ᠪᠦᠬᠦ ᠤᠷᠤᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠳᠠ ᠳᠠᠯᠪᠢᠬᠤ ᠠᠵᠢᠯ ᠵᠢᠴᠢ ᠶᠠᠰᠤ ᠴᠢᠨᠠᠷ ᠲᠤ ᠮᠡᠷᠭᠡᠵᠢᠯ ᠤᠨ ᠬᠢᠨᠠᠯᠳᠠ ᠳᠠᠯᠪᠢᠬᠤ ᠠᠵᠢᠯ ᠤᠨ ᠰᠢᠰᠲ᠋ᠧᠮ ᠤᠨ ᠨᠠᠮ ᠤᠨ ᠬᠡᠪ ᠰᠤᠷᠳᠠᠯ ᠴᠢᠭᠡᠴᠢ ᠵᠠᠰᠠᠭ ᠎ ᠤᠨ ᠪᠠᠶᠢᠭᠤᠯᠤᠯᠳᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2017/2/17
     2 ᠳ᠋ᠤᠭᠠᠷ ᠰᠠᠷ᠎ᠠ ᠶᠢᠨ 16᠎ ᠤ ᠡᠳᠦᠷ᠂ ᠪᠦᠬᠦ ᠤᠷᠤᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠳᠠ ᠳᠠᠯᠪᠢᠬᠤ ᠠᠵᠢᠯ ᠵᠢᠴᠢ ᠶᠠᠰᠤ ᠴᠢᠨᠠᠷ ᠲᠤ ᠮᠡᠷᠭᠡᠵᠢᠯ ᠤᠨ ᠬᠢᠨᠠᠯᠳᠠ ᠳᠠᠯᠪᠢᠬᠤ ᠠᠵᠢᠯ ᠤᠨ ᠰᠢᠰᠲ᠋ᠧᠮ ᠤᠨ ᠨᠠᠮ ᠤᠨ ᠬᠡᠪ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ ᠬᠤᠷᠠᠯ ᠬᠤᠷᠠᠯᠳᠤᠵᠤ᠂ 2016 ᠤᠨ ᠤ ᠠᠵᠢᠯ ᠢᠶᠠᠨ ᠪᠦᠭᠦ ᠳᠠᠯ᠎ᠠ ᠪᠠᠷ ᠳ᠋ᠦᠩᠨᠡᠵᠤ᠂ 2017 ᠤᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠳᠠ ᠳᠠᠯᠪᠢᠬᠤ ᠠᠵᠢᠯ ᠤᠨ ᠡᠭᠦᠷᠭᠡ ᠪᠠᠨ ᠪᠠᠶᠢᠷᠢᠯᠠᠭᠤᠯᠪᠠ᠃      ᠦᠪᠡᠷᠳᠡᠭᠡᠨ ᠵᠠᠰᠬᠠᠤ ᠤᠷᠤᠨ ᠤ ᠳᠡᠳ᠋ ᠳᠡᠷᠢᠭᠦᠯᠡᠭᠴᠢ ᠴᠠᠩ ᠵᠢᠶᠦ᠋ᠨ ᠵᠧᠩ ᠬᠤᠷᠠᠯ ᠳᠤ ᠤᠷᠤᠯᠴᠠᠨ ᠶᠠᠷᠢᠶ᠎ᠠ ᠳᠠᠯᠪᠢᠵᠠᠢ᠃      ᠴᠠᠩ ᠵᠢᠶᠦ᠋ᠨ ᠵᠧᠩ ᠵᠢᠭᠠᠵᠤ ᠭᠠᠷᠭᠠᠭᠰᠠᠨ ᠨᠢ᠂ ᠦᠩᠭᠡᠷᠡᠭᠰᠡᠨ ᠨᠢᠭᠡ ᠵᠢᠯ ᠳᠤ ᠪᠦᠬᠦ ᠤᠷᠤᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠳᠠ ᠳᠠᠯᠪᠢᠬᠤ ᠠᠵᠢᠯ ᠤᠨ ᠰᠢᠰᠲ᠋ᠧᠮ ᠤᠨ ᠬᠢᠨ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠵᠦᠪ ᠤᠨᠤᠪᠴᠢᠳᠠᠢ ᠤᠳᠤᠷᠢᠳᠤᠯᠭ᠎ᠠ ᠳᠤᠤᠷ᠎ᠠ᠂ ᠶᠠᠰᠤ ᠴᠢᠨᠠᠷ ᠢᠶᠠᠷ ᠤᠷᠤᠨ ᠢᠶᠠᠨ ᠬᠦᠴᠦᠷᠭᠡᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠦᠨᠵᠡᠭᠡᠢ ᠠᠬᠢᠭᠤᠯᠵᠤ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠳᠠ ᠳᠠᠯᠪᠢᠬᠤ ᠠᠵᠢᠯ ᠢᠯᠡᠳᠳᠡ ᠦᠷ᠎ᠠ ᠪᠦᠳᠤᠮᠵᠢ ᠤᠯᠪᠠ︔ ᠪᠠᠷᠢᠮᠵᠢᠶᠠᠵᠢᠭᠤᠯᠤᠯᠳᠠ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠲᠦᠯᠦᠪᠯᠡᠭᠡ ᠶᠢ ᠶᠡᠭᠡᠪᠡᠷ ᠬᠡᠷᠡᠭᠵᠢᠭᠦᠯᠵᠤ᠂ ᠪᠠᠷᠢᠮᠵᠢᠶᠠᠵᠢᠭᠤᠯᠤᠯᠳᠠ ᠶᠢᠨ ᠪᠠᠶᠢᠭᠤᠯᠤᠯᠳᠠ ᠶᠢᠨ ᠠᠮᠵᠢᠯᠳᠠ ᠢᠯᠡᠳᠳᠡ ᠪᠤᠯᠪᠠ︔ ᠶᠠᠰᠤ ᠴᠢᠨᠠᠷ ᠲᠤ ᠬᠢᠨᠠᠯᠳᠠ ᠳᠠᠯᠪᠢᠬᠤ ᠠᠵᠢᠯ ᠤᠨ ᠰᠠᠭᠤᠷᠢ ᠶᠢ ᠪᠠᠳᠤᠳᠬᠠᠵᠤ᠂ ᠮᠠᠷᠭᠡᠵᠢᠯ ᠤᠨ ᠴᠢᠳᠠᠪᠤᠷᠢ ᠶᠢ ᠶᠡᠭᠡᠪᠡᠷ ᠳᠡᠭᠡᠭᠰᠢᠯᠡᠭᠦᠯᠪᠡ︔ ᠶᠠᠰᠤ ᠴᠢᠨᠠᠷ ᠲᠤ ᠬᠢᠨᠡᠯᠳᠡ ᠳᠠᠯᠪᠢᠬᠤ ᠳᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯᠯᠠᠭ᠎ᠠ ᠶᠢ ᠶᠡᠭᠡᠪᠡᠷ ᠦᠷᠨᠢᠭᠦᠯᠵᠤ᠂ ᠶᠠᠰᠤ ᠴᠢᠨᠠᠷ ᠤᠨ ᠠᠮᠤᠷ ᠲᠦᠪᠰᠢᠨ ᠤ ᠬᠠᠯᠬᠠᠪᠴᠢ ᠶᠢᠨ ᠪᠠᠳᠤᠯᠠᠭ᠎ᠠ ᠶᠢ ᠴᠢᠩᠭᠠᠳᠬᠠᠵᠤ᠂ ᠪᠦᠬᠦ ᠤᠷᠤᠨ ᠤ ᠶᠠᠰᠤ ᠴᠢᠨᠠᠷ ᠤᠨ ᠬᠦᠭᠵᠢᠯᠳᠡ ᠰᠢᠨ᠎ᠠ ᠠᠬᠢᠯᠳᠠ ᠲᠠᠢ ᠪᠤᠯᠪᠠ ᠭᠡᠵᠠᠢ᠃      ᠴᠠᠩ ᠵᠢᠶᠦ᠋ᠨ ᠵᠧᠩ ᠴᠢᠬᠤᠯᠠᠴᠢᠯᠠᠭᠰᠠᠨ ᠨᠢ᠂ ᠶᠠᠰᠤ ᠴᠢᠨᠠᠷ ᠢᠶᠠᠷ ᠤᠷᠤᠨ ᠢᠶᠠᠨ ᠬᠦᠴᠦᠷᠭᠡᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠦᠨᠵᠡᠭᠡᠢ ᠬᠡᠷᠡᠭᠵᠢᠭᠦᠯᠤᠨ᠂ ᠦᠢᠯᠡᠳᠭᠦᠨ ᠤ ᠶᠠᠰᠤ ᠴᠢᠨᠠᠷ᠂ ᠪᠠᠷᠢᠯᠭ᠎ᠠ ᠶᠢᠨ ᠶᠠᠰᠤ ᠴᠢᠨᠠᠷ᠂ ᠤᠷᠴᠢᠨ ᠳᠤᠭᠤᠷᠢᠨ ᠤ ᠶᠠᠰᠤ ᠴᠢᠨᠠᠷ ᠪᠠ ᠦᠢᠯᠡᠴᠢᠯᠡᠭᠡᠨ ᠤ ᠶᠠᠰᠤ ᠴᠢᠨᠠᠷ ᠤᠨ ᠲᠦᠪᠰᠢᠨ ᠢ ᠪᠦᠬᠦ ᠳᠠᠯ᠎ᠠ ᠪᠠᠷ ᠳᠡᠭᠡᠭᠰᠢᠯᠡᠭᠦᠯᠵᠤ᠂ ᠮᠠᠨ ᠤ ᠤᠷᠤᠨ ᠤ ᠶᠠᠰᠤ ᠴᠢᠨᠠᠷ ᠤᠨ ᠰᠢᠨ᠎ᠠ ᠶᠢ ᠡᠭᠦᠳᠭᠦ ᠴᠢᠳᠠᠪᠤᠷᠢ᠂ ᠶᠠᠰᠤ ᠴᠢᠨᠠᠷ ᠎ ᠤᠨ ᠵᠠᠰᠠᠯᠳᠠ ᠶᠢᠨ ᠴᠢᠳᠠᠪᠤᠷᠢ᠂ ᠶᠠᠰᠤ ᠴᠢᠨᠠᠷ ᠤᠨ ᠪᠠᠳᠤᠯᠠᠭ᠎ᠠ ᠶᠢᠨ ᠴᠢᠳᠠᠪᠤᠷᠢ᠂ ᠶᠠᠰᠤ ᠴᠢᠨᠠᠷ ᠤᠨ ᠦᠷᠢᠰᠦᠯᠳᠦᠭᠡᠨ ᠤ ᠴᠢᠳᠠᠪᠤᠷᠢ ᠶᠢ ᠳᠡᠭᠡᠭᠰᠢᠯᠡᠭᠦᠯᠵᠤ᠂ ᠮᠠᠨ ᠤ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢ ᠠᠬᠢᠭᠤᠯᠬᠤ ᠴᠢᠨᠠᠷ ᠴᠢᠨᠰᠠᠭ᠎ᠠ ᠪᠠ ᠦᠷ᠎ᠠ ᠪᠦᠳᠦᠮᠵᠢ ᠶᠢ ᠰᠢᠨ᠎ᠠ ᠲᠦᠪᠰᠢᠨ ᠳᠤ ᠭᠠᠷᠭᠠᠬᠤ ᠬᠡᠷᠡᠭᠳᠠᠢ ᠃ ᠶᠠᠰᠤ ᠴᠢᠨᠠᠷ ᠢᠶᠠᠷ ᠤᠷᠤᠨ ᠢᠶᠠᠨ ᠬᠦᠴᠦᠷᠭᠡᠭᠵᠢᠭᠦᠯᠬᠦ ᠪᠠᠶᠢᠯᠳᠤᠬᠤ ᠪᠤᠳᠤᠯᠭ᠎ᠠ᠂ ᠪᠠᠷᠢᠮᠵᠢᠶᠠᠵᠢᠭᠤᠯᠤᠯᠳᠠ ᠶᠢᠨ ᠠᠵᠢᠯᠯᠠᠭ᠎ᠠ ᠶᠢᠨ ᠲᠦᠯᠦᠪᠯᠡᠭᠡ᠂ ᠲᠦᠷᠦᠯ ᠳᠡᠮᠳᠡᠭ ᠢ ᠬᠦᠭᠵᠢᠭᠦᠯᠬᠦ ᠪᠠᠶᠢᠯᠳᠤᠬᠤ ᠪᠤᠳᠤᠯᠭ᠎ᠠ᠂ ᠰᠢᠨᠵᠢᠯᠡᠭᠦ ᠤᠬᠠᠭᠠᠨ ᠮᠡᠷᠭᠡᠵᠢᠯ ᠢᠶᠠᠷ ᠰᠢᠯᠭᠠᠨ ᠪᠠᠶᠢᠴᠠᠭᠠᠯᠳᠠ ᠬᠢᠭᠦ ᠪᠠᠶᠢᠯᠳᠤᠬᠤ ᠪᠤᠳᠤᠯᠭ᠎ᠠ᠂ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠂ ᠳᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯᠯᠠᠭ᠎ᠠ ᠶᠢ ᠬᠦᠨᠵᠡᠭᠡᠢ ᠦᠷᠨᠢᠭᠦᠯᠵᠤ᠂ ᠨᠠᠮ ᠤᠨ ᠪᠠᠶᠢᠭᠤᠯᠤᠯᠳᠠ᠂ ᠨᠠᠮ ᠤᠨ ᠬᠡᠪ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠪᠠ ᠺᠠᠳ᠋ᠷ ᠤᠨ ᠡᠩᠨᠡᠭᠡ ᠶᠢᠨ ᠪᠠᠶᠢᠭᠤᠯᠤᠯᠳᠠ ᠶᠢ ᠴᠢᠨᠠᠭᠰᠢᠳᠠ ᠴᠢᠩᠭᠠᠳᠬᠠᠬᠤ ᠬᠡᠷᠡᠭᠳᠠᠢ ᠭᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号