ᠦᠪᠦᠷ ᠮᠣᠩᠭᠤᠯ ᠤᠨ ᠵᠢᠷᠭᠤᠭᠠᠨ ᠲᠦᠷᠦᠯ ᠤᠨ ᠬᠦᠴᠢᠷᠳᠡᠯᠲᠡᠶ ᠤᠯᠠᠨ ᠲᠦᠮᠡᠨ ᠲᠦᠷ ᠴᠠᠭ ᠤᠨ ᠨᠥᠬᠦᠪᠥᠷᠢ ᠮᠥᠩᠭᠦ ᠠᠪᠴᠤ ᠪᠣᠯᠤᠨ᠎ᠠ
ᠨᠡᠶᠢᠲᠡᠯᠡᠭᠰᠡᠨ ᠴᠠᠭ᠄
2017/2/20
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠴᠢᠷᠳᠡᠯᠲᠡᠶ ᠤᠯᠠᠨ ᠲᠦᠮᠡᠨ ᠤ ᠦᠨᠳᠦᠰᠦᠨ ᠠᠮᠢᠳᠤᠷᠠᠯ ᠤᠨ ᠬᠢᠷᠢ ᠲᠥᠪᠰᠢᠨ ᠨᠢ ᠪᠠᠷᠠᠭᠠᠨ ᠤ ᠦᠨ᠎ᠡ ᠬᠠᠩᠰᠢ ᠥᠰᠦᠭᠰᠡᠨ ᠠᠴᠠ ᠪᠤᠯᠵᠤ ᠮᠠᠭᠤᠳᠠᠬᠤ ᠦᠭᠡᠢ ᠶᠢ ᠪᠠᠲᠤᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ︽ᠨᠡᠶᠢᠭᠡᠮ ᠤᠨ ᠠᠪᠤᠷᠠᠨ ᠲᠤᠰᠠᠯᠠᠯᠲᠠ ᠪᠣᠯᠣᠨ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠥᠯᠲᠡ ᠲᠠᠢ ᠬᠤᠯᠪᠣᠭᠳᠠᠭᠤᠯᠬᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠬᠦ ᠲᠤᠬᠠᠢ ᠮᠡᠳᠡᠭᠳᠡᠯ︾ ︵ᠳᠣᠷᠣᠭᠰᠢ ᠮᠡᠳᠡᠭᠳᠡᠯ ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠪᠠ᠃ ᠮᠡᠳᠡᠭᠳᠡᠯ ᠤᠨ ᠲᠣᠭᠲᠠᠭᠠᠯ ᠢᠶᠠᠷ ᠪᠣᠯ᠂ ᠪᠥᠬᠦ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ ᠵᠢᠭᠠᠯᠲᠠ ᠲᠤᠭ᠎ᠠ ︵CPI︶᠎ ᠶᠢᠨ ᠭᠠᠭᠴᠠ ᠰᠠᠷ᠎ᠠ ᠶᠢᠨ ᠠᠳᠠᠯᠢ ᠬᠤᠭᠤᠴᠠᠭᠠᠨ ᠤ ᠥᠰᠦᠯᠲᠡ ᠨᠢ 3%᠎ ᠳᠤ ᠬᠦᠷᠬᠦ᠂ ᠡᠰᠡᠬᠦᠯ᠎ᠡ ᠪᠦᠬᠦ ᠣᠷᠣᠨ ᠤ CPI᠎ ᠶᠢᠨ ᠳᠣᠲᠣᠷᠠᠬᠢ ᠢᠳᠡᠭᠡᠨ ᠤ ᠦᠨ᠎ᠡ ᠶᠢᠨ ᠭᠠᠭᠴᠠ ᠰᠠᠷ᠎ᠠ ᠶᠢᠨ ᠠᠳᠠᠯᠢ ᠬᠤᠭᠤᠴᠠᠭᠠᠨ ᠤ ᠥᠰᠦᠯᠲᠡ ᠨᠢ 6% ᠬᠦᠷᠪᠠᠯ᠂ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠦᠨ᠎ᠡ᠃ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢᠨ ᠲᠤᠰᠠᠯᠠᠮᠵᠢ ᠣᠯᠭᠤᠭᠰᠠᠳ ᠲᠤ᠄ ᠤᠯᠤᠰ ᠠᠴᠠ ᠲᠣᠭᠲᠠᠮᠠᠯ ᠬᠤᠭᠤᠴᠠᠭ᠎ᠠ ᠲᠠᠢ ᠪᠠᠷ ᠠᠰᠠᠷᠠᠮᠵᠢ ᠨᠥᠬᠦᠪᠥᠷᠢ ᠬᠦᠷᠲᠡᠭᠴᠢᠳ᠂ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠭᠴᠢᠳ᠂ ᠣᠨᠴᠠ ᠬᠦᠴᠢᠷᠳᠡᠯᠲᠡᠶ ᠬᠥᠮᠦᠰ᠂ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠦᠰ᠂ ᠨᠡᠶᠢᠭᠡᠮ ᠤᠨ ᠲᠠᠷᠠᠬᠠᠶ ᠰᠠᠭᠤᠷᠢᠰᠢᠭ᠎ᠠ ᠪᠠ ᠠᠰᠠᠷᠠᠮᠵᠢ ᠶᠢᠨ ᠪᠠᠶᠢᠭᠤᠯᠤᠮᠵᠢ ᠶᠢᠨ ᠲᠥᠪᠯᠡᠷᠡᠭᠦᠯᠦᠨ ᠠᠰᠠᠷᠠᠨ ᠬᠠᠷᠠᠭᠠᠯᠵᠠᠵᠤ ᠪᠠᠶᠢᠭ᠎ᠠ ᠥᠨᠥᠴᠢᠨ ᠬᠡᠦᠬᠡᠳ᠂ ᠶᠡᠭᠡ ᠳᠡᠭᠡᠳᠦ ᠰᠤᠷᠭᠠᠭᠤᠯᠢ ᠳᠤ ᠰᠤᠷᠤᠯᠴᠠᠵᠤ ᠪᠠᠶᠢᠭ᠎ᠠ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢ    ᠪᠠᠭᠲᠠᠨ᠎ᠠ᠃      ᠮᠡᠳᠡᠭᠳᠡᠯ ᠳᠤ ᠱᠠᠭᠠᠷᠳᠠᠭᠰᠠᠨ ᠨᠢ᠂ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠥᠭᠬᠦ ᠪᠠᠷᠢᠮᠵᠢᠶ᠎ᠠ ᠶᠢ ᠳᠣᠣᠷᠠᠬᠢ ᠲᠣᠮᠢᠶ᠎ᠠ ᠪᠠᠷ ᠰᠠᠷ᠎ᠠ ᠪᠦᠷᠢ ᠲᠥᠰᠦᠭᠡᠯᠡᠨ ᠪᠣᠳᠣᠬᠤ ᠬᠡᠷᠡᠭᠲᠡᠢ᠄ ᠬᠤᠳᠠ ᠶᠢᠨ ᠦᠨ᠎ᠡ ᠬᠠᠩᠰᠢ ᠶᠢᠨ ᠲᠥᠷ ᠴᠠᠭ ᠤᠨ ᠨᠥᠬᠦᠪᠥᠷᠢ ᠥᠭᠬᠦ ᠪᠠᠲᠤᠯᠠᠬᠤ ᠪᠠᠷᠢᠮᠵᠢᠶ᠎ᠠ = ᠥᠪᠡᠷᠲᠡᠭᠡᠨ ᠵᠠᠰᠠᠬᠤ ᠣᠷᠣᠨ ᠤ ᠬᠤᠳᠠ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ × ᠬᠤᠲᠠ ᠪᠠᠯᠭᠠᠰᠤ ᠶᠢᠨ ᠣᠷᠣᠯᠭ᠎ᠠ ᠪᠠᠭ᠎ᠠ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠵᠠᠷᠤᠳᠠᠯ ᠤᠨ ᠦᠨ᠎ᠡ ᠬᠠᠩᠰᠢ ᠶᠢᠨ ᠵᠢᠭᠠᠯᠲᠠ ᠲᠤᠭ᠎ᠠ ︵SCPI︶᠎ ᠶᠢᠨ ᠠᠳᠠᠯᠢ ᠬᠤᠭᠤᠴᠠᠭᠠᠨ ᠤ ᠥᠰᠥᠯᠲᠡ ᠶᠢᠨ ᠬᠡᠮᠵᠢᠶ᠎ᠡ︔ ᠮᠠᠯᠵᠢᠬᠤ ᠲᠠᠷᠢᠶᠠᠯᠠᠬᠤ ᠣᠷᠣᠨ ᠤ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠥᠭᠬᠦ ᠪᠠᠷᠢᠮᠵᠢᠶ᠎ᠠ = ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠲᠤᠯᠠᠬᠤ ᠪᠠᠷᠢᠮᠵᠢᠶ᠎ᠠ × ᠬᠤᠲᠠ ᠪᠠᠯᠭᠠᠰᠤ ᠶᠢᠨ ᠣᠷᠣᠯᠭ᠎ᠠ ᠪᠠᠭ᠎ᠠ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠵᠠᠷᠤᠳᠠᠯ ᠤᠨ ᠦᠨ᠎ᠡ ᠬᠠᠩᠰᠢ ᠶᠢᠨ ᠵᠢᠭᠠᠯᠲᠠ ᠲᠤᠭ᠎ᠠ ︵SCPI︶᠎ ᠶᠢᠨ ᠠᠳᠠᠯᠢ ᠬᠤᠭᠤᠴᠠᠭᠠᠨ ᠤ ᠥᠰᠥᠯᠲᠡ ᠶᠢᠨ ᠬᠡᠮᠵᠢᠶ᠎ᠡ᠃ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠦᠰ ᠤᠨ ᠨᠥᠬᠦᠪᠥᠷᠢ ᠶᠢᠨ ᠪᠠᠷᠢᠮᠵᠢᠶ᠎ᠠ ᠶᠢ ᠬᠤᠲᠠ ᠬᠦᠳᠡᠭᠡ ᠶᠢᠨ ᠲᠤᠰᠠᠯᠠᠮᠵᠢ ᠬᠦᠷᠲᠡᠭᠴᠢᠳ ᠤᠨ ᠨᠥᠬᠦᠪᠥᠷᠢ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠬᠦ ᠬᠡᠷᠡᠭᠲᠡᠶ ᠭᠡᠪᠡ᠃      ᠬᠤᠯᠪᠣᠭᠠᠯᠠᠨ ᠬᠥᠳᠡᠯᠦᠯᠴᠡᠬᠦ ᠲᠣᠭᠲᠠᠴᠠ ᠡᠬᠢᠯᠡᠭᠰᠡᠨ ᠤ ᠳᠠᠷᠠᠭ᠎ᠠ᠂ ᠬᠤᠲᠠ ᠶᠢᠨ ᠬᠥᠮᠦᠨ ᠪᠦᠷᠢ ᠶᠢᠨ ᠰᠠᠷ᠎ᠠ ᠪᠦᠷᠢ ᠳᠤ ᠨᠣᠭᠳᠠᠬᠤ ᠨᠦᠬᠦᠪᠦᠷᠢ ᠮᠥᠩᠭᠦ ᠨᠢ 30 ᠲᠥᠭᠦᠷᠢᠭ ᠬᠦᠷᠬᠦ ᠦᠭᠡᠢ ᠪᠣᠯ 30 ᠲᠥᠭᠦᠷᠢᠭ ᠢᠶᠠᠷ ᠣᠯᠭᠤᠵᠣ᠂ 30 ᠲᠥᠭᠦᠷᠢᠭ ᠠᠴᠠ ᠬᠡᠲᠦᠷᠡᠪᠡᠯ ᠪᠣᠳᠠᠲᠤ ᠲᠤᠭ᠎ᠠ ᠶᠣᠰᠤᠭᠠᠷ ᠨᠢ ᠣᠯᠭᠤᠨ᠎ᠠ︔ ᠮᠠᠯᠵᠢᠬᠤ ᠲᠠᠷᠢᠶᠠᠯᠠᠬᠤ ᠣᠷᠣᠨ ᠤ ᠬᠥᠮᠦᠨ ᠪᠦᠷᠢ ᠶᠢᠨ ᠪᠦᠷᠢ ᠰᠠᠷ᠎ᠠ ᠪᠦᠷᠢ ᠨᠣᠭᠳᠠᠬᠤ ᠨᠦᠬᠦᠪᠦᠷᠢ ᠮᠥᠩᠭᠦ ᠨᠢ 15 ᠲᠥᠭᠦᠷᠢᠭ ᠬᠦᠷᠬᠦ ᠦᠭᠡᠢ ᠪᠣᠯ 15 ᠲᠥᠭᠦᠷᠢᠭ ᠢᠶᠠᠷ ᠣᠯᠭᠤᠵᠣ᠂ 15 ᠲᠥᠭᠦᠷᠢᠭ ᠠᠴᠠ ᠬᠡᠲᠦᠷᠡᠪᠡᠯ ᠪᠣᠳᠠᠲᠤ ᠲᠤᠭ᠎ᠠ ᠶᠣᠰᠤᠭᠠᠷ ᠨᠢ ᠣᠯᠭᠤᠨ᠎ᠠ᠃      ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠮᠥᠩᠭᠦ ᠳᠤ ︽ᠰᠠᠷ᠎ᠠ ᠪᠠᠷ ᠲᠥᠰᠦᠭᠡᠯᠡᠨ ᠪᠤᠳᠦᠵᠦ᠂ ᠰᠠᠷ᠎ᠠ ᠪᠠᠷ ᠣᠯᠭᠤᠬᠤ︾ ᠠᠷᠭ᠎ᠠ ᠶᠢ ᠬᠡᠷᠡᠭᠵᠢᠭᠦᠯᠦᠨ᠎ᠡ᠃ ᠨᠥᠬᠦᠴᠡᠯ ᠳᠤ ᠨᠡᠶᠢᠴᠡᠪᠡᠯ᠂ ᠵᠠᠩᠭᠤᠳᠠᠵᠤ ᠲᠣᠭᠲᠠᠭᠠᠭᠰᠠᠨ ᠦᠨ᠎ᠡ ᠬᠠᠩᠰᠢ ᠶᠢᠨ ᠵᠢᠭᠠᠯᠲᠠ ᠲᠤᠭ᠎ᠠ ᠶᠢ ᠨᠡᠶᠢᠲᠡᠯᠡᠭᠰᠡᠨ ᠤ ᠳᠠᠷᠠᠭ᠎ᠠ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠴᠠᠭ ᠲᠤᠬᠠᠶ ᠳᠤᠨᠢ ᠡᠬᠢᠯᠡᠭᠦᠯᠬᠦ ᠪᠦᠭᠡᠳ ᠡᠨᠡ ᠬᠦ ᠵᠢᠭᠠᠯᠲᠠ ᠲᠤᠭ᠎ᠠ ᠶᠢ ᠨᠡᠶᠢᠲᠡᠯᠡᠭᠰᠡᠨ ᠤ ᠳᠠᠷᠠᠭᠠᠬᠢ 20 ᠠᠵᠢᠯᠯᠠᠬᠤ ᠡᠳᠦᠷ ᠲᠤ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠣᠯᠭᠤᠬᠤ ᠠᠵᠢᠯ ᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号