2 ᠳ᠋ᠤᠭᠠᠷ ᠰᠠᠷ᠎ᠠ ᠶᠢᠨ 20 ᠤ ᠡᠳᠦᠷ᠂ ᠪᠦᠬᠦ ᠤᠷᠤᠨ ᠤ ᠢᠳᠡᠭᠡᠨ ᠡᠮ ᠤᠨ ᠵᠦᠢᠯᠡᠰ ᠤᠨ ᠬᠢᠨᠠᠯᠳᠠ | ᠬᠠᠮᠢᠶᠠᠷᠤᠯᠳᠠ ᠵᠢᠴᠢ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ ᠠᠵᠢᠯ ᠤᠨ ᠬᠤᠷᠠᠯ | ᠬᠦᠬᠡᠬᠤᠳᠠ ᠳᠤ ᠬᠤᠷᠠᠯᠳᠤᠵᠦ᠂ 2016 ᠣᠨ ᠤ ᠢᠳᠡᠭᠡᠨ ᠡᠮ ᠤᠨ ᠵᠦᠢᠯᠡᠰ ᠤᠨ ᠬᠢᠨᠠᠯᠳᠠ ᠬᠠᠮᠢᠶᠠᠷᠤᠯᠳᠠ ᠶᠢᠨ | ᠠᠵᠢᠯ ᠢ ᠳ᠋ᠦᠩᠨᠡᠵᠦ᠂ 2017 ᠣᠨ ᠤ ᠢᠳᠡᠭᠡᠨ ᠡᠮ ᠤᠨ ᠵᠦᠢᠯᠡᠰ ᠤᠨ ᠬᠢᠨᠠᠯᠳᠠ ᠬᠠᠮᠢᠶᠠᠷᠤᠯᠳᠠ ᠪᠠ ᠨᠠᠮ ᠤᠨ | ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ ᠠᠵᠢᠯ ᠢ ᠪᠠᠶᠢᠷᠢᠯᠠᠭᠤᠯᠵᠠᠢ᠃ | ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠯᠢᠦ ᠰᠢᠨ ᠯᠧ ᠬᠤᠷᠠᠯ ᠳᠤ ᠤᠷᠤᠯᠴᠠᠵᠦ ᠶᠠᠷᠢᠶ᠎ᠠ | ᠲᠠᠯᠪᠢᠪᠠ᠃ | ᠬᠤᠷᠠᠯ ᠳᠡᠭᠡᠷ᠎ᠠ᠂ ᠯᠢᠦ ᠰᠢᠨ ᠯᠧ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ | ᠵᠢᠢ ᠾᠧᠩ ᠤᠨ ᠢᠳᠡᠭᠡᠨ ᠡᠮ ᠤᠨ ᠵᠦᠢᠯᠡᠰ ᠤᠨ ᠠᠮᠤᠷ ᠲᠦᠪᠰᠢᠨ ᠤ ᠠᠵᠢᠯ ᠤᠨ ᠲᠤᠬᠠᠢ ᠴᠢᠬᠤᠯᠠ | ᠴᠤᠬᠤᠯᠠᠪᠤᠷᠢ ᠶᠢᠨ ᠵᠤᠷᠢᠭ ᠰᠠᠨᠠᠭ᠎ᠠ ᠪᠠ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠤ | ᠦᠪᠡᠷᠲᠡᠭᠡᠨ ᠵᠠᠰᠠᠬᠤ ᠤᠷᠤᠨ ᠤ ᠢᠳᠡᠭᠡᠨ ᠡᠮ ᠤᠨ ᠵᠦᠢᠯᠡᠰ ᠤᠨ ᠠᠮᠤᠷ ᠲᠦᠪᠰᠢᠨ ᠤ ᠵᠦᠪᠯᠡᠯ ᠤᠨ 2017 ᠣᠨ | ᠤ ᠠᠩᠬᠠᠳᠤᠭᠠᠷ ᠤᠳᠠᠭᠠᠨ ᠤ ᠪᠦᠬᠦᠳᠠ ᠬᠤᠷᠠᠯ ᠳᠡᠭᠡᠷᠡᠬᠢ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠠᠵᠠᠢ᠃ | ᠯᠢᠦ ᠰᠢᠨ ᠯᠧ᠂ 2016 ᠣᠨ ᠳᠤ᠂ ᠪᠦᠬᠦ ᠤᠷᠤᠨ ᠤ ᠢᠳᠡᠭᠡᠨ ᠡᠮ ᠤᠨ ᠵᠦᠢᠯᠡᠰ ᠤᠨ ᠠᠮᠤᠷ ᠲᠦᠪᠰᠢᠨ | ᠶᠡᠷᠦᠩᠭᠡᠢ ᠳᠡᠭᠡᠷ᠎ᠠ ᠪᠠᠨ ᠲᠤᠭᠳᠠᠭᠤᠨ᠂ ᠲᠤᠭᠳᠠᠭᠤᠨ ᠤ ᠳᠤᠮᠳᠠ ᠲᠠᠪᠰᠢᠯᠳᠠ ᠲᠠᠢ ᠪᠠᠶᠢᠬᠤ ᠰᠠᠶᠢᠨ ᠰᠠᠶᠢᠬᠠᠨ | ᠬᠠᠨᠳᠤᠰᠢ ᠪᠠᠨ ᠪᠠᠳᠤᠯᠠᠵᠦ᠂ ᠢᠳᠡᠭᠡᠨ ᠳᠤ ᠭᠡᠷᠡᠭᠰᠡᠬᠦ ᠮᠠᠯ ᠤᠨ ᠠᠰᠢᠬ ᠰᠢᠮ᠎ᠠ ᠲᠠᠷᠢᠶᠠᠯᠠᠩ ᠤᠨ ᠪᠦᠳᠦᠭᠡᠭᠳᠡᠬᠦᠨ᠂ | ᠢᠳᠡᠭᠡᠨ ᠤ ᠵᠦᠢᠯᠡᠰ᠂ ᠦᠨᠳᠦᠰᠦᠨ ᠡᠮ ᠲᠠᠩ ᠢ ᠰᠤᠭᠤᠴᠢᠨ ᠪᠠᠶᠢᠴᠠᠭᠠᠭᠠᠳ ᠬᠢᠷᠢ ᠲᠡᠩᠴᠡᠭᠰᠡᠨ ᠨᠤᠷᠮ᠎ᠠ | ᠲᠤᠰᠪᠤᠷᠢ 98.3%᠂ 97.6% ᠪᠠ 99.7% ᠳᠤ ᠬᠦᠷᠴᠠᠢ᠃ ᠪᠦᠬᠦ ᠤᠷᠤᠨ ᠤ ᠢᠳᠡᠭᠡᠨ ᠤ ᠠᠮᠤᠷ | ᠲᠦᠪᠰᠢᠨ ᠤ ᠬᠢᠨᠠᠯᠳᠠ ᠬᠠᠮᠢᠶᠠᠷᠤᠯᠳᠠ ᠶᠢᠨ ᠠᠵᠢᠯ ᠮᠡᠳᠡᠭᠳᠡᠮ᠎ᠠ ᠠᠮᠵᠢᠯᠳᠠ ᠤᠯᠵᠦ᠂ ᠢᠳᠡᠭᠡᠨ ᠡᠮ ᠤᠨ ᠵᠦᠢᠯᠡᠰ | ᠠᠮᠤᠷ ᠲᠦᠪᠰᠢᠨ ᠥᠪᠦᠷ ᠮᠤᠩᠭᠤᠯ ᠤᠨ ᠪᠠᠶᠢᠭᠤᠯᠤᠯᠳᠠ ᠯᠠᠪᠳᠠᠭᠤᠨ ᠢᠶᠠᠷ ᠠᠬᠢᠵᠦ᠂ ᠢᠳᠡᠭᠡᠨ ᠡᠮ ᠤᠨ ᠵᠦᠢᠯᠡᠰ | ᠤᠨ ᠬᠢᠨᠠᠯᠳᠠ ᠬᠠᠮᠢᠶᠠᠷᠤᠯᠳᠠ ᠶᠢᠨ ᠪᠠᠶᠢᠭᠤᠯᠤᠮᠵᠢ ᠶᠢᠨ ᠦᠭᠡᠷᠡᠴᠢᠯᠡᠯᠳᠠ ᠦᠷᠬᠦᠯᠵᠢᠯᠡᠨ ᠬᠦᠨᠵᠡᠭᠡᠶᠢᠷᠡᠵᠦ᠂ ᠪᠦᠬᠦ | ᠤᠷᠤᠨ ᠤ ᠢᠳᠡᠭᠡᠨ ᠤ ᠠᠮᠤᠷ ᠲᠦᠪᠰᠢᠨ ᠤ ᠪᠠᠶᠢᠳᠠᠯ ᠲᠤᠭᠳᠠᠭᠤᠨ ᠪᠦᠭᠡᠳ ᠰᠠᠶᠢᠵᠢᠷᠠᠵᠦ ᠪᠤᠢ ᠭᠡᠵᠦ ᠵᠢᠭᠠᠵᠦ | ᠭᠠᠷᠭᠠᠪᠠ᠃ ᠳᠡᠷᠡ᠂ 2017 ᠣᠨ ᠳᠤ᠂ ᠡᠯ᠎ᠠ ᠭᠠᠵᠠᠷ ᠤᠷᠤᠨ ᠪᠤᠯᠤᠨ ᠬᠠᠮᠢᠶ᠎ᠠ ᠪᠦᠬᠦᠢ ᠰᠠᠯᠠᠭ᠎ᠠ ᠮᠦᠴᠢᠷ | ᠤᠨ ᠬᠢᠨ ᠡᠷᠬᠡᠪᠰᠢ ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ ᠪᠠᠨ ᠨᠠᠮ ᠤᠨ ᠳᠦᠪ ᠬᠤᠷᠢᠶ᠎ᠠ ᠪᠤᠯᠤᠨ | ᠦᠪᠡᠷᠳᠡᠬᠡᠨ ᠵᠠᠰᠠᠬᠤ ᠤᠷᠤᠨ ᠤ ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠲᠠᠢ ᠴᠢᠨᠠᠬᠰᠢᠳᠠ ᠨᠢᠬᠡᠳᠦᠬᠦᠯᠵᠦ᠂ | ᠢᠳᠡᠬᠡᠨ ᠡᠮ ᠤᠨ ᠵᠦᠢᠯᠡᠰ ᠤᠨ ᠬᠢᠨᠠᠯᠳᠠ ᠬᠠᠮᠢᠶᠠᠷᠤᠯᠳᠠ ᠶᠢᠨ ᠠᠵᠢᠯ ᠢ ᠨᠡᠩ ᠡᠷᠡᠰ ᠪᠠᠳᠤ ᠪᠦᠬᠡᠳ | ᠤᠬᠠᠮᠰᠠᠷ ᠲᠠᠢ ᠪᠠᠷ ᠰᠠᠶᠢᠳᠤᠷ ᠬᠢᠵᠦ᠂ ᠢᠮᠠᠬᠳᠠ ᠢᠳᠡᠬᠡᠨ ᠡᠮ ᠤᠨ ᠵᠦᠢᠯᠡᠰ ᠤᠨ ᠠᠮᠤᠷ ᠳᠦᠪᠰᠢᠨ ᠢ ᠳᠤᠪᠤᠶᠢᠮ᠎ᠠ | ᠴᠢᠬᠤᠯᠠ ᠪᠠᠶᠢᠷᠢᠨ ᠳᠤ ᠳᠠᠯᠪᠢᠵᠦ᠂ ᠢᠳᠡᠬᠡᠨ ᠡᠮ ᠤᠨ ᠵᠦᠢᠯᠡᠰ ᠤᠨ ᠠᠮᠤᠷ ᠳᠦᠪᠰᠢᠨ ᠤ ᠵᠠᠰᠠᠯᠳᠠ ᠶᠢᠨ | ᠴᠢᠳᠠᠪᠤᠷᠢ ᠪᠤᠯᠤᠨ ᠬᠢᠷᠢ ᠳᠦᠪᠰᠢᠨ ᠢ ᠳᠠᠰᠤᠷᠠᠯᠳᠠ ᠦᠬᠡᠢ ᠳᠡᠬᠡᠭᠰᠢᠯᠡᠬᠦᠯᠬᠦ ᠬᠡᠷᠡᠭᠳᠡᠢ᠃ ᠡᠷᠬᠡᠪᠰᠢ ᠠᠰᠠᠭᠤᠳᠠᠯ ᠢᠶᠠᠷ | ᠤᠳᠤᠷᠢᠳᠦᠮᠵᠢ ᠪᠤᠯᠭᠠᠬᠤ ᠶᠢ ᠳᠤᠪᠤᠶᠢᠯᠭᠠᠵᠦ᠂ ᠬᠦᠭᠵᠢᠬᠦᠯᠦᠯᠳᠡ ᠶᠢᠨ ᠳᠤᠳᠠᠭᠤᠳᠠᠯ ᠢ ᠨᠦᠬᠦᠪᠦᠷᠢᠯᠡᠵᠦ᠂ ᠬᠢᠨᠠᠯᠳᠠ | ᠬᠠᠮᠢᠶᠠᠷᠤᠯᠳᠠ ᠶᠢᠨ ᠠᠷᠭ᠎ᠠ ᠬᠡᠯᠪᠡᠷᠢ ᠳᠤ ᠰᠢᠨ᠎ᠠ ᠶᠢ ᠡᠬᠦᠳᠴᠤ᠂ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠵᠦ᠂ | ᠴᠢᠩᠭ᠎ᠠ ᠠᠳᠬᠤᠬᠤ᠂ ᠨᠠᠷᠢᠯᠢᠬ ᠠᠳᠬᠤᠬᠤ᠂ ᠪᠤᠳᠠᠳᠠᠢ ᠠᠳᠬᠤᠬᠤ ᠳᠠᠯ᠎ᠠ ᠪᠠᠷ ᠬᠦᠴᠦ ᠵᠠᠷᠤᠴᠠᠭᠤᠯᠵᠦ᠂ ᠠᠷᠠᠳ | ᠤᠯᠠᠨ ᠤ ᠢᠳᠡᠬᠡᠨ ᠡᠮ ᠤᠨ ᠵᠦᠢᠯᠡᠰ ᠤᠨ ᠳᠠᠯ᠎ᠠ ᠪᠠᠷ ᠬᠢ ᠬᠠᠨᠤᠮᠵᠢ ᠶᠢᠨ ᠬᠡᠮᠵᠢᠶ᠎ᠠ ᠪᠤᠯᠤᠨ ᠬᠦᠷᠳᠡᠬᠡᠯ ᠤᠨ | ᠳᠦᠷᠦᠭᠳᠡᠯ ᠢ ᠳᠠᠰᠤᠷᠠᠯᠳᠠ ᠦᠬᠡᠢ ᠳᠡᠬᠡᠭᠰᠢᠯᠡᠬᠦᠯᠬᠦ ᠬᠡᠷᠡᠭᠳᠡᠢ ᠬᠡᠵᠦ ᠴᠢᠬᠤᠯᠠᠴᠢᠯᠠᠵᠠᠢ᠃ | ᠬᠤᠷᠠᠯ ᠳᠡᠬᠡᠷ᠎ᠠ᠂ ᠯᠢᠦ ᠰᠢᠨ ᠯᠧ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠣᠷᠳᠣᠨ ᠢ ᠲᠦᠯᠦᠭᠡᠯᠡᠨ | ᠡᠯ᠎ᠡ ᠠᠶᠢᠮᠠᠬ ᠬᠤᠳᠠ᠂ ᠦᠪᠡᠷᠳᠡᠬᠡᠨ ᠵᠠᠰᠠᠬᠤ ᠤᠷᠤᠨ ᠤ ᠢᠳᠡᠬᠡᠨ ᠡᠮ ᠤᠨ ᠵᠦᠢᠯᠡᠰ ᠤᠨ ᠠᠮᠤᠷ ᠳᠦᠪᠰᠢᠨ ᠤ | ᠵᠦᠪᠯᠡᠯ ᠵᠡᠷᠬᠡ 11 ᠪᠦᠷᠢᠯᠳᠦᠬᠦᠨ ᠨᠢᠬᠡᠴᠡ ᠯᠦᠭᠡ ᠳᠤᠰᠪᠤᠷᠢ 2017 ᠣᠨ ᠤ ᠢᠳᠡᠬᠡᠨ ᠡᠮ ᠤᠨ ᠵᠦᠢᠯᠡᠰ ᠤᠨ | ᠠᠮᠤᠷ ᠳᠦᠪᠰᠢᠨ ᠤ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠵᠠᠢ᠃ |