ᠦᠪᠡᠷᠳᠡᠭᠡᠨ ᠵᠠᠰᠠᠬᠤ ᠤᠷᠤᠨ ᠤ ᠡᠷᠡᠭᠦᠯ ᠴᠢᠬᠢᠷᠠᠭ ᠢᠶᠠᠷ ᠶᠠᠳᠠᠭᠤ ᠶᠢ ᠲᠡᠳᠭᠦᠭᠦ ᠲᠤᠰᠬᠠᠢ ᠲᠤᠭᠤᠶᠢᠯᠠᠩ ᠤᠨ | ᠠᠩᠬᠠᠳᠤᠭᠠᠷ ᠤᠳᠠᠭ᠎ᠠ ᠶᠢᠨ ᠪᠦᠬᠦᠳᠡ ᠬᠤᠷᠠᠯ ᠬᠤᠷᠠᠯᠳᠣᠪᠠ | ᠵᠠᠩ ᠵᠢᠶᠠᠨ ᠮᠢᠨ ᠬᠤᠷᠠᠯ ᠡᠷᠬᠢᠯᠡᠨ ᠶᠠᠷᠢᠶ᠎ᠠ ᠳᠠᠯᠪᠢᠵᠣ ᠯᠢᠦ ᠰᠢᠨ ᠯᠧ ᠬᠤᠷᠠᠯ ᠳᠤ ᠣᠷᠣᠯᠴᠠᠵᠠᠢ | 2 ᠳ᠋ᠤᠭᠠᠷ ᠰᠠᠷ᠎ᠠ ᠶᠢᠨ 16 ᠤ ᠦᠳᠡ ᠶᠢᠨ ᠬᠤᠶᠢᠨ᠎ᠡ᠂ ᠦᠪᠡᠷᠳᠡᠭᠡᠨ ᠵᠠᠰᠬᠠᠤ ᠤᠷᠤᠨ ᠡᠷᠡᠭᠦᠯ | ᠴᠢᠬᠢᠷᠠᠭ ᠢᠶᠠᠷ ᠶᠠᠳᠠᠭᠤ ᠶᠢ ᠲᠡᠳᠭᠦᠭᠦ ᠲᠤᠰᠬᠠᠢ ᠲᠤᠭᠤᠶᠢᠯᠠᠩ ᠤᠨ ᠠᠩᠬᠠᠳᠤᠭᠠᠷ ᠤᠳᠠᠭ᠎ᠠ ᠶᠢᠨ ᠪᠦᠬᠦᠳᠡ ᠬᠤᠷᠠᠯ | ᠬᠤᠷᠠᠯᠳᠣᠭᠤᠯᠵᠣ᠂ ᠪᠦᠬᠦ ᠤᠷᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ | ᠠᠬᠢᠭᠤᠯᠬᠤ ᠬᠤᠷᠠᠯ ᠪᠠ ᠡᠷᠡᠭᠦᠯ ᠬᠠᠮᠠᠭᠠᠯᠠᠯ ᠬᠢᠭᠡᠳ ᠡᠷᠡᠭᠦᠯ ᠴᠢᠬᠢᠷᠠᠭ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ | ᠬᠦᠨᠵᠡᠭᠡᠢ ᠲᠤᠤᠱᠯᠠᠭᠤᠯᠤᠨ ᠨᠡᠶᠢᠳᠡᠪᠦᠷᠢᠵᠢᠭᠤᠯᠵᠤ᠂ ᠬᠠᠮᠢᠶ᠎ᠠ ᠪᠦᠬᠦᠢ ᠠᠵᠢᠯ ᠤᠨ ᠠᠬᠢᠴᠠ ᠶᠢᠨ ᠪᠠᠶᠢᠳᠠᠯ ᠤᠨ | ᠬᠠᠷᠢᠭᠤ ᠮᠡᠳᠡᠭᠦᠯᠦᠯᠳᠡ ᠶᠢ ᠰᠤᠨᠤᠰᠴᠤ᠂ ᠲᠠᠷᠠᠭᠠᠴᠢ ᠶᠢᠨ ᠭᠤᠤᠯᠳᠠᠯᠭ᠎ᠠ ᠲᠠᠢ ᠡᠭᠦᠷᠭᠡ ᠪᠠᠨ ᠰᠤᠳᠤᠯᠤᠨ | ᠪᠠᠶᠢᠷᠢᠯᠠᠭᠤᠯᠪᠠ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠦᠪᠡᠷᠳᠡᠭᠡᠨ ᠵᠠᠰᠠᠬᠤ | ᠤᠷᠤᠨ ᠤ ᠪᠠᠶᠢᠩᠭᠤ ᠶᠢᠨ ᠲᠡᠳ᠋ ᠲᠡᠷᠢᠭᠦᠯᠡᠭᠴᠢ ᠵᠠᠩ ᠵᠢᠶᠠᠨ ᠮᠢᠨ ᠬᠤᠷᠠᠯ ᠡᠷᠬᠢᠯᠡᠨ ᠶᠠᠷᠢᠶ᠎ᠠ ᠲᠠᠯᠪᠢᠵᠤ᠂ | ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠯᠢᠦ ᠰᠢᠨ ᠯᠧ ᠬᠤᠷᠠᠯ ᠳᠤ ᠤᠷᠤᠯᠴᠠᠵᠠᠢ᠃ | ᠬᠤᠷᠠᠯ ᠠᠴᠠ ᠵᠢᠭᠠᠵᠤ ᠭᠠᠷᠭᠠᠬᠰᠠᠨ ᠨᠢ᠂ ᠤᠳᠤᠬᠠᠨ ᠳᠤ ᠪᠦᠬᠦ ᠤᠷᠤᠨ ᠤ ᠡᠪᠡᠳᠴᠢᠨ ᠠᠴᠠ ᠪᠤᠯᠵᠤ | ᠶᠠᠳᠠᠭᠤᠷᠠᠬᠰᠠᠨ ᠶᠠᠳᠠᠭᠤ ᠬᠦᠴᠢᠷᠳᠡᠯᠳᠡᠢ ᠡᠷᠦᠭᠡ ᠪᠦᠬᠦ ᠶᠠᠳᠠᠭᠤ ᠡᠷᠦᠭᠡ ᠶᠢᠨ 40% ᠢ ᠡᠵᠡᠯᠡᠵᠤ᠂ ᠡᠷᠡᠭᠦᠯ | ᠴᠢᠬᠢᠷᠠᠭ ᠢᠶᠠᠷ ᠶᠠᠳᠠᠭᠤ ᠶᠢ ᠲᠡᠳᠭᠦᠭᠦ ᠨᠢ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ | ᠬᠠᠮᠤᠭ ᠤᠨ ᠬᠠᠳᠠᠭᠤ ᠪᠡᠷᠬᠡᠰᠢᠶᠡᠯᠳᠡᠢ ᠡᠭᠦᠷᠭᠡ ᠪᠤᠯᠵᠣ ᠪᠠᠶᠢᠨ᠎ᠠ᠃ | ᠬᠤᠷᠠᠯ ᠠᠴᠠ ᠴᠢᠬᠤᠯᠠᠴᠢᠯᠠᠬᠰᠠᠨ ᠨᠢ᠂ ᠲᠦᠪ ᠤᠨ ᠪᠠ ᠦᠪᠡᠷᠳᠡᠭᠡᠨ ᠵᠠᠰᠬᠠᠤ ᠤᠷᠤᠨ ᠤ ᠡᠷᠡᠭᠦᠯ | ᠴᠢᠬᠢᠷᠠᠭ ᠢᠶᠠᠷ ᠶᠠᠳᠠᠭᠤ ᠶᠢ ᠲᠡᠳᠭᠦᠭᠦ ᠲᠤᠬᠠᠢ ᠡᠯ᠎ᠠ ᠵᠦᠢᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠠ ᠶᠢ | ᠬᠢᠨᠠᠮᠠᠭᠠᠢ ᠲᠤᠤᠱᠯᠠᠭᠤᠯᠤᠨ ᠨᠡᠶᠢᠳᠡᠪᠦᠷᠢᠵᠢᠭᠤᠯᠵᠤ᠂ ᠡᠷᠡᠭᠦᠯ ᠴᠢᠬᠢᠷᠠᠭ ᠢᠶᠠᠷ ᠶᠠᠳᠠᠭᠤ ᠶᠢ ᠲᠡᠳᠭᠦᠭᠦ ᠶᠢᠨ | ᠭᠤᠤᠯᠳᠠᠯᠭ᠎ᠠ ᠲᠠᠢ ᠠᠵᠢᠯ ᠢ ᠵᠦᠪ ᠡᠵᠡᠮᠰᠢᠵᠤ᠂ ᠰᠠᠭᠤᠷᠢ ᠠᠵᠢᠯ ᠢ ᠪᠤᠳᠠᠳᠠᠢ ᠪᠦᠭᠡᠳ ᠨᠠᠷᠢᠯᠢᠭ ᠬᠢᠵᠤ᠂ | ᠡᠪᠡᠳᠴᠢᠨ ᠲᠠᠬᠤᠯ ᠢ ᠤᠷᠢᠳᠴᠢᠯᠡᠨ ᠰᠡᠷᠬᠡᠶᠢᠯᠡᠭᠦ ᠦᠢᠯᠡᠴᠢᠯᠡᠭᠡ ᠶᠢ ᠢᠳᠡᠪᠬᠢᠳᠡᠢ ᠦᠷᠨᠢᠭᠦᠯᠵᠤ᠂ ᠬᠦᠴᠢᠷᠳᠡᠯᠳᠡᠢ | ᠤᠯᠠᠨ ᠲᠦᠮᠡᠨ ᠤ ᠡᠪᠡᠳᠴᠢᠨ ᠦᠵᠡᠭᠦᠯᠭᠦ ᠨᠦᠬᠦᠴᠡᠯ ᠢ ᠬᠦᠴᠦᠯᠡᠨ ᠰᠠᠶᠢᠵᠢᠷᠠᠭᠤᠯᠤᠨ᠂ ᠬᠦᠴᠢᠷᠳᠡᠯᠳᠡᠢ ᠤᠯᠠᠨ | ᠲᠦᠮᠡᠨ ᠤ ᠡᠮ ᠡᠮᠨᠡᠯᠭᠡ ᠶᠢᠨ ᠲᠠᠷᠤᠭᠠᠰᠦ ᠶᠢ ᠦᠨᠡᠨᠭᠦ ᠬᠦᠩᠭᠡᠷᠡᠭᠦᠯᠵᠤ᠂ ᠶᠠᠳᠠᠭᠤ ᠬᠦᠴᠢᠷᠳᠠᠯᠳᠠᠢ ᠭᠠᠵᠠᠷ ᠤᠷᠤᠨ ᠤ | ᠡᠮᠴᠢᠯᠡᠭᠡᠨ ᠤ ᠦᠢᠯᠡᠴᠢᠯᠡᠭᠡᠨ ᠤ ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠭᠦᠯᠦᠨ᠂ ᠶᠠᠳᠠᠭᠤ ᠬᠦᠴᠢᠷᠳᠡᠯᠳᠡᠢ | ᠤᠯᠠᠨ ᠲᠦᠮᠡᠨ ᠢ ᠳᠣᠳᠠᠭᠤ ᠡᠪᠡᠳᠴᠢᠯᠡᠭᠦ᠂ ᠡᠪᠡᠳᠴᠢᠨ ᠢᠶᠠᠨ ᠦᠵᠡᠭᠦᠯᠵᠤ ᠲᠡᠶᠢᠯᠭᠦ᠂ ᠡᠪᠡᠳᠴᠢᠨ ᠢᠶᠠᠨ ᠰᠠᠶᠢᠳᠤᠷ | ᠦᠵᠡᠭᠦᠯᠵᠦ ᠳᠡᠶᠢᠯᠬᠦ ᠪᠤᠯᠭᠠᠵᠤ᠂ ᠡᠷᠡᠭᠦᠯ ᠴᠢᠬᠢᠷᠠᠭ ᠢᠶᠠᠷ ᠶᠠᠳᠠᠭᠤ ᠶᠢ ᠲᠡᠳᠭᠦᠭᠦ ᠡᠯ᠎ᠠ ᠵᠦᠢᠯ ᠤᠨ ᠬᠠᠷᠠᠯᠳᠠ ᠶᠢ | ᠪᠦᠬᠦ ᠲᠠᠯ᠎ᠠ ᠪᠠᠷ ᠪᠡᠶᠡᠯᠡᠭᠦᠯᠦᠨ᠂ ᠪᠦᠬᠦ ᠤᠷᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ | ᠲᠠᠶᠢᠯᠠᠯᠳᠤᠭᠠᠨ ᠤ ᠢᠯᠠᠯᠳᠠ ᠤᠯᠬᠤ ᠶᠢ ᠪᠠᠳᠤᠯᠠᠬᠤ ᠬᠡᠷᠡᠭᠳᠡᠢ ᠬᠡᠵᠡᠢ᠃ | ᠬᠤᠷᠠᠯ ᠠᠴᠠ ᠱᠠᠭᠠᠷᠳᠠᠬᠰᠠᠨ ᠨᠢ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠦᠨᠡᠨᠭᠦ | ᠴᠢᠩᠭᠠᠳᠬᠠᠨ᠂ ᠠᠵᠢᠯ ᠤᠨ ᠬᠠᠷᠢᠭᠤᠴᠠᠯᠭ᠎ᠠ ᠶᠢ ᠴᠢᠨᠠᠬᠰᠢᠳᠠ ᠪᠤᠳᠠᠶᠢᠵᠢᠭᠤᠯᠵᠤ᠂ ᠦᠢᠯᠡᠴᠢᠯᠡᠭᠡᠨ ᠤ ᠠᠷᠭ᠎ᠠ | ᠬᠡᠯᠪᠡᠷᠢ ᠶᠢᠨ ᠰᠢᠨ᠎ᠡ ᠶᠢ ᠡᠭᠦᠳᠴᠦ᠂ ᠤᠬᠠᠭᠤᠯᠭ᠎ᠠ ᠬᠦᠳᠦᠯᠦᠨ ᠵᠢᠯᠤᠭᠤᠳᠤᠯᠭ᠎ᠠ ᠪᠠᠨ ᠴᠢᠩᠭᠠᠳᠬᠠᠵᠤ᠂ ᠬᠢᠨᠠᠨ | ᠰᠢᠯᠭᠠᠬᠤ ᠰᠢᠮᠳᠠᠭᠤᠯᠤᠨ ᠪᠠᠶᠢᠴᠠᠭᠠᠬᠤ ᠪᠠᠨ ᠴᠢᠩᠭᠠᠷᠠᠭᠤᠯᠦᠨ᠂ ᠡᠷᠡᠭᠦᠯ ᠴᠢᠬᠢᠷᠠᠭ ᠢᠶᠠᠷ ᠶᠠᠳᠠᠭᠤ ᠶᠢ ᠲᠡᠳᠭᠦᠭᠦ | ᠠᠵᠢᠯ ᠤᠨ ᠤᠷᠤᠬᠰᠢᠳᠠᠢ ᠶᠠᠪᠣᠭᠳᠠᠬᠤ ᠶᠢ ᠪᠦᠬᠦ ᠬᠦᠴᠦᠨ ᠢᠶᠠᠷ ᠪᠠᠳᠤᠯᠠᠬᠤ ᠬᠡᠷᠡᠭᠳᠡᠢ ᠬᠡᠪᠡ᠃ | ᠬᠤᠷᠠᠯ ᠠᠴᠠ ᠪᠠᠰᠠ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠷᠡᠭᠦᠯ ᠴᠢᠬᠢᠷᠠᠭ ᠢᠶᠠᠷ | ᠶᠠᠳᠠᠭᠤ ᠶᠢ ᠲᠡᠳᠭᠦᠭᠦ ᠠᠵᠢᠯ ᠢ ᠠᠬᠢᠭᠤᠯᠬᠤ ᠲᠦᠰᠦᠯ︾ ᠢ ᠰᠤᠳᠤᠯᠤᠨ ᠶᠠᠷᠢᠯᠴᠠᠵᠠᠢ᠃ |