ᠥᠪᠥᠷ ᠵᠠᠰᠠᠭ ᠠᠯᠪᠠᠨ ᠲᠠᠷᠬᠠᠭᠠᠭᠰᠠᠨ ﹇2016﹈ 143 ᠳ᠋ᠤᠭᠠᠷ ᠲᠤᠭᠠᠳᠤ | 2016 ᠣᠨ ᠤ 9 ᠳ᠋ᠤᠭᠡᠷ ᠰᠠᠷ᠎ᠠ ᠶᠢᠨ 30 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠡᠪᠡᠷ ᠰᠠᠭᠤᠷᠢ ᠮᠥᠩᠭᠦ ᠶᠢ ᠪᠤᠶᠢᠵᠢᠭᠤᠯᠤᠨ | ᠬᠦᠭᠵᠢᠭᠦᠯᠬᠦ ᠠᠵᠢᠯ ᠤᠨ ᠲᠥᠰᠦᠯ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠤᠳᠠᠲᠠᠢ ᠲᠠᠢ ᠪᠠᠨ ᠤᠶᠠᠯᠳᠤᠭᠤᠯᠤᠨ᠂ | ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠢ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠡᠪᠡᠷ | ᠰᠠᠭᠤᠷᠢ ᠮᠥᠩᠭᠦ ᠶᠢ ᠪᠤᠶᠢᠵᠢᠭᠤᠯᠤᠨ ᠬᠦᠭᠵᠢᠭᠦᠯᠬᠦ ᠠᠵᠢᠯ ᠤᠨ ᠲᠥᠰᠦᠯ | | ︽ᠠᠮᠢ ᠠᠬᠤᠶ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠶ | ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠳᠦᠷᠤ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ | ᠲᠥᠪ ᠲᠠᠷᠬᠠᠭᠠᠭᠰᠠᠨ ﹇2015﹈ 12 ᠳ᠋ᠤᠭᠠᠷ ᠲᠣᠭᠠᠲᠤ︶᠂ ︽ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯ ᠤᠨ ᠥᠭᠡᠷᠡᠴᠢᠯᠡᠯᠲᠡ ᠶᠢᠨ ᠶᠡᠷᠦᠩᠬᠡᠶ ᠲᠥᠰᠦᠯ︾ ︵ᠲᠥᠪ ᠲᠠᠷᠬᠠᠭᠠᠭᠰᠠᠨ ﹇2015﹈ 25 ᠳ᠋ᠤᠭᠠᠷ | ᠲᠣᠭᠠᠲᠤ︶ ᠵᠢᠴᠢ ᠳᠤᠮᠳᠠᠳᠤ ᠤᠯᠤᠰ ᠤᠨ ᠠᠷᠠᠳ ᠤᠨ ᠪᠠᠩᠬᠢ ᠵᠡᠷᠭᠡ ᠲᠤᠯᠤᠭᠠᠨ ᠰᠠᠯᠠᠭ᠎ᠠ ᠮᠥᠴᠢᠷ ᠤᠨ ︽ | ᠪᠣᠬᠢᠷᠳᠤᠯ ᠦᠭᠡᠢ ᠮᠥᠩᠭᠦᠨ ᠭᠦᠢᠯᠭᠡᠭᠡᠨ ᠤ ᠰᠢᠰᠲ᠋ᠧᠮᠵᠢ ᠶᠢ ᠪᠠᠶᠢᠭᠤᠯᠬᠤ ᠲᠤᠬᠠᠶ ᠵᠢᠯᠣᠭᠤᠳᠬᠤ ᠰᠠᠨᠠᠯ︾ ︵ᠪᠠᠩᠬᠢ | ᠲᠠᠷᠬᠠᠭᠠᠭᠰᠠᠨ ﹇2016﹈ 228 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ | ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠬᠡᠷᠡᠭᠵᠢᠭᠦᠯᠵᠦ᠂ ᠰᠢᠨ᠎ᠡ ᠶᠢ ᠡᠭᠦᠳᠬᠦ᠂ ᠵᠣᠬᠢᠴᠠᠩᠭᠤᠢ᠂ | ᠪᠣᠬᠢᠷᠳᠤᠯ ᠦᠭᠡᠢ᠂ ᠨᠡᠭᠡᠭᠡᠯᠲᠡ ᠲᠠᠢ᠂ ᠬᠠᠮᠲᠤᠪᠡᠷ ᠬᠦᠷᠲᠡᠬᠦ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠨ᠂ | ᠴᠡᠪᠡᠷ ᠰᠠᠭᠤᠷᠢ ᠮᠥᠩᠭᠦ ᠶᠢ ᠪᠤᠶᠢᠵᠢᠭᠤᠯᠤᠨ ᠬᠦᠭᠵᠢᠭᠦᠯᠬᠦ ᠶᠢ ᠲᠥᠷᠭᠡᠳᠬᠡᠵᠦ᠂ ᠪᠣᠬᠢᠷᠳᠤᠯ ᠦᠭᠡᠢ ᠮᠥᠩᠭᠦᠨ | ᠭᠦᠢᠯᠭᠡᠭᠡᠨ ᠤ ᠬᠥᠭᠵᠢᠯᠲᠡ ᠶᠢ ᠲᠦᠯᠬᠢᠨ ᠠᠬᠢᠭᠤᠯᠵᠤ᠂ ᠬᠦᠷᠦᠩᠭᠡ ᠶᠢᠨ ᠵᠠᠬ᠎ᠠ ᠳᠡᠯᠭᠡᠭᠦᠷ ᠤᠨ ᠡᠬᠢ ᠪᠠᠶᠠᠯᠢᠭ ᠢ | ᠰᠢᠯᠢᠳᠡᠭᠵᠢᠭᠦᠯᠦᠨ ᠲᠣᠬᠢᠷᠠᠭᠤᠯᠬᠤ᠂ ᠪᠣᠳᠠᠲᠤ ᠴᠣᠭᠴᠠᠲᠤ ᠠᠵᠤ ᠠᠬᠤᠶ ᠳᠤ ᠦᠢᠯᠡᠴᠢᠯᠡᠬᠦ ᠴᠢᠳᠠᠮᠵᠢ ᠶᠢ | ᠪᠠᠳᠠᠷᠠᠭᠤᠯᠤᠨ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠳᠡᠮᠵᠢᠬᠦ ᠪᠠ | ᠠᠬᠢᠭᠤᠯᠬᠤ ᠶᠢᠨ ᠲᠤᠰᠠᠳᠠ᠂ ᠲᠤᠰ ᠲᠥᠰᠦᠯ ᠢ ᠲᠣᠭᠲᠠᠭᠠᠪᠠ᠃ | ᠨᠢᠭᠡ᠂ ᠴᠡᠪᠡᠷ ᠰᠠᠭᠤᠷᠢ ᠮᠥᠩᠭᠦ ᠶᠢ ᠪᠤᠶᠢᠵᠢᠭᠤᠯᠤᠨ ᠬᠦᠭᠵᠢᠭᠦᠯᠬᠦ ᠴᠢᠬᠤᠯᠠ ᠠᠴᠢ ᠬᠤᠯᠪᠣᠭᠳᠠᠯ ᠢ | ᠭᠦᠢᠴᠡᠳ ᠲᠠᠨᠢᠬᠤ ᠬᠡᠷᠡᠭᠲᠡᠢ | ᠴᠡᠪᠡᠷ ᠰᠠᠭᠤᠷᠢ ᠮᠥᠩᠭᠦ ᠭᠡᠳᠡᠭ ᠨᠢ ᠰᠲ᠋ᠣᠺ ᠤᠨ ᠡᠷᠬᠡᠲᠦ ᠬᠦᠷᠦᠩᠭᠡ ᠶᠢ ᠢᠯᠡ ᠪᠣᠰᠤ ᠴᠤᠭᠯᠠᠭᠤᠯᠬᠤ | ᠬᠡᠯᠪᠡᠷᠢ ᠪᠠᠷ ᠳᠠᠮᠵᠢᠭᠤᠯᠤᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠪᠠᠶᠢᠭᠤᠯᠵᠤ᠂ ᠲᠤᠰᠬᠠᠶ ᠮᠡᠷᠭᠡᠵᠢᠯ ᠤᠨ | ᠪᠠᠶᠢᠭᠤᠯᠤᠮᠵᠢ ᠠᠴᠠ ᠰᠠᠭᠤᠷᠢ ᠮᠥᠩᠭᠦ ᠶᠢᠨ ᠬᠠᠮᠢᠶᠠᠷᠤᠯᠲᠠ ᠪᠣᠯᠣᠨ ᠪᠡᠯᠡ ᠣᠷᠣᠭᠤᠯᠤᠯᠲᠠ ᠶᠢ ᠬᠠᠷᠢᠭᠤᠴᠠᠨ᠂ | ᠲᠤᠰᠬᠠᠶᠢᠯᠠᠨ ᠡᠨᠧᠷᠭᠢ ᠠᠷᠪᠢᠯᠠᠨ ᠭᠠᠳᠠᠭᠰᠢᠯᠠᠭᠤᠯᠤᠯᠲᠠ ᠶᠢ ᠪᠠᠭᠠᠰᠬᠠᠬᠤ ᠪᠠᠶᠢᠯᠳᠤᠬᠤ ᠪᠤᠳᠤᠯᠭ᠎ᠠ᠂ | ᠨᠡᠭᠦᠷᠡᠰᠦᠲᠥ᠋ᠷᠥᠭᠴᠢ ᠪᠠᠭ᠎ᠠ ᠠᠵᠤ ᠠᠬᠤᠶ ᠶᠢᠨ ᠬᠥᠭᠵᠢᠯᠲᠡ᠂ ᠣᠷᠴᠢᠨ ᠲᠣᠭᠤᠷᠢᠨ ᠢ ᠰᠢᠯᠢᠳᠡᠭᠵᠢᠭᠦᠯᠦᠨ | ᠥᠭᠡᠷᠡᠴᠢᠯᠡᠬᠦ ᠲᠦᠷᠦᠯ ᠵᠦᠢᠯ ᠳᠤ ᠴᠢᠭᠯᠡᠭᠦᠯᠵᠦ ᠪᠠᠶᠢᠭᠤᠯᠤᠭᠰᠠᠨ ᠲᠤᠰᠬᠠᠶ ᠵᠦᠢᠯ ᠤᠨ ᠪᠡᠯᠡ ᠣᠷᠣᠭᠤᠯᠤᠯᠲᠠ ᠶᠢᠨ | ᠰᠠᠭᠤᠷᠢ ᠮᠥᠩᠭᠦ ᠪᠠᠶᠢᠵᠤ᠂ ᠬᠦᠷᠦᠩᠭᠡ ᠶᠢᠨ ᠴᠢᠨᠠᠷᠲᠠᠶ ᠣᠷᠣᠭᠤᠯᠤᠯᠲᠠ ᠪᠠᠷ ᠡᠨᠧᠷᠭᠢ ᠠᠷᠪᠢᠯᠠᠨ | ᠭᠠᠳᠠᠭᠰᠢᠯᠠᠭᠤᠯᠤᠯᠲᠠ ᠶᠢ ᠪᠠᠭᠠᠰᠬᠠᠬᠤ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠶᠢ ᠵᠢᠭᠠᠵᠤ ᠪᠤᠢ᠃ ᠴᠡᠪᠡᠷ | ᠰᠠᠭᠤᠷᠢ ᠮᠥᠩᠭᠦ ᠨᠢ ᠵᠠᠬ᠎ᠠ ᠳᠡᠯᠭᠡᠭᠦᠷᠴᠢᠯᠡᠭᠰᠡᠨ ᠲᠣᠭᠲᠠᠴᠠ ᠪᠠᠷ ᠳᠠᠮᠵᠢᠭᠤᠯᠤᠨ᠂ ᠪᠡᠯᠡ ᠮᠥᠩᠭᠦ᠂ ᠴᠢᠳᠠᠪᠤᠷᠢᠲᠠᠨ᠂ | ᠮᠡᠷᠭᠡᠵᠢᠯ ᠵᠡᠷᠭᠡ ᠬᠦᠴᠦᠨ ᠵᠦᠢᠯ ᠤᠳ ᠢ ᠬᠦᠭᠵᠢᠯᠲᠡ ᠶᠢᠨ ᠳᠠᠯᠳᠠ ᠬᠦᠴᠦᠨ ᠲᠠᠢ ᠪᠣᠬᠢᠷᠲᠤᠯ ᠥᠭᠡᠢ ᠠᠵᠤ | ᠠᠬᠤᠶᠢᠯᠠᠯ ᠲᠡᠰᠢ ᠲᠥᠪᠯᠡᠷᠡᠭᠦᠯᠦᠨ᠂ ᠠᠵᠤ ᠦᠢᠯᠡᠰ ᠤᠨ ᠲᠡᠰ ᠳᠡᠪᠰᠢᠭᠦ ᠶᠢ ᠠᠬᠢᠭᠤᠯᠬᠤ ᠶᠢᠨ ᠬᠠᠮᠲᠤ᠂ ᠪᠡᠯᠡ | ᠣᠷᠣᠭᠤᠯᠤᠭᠰᠠᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠵᠠᠰᠠᠯᠲᠠ ᠶᠢᠨ ᠪᠦᠲᠦᠴᠡ ᠶᠢ ᠰᠠᠶᠢᠵᠢᠷᠠᠭᠤᠯᠬᠤ᠂ | ᠠᠵᠤ ᠠᠬᠤᠶᠢᠯᠠᠯ ᠤᠨ ᠡᠳ᠋ ᠬᠦᠷᠦᠩᠭᠡ ᠶᠢᠨ ᠪᠦᠲᠦᠴᠡ ᠶᠢ ᠰᠢᠯᠢᠳᠡᠭᠵᠢᠭᠦᠯᠬᠦ᠂ ᠠᠵᠤ ᠦᠢᠯᠡᠰ ᠤᠨ ᠲᠥᠪᠯᠡᠷᠡᠯ ᠤᠨ | ᠬᠡᠮᠵᠢᠶ᠎ᠡ ᠶᠢ ᠳᠡᠭᠡᠭᠰᠢᠯᠡᠭᠦᠯᠬᠦ ᠪᠠ ᠠᠵᠤ ᠦᠢᠯᠡᠰ ᠤᠨ ᠪᠦᠲᠦᠴᠡ ᠶᠢᠨ ᠰᠢᠯᠢᠳᠡᠭᠵᠢᠭᠦᠯᠦᠯᠲᠡ ᠶᠢ ᠠᠬᠢᠭᠤᠯᠬᠤ ᠳᠤ | ᠲᠤᠰᠠᠲᠠᠢ ᠶᠤᠮ᠃ ᠵᠠᠰᠠᠭ ᠤᠨ ᠣᠷᠳᠣᠨ ᠠᠴᠠ ᠴᠡᠪᠡᠷ ᠢᠶᠠᠷ ᠬᠦᠲᠦᠯᠦᠨ ᠵᠢᠯᠣᠭᠤᠳᠬᠤ ᠰᠠᠭᠤᠷᠢ ᠮᠦᠡᠭᠬᠦ | ᠪᠠᠶᠢᠭᠤᠯᠬᠤ ᠪᠠᠷ ᠳᠠᠮᠵᠢᠭᠤᠯᠤᠨ᠂ ᠲᠦᠷᠦ ᠶᠢᠨ ᠪᠤᠳᠤᠯᠭ᠎ᠠ ᠶᠢᠨ ᠴᠢᠨᠠᠷᠲᠠᠶ ᠪᠠ ᠵᠠᠬ᠎ᠠ ᠳᠡᠯᠭᠡᠭᠦᠷᠴᠢᠯᠡᠯᠲᠡ ᠶᠢᠨ | ᠣᠷᠭᠠᠨᠢᠭ ᠨᠢᠭᠡᠳᠦᠯ ᠢ ᠪᠡᠶᠡᠯᠡᠭᠦᠯᠵᠦ᠂ ᠲᠠᠷᠠᠬᠠᠶ ᠪᠠᠶᠢᠭ᠎ᠠ ᠪᠡᠯᠡ ᠣᠷᠣᠭᠤᠯᠵᠤ ᠪᠣᠯᠬᠤᠶᠢᠴᠠ ᠪᠡᠯᠡ ᠮᠥᠩᠭᠦ ᠶᠢ | ᠪᠣᠬᠢᠷᠲᠤᠯ ᠦᠭᠡᠢ ᠠᠵᠤ ᠠᠬᠤᠶ ᠪᠣᠯᠣᠨ ᠪᠣᠬᠢᠷᠲᠤᠯ ᠦᠭᠡᠢ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠳᠤ | ᠨᠡᠶᠢᠴᠡᠬᠦ ᠭᠦᠷᠤᠩᠭᠡ ᠮᠥᠩᠭᠦ ᠪᠣᠯᠭᠠᠨ ᠪᠦᠲᠦᠮᠵᠢᠲᠡᠢ ᠤᠯᠠᠷᠢᠭᠤᠯᠵᠤ ᠪᠣᠯᠣᠨ᠎ᠠ᠃ ᠴᠡᠪᠡᠷ ᠰᠠᠭᠤᠷᠢ ᠮᠥᠩᠭᠦ ᠶᠢ | ᠪᠤᠶᠢᠵᠢᠭᠤᠯᠤᠨ ᠬᠦᠭᠵᠢᠭᠦᠯᠬᠦ ᠨᠢ ᠨᠡᠩ ᠤᠯᠠᠨ ᠨᠡᠶᠢᠭᠡᠮ ᠤᠨ ᠬᠥᠷᠥᠩᠭᠡ ᠪᠣᠯᠤᠨ ᠮᠥᠩᠭᠦᠨ ᠭᠦᠢᠯᠭᠡᠭᠡᠨ ᠤ ᠪᠣᠬᠢᠷᠲᠤᠯ | ᠦᠭᠡᠢ ᠠᠵᠤ ᠦᠢᠯᠡᠰ ᠲᠤ ᠣᠷᠣᠭᠤᠯᠤᠯᠲᠠ ᠬᠢᠬᠦ ᠶᠢ ᠲᠠᠶᠢᠴᠢᠯᠠᠨ ᠵᠣᠷᠢᠬᠵᠢᠭᠤᠯᠵᠤ᠂ ᠰᠢᠭᠤᠳ ᠪᠡᠯᠡ | ᠲᠤᠭᠢᠷᠡᠭᠤᠯᠭᠠ ᠶᠢᠨ ᠬᠠᠷᠢᠴᠠᠯ ᠢ ᠥᠷᠭᠡᠳᠬᠡᠨ᠂ ᠪᠣᠬᠢᠷᠳᠤᠯ ᠦᠭᠡᠢ ᠠᠵᠤ ᠦᠢᠯᠡᠰ ᠤᠨ ᠬᠤᠯᠪᠣᠭ᠎ᠠ ᠪᠦᠬᠦᠢ ᠠᠵᠤ | ᠠᠬᠤᠶᠢᠯᠠᠯ ᠤᠨ ᠪᠡᠯᠡ ᠲᠣᠬᠢᠷᠠᠭᠤᠯᠬᠤ ᠠᠷᠭ᠎ᠠ ᠵᠠᠮ ᠤᠨ ᠳᠠᠩ ᠴᠤᠯᠭᠤᠢ᠂ ᠪᠡᠯᠡ ᠲᠣᠬᠢᠷᠠᠭᠤᠯᠭ᠎ᠠ ᠬᠢᠬᠦ ᠳᠤ | ᠬᠦᠴᠢᠷᠲᠡᠢ᠂ ᠪᠡᠯᠡ ᠲᠣᠬᠢᠷᠠᠭᠤᠯᠭ᠎ᠠ ᠬᠢᠬᠦ ᠳᠤ ᠦᠨᠡᠲᠡᠶ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠪᠣᠬᠢᠷᠲᠤᠯ ᠤᠨ | ᠴᠢᠨᠠᠷᠲᠠᠢ ᠪᠡᠯᠡ ᠣᠷᠣᠭᠤᠯᠬᠤ ᠶᠢ ᠬᠤᠷᠢᠭᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ᠂ ᠡᠨᠧᠷᠭᠢ ᠶᠢ ᠠᠷᠪᠢᠯᠠᠬᠤ᠂ | ᠴᠡᠪᠡᠷ ᠡᠨᠧᠷᠭᠢ ᠵᠡᠷᠭᠡ ᠬᠦᠷᠢᠶ᠎ᠡ ᠴᠠᠷᠠᠭ᠎ᠠ ᠳᠠᠬᠢ ᠮᠡᠷᠭᠡᠵᠢᠯ ᠤᠨ ᠳᠠᠪᠰᠢᠯᠲᠠ ᠪᠣᠯᠣᠨ ᠦᠷ᠎ᠡ ᠪᠦᠲᠦᠭᠡᠯ ᠢ | ᠤᠯᠠᠷᠢᠭᠤᠯᠬᠤ ᠶᠢ ᠠᠬᠢᠭᠤᠯᠵᠤ᠂ ᠪᠣᠬᠢᠷᠲᠤᠯ ᠦᠭᠡᠢ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠵᠤ ᠥᠰᠦᠨ | ᠪᠤᠶᠢᠵᠢᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠳᠤ ᠴᠢᠬᠤᠯᠠ ᠦᠢᠯᠡᠳᠦᠯ ᠲᠠᠢ ᠶᠤᠮ᠃ ᠮᠠᠨ ᠤ | ᠣᠷᠣᠨ ᠶᠠᠭ ᠠᠵᠤ ᠠᠬᠤᠶ ᠶᠢᠨ ᠪᠦᠲᠦᠴᠡ ᠶᠢ ᠲᠣᠬᠢᠷᠠᠭᠤᠯᠬᠤ᠂ ᠬᠥᠭᠵᠢᠯᠲᠡ ᠶᠢᠨ ᠠᠷᠭ᠎ᠠ ᠮᠠᠶ᠋ᠢᠭ ᠢ | ᠬᠤᠪᠢᠷᠠᠭᠤᠯᠬᠤ ᠵᠠᠩᠭᠢᠯᠠᠭ᠎ᠠ ᠶᠢᠨ ᠦᠶ᠎ᠡ ᠳᠤ ᠣᠷᠣᠰᠢᠵᠤ᠂ ᠪᠣᠬᠢᠷᠲᠤᠯ ᠦᠭᠡᠢ ᠠᠵᠤ ᠦᠢᠯᠡᠰ ᠪᠣᠯᠣᠨ ᠠᠵᠤ ᠠᠬᠤᠶ | ᠨᠡᠶᠢᠭᠡᠮ ᠤᠨ ᠦᠷᠭᠦᠯᠵᠢᠯᠡᠨ ᠬᠦᠭᠵᠢᠬᠦ ᠶᠢ ᠳᠡᠮᠵᠢᠬᠦ ᠪᠣᠬᠢᠷᠳᠤᠯ ᠦᠭᠡᠢ ᠮᠥᠩᠭᠦᠨ ᠭᠦᠢᠯᠭᠡᠭᠡᠨ ᠤ ᠬᠡᠷᠡᠭᠴᠡᠭᠡ | ᠱᠠᠭᠠᠷᠳᠠᠯᠭ᠎ᠠ ᠶᠢ ᠲᠠᠰᠤᠷᠠᠯᠲᠠ ᠦᠭᠡᠢ ᠥᠷᠭᠡᠳᠴᠦ ᠪᠤᠢ᠃ ᠪᠣᠬᠢᠷᠲᠤᠯ ᠦᠭᠡᠢ ᠮᠥᠩᠭᠦᠨ ᠭᠦᠢᠯᠭᠡᠭᠡᠨ ᠤ | ᠰᠢᠰᠲ᠋ᠧᠮᠵᠢ ᠶᠢ ᠪᠠᠶᠢᠭᠤᠯᠬᠤ ᠴᠢᠬᠤᠯᠠ ᠡᠭᠦᠷᠭᠡ ᠪᠣᠯᠣᠨ ᠴᠢᠬᠤᠯᠠ ᠭᠠᠷᠳᠠᠴᠠ ᠪᠣᠯᠣᠭᠰᠠᠨ ᠤ ᠬᠤᠪᠢ ᠳᠤ᠂ ᠴᠡᠪᠡᠷ | ᠰᠠᠭᠤᠷᠢ ᠮᠥᠩᠭᠦ ᠶᠢᠨ ᠦᠳᠲᠡᠷ ᠲᠦᠷᠭᠡᠨ ᠬᠦᠭᠵᠢᠬᠦ ᠶᠢ ᠪᠤᠶᠢᠵᠢᠭᠤᠯᠤᠨ ᠳᠡᠳᠬᠦᠬᠦ ᠨᠢ᠂ ᠮᠠᠨ ᠤ ᠣᠷᠣᠨ ᠤ ᠠᠮᠢ | ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠳᠡᠮᠵᠢᠬᠦ᠂ ᠠᠵᠤ ᠠᠬᠤᠶ ᠶᠢᠨ ᠰᠢᠨ᠎ᠡ | ᠨᠡᠮᠡᠭᠳᠡᠯ ᠤᠨ ᠴᠡᠭ ᠢ ᠪᠤᠶᠢᠵᠢᠭᠤᠯᠬᠤ᠂ ᠠᠵᠤ ᠠᠬᠤᠢ ᠶᠢᠨ ᠨᠡᠮᠡᠭᠳᠡᠯ ᠤᠨ ᠳᠠᠯᠳᠠ ᠬᠦᠴᠦᠨ ᠢ ᠳᠡᠭᠡᠭᠰᠢᠯᠡᠭᠦᠯᠬᠦ᠂ | ᠠᠵᠤ ᠠᠬᠤᠶ ᠶᠢᠨ ᠪᠣᠬᠢᠷᠳᠤᠯ ᠦᠭᠡᠢ ᠲᠡᠰᠢ ᠬᠡᠯᠪᠡᠷᠢ ᠪᠠᠨ ᠬᠤᠪᠢᠷᠠᠭᠤᠯᠬᠤ ᠪᠠ ᠦᠷᠭᠦᠯᠵᠢᠯᠡᠨ ᠬᠦᠭᠵᠢᠬᠦ ᠶᠢ | ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠬᠤᠶᠠᠷ᠂ ᠦᠨᠳᠦᠰᠦᠨ ᠵᠠᠷᠴᠢᠮ | ᠴᠡᠪᠡᠷ ᠰᠠᠭᠤᠷᠢ ᠮᠥᠩᠭᠦ ᠶᠢ ᠪᠤᠶᠢᠵᠢᠭᠤᠯᠤᠨ ᠬᠦᠭᠵᠢᠭᠦᠯᠬᠦ ᠳᠤ ︽ᠵᠠᠰᠠᠭ ᠤᠨ ᠣᠷᠳᠣᠨ ᠬᠥᠲᠥᠯᠥᠨ | ᠵᠢᠯᠣᠭᠤᠳᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ ᠲᠥᠷᠥ ᠶᠢᠨ ᠪᠤᠳᠤᠯᠭ᠎ᠠ ᠪᠠᠷ ᠲᠡᠳᠬᠦᠬᠦ᠂ ᠵᠢᠷᠤᠮᠵᠢᠭᠤᠯᠤᠨ | ᠬᠦᠭᠵᠢᠭᠦᠯᠬᠦ︾ ᠵᠠᠷᠴᠢᠮ ᠢ ᠪᠠᠷᠢᠮᠲᠠᠯᠠᠬᠤ ᠬᠡᠷᠡᠭᠲᠡᠶ᠃ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠨ᠂ ᠪᠡᠯᠡ | ᠣᠷᠣᠭᠤᠯᠤᠭᠴᠢ ᠵᠢᠴᠢ ᠬᠤᠯᠪᠣᠭᠳᠠᠯ ᠪᠦᠬᠦᠢ ᠡᠲᠡᠭᠡᠳ ᠢᠶᠠᠷ ᠭᠤᠣᠯ ᠴᠣᠭᠴᠠ ᠪᠣᠯᠭᠠᠵᠤ᠂ ᠵᠠᠰᠠᠭ ᠤᠨ ᠣᠷᠳᠣᠨ ᠤ | ᠪᠡᠯᠡ ᠮᠥᠩᠭᠦ ᠶᠢᠨ ᠬᠦᠲᠦᠯᠦᠨ ᠵᠢᠯᠣᠭᠤᠳᠬᠤ ᠦᠢᠯᠡᠳᠦᠯ ᠪᠣᠯᠣᠨ ᠵᠠᠰᠠᠭ ᠤᠨ ᠣᠷᠳᠣᠨ ᠤ ᠲᠥᠷᠥ ᠶᠢᠨ | ᠪᠤᠳᠤᠯᠭ᠎ᠠ ᠶᠢᠨ ᠲᠡᠳᠬᠦᠨ ᠳᠡᠮᠵᠢᠬᠦ ᠦᠢᠯᠡᠳᠦᠯ ᠢ ᠭᠦᠢᠴᠡᠳ ᠪᠠᠳᠠᠷᠠᠭᠤᠯᠤᠨ᠂ ᠵᠠᠰᠠᠭ ᠤᠨ ᠣᠷᠳᠣᠨ ᠤ | ᠢᠲᠡᠭᠡᠮᠵᠢ ᠶᠢᠨ ᠬᠥᠰᠢᠭᠦᠷᠭᠡ ᠶᠢᠨ ᠦᠢᠯᠡᠳᠦᠯ ᠢᠶᠠᠷ ᠳᠠᠮᠵᠢᠭᠤᠯᠤᠨ ᠨᠡᠶᠢᠭᠡᠮ ᠤᠨ ᠬᠦᠷᠦᠩᠬᠡ ᠶᠢ ᠪᠣᠬᠢᠷᠲᠦᠯ ᠦᠭᠡᠢ | ᠠᠵᠤ ᠦᠢᠯᠡᠰ ᠲᠤ ᠪᠡᠯᠡ ᠣᠷᠣᠭᠤᠯᠬᠤ ᠪᠠᠷ ᠳᠠᠶᠢᠴᠢᠯᠠᠬᠤ ᠪᠠ ᠲᠠᠲᠠᠨ ᠣᠷᠣᠭᠤᠯᠵᠤ᠂ ᠨᠥᠬᠦᠴᠡᠯ ᠳᠤ ᠨᠡᠶᠢᠴᠡᠬᠦ | ᠬᠢᠯᠢ ᠶᠢᠨ ᠲᠣᠲᠤᠷ᠎ᠠ ᠭᠠᠳᠠᠨᠠᠬᠢ ᠡᠯ᠎ᠡ ᠲᠥᠷᠥᠯ ᠤᠨ ᠭᠤᠣᠯ ᠴᠣᠭᠴᠠ ᠶᠢ ᠬᠥᠲᠥᠯᠥᠨ ᠵᠢᠯᠣᠭᠤᠳᠴᠤ | ᠵᠣᠷᠢᠬᠵᠢᠭᠤᠯᠵᠤ ᠪᠠᠶᠢᠭᠠᠳ ᠥᠪᠡᠷᠲᠡᠭᠡᠨ ᠵᠠᠰᠠᠬᠤ ᠣᠷᠣᠨ ᠤ ᠴᠡᠪᠡᠷ ᠰᠠᠭᠤᠷᠢ ᠮᠥᠩᠭᠦᠨ ᠤ ᠵᠠᠬ᠎ᠠ ᠳᠡᠯᠭᠡᠭᠦᠷ ᠤᠨ | ᠬᠦᠭᠵᠢᠯᠲᠡ ᠳᠤ ᠣᠷᠣᠯᠴᠠᠭᠤᠯᠵᠤ᠂ ᠪᠣᠬᠢᠷᠲᠤᠯ ᠥᠭᠡᠢ ᠠᠵᠤ ᠦᠢᠯᠡᠰ ᠤᠨ ᠬᠥᠭᠵᠢᠯᠲᠡ ᠵᠢᠴᠢ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠠᠬᠢᠭᠤᠯᠤᠨ᠎ᠠ᠃ | ᠭᠤᠷᠪᠠ᠂ ᠬᠠᠷᠠᠯᠲᠠᠲᠤ ᠡᠭᠦᠷᠭᠡ | ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠬᠦᠷᠦᠩᠭᠡ ᠶᠢᠨ ᠵᠠᠬ᠎ᠠ ᠳᠡᠯᠭᠡᠭᠦᠷ ᠤᠨ ᠴᠢᠳᠠᠪᠤᠷᠢ ᠶᠢ | ᠭᠦᠢᠴᠡᠳ ᠪᠠᠳᠠᠷᠠᠭᠤᠯᠤᠨ᠂ ᠡᠬᠢ ᠪᠠᠶᠠᠯᠢᠭ ᠢ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ᠂ ᠦᠢᠯᠡᠴᠢᠯᠡᠭᠡᠨ ᠤ | ᠵᠠᠭᠪᠤᠷ ᠢ ᠲᠡᠭᠦᠯᠳᠡᠷᠵᠢᠭᠦᠯᠵᠦ᠂ ᠴᠡᠪᠡᠷ ᠰᠠᠭᠤᠷᠢ ᠮᠥᠩᠭᠦ ᠶᠢᠨ ᠬᠥᠭᠵᠢᠯᠲᠡ ᠶᠢᠨ ᠰᠠᠶᠢᠨ ᠰᠠᠶᠢᠬᠠᠨ ᠣᠷᠴᠢᠨ | ᠨᠥᠬᠦᠴᠡᠯ ᠢ ᠪᠤᠢ ᠪᠣᠯᠭᠠᠨ᠎ᠠ᠃ ᠵᠠᠰᠠᠭ ᠤᠨ ᠣᠷᠳᠣᠨ ᠤ ᠴᠡᠪᠡᠷ ᠪᠠᠷ ᠬᠦᠲᠦᠯᠦᠨ ᠵᠢᠯᠣᠭᠤᠳᠬᠤ ᠰᠠᠭᠤᠷᠢ | ᠮᠦᠡᠭᠬᠦᠨ ᠤ ᠣᠷᠣᠭᠤᠯᠤᠯᠲᠠ ᠶᠢ ᠣᠯᠠᠨ ᠠᠷᠭ᠎ᠠ ᠵᠠᠮ ᠢᠶᠠᠷ ᠨᠡᠮᠡᠭᠳᠡᠭᠦᠯᠦᠨ᠂ ᠬᠠᠮᠢᠶᠠᠷᠤᠯᠲᠠ ᠶᠢᠨ ᠠᠵᠢᠯᠯᠠᠭᠠᠨ ᠤ | ᠲᠣᠭᠲᠠᠴᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠬᠦᠷᠦᠩᠭᠡ ᠶᠢ ᠢᠳᠡᠪᠬᠢᠲᠡᠶ ᠪᠠᠷ ᠲᠠᠲᠠᠨ ᠴᠡᠪᠡᠷ ᠰᠠᠭᠤᠷᠢ ᠮᠥᠩᠭᠦ | ᠪᠠᠶᠢᠭᠤᠯᠬᠤ ᠳᠤ ᠣᠷᠣᠯᠴᠠᠭᠤᠯᠵᠤ᠂ ᠰᠠᠭᠤᠷᠢ ᠮᠥᠩᠭᠦ ᠶᠢᠨ ᠬᠡᠪᠴᠢᠶ᠎ᠡ ᠶᠢ ᠥᠷᠭᠡᠳᠬᠡᠨ᠂ ᠮᠠᠨ ᠤ ᠣᠷᠣᠨ ᠤ ᠴᠡᠪᠡᠷ | ᠰᠠᠭᠤᠷᠢ ᠮᠥᠩᠭᠦ ᠶᠢᠨ ᠵᠠᠬ᠎ᠠ ᠳᠡᠯᠭᠡᠭᠦᠷ ᠢ ᠤᠯᠠᠮ ᠴᠢᠨᠠᠭᠰᠢᠳᠠ ᠪᠤᠵᠠᠭᠠᠶᠢᠷᠠᠭᠤᠯᠤᠨ᠎ᠠ᠃ ᠡᠵᠡᠩᠨᠡᠯᠲᠡ ᠨᠢ | ᠵᠢᠷᠤᠮᠵᠢᠭᠤᠨ᠂ ᠵᠠᠰᠠᠯᠲᠠ ᠨᠢ ᠰᠠᠶᠢᠨ᠂ ᠠᠮᠵᠢᠯᠲᠠ ᠪᠦᠲᠦᠮᠵᠢ ᠨᠢ ᠰᠢᠯᠢᠳᠡᠭ᠂ ᠨᠥᠯᠥᠭᠡᠯᠡᠬᠦ ᠬᠦᠴᠦᠨ ᠲᠠᠢ ᠨᠢᠭᠡ | ᠪᠦᠯᠦᠭ ᠴᠡᠪᠡᠷ ᠰᠠᠭᠤᠷᠢ ᠮᠥᠩᠭᠦ ᠶᠢ ᠪᠣᠢ ᠪᠣᠯᠭᠠᠵᠤ᠂ ᠮᠠᠨ ᠤ ᠣᠷᠣᠨ ᠤ ᠪᠣᠬᠢᠷᠳᠤᠯ ᠦᠭᠡᠢ ᠪᠡᠯᠡ | ᠣᠷᠣᠭᠤᠯᠤᠯᠲᠠ ᠶᠢᠨ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠪᠣᠯᠣᠨ ᠪᠣᠬᠢᠷᠳᠤᠯ ᠦᠭᠡᠢ ᠠᠵᠤ | ᠦᠢᠯᠡᠰ ᠤᠨ ᠲᠠᠰᠣᠷᠠᠯᠲᠠ ᠦᠭᠡᠢ ᠬᠦᠭᠵᠢᠨ ᠪᠤᠵᠠᠭᠠᠶᠢᠷᠠᠬᠤ ᠶᠢ ᠠᠬᠢᠭᠤᠯᠤᠨ᠎ᠠ᠃ | ᠲᠥᠷᠪᠡ᠂ ᠪᠣᠳᠠᠲᠠᠶ ᠠᠷᠭ᠎ᠠ ᠬᠡᠮᠵᠢᠶ᠎ᠡ | ︵ᠨᠢᠭᠡ︶ ᠴᠡᠪᠡᠷ ᠪᠠᠷ ᠬᠦᠳᠦᠯᠦᠨ ᠵᠢᠯᠤᠭᠤᠳᠬᠤ ᠰᠠᠭᠤᠷᠢ ᠮᠥᠩᠭᠦ ᠪᠤᠶᠢᠵᠢᠭᠤᠯᠬᠤ ᠠᠵᠢᠯ ᠢ ᠰᠠᠶᠢᠲᠤᠷ | ᠬᠢᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠰᠠᠭᠤᠷᠢ ᠮᠥᠩᠭᠦ︾ ᠶᠢ ᠤᠯᠠᠮ ᠨᠢᠭᠡ ᠠᠯᠬᠤᠮ ᠬᠥᠭᠵᠢᠭᠦᠯᠦᠨ ᠪᠤᠵᠠᠭᠠᠶᠢᠷᠠᠭᠤᠯᠵᠤ᠂ ᠲᠤᠰᠬᠠᠶᠢᠵᠢᠭᠰᠠᠨ | ᠬᠠᠮᠢᠶᠠᠷᠤᠯᠲᠠ ᠪᠣᠯᠣᠨ ᠵᠠᠬ᠎ᠠ ᠳᠡᠯᠭᠡᠭᠦᠷᠴᠢᠯᠡᠭᠰᠡᠨ ᠠᠵᠢᠯᠯᠠᠭ᠎ᠠ ᠪᠠᠷ ᠳᠠᠮᠵᠢᠭᠤᠯᠤᠨ᠂ ᠵᠠᠰᠠᠭ ᠤᠨ ᠣᠷᠳᠣᠨ ᠤ ᠪᠡᠯᠡ | ᠮᠥᠩᠭᠦ ᠶᠢ ᠬᠡᠷᠡᠭᠯᠡᠬᠦ ᠦᠷ᠎ᠡ ᠠᠰᠢᠭ ᠢ ᠪᠦᠲᠦᠮᠵᠢᠲᠡᠶ ᠨᠡᠮᠡᠭᠳᠡᠬᠦᠯᠵᠦ᠂ ᠨᠡᠩ ᠣᠯᠠᠨ ᠨᠡᠶᠢᠭᠡᠮ ᠤᠨ ᠬᠦᠷᠦᠩᠭᠡ ᠶᠢ | ᠪᠣᠬᠢᠷᠲᠤᠯ ᠦᠭᠡᠢ ᠠᠵᠤ ᠦᠢᠯᠡᠰ ᠲᠤ ᠣᠷᠣᠭᠤᠯᠬᠤ ᠪᠠᠷ ᠳᠠᠶᠢᠴᠢᠯᠠᠨ᠎ᠠ᠃ ᠨᠢᠭᠡ ᠪᠦᠯᠦᠭ ᠴᠡᠪᠡᠷ ᠰᠠᠭᠤᠷᠢ ᠮᠥᠩᠭᠦ | ᠪᠠᠶᠢᠭᠤᠯᠬᠤ ᠶᠢ ᠲᠦᠯᠬᠢᠨ ᠠᠬᠢᠭᠤᠯᠵᠤ᠂ ᠨᠢᠭᠡ ᠪᠦᠯᠦᠭ ᠴᠡᠪᠡᠷ ᠰᠠᠭᠤᠷᠢ ᠮᠥᠩᠭᠦ ᠶᠢ ᠵᠢᠷᠤᠮᠵᠢᠭᠤᠯᠤᠨ ᠳᠡᠳᠭᠦᠨ᠎ᠡ᠃ | ᠨᠥᠬᠦᠴᠡᠯ ᠲᠠᠢ ᠣᠷᠣᠨ ᠨᠤᠲᠤᠭ ᠤᠨ ᠵᠠᠰᠠᠭ ᠤᠨ ᠣᠷᠳᠣᠨ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠢ | ᠵᠣᠷᠢᠬᠵᠢᠭᠤᠯᠵᠤ ᠪᠠᠶᠢᠭᠠᠳ ᠴᠡᠪᠡᠷ ᠪᠠᠷ ᠬᠦᠳᠦᠯᠦᠨ ᠵᠢᠯᠤᠭᠤᠳᠬᠤ ᠰᠠᠭᠤᠷᠢ ᠮᠥᠩᠭᠦ ᠶᠢ ᠪᠠᠶᠢᠭᠤᠯᠤᠨ᠂ ᠨᠡᠶᠢᠭᠡᠮ ᠤᠨ | ᠬᠦᠷᠦᠩᠭᠡ ᠶᠢ ᠲᠠᠲᠠᠨ ᠣᠷᠣᠭᠤᠯᠬᠤ ᠪᠠ ᠬᠠᠮᠲᠤᠷᠠᠭᠤᠯᠵᠤ ᠪᠠᠶᠢᠭᠠᠳ ᠣᠷᠣᠨ ᠪᠦᠰᠡ ᠶᠢᠨ ᠴᠢᠨᠠᠷᠲᠠᠶ᠂ ᠠᠵᠢᠯ | ᠲᠥᠷᠥᠯ ᠤᠨ ᠴᠢᠨᠠᠷᠲᠠᠶ ᠴᠡᠪᠡᠷ ᠰᠠᠭᠤᠷᠢ ᠮᠥᠩᠭᠦ ᠶᠢ ᠬᠠᠮᠲᠤᠪᠠᠷ ᠡᠭᠦᠰᠬᠡᠨ ᠪᠠᠶᠢᠭᠤᠯᠵᠤ᠂ ᠨᠡᠶᠢᠭᠡᠮ ᠤᠨ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ᠂ ᠠᠰᠢᠭ ᠬᠦᠷᠳᠡᠬᠡᠯ ᠢᠶᠠᠷ ᠲᠣᠭᠲᠠᠭᠤᠨ ᠪᠣᠬᠢᠷᠲᠤᠯ ᠦᠭᠡᠢ ᠠᠵᠤ ᠦᠢᠯᠡᠰ ᠤᠨ ᠲᠥᠷᠥᠯ | ᠵᠦᠢᠯ ᠳᠤ ᠭᠤᠣᠯᠳᠠᠯᠭ᠎ᠠ ᠲᠠᠢ ᠪᠠᠷ ᠪᠡᠯᠡ ᠣᠷᠣᠭᠤᠯᠬᠤ ᠪᠣᠶᠤ ᠪᠣᠬᠢᠷᠲᠤᠯ ᠦᠭᠡᠢ ᠠᠵᠤ ᠦᠢᠯᠡᠰ ᠤᠨ ᠠᠵᠤ | ᠠᠬᠤᠶᠢᠯᠠᠯ ᠤᠨ ᠨᠡᠶᠢᠯᠡᠭᠦᠯᠦᠨ ᠬᠤᠳᠠᠯᠳᠤᠨ ᠠᠪᠴᠤ ᠲᠠᠬᠢᠨ ᠪᠠᠶᠢᠭᠤᠯᠬᠤ ᠳᠤ ᠣᠷᠣᠯᠴᠠᠭᠤᠯᠤᠨ᠎ᠠ᠃ | ︵ᠬᠤᠶᠠᠷ︶ ᠠᠷᠠᠳ ᠤᠨ ᠳᠤᠮᠳᠠᠬᠢ ᠬᠥᠷᠥᠩᠭᠡ ᠶᠢ ᠲᠠᠮᠵᠢᠵᠦ ᠴᠡᠪᠡᠷ ᠰᠠᠭᠤᠷᠢ ᠮᠥᠩᠭᠦ ᠶᠢ ᠡᠭᠦᠰᠬᠡᠨ | ᠪᠠᠶᠢᠭᠤᠯᠬᠤ ᠳᠤ ᠤᠷᠤᠯᠴᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠵᠢᠴᠢ ᠬᠢᠯᠢ ᠶᠢᠨ ᠳᠣᠲᠣᠷ᠎ᠠ ᠭᠠᠳᠠᠨᠠᠬᠢ | ᠪᠣᠬᠢᠷᠳᠤᠯ ᠦᠭᠡᠢ ᠠᠵᠤ ᠦᠢᠯᠡᠰ ᠤᠨ ᠬᠦᠲᠦᠴᠢ ᠠᠵᠤ ᠠᠬᠤᠶᠢᠯᠠᠯ᠂ ᠪᠡᠯᠡ ᠮᠥᠩᠭᠦ ᠶᠢᠨ ᠪᠣᠳᠠᠲᠤ ᠬᠦᠴᠦᠨ ᠲᠠᠢ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯᠤᠨ ᠨᠡᠷ᠎ᠡ ᠴᠤᠤᠲᠠᠢ ᠪᠡᠯᠡ ᠣᠷᠣᠭᠤᠯᠤᠯᠲᠠ ᠶᠢᠨ ᠰᠠᠭᠤᠷᠢ | ᠮᠥᠩᠭᠦ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠵᠤᠷᠢᠬᠵᠢᠭᠤᠯᠵᠦ᠂ ᠮᠠᠨ ᠤ ᠣᠷᠣᠨ ᠳᠤ ᠨᠢᠭᠡ ᠪᠦᠯᠦᠭ ᠴᠡᠪᠡᠷ | ᠰᠠᠭᠤᠷᠢ ᠮᠥᠩᠭᠦ ᠶᠢ ᠡᠭᠦᠰᠬᠡᠨ ᠪᠠᠶᠢᠭᠤᠯᠵᠤ ᠴᠤᠬᠯᠠᠭᠤᠯᠤᠨ᠎ᠠ᠃ ᠵᠠᠰᠠᠭ ᠤᠨ ᠣᠷᠳᠣᠨ ᠤ ᠪᠡᠯᠡ ᠮᠥᠩᠭᠦ ᠶᠢᠨ | ᠣᠷᠴᠢᠨ ᠪᠠᠶᠢᠳᠠᠯ ᠲᠠᠢ ᠴᠡᠪᠡᠷ ᠰᠠᠭᠤᠷᠢ ᠮᠥᠩᠭᠦ ᠶᠢ ᠵᠠᠰᠠᠭ ᠤᠨ ᠣᠷᠳᠣᠨ ᠪᠣᠯᠣᠨ ᠨᠡᠶᠢᠭᠡᠮ ᠤᠨ ᠬᠦᠷᠦᠩᠭᠡ ᠶᠢᠨ | ᠬᠠᠮᠲᠤᠷᠠᠯᠴᠠᠬᠤ ︵PPP︶ ᠵᠠᠭᠪᠤᠷ ᠢᠶᠠᠷ ᠳᠠᠮᠵᠢᠭᠤᠯᠤᠨ ᠰᠠᠭᠤᠷᠢ ᠮᠥᠩᠭᠦ ᠶᠢᠨ ᠨᠡᠮᠡᠭᠳᠡᠬᠦ ᠦᠢᠯᠡᠳᠦᠯ ᠪᠠ | ᠤᠳᠤᠷᠢᠳᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠶᠢ ᠰᠦᠪᠡᠭᠴᠢᠯᠡᠵᠦ᠂ ᠪᠡᠯᠡ ᠣᠷᠣᠭᠤᠯᠤᠯᠲᠠ ᠶᠢᠨ | ᠪᠠᠶᠢᠭᠤᠯᠤᠮᠵᠢ ᠪᠣᠯᠤᠨ ᠨᠡᠶᠢᠭᠡᠮ ᠤᠨ ᠬᠥᠷᠥᠩᠭᠡ ᠶᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠴᠡᠪᠡᠷ | ᠰᠠᠭᠤᠷᠢ ᠮᠥᠩᠭᠦ ᠳᠤ ᠣᠷᠣᠯᠴᠠᠭᠤᠯᠤᠨ᠎ᠠ᠃ | ︵ᠭᠤᠷᠪᠠ︶ ᠴᠡᠪᠡᠷ ᠰᠠᠭᠤᠷᠢ ᠮᠥᠩᠭᠦ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠰᠠᠶᠢᠨ ᠰᠠᠶᠢᠬᠠᠨ | ᠪᠠᠶᠢᠳᠠᠯ ᠢ ᠪᠤᠢ ᠪᠣᠯᠭᠠᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠪᠣᠯᠤᠨ ᠰᠠᠯᠠᠭ᠎ᠠ ᠮᠥᠴᠢᠷ ᠢ ᠲᠠᠮᠵᠢᠵᠦ | ᠪᠠᠶᠢᠭᠠᠳ ᠵᠠᠬ᠎ᠠ ᠳᠡᠯᠭᠡᠭᠦᠷ ᠲᠤ ᠵᠦᠪᠰᠢᠶᠡᠷᠡᠨ ᠣᠷᠣᠭᠤᠯᠬᠤ ᠶᠢ ᠠᠭᠤᠵᠢᠭᠤ ᠲᠠᠯᠪᠢᠬᠤ᠂ ᠤᠯᠠᠨ ᠨᠡᠶᠢᠲᠡ ᠶᠢᠨ | ᠦᠢᠯᠡᠴᠢᠯᠡᠭᠡᠨ ᠤ ᠦᠨ᠎ᠡ ᠲᠣᠭᠲᠠᠭᠠᠬᠤ ᠶᠢ ᠲᠡᠭᠦᠯᠳᠡᠷᠵᠢᠭᠦᠯᠬᠦ᠂ ᠣᠨᠴᠠ ᠵᠥᠪᠰᠢᠶᠡᠷᠡᠬᠦ ᠡᠵᠡᠩᠨᠡᠯᠲᠡ ᠶᠢᠨ ᠵᠠᠭᠪᠤᠷ ᠢ | ᠬᠡᠷᠡᠭᠵᠢᠭᠦᠯᠬᠦ᠂ ᠡᠳ᠋ ᠤᠨ ᠵᠠᠰᠠᠭ ᠭᠠᠶᠢᠯᠢ ᠲᠠᠲᠠᠪᠤᠷᠢ ᠪᠣᠯᠣᠨ ᠭᠠᠵᠠᠷ ᠰᠢᠷᠤᠢ ᠶᠢᠨ ᠲᠦᠷᠦ ᠶᠢᠨ ᠪᠤᠳᠤᠯᠭ᠎ᠠ ᠵᠡᠷᠭᠡ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠪᠠᠷ ᠳᠡᠮᠵᠢᠵᠦ᠂ ᠪᠣᠬᠢᠷᠲᠤᠯ ᠦᠭᠡᠢ ᠠᠵᠤ ᠦᠢᠯᠡᠰ ᠤᠨ ᠲᠥᠷᠥᠯ | ᠵᠦᠢᠯ ᠤᠨ ᠠᠰᠢᠭ ᠣᠷᠣᠯᠭ᠎ᠠ ᠪᠣᠯᠣᠨ ᠥᠪᠡᠷ ᠤᠨ ᠦᠷᠲᠡᠭ ᠤᠨ ᠲᠦᠭᠰᠢᠭᠦᠷᠢ ᠶᠢ ᠬᠠᠮᠲᠤᠪᠠᠷ ᠡᠭᠦᠷᠭᠡᠯᠡᠬᠦ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠴᠡᠪᠡᠷ ᠰᠠᠭᠤᠷᠢ ᠮᠥᠩᠭᠦ ᠶᠢᠨ ᠪᠡᠯᠡ ᠣᠷᠣᠭᠤᠯᠤᠭᠰᠠᠨ ᠲᠥᠷᠥᠯ | ᠵᠦᠢᠯ ᠢ ᠳᠡᠮᠵᠢᠨ᠎ᠡ᠃ ᠪᠠᠩᠬᠢ᠂ ᠦᠨᠡᠲᠦ ᠲᠡᠮᠳᠡᠭᠲᠦ᠂ ᠳᠠᠭᠠᠳᠬᠠᠯ ᠪᠣᠯᠤᠨ ᠡᠯ᠎ᠡ ᠲᠦᠷᠤᠯ ᠤᠨ ᠪᠡᠯᠡ | ᠣᠷᠣᠭᠤᠯᠤᠯᠲᠠ ᠶᠢᠨ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠦᠷᠨᠢᠭᠦᠯᠬᠦ᠂ ᠦᠢᠯᠡᠴᠢᠯᠡᠭᠡ ᠪᠠᠨ | ᠴᠢᠩᠭᠠᠳᠬᠠᠬᠤ ᠶᠢ ᠵᠣᠷᠢᠬᠵᠢᠭᠤᠯᠤᠨ ᠳᠡᠮᠵᠢᠵᠦ᠂ ᠪᠣᠬᠢᠷᠳᠤᠯ ᠦᠭᠡᠢ ᠮᠥᠩᠭᠦᠨ ᠭᠦᠢᠯᠭᠡᠭᠡᠨ ᠤ ᠰᠢᠰᠲ᠋ᠧᠮᠵᠢ ᠶᠢ | ᠪᠠᠶᠢᠭᠤᠯᠬᠤ ᠳᠤᠮᠳᠠᠬᠢ ᠲᠡᠳᠡᠬᠡᠷ ᠤᠨ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠮᠠᠨ ᠤ | ᠣᠷᠣᠨ ᠤ ᠴᠡᠪᠡᠷ ᠰᠠᠭᠤᠷᠢ ᠮᠥᠩᠭᠦᠨ ᠤ ᠵᠠᠬ᠎ᠠ ᠳᠡᠯᠭᠡᠭᠦᠷ ᠤᠨ ᠬᠦᠭᠵᠢᠯᠲᠡ ᠳᠤ ᠦᠢᠯᠡᠴᠢᠯᠡᠭᠦᠯᠦᠨ᠎ᠡ᠃ | ︵ᠲᠦᠷᠪᠡ︶ ᠴᠡᠪᠡᠷ ᠰᠠᠭᠤᠷᠢ ᠮᠥᠩᠭᠦᠨ ᠤ ᠵᠠᠬ᠎ᠠ ᠳᠡᠯᠭᠡᠭᠦᠷ ᠤᠨ ᠰᠣᠯᠢᠯᠴᠠᠭ᠎ᠠ ᠬᠠᠮᠲᠤᠷᠠᠯᠴᠠᠭ᠎ᠠ ᠶᠢ | ᠲᠦᠯᠬᠢᠨ ᠠᠬᠢᠭᠤᠯᠤᠨ᠎ᠠ᠃ ᠮᠠᠨ ᠤ ᠣᠷᠣᠨ ᠤ ᠡᠯ᠎ᠡ ᠲᠥᠷᠥᠯ ᠤᠨ ᠴᠡᠪᠡᠷ ᠰᠠᠭᠤᠷᠢ ᠮᠥᠩᠭᠦ ᠶᠢ ᠢᠳᠡᠪᠬᠢᠲᠡᠢ ᠪᠠᠷ | ᠬᠦᠲᠦᠯᠦᠨ ᠵᠢᠯᠣᠭᠤᠳᠬᠤ ᠪᠠ ᠳᠡᠮᠵᠢᠵᠦ᠂ ᠤᠯᠤᠰ ᠤᠨ ᠴᠡᠪᠡᠷ ᠬᠦᠭᠵᠢᠯᠳᠡ ᠶᠢᠨ ᠰᠠᠭᠤᠷᠢ ᠮᠥᠩᠭᠦ ᠶᠢ | ᠬᠦᠭᠵᠢᠭᠦᠯᠬᠦ ᠯᠦᠭᠡ ᠵᠤᠯᠭᠠᠭᠤᠯᠵᠤ᠂ ᠤᠯᠤᠰ ᠤᠨ ᠴᠡᠪᠡᠷ ᠬᠦᠭᠵᠢᠯᠳᠡ ᠶᠢᠨ ᠰᠠᠭᠤᠷᠢ ᠮᠥᠩᠭᠦ ᠶᠢ ᠮᠠᠨ ᠤ ᠣᠷᠣᠨ ᠤ | ᠪᠣᠬᠢᠷᠲᠤᠯ ᠦᠭᠡᠢ ᠠᠵᠤ ᠦᠢᠯᠡᠰ ᠲᠤ ᠣᠷᠣᠭᠤᠯᠤᠯᠲᠠ ᠬᠢᠯᠭᠡᠬᠦ ᠪᠠᠷ ᠴᠢᠷᠮᠠᠶᠢᠵᠤ᠂ ᠮᠠᠨ ᠤ ᠣᠷᠣᠨ ᠤ ᠪᠣᠬᠢᠷᠲᠤᠯ | ᠦᠭᠡᠢ ᠠᠵᠤ ᠦᠢᠯᠡᠰ ᠤᠨ ᠭᠦᠭᠵᠢᠯᠲᠡ ᠶᠢ ᠠᠬᠢᠭᠤᠯᠤᠨ᠎ᠠ᠃ ᠪᠣᠬᠢᠷᠲᠤᠯ ᠦᠭᠡᠢ ᠠᠵᠤ ᠦᠢᠯᠡᠰ ᠤᠨ ᠪᠡᠯᠡ | ᠣᠷᠣᠭᠤᠯᠤᠯᠲᠠ ᠶᠢᠨ ᠬᠦᠷᠢᠶ᠎ᠡ ᠴᠠᠷᠠᠭ᠎ᠠ ᠳᠠᠬᠢ ᠬᠠᠮᠲᠤᠷᠠᠯᠴᠠᠭ᠎ᠠ ᠪᠠ ᠰᠣᠯᠢᠯᠴᠠᠭ᠎ᠠ ᠬᠢᠬᠦ ᠠᠵᠢᠯᠯᠠᠭ᠎ᠠ ᠶᠢ | ᠢᠳᠡᠪᠬᠢᠲᠡᠢ ᠪᠠᠷ ᠵᠣᠬᠢᠶᠠᠨ ᠪᠠᠶᠢᠭᠤᠯᠤᠨ ᠦᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ | ᠪᠣᠬᠢᠷᠲᠤᠯ ᠦᠭᠡᠢ ᠠᠵᠤ ᠠᠬᠤᠶᠢᠯᠠᠯ ᠤᠨ ︽ᠭᠠᠷᠴᠤ ᠶᠠᠪᠤᠵᠤ︾ ᠪᠡᠯᠡ ᠣᠷᠣᠭᠤᠯᠤᠨ ᠬᠠᠮᠲᠤᠷᠠᠯᠴᠠᠭ᠎ᠠ ᠬᠢᠬᠦ ᠶᠢ | ᠳᠡᠮᠵᠢᠨ᠎ᠡ᠃ | ︵ᠲᠠᠪᠤ︶ ᠪᠣᠬᠢᠷᠲᠤᠯ ᠦᠭᠡᠢ ᠠᠵᠤ ᠦᠢᠯᠡᠰ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ᠡᠨᠧᠷᠭᠢ ᠠᠷᠪᠢᠯᠠᠨ ᠭᠠᠳᠠᠭᠰᠢᠯᠠᠭᠤᠯᠤᠯᠲᠠ ᠶᠢ ᠪᠠᠭᠠᠰᠬᠠᠬᠤ᠂ ᠴᠡᠪᠡᠷ ᠡᠨᠧᠷᠭᠢ ᠪᠣᠯᠣᠨ ᠣᠷᠴᠢᠨ | ᠲᠣᠭᠤᠷᠢᠨ ᠢ ᠬᠠᠮᠠᠭᠠᠯᠠᠬᠤ ᠵᠡᠷᠭᠡ ᠪᠣᠬᠢᠷᠲᠤᠯ ᠦᠭᠡᠢ ᠠᠵᠤ ᠦᠢᠯᠡᠰ ᠤᠨ ᠲᠤᠰᠬᠠᠶ ᠮᠡᠷᠬᠡᠵᠢᠯ ᠤᠨ ᠠᠵᠢᠯᠳᠠᠨ ᠪᠣᠯᠣᠨ | ᠪᠣᠬᠢᠷᠲᠤᠯ ᠦᠭᠡᠢ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠬᠦᠷᠢᠶ᠎ᠡ ᠴᠡᠷᠠᠭ᠎ᠠ ᠳᠠᠬᠢ ᠴᠢᠳᠠᠪᠤᠷᠢᠲᠠᠨ ᠢ | ᠬᠥᠮᠦᠵᠢᠭᠦᠯᠬᠦ᠂ ᠣᠷᠣᠭᠤᠯᠤᠨ ᠠᠪᠴᠢᠷᠠᠬᠤ ᠪᠠ ᠬᠡᠷᠡᠭᠯᠡᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ | ᠰᠣᠯᠢᠯᠴᠠᠭ᠎ᠠ ᠬᠢᠬᠦ᠂ ᠨᠠᠶᠢᠳᠠᠵᠤ ᠬᠥᠮᠦᠵᠢᠭᠦᠯᠬᠦ ᠵᠡᠷᠭᠡ ᠤᠯᠠᠨ ᠵᠦᠢᠯ ᠤᠨ ᠬᠡᠯᠪᠡᠷᠢ ᠪᠠᠷ ᠴᠢᠳᠠᠪᠤᠷᠢᠲᠠᠨ ᠤ | ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ ᠠᠵᠤ | ᠦᠢᠯᠡᠰ ᠤᠨ ᠴᠢᠳᠠᠪᠤᠷᠢᠲᠠᠨ ᠤ ᠡᠩᠨᠡᠭᠡ ᠶᠢᠨ ᠲᠤᠰᠬᠠᠢ ᠮᠡᠷᠭᠡᠵᠢᠯ ᠤᠨ ᠴᠢᠨᠠᠷ ᠴᠢᠨᠰᠠᠭ᠎ᠠ ᠪᠣᠯᠣᠨ ᠲᠤᠬᠠᠶᠢᠯᠠᠭᠰᠠᠨ | ᠠᠵᠢᠯ ᠤᠨ ᠴᠢᠳᠠᠪᠤᠷᠢ ᠶᠢ ᠲᠠᠰᠤᠷᠠᠯᠳᠠ ᠥᠭᠡᠢ ᠳᠡᠭᠡᠭᠰᠢᠯᠡᠭᠦᠯᠦᠨ᠎ᠡ᠃ | ︵ᠵᠢᠷᠭᠤᠭ᠎ᠠ︶ ᠴᠡᠪᠡᠷ ᠰᠠᠭᠤᠷᠢ ᠮᠥᠩᠭᠦᠨ ᠤ ᠵᠠᠬ᠎ᠠ ᠳᠡᠯᠭᠡᠭᠦᠷ ᠤᠨ ᠵᠢᠷᠤᠮᠵᠢᠭᠤᠨ ᠪᠥᠭᠡᠳ ᠡᠷᠡᠭᠦᠯ ᠢᠶᠠᠷ | ᠬᠥᠭᠵᠢᠬᠦ ᠶᠢ ᠠᠬᠢᠭᠤᠯᠤᠨ᠎ᠠ᠃ ᠴᠡᠪᠡᠷ ᠰᠠᠭᠤᠷᠢ ᠮᠥᠩᠭᠦᠨ ᠤ ᠵᠠᠬ᠎ᠠ ᠳᠡᠯᠭᠡᠭᠦᠷ ᠤᠨ ᠦᠳᠲᠡᠷ ᠲᠦᠷᠭᠡᠨ | ᠬᠥᠭᠵᠢᠬᠦ ᠶᠢ ᠠᠬᠢᠭᠤᠯᠤᠨ ᠳᠡᠮᠵᠢᠬᠦ ᠶᠢᠨ ᠬᠠᠮᠲᠤ᠂ ᠬᠢᠨᠠᠯᠲᠠ ᠬᠠᠮᠢᠶᠠᠷᠤᠯᠲᠠ ᠶᠢ ᠤᠯᠠᠮ ᠴᠢᠨᠠᠭᠰᠢᠳᠠ ᠴᠢᠩᠭᠠᠳᠬᠠᠵᠤ | ᠂ ᠠᠵᠤ ᠠᠬᠤᠶᠢᠯᠠᠯ ᠤᠨ ᠦᠢᠯᠡ ᠠᠵᠢᠯᠯᠠᠭ᠎ᠠ ᠶᠢ ᠵᠢᠷᠤᠮᠵᠢᠭᠤᠯᠬᠤ ᠶᠢ ᠴᠢᠩᠳᠠᠯᠠᠨ᠂ ᠴᠡᠪᠡᠷ ᠰᠠᠭᠤᠷᠢ ᠮᠥᠩᠭᠦᠨ ᠤ | ᠵᠠᠬ᠎ᠠ ᠳᠡᠯᠭᠡᠭᠦᠷ ᠤᠨ ᠵᠢᠷᠤᠮᠵᠢᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠴᠡᠪᠡᠷ ᠰᠠᠭᠤᠷᠢ | ᠮᠥᠩᠭᠦ ᠶᠢᠨ ᠨᠡᠷ᠎ᠡ ᠶᠢ ᠠᠰᠢᠭᠯᠠᠬᠰᠠᠨ ᠡᠯ᠎ᠡ ᠲᠥᠷᠥᠯ ᠤᠨ ᠬᠠᠤᠯᠢ ᠪᠤᠰᠤ ᠪᠠᠷ ᠪᠡᠯᠠ ᠮᠥᠩᠭᠦ ᠴᠤᠭᠯᠠᠭᠤᠯᠬᠤ ᠦᠢᠯᠡ | ᠠᠵᠢᠯᠯᠠᠭ᠎ᠠ ᠳᠤ ᠬᠠᠣᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠲᠦᠭᠰᠢᠭᠦᠷᠢ ᠶᠢ ᠰᠡᠷᠭᠡᠶᠢᠯᠡᠬᠦ ᠪᠠ ᠰᠢᠢᠳᠪᠦᠷᠢᠯᠡᠬᠦ | ᠠᠵᠢᠯ ᠢ ᠴᠠᠭ ᠲᠤᠬᠠᠶ ᠳᠤᠨᠢ ᠰᠠᠶᠢᠲᠤᠷ ᠬᠢᠵᠦ᠂ ᠮᠥᠩᠭᠦᠨ ᠭᠦᠢᠯᠭᠡᠭᠡᠨ ᠤ ᠰᠠᠶᠢᠨ ᠰᠠᠶᠢᠬᠠᠨ ᠡᠮᠬᠢ ᠵᠢᠷᠤᠮ ᠪᠣᠯᠣᠨ | ᠣᠷᠴᠢᠨ ᠲᠣᠭᠤᠷᠢᠨ ᠢ ᠬᠠᠮᠠᠭᠠᠯᠠᠨ᠎ᠠ᠃ | ︵ᠲᠤᠯᠤᠭ᠎ᠠ︶ ᠰᠠᠯᠠᠭ᠎ᠠ ᠮᠥᠴᠢᠷ ᠤᠳ ᠤᠨ ᠵᠣᠬᠢᠴᠠᠯᠳᠤᠨ ᠨᠡᠪᠲᠡᠷᠡᠯᠴᠡᠬᠦ ᠶᠢ ᠴᠢᠩᠭᠠᠳᠬᠠᠨ᠎ᠠ᠃ | ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ | ᠣᠷᠴᠢᠨ ᠲᠣᠭᠤᠷᠢᠨ ᠤ ᠬᠠᠮᠠᠭᠠᠯᠠᠯᠲᠠ᠂ ᠭᠠᠶᠢᠯᠢ ᠶᠢᠨ ᠶᠠᠪᠤᠳᠠᠯ᠂ ᠠᠵᠤ ᠦᠢᠯᠡᠳᠪᠦᠷᠢ ᠬᠤᠳᠠᠯᠳᠤᠭ᠎ᠠ᠂ | ᠲᠡᠮᠳᠡᠭᠲᠦ ᠶᠢᠨ ᠬᠢᠨᠠᠨ ᠬᠠᠮᠢᠶᠠᠷᠬᠤ ᠵᠢᠴᠢ ᠪᠤᠰᠤᠳ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠠᠮᠵᠢᠯᠴᠠᠭ᠎ᠠ ᠪᠠᠨ | ᠴᠢᠩᠭᠠᠳᠬᠠᠵᠤ᠂ ᠴᠡᠪᠡᠷ ᠰᠠᠭᠤᠷᠢ ᠮᠥᠩᠭᠦ ᠶᠢᠨ ᠲᠤᠬᠠᠶᠢᠯᠠᠭᠰᠠᠨ ᠠᠵᠢᠯ ᠦᠷᠨᠢᠭᠦᠯᠬᠦ᠂ ᠲᠥᠷᠥ ᠶᠢᠨ ᠪᠤᠳᠤᠯᠭ᠎ᠠ ᠪᠠᠷ | ᠲᠡᠳᠬᠦᠬᠦ᠂ ᠡᠳ᠋ ᠤᠨ ᠵᠠᠰᠠᠭ ᠭᠠᠶᠢᠯᠢ ᠪᠠᠷ ᠬᠠᠷᠠᠭᠠᠯᠵᠠᠯ ᠦᠵᠡᠭᠦᠯᠬᠦ᠂ ᠠᠵᠤ ᠦᠢᠯᠡᠳᠪᠦᠷᠢ ᠬᠤᠳᠠᠯᠳᠤᠭᠠᠨ ᠤ | ᠰᠠᠯᠠᠭ᠎ᠠ ᠮᠥᠴᠢᠷ ᠲᠤ ᠳᠠᠩᠰᠠᠯᠠᠭᠤᠯᠬᠤ᠂ ᠵᠠᠭᠪᠤᠷ ᠤᠨ ᠰᠢᠨ᠎ᠡ ᠶᠢ ᠡᠭᠦᠳᠬᠦ᠂ ᠲᠦᠭᠰᠢᠭᠦᠷᠢ ᠶᠢ ᠰᠡᠷᠭᠡᠶᠢᠯᠡᠬᠦ ᠵᠡᠷᠭᠡ | ᠲᠠᠯ᠎ᠠ ᠪᠠᠷ ᠠᠬᠢᠭᠤᠯᠬᠤ ᠳᠤ ᠨᠡᠶᠢᠢᠯᠡᠮᠡᠯ ᠬᠦᠴᠦᠨ ᠢ ᠪᠤᠢ ᠪᠣᠯᠭᠠᠨ᠂ ᠮᠠᠨ ᠤ ᠣᠷᠣᠨ ᠤ ᠴᠡᠪᠡᠷ ᠰᠠᠭᠤᠷᠢ ᠮᠥᠩᠭᠦ ᠶᠢᠨ | ᠵᠠᠬ᠎ᠠ ᠳᠡᠯᠭᠡᠭᠦᠷ ᠤᠨ ᠬᠦᠭᠵᠢᠯᠲᠡ ᠶᠢ ᠬᠠᠮᠲᠤᠪᠠᠷ ᠠᠬᠢᠭᠤᠯᠵᠤ᠂ ᠪᠣᠬᠢᠷᠳᠤᠯ ᠦᠭᠡᠢ ᠠᠵᠤ ᠦᠢᠯᠡᠰ ᠤᠨ ᠬᠥᠭᠵᠢᠯᠲᠡ | ᠪᠣᠯᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠳᠤ ᠦᠢᠯᠡᠴᠢᠯᠡᠨ᠎ᠡ᠃ |