᠤ ᠶᠢᠨ ᠬᠠᠮᠲᠤ᠂ ᠲᠠᠰᠢᠷᠠᠮ ᠲᠠᠭᠠᠤ ᠰᠤᠭᠤᠴᠠᠨ | ᠪᠠᠶᠢᠴᠠᠭᠠᠯᠲᠠ ᠬᠢᠵᠦ ᠬᠢᠨᠠᠨ ᠬᠠᠷᠭᠤᠭᠤᠯᠤᠭᠠᠳ᠂ 20 ᠠᠵᠢᠯᠯᠠᠬᠤ ᠡᠳᠦᠷ ᠤᠨ ᠳᠣᠲᠣᠷ᠎ᠠ ᠬᠢᠨᠠᠨ ᠵᠥᠪᠰᠢᠶᠡᠷᠡᠬᠦ | ᠲᠣᠭᠲᠠᠭᠠᠯ ᠭᠠᠷᠭᠠᠨ᠎ᠠ᠃ ᠨᠥᠬᠦᠴᠡᠯ ᠳᠤ ᠨᠡᠶᠢᠴᠡᠭᠰᠡᠨ ᠭᠤᠶᠤᠴᠢᠯᠠᠯ ᠢ ᠵᠥᠪᠰᠢᠶᠡᠷᠡᠬᠦ ᠶᠢᠨ ᠬᠠᠮᠲᠤ᠂ | ᠭᠤᠶᠤᠴᠢᠯᠠᠭᠴᠢ ᠶᠢᠨ ᠪᠠᠶᠢᠭ᠎ᠠ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠲᠤ ᠢᠯᠡ ᠨᠡᠶᠢᠲᠡᠯᠡᠨ᠎ᠡ︔ | ᠨᠥᠬᠦᠴᠡᠯ ᠳᠤ ᠦᠯᠦ ᠨᠡᠶᠢᠴᠡᠬᠦ ᠭᠤᠶᠤᠴᠢᠯᠠᠯ ᠢ ᠵᠥᠪᠰᠢᠶᠡᠷᠡᠬᠦ ᠥᠭᠡᠢ ᠪᠠᠶᠢᠬᠤ ᠶᠢᠨ ᠬᠠᠮᠲᠤ᠂ ᠭᠤᠶᠤᠴᠢᠯᠠᠭᠴᠢ ᠳᠤ | ᠤᠴᠢᠷ ᠰᠢᠯᠲᠠᠭᠠᠨ ᠢ ᠨᠢ ᠪᠢᠴᠢᠭ ᠢᠶᠠᠷ ᠲᠣᠲᠤᠷᠬᠠᠶᠢᠯᠠᠵᠤ ᠥᠭᠭᠦᠨ᠎ᠡ᠃ | ᠬᠤᠰᠢᠭᠤ ᠰᠢᠶᠠᠨ ︵ᠬᠤᠳᠠ᠂ ᠲᠣᠭᠤᠷᠢᠭ︶ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ᠂ ᠰᠤᠮᠤ | ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ | ᠣᠨᠴᠠ ᠬᠦᠴᠢᠷᠳᠡᠯᠲᠡᠢ ᠬᠥᠮᠦᠰ ᠲᠤ ᠬᠥᠳᠡᠯᠦᠩᠭᠦᠶ ᠬᠠᠮᠢᠶᠠᠷᠤᠯᠲᠠ ᠶᠢ ᠴᠢᠩᠭᠠᠳᠬᠠᠵᠤ᠂ ᠨᠠᠭᠠᠳᠤ ᠵᠠᠬ᠎ᠠ ᠳᠠᠭᠠᠨ | ᠬᠠᠭᠠᠰ ᠵᠢᠯ ᠳᠤ ᠨᠢᠭᠡ ᠤᠳᠠᠭ᠎ᠠ ᠠᠵᠤ ᠠᠬᠤᠶ ᠶᠢᠨ ᠪᠠᠶᠢᠳᠠᠯ ᠢ ᠨᠢ ᠮᠡᠳᠡᠭᠡ ᠵᠠᠩᠭᠢᠵᠢᠭᠤᠯᠤᠨ ᠬᠠᠷᠭᠤᠭᠤᠯᠵᠤ᠂ ᠵᠢᠯ | ᠪᠦᠷᠢ ᠨᠢᠭᠡ ᠤᠳᠠᠭ᠎ᠠ ᠬᠡᠷ ᠡᠷᠦᠭᠡ ᠳᠤᠨᠢ ᠣᠴᠢᠨ ᠪᠠᠶᠢᠴᠠᠭᠠᠯᠲᠠ ᠬᠢᠵᠦ᠂ ᠠᠰᠠᠷᠠᠨ ᠲᠡᠵᠢᠭᠡᠬᠦ ᠴᠢᠬᠤᠯᠠᠲᠠᠢ ᠶᠢ ᠨᠢ | ᠪᠦᠬᠦᠨ ᠢ ᠠᠰᠠᠷᠠᠨ ᠲᠡᠵᠢᠭᠡᠵᠦ᠂ ᠢᠯᠭᠠᠷᠠᠭᠤᠯᠤᠨ ᠭᠠᠷᠭᠠᠬᠤ ᠴᠢᠬᠤᠯᠠᠲᠠᠢ ᠶᠢ ᠨᠢ ᠪᠦᠬᠦᠨ ᠢ ᠢᠯᠭᠠᠷᠠᠭᠤᠯᠤᠨ | ᠭᠠᠷᠭᠠᠨ᠎ᠠ᠃ | 4. ᠣᠯᠭᠤᠬᠤ ᠳᠡᠰ ᠳᠠᠷᠠᠭᠠᠯᠠᠯ᠃ ᠣᠨᠴᠠ ᠬᠦᠴᠢᠷᠳᠡᠯᠲᠡᠢ ᠬᠦᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ | ᠲᠡᠵᠢᠭᠡᠬᠦ ᠪᠡᠯᠡ ᠮᠥᠩᠭᠦ ᠶᠢ ᠬᠤᠰᠢᠭᠤ ᠰᠢᠶᠠᠨ ︵ᠬᠤᠳᠠ᠂ ᠲᠣᠭᠤᠷᠢᠭ︶ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠠᠴᠠ ᠴᠠᠭ ᠲᠤᠬᠠᠶ ᠳᠤᠨᠢ ᠲᠤᠭ᠎ᠠ ᠶᠣᠰᠣᠭᠠᠷ ᠰᠠᠯᠭᠠᠨ ᠥᠭᠭᠦᠨ᠎ᠡ᠃ ᠲᠥᠪᠯᠡᠷᠡᠭᠦᠯᠦᠨ ᠠᠰᠠᠷᠠᠨ ᠲᠡᠵᠢᠭᠡᠬᠦ | ᠡᠲᠡᠭᠡᠳ ᠤᠨ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠮᠥᠩᠭᠦ ᠶᠢ ᠠᠰᠠᠷᠠᠨ ᠲᠡᠵᠢᠭᠡᠬᠦ ᠦᠢᠯᠡᠴᠢᠯᠡᠭᠡᠨ ᠤ | ᠪᠠᠶᠢᠭᠤᠯᠤᠮᠵᠢ ᠳᠤ ᠰᠢᠭᠤᠳ ᠰᠠᠯᠭᠠᠨ ᠥᠭᠭᠦᠨ᠎ᠡ᠃ ᠰᠠᠯᠭᠠᠵᠤ ᠠᠰᠠᠷᠠᠨ ᠲᠡᠵᠢᠭᠡᠬᠦ ᠡᠲᠡᠭᠡᠳ ᠤᠨ ᠲᠡᠩᠬᠡᠷᠡᠭᠦᠯᠦᠨ | ᠲᠤᠰᠠᠯᠠᠵᠤ ᠠᠰᠠᠷᠠᠨ ᠲᠡᠵᠢᠭᠡᠬᠦ ᠮᠥᠩᠭᠦ ᠶᠢ ᠨᠡᠶᠢᠭᠡᠮᠴᠢᠯᠡᠭᠰᠡᠨ ᠣᠯᠭᠤᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠰᠠᠷ᠎ᠠ | ᠪᠦᠷᠢ ︵ᠡᠰᠡᠪᠡᠯ ᠤᠯᠠᠷᠢᠯ ᠪᠦᠷᠢ ᠶᠢᠨ ᠲᠦᠷᠦᠭᠦᠦ ᠰᠠᠷ᠎ᠠ︶ ᠶᠢᠨ 10 ᠤ ᠡᠳᠦᠷ ᠠᠴᠠ ᠡᠮᠦᠨ᠎ᠡ ᠠᠰᠠᠷᠠᠨ | ᠲᠡᠵᠢᠭᠡᠯᠭᠡᠬᠦ ᠡᠲᠡᠭᠡᠳ ᠤᠨ ᠪᠠᠩᠬᠢ ᠶᠢᠨ ᠳᠠᠩᠰᠠᠨ ᠡᠷᠦᠬᠡ ᠳᠤ ᠤᠷᠤᠭᠤᠯᠵᠦ ᠬᠠᠳᠠᠭᠠᠯᠠᠨ᠎ᠠ᠃ | 5. ᠵᠣᠭᠰᠤᠭᠠᠬᠤ ᠳᠡᠰ ᠳᠠᠷᠠᠭᠠᠯᠠᠯ᠃ ᠣᠨᠴᠠ ᠬᠦᠴᠢᠷᠳᠡᠯᠲᠡᠢ ᠬᠦᠮᠦᠰ ᠨᠢ ᠲᠠᠬᠢᠵᠤ ᠲᠡᠩᠬᠡᠷᠡᠭᠦᠯᠦᠨ | ᠲᠤᠰᠠᠯᠠᠵᠤ ᠠᠰᠠᠷᠠᠨ ᠲᠡᠵᠢᠭᠡᠬᠦ ᠨᠥᠬᠦᠴᠡᠯ ᠳᠤ ᠨᠡᠶᠢᠴᠡᠬᠦ ᠦᠭᠡᠢ ᠪᠣᠯᠣᠭᠰᠠᠨ ᠪᠠᠶᠢᠪᠠᠯ᠂ ᠲᠤᠰ ᠬᠥᠮᠦᠨ᠂ ᠭᠠᠴᠠᠭ᠎ᠠ | ᠲᠣᠰᠬᠤᠨ ᠤ ᠠᠷᠠᠳ ᠤᠨ ᠵᠥᠪᠯᠡᠯ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ︶ ᠪᠤᠶᠤ ᠠᠰᠠᠷᠠᠨ | ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠨᠢ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠴᠠᠭ ᠲᠣᠬᠠᠢ ᠳᠤᠨᠢ ᠮᠡᠳᠡᠭᠳᠡᠵᠦ᠂ ᠰᠤᠮᠤ ᠰᠢᠶᠠᠩ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠠᠴᠠ ᠬᠢᠨᠠᠨ | ᠬᠠᠷᠭᠤᠭᠤᠯᠬᠤ ᠶᠢᠨ ᠬᠠᠮᠲᠤ ᠬᠤᠰᠢᠭᠤ ᠰᠢᠶᠠᠨ ︵ᠬᠤᠳᠠ᠂ ᠲᠣᠭᠤᠷᠢᠭ︶ ᠤ ᠠᠷᠠᠳ ᠤᠨ ᠶᠠᠪᠤᠳᠠᠯ ᠤᠨ ᠰᠠᠯᠠᠭ᠎ᠠ | ᠮᠥᠴᠢᠷ ᠢᠶᠠᠷ ᠬᠢᠨᠠᠨ ᠵᠥᠪᠰᠢᠶᠡᠷᠡᠭᠦᠯᠦᠭᠰᠡᠨ ᠤ ᠲᠡᠷᠠᠭ᠎ᠠ᠂ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠶᠢ ᠨᠢ | ᠵᠣᠭᠰᠤᠭᠠᠬᠤ ᠶᠢᠨ ᠳᠠᠭᠠᠤ ᠢᠯᠡ ᠨᠡᠶᠢᠲᠡᠯᠡᠨ᠎ᠡ᠃ | ᠬᠤᠰᠢᠭᠤ ᠰᠢᠶᠠᠨ ︵ᠬᠤᠳᠠ᠂ ᠲᠣᠭᠤᠷᠢᠭ︶ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ᠂ ᠰᠤᠮᠤ | ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ | ᠠᠵᠢᠯ ᠤᠨ ᠳᠤᠮᠳᠠ ᠪᠠᠨ ᠣᠨᠴᠠ ᠬᠦᠴᠢᠷᠳᠡᠯᠲᠡᠢ ᠬᠦᠮᠦᠰ ᠨᠢ ᠲᠠᠬᠢᠵᠤ ᠲᠡᠩᠬᠡᠷᠡᠭᠦᠯᠦᠨ ᠲᠤᠰᠠᠯᠠᠵᠤ ᠠᠰᠠᠷᠠᠨ | ᠲᠡᠵᠢᠭᠡᠬᠦ ᠨᠥᠬᠦᠴᠡᠯ ᠳᠤ ᠨᠡᠶᠢᠴᠡᠬᠦ ᠦᠭᠡᠢ ᠪᠣᠯᠣᠭᠰᠠᠨ ᠢ ᠮᠡᠳᠡᠪᠡᠯ᠂ ᠲᠡᠩᠬᠡᠷᠡᠭᠦᠯᠦᠨ ᠲᠤᠰᠠᠯᠠᠵᠤ ᠠᠰᠠᠷᠠᠨ | ᠲᠡᠵᠢᠭᠡᠬᠦ ᠶᠢ ᠨᠢ ᠵᠣᠭᠰᠤᠭᠠᠬᠤ ᠭᠠᠷ ᠭᠦᠢᠴᠡᠳᠬᠡᠯ ᠢ ᠴᠠᠭ ᠲᠤᠬᠠᠶ ᠳᠤᠨᠢ ᠭᠦᠢᠴᠡᠳᠬᠡᠨ᠎ᠡ᠃ ᠣᠨᠴᠠ ᠬᠦᠴᠢᠷᠳᠡᠯᠲᠡᠢ | ᠬᠥᠮᠦᠰ ᠤᠨ ᠨᠠᠰᠤᠨ ᠳᠤ ᠦᠯᠤ ᠬᠥᠷᠦᠭᠰᠡᠳ ᠨᠢ ᠪᠦᠬᠦᠯᠢ 16 ᠨᠠᠰᠤ ᠬᠦᠷᠦᠭᠰᠡᠨ ᠤ ᠳᠠᠷᠠᠭ᠎ᠠ ᠮᠦᠨᠬᠦ ᠠᠯᠪᠠᠨ | ᠵᠢᠷᠤᠮ ᠤᠨ ᠰᠤᠷᠭᠠᠨ ᠬᠥᠮᠦᠵᠢᠯ ᠬᠦᠷᠳᠡᠬᠦ ᠪᠤᠶᠤ ᠡ᠊ᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠰᠤᠷᠤᠯᠴᠠᠵᠤ ᠪᠠᠶᠢᠪᠠᠯ᠂ ᠲᠡᠩᠬᠡᠷᠡᠭᠦᠯᠦᠨ ᠲᠤᠰᠠᠯᠠᠵᠤ | ᠠᠰᠠᠷᠠᠨ ᠲᠡᠵᠢᠭᠡᠬᠦ ᠬᠠᠷᠠᠭᠠᠯᠵᠠᠯ ᠢ ᠦᠷᠭᠦᠯᠵᠢᠯᠡᠨ ᠬᠦᠷᠲᠡᠵᠤ ᠪᠣᠯᠤᠨ᠎ᠠ᠃ | ︵ᠭᠤᠷᠪᠠ︶ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠠᠭᠤᠯᠭ᠎ᠠ᠃ ᠣᠨᠴᠠ ᠬᠦᠴᠢᠷᠳᠡᠯᠲᠡᠢ | ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠳᠤ ᠭᠤᠣᠯᠳᠠᠭᠤ ᠳᠣᠣᠷᠠᠬᠢ ᠠᠭᠤᠯᠭ᠎ᠠ ᠶᠢ | ᠪᠠᠭᠲᠠᠭᠠᠨ᠎ᠠ᠄ | 1. ᠠᠮᠢᠳᠤᠷᠠᠯ ᠤᠨ ᠦᠨᠳᠦᠰᠦᠨ ᠨᠥᠬᠦᠴᠡᠯ ᠬᠠᠩᠭᠠᠨ᠎ᠠ᠃ ᠠᠮᠤ ᠪᠤᠳᠠᠭ᠎ᠠ᠂ ᠬᠤᠯᠢᠰᠢᠨ ᠢᠳᠡᠭᠡᠨ᠂ | ᠠᠮᠢᠳᠤᠷᠠᠯ ᠳᠤ ᠬᠡᠷᠡᠭᠯᠡᠬᠦ ᠲᠦᠯᠡᠰᠢ᠂ ᠬᠤᠪᠴᠠᠰᠤ ᠬᠤᠨᠠᠷ᠂ ᠬᠥᠨᠵᠢᠯᠡ ᠳᠡᠪᠢᠰᠬᠡᠷ ᠵᠡᠷᠭᠡ ᠡᠳᠦᠷ ᠲᠤᠲᠤᠮ ᠤᠨ | ᠠᠮᠢᠳᠤᠷᠠᠯ ᠤᠨ ᠬᠡᠷᠡᠭᠰᠡᠯ ᠪᠠ ᠭᠠᠷ ᠤᠨ ᠦᠵᠦᠭᠦᠷ ᠵᠠᠷᠤᠬᠤ ᠵᠣᠭᠤᠰ ᠥᠭᠭᠦᠨ᠎ᠡ᠃ ᠡᠳ᠋ ᠪᠤᠳᠠᠰ ᠪᠤᠶᠤ ᠪᠡᠯᠡᠨ | ᠵᠣᠭᠤᠰ ᠤᠨ ᠠᠷᠭ᠎ᠠ ᠮᠠᠶ᠋ᠢᠭ ᠢᠶᠠᠷ ᠲᠠᠮᠵᠢᠭᠤᠯᠤᠨ ᠪᠠᠲᠤᠯᠠᠨ᠎ᠠ᠃ | 2. ᠠᠮᠢᠳᠤᠷᠠᠯ ᠢᠶᠠᠨ ᠥᠪᠡᠷᠲᠡᠭᠡᠨ ᠠᠷᠭᠠᠴᠠᠵᠤ ᠳᠡᠶᠢᠯᠬᠦ ᠦᠭᠡᠢ ᠬᠦᠮᠦᠰ ᠲᠤ ᠬᠠᠷᠠᠭᠠᠯᠵᠠᠯ ᠦᠵᠡᠭᠦᠯᠦᠨ᠎ᠡ᠃ | ᠡᠭᠦᠨ ᠳᠤ ᠡᠳᠦᠷ ᠲᠤᠲᠤᠮ ᠤᠨ ᠠᠮᠢᠳᠤᠷᠠᠯ᠂ ᠡᠮᠨᠡᠯᠭᠡ ᠳᠤ ᠰᠠᠭᠤᠭ᠎ᠠ ᠬᠤᠭᠤᠴᠠᠭᠠᠨ ᠳᠠᠬᠢ ᠴᠢᠬᠤᠯᠠ ᠪᠦᠬᠦᠢ | ᠠᠰᠠᠷᠠᠨ ᠬᠠᠷᠠᠭᠠᠯᠵᠠᠬᠤ ᠵᠡᠷᠭᠡ ᠦᠨᠳᠦᠰᠦᠨ ᠦᠢᠯᠡᠴᠢᠯᠡᠭᠡ ᠪᠠᠭᠲᠠᠨ᠎ᠠ᠃ ᠣᠨᠴᠠ ᠬᠦᠴᠢᠷᠳᠡᠯᠲᠡᠢ ᠬᠥᠮᠦᠰ ᠤᠨ | ᠠᠮᠢᠳᠤᠷᠠᠯ ᠢᠶᠠᠨ ᠥᠪᠡᠷᠲᠡᠭᠡᠨ ᠠᠷᠭᠠᠴᠠᠬᠤ ᠴᠢᠳᠠᠪᠤᠷᠢ ᠶᠢ ᠨᠢ ᠠᠮᠢᠳᠤᠷᠠᠯ ᠢᠶᠠᠨ ᠪᠦᠷᠢᠨ ᠠᠷᠭᠠᠴᠠᠵᠤ ᠲᠡᠶᠢᠯᠬᠦ | ᠴᠢᠳᠠᠪᠤᠷᠢ᠂ ᠠᠮᠢᠳᠤᠷᠠᠯ ᠢᠶᠠᠨ ᠠᠷᠭᠠᠴᠠᠬᠤ ᠴᠢᠳᠠᠪᠤᠷᠢ ᠪᠠᠨ ᠬᠡᠰᠡᠭ ᠲᠠᠯ᠎ᠠ ᠪᠠᠷ ᠠᠯᠳᠠᠭᠰᠠᠨ᠂ ᠠᠮᠢᠳᠤᠷᠠᠯ ᠢᠶᠠᠨ | ᠠᠷᠭᠠᠴᠠᠬᠤ ᠴᠢᠳᠠᠪᠤᠷᠢ ᠪᠠᠨ ᠪᠦᠷᠢᠮᠦᠰᠦᠨ ᠠᠯᠳᠠᠭᠰᠠᠨ ᠭᠡᠵᠦ ᠭᠤᠷᠪᠠᠨ ᠲᠥᠷᠥᠯ ᠳᠤ ᠬᠤᠪᠢᠶᠠᠨ᠎ᠠ᠃ | ᠠᠮᠢᠳᠤᠷᠠᠯ ᠢᠶᠠᠨ ᠠᠷᠭᠠᠴᠠᠬᠤ ᠴᠢᠳᠠᠪᠤᠷᠢ ᠶᠢ ᠬᠤᠪᠢᠶᠠᠷᠢᠯᠠᠬᠤ ᠳᠠᠭᠠᠨ ᠤᠯᠠᠨ ᠤᠯᠤᠰ ᠤᠨ ᠨᠡᠶᠢᠳᠡᠮ ᠬᠡᠷᠡᠭᠵᠢᠬᠦᠯᠵᠦ | ᠪᠠᠶᠢᠢᠭ᠎ᠠ ᠪᠠᠷᠢᠮᠵᠢᠶ᠎ᠠ ᠪᠣᠯᠤᠨ ︽ᠨᠠᠰᠤᠲᠠᠶᠢᠴᠤᠳ ᠤᠨ ᠴᠢᠳᠠᠪᠤᠷᠢ ᠶᠢᠨ ᠦᠨᠡᠯᠡᠨ ᠵᠢᠱᠢᠯᠲᠡ ︵ | MZ/T039-2013︶︾ ᠵᠡᠷᠭᠡ ᠬᠤᠯᠪᠣᠭᠳᠠᠯ ᠪᠦᠬᠦᠢ ᠪᠠᠷᠢᠮᠵᠢᠶ᠎ᠠ ᠶᠢ ᠦᠨᠳᠦᠰᠦᠯᠡᠨ᠂ ᠪᠡᠶ᠎ᠡ ᠪᠠᠨ ᠳᠠᠭᠠᠭᠠᠵᠤ | ᠢᠳᠡᠵᠦ ᠤᠤᠭᠤᠬᠤ᠂ ᠡᠮᠦᠰᠴᠦ ᠵᠡᠭᠦᠬᠦ᠂ ᠣᠷᠣ ᠳᠠᠭᠠᠨ ᠭᠠᠷᠴᠤ ᠪᠠᠭᠤᠬᠤ᠂ ᠪᠡᠶ᠎ᠡ ᠵᠠᠰᠠᠬᠤ᠂ ᠭᠡᠷ ᠲᠤᠲᠤᠷ᠎ᠠ ᠪᠠᠨ | ᠠᠯᠬᠤᠬᠤ᠂ ᠪᠡᠶ᠎ᠡ ᠪᠠᠨ ᠤᠬᠢᠶᠠᠬᠤ ᠵᠡᠷᠭᠡ 6 ᠵᠦᠢᠯ ᠤᠨ ᠭᠦᠢᠴᠡᠳᠬᠡᠯ ᠲᠤᠭ᠎ᠠ ᠶᠢ ᠬᠡᠷᠡᠭᠯᠡᠵᠦ ᠪᠠᠶᠢᠭᠠᠳ ᠣᠨᠴᠠ | ᠬᠦᠴᠢᠷᠳᠡᠯᠲᠡᠢ ᠬᠥᠮᠦᠰ ᠤᠨ ᠠᠮᠢᠳᠤᠷᠠᠯ ᠢᠶᠠᠨ ᠠᠷᠭᠠᠴᠠᠬᠤ ᠴᠢᠳᠠᠪᠤᠷᠢ ᠶᠢ ᠨᠢ ᠦᠨᠡᠯᠡᠨ ᠵᠢᠱᠢᠨ᠎ᠡ᠃ 6 ᠵᠦᠢᠯ ᠢ | ᠴᠦᠮ ᠪᠡᠶ᠎ᠡ ᠪᠠᠨ ᠳᠠᠭᠠᠭᠠᠵᠤ ᠭᠦᠢᠴᠡᠳᠬᠡᠵᠦ ᠴᠢᠳᠠᠪᠠᠯ᠂ ᠠᠮᠢᠳᠤᠷᠠᠯ ᠢᠶᠠᠨ ᠠᠷᠭᠠᠴᠠᠬᠤ ᠴᠢᠳᠠᠪᠤᠷᠢ ᠶᠢ ᠪᠦᠷᠢᠨ | ᠪᠦᠷᠢᠯᠳᠦᠭᠦᠯᠦᠭᠰᠡᠨ ᠢᠶᠠᠷ ᠮᠠᠭᠠᠳᠯᠠᠨ ᠲᠣᠭᠲᠠᠭᠠᠨ᠎ᠠ︔ 1 ᠠᠴᠠ 3 ᠵᠦᠢᠯ ᠢ ᠪᠡᠶ᠎ᠡ ᠪᠠᠨ ᠳᠠᠭᠠᠭᠠᠵᠤ ᠪᠡᠶᠡᠯᠡᠭᠦᠯᠵᠦ | ᠴᠢᠳᠠᠬᠤ ᠦᠭᠡᠢ ᠪᠠᠶᠢᠪᠠᠯ᠂ ᠠᠮᠢᠳᠤᠷᠠᠯ ᠢᠶᠠᠨ ᠠᠷᠭᠠᠴᠠᠬᠤ ᠴᠢᠳᠠᠪᠤᠷᠢ ᠪᠠᠨ ᠬᠡᠰᠡᠭ ᠲᠠᠯ᠎ᠠ ᠪᠠᠷ ᠠᠯᠳᠠᠭᠰᠠᠨ ᠢᠶᠠᠷ | ᠮᠠᠭᠠᠳᠯᠠᠨ ᠲᠣᠭᠲᠠᠭᠠᠨ᠎ᠠ︔ 4 ᠵᠦᠢᠯ ᠠᠴᠠ ᠳᠡᠭᠡᠭᠰᠢᠬᠢ ︵4 ᠵᠦᠢᠯ ᠪᠠᠭᠲᠠᠨ᠎ᠠ︶ ᠶᠢ ᠪᠡᠶ᠎ᠡ ᠪᠠᠨ ᠳᠠᠭᠠᠭᠠᠵᠤ | ᠪᠡᠶᠡᠯᠡᠭᠦᠯᠵᠦ ᠴᠢᠳᠠᠬᠤ ᠦᠭᠡᠢ ᠪᠠᠶᠢᠪᠠᠯ᠂ ᠠᠮᠢᠳᠤᠷᠠᠯ ᠢᠶᠠᠨ ᠠᠷᠭᠠᠴᠠᠬᠤ ᠴᠢᠳᠠᠪᠤᠷᠢ ᠪᠠᠨ ᠪᠦᠷᠢᠮᠦᠰᠦᠨ ᠠᠯᠳᠠᠭᠰᠠᠨ | ᠭᠡᠵᠦ ᠮᠠᠭᠠᠳᠯᠠᠨ ᠲᠣᠭᠲᠠᠭᠠᠨ᠎ᠠ᠃ ᠨᠥᠬᠦᠴᠡᠯ ᠲᠠᠢ ᠭᠠᠵᠠᠷ ᠣᠷᠣᠨ ᠳᠤ᠂ ᠠᠶᠢᠮᠠᠭ ᠬᠤᠳᠠ ᠪᠤᠶᠤ ᠬᠤᠰᠢᠭᠤ | ᠰᠢᠶᠠᠨ ︵ᠬᠤᠳᠠ᠂ ᠲᠣᠭᠤᠷᠢᠭ︶ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠢ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠪᠤᠶᠤ ᠪᠤᠰᠤᠳ ᠲᠤᠰᠬᠠᠶ ᠪᠠᠶᠢᠭᠤᠯᠤᠮᠵᠢ ᠳᠤ ᠨᠠᠶᠢᠳᠠᠨ ᠣᠨᠴᠠ ᠬᠦᠴᠢᠷᠳᠡᠯᠲᠡᠢ | ᠬᠥᠮᠦᠰ ᠤᠨ ᠠᠮᠢᠳᠤᠷᠠᠯ ᠢᠶᠠᠨ ᠠᠷᠭᠠᠴᠠᠬᠤ ᠴᠢᠳᠠᠪᠤᠷᠢ ᠶᠢ ᠨᠢ ᠦᠨᠡᠯᠡᠨ ᠵᠢᠱᠢᠨ᠎ᠡ᠃ | ᠬᠤᠰᠢᠭᠤ ᠰᠢᠶᠠᠨ ︵ᠬᠤᠳᠠ᠂ ᠲᠣᠭᠤᠷᠢᠭ︶ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠣᠨᠴᠠ | ᠬᠦᠴᠢᠷᠳᠡᠯᠲᠡᠢ ᠬᠥᠮᠦᠰ ᠢ ᠬᠠᠷᠠᠭᠠᠯᠵᠠᠨ ᠰᠣᠪᠢᠯᠠᠬᠤ ᠦᠢᠯᠡᠴᠢᠯᠡᠭᠡ ᠶᠢ ᠨᠢᠭᠡᠳᠦᠯᠲᠡᠢ ᠲᠥᠯᠥᠪᠵᠢᠭᠦᠯᠦᠨ ᠬᠤᠳᠠᠯᠳᠤᠨ | ᠠᠪᠴᠤ᠂ ᠨᠠᠶᠢᠳᠠᠨ ᠦᠢᠯᠡᠴᠢᠯᠡᠬᠦ ᠥᠢᠯᠡ ᠠᠵᠢᠯᠯᠠᠭ᠎ᠠ ᠶᠢ ᠵᠢᠷᠤᠮᠵᠢᠭᠤᠯᠤᠨ᠂ ᠦᠢᠯᠡᠴᠢᠯᠡᠭᠡᠨ ᠤ ᠲᠥᠷᠥᠯ ᠵᠦᠢᠯ᠂ | ᠨᠠᠶᠢᠳᠠᠯᠭ᠎ᠠ ᠶᠢ ᠬᠦᠯᠢᠶᠡᠬᠦ ᠪᠠᠶᠢᠭᠤᠯᠤᠮᠵᠢ᠂ ᠰᠦᠢᠳᠬᠡᠯ ᠤᠨ ᠪᠠᠷᠢᠮᠵᠢᠶ᠎ᠠ᠂ ᠬᠠᠷᠢᠭᠤᠴᠠᠯᠭ᠎ᠠ ᠨᠡᠬᠡᠮᠵᠢᠯᠡᠬᠦ ᠵᠡᠷᠭᠡ | ᠠᠭᠤᠯᠭ᠎ᠠ ᠶᠢ ᠲᠣᠲᠣᠷᠬᠠᠶᠢᠯᠠᠵᠤ᠂ ᠦᠢᠯᠡᠴᠢᠯᠡᠭᠡᠨ ᠤ ᠵᠥᠪᠳᠡᠯᠴᠡᠭᠡᠷ ᠢ ᠭᠦᠢᠴᠡᠳᠬᠡᠭᠰᠡᠨ ᠪᠠᠶᠢᠳᠠᠯ ᠳᠤ ᠬᠢᠨᠠᠯᠲᠠ | ᠲᠠᠯᠪᠢᠨ᠎ᠠ᠃ ᠲᠥᠪᠯᠡᠷᠡᠭᠦᠯᠦᠨ ᠠᠰᠠᠷᠠᠨ ᠲᠡᠵᠢᠭᠡᠬᠦ ᠡᠲᠡᠭᠡᠳ ᠤᠨ ᠬᠠᠷᠠᠭᠠᠯᠵᠠᠵᠤ ᠰᠣᠪᠢᠯᠠᠬᠤ ᠰᠦᠢᠳᠬᠡᠯ ᠢ ᠠᠰᠠᠷᠠᠨ | ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠳᠤ ᠰᠠᠯᠭᠠᠵᠤ ᠥᠭᠭᠦᠨ᠎ᠡ︔ ᠰᠠᠯᠭᠠᠵᠤ ᠠᠰᠠᠷᠠᠨ ᠲᠡᠵᠢᠭᠡᠬᠦ ᠡᠲᠡᠭᠡᠳ ᠤᠨ | ᠬᠠᠷᠠᠭᠠᠯᠵᠠᠵᠤ ᠰᠤᠪᠢᠯᠠᠬᠤ ᠰᠦᠢᠳᠬᠡᠯ ᠢ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠠᠴᠠ ᠨᠠᠰᠤᠲᠠᠶᠢᠴᠤᠳ ᠢ ᠠᠰᠠᠷᠠᠬᠤ ᠬᠦᠷᠢᠶᠡᠯᠡᠩ᠂ ᠠᠰᠠᠷᠠᠮᠵᠢ ᠶᠢᠨ | ᠬᠦᠷᠢᠶᠡᠯᠡᠩ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠪᠠᠶᠢᠭᠤᠯᠤᠮᠵᠢ ᠳᠤ ᠲᠦᠰᠢᠭᠯᠡᠨ᠂ ᠵᠠᠰᠠᠭ ᠤᠨ | ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠳᠤ ᠬᠡᠷᠡᠭᠯᠡᠬᠦ ᠶᠢᠨ ᠬᠠᠮᠲᠤ᠂ ᠬᠠᠷᠠᠭᠠᠯᠵᠠᠵᠤ ᠰᠤᠪᠢᠯᠠᠬᠤ | ᠦᠢᠯᠡᠴᠢᠯᠡᠭᠡᠨ ᠤ ᠵᠥᠪᠳᠡᠯᠴᠡᠭᠡᠷ ᠲᠤ ᠭᠠᠷ ᠤᠨ ᠦᠰᠦᠭ ᠵᠢᠷᠤᠨ᠎ᠠ᠃ | 3. ᠡᠪᠡᠳᠴᠢᠨ ᠡᠮᠭᠡᠭ ᠢ ᠨᠢ ᠡᠮᠨᠡᠨ ᠵᠠᠰᠠᠬᠤ ᠦᠢᠯᠡᠴᠢᠯᠡᠭᠡ ᠬᠠᠩᠭᠠᠨ᠎ᠠ᠃ ᠣᠨᠴᠠ ᠬᠦᠴᠢᠷᠳᠡᠯᠲᠡᠢ | ᠬᠥᠮᠦᠰ ᠤᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠳᠠᠭᠠᠳᠬᠠᠯ ᠳᠤ | ᠣᠷᠣᠯᠴᠠᠭᠰᠠᠨ ᠬᠤᠪᠢ ᠬᠥᠮᠦᠨ ᠤ ᠲᠤᠰᠢᠶᠠᠬᠤ ᠰᠦᠢᠳᠬᠡᠯ ᠢ ᠲᠤᠭ᠎ᠠ ᠶᠣᠰᠣᠭᠠᠷ ᠢᠶᠠᠷ ᠨᠢ ᠵᠤᠭᠤᠰ ᠢᠶᠠᠷ ᠲᠤᠰᠠᠯᠠᠨ᠎ᠠ | ᠃ ᠡᠮᠴᠢᠯᠡᠭᠡᠨ ᠤ ᠰᠦᠢᠳᠬᠡᠯ ᠢ ᠨᠢ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ | ᠪᠣᠯᠣᠨ ᠡᠮᠴᠢᠯᠡᠭᠡᠨ ᠤ ᠠᠪᠤᠷᠠᠨ ᠲᠤᠰᠠᠯᠠᠬᠤ ᠵᠡᠷᠭᠡ ᠡᠮᠴᠢᠯᠡᠭᠡᠨ ᠤ ᠪᠠᠲᠤᠯᠠᠭ᠎ᠠ ᠪᠠᠷ ᠲᠦᠯᠦᠵᠦ ᠥᠭᠭᠦᠭᠰᠡᠨ ᠤ | ᠳᠠᠷᠠᠭ᠎ᠠ ᠮᠦᠨᠬᠦ ᠬᠦᠷᠦᠯᠴᠡᠬᠦ ᠦᠭᠡᠢ ᠪᠠᠶᠢᠪᠠᠯ᠂ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠵᠠᠷᠤᠳᠠᠯ ᠢᠶᠠᠷ | ᠳᠡᠮᠵᠢᠨ᠎ᠠ᠂ ᠨᠥᠬᠦᠴᠡᠯ ᠲᠠᠢ ᠭᠠᠵᠠᠷ ᠣᠷᠣᠨ ᠨᠢ ᠠᠰᠠᠷᠠᠨ ᠲᠡᠵᠢᠭᠡᠯᠬᠡᠵᠦ ᠪᠠᠶᠢᠭ᠎ᠠ ᠣᠨᠴᠠ ᠬᠦᠴᠢᠷᠳᠡᠯᠲᠡᠢ | ᠬᠥᠮᠥᠰ ᠲᠤ ᠬᠤᠳᠠᠯᠳᠤᠭᠠᠨ ᠤ ᠳᠠᠭᠠᠳᠬᠠᠯ ᠬᠤᠳᠠᠯᠳᠤᠨ ᠠᠪᠴᠤ ᠥᠭᠴᠦ ᠪᠣᠯᠣᠨ᠎ᠠ᠃ | 4. ᠣᠷᠣᠰᠢᠭᠤᠯᠭ᠎ᠠ ᠶᠢᠨ ᠶᠠᠪᠤᠳᠠᠯ ᠢ ᠨᠢ ᠭᠦᠢᠴᠡᠳᠬᠡᠨ᠎ᠡ᠃ ᠣᠨᠴᠠ ᠬᠦᠴᠢᠷᠳᠡᠯᠲᠡᠢ ᠬᠥᠮᠦᠰ ᠨᠠᠰᠤ | ᠪᠠᠷᠠᠭᠰᠠᠨ ᠤ ᠳᠠᠷᠠᠭᠠᠬᠢ ᠣᠷᠣᠰᠢᠭᠤᠯᠭ᠎ᠠ ᠶᠢᠨ ᠶᠠᠪᠤᠳᠠᠯ ᠳᠤ᠂ ᠲᠥᠪᠯᠡᠷᠡᠭᠦᠯᠦᠨ ᠠᠰᠠᠷᠠᠨ ᠲᠡᠵᠢᠭᠡᠭᠰᠡᠨ ᠪᠠᠶᠢᠪᠠᠯ | ᠠᠰᠠᠷᠠᠨ ᠲᠡᠵᠢᠭᠡᠭᠰᠡᠨ ᠦᠢᠯᠡᠴᠢᠯᠡᠭᠡᠨ ᠤ ᠪᠠᠶᠢᠭᠤᠯᠤᠮᠵᠢ ᠨᠢ ᠭᠦᠢᠴᠡᠳᠬᠡᠵᠦ᠂ ᠰᠠᠯᠭᠠᠵᠤ ᠠᠰᠠᠷᠠᠨ ᠲᠡᠵᠢᠭᠡᠭᠰᠡᠨ | ᠪᠠᠶᠢᠪᠠᠯ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ︶ ᠠᠴᠠ ᠭᠠᠴᠠᠭ᠎ᠠ ᠲᠣᠰᠬᠤᠨ ᠤ ᠠᠷᠠᠳ ᠤᠨ ᠵᠥᠪᠯᠡᠯ ︵ᠨᠡᠶᠢᠭᠡᠮ ᠲᠣᠭᠤᠷᠢᠭ ᠤᠨ ᠰᠠᠭᠤᠭᠠᠯᠢ | ᠠᠷᠠᠳ ᠤᠨ ᠵᠥᠪᠯᠡᠯ︶ ᠪᠤᠶᠤ ᠲᠡᠳᠡᠨ ᠤ ᠲᠥᠷᠥᠯ ᠰᠠᠳᠤᠨ ᠳᠤ ᠨᠠᠶᠢᠳᠠᠨ ᠭᠦᠢᠴᠡᠳᠬᠡᠨ᠎ᠡ᠃ ᠣᠷᠣᠰᠢᠭᠤᠯᠭ᠎ᠠ ᠶᠢᠨ | ᠰᠦᠢᠳᠬᠡᠯ ᠢ ᠣᠨᠴᠠ ᠬᠦᠴᠢᠷᠳᠡᠯᠲᠡᠢ ᠬᠥᠮᠦᠰ ᠤᠨ ᠡᠷᠦᠬᠡ ᠠᠮᠠ ᠶᠢᠨ ᠲᠠᠩᠰᠠ ᠪᠠᠶᠢᠭ᠎ᠠ ᠰᠢᠶᠠᠨ ᠤ ᠱᠠᠲᠤᠨ ᠤ | ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠣᠷᠣᠰᠢᠭᠤᠯᠭ᠎ᠠ ᠶᠢᠨ ᠰᠦᠢᠳᠬᠡᠯ ᠤᠨ ᠦᠨᠳᠦᠰᠦᠨ ᠪᠠᠷᠢᠮᠵᠢᠶ᠎ᠠ ᠪᠠᠷ | ᠲᠣᠭᠲᠠᠭᠠᠵᠤ᠂ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠵᠠᠷᠤᠳᠠᠯ ᠢᠶᠠᠷ ᠳᠡᠮᠵᠢᠯᠭᠡ ᠦᠵᠡᠭᠦᠯᠦᠨ᠎ᠡ᠃ | 5. ᠣᠷᠣᠨ ᠰᠠᠭᠤᠴᠠ ᠪᠠᠷ ᠲᠡᠩᠬᠡᠷᠡᠭᠦᠯᠦᠨ ᠲᠤᠰᠠᠯᠠᠬᠤ ᠦᠢᠯᠡᠴᠢᠯᠡᠭᠡ ᠬᠠᠩᠭᠠᠨ᠎ᠠ᠃ ᠲᠣᠭᠲᠠᠭᠠᠭᠰᠠᠨ | ᠪᠠᠷᠢᠮᠵᠢᠶ᠎ᠠ ᠳᠤ ᠨᠡᠶᠢᠴᠡᠭᠰᠡᠨ ᠣᠷᠣᠨ ᠰᠠᠭᠤᠴᠠ ᠶᠢᠨ ᠲᠠᠯ᠎ᠠ ᠪᠠᠷ ᠬᠦᠴᠢᠷᠳᠡᠯᠲᠡᠢ ᠪᠠᠶᠢᠭ᠎ᠠ ᠰᠠᠯᠭᠠᠵᠤ ᠠᠰᠠᠷᠠᠨ | ᠲᠡᠵᠢᠭᠡᠭᠰᠡᠨ ᠣᠨᠴᠠ ᠬᠦᠴᠢᠷᠳᠡᠯᠲᠡᠢ ᠬᠥᠮᠦᠰ ᠲᠤ᠂ ᠣᠷᠣᠨ ᠰᠠᠭᠤᠴᠠ ᠬᠤᠳᠠ ᠬᠥᠳᠡᠭᠡ ᠶᠢᠨ ᠪᠥᠳᠥᠭᠡᠨ | ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ ᠤᠯᠠᠨ ᠨᠡᠶᠢᠳᠡ ᠶᠢᠨ ᠲᠦᠷᠢᠶᠡᠰᠦᠨ ᠣᠷᠣᠨ ᠰᠠᠭᠤᠴᠠ ᠶᠢ | ᠲᠣᠬᠢᠷᠠᠭᠤᠯᠤᠨ ᠥᠭᠴᠦ ᠲᠦᠷᠢᠶᠡᠰᠦᠯᠡᠭᠦᠯᠬᠦ᠂ ᠣᠷᠣᠨ ᠰᠠᠭᠤᠴᠠ ᠶᠢᠨ ᠲᠦᠷᠢᠶᠡᠰᠦᠨ ᠤ ᠨᠥᠬᠦᠪᠥᠷᠢ ᠮᠥᠩᠭᠦ | ᠣᠯᠭᠤᠬᠤ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ | ᠵᠡᠷᠭᠡ ᠠᠷᠭ᠎ᠠ ᠮᠠᠶ᠋ᠢᠭ ᠢᠶᠠᠷ ᠤᠷᠢᠳᠠᠪᠡᠷ ᠣᠷᠣᠨ ᠰᠠᠭᠤᠴᠠ ᠪᠠᠷ ᠲᠡᠩᠬᠡᠷᠡᠭᠦᠯᠦᠨ ᠲᠤᠰᠠᠯᠠᠨ᠎ᠠ᠃ ᠣᠨᠴᠠ | ᠬᠦᠴᠢᠷᠳᠡᠯᠲᠡᠢ ᠬᠦᠮᠦᠰ ᠤᠨ ᠣᠷᠣᠨ ᠰᠠᠭᠤᠴᠠ ᠨᠢ ᠨᠤᠷᠠᠬᠤ ᠠᠶᠤᠯᠲᠠᠶ ᠭᠡᠷ ᠪᠠᠶᠢᠰᠢᠩ ᠪᠤᠶᠤ ᠭᠠᠮᠰᠢᠭ ᠠᠴᠠ ᠪᠣᠯᠵᠤ | ᠨᠤᠷᠠᠵᠤ ᠡᠪᠳᠡᠷᠡᠭᠰᠡᠨ ᠪᠠᠶᠢᠪᠠᠯ᠂ ᠬᠤᠪᠢ ᠬᠥᠮᠦᠨ ᠤ ᠬᠦᠰᠡᠯ ᠰᠠᠨᠠᠯ ᠢ ᠦᠨᠳᠦᠰᠦᠯᠡᠨ᠂ ᠠᠰᠠᠷᠠᠨ ᠲᠡᠵᠢᠭᠡᠬᠦ | ᠦᠢᠯᠡᠴᠢᠯᠡᠭᠡᠨ ᠤ ᠪᠠᠶᠢᠭᠤᠯᠤᠮᠵᠢ ᠳᠤ ᠰᠠᠭᠤᠯᠭᠠᠬᠤ ᠪᠠᠷ ᠲᠣᠬᠢᠷᠠᠭᠤᠯᠵᠤ ᠲᠥᠪᠯᠡᠷᠡᠭᠦᠯᠦᠨ ᠠᠰᠠᠷᠠᠨ ᠲᠡᠵᠢᠭᠡᠨ᠎ᠡ᠃ | ᠲᠡᠳᠡᠨ ᠤ ᠣᠷᠣᠨ ᠰᠠᠭᠤᠴᠠ ᠪᠠᠷ ᠲᠡᠩᠬᠡᠷᠡᠭᠦᠯᠦᠨ ᠲᠤᠰᠠᠯᠠᠬᠤ ᠨᠥᠬᠦᠪᠥᠷᠢ ᠮᠥᠩᠭᠦ ᠶᠢ ᠤᠯᠤᠰ ᠪᠠ ᠥᠪᠡᠷᠲᠡᠭᠡᠨ | ᠵᠠᠰᠠᠬᠤ ᠣᠷᠣᠨ ᠤ ᠲᠤᠰᠬᠠᠶ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ ᠨᠢᠭᠡᠳᠦᠯᠲᠡᠶ | ᠬᠡᠷᠡᠭᠯᠡᠵᠦ᠂ ᠭᠤᠣᠯᠳᠠᠭᠤ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠭᠡᠷ ᠪᠠᠶᠢᠰᠢᠩ ᠪᠠᠷᠢᠬᠤ ᠪᠤᠶᠤ | ᠰᠡᠯᠪᠢᠨ ᠵᠠᠰᠠᠵᠤ ᠥᠭᠡᠷᠡᠴᠢᠯᠡᠬᠦ ᠵᠠᠷᠤᠯᠭ᠎ᠠ ᠳᠤ ᠬᠡᠷᠡᠭᠯᠡᠨ᠎ᠡ᠃ | 6. ᠰᠤᠷᠭᠠᠨ ᠬᠥᠮᠦᠵᠢᠯ ᠢᠶᠠᠷ ᠲᠡᠩᠬᠡᠷᠡᠭᠦᠯᠦᠨ ᠲᠤᠰᠠᠯᠠᠬᠤ ᠦᠢᠯᠡᠴᠢᠯᠡᠭᠡ ᠬᠠᠩᠭᠠᠨ᠎ᠠ᠃ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠱᠠᠲᠤᠨ ᠳᠤ ᠰᠤᠷᠤᠯᠴᠠᠵᠤ ᠪᠠᠶᠢᠭ᠎ᠠ ᠣᠨᠴᠠ ᠬᠦᠴᠢᠷᠳᠡᠯᠲᠡᠢ ᠬᠥᠮᠦᠰ ᠲᠤ ᠰᠤᠷᠭᠠᠨ | ᠬᠥᠮᠦᠵᠢᠯ ᠢᠶᠠᠷ ᠲᠡᠩᠬᠡᠷᠡᠭᠦᠯᠦᠨ ᠲᠤᠰᠠᠯᠠᠨ᠎ᠠ︔ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ︵ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠪᠠᠭᠲᠠᠨ᠎ᠠ︶᠂ ᠡᠩ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠱᠠᠲᠤᠨ ᠳᠤ | ᠰᠤᠷᠤᠯᠴᠠᠵᠤ ᠪᠠᠶᠢᠭ᠎ᠠ ᠣᠨᠴᠠ ᠬᠦᠴᠢᠷᠳᠡᠯᠲᠡᠢ ᠬᠥᠮᠦᠰ ᠲᠤ ᠪᠣᠳᠠᠲᠠᠶ ᠪᠠᠶᠢᠳᠠᠯ ᠢ ᠨᠢ ᠦᠨᠳᠦᠰᠦᠯᠡᠨ ᠵᠣᠬᠢᠬᠤ | ᠰᠤᠷᠭᠠᠨ ᠬᠥᠮᠦᠵᠢᠯ ᠢᠶᠠᠷ ᠲᠡᠩᠬᠡᠷᠡᠭᠦᠯᠦᠨ ᠲᠤᠰᠠᠯᠠᠨ᠎ᠠ᠃ | ︵ᠲᠦᠷᠪᠡ︶ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠪᠠᠷᠢᠮᠵᠢᠶ᠎ᠠ᠃ | ᠣᠨᠴᠠ ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠪᠠᠷᠢᠮᠵᠢᠶ᠎ᠠ ᠳᠤ | ᠦᠨᠳᠦᠰᠦᠨ ᠠᠮᠢᠳᠤᠷᠠᠯ ᠤᠨ ᠪᠠᠷᠢᠮᠵᠢᠶ᠎ᠠ ᠪᠣᠯᠣᠨ ᠬᠠᠷᠠᠭᠠᠯᠵᠠᠵᠤ ᠰᠤᠪᠢᠯᠠᠬᠤ ᠪᠠᠷᠢᠮᠵᠢᠶ᠎ᠠ ᠪᠠᠭᠲᠠᠨ᠎ᠠ᠃ | ᠦᠨᠳᠦᠰᠦᠨ ᠠᠮᠢᠳᠤᠷᠠᠯ ᠤᠨ ᠪᠠᠷᠢᠮᠵᠢᠶ᠎ᠠ ᠨᠢ ᠣᠨᠴᠠ ᠬᠦᠴᠢᠷᠳᠡᠯᠲᠡᠢ ᠬᠥᠮᠦᠰ ᠤᠨ ᠦᠨᠳᠦᠰᠦᠨ | ᠠᠮᠢᠳᠤᠷᠠᠯ ᠤᠨ ᠬᠡᠷᠡᠭᠴᠡᠭᠡ ᠶᠢ ᠬᠠᠩᠭᠠᠵᠤ᠂ ᠲᠤᠬᠠᠶ ᠶᠢᠨ ᠭᠠᠵᠠᠷ ᠤᠨ ᠬᠤᠳᠠ ᠬᠥᠳᠡᠭᠡ ᠶᠢᠨ ᠰᠠᠭᠤᠭᠠᠯᠢ | ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ 1.3 ᠳᠠᠬᠢᠨ ᠠᠴᠠ ᠳᠣᠣᠷ᠎ᠠ | ᠪᠠᠶᠢᠯᠭᠠᠵᠤ ᠪᠣᠯᠬᠤ ᠦᠭᠡᠢ᠃ | ᠬᠠᠷᠠᠭᠠᠯᠵᠠᠵᠤ ᠰᠤᠪᠢᠯᠠᠬᠤ ᠪᠠᠷᠢᠮᠵᠢᠶ᠎ᠠ ᠶᠢ ᠣᠨᠴᠠ ᠬᠦᠴᠢᠷᠳᠡᠯᠲᠡᠢ ᠬᠥᠮᠦᠰ ᠤᠨ ᠠᠮᠢᠳᠤᠷᠠᠯ ᠢᠶᠠᠨ ᠠᠷᠭᠠᠴᠠᠬᠤ | ᠴᠢᠳᠠᠪᠤᠷᠢ ᠪᠣᠯᠣᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠵᠦᠷᠢᠶᠡᠴᠢᠯᠡᠭᠰᠡᠨ | ᠦᠢᠯᠡᠴᠢᠯᠡᠭᠡ ᠶᠢ ᠬᠡᠷᠡᠭᠵᠢᠭᠦᠯᠵᠦ᠂ ᠲᠤᠬᠠᠶ ᠶᠢᠨ ᠭᠠᠵᠠᠷ ᠤᠨ ᠲᠦᠷᠦᠭᠦᠦ ᠵᠢᠯ ᠤᠨ ᠬᠠᠮᠤᠭ ᠳᠣᠣᠷ᠎ᠠ ᠴᠠᠯᠢᠩ ᠤᠨ | ᠪᠠᠷᠢᠮᠵᠢᠶ᠎ᠠ ᠶᠢᠨ ᠵᠣᠬᠢᠬᠤ ᠬᠠᠷᠢᠴᠠᠯ ᠶᠣᠰᠣᠭᠠᠷ ᠲᠡᠰ ᠬᠤᠪᠢᠶᠠᠨ ᠲᠣᠭᠲᠠᠭᠠᠨ᠎ᠠ᠃ ᠵᠠᠷᠴᠢᠮ ᠳᠡᠭᠡᠷ᠎ᠡ ᠪᠠᠨ | ᠠᠮᠢᠳᠤᠷᠠᠯ ᠢᠶᠠᠨ ᠠᠷᠭᠠᠴᠠᠬᠤ ᠴᠢᠳᠠᠪᠤᠷᠢ ᠪᠠᠨ ᠬᠡᠰᠡᠭ ᠲᠠᠯ᠎ᠠ ᠪᠠᠷ ᠠᠯᠳᠠᠭᠰᠠᠨ᠂ ᠠᠮᠢᠳᠤᠷᠠᠯ ᠢᠶᠠᠨ ᠠᠷᠭᠠᠴᠠᠬᠤ | ᠴᠢᠳᠠᠪᠤᠷᠢ ᠪᠠᠨ ᠪᠦᠷᠢᠮᠦᠰᠦᠨ ᠠᠯᠳᠠᠭᠰᠠᠨ ᠡᠲᠡᠭᠡᠳ ᠲᠤ᠂ ᠬᠠᠷᠠᠭᠠᠯᠵᠠᠵᠤ ᠰᠤᠪᠢᠯᠠᠬᠤ ᠪᠠᠷᠢᠮᠵᠢᠶ᠎ᠠ ᠶᠢ ᠲᠤᠰ ᠲᠤᠰ | ᠲᠦᠷᠦᠭᠦᠦ ᠵᠢᠯ ᠤᠨ ᠪᠦᠬᠦ ᠣᠷᠣᠨ ᠤ ᠬᠠᠮᠤᠭ ᠤᠨ ᠳᠣᠣᠷ᠎ᠠ ᠳᠤᠮᠳᠠᠴᠢ ᠴᠠᠯᠢᠩ ᠤᠨ ᠪᠠᠷᠢᠮᠵᠢᠶ᠎ᠠ ᠶᠢᠨ 25% ᠪᠠ | 65% ᠠᠴᠠ ᠳᠤᠤᠷ᠎ᠠ ᠪᠠᠶᠢᠯᠭᠠᠵᠤ ᠪᠣᠯᠬᠤ ᠦᠭᠡᠢ ᠪᠠᠷ ᠲᠣᠭᠲᠠᠭᠠᠨ᠎ᠠ︔ ᠠᠮᠢᠳᠤᠷᠠᠯ ᠢᠶᠠᠨ ᠪᠦᠷᠢᠨ ᠠᠷᠭᠠᠴᠠᠬᠤ | ᠴᠢᠳᠠᠪᠤᠷᠢ ᠲᠠᠢ ᠡᠲᠡᠭᠡᠳ ᠤᠨ ᠬᠠᠷᠠᠭᠠᠯᠵᠠᠵᠤ ᠰᠤᠪᠢᠯᠠᠬᠤ ᠪᠠᠷᠢᠮᠵᠢᠶ᠎ᠠ ᠶᠢ ᠬᠤᠰᠢᠭᠤ ᠰᠢᠶᠠᠨ ︵ᠬᠤᠳᠠ᠂ ᠲᠣᠭᠤᠷᠢᠭ | ︶ ᠤ ᠠᠷᠠᠳ ᠤᠨ ᠵᠠᠰᠠᠭ ᠤᠨ ᠣᠷᠳᠣᠨ ᠠᠴᠠ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠬᠢᠷᠢ ᠬᠡᠮᠵᠢᠶ᠎ᠡ᠂ ᠡᠳ᠋ ᠤᠨ ᠬᠦᠴᠦᠨ ᠤ ᠪᠠᠶᠢᠳᠠᠯ ᠪᠣᠯᠣᠨ ᠣᠨᠴᠠ ᠬᠦᠴᠢᠷᠳᠡᠯᠲᠡᠢ ᠬᠥᠮᠦᠰ ᠤᠨ ᠪᠤᠳᠠᠲᠠᠢ | ᠪᠦᠷᠢᠯᠳᠦᠭᠰᠡᠨ ᠠᠰᠠᠷᠠᠨ ᠰᠤᠪᠢᠯᠠᠭᠤᠯᠬᠤ ᠬᠡᠷᠡᠭᠴᠡᠭᠡ ᠶᠢ ᠦᠨᠳᠦᠰᠦᠯᠡᠨ ᠲᠣᠭᠲᠠᠭᠠᠨ᠎ᠠ᠃ | ᠥᠪᠡᠷᠲᠡᠭᠡᠨ ᠵᠠᠰᠠᠬᠤ ᠣᠷᠣᠨ ᠠᠴᠠ ᠣᠨᠴᠠ ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ | ᠲᠡᠵᠢᠭᠡᠬᠦ ᠶᠢᠨ ᠵᠢᠯᠣᠭᠤᠳᠬᠤ ᠪᠠᠷᠢᠮᠵᠢᠶ᠎ᠠ ᠶᠢ ᠨᠢ ᠣᠨ ᠢᠶᠠᠷ ᠨᠡᠶᠢᠲᠡᠯᠡᠨ᠎ᠡ᠃ ᠡᠯ᠎ᠡ ᠠᠶᠢᠮᠠᠭ ᠬᠤᠲᠠ ᠨᠢ ᠥᠪᠡᠷᠲᠡᠭᠡᠨ | ᠵᠠᠰᠠᠭ ᠣᠷᠣᠨ ᠤ ᠵᠢᠯᠣᠭᠤᠳᠬᠤ ᠪᠠᠷᠢᠮᠵᠢᠶ᠎ᠠ ᠶᠢ ᠦᠨᠳᠦᠰᠦᠯᠡᠨ᠂ ᠭᠠᠵᠠᠷ ᠣᠷᠣᠨ᠂ ᠬᠤᠲᠠ ᠬᠥᠳᠡᠭᠡ ᠶᠢᠨ ᠵᠦᠷᠢᠶ᠎ᠡ | ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ ᠲᠤᠰ ᠭᠠᠵᠠᠷ ᠣᠷᠣᠨ ᠤ ᠲᠡᠩᠬᠡᠷᠡᠭᠦᠯᠦᠨ ᠲᠤᠰᠠᠯᠠᠵᠤ | ᠠᠰᠠᠷᠠᠨ ᠲᠡᠵᠢᠭᠡᠬᠦ ᠪᠠᠷᠢᠮᠵᠢᠶ᠎ᠠ ᠶᠢ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠳᠤ ᠮᠡᠳᠡᠭᠦᠯᠦᠨ ᠬᠢᠨᠠᠨ ᠲᠣᠭᠲᠠᠭᠠᠭᠰᠠᠨ ᠤ ᠳᠠᠷᠠᠭ᠎ᠠ ᠨᠡᠶᠢᠲᠡᠯᠡᠨ ᠬᠡᠷᠡᠭᠵᠢᠭᠦᠯᠦᠨ᠎ᠡ᠃ | ︵ᠲᠠᠪᠤ︶ ᠲᠡᠩᠬᠡᠷᠡᠬᠦᠯᠦᠨ ᠲᠤᠰᠠᠯᠠᠵᠤ ᠠᠰᠠᠷᠠᠨ ᠲᠡᠵᠢᠭᠡᠬᠦ ᠬᠡᠯᠪᠡᠷᠢ᠃ | ᠣᠨᠴᠠ ᠬᠦᠴᠢᠷᠳᠡᠯᠲᠡᠢ ᠬᠥᠮᠦᠰ ᠤᠨ ᠲᠡᠩᠬᠡᠷᠡᠭᠦᠯᠦᠨ ᠲᠤᠰᠠᠯᠠᠬᠤ ᠠᠰᠠᠷᠠᠨ ᠲᠡᠵᠢᠭᠡᠬᠦ ᠬᠡᠯᠪᠡᠷᠢ ᠶᠢ | ᠭᠡᠷ ᠲᠡᠭᠡᠨ ᠰᠠᠭᠤᠵᠤ ᠰᠠᠯᠭᠠᠨ ᠠᠰᠠᠷᠠᠨ ᠲᠡᠵᠢᠭᠡᠬᠦ ᠪᠠ ᠲᠤᠬᠠᠶ ᠶᠢᠨ ᠭᠠᠵᠠᠷ ᠤᠨ ᠠᠰᠠᠷᠠᠨ ᠲᠡᠵᠢᠭᠡᠬᠦ | ᠦᠢᠯᠡᠴᠢᠯᠡᠭᠡᠨ ᠤ ᠪᠠᠶᠢᠭᠤᠯᠤᠮᠵᠢ ᠳᠤ ᠲᠥᠪᠯᠡᠷᠡᠭᠦᠯᠦᠨ ᠠᠰᠠᠷᠠᠨ ᠲᠡᠵᠢᠭᠡᠬᠦ ᠭᠡᠵᠦ ᠬᠤᠪᠢᠶᠠᠨ᠎ᠠ᠃ ᠠᠮᠢᠳᠤᠷᠠᠯ ᠢᠶᠠᠨ | ᠠᠷᠭᠠᠴᠠᠬᠤ ᠴᠢᠳᠠᠪᠤᠷᠢ ᠶᠢ ᠪᠦᠷᠢᠯᠳᠦᠭᠦᠯᠦᠭᠰᠡᠨ ᠪᠠᠶᠢᠪᠠᠯ᠂ ᠲᠡᠳᠡᠨ ᠤ ᠭᠡᠷ ᠲᠡᠭᠡᠨ ᠰᠠᠭᠤᠵᠤ ᠰᠠᠯᠭᠠᠨ ᠠᠰᠠᠷᠠᠨ | ᠲᠡᠵᠢᠭᠡᠯᠬᠡᠬᠦ ᠶᠢ ᠵᠣᠷᠢᠬᠵᠢᠭᠤᠯᠤᠨ᠎ᠠ︔ ᠠᠮᠢᠳᠤᠷᠠᠯ ᠢᠶᠠᠨ ᠠᠷᠭᠠᠴᠠᠬᠤ ᠴᠢᠳᠠᠪᠤᠷᠢ ᠪᠠᠨ ᠪᠦᠬᠦᠨ ᠢ ᠪᠤᠶᠤ ᠬᠡᠰᠡᠭ | ᠲᠠᠯ᠎ᠠ ᠪᠠᠷ ᠠᠯᠳᠠᠭᠰᠠᠨ ᠪᠠᠶᠢᠪᠠᠯ᠂ ᠲᠡᠳᠡᠨ ᠳᠤ ᠤᠷᠢᠳᠠᠪᠡᠷ ᠲᠥᠪᠯᠡᠷᠡᠭᠦᠯᠦᠨ ᠠᠰᠠᠷᠠᠨ ᠲᠡᠵᠢᠭᠡᠬᠦ ᠦᠢᠯᠡᠴᠢᠯᠡᠭᠡ ᠶᠢ | ᠬᠠᠩᠭᠠᠨ᠎ᠠ᠃ | 1. ᠰᠠᠯᠭᠠᠵᠤ ᠠᠰᠠᠷᠠᠨ ᠲᠡᠵᠢᠭᠡᠬᠦ᠃ ᠰᠠᠯᠭᠠᠵᠤ ᠠᠰᠠᠷᠠᠨ ᠲᠡᠵᠢᠭᠡᠬᠦ ᠣᠨᠴᠠ ᠬᠦᠴᠢᠷᠳᠡᠯᠲᠡᠢ ᠬᠥᠮᠦᠰ ᠲᠤ᠂ | ᠲᠤᠰ ᠬᠥᠮᠦᠨ ᠢᠶᠠᠷ ᠨᠢ ᠵᠥᠪᠰᠢᠶᠡᠷᠡᠭᠦᠯᠦᠭᠡᠳ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠠᠴᠠ ᠲᠡᠳᠡᠨ ᠤ ᠲᠦᠷᠦᠯ ᠰᠠᠳᠤᠨ ᠨᠠᠶᠢᠵᠠ ᠨᠥᠬᠦᠳ ᠪᠤᠶᠤ | ᠭᠠᠴᠠᠭ᠎ᠠ ᠲᠣᠰᠬᠤᠨ ᠤ ᠠᠷᠠᠳ ᠤᠨ ᠵᠥᠪᠯᠡᠯ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ︶᠂ | ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ | ᠠᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠳᠤ ᠨᠠᠶᠢᠳᠠᠨ ᠡᠳᠦᠷ ᠲᠤᠲᠤᠮ ᠤᠨ ᠠᠰᠠᠷᠠᠨ ᠰᠤᠪᠢᠯᠠᠬᠤ᠂ | ᠠᠮᠢᠳᠤᠷᠠᠯ ᠢ ᠨᠢ ᠠᠰᠠᠷᠠᠨ ᠬᠠᠷᠠᠭᠠᠯᠵᠠᠬᠤ᠂ ᠡᠮᠨᠡᠯᠭᠡ ᠳᠤ ᠰᠠᠭᠤᠯᠭᠠᠵᠤ ᠬᠠᠷᠠᠵᠤ ᠰᠣᠪᠢᠯᠠᠬᠤ ᠵᠡᠷᠭᠡ ᠦᠢᠯᠡᠴᠢᠯᠡᠭᠡ | ᠬᠠᠩᠭᠠᠨ ᠦᠭᠴᠦ ᠪᠤᠯᠤᠨ᠎ᠠ᠃ ᠨᠥᠬᠦᠴᠡᠯ ᠲᠠᠢ ᠭᠠᠵᠠᠷ ᠣᠷᠣᠨ ᠨᠢ ᠰᠠᠯᠭᠠᠵᠤ ᠠᠰᠠᠷᠠᠨ ᠲᠡᠵᠢᠭᠡᠬᠦ ᠣᠨᠴᠠ | ᠬᠦᠴᠢᠷᠳᠡᠯᠲᠡᠢ ᠬᠥᠮᠥᠰ ᠲᠤ ᠨᠡᠶᠢᠭᠡᠮ ᠲᠣᠭᠤᠷᠢᠭ ᠤᠨ ᠡᠳᠦᠷ ᠲᠣᠲᠣᠮ ᠤᠨ ᠠᠰᠠᠷᠠᠨ ᠬᠠᠷᠠᠭᠠᠯᠵᠠᠬᠤ ᠦᠢᠯᠡᠴᠢᠯᠡᠭᠡ | ᠬᠠᠩᠭᠠᠵᠤ ᠪᠣᠯᠣᠨ᠎ᠠ᠃ | 2. ᠲᠥᠪᠯᠡᠷᠡᠭᠦᠯᠦᠨ ᠠᠰᠠᠷᠠᠨ ᠲᠡᠵᠢᠭᠡᠬᠦ᠃ ᠲᠥᠪᠯᠡᠷᠡᠭᠦᠯᠦᠨ ᠠᠰᠠᠷᠠᠨ ᠲᠡᠵᠢᠭᠡᠬᠦ ᠴᠢᠬᠤᠯᠠᠲᠠᠶ ᠣᠨᠴᠠ | ᠬᠦᠴᠢᠷᠳᠡᠯᠲᠡᠶ ᠬᠥᠮᠦᠰ ᠢ ᠬᠤᠰᠢᠭᠤ ᠰᠢᠶᠠᠨ ︵ᠬᠤᠳᠠ᠂ ᠲᠣᠭᠤᠷᠢᠭ︶ ᠤ ᠠᠷᠠᠳ ᠤᠨ ᠶᠠᠪᠤᠳᠠᠯ ᠤᠨ ᠰᠠᠯᠠᠭ᠎ᠠ | ᠮᠥᠴᠢᠷ ᠨᠢ ᠬᠠᠮᠢᠶᠠᠷᠬᠤ ᠳᠤ ᠲᠥᠬᠦᠮ ᠪᠠᠶᠢᠬᠤ ᠵᠠᠷᠴᠢᠮ ᠶᠣᠰᠣᠭᠠᠷ᠂ ᠤᠶᠢᠢᠷ᠎ᠠ ᠬᠠᠪᠢ ᠶᠢᠨ ᠵᠣᠬᠢᠬᠤ ᠠᠰᠠᠷᠠᠨ | ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠳᠤ ᠲᠣᠬᠢᠷᠠᠭᠤᠯᠤᠨ᠎ᠠ︔ ᠪᠦᠬᠦᠯᠢ 16 ᠨᠠᠰᠤ ᠬᠦᠷᠦᠭᠡᠳᠦᠢ ᠪᠠᠶᠢᠪᠠᠯ᠂ | ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠳᠤ ᠲᠣᠬᠢᠷᠠᠭᠤᠯᠤᠨ᠎ᠠ᠃ ᠬᠤᠰᠢᠭᠤ ᠰᠢᠶᠠᠨ ︵ᠬᠤᠳᠠ᠂ ᠲᠣᠭᠤᠷᠢᠭ︶ | ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠢ ᠵᠣᠬᠢᠴᠠᠭᠤᠯᠭ᠎ᠠ ᠪᠠᠨ ᠴᠢᠩᠭᠠᠳᠬᠠᠨ᠂ ᠡᠬᠢ ᠪᠠᠶᠠᠯᠢᠭ ᠢ | ᠭᠦᠢᠴᠡᠳ ᠠᠰᠢᠭᠯᠠᠵᠤ᠂ ᠲᠤᠬᠠᠶ ᠶᠢᠨ ᠭᠠᠵᠠᠷ ᠤᠨ ᠲᠥᠪᠯᠡᠷᠡᠭᠦᠯᠦᠨ ᠠᠰᠠᠷᠠᠨ ᠲᠡᠵᠢᠭᠡᠬᠦ ᠲᠥᠯᠥᠪᠯᠡᠭᠡ ᠶᠢ | ᠨᠢᠭᠡᠳᠦᠯᠲᠡᠶ ᠲᠥᠯᠥᠪᠯᠡᠨ ᠲᠣᠭᠲᠠᠭᠠᠵᠤ᠂ ᠵᠠᠷᠴᠢᠮ ᠳᠡᠭᠡᠷ᠎ᠡ ᠪᠠᠨ ᠠᠮᠢᠳᠤᠷᠠᠯ ᠢᠶᠠᠨ ᠠᠷᠭᠠᠴᠠᠬᠤ ᠴᠢᠳᠠᠪᠤᠷᠢ ᠪᠠᠨ | ᠪᠦᠷᠢᠮᠦᠰᠦᠨ ᠪᠤᠶᠤ ᠬᠡᠰᠡᠭ ᠲᠠᠯ᠎ᠠ ᠪᠠᠷ ᠠᠯᠳᠠᠭᠰᠠᠨ ᠪᠥᠭᠡᠳ ᠬᠦᠰᠡᠯ ᠵᠣᠷᠢᠯᠲᠠ ᠲᠠᠢ ᠪᠤᠢ ᠪᠦᠬᠦᠢ ᠣᠨᠴᠠ | ᠬᠦᠴᠢᠷᠳᠡᠯᠲᠡᠢ ᠬᠥᠮᠦᠰ ᠲᠤ ᠲᠥᠪᠯᠡᠷᠡᠭᠦᠯᠦᠨ ᠠᠰᠠᠷᠠᠨ ᠲᠡᠵᠢᠭᠡᠬᠦ ᠦᠢᠯᠡᠴᠢᠯᠡᠭᠡ ᠬᠠᠩᠭᠠᠨ᠎ᠠ᠃ ᠬᠠᠯᠳᠠᠪᠤᠷᠢᠲᠤ | ᠡᠪᠡᠳᠴᠢᠨ᠂ ᠣᠶᠣᠨ ᠮᠡᠳᠡᠷᠡᠯ ᠤᠨ ᠰᠠᠭᠠᠳ ᠵᠡᠷᠭᠡ ᠡᠪᠡᠳᠴᠢᠨ ᠡᠮᠭᠡᠭ ᠲᠠᠢ ᠠᠴᠠ ᠪᠣᠯᠵᠤ ᠲᠥᠪᠯᠡᠷᠡᠭᠦᠯᠦᠨ ᠠᠰᠠᠷᠠᠨ | ᠲᠡᠵᠢᠭᠡᠬᠦ ᠳᠤ ᠲᠣᠬᠢᠷᠠᠬᠤ ᠦᠭᠡᠢ ᠪᠠᠶᠢᠬᠤ ᠠᠴᠠ ᠪᠤᠰᠤᠳ᠂ ᠠᠰᠠᠷᠠᠨ ᠲᠡᠵᠢᠭᠡᠬᠦ ᠨᠥᠬᠦᠴᠡᠯ ᠲᠠᠢ ᠠᠯᠪᠠᠨ ᠠᠴᠠ | ᠡᠷᠬᠢᠯᠡᠭᠰᠡᠨ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠨᠢ ᠣᠨᠴᠠ ᠬᠦᠴᠢᠷᠳᠡᠯᠲᠡᠢ ᠬᠦᠮᠦᠰ ᠢ ᠬᠦᠯᠢᠶᠡᠨ | ᠠᠪᠬᠤ ᠦᠭᠡᠢ ᠪᠠᠶᠢᠵᠤ ᠪᠣᠯᠬᠤ ᠦᠭᠡᠢ᠃ | ᠮᠡᠳᠡᠷᠡᠯ ᠤᠨ ᠡᠪᠡᠳᠴᠢᠨ᠂ ᠬᠠᠯᠳᠠᠪᠤᠷᠢᠲᠤ ᠡᠪᠡᠳᠴᠢᠨ ᠮᠡᠲᠦ ᠶᠢᠨ ᠡᠪᠡᠳᠴᠢᠨ ᠡᠮᠭᠡᠭ ᠲᠠᠢ ᠲᠥᠪᠯᠡᠷᠡᠭᠦᠯᠦᠨ | ᠠᠰᠠᠷᠠᠨ ᠲᠡᠵᠢᠭᠡᠬᠦ ᠳᠤ ᠲᠣᠬᠢᠷᠠᠬᠤ ᠦᠭᠡᠢ ᠣᠨᠴᠠ ᠬᠦᠴᠢᠷᠳᠡᠯᠲᠡᠢ ᠬᠥᠮᠦᠰ ᠢ ᠰᠤᠮᠤ ᠰᠢᠶᠠᠩ ᠪᠠᠯᠭᠠᠰᠤ ᠶᠢᠨ | ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠪᠣᠯᠤᠨ ᠬᠤᠰᠢᠭᠤ ᠰᠢᠶᠠᠨ | ︵ᠬᠤᠳᠠ᠂ ᠲᠣᠭᠤᠷᠢᠭ︶ ᠤ ᠶᠡᠷᠦᠩᠬᠡᠶᠢᠯᠡᠨ ᠵᠠᠰᠠᠬᠤ᠂ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠲᠥᠯᠥᠪᠯᠡᠭᠡᠲᠦ | ᠦᠷᠡᠵᠢᠯ ᠵᠡᠷᠭᠡ ᠰᠠᠯᠠᠭ᠎ᠠ ᠮᠥᠴᠢᠷ ᠤᠳ ᠲᠡᠳᠡᠨ ᠳᠤ ᠠᠰᠠᠷᠠᠨ ᠲᠡᠵᠢᠭᠡᠬᠦ ᠪᠠ ᠡᠮᠴᠢᠯᠡᠭᠡᠨ ᠤ ᠦᠢᠯᠡᠴᠢᠯᠡᠭᠡ ᠶᠢ | ᠲᠣᠬᠢᠲᠠᠢ ᠲᠣᠬᠢᠷᠠᠭᠤᠯᠵᠤ᠂ ᠴᠢᠬᠤᠯᠠ ᠲᠠᠢ ᠦᠶ᠎ᠡ ᠳᠤ ᠲᠤᠰᠬᠠᠶ ᠡᠮᠴᠢᠯᠡᠭᠡᠨ ᠤ ᠪᠠᠶᠢᠭᠤᠯᠤᠮᠵᠢ ᠳᠤ ᠡᠪᠡᠳᠴᠢᠨ | ᠡᠮᠬᠡᠭ ᠢ ᠨᠢ ᠵᠠᠰᠠᠵᠤ ᠨᠠᠶᠢᠳᠠᠨ ᠬᠠᠮᠢᠶᠠᠷᠤᠭᠤᠯᠬᠤ ᠪᠠᠷ ᠬᠦᠷᠭᠡᠨ᠎ᠡ᠃ | ︵ᠵᠢᠷᠭᠤᠭ᠎ᠠ︶ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ᠃ | ᠠᠶᠢᠮᠠᠭ ᠬᠤᠲᠠ ᠨᠢ ᠲᠤᠰ ᠭᠠᠵᠠᠷ ᠣᠷᠣᠨ ᠤ ᠣᠨᠴᠠ ᠬᠦᠴᠢᠷᠳᠡᠯᠲᠡᠢ ᠬᠥᠮᠦᠰ ᠢ ᠠᠰᠠᠷᠠᠨ ᠲᠡᠵᠢᠭᠡᠬᠦ | ᠦᠢᠯᠡᠴᠢᠯᠡᠭᠡᠨ ᠤ ᠪᠠᠶᠢᠭᠤᠯᠤᠮᠵᠢ ᠶᠢᠨ ᠪᠦᠳᠦᠬᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ᠎ᠡ᠃ ᠬᠤᠰᠢᠭᠤ | ᠰᠢᠶᠠᠨ ︵ᠬᠤᠳᠠ᠂ ᠲᠣᠭᠤᠷᠢᠭ︶ ᠨᠢ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠳᠤ ᠬᠠᠤᠯᠢ ᠶᠢᠨ | ᠡᠷᠬᠡᠲᠡᠨ ᠤ ᠳᠠᠩᠰᠠᠯᠠᠯ ᠢ ᠬᠠᠣᠯᠢ ᠶᠣᠰᠣᠭᠠᠷ ᠭᠦᠢᠴᠡᠳᠬᠡᠵᠦ᠂ ᠵᠠᠰᠠᠭ ᠤᠨ ᠣᠷᠳᠣᠨ ᠤ ᠣᠷᠣᠭᠤᠯᠤᠯᠲᠠ ᠪᠠᠷ | ᠭᠤᠣᠯᠯᠠᠨ᠂ ᠤᠯᠤᠰ ᠤᠨ ᠦᠮᠴᠢᠯᠡᠯᠲᠦ ᠡᠳ᠋ ᠬᠦᠷᠦᠩᠬᠡ ᠶᠢ ᠠᠰᠢᠭᠯᠠᠨ ᠡᠷᠬᠢᠯᠡᠭᠰᠡᠨ ᠠᠰᠠᠷᠠᠨ ᠲᠡᠵᠢᠭᠡᠬᠦ | ᠦᠢᠯᠡᠴᠢᠯᠡᠭᠡᠨ ᠤ ᠪᠠᠶᠢᠭᠤᠯᠤᠮᠵᠢ ᠳᠤ ︽ᠠᠵᠢᠯ ᠦᠢᠯᠡᠰ ᠤᠨ ᠨᠢᠭᠡᠴᠡ ᠶᠢ ᠳᠠᠩᠰᠠᠯᠠᠨ ᠲᠡᠮᠳᠡᠭᠯᠡᠬᠦ | ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠲᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠠᠵᠢᠯ | ᠦᠢᠯᠡᠰ ᠤᠨ ᠨᠢᠭᠡᠴᠡ ᠶᠢᠨ ᠬᠠᠤᠯᠢ ᠶᠢᠨ ᠡᠷᠬᠡᠲᠡᠨ ᠤ ᠳᠠᠩᠰᠠᠯᠠᠨ ᠲᠡᠮᠳᠡᠭᠯᠡᠬᠦ ᠬᠠᠮᠢᠶᠠᠷᠤᠯᠲᠠ ᠶᠢ ᠬᠡᠷᠡᠭᠵᠢᠭᠦᠯᠦᠨ᠎ᠡ᠃ | ᠲᠤᠰ ᠭᠠᠵᠠᠷ ᠣᠷᠣᠨ ᠤ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠪᠡᠯᠡᠳᠬᠡᠮᠵᠢ ᠲᠥᠬᠦᠭᠡᠷᠦᠮᠵᠢ ᠶᠢ | ᠥᠭᠡᠷᠡᠴᠢᠯᠡᠨ ᠰᠠᠶᠢᠵᠢᠷᠠᠭᠤᠯᠵᠤ᠂ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠪᠠᠶᠢᠭᠤᠯᠬᠤ | ᠵᠥᠪᠰᠢᠶᠡᠷᠡᠯ ᠤᠨ ᠠᠵᠢᠯ ᠪᠠ ᠭᠠᠯ ᠤᠨᠲᠠᠷᠠᠭᠠᠬᠤ ᠵᠥᠪᠰᠢᠶᠡᠷᠡᠯ ᠤᠨ ᠪᠠᠷᠢᠮᠵᠢᠶ᠎ᠠ ᠳᠤ ᠬᠦᠷᠦᠭᠦᠯᠬᠦ ᠶᠢ ᠠᠬᠢᠭᠤᠯᠵᠤ᠂ | ᠣᠨᠴᠠ ᠬᠦᠴᠢᠷᠳᠡᠯᠲᠡᠢ ᠬᠦᠮᠦᠰ ᠢ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠳᠡᠰ ᠵᠡᠷᠭᠡ ᠶᠢ ᠬᠢᠨᠠᠨ | ᠲᠣᠭᠲᠠᠭᠠᠬᠤ ᠠᠵᠢᠯ ᠢ ᠥᠷᠨᠢᠭᠦᠯᠦᠨ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ᠂ ᠡᠷᠡᠭᠦᠯ | ᠬᠠᠮᠠᠭᠠᠯᠠᠯ ᠲᠥᠯᠥᠪᠯᠡᠭᠡᠲᠦ ᠦᠷᠡᠵᠢᠯ ᠵᠡᠷᠭᠡ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠤᠭ᠎ᠠ | ᠬᠠᠷᠢᠭᠤᠴᠠᠯᠭ᠎ᠠ ᠶᠢᠨ ᠪᠢᠴᠢᠭ ᠲᠣᠭᠲᠠᠨ᠎ᠠ᠃ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠡᠳᠦᠷ | ᠲᠤᠳᠤᠮ ᠤᠨ ᠠᠵᠢᠯᠯᠠᠭᠠᠨ ᠤ ᠬᠠᠮᠢᠶᠠᠷᠤᠯᠲᠠ ᠶᠢ ᠵᠢᠷᠤᠮᠵᠢᠭᠤᠯᠤᠨ᠂ ᠳᠣᠲᠣᠭᠠᠳᠤ ᠶᠢᠨ ᠬᠠᠮᠢᠶᠠᠷᠤᠯᠲᠠ᠂ ᠠᠮᠤᠷ | ᠲᠥᠪᠰᠢᠨ ᠤ ᠬᠠᠮᠢᠶᠠᠷᠤᠯᠲᠠ ᠪᠣᠯᠣᠨ ᠦᠢᠯᠡᠴᠢᠯᠡᠭᠡᠨ ᠤ ᠬᠠᠮᠢᠶᠠᠷᠤᠯᠲᠠ ᠵᠡᠷᠭᠡ ᠳᠦᠷᠢᠮ ᠢ ᠪᠠᠶᠢᠭᠤᠯᠤᠨ | ᠪᠦᠷᠢᠨᠰᠢᠭᠦᠯᠵᠦ᠂ ᠣᠨᠴᠠ ᠬᠦᠴᠢᠷᠳᠡᠯᠲᠠᠢ ᠬᠥᠮᠦᠰ ᠲᠤ ᠡᠳᠦᠷ ᠲᠤᠲᠤᠮ ᠤᠨ ᠠᠮᠢᠳᠤᠷᠠᠯ ᠤᠨ ᠬᠠᠷᠠᠭᠠᠯᠵᠠᠯ | ᠰᠤᠪᠢᠯᠠᠯᠳᠠ᠂ ᠡᠮᠨᠡᠨ ᠵᠠᠰᠠᠬᠤ ᠵᠡᠷᠭᠡ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠦᠨᠳᠦᠰᠦᠨ ᠦᠢᠯᠡᠴᠢᠯᠡᠭᠡ | ᠬᠠᠩᠭᠠᠨ᠎ᠠ᠃ ᠣᠨᠴᠠ ᠬᠦᠴᠢᠷᠳᠡᠯᠲᠠᠢ ᠬᠥᠮᠦᠰ ᠢ ᠲᠥᠪᠯᠡᠷᠡᠭᠦᠯᠦᠨ ᠠᠰᠠᠷᠠᠨ ᠲᠡᠵᠢᠭᠡᠬᠦ ᠬᠡᠷᠡᠭᠴᠡᠭᠡ ᠶᠢ ᠬᠠᠩᠭᠠᠭᠰᠠᠨ | ᠤᠷᠢᠲᠠᠯ ᠳᠣᠣᠷ᠎ᠠ᠂ ᠮᠠᠯᠵᠢᠬᠤ ᠲᠠᠷᠢᠶᠠᠯᠠᠬᠤ ᠣᠷᠣᠨ ᠤ ᠪᠤᠰᠤᠳ ᠣᠷᠣᠯᠭ᠎ᠠ ᠪᠠᠭ᠎ᠠ᠂ ᠥᠨᠳᠥᠷ ᠨᠠᠰᠤᠲᠠᠶ᠂ ᠭᠤᠣᠨᠢ | ᠪᠡᠶ᠎ᠡ ᠪᠣᠯᠤᠨ ᠠᠮᠢᠳᠤᠷᠠᠯ ᠢᠶᠠᠨ ᠠᠷᠭᠠᠴᠠᠬᠤ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠲᠤ ᠬᠠᠷᠠᠭᠠᠯᠵᠠᠨ | ᠰᠤᠪᠢᠯᠠᠬᠤ ᠦᠢᠯᠡᠴᠢᠯᠡᠭᠡ ᠬᠠᠩᠭᠠᠨ᠎ᠠ᠃ | ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ | ᠵᠥᠪᠰᠢᠶᠡᠷᠡᠭᠦᠯᠦᠭᠡᠳ᠂ ᠨᠥᠬᠦᠴᠡᠯ ᠲᠠᠢ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠨᠢ ᠡᠮᠨᠡᠯᠭᠡ ᠶᠢᠨ | ᠲᠠᠰᠤᠭ ᠪᠤᠶᠤ ᠰᠤᠪᠢᠯᠠᠬᠤ ᠥᠷᠲᠡᠭᠡ ᠭᠠᠷᠭᠠᠵᠤ ᠪᠣᠯᠤᠨ᠎ᠠ᠃ ᠰᠤᠪᠢᠯᠠᠬᠤ ᠲᠤᠰᠬᠠᠶ ᠲᠣᠭᠤᠷᠢᠭ ᠪᠠᠶᠢᠭᠤᠯᠬᠤ᠂ | ᠰᠤᠪᠢᠯᠠᠬᠤ ᠣᠷᠣ ᠬᠠᠩᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠤᠪᠢᠯᠠᠬᠤ ᠦᠢᠯᠡᠴᠢᠯᠡᠭᠡᠨ ᠤ | ᠴᠢᠳᠠᠮᠵᠢ ᠶᠢ ᠲᠡᠭᠦᠯᠳᠡᠷᠵᠢᠭᠦᠯᠵᠦ᠂ ᠠᠰᠠᠷᠠᠨ ᠲᠡᠵᠢᠭᠡᠬᠦ ᠡᠲᠡᠭᠡᠳ ᠲᠤ ᠤᠯᠠᠨ ᠵᠦᠢᠯ ᠤᠨ ᠬᠡᠯᠪᠡᠷᠢ ᠪᠦᠬᠦᠢ | ᠬᠠᠷᠠᠭᠠᠯᠵᠠᠵᠤ ᠰᠤᠪᠢᠯᠠᠬᠤ ᠦᠢᠯᠡᠴᠢᠯᠡᠭᠡ ᠬᠠᠩᠭᠠᠨ᠎ᠠ᠃ 2020 ᠣᠨ ᠪᠣᠯᠬᠤ ᠳᠤ᠂ ᠪᠦᠬᠦ ᠣᠷᠣᠨ ᠤ ᠰᠤᠪᠢᠯᠠᠬᠤ | ᠬᠡᠯᠪᠡᠷᠢ ᠪᠦᠬᠦᠢ ᠣᠷᠣ ᠶᠢᠨ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠳᠠᠬᠢ ᠣᠷᠣ ᠶᠢᠨ ᠶᠡᠷᠦᠩᠬᠡᠶ | ᠲᠤᠭ᠎ᠠ ᠶᠢᠨ ᠡᠵᠡᠯᠡᠬᠦ ᠬᠠᠷᠢᠴᠠᠯ ᠢ 40% ᠳᠤ ᠬᠦᠷᠦᠭᠦᠯᠦᠨ᠎ᠡ᠃ | ᠬᠤᠰᠢᠭᠤ ᠰᠢᠶᠠᠨ ︵ᠬᠤᠳᠠ᠂ ᠲᠣᠭᠤᠷᠢᠭ︶ ᠨᠢ ᠲᠤᠰᠬᠠᠶ ᠵᠠᠷᠤᠳᠠᠯ ᠲᠣᠬᠢᠷᠠᠭᠤᠯᠤᠨ ᠠᠰᠠᠷᠠᠨ ᠲᠡᠵᠢᠭᠡᠬᠦ | ᠦᠢᠯᠡᠴᠢᠯᠡᠭᠡᠨ ᠤ ᠪᠠᠶᠢᠭᠤᠯᠤᠮᠵᠢ ᠶᠢᠨ ᠬᠡᠪ ᠤᠨ ᠠᠵᠢᠯᠯᠠᠭᠠᠨ ᠢ ᠦᠨᠡᠨᠬᠦ ᠪᠠᠲᠤᠯᠠᠨ᠎ᠠ᠃ ᠠᠮᠢᠳᠤᠷᠠᠯ ᠢᠶᠠᠨ ᠠᠷᠭᠠᠴᠠᠬᠤ | ᠴᠢᠳᠠᠪᠤᠷᠢ ᠲᠠᠢ᠂ ᠠᠮᠢᠳᠤᠷᠠᠯ ᠢᠶᠠᠨ ᠠᠷᠭᠠᠴᠠᠬᠤ ᠴᠢᠳᠠᠪᠤᠷᠢ ᠪᠠᠨ ᠬᠡᠰᠡᠭ ᠲᠠᠯ᠎ᠠ ᠪᠠᠷ ᠠᠯᠳᠠᠭᠰᠠᠨ᠂ ᠠᠮᠢᠳᠤᠷᠠᠯ ᠢᠶᠠᠨ | ᠠᠷᠭᠠᠴᠠᠬᠤ ᠴᠢᠳᠠᠪᠤᠷᠢ ᠪᠠᠨ ᠪᠦᠷᠢᠮᠦᠰᠦᠨ ᠠᠯᠳᠠᠭᠰᠠᠨ ᠲᠥᠪᠯᠡᠷᠡᠭᠦᠯᠦᠨ ᠠᠰᠠᠷᠠᠨ ᠲᠡᠵᠢᠭᠡᠬᠦ ᠡᠲᠡᠭᠡᠳ ᠲᠤ ᠲᠤᠰ | ᠲᠤᠰ 1:10᠂ 1:6 ᠪᠣᠯᠤᠨ 1:3 ᠶᠢᠨ ᠬᠠᠷᠢᠴᠠᠯ ᠠᠴᠠ ᠳᠣᠣᠷ᠎ᠠ ᠪᠠᠶᠢᠯᠭᠠᠬᠤ ᠦᠭᠡᠢ ᠪᠠᠷ ᠰᠤᠪᠢᠯᠠᠭᠴᠢ | ᠲᠣᠬᠢᠷᠠᠭᠤᠯᠬᠤ ᠶᠢᠨ ᠬᠠᠮᠲᠤ᠂ ᠠᠵᠢᠯᠲᠠᠨ ᠢ ᠲᠠᠰᠤᠷᠠᠯᠲᠠ ᠦᠭᠡᠢ ᠪᠠᠷ ᠪᠦᠷᠢᠨᠰᠢᠭᠦᠯᠵᠦ᠂ ᠲᠤᠰᠬᠠᠶ ᠮᠡᠷᠭᠡᠵᠢᠯ ᠤᠨ | ᠨᠡᠶᠢᠭᠡᠮ ᠤᠨ ᠠᠵᠢᠯᠯᠠᠭᠴᠢ ᠶᠢ ᠵᠦᠢ ᠵᠣᠬᠢᠰᠲᠠᠶ ᠲᠣᠬᠢᠷᠠᠭᠤᠯᠤᠨ ᠬᠡᠷᠡᠭᠯᠡᠵᠦ᠂ ︽ᠣᠷᠣᠭᠤᠯᠵᠤ ᠠᠪᠴᠢᠷᠠᠬᠤ︾ ᠪᠠ | ︽ᠭᠠᠳᠠᠭᠰᠢ ᠭᠠᠷᠭᠠᠬᠤ︾ ᠪᠠᠷ ᠳᠠᠮᠵᠢᠨ᠂ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠢ ᠴᠢᠩᠭᠠᠳᠬᠠᠬᠤ᠂ ᠨᠡᠩ | ᠣᠯᠠᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠠᠰᠠᠷᠠᠨ ᠲᠡᠵᠢᠭᠡᠬᠦ ᠦᠢᠯᠡᠴᠢᠯᠡᠭᠡᠨ ᠤ | ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠦᠢᠯᠡᠴᠢᠯᠡᠭᠡᠨ ᠤ ᠬᠢᠷᠢ ᠬᠡᠮᠵᠢᠶ᠎ᠡ ᠶᠢ ᠣᠯᠠᠨ ᠵᠠᠮ | ᠮᠦᠷ ᠢᠶᠠᠷ ᠳᠡᠭᠡᠭᠰᠢᠯᠡᠭᠦᠯᠦᠨ᠎ᠡ᠃ | ︵ᠲᠤᠯᠤᠭ᠎ᠠ︶ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠡᠲᠡᠭᠡᠳ ᠤᠨ ᠳᠠᠩᠰᠠ ᠡᠪᠬᠡᠮᠡᠯ ᠤᠨ | ᠬᠠᠮᠢᠶᠠᠷᠤᠯᠲᠠ᠃ | ᠬᠤᠰᠢᠭᠤ ᠰᠢᠶᠠᠨ ︵ᠬᠤᠳᠠ᠂ ᠲᠣᠭᠤᠷᠢᠭ︶ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠣᠨᠴᠠ | ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠬᠤ ᠠᠰᠠᠷᠠᠨ ᠲᠡᠵᠢᠭᠡᠬᠦ ᠡᠲᠡᠭᠡᠳ ᠤᠨ ᠲᠠᠩᠰᠠ ᠡᠪᠬᠡᠮᠡᠯ ᠤᠨ | ᠬᠠᠮᠢᠶᠠᠷᠤᠯᠲᠠ ᠶᠢ ᠴᠢᠩᠭᠠᠳᠬᠠᠵᠤ᠂ ᠲᠤᠰ ᠭᠠᠵᠠᠷ ᠣᠷᠣᠨ ᠤ ᠣᠨᠴᠠ ᠬᠦᠴᠢᠷᠳᠡᠯᠲᠡᠢ ᠬᠥᠮᠦᠰ ᠢ ᠲᠦᠷᠦᠯ | ᠬᠤᠪᠢᠶᠠᠨ ᠬᠠᠮᠢᠶᠠᠷᠬᠤ ᠲᠠᠩᠰᠠ ᠡᠪᠬᠡᠮᠡᠯ ᠢ ᠪᠦᠬᠦ ᠲᠠᠯ᠎ᠠ ᠪᠠᠷ ᠪᠠᠶᠢᠭᠤᠯᠵᠤ᠂ ᠣᠨᠴᠠ ᠬᠦᠴᠢᠷᠳᠡᠯᠲᠡᠢ ᠬᠥᠮᠦᠰ ᠲᠤ ︽ | ᠨᠢᠭᠡ ᠬᠥᠮᠦᠨ ᠳᠤ ᠨᠢᠭᠡ ᠲᠠᠩᠰᠠ ᠡᠪᠬᠡᠮᠡᠯ︾ ᠲᠠᠢ ᠪᠠᠶᠢᠯᠭᠠᠬᠤ ᠶᠢ ᠬᠡᠷᠡᠭᠵᠢᠭᠦᠯᠦᠨ᠂ ᠴᠠᠭᠠᠰᠤᠨ ᠳᠠᠩᠰᠠ | ᠡᠪᠬᠡᠮᠡᠯ ᠢ ᠨᠢ ᠡᠯᠧᠺᠲᠷᠣᠨ ᠲᠠᠩᠰᠠ ᠡᠪᠬᠡᠮᠡᠯ ᠲᠠᠢ ᠨᠢᠭᠡᠳᠦᠯᠲᠡᠶ ᠪᠠᠶᠢᠯᠭᠠᠨ᠎ᠠ᠃ | ᠭᠤᠷᠪᠠ᠂ ᠠᠵᠢᠯ ᠤᠨ ᠲᠣᠭᠲᠠᠴᠠ | ︵ᠨᠢᠭᠡ︶ ᠣᠨᠴᠠ ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠪᠡᠯᠡ | ᠮᠥᠩᠭᠦ ᠶᠢᠨ ᠪᠠᠲᠤᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ | ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶ ᠨᠢ ᠵᠠᠰᠠᠭ ᠤᠨ ᠣᠷᠳᠣᠨ ᠤ | ᠪᠠᠶᠢᠭᠤᠯᠤᠭᠰᠠᠨ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠠᠵᠢᠯᠯᠠᠭᠠᠨ ᠤ ᠵᠠᠷᠤᠳᠠᠯ᠂ ᠣᠨᠴᠠ | ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠳᠤ ᠬᠡᠷᠡᠭᠰᠡᠬᠦ ᠪᠡᠯᠡ ᠮᠥᠩᠭᠦ ᠶᠢ ᠡᠳ᠋ ᠤᠨ | ᠵᠠᠰᠠᠭ ᠤᠨ ᠲᠥᠰᠦᠪ ᠲᠡᠭᠡᠨ ᠣᠷᠣᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠵᠣᠬᠢᠰᠲᠠᠶ | ᠲᠤᠰᠠᠯᠠᠮᠵᠢ ᠣᠯᠭᠤᠬᠤ ᠶᠢᠨ ᠬᠠᠮᠲᠤ᠂ ᠭᠤᠣᠯᠳᠠᠯᠭ᠎ᠠ ᠪᠠᠨ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ | ᠡᠭᠦᠷᠭᠡ ᠨᠢ ᠬᠦᠨᠳᠦ᠂ ᠡᠳ᠋ ᠤᠨ ᠵᠠᠰᠠᠭ ᠨᠢ ᠬᠦᠴᠢᠷᠳᠡᠯᠲᠡᠢ᠂ ᠠᠵᠢᠯ ᠤᠨ ᠦᠷ᠎ᠡ ᠪᠦᠲᠦᠮᠵᠢ ᠪᠠᠷ ᠳᠤᠪᠤᠶᠢᠮ᠎ᠠ ᠭᠠᠵᠠᠷ | ᠣᠷᠣᠨ ᠲᠡᠰᠢ ᠬᠡᠯᠪᠠᠶᠢᠯᠬᠡᠨ᠎ᠡ᠃ ᠡᠯ᠎ᠡ ᠭᠠᠵᠠᠷ ᠣᠷᠣᠨ᠂ ᠪᠤᠳᠠᠲᠠᠢ ᠲᠠᠢ ᠪᠠᠨ ᠤᠶᠠᠯᠳᠤᠭᠤᠯᠤᠨ᠂ ᠲᠥᠪ ᠪᠠ | ᠥᠪᠡᠷᠲᠡᠭᠡᠨ ᠵᠠᠰᠠᠬᠤ ᠣᠷᠣᠨ ᠤ ᠲᠤᠰᠠᠯᠠᠮᠵᠢ ᠶᠢᠨ ᠪᠡᠯᠡ ᠮᠥᠩᠭᠦ ᠶᠢ ᠣᠨᠴᠠ ᠬᠦᠴᠢᠷᠳᠡᠯᠲᠡᠢ ᠬᠦᠮᠦᠰ ᠤᠨ | ᠦᠨᠳᠦᠰᠦᠨ ᠠᠮᠢᠳᠤᠷᠠᠯ᠂ ᠬᠠᠷᠠᠭᠠᠯᠵᠠᠯ ᠰᠤᠪᠢᠯᠠᠯᠳᠠ᠂ ᠡᠮᠴᠢᠯᠡᠭᠡ ᠵᠠᠰᠠᠯᠲᠠ᠂ ᠣᠷᠣᠰᠢᠭᠤᠯᠭ᠎ᠠ ᠵᠡᠷᠭᠡ ᠵᠠᠷᠤᠯᠭ᠎ᠠ ᠳᠤ | ᠬᠡᠷᠡᠭᠯᠡᠨ᠎ᠡ᠃ ᠳᠡᠭᠡᠳᠦ ᠱᠠᠲᠤᠨ ᠤ ᠪᠠᠭᠤᠯᠭᠠᠭᠰᠠᠨ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠪᠣᠯᠣᠨ ᠡᠯ᠎ᠡ ᠱᠠᠲᠤᠨ ᠤ ᠠᠰᠠᠷᠠᠮᠵᠢ ᠶᠢᠨ | ᠦᠢᠯᠡᠰ ᠤᠨ ᠱᠠᠩᠨᠠᠯᠲᠤ ᠰᠤᠭᠤᠯᠠᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢ ᠬᠤᠪᠢᠶᠠᠨ ᠲᠣᠬᠢᠷᠠᠭᠤᠯᠬᠤ | ᠦᠶ᠎ᠡ ᠳᠤ᠂ ᠮᠠᠯᠵᠢᠬᠤ ᠲᠠᠷᠢᠶᠠᠯᠠᠬᠤ ᠣᠷᠣᠨ ᠤ ᠣᠨᠴᠠ ᠬᠦᠴᠢᠷᠳᠡᠯᠲᠠᠢ ᠬᠥᠮᠦᠰ ᠢ ᠠᠰᠠᠷᠠᠨ ᠲᠡᠵᠢᠭᠡᠬᠦ | ᠦᠢᠯᠡᠴᠢᠯᠡᠭᠡᠨ ᠤ ᠪᠠᠶᠢᠭᠤᠯᠤᠮᠵᠢ ᠳᠤ ᠳᠡᠮᠵᠢᠯᠭᠡ ᠦᠵᠡᠭᠦᠯᠬᠦ ᠡᠷᠴᠢᠮ ᠢ ᠴᠢᠩᠭᠠᠷᠠᠭᠤᠯᠵᠤ᠂ ᠣᠷᠣᠭᠤᠯᠤᠯᠲᠠ ᠶᠢᠨ | ᠡᠵᠡᠯᠡᠬᠦ ᠬᠠᠷᠢᠴᠠᠯ ᠢ ᠯᠠᠪᠳᠠᠭᠤᠨ ᠢᠶᠠᠷ ᠳᠡᠭᠡᠭᠰᠢᠯᠡᠭᠦᠯᠬᠦ ᠶᠢ ᠦᠨᠡᠨᠬᠦ ᠪᠠᠲᠤᠯᠠᠨ᠎ᠠ᠃ ᠬᠥᠳᠡᠭᠡ ᠲᠣᠰᠬᠤᠨ ᠤ | ᠬᠠᠮᠲᠤ ᠶᠢᠨ ᠡᠵᠡᠩᠨᠡᠯᠲᠡ ᠵᠡᠷᠭᠡ ᠣᠷᠣᠯᠭ᠎ᠠ ᠲᠠᠢ ᠭᠠᠵᠠᠷ ᠣᠷᠣᠨ ᠨᠢ ᠲᠡᠳᠡᠬᠡᠷ ᠤᠨ ᠲᠤᠳᠤᠷ᠎ᠠ ᠠᠴᠠ ᠪᠡᠯᠡ ᠮᠥᠩᠭᠦ | ᠭᠠᠷᠭᠠᠨ ᠣᠨᠴᠠ ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠠᠵᠢᠯ ᠳᠤ ᠬᠡᠷᠡᠭᠯᠡᠵᠦ | ᠪᠣᠯᠤᠨ᠎ᠠ᠃ | ︵ᠬᠤᠶᠠᠷ︶ ᠣᠨᠴᠠ ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠠᠵᠢᠯ ᠤᠨ | ᠬᠢᠨᠠᠨ ᠰᠢᠯᠭᠠᠵᠤ ᠦᠨᠡᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ | ᠣᠨᠴᠠ ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠠᠵᠢᠯ ᠤᠨ ᠠᠮᠵᠢᠯᠲᠠ | ᠪᠦᠲᠦᠮᠵᠢ ᠪᠠᠷ ᠨᠢ ᠬᠠᠮᠢᠶᠠᠷᠬᠤ ᠪᠠ ᠬᠢᠨᠠᠯᠲᠠ ᠲᠠᠯᠪᠢᠵᠤ ᠰᠢᠯᠭᠠᠨ ᠦᠨᠡᠯᠡᠬᠦ ᠶᠢ ᠴᠢᠩᠭᠠᠳᠬᠠᠵᠤ᠂ ᠥᠪᠡᠷᠲᠡᠭᠡᠨ | ᠵᠠᠰᠠᠬᠤ ᠣᠷᠣᠨ᠂ ᠠᠶᠢᠮᠠᠭ ᠬᠤᠳᠠ ᠶᠢᠨ ᠠᠷᠠᠳ ᠤᠨ ᠶᠠᠪᠤᠳᠠᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ | ᠪᠣᠳᠠᠲᠠᠶ ᠭᠦᠢᠴᠡᠳᠬᠡᠯ ᠲᠤᠭ᠎ᠠ ᠶᠢᠨ ᠰᠢᠰᠲ᠋ᠧᠮᠵᠢ ᠪᠣᠯᠣᠨ ᠦᠨᠡᠯᠡᠬᠦ ᠠᠷᠭ᠎ᠠ ᠶᠢ ᠲᠣᠭᠲᠠᠭᠠᠵᠤ᠂ ᠠᠵᠢᠯ ᠤᠨ | ᠠᠮᠵᠢᠯᠲᠠ ᠪᠦᠲᠦᠮᠵᠢ ᠶᠢᠨ ᠦᠨᠡᠯᠡᠯᠲᠡ ᠶᠢ ᠵᠣᠬᠢᠶᠠᠨ ᠪᠠᠶᠢᠭᠤᠯᠤᠨ ᠦᠷᠨᠢᠭᠦᠯᠦᠨ᠎ᠡ᠃ ᠲᠤᠰᠬᠠᠶ ᠵᠦᠢᠯ ᠤᠨ | ᠰᠢᠮᠳᠠᠭᠤᠯᠤᠨ ᠪᠠᠶᠢᠴᠠᠭᠠᠯᠲᠠ ᠶᠢ ᠴᠢᠩᠭᠠᠳᠬᠠᠵᠤ᠂ 2018 ᠣᠨ ᠠᠴᠠ ᠡᠬᠢᠯᠡᠨ ᠣᠨᠴᠠ ᠬᠦᠴᠢᠷᠳᠡᠯᠲᠡᠢ ᠬᠥᠮᠦᠰ ᠢ | ᠠᠰᠠᠷᠠᠨ ᠲᠡᠵᠢᠭᠡᠬᠦ ᠠᠵᠢᠯ ᠢ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶ ᠤ ᠤᠳᠤᠷᠢᠳᠬᠤ | ᠪᠠᠭ ᠤᠨ ᠣᠨ ᠤ ᠰᠢᠯᠭᠠᠨ ᠬᠢᠨᠠᠬᠤ ᠠᠭᠤᠯᠭ᠎ᠠ ᠳᠤ ᠣᠷᠣᠭᠤᠯᠤᠨ᠎ᠠ᠃ | ︵ᠭᠤᠷᠪᠠ︶ ᠨᠡᠶᠢᠭᠡᠮ ᠤᠨ ᠬᠦᠴᠦᠨ ᠢ ᠣᠷᠣᠯᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠬᠠᠷᠠᠭᠠᠯᠵᠠᠯ ᠦᠵᠡᠬᠦᠯᠬᠦ ᠲᠥᠷᠥ ᠶᠢᠨ ᠪᠤᠳᠤᠯᠭ᠎ᠠ ᠶᠢ | ᠲᠣᠭᠲᠠᠭᠠᠨ ᠨᠠᠶᠢᠳᠠᠪᠤᠷᠢᠵᠢᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯ ᠤᠨ | ᠦᠢᠯᠡᠴᠢᠯᠡᠭᠡᠨ ᠤ ᠪᠠᠶᠢᠭᠤᠯᠤᠮᠵᠢ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠣᠨ ᠰᠠᠶᠢᠨ ᠳᠤᠷᠠᠴᠤᠳ | ᠵᠡᠷᠭᠡ ᠨᠡᠶᠢᠭᠡᠮ ᠤᠨ ᠬᠦᠴᠦᠨ ᠢ ᠵᠣᠷᠢᠬᠵᠢᠭᠤᠯᠵᠤ ᠪᠠᠶᠢᠭᠠᠳ ᠬᠠᠨᠳᠢᠪᠯᠠᠬᠤ᠂ ᠠᠰᠠᠷᠠᠨ ᠲᠡᠵᠢᠭᠡᠬᠦ ᠦᠢᠯᠡᠴᠢᠯᠡᠭᠡᠨ ᠤ | ᠪᠠᠶᠢᠭᠤᠯᠤᠮᠵᠢ ᠡᠭᠦᠳᠦᠨ ᠪᠠᠶᠢᠭᠤᠯᠬᠤ᠂ ᠲᠠᠭᠠᠭᠠᠨ ᠠᠪᠴᠤ ᠬᠠᠪᠰᠤᠷᠤᠨ ᠲᠡᠳᠬᠦᠬᠦ᠂ ᠰᠠᠶᠢᠨ ᠳᠤᠷᠠᠴᠤᠳ ᠤᠨ | ᠦᠢᠯᠡᠴᠢᠯᠡᠭᠡᠨ ᠬᠠᠩᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠨᠴᠠ ᠬᠦᠴᠢᠷᠳᠡᠯᠲᠡᠢ ᠬᠥᠮᠦᠰ ᠢ | ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠠᠵᠢᠯ ᠳᠤ ᠣᠷᠣᠯᠴᠠᠭᠤᠯᠵᠤ᠂ ᠣᠨᠴᠠ ᠬᠦᠴᠢᠷᠳᠡᠯᠲᠡᠢ ᠬᠥᠮᠦᠰ ᠲᠤ | ᠲᠤᠰᠬᠠᠶᠢᠵᠢᠭᠰᠠᠨ᠂ ᠥᠪᠡᠷᠮᠢᠴᠡᠵᠢᠭᠰᠡᠨ ᠦᠢᠯᠡᠴᠢᠯᠡᠭᠡ ᠬᠠᠩᠭᠠᠨ᠎ᠠ᠃ ᠨᠠᠶᠢᠳᠠᠬᠤ᠂ ᠳᠠᠭᠠᠭᠠᠴᠢᠯᠠᠭᠤᠯᠬᠤ᠂ | ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠠᠰᠠᠭ ᠤᠨ ᠣᠷᠳᠣᠨ ᠤ ᠦᠢᠯᠡᠴᠢᠯᠡᠭᠡ | ᠬᠤᠳᠠᠯᠳᠤᠨ ᠠᠪᠬᠤ ᠪᠠ ᠲᠥᠷᠥᠯ ᠵᠦᠢᠯ ᠢ ᠳᠡᠮᠵᠢᠬᠦ ᠡᠷᠴᠢᠮ ᠢ ᠨᠢ ᠴᠢᠩᠭᠠᠷᠠᠭᠤᠯᠤᠨ᠎ᠠ᠃ ᠵᠠᠰᠠᠭ ᠤᠨ ᠣᠷᠳᠣᠨ | ᠪᠣᠯᠣᠨ ᠨᠡᠶᠢᠭᠡᠮ ᠤᠨ ᠬᠦᠷᠦᠩᠭᠡ ᠶᠢᠨ ᠬᠠᠮᠳᠤᠷᠠᠯᠴᠠᠬᠤ PPP ᠵᠠᠭᠪᠤᠷ ᠢ ᠵᠤᠷᠢᠬᠵᠢᠭᠤᠯᠤᠨ ᠬᠡᠷᠡᠭᠯᠡᠵᠦ᠂ | ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠬᠦ᠂ ᠠᠷᠠᠳ ᠠᠴᠠ ᠡᠷᠭᠢᠯᠡᠵᠤ ᠠᠯᠪᠠᠨ ᠠᠴᠠ ᠲᠤᠰᠠᠯᠠᠬᠤ ᠵᠡᠷᠭᠡ | ᠠᠷᠭ᠎ᠠ ᠮᠠᠶ᠋ᠢᠭ ᠢ ᠠᠪᠴᠤ᠂ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠪᠠᠶᠢᠭᠤᠯᠤᠯᠲᠠ ᠶᠢ ᠳᠡᠮᠵᠢᠨ᠎ᠡ | ᠃ ᠣᠨᠴᠠ ᠬᠦᠴᠢᠷᠳᠡᠯᠲᠡᠢ ᠬᠥᠮᠦᠰ ᠢ ᠲᠥᠪᠯᠡᠷᠡᠭᠦᠯᠦᠨ ᠠᠰᠠᠷᠠᠨ ᠲᠡᠵᠢᠭᠡᠬᠦ ᠬᠡᠷᠡᠭᠴᠡᠭᠡ ᠶᠢ ᠪᠠᠲᠤᠯᠠᠭᠰᠠᠨ ᠤᠷᠢᠲᠠᠯ | ᠳᠣᠣᠷ᠎ᠠ᠂ ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠬᠦ ᠵᠡᠷᠭᠡ ᠬᠡᠯᠪᠡᠷᠢ ᠪᠦᠬᠦᠢ ᠠᠰᠠᠷᠠᠨ ᠲᠡᠵᠢᠭᠡᠬᠦ | ᠦᠢᠯᠡᠴᠢᠯᠡᠭᠡᠨ ᠤ ᠪᠠᠶᠢᠭᠤᠯᠤᠮᠵᠢ ᠶᠢᠨ ᠨᠡᠶᠢᠭᠡᠮ ᠳᠠᠶᠠᠭᠠᠷ ᠲᠤ ᠴᠢᠯᠥᠭᠡᠲᠡᠶ ᠨᠡᠭᠡᠭᠡᠭᠰᠡᠨ ᠣᠷᠣ ᠪᠠᠶᠢᠷᠢ ᠲᠠᠢ ᠪᠤᠯ | ᠨᠡᠶᠢᠭᠡᠮ ᠤᠨ ᠡᠷᠬᠢᠯᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠡᠵᠡᠩᠨᠡᠯᠲᠡ ᠶᠢᠨ ᠨᠥᠬᠦᠪᠥᠷᠢ ᠶᠢ | ᠬᠦᠷᠲᠡᠵᠦ ᠪᠣᠯᠣᠨ᠎ᠠ᠃ | ᠲᠦᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ | ᠣᠨᠴᠠ ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠠᠵᠢᠯ ᠳᠤ ᠣᠷᠣᠨ | ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠠᠴᠠ ᠬᠠᠷᠢᠭᠤᠴᠠᠬᠤ ᠳᠦᠷᠢᠮ ᠢ ᠬᠡᠷᠡᠭᠵᠢᠭᠦᠯᠦᠨ᠂ ᠵᠠᠰᠠᠭ ᠤᠨ | ᠣᠷᠳᠣᠨ ᠤ ᠭᠤᠣᠯ ᠬᠠᠷᠢᠭᠤᠴᠠᠯᠭᠠᠲᠠᠨ ᠨᠢ ᠳᠤᠰ ᠵᠠᠰᠠᠭ ᠵᠠᠬᠢᠷᠭᠠᠨ ᠤ ᠣᠷᠣᠨ ᠤ ᠣᠨᠴᠠ ᠬᠦᠴᠢᠷᠳᠡᠯᠲᠡᠢ ᠬᠥᠮᠦᠰ ᠢ | ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠠᠵᠢᠯ ᠤᠨ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠨ᠎ᠡ᠃ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠣᠨᠴᠠ ᠬᠦᠴᠢᠷᠳᠡᠯᠲᠡᠢ ᠬᠥᠮᠥᠰ ᠢ ᠲᠡᠩᠬᠡᠷᠡᠭᠦᠯᠦᠨ ᠲᠤᠰᠠᠯᠠᠵᠤ | ᠠᠰᠠᠷᠠᠨ ᠲᠡᠵᠢᠭᠡᠬᠦ ᠠᠵᠢᠯ ᠢ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠣᠨᠴᠠ ᠬᠦᠴᠢᠷᠳᠡᠯᠲᠡᠢ ᠬᠥᠮᠦᠰ ᠢ | ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢ ᠲᠤᠰ ᠭᠠᠵᠠᠷ | ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠣᠨ᠎ᠠ᠃ ᠠᠶᠢᠮᠠᠭ ᠬᠤᠳᠠ᠂ | ᠬᠤᠰᠢᠭᠤ ᠰᠢᠶᠠᠨ ︵ᠬᠤᠳᠠ᠂ ᠲᠣᠭᠤᠷᠢᠭ︶ ᠨᠢ ᠣᠨᠴᠠ ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ | ᠠᠰᠠᠷᠠᠨ ᠲᠡᠵᠢᠭᠡᠬᠦ ᠲᠦᠷᠦ ᠶᠢᠨ ᠪᠤᠳᠤᠯᠭ᠎ᠠ ᠶᠢ ᠲᠣᠭᠲᠠᠭᠠᠬᠤ᠂ ᠪᠡᠯᠡ ᠮᠥᠩᠭᠦ ᠣᠷᠣᠭᠤᠯᠬᠤ᠂ ᠠᠵᠢᠯ ᠤᠨ | ᠪᠠᠲᠤᠯᠠᠭ᠎ᠠ ᠪᠣᠯᠣᠨ ᠬᠢᠨᠠᠯᠲᠠ ᠲᠠᠯᠪᠢᠵᠤ ᠬᠠᠮᠢᠶᠠᠷᠬᠤ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠰᠤᠮᠤ ᠰᠢᠶᠠᠩ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠣᠨᠴᠠ | ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠭᠤᠶᠤᠴᠢᠯᠠᠯ ᠢ ᠨᠢ ᠬᠦᠯᠢᠶᠡᠨ ᠠᠪᠴᠤ | ᠰᠢᠢᠳᠪᠦᠷᠢᠯᠡᠬᠦ᠂ ᠬᠢᠨᠠᠨ ᠬᠠᠷᠭᠤᠭᠤᠯᠬᠤ᠂ ᠨᠠᠶᠢᠳᠠᠵᠤ ᠬᠠᠷᠠᠭᠠᠯᠵᠠᠬᠤ ᠵᠡᠷᠭᠡ ᠡᠭᠦᠷᠭᠡ ᠬᠠᠷᠢᠭᠤᠴᠠᠯᠭ᠎ᠠ ᠶᠢ ᠦᠨᠡᠨᠬᠦ | ᠭᠦᠢᠴᠡᠳᠬᠡᠨ᠎ᠡ᠃ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠬᠠᠮᠢᠶ᠎ᠠ ᠪᠦᠬᠦᠢ ᠰᠠᠯᠠᠭ᠎ᠠ | ᠮᠥᠴᠢᠷ ᠯᠦᠭᠡ ᠨᠡᠪᠲᠡᠷᠡᠯᠴᠡᠵᠦ ᠵᠣᠬᠢᠴᠠᠭᠤᠯᠬᠤ ᠪᠠᠨ ᠴᠢᠩᠭᠠᠳᠬᠠᠨ᠎ᠠ︔ ᠡᠳ᠋ ᠤᠨ ᠵᠠᠰᠠᠭ ᠤᠨ ᠰᠠᠯᠠᠭ᠎ᠠ | ᠮᠥᠴᠢᠷ ᠤᠳ ᠪᠡᠯᠡ ᠮᠥᠩᠭᠦ ᠶᠢ ᠬᠠᠮᠢᠶᠠᠷᠬᠤ᠂ ᠲᠠᠷᠬᠠᠭᠠᠬᠤ ᠵᠡᠷᠭᠡ ᠠᠵᠢᠯ ᠢ ᠰᠠᠶᠢᠲᠤᠷ ᠬᠢᠨ᠎ᠡ︔ ᠬᠥᠭᠵᠢᠭᠦᠯᠦᠯᠲᠡ | ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠳ ᠣᠨᠴᠠ ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ | ᠠᠰᠠᠷᠠᠨ ᠲᠡᠵᠢᠭᠡᠬᠦ ᠪᠠᠶᠢᠭᠤᠯᠤᠮᠵᠢ ᠶᠢ ᠬᠠᠮᠢᠶ᠎ᠠ ᠪᠥᠬᠦᠢ ᠲᠤᠰᠬᠠᠶ ᠵᠦᠢᠯ ᠤᠨ ᠲᠥᠯᠥᠪᠵᠢᠭᠦᠯᠭᠡ ᠳᠤ ᠣᠷᠣᠭᠤᠯᠵᠤ᠂ | ᠠᠰᠠᠷᠠᠨ ᠲᠡᠵᠢᠭᠡᠬᠦ ᠦᠢᠯᠡᠴᠢᠯᠡᠭᠡᠨ ᠤ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢ ᠳᠡᠮᠵᠢᠨ᠎ᠡ︔ ᠡᠷᠡᠭᠦᠯ | ᠬᠠᠮᠠᠭᠠᠯᠠᠯ ᠲᠥᠯᠥᠪᠯᠡᠭᠡᠲᠦ ᠦᠷᠡᠵᠢᠯ᠂ ᠰᠤᠷᠭᠠᠨ ᠬᠥᠮᠦᠵᠢᠯ᠂ ᠣᠷᠣᠨ ᠰᠠᠭᠤᠴᠠ ᠬᠤᠳᠠ ᠬᠥᠳᠡᠭᠡ ᠶᠢᠨ ᠪᠥᠳᠥᠭᠡᠨ | ᠪᠠᠶᠢᠭᠤᠯᠤᠯᠲᠠ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠳᠣᠲᠣᠭᠠᠳᠤ ᠶᠢ ᠬᠠᠮᠠᠭᠠᠯᠠᠬᠤ᠂ | ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠵᠡᠷᠭᠡ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ | ᠬᠠᠮᠢᠶᠠᠷᠤᠯᠲᠠ ᠶᠢᠨ ᠪᠤᠰᠤᠳ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ | ᠦᠨᠳᠦᠰᠦᠯᠡᠨ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠠᠢ ᠢᠳᠡᠪᠬᠢᠲᠡᠶ ᠬᠠᠮᠵᠢᠯᠴᠠᠵᠤ ᠣᠨᠴᠠ | ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠬᠠᠮᠢᠶ᠎ᠠ ᠪᠦᠬᠦᠢ ᠠᠵᠢᠯ ᠢ ᠰᠠᠶᠢᠲᠤᠷ | ᠬᠢᠵᠦ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠮᠡᠳᠡᠭᠡ ᠵᠠᠩᠭᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ | ᠨᠡᠪᠲᠡᠷᠡᠯᠴᠡᠬᠦ᠂ ᠡᠬᠢ ᠪᠠᠶᠠᠯᠢᠭ ᠢ ᠬᠠᠮᠲᠤᠪᠠᠷ ᠬᠦᠷᠲᠡᠬᠦ ᠶᠢ ᠪᠡᠶᠡᠯᠡᠭᠦᠯᠵᠦ᠂ ᠵᠡᠷᠭᠡᠪᠡᠷ ᠠᠳᠬᠤᠵᠤ ᠬᠠᠮᠲᠤᠪᠠᠷ | ᠬᠠᠮᠢᠶᠠᠷᠤᠭᠰᠠᠨ᠂ ᠪᠦᠬᠦᠯᠢ ᠴᠣᠭᠴᠠ ᠪᠠᠷ ᠨᠢ ᠠᠬᠢᠭᠤᠯᠤᠭᠰᠠᠨ ᠠᠵᠢᠯ ᠤᠨ ᠪᠠᠶᠢᠷᠢᠰᠢᠯ ᠢ ᠪᠤᠢ ᠪᠣᠯᠭᠠᠨ᠎ᠠ᠃ | ︵ᠬᠤᠶᠠᠷ︶ ᠲᠦᠷᠤ ᠶᠢᠨ ᠪᠤᠳᠤᠯᠭ᠎ᠠ ᠶᠢ ᠠᠪᠴᠠᠯᠳᠤᠭᠤᠯᠬᠤ ᠠᠵᠢᠯ ᠢ ᠰᠠᠶᠢᠲᠤᠷ ᠬᠢᠨ᠎ᠡ᠃ | ᠡᠯ᠎ᠡ ᠭᠠᠵᠠᠷ ᠣᠷᠣᠨ ᠨᠤᠭᠤᠳ ᠣᠨᠴᠠ ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ | ᠲᠡᠵᠢᠭᠡᠬᠦ ᠲᠦᠷᠢᠮ ᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ᠂ ᠦᠨᠳᠦᠰᠦᠨ ᠡᠮᠴᠢᠯᠡᠭᠡᠨ ᠤ ᠳᠠᠭᠠᠳᠬᠠᠯ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ | ᠥᠨᠥᠴᠢᠨ ᠬᠡᠦᠬᠡᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ᠂ ᠨᠡᠶᠢᠭᠡᠮ ᠤᠨ ᠠᠰᠠᠷᠠᠮᠵᠢ ᠵᠡᠷᠭᠡ ᠲᠥᠷᠢᠮ ᠯᠦᠭᠡ | ᠪᠦᠲᠦᠮᠵᠢᠲᠡᠶ ᠠᠪᠴᠠᠯᠳᠤᠭᠤᠯᠬᠤ ᠠᠵᠢᠯ ᠢ ᠰᠠᠶᠢᠲᠤᠷ ᠠᠳᠬᠤᠨ᠎ᠠ᠃ ᠣᠨᠴᠠ ᠬᠦᠴᠢᠷᠳᠡᠯᠲᠡᠢ ᠡᠲᠡᠭᠡᠳ ᠢᠶᠠᠷ | ᠮᠠᠭᠠᠳᠯᠠᠨ ᠲᠣᠭᠲᠠᠭᠠᠬᠤ ᠳᠠᠭᠠᠨ᠂ ᠲᠡᠭᠦᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠦᠨᠳᠦᠰᠦᠨ ᠡᠮᠴᠢᠯᠡᠭᠡᠨ ᠤ ᠳᠠᠭᠠᠳᠬᠠᠯ ᠵᠡᠷᠭᠡ ᠨᠡᠶᠢᠭᠡᠮ ᠤᠨ | ᠳᠠᠭᠠᠳᠬᠠᠯ ᠪᠣᠯᠣᠨ ᠥᠨᠳᠥᠷ ᠨᠠᠰᠤᠨ ᠤ ᠨᠡᠮᠡᠭᠦᠷᠢ ᠵᠡᠷᠭᠡ ᠨᠡᠶᠢᠭᠡᠮ ᠤᠨ ᠠᠰᠠᠷᠠᠮᠵᠢ ᠶᠢᠨ ᠤᠯᠭᠤᠮᠵᠢ ᠶᠢ | ᠣᠷᠣᠯᠭ᠎ᠠ ᠳᠤᠨᠢ ᠪᠣᠳᠣᠵᠤ ᠣᠷᠣᠭᠤᠯᠬᠤ ᠦᠭᠡᠢ᠃ ᠣᠨᠴᠠ ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ | ᠠᠰᠠᠷᠠᠨ ᠲᠡᠵᠢᠭᠡᠬᠦ ᠬᠦᠷᠢᠶ᠎ᠡ ᠬᠡᠪᠴᠢᠶᠡᠨ ᠳᠤ ᠤᠷᠤᠭᠤᠯᠤᠬᠰᠠᠨ ᠪᠠᠶᠢᠢᠪᠠᠯ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ᠂ ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠪᠣᠯᠣᠨ ᠬᠦᠨᠳᠦ ᠵᠡᠮᠳᠡᠭᠴᠦᠳ ᠤᠨ | ᠰᠤᠪᠢᠯᠠᠬᠤ ᠨᠥᠬᠦᠪᠥᠷᠢ ᠶᠢᠨ ᠲᠦᠷᠦ ᠶᠢᠨ ᠪᠤᠳᠤᠯᠭ᠎ᠠ ᠶᠢ ᠳᠠᠬᠢᠵᠤ ᠬᠦᠷᠲᠡᠭᠡᠬᠦ ᠦᠭᠡᠢ᠃ ᠥᠨᠥᠴᠢᠨ ᠬᠡᠦᠬᠡᠳ ᠤᠨ | ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠬᠦᠷᠢᠶ᠎ᠡ ᠬᠡᠪᠴᠢᠶᠡᠨ ᠳᠤ ᠤᠷᠤᠭᠤᠯᠤᠬᠰᠠᠨ ᠪᠠᠶᠢᠪᠠᠯ᠂ ᠣᠨᠴᠠ | ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠲᠦᠷᠦ ᠶᠢᠨ ᠪᠤᠳᠤᠯᠭ᠎ᠠ ᠶᠢ ᠳᠠᠬᠢᠵᠤ | ᠬᠦᠷᠲᠡᠭᠡᠬᠦ ᠦᠭᠡᠢ᠃ | ︵ᠭᠤᠷᠪᠠ︶ ᠬᠢᠨᠠᠯᠲᠠ ᠬᠠᠮᠢᠶᠠᠷᠤᠯᠲᠠ ᠪᠠᠨ ᠴᠢᠩᠭᠠᠷᠠᠭᠤᠯᠤᠨ᠎ᠠ᠃ | ᠡᠯ᠎ᠡ ᠭᠠᠵᠠᠷ ᠣᠷᠣᠨ ᠨᠤᠭᠤᠳ ᠣᠨᠴᠠ ᠬᠦᠴᠢᠷᠳᠡᠯᠲᠠᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ | ᠲᠡᠵᠢᠭᠡᠬᠦ ᠲᠦᠷᠢᠮ ᠤᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ | ᠭᠦᠢᠴᠡᠳᠬᠡᠯᠭᠡᠬᠦ ᠶᠢᠨ ᠴᠢᠬᠤᠯᠠ ᠠᠭᠤᠯᠭ᠎ᠠ ᠪᠣᠯᠭᠠᠵᠤ᠂ ᠬᠢᠨᠠᠨ ᠬᠠᠮᠢᠶᠠᠷᠬᠤ ᠤᠷᠳᠤ ᠬᠤᠭᠤᠴᠠᠭ᠎ᠠ ᠬᠦᠴᠦᠨ ᠲᠠᠢ | ᠲᠣᠭᠲᠠᠴᠠ ᠶᠢ ᠪᠠᠶᠢᠭᠤᠯᠵᠤ᠂ ᠲᠤᠰᠬᠠᠢ ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ | ᠪᠠᠶᠢᠭᠤᠯᠤᠨ᠎ᠠ᠃ ᠠᠷᠠᠳ ᠤᠨ ᠶᠠᠪᠤᠳᠠᠯ᠂ ᠡᠳ᠋ ᠤᠨ ᠵᠠᠰᠠᠭ᠂ ᠬᠢᠨᠠᠨ ᠪᠤᠳᠤᠬᠤ᠂ ᠬᠢᠨᠠᠨ ᠪᠠᠶᠢᠴᠠᠭᠠᠬᠤ ᠵᠡᠷᠭᠡ ᠰᠠᠯᠠᠭ᠎ᠠ | ᠮᠥᠴᠢᠷ ᠤᠳ ᠣᠨᠴᠠ ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠪᠡᠯᠡ ᠮᠥᠩᠭᠦ ᠶᠢ | ᠬᠠᠮᠢᠶᠠᠷᠴᠤ ᠬᠡᠷᠡᠭᠯᠡᠵᠦ ᠪᠠᠶᠢᠭ᠎ᠠ ᠪᠠᠶᠢᠳᠠᠯ ᠳᠤ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠵᠤ᠂ ᠰᠢᠬᠠᠨ ᠡᠵᠡᠯᠡᠬᠦ᠂ | ᠨᠡᠭᠦᠯᠭᠡᠨ ᠬᠡᠷᠡᠭᠯᠡᠬᠦ᠂ ᠬᠤᠳᠠᠯ ᠢᠶᠠᠷ ᠮᠡᠳᠡᠭᠦᠯᠬᠦ᠂ ᠬᠠᠭᠤᠷᠮᠠᠭᠯᠠᠨ ᠠᠪᠬᠤ ᠵᠡᠷᠭᠡ ᠰᠠᠬᠢᠯᠭ᠎ᠠ ᠪᠠᠲᠤ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠡᠭᠦᠰᠬᠦ ᠶᠢ ᠰᠡᠷᠭᠡᠶᠢᠯᠡᠨ᠎ᠡ᠃ ᠨᠡᠶᠢᠭᠡᠮ ᠤᠨ ᠬᠢᠨᠠᠯᠲᠠ ᠲᠠᠯᠪᠢᠬᠤ ᠦᠢᠯᠡᠳᠦᠯ ᠢ | ᠭᠦᠢᠴᠡᠳ ᠪᠠᠳᠠᠷᠠᠭᠤᠯᠤᠨ᠂ ᠣᠯᠠᠨ ᠨᠡᠶᠢᠲᠡ ᠪᠣᠯᠣᠨ ᠵᠠᠭᠤᠴᠢᠯᠠᠭᠤᠷ ᠤᠨ ᠢᠯᠡᠴᠢᠯᠡᠵᠦ ᠢᠯᠡᠷᠡᠭᠦᠯᠦᠭᠰᠡᠨ | ᠠᠰᠠᠭᠤᠳᠠᠯ ᠢ ᠴᠠᠭ ᠲᠤᠬᠠᠶ ᠳᠤᠨᠢ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠰᠢᠢᠳᠪᠦᠷᠢᠯᠡᠭᠰᠡᠨ ᠦᠷ᠎ᠡ ᠳ᠋ᠦᠩ ᠢᠶᠠᠨ | ᠨᠡᠶᠢᠲᠡᠯᠡᠨ᠎ᠡ᠃ ᠣᠨᠴᠠ ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ | ᠬᠠᠷᠢᠭᠤᠴᠠᠯᠭ᠎ᠠ ᠶᠢᠨ ᠨᠡᠬᠡᠮᠵᠢᠯᠡᠬᠦ ᠲᠦᠷᠢᠮ ᠢ ᠲᠡᠭᠦᠯᠳᠡᠷᠵᠢᠭᠦᠯᠦᠨ᠂ ᠵᠠᠰᠠᠭ ᠵᠠᠬᠢᠷᠭᠠᠨ ᠤ ᠬᠠᠷᠢᠭᠤᠴᠠᠯᠭ᠎ᠠ ᠬᠡᠯᠡᠯᠴᠡᠬᠦ | ᠡᠷᠴᠢᠮ ᠢ ᠴᠢᠩᠭᠠᠷᠠᠭᠤᠯᠵᠤ᠂ ᠬᠠᠷᠢᠭᠤᠴᠠᠯᠭ᠎ᠠ ᠪᠠᠨ ᠦᠯᠦ ᠨᠠᠶᠢᠳᠠᠪᠤᠷᠢᠵᠢᠭᠤᠯᠬᠤ᠂ ᠬᠠᠷᠢᠯᠴᠠᠨ ᠲᠦᠯᠬᠢᠯᠴᠡᠬᠦ᠂ ᠴᠠᠭ | ᠲᠤᠬᠠᠶ ᠳᠤᠨᠢ ᠦᠯᠦ ᠰᠢᠢᠳᠪᠦᠷᠢᠯᠡᠬᠦ ᠵᠡᠷᠭᠡ ᠬᠦᠨᠳᠦ ᠨᠣᠴᠢᠲᠠᠶ ᠣᠷᠰᠢᠭ ᠲᠠᠲᠠᠭᠰᠠᠨ ᠨᠢᠭᠡᠴᠡ ᠪᠣᠯᠤᠨ ᠬᠤᠪᠢ | ᠬᠥᠮᠦᠨ ᠠᠴᠠ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ | ︵ᠲᠦᠷᠪᠡ︶ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠎ᠠ᠃ | ᠡᠯ᠎ᠡ ᠭᠠᠵᠠᠷ ᠣᠷᠣᠨ ᠨᠤᠭᠤᠳ ᠣᠨᠴᠠ ᠬᠦᠴᠢᠷᠳᠡᠯᠲᠡᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ | ᠲᠡᠵᠢᠭᠡᠬᠦ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠵᠦ᠂ ᠰᠣᠨᠢᠨ ᠰᠡᠳᠬᠦᠯ᠂ | ᠷᠠᠳᠢᠣ᠋ ᠨᠡᠪᠲᠡᠷᠡᠭᠦᠯᠭᠡ᠂ ᠲᠧᠯᠸᠢᠰ ᠵᠡᠷᠭᠡ ᠵᠠᠭᠤᠴᠢᠯᠠᠭᠤᠷ ᠪᠣᠯᠤᠨ ᠢᠨᠲ᠋ᠤᠷ ᠰᠦᠯᠵᠢᠶ᠎ᠡ ᠵᠢᠴᠢ ᠤᠯᠠᠨ ᠨᠡᠶᠢᠲᠡ ᠶᠢᠨ | ᠤᠩᠰᠢᠯᠭ᠎ᠠ ᠶᠢᠨ ᠲᠠᠰᠤᠭ᠂ ᠮᠠᠲ᠋ᠧᠷᠢᠶᠠᠯ ᠣᠯᠬᠤ ᠴᠢᠬ᠂ ᠮᠡᠳᠡᠭᠡ ᠵᠠᠩᠭᠢ ᠶᠢᠨ ᠤᠬᠠᠭᠤᠯᠭ᠎ᠠ ᠶᠢᠨ ᠰᠠᠮᠪᠠᠷ᠎ᠠ᠂ | ᠤᠬᠠᠭᠤᠯᠭ᠎ᠠ ᠶᠢᠨ ᠳᠡᠪᠲᠡᠷ᠂ ᠮᠡᠳᠡᠬᠦᠯᠵᠦ ᠤᠶᠢᠢᠯᠠᠭᠠᠭᠤᠯᠬᠤ ᠬᠠᠭᠤᠳᠠᠰᠤ ︵ᠺᠠᠷᠲ︶ ᠵᠡᠷᠭᠡ ᠣᠯᠠᠨ ᠲᠦᠮᠡᠨ ᠤ | ᠦᠵᠡᠵᠦ ᠰᠣᠨᠢᠷᠬᠠᠬᠤ ᠳᠤᠷᠠᠲᠠᠶ ᠬᠡᠯᠪᠡᠷᠢ ᠶᠢ ᠭᠦᠢᠴᠡᠳ ᠠᠰᠢᠭᠯᠠᠨ᠂ ᠣᠨᠴᠠ ᠬᠦᠴᠢᠷᠳᠡᠯᠲᠡᠢ ᠬᠥᠮᠦᠰ ᠢ | ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠲᠦᠷᠦ ᠶᠢᠨ ᠪᠤᠳᠤᠯᠭ᠎ᠠ ᠶᠢ ᠬᠦᠴᠦᠯᠡᠨ ᠤᠬᠠᠭᠤᠯᠵᠤ᠂ ᠨᠡᠶᠢᠭᠡᠮ ᠤᠨ | ᠣᠶᠢᠯᠠᠭᠠᠬᠤ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠣᠨᠴᠠ ᠬᠦᠴᠢᠷᠳᠡᠯᠲᠡᠢ ᠬᠥᠮᠦᠰ ᠢ ᠨᠡᠶᠢᠭᠡᠮ | ᠨᠡᠶᠢᠲᠡ ᠪᠠᠷ ᠢᠶᠠᠨ ᠬᠠᠷᠠᠭᠠᠯᠵᠠᠨ ᠬᠠᠯᠠᠮᠵᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ ᠡᠯ᠎ᠡ | ᠠᠶᠢᠮᠠᠭ ᠬᠤᠲᠠ ᠨᠤᠭᠤᠳ ᠲᠤᠰ ᠰᠠᠨᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠲᠤᠬᠠᠶ ᠶᠢᠨ ᠭᠠᠵᠠᠷ ᠤᠨ | ᠪᠤᠳᠠᠲᠠᠢ ᠲᠠᠢ ᠪᠠᠨ ᠤᠶᠠᠯᠳᠤᠭᠤᠯᠵᠤ ᠪᠠᠶᠢᠭᠠᠳ 2016 ᠣᠨ ᠤ 11 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ | ᠢᠵᠢ ᠪᠦᠷᠢᠳᠦᠭᠦᠯᠦᠨ ᠨᠠᠶᠢᠳᠠᠪᠤᠷᠢᠵᠢᠭᠤᠯᠬᠤ ᠲᠦᠷᠦ ᠶᠢᠨ ᠪᠤᠳᠤᠯᠭ᠎ᠠ ᠶᠢ ᠲᠣᠭᠲᠠᠭᠠᠵᠤ᠂ ᠦᠨᠳᠦᠰᠦᠨ | ᠠᠮᠢᠳᠤᠷᠠᠯ ᠤᠨ ᠪᠠᠷᠢᠮᠵᠢᠶ᠎ᠠ᠂ ᠬᠠᠷᠠᠭᠠᠯᠵᠠᠵᠤ ᠰᠤᠪᠢᠯᠠᠬᠤ ᠪᠠᠷᠢᠮᠵᠢᠶ᠎ᠠ᠂ ᠠᠰᠠᠷᠠᠨ ᠲᠡᠵᠢᠭᠡᠬᠦ ᠦᠢᠯᠡᠴᠢᠯᠡᠭᠡᠨ ᠤ | ᠪᠠᠶᠢᠭᠤᠯᠤᠮᠵᠢ ᠶᠢ ᠥᠭᠡᠷᠡᠴᠢᠯᠡᠨ ᠳᠡᠭᠡᠭᠰᠢᠯᠡᠭᠦᠯᠬᠦ ᠲᠥᠰᠦᠯ ᠵᠡᠷᠭᠡ ᠶᠢ ᠲᠣᠲᠤᠷᠬᠠᠶᠢᠯᠠᠬᠤ ᠬᠡᠷᠡᠭᠳᠡᠢ᠃ | ᠳᠠᠭᠠᠯᠳᠤᠭᠤᠯᠤᠯ᠄ ᠭᠤᠣᠯᠳᠠᠯᠭ᠎ᠠ ᠲᠠᠢ ᠡᠭᠦᠷᠭᠡ ᠶᠢᠨ ᠠᠵᠢᠯ ᠤᠨ ᠬᠤᠪᠢᠶᠠᠷᠢᠯᠠᠯ | ᠳᠠᠭᠠᠯᠳᠤᠭᠤᠯᠤᠯ᠄ ᠭᠤᠣᠯᠳᠠᠯᠭ᠎ᠠ ᠲᠠᠢ ᠡᠭᠦᠷᠭᠡ ᠶᠢᠨ ᠠᠵᠢᠯ ᠤᠨ ᠬᠤᠪᠢᠶᠠᠷᠢᠯᠠᠯ | ᠬᠥᠰᠥᠨᠥᠭᠲᠦ | |