ᠡᠨᠡ ᠵᠢᠯ ᠠᠴᠠ ᠥᠪᠥᠷ ᠮᠣᠩᠭᠤᠯ ᠡᠭᠦᠯᠳᠡᠷ ᠤᠨ ᠮᠠᠯ ᠵᠢᠭᠦᠷᠲᠡᠨ ᠤ ᠦᠢᠯᠡᠳᠪᠦᠷᠢᠯᠡᠯ ᠡᠵᠡᠩᠨᠡᠯᠲᠡ ᠶᠢᠨ ᠵᠥᠪᠰᠢᠶᠡᠷᠡᠯ ᠢ ᠤᠯᠠᠮ ᠰᠢᠯᠢᠳᠡᠭᠵᠢᠭᠦᠯᠦᠨ ᠪᠦᠷᠢᠨᠰᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2017/2/17
      ᠮᠠᠨ ᠤ ᠤᠷᠤᠨ ᠤ ᠡᠭᠦᠯᠳᠡᠷ ᠤᠨ ᠮᠠᠯ ᠵᠢᠭᠦᠷᠲᠡᠨ ᠤ ᠦᠢᠯᠡᠳᠪᠦᠷᠢᠯᠡᠯ ᠡᠵᠡᠩᠨᠡᠯᠲᠡ ᠶᠢᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠳᠦᠷᠢᠮ ᠤᠨ ᠥᠭᠡᠷᠡᠴᠢᠯᠡᠯᠲᠡ ᠶᠢ ᠲᠥᠷᠭᠡᠳᠬᠡᠨ ᠠᠬᠢᠭᠤᠯᠵᠤ᠂ ᠡᠭᠦᠯᠳᠡᠷ ᠤᠨ ᠮᠠᠯ ᠵᠢᠭᠦᠷᠲᠡᠨ ᠤ ᠦᠢᠯᠡᠳᠪᠦᠷᠢᠯᠡᠯ ᠡᠵᠡᠩᠨᠡᠯᠲᠡ ᠶᠢᠨ ᠵᠥᠪᠰᠢᠶᠡᠷᠡᠯ ᠤᠨ ᠠᠵᠢᠯ ᠢ ᠰᠠᠶᠢᠵᠢᠷᠠᠭᠤᠯᠦᠨ ᠭᠦᠨᠵᠡᠭᠡᠶᠢᠷᠡᠭᠦᠯᠬᠦ ᠶᠢᠨ ᠲᠤᠰᠠᠳᠠ᠂ ᠡᠨᠡ ᠵᠢᠯ ᠤᠨ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠮᠠᠨ ᠤ ᠣᠷᠣᠨ ᠨᠢ ᠡᠭᠦᠯᠳᠡᠷ ᠤᠨ ᠮᠠᠯ ᠵᠢᠭᠦᠷᠲᠡᠨ ᠤ ᠦᠢᠯᠡᠳᠪᠦᠷᠢᠯᠡᠯ ᠡᠵᠡᠩᠨᠡᠯᠲᠡ ᠶᠢᠨ ᠵᠥᠪᠰᠢᠶᠡᠷᠡᠯ ᠢ ᠤᠯᠠᠮ ᠰᠢᠯᠢᠳᠡᠭᠵᠢᠭᠦᠯᠦᠨ ᠪᠦᠷᠢᠨᠰᠢᠭᠦᠯᠵᠦ ᠪᠠᠶᠢᠨ᠎ᠠ᠃      ᠣᠶᠢᠯᠠᠭᠠᠭᠰᠠᠨ ᠢᠶᠠᠷ᠂ 2017 ᠣᠨ ᠤ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ ᠮᠠᠨ ᠤ ᠣᠷᠣᠨ ᠱᠠᠳᠤ ᠬᠤᠪᠢᠶᠠᠨ ᠬᠠᠮᠢᠶᠠᠷᠬᠤ ᠵᠠᠷᠴᠢᠮ ᠶᠣᠰᠣᠭᠠᠷ᠂ ᠡᠯ᠎ᠡ ᠱᠠᠲᠤᠨ ᠤ ᠡᠭᠦᠯᠳᠡᠷ ᠤᠨ ᠮᠠᠯ ᠵᠢᠭᠦᠷᠲᠡᠨ ᠤ ᠲᠠᠯᠠᠪᠤᠷ ᠢ ᠵᠥᠪᠰᠢᠶᠡᠷᠡᠬᠦ ᠡᠷᠬᠡ ᠮᠡᠳᠡᠯ ᠤᠨ ᠬᠡᠪᠴᠢᠶ᠎ᠡ ᠶᠢ ᠨᠠᠷᠢᠯᠢᠬᠵᠢᠭᠤᠯᠦᠨ ᠰᠢᠯᠢᠳᠡᠭᠵᠢᠭᠦᠯᠪᠡ᠃ ᠢᠴᠡᠭᠡᠯ ᠦᠷ᠎ᠡ ︵ᠬᠦᠪᠦᠷᠡᠯ᠂ ᠥᠨᠳᠡᠭᠡᠨ ᠡᠰ ᠪᠠᠭᠲᠠᠨ᠎ᠠ︶ ᠵᠡᠷᠭᠡ ᠤᠳᠤᠮᠯᠠᠯ ᠤᠨ ᠡᠬᠢ ᠪᠠᠶᠠᠯᠢᠭ ᠤᠨ ᠮᠠᠲ᠋ᠧᠷᠢᠶᠠᠯ ᠢ ᠦᠢᠯᠡᠳᠪᠦᠷᠢᠯᠡᠨ ᠡᠵᠡᠩᠨᠡᠵᠦ ᠪᠠᠶᠢᠭ᠎ᠠ ᠪᠤᠬ᠎ᠠ ᠶᠢᠨ ᠦᠷᠳᠡᠭᠡ ᠨᠢ ︽ᠡᠭᠦᠯᠳᠡᠷ ᠤᠨ ᠮᠠᠯ ᠵᠢᠭᠦᠷᠲᠡᠨ ᠤ ᠦᠢᠯᠡᠳᠪᠦᠷᠢᠯᠡᠯ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾ ᠭᠤᠶᠤᠴᠢᠯᠠᠬᠤ ᠳᠠᠭᠠᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠳᠤ ᠭᠤᠶᠤᠴᠢᠯᠠᠯ ᠢᠶᠠᠨ ᠳᠡᠪᠰᠢᠭᠦᠯᠬᠦ ᠬᠡᠷᠡᠭᠲᠡᠶ︔ ᠢᠴᠡᠭᠡᠯ ᠦᠷ᠎ᠡ ︵ᠬᠦᠪᠦᠷᠡᠯ᠂ ᠥᠨᠳᠡᠭᠡᠨ ᠡᠰ ᠪᠠᠭᠲᠠᠨ᠎ᠠ︶ ᠵᠡᠷᠭᠡ ᠤᠳᠤᠮᠯᠠᠯ ᠤᠨ ᠡᠬᠢ ᠪᠠᠶᠠᠯᠢᠭ ᠤᠨ ᠮᠠᠲ᠋ᠧᠷᠢᠶᠠᠯ ᠤᠨ ᠦᠢᠯᠡᠳᠪᠦᠷᠢᠯᠡᠯ ᠤᠨ ᠪᠤᠰᠤ ᠡᠭᠦᠯᠳᠡᠷ ᠤᠨ ᠮᠠᠯ ᠵᠢᠭᠦᠷᠲᠡᠨ ᠤ ᠤᠭ ᠦᠷ᠎ᠡ ᠶᠢᠨ ᠲᠠᠯᠠᠪᠤᠷ᠂ ᠡᠭᠦᠯᠳᠡᠷ ᠬᠠᠮᠠᠭᠠᠯᠠᠬᠤ ᠲᠠᠯᠠᠪᠤᠷ ᠨᠢ ︽ᠡᠭᠦᠯᠳᠡᠷ ᠤᠨ ᠮᠠᠯ ᠵᠢᠭᠦᠷᠲᠡᠨ ᠤ ᠦᠢᠯᠡᠳᠪᠦᠷᠢᠯᠡᠯ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾ ᠭᠤᠶᠤᠴᠢᠯᠠᠬᠤ ᠳᠠᠭᠠᠨ ᠠᠶᠢᠮᠠᠭ ᠬᠤᠳᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠳᠤ ᠭᠤᠶᠤᠴᠢᠯᠠᠯ ᠢᠶᠠᠨ ᠳᠡᠪᠰᠢᠭᠦᠯᠬᠦ ᠬᠡᠷᠡᠭᠲᠡᠢ︔ ᠦᠢᠯᠡᠳᠪᠦᠷᠢᠯᠡᠯ ᠳᠤ ᠰᠢᠭᠤᠳ ᠬᠡᠷᠡᠭᠯᠡᠬᠦ ᠡᠭᠦᠯᠳᠡᠷ ᠤᠨ ᠮᠠᠯ ᠵᠢᠭᠦᠷᠲᠡᠨ ᠢ ᠥᠰᠬᠡᠨ ᠥᠷᠡᠵᠢᠭᠦᠯᠬᠦ ᠲᠠᠯᠠᠪᠤᠷ ᠨᠢ ︽ᠡᠭᠦᠯᠳᠡᠷ ᠤᠨ ᠮᠠᠯ ᠵᠢᠭᠦᠷᠲᠡᠨ ᠤ ᠦᠢᠯᠡᠳᠪᠦᠷᠢᠯᠡᠯ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾ ᠭᠤᠶᠤᠴᠢᠯᠠᠬᠤ ᠳᠠᠭᠠᠨ ᠰᠠᠭᠤᠭ᠎ᠠ ᠭᠠᠵᠠᠷ ᠤᠨ ᠢᠶᠠᠨ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠳᠤ ᠭᠤᠶᠤᠴᠢᠯᠠᠯ ᠢᠶᠠᠨ ᠳᠡᠪᠰᠢᠭᠦᠯᠬᠦ ᠬᠡᠷᠡᠭᠲᠡᠢ᠃ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ᠂ ᠡᠭᠦᠯᠳᠡᠷ ᠤᠨ ᠮᠠᠯ ᠵᠢᠭᠦᠷᠲᠡᠨ ᠤ ᠦᠢᠯᠡᠳᠪᠦᠷᠢᠯᠡᠯ ᠡᠵᠡᠩᠨᠡᠯᠲᠡ ᠳᠤ ᠬᠤᠯᠪᠣᠭᠳᠠᠬᠤ ᠵᠡᠷᠭᠡ ᠪᠣᠰᠤᠳ ᠵᠦᠢᠯᠡᠰ ᠲᠤ ᠴᠥᠮ ︽ᠮᠠᠯ ᠠᠵᠤ ᠠᠬᠤᠶ ᠶᠢᠨ ᠬᠠᠤᠯᠢ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠶ᠃ ᠡᠭᠦᠨ ᠤ ᠬᠠᠮᠲᠤ ᠪᠠᠰᠠ ᠡᠯ᠎ᠡ ᠠᠶᠢᠮᠠᠭ ᠬᠤᠳᠠ᠂ ᠡᠯ᠎ᠡ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠵᠢᠴᠢ ᠡᠭᠦᠯᠳᠡᠷ ᠤᠨ ᠮᠠᠯ ᠵᠢᠭᠦᠷᠲᠡᠨ ᠳᠤ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠦᠷᠲᠡᠭᠡ ᠨᠢ ︽ᠬᠡᠨ ᠵᠥᠪᠰᠢᠶᠡᠷᠡᠭᠰᠡᠨ ᠪᠣᠯ᠂ ᠬᠡᠨ ᠬᠢᠨᠠᠯᠲᠠ ᠲᠠᠯᠪᠢᠵᠦ᠂ ᠬᠡᠨ ᠬᠠᠷᠢᠭᠤᠴᠠᠬᠤ︾ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠲᠤᠶᠢᠷᠢᠮ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠤᠴᠢᠷ ᠶᠠᠪᠤᠲᠠᠯ ᠤᠨ ᠳᠤᠮᠳᠠᠬᠢ ᠪᠠ ᠲᠠᠷᠠᠭᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠦ᠂ ᠡᠭᠦᠯᠳᠡᠷ ᠤᠨ ᠮᠠᠯ ᠵᠢᠭᠦᠷᠲᠡᠨ ᠳᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠡᠭᠦᠯᠳᠡᠷ ᠤᠨ ᠮᠠᠯ ᠵᠢᠭᠦᠷᠲᠡᠨ ᠬᠡᠷᠡᠭᠯᠡᠬᠦ ᠬᠤᠭᠤᠴᠠᠭ᠎ᠠ ᠳᠤ ᠲᠥᠪᠯᠡᠷᠡᠭᠦᠯᠦᠨ ᠪᠠᠶᠢᠴᠠᠭᠠᠬᠤ ᠪᠠ ᠶᠡᠷᠦᠳᠡ ᠶᠢᠨ ᠬᠢᠨᠠᠯᠲᠠ ᠲᠠᠯᠪᠢᠬᠤ ᠶᠢ ᠤᠶᠠᠯᠳᠤᠭᠤᠯᠤᠨ᠂ ᠬᠤᠳᠠᠯ ᠬᠠᠭᠤᠷᠮᠠᠭ ᠴᠢᠨᠠᠷ ᠮᠠᠭᠤ ᠵᠢᠴᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠦᠭᠡᠶ ᠡᠵᠡᠩᠨᠡᠬᠦ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠢᠨᠠᠯᠲᠠ ᠬᠠᠮᠢᠶᠠᠷᠤᠯᠲᠠ ᠶᠢ ᠳᠦᠷᠢᠮᠵᠢᠭᠦᠯᠬᠦ ᠪᠠ ᠬᠡᠪᠵᠢᠭᠦᠯᠵᠦ᠂ ᠡᠭᠦᠯᠳᠡᠷ ᠤᠨ ᠮᠠᠯ ᠵᠢᠭᠦᠷᠲᠡᠨ ᠤ ᠦᠢᠯᠡᠳᠪᠦᠷᠢᠯᠡᠯ ᠡᠵᠡᠩᠨᠡᠯᠲᠡ ᠶᠢᠨ ᠬᠡᠪ ᠤᠨ ᠡᠮᠬᠢ ᠵᠢᠷᠤᠮ ᠢ ᠦᠨᠡᠨᠬᠦ ᠬᠠᠮᠠᠭᠠᠯᠠᠬᠤ ᠬᠡᠷᠡᠭᠲᠡᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号