ᠥᠪᠦᠷ ᠮᠤᠩᠭᠤᠯ ᠤᠨ ᠤᠷᠤᠨ ᠨᠤᠳᠤᠭ ᠤᠨ ᠭᠠᠶᠢᠯᠢ ᠶᠢᠨ ᠲᠤᠪᠴᠢᠶ᠎ᠠ ᠶᠢᠨ ᠨᠡᠬᠦᠳᠡᠯ ᠭᠠᠶᠢᠯᠢ ︵ᠰᠦᠢᠳᠭᠡᠯ︶ ᠎ ᠶᠢᠨ ᠶᠠᠪᠤᠳᠠᠯ ᠢ ᠡᠷᠬᠢᠯᠡᠬᠦ ᠰᠢᠰᠲ᠋ᠧᠮ ᠡᠬᠢᠯᠡᠯ᠎ᠠ
ᠨᠡᠶᠢᠲᠡᠯᠡᠭᠰᠡᠨ ᠴᠠᠭ᠄
2017/2/17
     2 ᠳ᠋ᠤᠭᠠᠷ ᠰᠠᠷ᠎ᠠ ᠶᠢᠨ 16᠎ ᠤ ᠡᠳᠦᠷ᠂ ᠥᠪᠦᠷ ᠮᠤᠩᠭᠤᠯ ᠤᠨ ᠤᠷᠤᠨ ᠨᠤᠳᠤᠭ ᠤᠨ ᠭᠠᠶᠢᠯᠢ ᠶᠢᠨ ᠲᠤᠪᠴᠢᠶ᠎ᠠ ᠶᠢᠨ ᠨᠡᠬᠦᠳᠡᠯ ᠭᠠᠶᠢᠯᠢ ︵ᠰᠦᠢᠳᠭᠡᠯ︶᠎ ᠶᠢᠨ ᠶᠠᠪᠤᠳᠠᠯ ᠢ ᠡᠷᠬᠢᠯᠡᠬᠦ ᠰᠢᠰᠲ᠋ᠧᠮ ᠵᠢᠩᠬᠢᠨᠢ ᠪᠠᠷ ᠡᠬᠢᠯᠡᠵᠦ᠂ ᠪᠦᠬᠦ ᠤᠷᠤᠨ ᠤ ᠤᠷᠤᠨ  ᠨᠤᠳᠤᠭ ᠤᠨ ᠭᠠᠶᠢᠯᠢ ᠶᠢᠨ ᠰᠢᠰᠲ᠋ᠧᠮ ᠤᠨ ᠭᠠᠶᠢᠯᠢ ᠳᠠᠳᠠᠪᠤᠷᠢᠯᠠᠬᠤ ᠮᠡᠳᠡᠭᠡ ᠵᠠᠩᠬᠢᠵᠢᠯᠳᠠ ᠶᠢᠨ ᠠᠵᠢᠯ ᠤᠨ ᠦᠢᠯᠡᠳᠦᠯᠭᠡ  ᠳᠤᠮᠳᠠ ᠪᠠᠨ ᠪᠠᠰᠠ ᠨᠢᠭᠡᠨ ᠢᠳᠡᠷᠭᠡᠭ ᠠᠯᠬᠤᠭ᠎ᠠ ᠠᠯᠬᠤᠭᠰᠠᠨ ᠢ ᠬᠠᠷᠠᠭᠤᠯᠵᠠᠢ᠃        ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠵᠠᠩ ᠵᠢᠶᠠᠨ ᠮᠢᠨ ᠡᠬᠢᠯᠡᠬᠦ ᠶᠤᠰᠤᠯᠠᠯ ᠳᠤ ᠤᠷᠤᠯᠴᠠᠪᠠ᠃        ᠦᠪᠡᠷᠲᠡᠭᠡᠨ ᠵᠠᠰᠠᠬᠤ ᠤᠷᠤᠨ ᠤ ᠤᠷᠤᠨ ᠨᠤᠳᠤᠭ ᠤᠨ ᠭᠠᠶᠢᠯᠢ ᠶᠢᠨ ᠲᠤᠪᠴᠢᠶ᠎ᠠ ︽ᠢᠨᠲ᠋ᠧᠷ ᠰᠦᠯᠵᠢᠶ᠎ᠠ + ᠭᠠᠶᠢᠯᠢ ᠶᠢᠨ ᠶᠠᠪᠤᠳᠠᠯ︾᠎ ᠤᠨ ᠰᠡᠳᠬᠢᠴᠡ ᠶᠢ ᠠᠰᠢᠬᠯᠠᠵᠦ᠂ ᠮᠡᠳᠡᠭᠡ ᠵᠠᠩᠬᠢᠵᠢᠯᠳᠠ ᠶᠢᠨ ᠴᠠᠭ ᠦᠶ᠎ᠠ ᠶᠢᠨ ᠤᠨᠴᠠᠯᠢᠭ᠂  ᠰᠢᠨ᠎ᠠ ᠱᠠᠭᠠᠷᠳᠠᠯᠭ᠎ᠠ ᠪᠠ ᠰᠢᠨ᠎ᠠ ᠦᠷᠢᠰᠦᠯᠳᠦᠭᠡᠨ ᠳᠤ ᠰᠠᠨᠠᠭᠠᠴᠢᠯᠠᠭ᠎ᠠ ᠠᠴᠠ ᠪᠠᠨ ᠵᠤᠬᠢᠴᠠᠵᠦ᠂ ᠰᠢᠯᠵᠢᠮᠡᠯ ᠰᠦᠯᠵᠢᠶ᠎ᠠ ᠶᠢᠨ ᠡᠵᠡᠩᠨᠡᠯᠳᠠ ᠶᠢᠨ ᠺᠤᠮᠫᠠᠨᠢ ᠲᠠᠢ ᠬᠠᠮᠳᠤᠷᠠᠨ ᠰᠢᠯᠵᠢᠮᠡᠯ ᠢᠨᠲ᠋ᠧᠷ ᠰᠦᠯᠵᠢᠶ᠎ᠠ ᠶᠢᠨ ᠮᠡᠷᠭᠡᠵᠢᠯ ᠪᠠ ᠤᠶᠤᠨᠴᠢ ᠭᠠᠷ ᠤᠳᠠᠰᠤᠨ ᠤ ᠭᠡᠷᠡᠭᠯᠡᠭᠡ ᠶᠢᠨ ᠤᠨᠴᠠᠯᠢᠭ ᠢ ᠬᠦᠢᠴᠡᠳ ᠠᠰᠢᠬᠯᠠᠵᠦ᠂ ᠰᠢᠰᠲ᠋ᠧᠮ ᠢ ᠰᠤᠯᠢᠪᠴᠠᠯᠳᠤᠭᠤᠯᠤᠨ ᠲᠦᠯᠦᠪᠯᠡᠵᠦ᠂ ᠭᠡᠷᠡᠭᠯᠡᠭᠴᠢ ᠶᠢᠨ ᠭᠠᠶᠢᠯᠢ ᠶᠢᠨ ᠶᠠᠪᠤᠳᠠᠯ ᠡᠷᠬᠢᠯᠡᠬᠦ ᠦᠷ᠎ᠠ ᠪᠦᠳᠦᠮᠵᠢ ᠶᠢ ᠶᠠᠭᠡᠪᠡᠷ ᠳᠡᠭᠡᠭᠰᠢᠯᠡᠬᠦᠯᠦᠭᠰᠡᠨ ᠪᠠᠶᠢᠨ᠎ᠠ᠃        ᠥᠪᠦᠷ ᠮᠤᠩᠭᠤᠯ ᠤᠨ ᠤᠷᠤᠨ ᠨᠤᠳᠤᠭ ᠤᠨ ᠭᠠᠶᠢᠯᠢ ᠶᠢᠨ ᠲᠤᠪᠴᠢᠶ᠎ᠠ ᠶᠢᠨ ᠨᠡᠬᠦᠳᠡᠯ ᠭᠠᠶᠢᠯᠢ ︵ᠰᠦᠢᠳᠭᠡᠯ︶᠎ ᠶᠢᠨ ᠶᠠᠪᠤᠳᠠᠯ ᠢ ᠡᠷᠬᠢᠯᠡᠬᠦ ᠰᠢᠰᠲ᠋ᠧᠮ ᠪᠤᠯ ᠨᠢᠭᠡᠨ ᠰᠢᠯᠵᠢᠮᠡᠯ ᠢᠨᠲ᠋ᠧᠷ ᠰᠦᠯᠵᠢᠶ᠎ᠠ ᠳᠤ ᠰᠠᠭᠤᠷᠢᠯᠠᠵᠦ᠂ ︽ᠠᠯᠳᠠᠨ ᠭᠠᠶᠢᠯᠢ ᠭᠤᠷᠪᠠᠳᠤᠭᠠᠷ ᠬᠤᠭᠤᠴᠠᠭ᠎ᠠ︾ ᠭᠤᠤᠯᠯᠠᠬᠤ ᠳᠠᠳᠠᠪᠤᠷᠢᠯᠠᠨ ᠬᠠᠮᠢᠶᠠᠷᠬᠤ ᠰᠢᠰᠲ᠋ᠧᠮ ᠪᠠ ᠨᠡᠶᠢᠭᠡᠮ ᠤᠨ ᠪᠠᠳᠤᠯᠠᠪᠤᠷᠢ ᠶᠢᠨ ᠰᠦᠢᠳᠭᠡᠯ ᠬᠤᠷᠢᠶᠠᠵᠦ ᠲᠤᠰᠢᠶᠠᠬᠤ ᠰᠢᠰᠲ᠋ᠧᠮ ᠢᠶᠠᠷ ᠠᠴᠢᠶᠠᠯᠠᠪᠤᠷᠢ ᠪᠤᠯᠭᠠᠭᠰᠠᠨ ᠶᠡᠷᠦᠩᠭᠡᠶᠢᠯᠡᠭᠰᠡᠨ ᠴᠢᠨᠠᠷᠳᠠᠢ ᠨᠡᠬᠦᠳᠡᠯ ᠭᠠᠶᠢᠯᠢ ︵ᠰᠦᠢᠳᠭᠡᠯ︶᠎ ᠶᠢᠨ ᠶᠠᠪᠤᠳᠠᠯ ᠡᠷᠬᠢᠯᠡᠬᠦ ᠰᠢᠰᠲ᠋ᠧᠮ ᠪᠤᠯᠤᠨ᠎ᠠ᠃ ᠭᠠᠶᠢᠯᠢ ᠲᠤᠰᠢᠶᠠᠭᠴᠢ ᠲᠠᠨᠢᠨ ᠮᠡᠳᠡᠷᠡᠬᠦ ᠳ᠋ᠤᠭᠠᠷ᠂ ᠭᠠᠷ ᠤᠳᠠᠰᠤᠨ ᠤ ᠨᠤᠮᠧᠷ ᠪᠠ ᠬᠢᠨᠡᠨ ᠭᠡᠷᠡᠴᠢᠯᠡᠬᠦ ᠺᠤᠳ᠋ ᠢᠶᠠᠷ ᠰᠢᠰᠲ᠋ᠧᠮ ᠳᠤ ᠭᠠᠷᠤᠭᠰᠠᠨ ᠤ ᠬᠤᠶᠢᠨ᠎ᠠ᠂ ᠰᠢᠰᠲ᠋ᠧᠮ ᠤᠨ ᠳᠤᠮᠳᠠᠬᠢ ᠠᠵᠤ ᠠᠬᠤᠢᠢᠯᠠᠯ ᠤᠨ ᠭᠠᠶᠢᠯᠢ ᠳᠠᠳᠠᠪᠤᠷᠢᠯᠡᠯ ᠢ ᠭᠤᠶᠤᠴᠢᠯᠠᠨ ᠮᠡᠳᠡᠬᠦᠯᠬᠦ᠂ ᠠᠵᠤ ᠠᠬᠤᠢᠢᠯᠠᠯ ᠤᠨ ᠨᠡᠶᠢᠭᠡᠮ ᠤᠨ ᠪᠠᠳᠤᠯᠠᠪᠤᠷᠢ ᠶᠢᠨ ᠰᠦᠢᠳᠭᠡᠯ ᠲᠤᠰᠢᠶᠠᠬᠤ᠂ ᠬᠤᠪᠢ ᠬᠦᠮᠦᠨ ᠤ ᠤᠯᠵᠠᠪᠤᠷᠢ ᠶᠢᠨ ᠭᠠᠶᠢᠯᠢ ᠶᠢ ᠤᠷᠤᠯᠠᠨ ᠳᠠᠳᠠᠪᠤᠷᠢᠯᠠᠬᠤ ᠤᠷᠤᠯᠠᠨ ᠲᠤᠰᠢᠶᠠᠬᠤ᠂ ᠬᠤᠪᠢ ᠬᠦᠮᠦᠨ ᠤ ᠤᠯᠵᠠᠪᠤᠷᠢ ᠶᠢᠨ ᠭᠠᠶᠢᠯᠢ ᠶᠢ ᠦᠪᠡᠰᠦᠪᠡᠨ ᠭᠤᠶᠤᠴᠢᠯᠠᠨ ᠮᠡᠳᠡᠬᠦᠯᠵᠦ ᠲᠤᠰᠢᠶᠠᠬᠤ᠂ ᠪᠠᠶᠢᠭᠠᠯᠢ ᠬᠦᠮᠦᠨ ᠤ ᠨᠡᠶᠢᠭᠡᠮ ᠤᠨ ᠪᠠᠳᠤᠯᠠᠪᠤᠷᠢ ᠶᠢᠨ ᠰᠦᠢᠳᠭᠡᠯ ᠲᠤᠰᠢᠶᠠᠬᠤ ᠵᠡᠷᠭᠡ ᠰᠢᠷᠢᠰ ᠭᠤᠤᠯᠯᠠᠬᠤ ᠴᠢᠳᠠᠮᠵᠢ ᠪᠠᠷ ᠭᠠᠶᠢᠯᠢ ᠳᠠᠳᠠᠪᠤᠷᠢᠯᠠᠬᠤ ᠦᠢᠯᠡᠴᠢᠯᠡᠭᠡ ᠶᠢ ᠺᠤᠮᠫᠢᠦ᠋ᠲ᠋ᠧᠷ ᠤᠨ ᠳᠠᠷᠤᠮ ᠤᠨ ᠲᠠᠪᠠᠭ ᠠᠴᠠ ᠭᠠᠷ ᠤᠳᠠᠰᠤ ᠲᠡᠰᠢ ᠰᠤᠩᠭᠠᠵᠦ᠂ ᠭᠠᠶᠢᠯᠢ ᠲᠤᠰᠢᠶᠠᠬᠴᠢ ᠪᠤᠯᠤᠨ ᠰᠦᠢᠳᠭᠡᠯ ᠲᠤᠰᠢᠶᠠᠭᠴᠢ ᠳᠤ ᠨᠡᠩ ᠲᠦᠬᠦᠮ ᠠᠪᠰᠠᠷ᠂ ᠠᠮᠤᠷ ᠲᠦᠪᠰᠢᠨ᠂ ᠦᠨᠳᠦᠷ ᠪᠦᠳᠦᠮᠵᠢᠳᠠᠢ᠂ ᠬᠠᠮᠢᠭ᠎ᠠ ᠴᠦ ᠭᠡᠰᠡᠨ ᠰᠢᠢᠳᠪᠤᠷᠢᠯᠡᠵᠦ ᠪᠤᠯᠬᠤ ᠲᠦᠬᠦᠮᠭᠡᠨ ᠦᠢᠯᠡᠴᠢᠯᠡᠭᠡ ᠦᠵᠡᠬᠦᠯᠵᠦ᠂ ︽ᠢᠨᠲ᠋ᠧᠷ ᠰᠦᠯᠵᠢᠶ᠎ᠠ + ᠭᠠᠶᠢᠯᠢ ᠶᠢᠨ ᠶᠠᠪᠤᠳᠠᠯ︾᠎ ᠤᠨ ᠲᠦᠬᠦᠮᠭᠡᠨ ᠦᠢᠯᠡᠴᠢᠯᠡᠭᠡ ᠶᠢ ᠪᠡᠶᠡᠴᠢᠯᠡᠨ ᠤᠢᠢᠯᠠᠭᠠᠭᠤᠯᠬᠤ ᠪᠤᠯᠤᠨ᠎ᠠ᠃ ᠡᠨᠡ ᠵᠢᠯ ᠦᠪᠡᠷᠲᠡᠭᠡᠨ ᠵᠠᠰᠠᠬᠤ ᠤᠷᠤᠨ ᠤ ᠤᠷᠤᠨ ᠨᠤᠳᠤᠭ ᠤᠨ ᠭᠠᠶᠢᠯᠢ ᠶᠢᠨ ᠲᠤᠪᠴᠢᠶ᠎ᠠ ᠨᠢ ︽ᠵᠢᠷᠬᠢᠶ᠎ᠠ ᠶᠢᠨ ᠭᠠᠶᠢᠯᠢ ᠶᠢᠨ ᠶᠠᠪᠤᠳᠠᠯ ᠢ ᠡᠷᠬᠢᠯᠡᠬᠦ ᠲᠢᠩᠬᠢᠮ︾᠎ ᠢ ᠴᠤᠬᠴᠠᠯᠠᠵᠦ᠂ ᠵᠢᠷᠬᠢᠶ᠎ᠠ ᠶᠢᠨ ᠤᠯᠠᠨ ᠨᠡᠶᠢᠳᠡ ᠶᠢᠨ ᠳ᠋ᠤᠭᠠᠷ᠂ ᠵᠢᠷᠬᠢᠶ᠎ᠠ ᠪᠠᠷ ᠲᠦᠯᠦᠪᠦᠷᠢᠯᠡᠬᠦ᠂ ᠵᠢᠷᠬᠢᠶ᠎ᠠ ᠶᠢᠨ ᠬᠤᠳᠠ ᠶᠢᠨ ᠦᠢᠯᠡᠴᠢᠯᠡᠭᠡ ᠵᠡᠷᠭᠡ ᠠᠷᠭ᠎ᠠ ᠵᠠᠮ ᠢᠶᠠᠷ ᠨᠡᠩ ᠡᠯᠪᠡᠭ᠂ ᠲᠦᠬᠦᠮ ᠠᠷᠠᠳ ᠲᠤ ᠠᠰᠢᠭ ᠬᠦᠷᠳᠡᠭᠡᠬᠦ ᠭᠠᠶᠢᠯᠢ ᠳᠤ ᠬᠤᠯᠪᠤᠭᠳᠠᠭᠰᠠᠨ ᠦᠢᠯᠡᠴᠢᠯᠡᠭᠡ ᠬᠠᠩᠭᠠᠬᠤ ᠪᠤᠯᠤᠨ᠎ᠠ᠃    
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号