2 ᠳ᠋ᠤᠭᠠᠷ ᠰᠠᠷ᠎ᠠ ᠶᠢᠨ 16 ᠤ ᠡᠳᠦᠷ ᠬᠦᠬᠡᠬᠤᠳᠠ ᠳᠤ ᠬᠤᠷᠠᠯᠳᠤᠬᠰᠠᠨ ᠪᠦᠬᠦ ᠤᠷᠤᠨ ᠤ ᠤᠷᠤᠨ | ᠰᠠᠭᠤᠴᠠ ᠪᠠ ᠬᠤᠳᠠ ᠬᠦᠳᠡᠭᠡ ᠶᠢᠨ ᠪᠦᠲᠦᠬᠡᠨ ᠪᠠᠶᠢᠭᠤᠯᠤᠯᠳᠠ ᠶᠢᠨ ᠠᠵᠢᠯ ᠤᠨ ᠬᠤᠷᠠᠯ ᠲᠡᠭᠡᠷ᠎ᠠ ᠦᠪᠡᠷᠳᠡᠬᠡᠨ | ᠵᠠᠰᠠᠬᠤ ᠤᠷᠤᠨ ᠤ ᠵᠠᠰᠠᠬ ᠤᠨ ᠤᠷᠳᠤᠨ ᠬᠢᠬᠡᠳ ᠡᠯ᠎ᠠ ᠠᠶᠢᠮᠠᠬ ᠬᠤᠳᠠ ︽ᠤᠷᠤᠨ ᠰᠠᠭᠤᠴᠠ ᠶᠢᠨ | ᠪᠠᠲᠤᠯᠠᠪᠤᠷᠢ ᠶᠢᠨ ᠠᠵᠢᠯ ᠤᠨ ᠬᠠᠷᠠᠯᠳᠠᠳᠤ ᠬᠠᠷᠢᠭᠤᠴᠠᠯᠭ᠎ᠠ ᠶᠢᠨ ᠪᠢᠴᠢᠭ︾ ᠲᠤ ᠭᠠᠷ ᠤᠨ ᠦᠰᠦᠭ ᠵᠢᠷᠤᠵᠦ᠂ ᠡᠨᠡ | ᠵᠢᠯ ᠲᠦᠬᠦᠮ ᠪᠦᠲᠦᠴᠡᠳᠤ ᠤᠷᠤᠨ ᠰᠠᠭᠤᠴᠠ ᠶᠢᠨ ᠲᠤᠭᠤᠷᠢᠬ ᠤᠨ 22 ᠲᠦᠮᠡᠨ ᠢᠵᠢ ᠭᠡᠷ ᠪᠠᠶᠢᠰᠢᠩ ᠢ | ᠦᠬᠡᠷᠡᠴᠢᠯᠡᠨ ᠵᠠᠰᠠᠬᠤ ᠡᠬᠦᠷᠬᠡ ᠶᠢ ᠡᠯ᠎ᠠ ᠠᠶᠢᠮᠠᠬ ᠬᠤᠳᠠ ᠳᠤ ᠪᠠᠭᠤᠯᠭᠠᠭᠰᠠᠨ ᠪᠠᠶᠢᠨ᠎ᠠ᠃ | ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠸᠠᠩ ᠪᠦᠸᠧ ᠬᠤᠷᠠᠯ ᠳᠤ ᠤᠷᠤᠯᠴᠠᠵᠦ ᠶᠠᠷᠢᠶ᠎ᠠ | ᠲᠠᠯᠪᠢᠵᠠᠢ᠃ | ᠸᠠᠩ ᠪᠦᠸᠧ᠂ ᠨᠢᠳᠤᠨᠤᠨ ᠭᠡᠷ ᠭᠠᠵᠠᠷ ᠤᠨ ᠬᠦᠷᠦᠩᠬᠡ ᠶᠢᠨ ᠬᠦᠮᠦᠷᠭᠡᠯᠡᠯᠳᠡ ᠶᠢ ᠪᠠᠭᠠᠰᠬᠠᠬᠤ ᠦᠷ᠎ᠠ | ᠪᠦᠲᠦᠮᠵᠢ ᠢᠯᠡᠷᠬᠡᠶᠢᠰᠢᠵᠤ᠂ ᠪᠤᠷᠤᠯᠠᠭᠤᠯᠵᠦ ᠪᠤᠯᠬᠤ ᠬᠤᠳᠠᠯᠳᠤᠭᠠᠨ ᠤ ᠠᠰᠠᠷ ᠪᠠᠶᠢᠰᠢᠩ ᠤᠨ ᠲᠠᠯᠠᠪᠠᠢ 9201.2 | ᠲᠦᠮᠡᠨ ᠲᠡᠭᠰᠢ ᠲᠦᠷᠪᠡᠯᠵᠢᠨ ᠮᠧᠲᠷ ᠲᠤ ᠬᠦᠷᠴᠤ᠂ 2015 ᠣᠨ ᠤ ᠰᠡᠬᠦᠯᠴᠢ ᠶᠢᠨ ᠬᠢ ᠠᠴᠠ 20.1% ᠢᠶᠠᠷ | ᠪᠠᠭᠤᠷᠠᠵᠠᠢ︔ ᠪᠠᠲᠤᠯᠠᠪᠤᠷᠢ ᠶᠢᠨ ᠴᠢᠨᠠᠷᠳᠠᠢ ᠤᠷᠤᠨ ᠰᠠᠭᠤᠴᠠ ᠶᠢᠨ ᠪᠦᠲᠦᠬᠡᠨ ᠪᠠᠶᠢᠭᠤᠯᠤᠯᠳᠠ ᠯᠠᠪᠳᠠᠭᠤᠨ ᠢᠶᠠᠷ | ᠠᠬᠢᠵᠦ᠂ ᠨᠡᠶᠢᠳᠡ 623.4 ᠳ᠋ᠦᠩᠰᠢᠭᠤᠷ ᠲᠦᠬᠦᠷᠢᠭ ᠪᠡᠯᠡ ᠤᠷᠤᠭᠤᠯᠵᠤ᠂ ᠲᠦᠬᠦᠮ ᠪᠦᠲᠦᠴᠡᠳᠤ ᠤᠷᠤᠨ | ᠰᠠᠭᠤᠴᠠ ᠶᠢᠨ ᠲᠤᠭᠤᠷᠢᠬ ᠤᠨ ᠵᠤᠭᠤᠰᠴᠢᠯᠠᠨ ᠲᠦᠪᠬᠢᠨᠡᠬᠦᠯᠬᠦ ᠬᠠᠷᠢᠴᠠᠯ 75% ᠳᠤ ᠬᠦᠷᠴᠤ᠂ ᠪᠦᠬᠦ ᠤᠯᠤᠰ ᠤᠨ | ᠲᠤᠮᠳᠠᠴᠢ ᠲᠦᠪᠰᠢᠨ ᠠᠴᠠ ᠵᠠᠭᠤᠨ ᠤ ᠬᠠᠷᠢᠴᠠᠯ ᠢᠶᠠᠷ 26.5% ᠦᠨᠳᠦᠷ ᠪᠤᠯᠵᠠᠢ︔ ᠬᠤᠳᠠ ᠪᠠᠯᠭᠠᠰᠤᠨ ᠤ | ᠰᠠᠭᠤᠷᠢ ᠲᠦᠬᠦᠬᠡᠷᠦᠮᠵᠢ ᠶᠢᠨ ᠪᠦᠲᠦᠬᠡᠨ ᠪᠠᠶᠢᠭᠤᠯᠤᠯᠳᠠ ᠲᠠᠰᠤᠷᠠᠯᠳᠠ ᠦᠬᠡᠢ ᠴᠢᠩᠭᠠᠷᠠᠵᠦ᠂ ᠪᠠᠷᠢᠯᠭ᠎ᠠ ᠶᠢᠨ | ᠦᠢᠯᠡᠰ ᠯᠠᠪᠳᠠᠭᠤᠨ ᠢᠶᠠᠷ ᠬᠦᠭᠵᠢᠵᠡᠢ ᠭᠡᠵᠦ ᠵᠢᠭᠠᠵᠦ ᠭᠠᠷᠭᠠᠪᠠ᠃ | ᠸᠠᠩ ᠪᠦᠸᠧ᠂ ᠡᠨᠡ ᠵᠢᠯ ᠡᠯ᠎ᠠ ᠭᠠᠵᠠᠷ ᠤᠷᠤᠨ᠂ ᠡᠯ᠎ᠠ ᠰᠠᠯᠠᠭ᠎ᠠ ᠮᠦᠴᠢᠷ ᠵᠠᠪᠠᠯ ᠤᠷᠤᠨ ᠰᠠᠭᠤᠴᠠ ᠪᠠ | ᠬᠤᠳᠠ ᠬᠦᠳᠡᠭᠡ ᠶᠢᠨ ᠪᠦᠲᠦᠬᠡᠨ ᠪᠠᠶᠢᠭᠤᠯᠤᠯᠳᠠ ᠶᠢᠨ ᠠᠵᠢᠯ ᠤᠨ ᠰᠢᠨ᠎ᠠ ᠨᠢᠬᠡ ᠲᠡᠭᠳᠡᠷ ᠲᠤ ᠭᠠᠷᠬᠤ ᠶᠢ ᠪᠦᠬᠦ | ᠬᠦᠴᠦ ᠪᠠᠷ ᠢᠶᠠᠨ ᠠᠬᠢᠭᠤᠯᠬᠤ ᠬᠡᠷᠡᠭᠳᠡᠢ᠃ ᠬᠤᠳᠠ ᠪᠠᠯᠭᠠᠰᠤᠵᠢᠯᠳᠠ ᠶᠢᠨ ᠶᠠᠰᠤ ᠴᠢᠨᠠᠷ ᠢ ᠲᠡᠭᠡᠭᠰᠢᠯᠡᠬᠦᠯᠬᠦ ᠪᠠ | ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠲᠦᠬᠡᠨ ᠪᠠᠶᠢᠭᠤᠯᠤᠯᠳᠠ ᠶᠢᠨ ᠬᠦᠷᠢᠶ᠎ᠠ ᠴᠠᠷᠠᠭ᠎ᠠ ᠶᠢᠨ ᠲᠤᠬᠳᠠᠮᠠᠯ | ᠬᠦᠷᠦᠩᠬᠡ ᠶᠢᠨ ᠪᠡᠯᠡ ᠤᠷᠤᠭᠤᠯᠤᠯᠳᠠ ᠶᠢ ᠨᠡᠮᠡᠭᠳᠡᠬᠦᠯᠬᠦ ︽ᠬᠤᠶᠠᠷ ᠵᠠᠩᠬᠢᠯᠠᠭ᠎ᠠ︾ ᠶᠢ ᠦᠨᠡᠨᠬᠦ ᠠᠳᠬᠤᠬᠤ ᠬᠡᠷᠡᠭᠳᠡᠢ | ︔ ᠰᠢᠨ᠎ᠠ ᠬᠡᠯᠪᠡᠷᠢ ᠶᠢᠨ ᠠᠵᠦ ᠦᠢᠯᠡᠳᠪᠦᠷᠢᠵᠢᠯᠳᠡ᠂ ᠮᠡᠳᠡᠭᠡ ᠵᠠᠩᠬᠢᠵᠢᠯᠳᠠ᠂ ᠬᠤᠳᠠ ᠪᠠᠯᠭᠠᠰᠤᠵᠢᠯᠳᠠ᠂ ᠮᠠᠯ | ᠠᠵᠦ ᠠᠬᠤᠢ ᠲᠠᠷᠢᠶᠠᠯᠠᠩ ᠤᠨ ᠤᠳᠤᠬᠢᠴᠢᠯᠠᠯᠳᠠ ᠪᠠ ᠪᠤᠬᠢᠷᠲᠤᠯ ᠦᠬᠡᠢ ᠬᠦᠭᠵᠢᠯᠳᠡ ᠶᠢ ᠤᠷᠭᠠᠨᠢᠬ ᠢᠶᠠᠷ | ᠠᠭᠤᠰᠤᠯᠴᠠᠭᠤᠯᠬᠤ᠂ ᠬᠤᠳᠠ ᠪᠠᠯᠭᠠᠰᠤᠵᠢᠯᠳᠠ ᠶᠢᠨ ᠨᠤᠷᠮ᠎ᠠ ᠬᠢᠬᠡᠳ ᠬᠤᠳᠠ ᠪᠠᠯᠭᠠᠰᠤᠵᠢᠯᠳᠠ ᠶᠢᠨ ᠶᠠᠰᠤ ᠴᠢᠨᠠᠷ ᠢ | ᠤᠷᠭᠠᠨᠢᠬ ᠢᠶᠠᠷ ᠠᠭᠤᠰᠤᠯᠴᠠᠭᠤᠯᠬᠤ᠂ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠲᠦᠬᠡᠨ | ᠪᠠᠶᠢᠭᠤᠯᠤᠯᠳᠠ ᠶᠢᠨ ᠠᠵᠢᠯ ᠬᠢᠬᠡᠳ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠶᠢ ᠤᠷᠭᠠᠨᠢᠭ ᠢᠶᠠᠷ | ᠠᠭᠤᠰᠤᠯᠴᠠᠭᠤᠯᠬᠤ ︽ᠭᠤᠷᠪᠠ ᠶᠢ ᠠᠭᠤᠰᠤᠯᠴᠠᠭᠤᠯᠬᠤ︾ ᠶᠢ ᠰᠠᠶᠢᠳᠤᠷ ᠡᠵᠡᠮᠳᠡᠬᠦ ᠬᠡᠷᠡᠭᠳᠡᠢ︔ ᠬᠤᠳᠠ | ᠬᠦᠳᠡᠭᠡ ᠶᠢᠨ ᠲᠦᠯᠦᠪᠵᠢᠬᠦᠯᠬᠡ ᠪᠦᠲᠦᠬᠡᠨ ᠪᠠᠶᠢᠭᠤᠯᠤᠯᠳᠠ ᠬᠠᠮᠢᠶᠠᠷᠤᠯᠳᠠ ᠶᠢᠨ ᠲᠦᠪᠰᠢᠨ ᠢ ᠬᠦᠴᠦᠯᠡᠨ | ᠲᠡᠭᠡᠭᠰᠢᠯᠡᠬᠦᠯᠬᠦ᠂ ᠭᠡᠷ ᠭᠠᠵᠠᠷ ᠤᠨ ᠬᠦᠷᠦᠩᠬᠡ ᠶᠢᠨ ᠬᠦᠮᠦᠷᠭᠡᠯᠡᠯᠳᠡ ᠶᠢ ᠪᠠᠭᠠᠰᠬᠠᠬᠤ᠂ ᠪᠠᠲᠤᠯᠠᠪᠤᠷᠢ ᠶᠢᠨ ᠴᠢᠨᠠᠷᠳᠠᠢ | ᠠᠮᠤᠭᠤᠯᠠᠩ ᠤᠷᠤᠨ ᠰᠠᠭᠤᠴᠠ ᠶᠢᠨ ᠢᠨᠵᠧᠨᠧᠷᠢᠩ ᠢ ᠲᠦᠷᠭᠡᠳᠭᠡᠨ ᠭᠡᠷᠡᠭᠵᠢᠬᠦᠯᠬᠦ᠂ ᠬᠤᠳᠠ ᠬᠦᠳᠡᠭᠡ ᠶᠢᠨ | ᠰᠠᠭᠤᠭᠠᠯᠢ ᠠᠷᠠᠳ ᠤᠨ ᠤᠷᠤᠰᠢᠨ ᠠᠮᠢᠳᠤᠷᠠᠬᠤ ᠤᠷᠴᠢᠨ ᠲᠤᠭᠤᠷᠢᠨ ᠢ ᠰᠠᠶᠢᠵᠢᠷᠠᠭᠤᠯᠬᠤ᠂ ᠪᠠᠷᠢᠯᠭ᠎ᠠ ᠶᠢᠨ ᠦᠢᠯᠡᠰ | ᠤᠨ ᠰᠢᠨ᠎ᠠ ᠶᠢ ᠡᠬᠦᠳᠬᠦ ᠬᠦᠭᠵᠢᠯᠳᠡ ᠶᠢ ᠠᠬᠢᠭᠤᠯᠬᠤ ︽ᠲᠠᠪᠤᠨ ᠲᠠᠯ᠎ᠠ︾ ᠳᠤ ᠬᠦᠴᠦ ᠤᠷᠤᠭᠤᠯᠵᠦ᠂ ᠮᠠᠨ ᠤ | ᠤᠷᠤᠨ ᠤ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠲᠦᠬᠡᠨ ᠪᠠᠶᠢᠭᠤᠯᠤᠯᠳᠠ ᠶᠢᠨ ᠠᠵᠢᠯ ᠤᠨ ᠰᠢᠨ᠎ᠠ | ᠪᠠᠶᠢᠳᠠᠯ ᠢ ᠲᠠᠰᠤᠷᠠᠯᠲᠠ ᠦᠭᠡᠢ ᠡᠬᠦᠳᠬᠦ ᠬᠡᠷᠡᠭᠳᠡᠢ ᠭᠡᠵᠦ ᠴᠢᠬᠤᠯᠠᠴᠢᠯᠠᠪᠠ᠃ |